ᠪᠦᠬᠦ᠌ ᠤᠯᠤᠰ ᠤ᠋ᠨ ᠬᠣᠶᠠᠷ ᠬᠤᠷᠠᠯ ᠡᠴᠡ ᠰᠠᠢ᠌ᠨ ᠴᠢᠮᠡᠭᠡ ᠤᠯᠠᠮᠵᠢᠯᠠᠭ᠍ᠳᠠᠯᠠ᠄ ᠦᠨᠳᠦᠰᠦᠲᠡᠨ ᠤ᠋ ᠪᠦᠯᠬᠦᠮᠳᠡᠯ ᠲᠠᠪᠱᠢᠯᠳᠠ ᠶ᠋ᠢ ᠠᠬᠢᠭᠤᠯᠬᠤ ᠬᠠᠤᠯᠢ ᠵᠢᠨ ᠲᠥᠰᠦᠯ ᠢ᠋ ᠠᠷᠪᠠᠨ ᠳᠥᠷᠪᠡᠳᠦᠭᠡᠷ ᠬᠤᠭᠤᠴᠠᠭᠠᠨᠤ ᠪᠦᠬᠦ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠳᠥᠷᠪᠡᠳᠦᠭᠡᠷ ᠬᠤᠷᠠᠯ ᠳ᠋ᠤ ᠳᠡᠪᠱᠢᠭᠦᠯᠵᠦ᠍ ᠬᠢᠨᠠᠨ ᠵᠥᠪᠯᠡᠭᠦᠯᠪᠡ᠃ 《ᠠᠨᠠᠷ ᠤ᠋ᠨ ᠦᠷ᠎ᠡ ᠱᠢᠭ ᠨᠢᠭ᠍ᠲᠠᠷᠠᠨ ᠪᠦᠯᠬᠦᠮᠳᠡᠬᠦ᠌》 ᠡᠨᠡ ᠬᠦ᠌ ᠦᠢᠯᠡᠳᠦᠯᠭᠡ ᠡᠴᠡ ᠢᠷᠡᠯᠲᠡᠲᠡᠶ ᠠᠮᠢᠳᠤᠯᠢᠭ ᠵᠦᠢᠷᠯᠡᠯ ᠨᠢ ᠨᠡᠩ ᠣᠯᠠᠨ ᠬᠠᠤᠯᠢ ᠴᠠᠭᠠᠵᠠ ᠵᠢᠨ ᠵᠦᠢᠯ ᠵᠤᠷᠪᠤᠰ ᠪᠣᠯᠵᠤ᠂ ᠬᠤᠷᠠᠯ ᠤ᠋ᠨ ᠲᠠᠯᠠᠪᠠᠶ ᠵᠢᠨ ᠳᠣᠲᠣᠨ᠎ᠠ ᠭᠠᠳᠠᠨᠠᠬᠢ ᠬᠥᠮᠦᠰ ᠤ᠋ᠨ ᠠᠩᠬᠠᠷᠤᠯ ᠢ᠋ ᠶᠡᠬᠡ ᠪᠡᠷ ᠲᠠᠲᠠᠪᠠ᠃
ᠮᠠᠨᠤ ᠤᠯᠤᠰ ᠤ᠋ᠨ ᠬᠠᠮᠤᠭ ᠤ᠋ᠨ ᠡᠷᠲᠡ ᠪᠠᠢᠭᠤᠯᠤᠭ᠍ᠳᠠᠭ᠍ᠰᠠᠨ ᠦᠨᠳᠦᠰᠦᠲᠡᠨ ᠤ᠋ ᠥᠪᠡᠷᠲᠡᠭᠡᠨ ᠵᠠᠰᠠᠬᠤ ᠣᠷᠣᠨ ᠪᠣᠯᠤᠭ᠍ᠰᠠᠨᠤ ᠬᠤᠪᠢ ᠳ᠋ᠤ᠂ ᠥᠪᠥᠷ ᠮᠣᠩᠭᠣᠯ ᠢᠮᠠᠭ᠍ᠲᠠ ᠦᠨᠳᠦᠰᠦᠲᠡᠨ ᠤ᠋ ᠪᠦᠯᠬᠦᠮᠳᠡᠯ ᠤ᠋ᠨ ᠢᠷᠠᠭᠤ ᠠᠯᠳᠠᠷᠲᠤ ᠤᠯᠠᠮᠵᠢᠯᠠᠯ ᠵᠢᠡᠨ ᠪᠠᠲᠤ ᠰᠠᠬᠢᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷ ᠵᠢᠡᠨ ᠨᠠᠨᠳᠢᠩᠨᠠᠭ᠍ᠰᠠᠭᠠᠷ ᠢᠷᠡᠵᠠᠢ᠃ ᠤᠢ᠍ᠢᠷᠠ ᠵᠢᠨ ᠵᠢᠯ ᠡᠴᠡ᠂ ᠥᠪᠥᠷ ᠮᠣᠩᠭᠣᠯ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠪᠡᠷ ᠡᠯ᠎ᠡ ᠵᠦᠢᠯ ᠤ᠋ᠨ ᠠᠵᠢᠯ ᠤ᠋ᠨ ᠭᠣᠣᠯ ᠱᠢᠵᠢᠮ ᠪᠣᠯᠭᠠᠬᠤ ᠶ᠋ᠢ ᠪᠠᠷᠢᠮᠲᠠᠯᠠᠵᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠤᠶᠤᠨ ᠰᠠᠨᠠᠭᠠᠨᠤ ᠭᠡᠷ ᠣᠷᠣᠨᠤ ᠪᠦᠳᠦᠭᠡᠨ ᠪᠠᠢᠭᠤᠯᠤᠯᠲᠠ ᠶ᠋ᠢ ᠲᠠᠰᠤᠷᠠᠯᠳᠠ ᠦᠭᠡᠢ ᠠᠬᠢᠭᠤᠯᠵᠤ᠂ ᠦᠨᠳᠦᠰᠦᠲᠡᠨᠨᠦᠭᠦᠳ ᠤ᠋ᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ᠋ ᠠᠬᠢᠭᠤᠯᠵᠤ᠂ ᠦᠨᠳᠦᠰᠦᠲᠡᠨᠨᠦᠭᠦᠳ ᠤ᠋ᠨ ᠤᠯᠠᠨ ᠲᠦᠮᠡᠨ ᠤ᠋ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠭ᠌ᠰᠡᠨ ᠰᠦᠷᠯᠢᠭ ᠰᠠᠢᠬᠠᠨ ᠵᠢᠷᠤᠭ ᠢ᠋ ᠵᠢᠷᠤᠭ᠍ᠯᠠᠭ᠍ᠰᠠᠨ ᠪᠠᠢᠨ᠎ᠠ᠃ ᠥᠪᠡᠷᠲᠡᠭᠡᠨ ᠵᠠᠰᠠᠬᠤ ᠣᠷᠣᠨᠤ ᠨᠠᠮ ᠤ᠋ᠨ ᠬᠣᠷᠢᠶ᠎ᠠ ᠵᠢᠨ 《1571》 ᠠᠵᠢᠯ ᠤ᠋ᠨ ᠪᠠᠢᠷᠢᠯᠠᠭᠤᠯᠤᠯᠲᠠ ᠳᠤᠮᠳᠠ᠂ ᠨᠠᠩ ᠴᠤ᠌ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠪᠡᠷ ᠭᠤᠤᠯ ᠱᠢᠵᠢᠮ ᠪᠣᠯᠭᠠᠵᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠢ᠋ ᠦᠷᠭᠦᠯᠵᠢᠯᠡᠨ ᠰᠠᠢᠲᠤᠷ ᠪᠥᠲᠥᠭᠡᠨ ᠪᠠᠢᠭᠤᠯᠬᠤ ᠶ᠋ᠢ ᠲᠡᠷᠢᠭᠦᠨ ᠪᠠᠢᠷᠢᠨ ᠳ᠋ᠤ ᠲᠠᠯᠪᠢᠵᠤ᠂ ᠡᠯ᠎ᠡ ᠵᠦᠶ᠋ᠯ ᠤ᠋ᠨ ᠠᠵᠢᠯ ᠳ᠋ᠤ ᠪᠥᠬᠥ᠌ ᠲᠠᠯ᠎ᠠ ᠪᠡᠷ ᠭᠦᠨᠵᠡᠭᠡᠶ ᠪᠣᠳᠠᠲᠠᠶ ᠪᠡᠷ ᠲᠤᠭᠤᠱᠢᠯᠠᠭᠤᠯᠪᠠ᠃
ᠬᠠᠮᠲᠤ ᠵᠢᠨ ᠰᠡᠳᠭᠢᠯᠭᠡ ᠪᠠᠢᠮᠠᠨᠵᠢᠨ ᠰᠠᠶᠢ ᠨᠡᠩ ᠣᠢᠷᠠᠳᠴᠤ᠌᠂ ᠪᠦᠯᠬᠦᠮᠳᠡᠪᠡᠯ ᠰᠠᠶᠢ ᠨᠡᠩ ᠬᠤᠯᠠ ᠶᠠᠪᠤᠵᠤ ᠴᠢᠳᠠᠨ᠎ᠠ᠃ ᠱᠢᠯᠢ ᠵᠢᠨ ᠭᠣᠣᠯ ᠠᠢᠮᠠᠭ ᠤ᠋ᠨ ᠮᠢᠩᠭᠠᠨ ᠭᠠᠵᠠᠷ ᠤ᠋ᠨ ᠬᠢᠯᠢ ᠵᠢᠨ ᠱᠤᠭᠤᠮ ᠳᠡᠭᠡᠷ᠎ᠡ᠂ ᠬᠢᠯᠢ ᠵᠢᠨ ᠬᠠᠮᠠᠭᠠᠯᠠᠭ᠍ᠴᠢᠳ ᠠᠷᠪᠠᠨ ᠵᠢᠯ ᠢ᠋ ᠨᠢᠭᠡ ᠯᠡ ᠡᠳᠦᠷ ᠮᠡᠲᠦ᠍ᠪᠡᠷ ᠰᠠᠬᠢᠨ ᠬᠠᠮᠠᠭᠠᠯᠠᠵᠤ᠂ 《ᠦᠪᠡᠷᠤᠨ ᠡᠭᠦᠳᠡᠪᠡᠨ ᠰᠠᠢᠲᠤᠷ ᠰᠠᠬᠢᠬᠤ》 ᠵᠢ 《ᠤᠯᠤᠰ ᠤ᠋ᠨ ᠡᠭᠦᠳᠡᠪᠡᠨ ᠰᠠᠢᠲᠤᠷ ᠰᠠᠬᠢᠬᠤ》 ᠪᠤᠯᠭᠠᠪᠠ; ᠬᠢᠩᠭᠠᠨ ᠠᠢᠮᠠᠭ ᠤ᠋ᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨᠤ ᠱᠢᠩ ᠺᠸ ᠨᠡᠢᠭᠡᠮ ᠲᠣᠭᠣᠷᠢᠭᠲᠤ᠂ ᠦᠨᠳᠦᠰᠦᠳᠡᠨ ᠨᠤᠬᠦᠳᠤᠨ ᠤᠯᠠᠨ ᠲᠦᠮᠡᠨᠤ ᠠᠢᠯ ᠡᠷᠦᠬᠡ ᠪᠤᠯᠭᠠᠨ ᠳ᠋ᠤ ᠬᠦᠷ ᠪᠠᠶᠠᠷ ᠵᠢᠡᠷ ᠪᠢᠯᠬᠠᠵᠤ᠂ ᠬᠡᠨ ᠠᠯᠢᠨ ᠡᠴᠡᠪᠠᠨ ᠰᠠᠯᠵᠤ ᠴᠢᠳᠠᠬᠤ ᠦᠭᠡᠢ ᠭᠦᠨ ᠵᠤᠵᠠᠭᠠᠨ ᠬᠠᠢᠷ᠎ᠠ ᠰᠡᠳᠭᠢᠯᠭᠡ ᠲᠠᠢ ᠪᠤᠯᠵᠠᠢ ᠁ ᠡᠳᠡᠭᠡᠷ ᠨᠢ ᠴᠥᠮ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷᠢ ᠪᠠᠳᠤ ᠴᠤᠭᠴᠠᠯᠠᠭᠰᠠᠨ ᠡᠴᠡ ᠪᠣᠯᠤᠭ᠍ᠰᠠᠨ ᠦᠷ᠎ᠡ ᠪᠦᠲᠦᠭᠡᠯ ᠪᠣᠯᠤᠨ᠎ᠠ᠂ ᠡᠳᠡᠭᠡᠷ ᠨᠢ ᠬᠠᠮᠲᠤ ᠪᠡᠷ ᠥᠪᠥᠷ ᠮᠣᠩᠭᠣᠯ ᠤ᠋ᠨ ᠡᠬᠡ ᠭᠠᠵᠠᠷ ᠳᠡᠭᠡᠷᠡᠬᠢ ᠰᠡᠳᠭᠢᠯ ᠬᠥᠳᠡᠯᠭᠡᠮ᠎ᠡ ᠴᠠᠭ ᠦᠶ᠎ᠡ ᠵᠢᠨ ᠤᠷᠤᠭ᠍ᠰᠢᠯᠠᠯᠲᠠ ᠵᠢᠨ ᠠᠶᠠᠰ ᠢ᠋ ᠴᠢᠪᠬᠠᠳᠠᠵᠠᠢ᠃
ᠨᠢᠭᠡᠨ ᠭᠣᠣᠯ ᠱᠢᠵᠢᠮ᠂ ᠲᠦᠮᠡᠨ ᠠᠷᠠᠳ ᠰᠡᠳᠭᠢᠯ ᠨᠢᠭᠡᠲᠡᠢ᠃ ᠠᠵᠤ ᠠᠬᠤᠢᠯᠠᠯ ᠤ᠋ᠨ ᠦᠢᠯᠡᠳᠪᠦᠷᠢ ᠵᠢᠨ ᠲᠠᠰᠤᠬᠲᠤ᠌ ᠮᠠᠱᠢᠨ ᠬᠦᠷᠴᠢᠭᠢᠨᠡᠵᠦ᠂ ᠨᠡᠢᠭᠡᠮ ᠲᠣᠭᠣᠷᠢᠭ ᠲᠤ᠌ ᠬᠦᠷ ᠨᠠᠷᠭᠢᠶᠠᠨ ᠵᠢᠡᠷ ᠪᠢᠯᠬᠠᠵᠤ᠂ ᠥᠪᠥᠷ ᠮᠣᠩᠭᠣᠯ ᠤ᠋ᠨ ᠦᠨᠳᠦᠰᠦᠲᠡᠨᠨᠦᠭᠦᠳ ᠤ᠋ᠨ ᠤᠯᠠᠨ ᠲᠦᠮᠡᠨ ᠠᠵᠢᠯ ᠤ᠋ᠨ ᠳᠤᠮᠳᠠᠪᠠᠨ ᠭᠠᠷ ᠬᠣᠯᠪᠣᠯᠴᠠᠨ᠂ ᠠᠮᠢᠳᠤᠷᠠᠯ ᠳᠤᠮᠳᠠᠪᠠᠨ ᠬᠠᠨᠢ ᠪᠤᠯᠵᠤ᠂ ᠬᠥᠭ᠌ᠵᠢᠯᠲᠡ ᠵᠢᠨ ᠳᠤᠮᠳᠠᠪᠠᠨ ᠬᠠᠮᠲᠤ ᠪᠡᠷ ᠤᠷᠤᠭ᠍ᠰᠢᠯᠠᠪᠠ᠃ ᠢᠳᠡᠷᠡᠭᠦᠨ ᠠᠯᠬᠤᠭ᠎ᠠ ᠪᠡᠷᠱᠢᠨᠡ ᠠᠶᠠᠨ ᠳ᠋ᠤ᠂ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭ᠍ᠴᠠ ᠵᠢᠨ ᠤᠬᠠᠮᠰᠠᠷ ᠢ᠋ ᠪᠠᠲᠤ ᠴᠣᠭ᠍ᠴᠠᠯᠠᠬᠤ ᠡᠨᠡ ᠬᠦ᠌ ᠭᠣᠣᠯ ᠱᠢᠵᠢᠮᠲᠡᠶ ᠨᠢᠭ᠍ᠲᠠ ᠤᠶᠠᠯᠳᠤᠭᠤᠯᠤᠨ᠂ ᠴᠥᠬᠥᠷᠡᠰᠢ ᠦᠭᠡᠢ ᠴᠢᠷᠮᠠᠢᠵᠤ᠂ ᠤᠳᠠᠭᠠᠨ ᠳᠠᠭᠠᠭᠠᠮᠠᠭᠠᠢ ᠪᠡᠷ ᠴᠢᠷᠮᠠᠢᠪᠠᠯ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨᠤ ᠡᠷᠬᠢᠮ ᠳᠡᠭᠡᠳᠦ ᠢᠷᠠᠭᠤ ᠠᠯᠳᠠᠷ ᠯᠠᠪᠲᠠᠢ ᠭᠡᠷᠡᠯ ᠭᠢᠯᠪᠠᠭᠠᠪᠠᠨ ᠡᠭᠦᠷᠢᠳᠡ ᠰᠠᠴᠤᠷᠠᠭᠤᠯᠵᠤ᠂ ᠥᠪᠥᠷ ᠮᠣᠩᠭᠣᠯ ᠤ᠋ᠨ ᠡᠬᠡ ᠭᠠᠵᠠᠷ ᠳᠡᠭᠡᠷᠡᠬᠢ ᠪᠦᠯᠬᠦᠮᠳᠡᠯ ᠤ᠋ᠨ ᠦᠯᠢᠭᠡᠷ ᠯᠠᠪᠲᠠᠢ ᠤᠯᠠᠮ ᠭᠠᠢᠬᠠᠮᠰᠢᠭᠲᠠᠢ ᠪᠣᠯᠬᠤ ᠶᠤᠮ᠃