ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠳᠠ ᠦᠨᠳᠦᠰᠦᠳᠡᠨ᠎ᠤ ᠰᠡᠷᠬᠦᠨ ᠮᠠᠨᠳᠤᠯᠳᠠ ᠵᠢᠨ ᠠᠭᠤᠤ ᠦᠶ᠋ᠯᠡᠰ᠎ᠢ ᠪᠦᠬᠦ᠌ ᠲᠠᠯ᠎ᠠ᠎ᠪᠠᠷ ᠠᠬᠢᠭᠤᠯᠬᠤ ᠵᠢᠨ ᠲᠥᠯᠥᠬᠡ ᠴᠥᠬᠥᠷᠡᠰᠢ ᠦᠭᠡᠢ ᠲᠡᠮᠡᠴᠡᠶ᠎ᠡ
2026-03-06 16:15:01
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

— ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ ᠲᠤᠪᠴᠢᠯᠠᠯ


2025 ᠣᠨ᠎ᠤ ᠠᠵᠢᠯ᠎ᠤᠨ ᠡᠷᠭᠢᠴᠡᠭᠦᠯᠦᠯ

2025 ᠣᠨ ᠪᠣᠯ ᠲᠤᠢᠯ ᠤ᠋ᠨ ᠶᠡᠷᠦ᠍ ᠪᠤᠰᠤ᠎ᠶ᠋ᠢᠨ ᠨᠢᠭᠡ ᠵᠢᠯ ᠮᠦᠨ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ ᠢᠯᠠᠯᠲᠠ᠎ᠲᠠᠶ ᠪᠠᠷ ᠬᠤᠷᠠᠯᠳᠤᠵᠤ᠂ ᠢᠷᠡᠭᠡᠳᠦᠢ᠎ᠶ᠋ᠢᠨ ᠲᠠᠪᠤᠨ ᠵᠢᠯ᠎ᠦᠨ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠠᠤᠭ᠎ᠠ ᠲᠥᠰᠦᠪ᠎ᠢ ᠵᠢᠷᠤᠭ᠍ᠯᠠᠭᠰᠠᠨ ᠪᠠᠢᠨ᠎ᠠ᠃ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠢᠳᠠᠯ᠎ᠤᠨ ᠬᠦᠨ ᠭᠦᠨᠵᠡᠭᠡᠢ ᠪᠦᠬᠡᠳ ᠲᠦᠪᠡᠭ ᠪᠤᠳᠤᠯᠢᠶᠠᠨᠲᠠᠢ ᠬᠤᠪᠢᠷᠠᠯᠲᠠ᠎ᠶ᠋ᠢᠨ ᠡᠮᠦᠨ᠎ᠡ᠂ ᠰᠢ ᠵᠢᠨ ᠫᠢᠩ ᠨᠥᠬᠥᠷ᠎ᠢᠶᠡᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶ᠎ᠠ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠦᠴᠢᠷ᠎ᠢ ᠰᠦᠷᠦᠨ ᠤᠷᠤᠭ᠍ᠰᠢᠯᠠᠠ᠂ ᠡᠷᠡᠯᠬᠡᠭᠯᠡᠨ ᠲᠡᠮᠡᠴᠡᠵᠦ᠍᠂ ᠡᠷᠡᠰ ᠭᠤᠢᠪᠢᠰᠢ ᠦᠭᠡᠢ ᠪᠡᠷ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠲᠤᠭᠤᠱᠢᠯᠠᠭᠤᠯᠤᠨ᠂ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠶᠠᠷ ᠶᠡᠬᠡ ᠲᠠᠯ᠎ᠠ᠎ᠶ᠋ᠢ ᠨᠢᠭᠡᠳᠦᠯᠲᠡᠢ ᠲᠥᠯᠥᠪᠵᠢᠬᠦᠯᠦᠨ᠂ ᠪᠦᠬᠦ᠌ ᠵᠢᠯ᠎ᠦᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠤᠤᠯ ᠬᠠᠷᠠᠯᠲᠠ ᠡᠭᠦᠷᠭᠡ᠎ᠶ᠋ᠢ ᠤᠷᠤᠭ᠍ᠰᠢᠲᠠᠢ ᠪᠡᠶᠡᠯᠡᠭᠦᠯᠵᠦ᠍᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠲᠡᠭᠦᠰ ᠠᠮᠵᠢᠯᠲᠠ᠎ᠲᠠᠶ ᠲᠠᠭᠤᠰᠬᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠯᠠᠪᠳᠠᠭᠤᠨ ᠪᠠᠲᠤᠲᠠᠢ ᠱᠢᠨ᠎ᠡ ᠠᠯᠬᠤᠮ᠎ᠢ ᠠᠯᠬᠤᠪᠠ᠃


QQ截图20260207120745.png


ᠨᠢᠭᠡ ᠵᠢᠯ᠎ᠦᠨ ᠲᠤᠷᠰᠢ᠂ ᠮᠠᠨ᠎ᠤ ᠤᠯᠤᠰ᠎ᠤᠨ ᠠᠵᠤ ᠠᠬᠤᠶ ᠳᠠᠷᠤᠯᠲᠠ᠎ᠶ᠋ᠢ ᠲᠤᠯᠤᠨ ᠤᠷᠤᠭ᠍ᠰᠢᠯᠠᠵᠤ᠂ ᠬᠦᠴᠦᠷᠬᠡᠭ ᠶᠡᠬᠡ ᠤᠶᠠᠨ ᠬᠠᠲᠠᠨ ᠴᠢᠨᠠᠷ ᠶ᠋ᠢᠡᠨ ᠢᠯᠡᠷᠡᠭᠦᠯᠪᠡ

ᠠᠵᠤ ᠠᠬᠤᠶ᠎ᠶ᠋ᠢᠨ ᠠᠵᠢᠯᠯᠠᠭᠠᠨ ᠶᠡᠷᠦᠩᠬᠡᠶ᠎ᠳᠡᠭᠡᠨ ᠲᠣᠭ᠍ᠲᠠᠭᠤᠨ ᠶᠠᠪᠤᠭᠲᠠᠵᠤ᠂ ᠲᠣᠭ᠍ᠲᠠᠭᠤᠨ ᠤ᠋ ᠲᠤᠮᠲᠠ ᠠᠬᠢᠯᠲᠠ᠎ᠲᠠᠶ ᠪᠣᠯᠪᠠ᠃

ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠦᠨ ᠪᠦᠬᠦ᠌ ᠦᠷᠲᠡᠭ 5% ᠪᠡᠷ ᠨᠡᠮᠡᠭ᠌ᠳᠡᠵᠤ᠂ ᠶᠡᠷᠦᠩᠬᠡᠢ ᠬᠡᠮᠵᠢᠶ᠎ᠡ 140.19 ᠲᠦᠮᠡᠨ ᠳ᠋ᠦᠩᠱᠢᠭᠤᠷ ᠲᠥᠭᠥᠷᠢᠭ ᠲᠸ᠋ ᠬᠦᠷᠪᠠ᠃

ᠠᠵᠢᠯ ᠣᠯᠭᠣᠯᠲᠠ ᠶᠡᠷᠦᠩᠬᠡᠶ᠎ᠳᠡᠭᠡᠨ ᠲᠣᠭ᠍ᠲᠠᠭᠤᠨ ᠪᠠᠢᠵᠤ᠂ ᠬᠣᠲᠠ ᠪᠠᠯᠭᠠᠰᠤᠨ᠎ᠳᠤ 1267 ᠲᠦᠮᠨ ᠱᠢᠨ᠎ᠡ᠎ᠪᠡᠷ ᠨᠡᠮᠡᠭᠲᠠᠵᠤ᠂ ᠬᠣᠲᠠ ᠪᠠᠯᠭᠠᠰᠤᠨ᠎ᠤ  ᠠᠵᠢᠯ ᠠᠯᠳᠠᠯᠲᠠ᠎ᠶ᠋ᠢᠨ ᠨᠣᠷᠮ᠎ᠠ ᠳᠤᠮᠳᠠᠴᠢ᠎ᠪᠠᠷ 5.2% ᠪᠣᠯᠪᠠ᠃

ᠭᠠᠳᠠᠭᠠᠳᠤ ᠠᠷᠠᠯᠵᠢᠶ᠎ᠠ ᠨᠡᠯᠢᠶᠡᠳ ᠲᠦᠷᠭᠡᠨ ᠨᠡᠮᠡᠭ᠌ᠳᠡᠵᠦ᠍᠂ ᠭᠠᠳᠠᠭᠠᠳᠤ ᠭᠠᠷᠭᠠᠯᠲᠠ᠎ᠶ᠋ᠢᠨ ᠣᠯᠠᠨ ᠡᠱᠢᠵᠢᠯᠲᠠ ᠢᠯᠡᠳᠲᠠ ᠦᠷ᠎ᠡ ᠪᠦᠲᠦᠮᠵᠢ ᠣᠯᠵᠤ᠂ ᠤᠯᠤᠰ ᠤ᠋ᠨ ᠬᠤᠭᠤᠷᠤᠨᠲᠤᠬᠢ ᠣᠷᠣᠯᠭ᠎ᠠ ᠵᠠᠷᠤᠯᠭ᠎ᠠ ᠦᠨᠳᠦᠰᠦᠨ᠎ᠳᠡᠭᠡᠨ ᠲᠡᠩᠴᠡᠭᠦᠷᠢᠲᠡᠢ ᠪᠣᠯᠪᠠ᠃

ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠨᠠᠩ ᠬᠦᠴᠦᠲᠡᠶ ᠪᠣᠯᠵᠣ᠂ ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠨᠡᠮᠡᠭ᠌ᠳᠡᠯ ᠪᠠ ᠠᠵᠤ ᠠᠬᠤᠶ᠎ᠶ᠋ᠢᠨ ᠨᠡᠮᠡᠭ᠌ᠳᠡᠯ᠎ᠢ ᠵᠡᠷᠭᠡ ᠪᠡᠷ ᠵᠢᠭᠲᠡ ᠪᠠᠢᠯᠭᠠᠪᠠ᠃

ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠬᠰᠠᠨ ᠦᠷ᠎ᠡ ᠪᠦᠲᠦᠭᠡᠯ ᠪᠡᠬᠢᠵᠢᠨ ᠥᠷᠭᠡᠵᠢᠪᠠ᠃

ᠰᠤᠷᠭᠠᠭᠤᠯᠢ ᠳ᠋ᠤ ᠤᠷᠤᠬᠤ ᠨᠠᠰᠤᠨ᠎ᠠᠴᠠ ᠡᠮᠦᠨᠡᠬᠢ ᠨᠢᠭᠡ ᠵᠢᠯ᠎ᠦᠨ ᠰᠤᠷᠭᠠᠨ ᠬᠦᠮᠤᠵᠢᠯ ᠤ᠋ᠨ ᠰᠦᠶ᠋ᠳᠭᠡᠯ᠎ᠢ ᠬᠡᠯᠲᠤᠷᠢᠬᠦᠯᠬᠦ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠵᠦ᠍᠂ 1400 ᠲᠦᠮᠡᠨ ᠬᠡᠦᠬᠡᠳ᠎ᠲᠦ ᠠᠱᠢᠭ ᠬᠦᠷᠲᠡᠭᠡᠪᠠ᠂ ᠬᠡᠦᠬᠡᠳ ᠪᠣᠢᠵᠢᠭᠤᠯᠬᠤ ᠨᠥᠬᠥᠪᠥᠷᠢ᠎ᠶ᠋ᠢᠨ ᠲᠦᠷᠢᠮ᠎ᠢ ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍᠂ 3000 ᠭᠠᠷᠤᠶ ᠲᠦᠮᠡᠨ ᠨᠢᠯᠬ᠎ᠠ ᠨᠢᠷᠠᠢ ᠬᠡᠦᠬᠡᠳ᠎ᠲᠦ ᠠᠱᠢᠭ ᠬᠦᠷᠲᠡᠭᠡᠪᠡ᠃

ᠠᠮᠤ ᠪᠤᠳᠠᠭᠠᠨ᠎ᠤ ᠤᠨᠠᠯᠲᠠ 1.43 ᠲᠦᠮᠡᠨ ᠳ᠋ᠦᠩᠱᠢᠭᠤᠷ ᠵᠢᠩ ᠳ᠋ᠤ ᠬᠦᠷᠪᠠ᠃

ᠭᠣᠣᠯᠳᠠᠯᠭ᠎ᠠ᠎ᠲᠠᠶ ᠬᠦᠷᠢᠶᠡᠨ ᠳ᠋ᠡᠬᠢ ᠠᠶᠤᠯ ᠲᠦᠭ᠌ᠰᠢᠭᠦᠷᠢ᠎ᠶ᠋ᠢ ᠠᠷᠢᠯᠭᠠᠬᠤ ᠠᠵᠢᠯ ᠢᠳᠡᠪᠬᠢᠲᠡᠢ ᠠᠬᠢᠴᠠ᠎ᠲᠠᠶ ᠪᠣᠯᠵᠤ᠂ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ ᠪᠠᠢᠲᠠᠯ᠎ᠢ ᠪᠠᠲᠤᠯᠠᠪᠠ᠃

ᠨᠢᠭᠡ ᠵᠢᠯ᠎ᠦᠨ ᠲᠤᠷᠰᠢ᠂ ᠮᠠᠨ᠎ᠤ ᠤᠯᠤᠰ᠎ᠤᠨ ᠬᠥᠭ᠌ᠵᠢᠯᠲᠡ ᠱᠢᠨ᠎ᠡ ᠲᠡᠢᠰᠢ ᠰᠢᠯᠢᠳᠡᠭ ᠲᠠᠢᠰᠢ ᠠᠬᠢᠵᠤ᠂ ᠥᠷᠨᠢᠭᠦᠨ ᠬᠦᠭᠵᠢᠡᠭᠬᠦᠢ ᠠᠮᠢᠵᠢᠷᠠᠯ᠎ᠤᠨ ᠬᠦᠴᠦᠨ ᠶ᠋ᠢᠡᠨ ᠢᠯᠡᠷᠡᠭᠦᠯᠪᠡ

ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ ᠲᠣᠭ᠍ᠲᠠᠭᠤᠨ᠎ᠢᠶᠠᠷ ᠬᠥᠭ᠌ᠵᠢᠵᠦ᠍᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ ᠡᠭᠦᠳᠦᠯᠲᠡ᠎ᠡᠯᠪᠡᠭ ᠦᠷ᠎ᠡ ᠪᠦᠲᠦᠭᠡᠯ ᠤᠯᠵᠠᠢ᠃

ᠵᠣᠬᠢᠶᠠᠮᠠᠯ ᠤᠶᠤᠨ ᠴᠢᠳᠠᠪᠤᠷᠢ᠂ ᠠᠮᠢᠳᠤ ᠪᠣᠳᠠᠰ᠎ᠤᠨ ᠡᠮ ᠡᠮᠨᠡᠯᠭᠡ᠂ ᠮᠠᠱᠢᠨ ᠬᠥᠮᠦᠨ᠂ ᠺᠸᠠᠨ᠋ᠲ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠵᠡᠷᠭᠡ᠎ᠶ᠋ᠢ ᠰᠤᠳᠤᠯᠤᠨ ᠨᠡᠭᠡᠭᠡᠵᠦ᠍ ᠬᠡᠷᠡᠭ᠌ᠯᠡᠬᠦ᠌ ᠠᠵᠢᠯ ᠳᠡᠯᠡᠬᠡᠶ᠎ᠶ᠋ᠢᠨ ᠡᠮᠦᠨ᠎ᠡ ᠡᠩᠨᠡᠭᠡᠨ᠎ᠳᠦ ᠤᠷᠤᠵᠤ᠂ ᠴᠢᠫ᠎ᠢ ᠪᠡᠶ᠎ᠡ᠎ᠪᠡᠨ ᠳᠠᠭᠠᠭᠠᠵᠤ ᠰᠤᠳᠤᠯᠤᠨ ᠨᠡᠭᠡᠭᠡᠬᠦ᠌ ᠠᠵᠢᠯ ᠱᠢᠨ᠎ᠡ ᠱᠢᠪᠲᠤᠯᠤᠯᠲᠠ᠎ᠲᠠᠶ ᠪᠣᠯᠪᠠ᠃

ᠲᠢᠶᠠᠨ ᠸᠸᠨ ᠬᠣᠶᠠᠳᠤᠭᠠᠷ 《ᠤᠳᠤᠨ ᠮᠡᠴᠢᠳ ᠢ᠋ ᠬᠠᠢᠬᠤ》 ᠠᠶᠠᠯᠠᠯ ᠢ᠋ᠢᠡᠨ ᠡᠬᠢᠯᠡᠬᠦᠯᠪᠠ᠃

ᠳᠣᠬᠢᠭᠤᠷ ᠲᠤᠯᠤᠭᠠᠨ ᠣᠲᠣ ᠵᠢᠨ ᠬᠡᠪᠴᠢᠶᠡᠵᠢᠭᠰᠠᠨ ᠬᠡᠷᠡᠭ᠌ᠯᠡᠬᠡᠨ᠎ᠢ ᠪᠥᠬᠥ᠌ ᠲᠠᠯ᠎ᠠ᠎ᠪᠠᠷ ᠥᠷᠭᠡᠳᠭᠡᠪᠠ᠃

ᠶᠠᠯᠤᠰᠠᠡᠭᠪᠤ ᠮᠦᠷᠠᠨ ᠤ᠋ ᠲᠤᠤᠷᠠᠲᠤ ᠤᠷᠤᠰᠬᠠᠯ ᠤ᠋ᠨ ᠤᠰᠤᠨ ᠴᠠᠬᠢᠯᠭᠠᠨ ᠤ᠋ ᠢᠨᠵᠸᠨ᠋ᠸᠷᠢᠡᠭ᠎ᠢ ᠡᠬᠢᠯᠡᠬᠦᠯᠤᠨ ᠪᠦᠲᠦᠬᠡᠨ ᠪᠠᠢᠭᠤᠯᠪᠠ᠃

ᠠᠡᠭᠬᠠᠲᠠᠭᠴᠢ ᠤᠯᠤᠰ᠎ᠲᠠᠭᠠᠨ ᠦᠶ᠋ᠯᠡᠳᠪᠦᠷᠢᠯᠡᠭ᠌ᠰᠡᠨ ᠴᠠᠬᠢᠯᠭᠠᠨ ᠰᠣᠷᠢᠨᠵᠢᠨ ᠲᠠᠢᠷᠤᠯᠲᠤ ᠨᠢᠰᠭᠡᠯ᠎ᠦᠨ ᠰᠠᠭᠤᠷᠢ ᠬᠥᠯᠭᠡ ᠣᠩᠭᠣᠴᠠ ᠪᠤᠯᠬᠤ ᠹᠦᠵᠢᠶᠠᠨ᠎ᠤ ᠬᠥᠯᠭᠡ ᠣᠩᠭᠣᠴᠠ ᠶ᠋ᠢ ᠵᠢᠩᠬᠢᠨᠢ᠎ᠪᠡᠷ ᠵᠢᠭᠰᠠᠭᠠᠯ ᠳ᠋ᠤ ᠤᠷᠤᠭᠤᠯᠪᠠ᠃

ᠤᠯᠤᠰ᠎ᠲᠠᠭᠠᠨ ᠦᠶ᠋ᠯᠡᠳᠪᠦᠷᠢᠯᠡᠭ᠌ᠰᠡᠨ ᠲᠣᠮᠣ ᠵᠠᠭ᠍ᠪᠤᠷ ᠪᠥᠬᠥ᠌ ᠪᠥᠮᠪᠥᠷᠴᠡᠭ᠎ᠦᠨ ᠨᠡᠬᠡᠬᠡᠯᠲᠠᠲᠤ ᠡᠬᠢ ᠺᠤᠳ᠋ ᠤ᠋ᠨ ᠠᠮᠢ ᠠᠬᠤᠶ ᠶ᠋ᠢ ᠬᠥᠲᠥᠯᠥᠨ ᠳᠠᠭᠠᠭᠤᠯᠪᠠ᠃

ᠠᠵᠤ ᠦᠢᠯᠡᠰ᠎ᠦᠨ ᠪᠦᠲᠦᠴᠡ ᠦᠷᠭᠦᠯᠵᠢᠯᠡᠨ ᠱᠢᠯᠢᠳᠡᠭ᠌ᠵᠢᠵᠦ᠍᠂ ᠲᠠᠬᠡᠲᠤ ᠮᠡᠷᠭᠡᠵᠢᠯ᠎ᠦᠨ ᠦᠢᠯᠡᠳᠬᠦ᠌ ᠦᠢᠯᠡᠰ᠂ ᠲᠤᠨᠤᠭᠯᠠᠯ ᠦᠢᠯᠡᠳᠬᠦ᠌ ᠦᠢᠯᠡᠰ᠎ᠦᠨ ᠨᠡᠮᠡᠭ᠌ᠳᠡᠯ ᠥᠷᠲᠡᠭ ᠲᠣᠰ ᠲᠣᠰ 9.4% ᠪᠠ 9.2% ᠶ᠋ᠢᠡᠷ ᠨᠡᠮᠡᠭ᠌ᠳᠠᠪᠠ᠃

ᠠᠵᠤ ᠦᠢᠯᠡᠳᠪᠦᠷᠢ᠎ᠶ᠋ᠢᠨ ᠮᠠᠱᠢᠨ ᠬᠥᠮᠦᠨ᠂ ᠬᠤᠷᠠᠮᠠᠯ ᠴᠠᠬᠢᠯᠭᠠᠨ ᠬᠡᠯᠬᠢᠶ᠎ᠡ᠎ᠶ᠋ᠢᠨ ᠦᠢᠯᠡᠳᠪᠤᠷᠢᠯᠡᠭᠰᠠᠨ ᠬᠡᠮᠵᠢᠶ᠎ᠠ ᠲᠤᠰ ᠲᠤᠰ 28% 10.9% ᠨᠡᠮᠡᠭ᠌ᠳᠡᠪᠠ᠃

ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠵᠢᠯ᠎ᠦᠨ ᠦᠢᠯᠡᠳᠪᠤᠷᠢᠯᠡᠯ᠎ᠤᠨ ᠬᠡᠮᠵᠢᠶ᠎ᠠ 1600 ᠲᠦᠮᠡ᠎ᠶ᠋ᠢ ᠳᠠᠪᠠᠵᠤ᠂ ᠴᠠᠬᠢᠯᠭᠠᠨ ᠬᠥᠳᠡᠯᠭᠡᠭᠦᠷᠲᠦ ᠮᠠᠱᠢᠨ ᠲᠡᠷᠭᠡᠨ᠎ᠦ ᠴᠠᠬᠢᠯᠭᠠᠨ ᠴᠡᠨᠡᠭ᠌ᠯᠡᠬᠦ᠌ ᠲᠥᠬᠥᠭᠡᠷᠦᠮᠵᠢ 2000 ᠲᠦᠮᠡ᠎ᠶ᠋ᠢ ᠳᠠᠪᠠᠪᠠ᠃

ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠦᠨ ᠡᠨᠧᠷᠭᠢ᠎ᠶ᠋ᠢᠨ ᠬᠣᠷᠣᠭ᠍ᠳᠠᠭᠤᠯᠤᠯ ᠪᠠᠭᠤᠷᠠᠵᠤ᠂ ᠠᠮᠢ ᠠᠬᠤᠢ᠎ᠶ᠋ᠢᠨ ᠣᠷᠴᠢᠨ ᠨᠥᠬᠥᠴᠡᠯ ᠶᠠᠰᠤ ᠴᠢᠨᠠᠷ ᠦᠷᠭᠦᠯᠵᠢᠯᠡᠨ ᠰᠠᠢᠵᠢᠷᠠᠪᠠ᠃

ᠳᠣᠯᠣᠭᠠᠨ ᠲᠠᠯ᠎ᠠ᠎ᠶ᠋ᠢᠨ ᠭᠣᠣᠯ ᠠᠵᠢᠯ

ᠨᠢᠭᠡ ᠵᠢᠯ᠎ᠦᠨ ᠲᠤᠷᠰᠢ ᠨᠠᠩ ᠢᠳᠡᠪᠬᠢᠲᠡᠢ᠎ᠪᠦᠬᠡᠳ ᠪᠦᠲᠦᠮᠵᠢᠲᠠᠢ ᠬᠣᠷᠸ᠎ᠠ ᠲᠥᠷᠦ᠍᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠵᠦ᠍᠂ ᠠᠵᠤ ᠠᠬᠤᠢ᠎ᠶ᠋ᠢᠨ ᠠᠵᠢᠯᠯᠠᠭᠠᠨ᠎ᠢ ᠬᠦᠴᠦᠯᠡᠨ ᠲᠣᠭ᠍ᠲᠠᠪᠤᠷᠢᠵᠢᠭᠤᠯᠪᠠ᠃

ᠨᠢᠭᠡ ᠵᠢᠯ᠎ᠦᠨ ᠲᠤᠷᠰᠢ ᠱᠢᠨ᠎ᠡ᠎ᠶ᠋ᠢ ᠡᠭᠦᠳᠬᠦ᠌᠎ᠪᠡᠷ ᠬᠥᠭ᠌ᠵᠢᠯᠲᠡ᠎ᠶ᠋ᠢᠨ ᠬᠥᠳᠡᠯᠭᠡᠭᠦᠷ ᠪᠣᠯᠭᠠᠬᠤ᠎ᠶ᠋ᠢ ᠪᠠᠷᠢᠮᠲᠠᠯᠠᠵᠤ᠂ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲ᠋ᠧᠮ᠎ᠢ ᠪᠠᠢᠭᠤᠯᠪᠠ᠃

ᠨᠢᠭᠡ ᠵᠢᠯ᠎ᠦᠨ ᠲᠤᠷᠰᠢ ᠥᠭᠡᠷᠡᠴᠢᠯᠡᠯᠲᠡ ᠨᠡᠭᠡᠭᠡᠯᠲᠡ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠍᠂ ᠤᠯᠤᠰ ᠠᠷᠠᠳ᠎ᠤᠨ ᠠᠵᠤ ᠠᠬᠤᠶ᠎ᠶ᠋ᠢᠨ ᠣᠷᠴᠢᠯ᠎ᠢ ᠰᠠᠭᠠᠳ ᠥᠬᠡᠶ ᠨᠡᠪᠲᠡᠷᠡᠭᠦᠯᠪᠡ᠃

ᠨᠢᠭᠡ ᠵᠢᠯ᠎ᠦᠨ ᠲᠤᠷᠰᠢ ᠱᠢᠨ᠎ᠡ ᠬᠡᠯᠪᠡᠷᠢ᠎ᠶ᠋ᠢᠨ ᠬᠣᠲᠠ ᠪᠠᠯᠭᠠᠰᠤᠵᠢᠯᠲᠠ ᠪᠠ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠨᠢᠭᠡᠳᠦᠯᠲᠡᠶ ᠲᠥᠯᠥᠪᠵᠢᠬᠦᠯᠦᠨ ᠠᠬᠢᠭᠤᠯᠵᠤ᠂ ᠬᠣᠲᠠ ᠬᠥᠳᠡᠭᠡ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢ ᠠᠬᠢᠭᠤᠯᠪᠠ᠃

ᠨᠢᠭᠡ ᠵᠢᠯ᠎ᠦᠨ ᠲᠤᠷᠰᠢ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢ ᠦᠨᠡᠨ ᠬᠦ᠌ ᠰᠠᠢᠲᠤᠷ ᠠᠳᠭᠤᠵᠤ᠂ ᠨᠡᠢᠭᠡᠮ᠎ᠦᠨ ᠦᠢᠯᠡᠰ᠎ᠢ ᠢᠳᠡᠪᠬᠢᠲᠡᠶ᠎ᠪᠡᠷ ᠬᠥᠭ᠌ᠵᠢᠭᠦᠯᠪᠡ᠃

ᠨᠢᠭᠡ ᠵᠢᠯ᠎ᠦᠨ ᠲᠤᠷᠰᠢ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ ᠪᠤᠬᠢᠷᠳᠤᠯ ᠦᠭᠡᠢ ᠨᠡᠭᠦᠷᠡᠰᠦᠲᠥ᠋ᠷᠥᠭ᠌ᠴᠢ ᠪᠠᠭ᠎ᠠ ᠬᠥᠭ᠌ᠵᠢᠯᠲᠡ᠎ᠶ᠋ᠢ ᠠᠬᠢᠭᠤᠯᠪᠠ᠃

ᠨᠢᠭᠡ ᠵᠢᠯ᠎ᠦᠨ ᠲᠤᠷᠰᠢ ᠵᠠᠰᠠᠭ᠎ᠤᠨ ᠣᠷᠳᠣᠨ᠎ᠤ ᠪᠠᠢᠭᠤᠯᠤᠯᠲᠠ᠎ᠶ᠋ᠢ ᠦᠷᠬᠦᠯᠵᠢᠯᠠᠨ ᠴᠢᠡᠭᠭᠠᠳᠬᠠᠵᠤ᠂ ᠨᠡᠢᠭᠡᠮ᠎ᠦᠨ ᠵᠠᠰᠠᠯᠲᠠ᠎ᠶ᠋ᠢᠨ ᠲᠠᠯ᠎ᠠ᠎ᠪᠠᠷ ᠱᠢᠨ᠎ᠡ᠎ᠶ᠋ᠢ ᠡᠭᠦᠳᠴᠤ  ᠲᠡᠭᠦᠯᠳᠡᠷᠵᠢᠭᠦᠯᠪᠡ᠃


《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠠᠵᠤ ᠠᠬᠤᠢ ᠨᠡᠢᠭᠡᠮ ᠤ᠋ᠨ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ

ᠥᠩᠭᠡᠷᠡᠭ᠌ᠰᠡᠨ 5 ᠵᠢᠯ᠎ᠳᠦ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠢ᠎ᠠ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠡᠷᠢᠨ ᠵᠠᠭᠤᠨ᠎ᠤ ᠬᠢᠵᠢᠭ ᠵᠡᠷᠭᠡ ᠶᠡᠷᠦ᠍ ᠪᠤᠰᠤ᠎ᠶ᠋ᠢᠨ ᠲᠠᠭᠠᠷᠢᠯᠳᠠ ᠰᠢᠯᠭᠠᠯᠳᠠ ᠵᠢ ᠪᠦᠲᠦᠮᠵᠢᠲᠡᠢ ᠠᠷᠭᠠᠴᠠᠭᠠᠵᠤ᠂ ᠨᠠᠮ ᠪᠣᠯᠤᠨ ᠤᠯᠤᠰ᠎ᠤᠨ ᠠᠵᠢᠯ ᠦᠢᠯᠡᠰ᠎ᠢ ᠠᠬᠢᠭᠤᠯᠤᠭᠠᠳ ᠰᠢᠨ᠎ᠡ ᠴᠢᠬᠤᠯᠠ ᠶᠡᠬᠡ ᠠᠮᠵᠢᠯᠲᠠ ᠪᠦᠳᠦᠮᠵᠢ ᠤᠯᠵᠤ᠂ ᠬᠣᠶᠠᠳᠤᠭᠠᠷ ᠵᠠᠭᠤᠨ ᠵᠢᠯ᠎ᠦᠨ ᠲᠠᠮᠡᠴᠡᠬᠦ ᠬᠠᠷᠠᠯᠲᠠ᠎ᠶ᠋ᠢᠨ ᠱᠢᠨ᠎ᠡ ᠠᠶᠠᠨ᠎ᠢ᠋ ᠰᠠᠢ᠌ᠨ ᠡᠬᠢᠯᠡᠯᠲᠡ᠎ᠲᠡᠶ ᠪᠣᠯᠭᠠᠪᠠ᠃


QQ截图20260209113408.png


ᠠᠵᠤ ᠠᠬᠤᠢ᠎ᠶ᠋ᠢᠨ ᠶᠡᠷᠦᠩᠬᠡᠢ ᠬᠡᠮᠵᠢᠶ᠎ᠡ ᠱᠢᠨ᠎ᠡ ᠦᠰᠦᠷᠦᠯᠲᠡ᠎ᠶ᠋ᠢ ᠪᠡᠶᠡᠯᠡᠭᠦᠯᠵᠦ᠍᠂ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠦᠨ ᠶᠡᠷᠦᠩᠬᠡᠢ ᠦᠷᠲᠡᠭ ᠵᠠᠯᠭᠠᠭ᠎ᠠ᠎ᠪᠠᠷ 110 ᠲᠦᠮᠡᠨ ᠳ᠋ᠦᠩᠱᠢᠭᠤᠷ ᠲᠥᠭᠥᠷᠢᠭ᠂ 120 ᠲᠦᠮᠡᠨ ᠳ᠋ᠦᠩᠱᠢᠭᠤᠷ ᠲᠥᠭᠥᠷᠢᠭ᠂ 130 ᠲᠦᠮᠡᠨ ᠳ᠋ᠦᠩᠱᠢᠭᠤᠷ ᠲᠥᠭᠥᠷᠢᠭ᠂ 140 ᠲᠦᠮᠡᠨ ᠳ᠋ᠦᠩᠱᠢᠭᠤᠷ ᠲᠥᠭᠥᠷᠢᠭ᠎ᠢ ᠳᠠᠪᠠᠵᠤ᠂ ᠵᠢᠯ ᠳᠤᠮᠳᠠᠴᠢ᠎ᠪᠠᠷ 5.4% ᠪᠡᠷ ᠨᠡᠮᠡᠭ᠌ᠳᠡᠵᠦ᠍᠂ ᠪᠦᠬᠦ᠌ ᠪᠥᠮᠪᠥᠷᠴᠡᠭ᠎ᠦᠨ ᠳᠤᠮᠳᠠᠴᠢ ᠨᠡᠮᠡᠭ᠌ᠳᠡᠯ᠎ᠦᠨ ᠬᠤᠷᠳᠤᠴᠠ᠎ᠠᠴᠠ ᠢᠯᠡᠳᠲᠡ ᠦᠨᠳᠦᠷ ᠪᠤᠯᠵᠠᠢ᠃


QQ截图20260306155642.png


ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠪᠠ ᠠᠵᠤ ᠦᠢᠯᠡᠰ ᠱᠢᠨ᠎ᠡ ᠡᠭᠦᠳᠦᠯᠲᠡ ᠱᠢᠨ᠎ᠡ ᠱᠢᠪᠲᠤᠯᠤᠯᠲᠠ᠎ᠲᠠᠶ ᠪᠤᠯᠵᠤ᠂ ᠪᠦᠬᠦ᠌ ᠨᠡᠢᠭᠡᠮ᠎ᠦᠨ ᠰᠤᠳᠤᠯᠤᠨ ᠨᠡᠭᠡᠭᠡᠬᠦ᠌ ᠵᠠᠷᠤᠳᠠᠯ᠎ᠤᠨ ᠣᠷᠣᠭᠤᠯᠤᠯᠲᠠ ᠵᠢᠯ ᠳᠤᠮᠳᠠᠴᠢ᠎ᠪᠠᠷ 10% ᠪᠡᠷ ᠨᠡᠮᠡᠭ᠌ᠳᠡᠵᠦ᠍᠂ ᠨᠢᠭᠡ ᠪᠦᠯᠦᠭ ᠴᠢᠬᠤᠯᠠ ᠶᠡᠬᠡ ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠦᠨ ᠲᠠᠯ᠎ᠠ᠎ᠪᠠᠷ ᠱᠢᠪᠲᠤᠯᠤᠯᠲᠠ ᠭᠠᠷᠭᠠᠵᠤ᠂ ᠦᠢᠯᠡᠳᠬᠦ᠌ ᠦᠢᠯᠡᠰ᠎ᠦᠨ ᠨᠡᠮᠡᠭ᠌ᠳᠡᠯ ᠦᠷᠳᠡᠭ᠎ᠦᠨ ᠬᠡᠪᠴᠢᠢ᠎ᠡ 16 ᠵᠢᠯ ᠳᠠᠷᠠᠭᠠᠯᠠᠨ ᠪᠦᠬᠦ᠌ ᠪᠥᠮᠪᠥᠷᠴᠡᠭ᠎ᠦᠨ ᠨᠢᠭᠡᠳᠦᠭᠡᠷ᠎ᠲᠦ ᠣᠷᠣᠵᠤ᠂ ᠠᠵᠤ ᠦᠢᠯᠡᠰ᠎ᠦᠨ ᠬᠡᠯᠬᠢᠶ᠎ᠠ ᠬᠠᠩᠭᠠᠯᠭ᠎ᠠ᠎ᠶ᠋ᠢᠨ ᠬᠡᠯᠬᠢᠶ᠎ᠠ᠎ᠶ᠋ᠢᠨ ᠤᠶᠠᠨ ᠬᠠᠳᠠᠨ ᠴᠢᠨᠠᠷ ᠪᠠ ᠠᠮᠤᠷ ᠲᠦᠪᠱᠢᠨ᠎ᠤ ᠬᠡᠮᠵᠢᠶ᠎ᠡ ᠲᠣᠭ᠍ᠲᠠᠭᠤᠨ᠎ᠢᠶᠠᠷ ᠳᠡᠭᠡᠭ᠌ᠰᠢᠯᠡᠪᠡ᠃


QQ截图20260306155711.png


ᠥᠭᠡᠷᠡᠴᠢᠯᠡᠯᠲᠡ ᠨᠡᠭᠡᠭᠡᠯᠲᠡ ᠱᠢᠨ᠎ᠡ ᠠᠯᠬᠤᠮ᠎ᠢ ᠠᠯᠬᠤᠵᠤ᠂ ᠭᠤᠤᠯᠳᠠᠯᠭ᠎ᠠ᠎ᠲᠠᠶ ᠬᠦᠷᠢᠶᠡᠨ᠎ᠦ ᠥᠭᠡᠷᠡᠴᠢᠯᠡᠯᠲᠡ᠎ᠶ᠋ᠢ ᠯᠠᠪᠳᠠᠭᠤᠨ ᠪᠠᠲᠤᠲᠠᠶ ᠠᠬᠢᠭᠤᠯᠵᠤ᠂ ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠢ ᠲᠦᠷᠭᠡᠳᠭᠡᠨ ᠪᠠᠢᠭᠤᠯᠵᠤ᠂ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠶ᠋ᠢ ᠲᠠᠰᠤᠷᠠᠯᠲᠠ ᠥᠬᠡᠶ ᠥᠷᠭᠡᠳᠭᠡᠵᠦ᠍᠂ ᠪᠠᠷᠠᠭᠠᠨ᠎ᠤ ᠠᠷᠠᠯᠵᠢᠶ᠎ᠠ᠎ᠶ᠋ᠢᠨ ᠨᠢᠭᠡᠳᠦᠭᠡᠷ ᠲᠣᠮᠣ ᠤᠯᠤᠰ᠎ᠤᠨ ᠪᠠᠢᠷᠢ ᠰᠠᠭᠤᠷᠢ᠎ᠶ᠋ᠢ ᠨᠠᠩ ᠪᠡᠬᠢᠵᠢᠭᠦᠯᠵᠦ᠍᠂ 《ᠨᠢᠭᠡ ᠪᠦᠰᠡ ᠨᠢᠭᠡ ᠵᠠᠮ》 ᠢ᠋ ᠴᠢᠨᠠᠷ ᠰᠠᠢᠲᠠᠶ ᠬᠠᠮᠲᠤ᠎ᠪᠠᠷ ᠪᠥᠲᠥᠭᠡᠨ ᠪᠠᠢᠭᠤᠯᠬᠤ ᠠᠵᠢᠯ᠎ᠢ ᠭᠦᠨᠵᠡᠭᠡᠢᠷᠡᠭᠦᠯᠦᠨ ᠪᠣᠳᠠᠲᠠᠢᠵᠢᠭᠤᠯᠪᠠ᠃

《ᠠᠷᠪᠠᠨ ᠲᠦᠷᠪᠡᠳᠦᠭᠡᠷ ᠲᠠᠪᠤᠨ ᠵᠢᠯ》᠎ᠤ᠋ᠨ ᠲᠦᠯᠦᠪᠵᠢᠬᠦᠯᠭᠡ ᠵᠢᠨ 《ᠬᠦᠳᠦᠯᠪᠦᠷᠢ》 ᠳ᠋ᠤ ᠲᠤᠭᠳᠠᠭᠠᠭᠰᠠᠨ 20 ᠵᠦᠢᠯ᠎ᠤᠨ ᠭᠤᠤᠯ ᠬᠦᠢᠴᠡᠳᠭᠡᠬᠦ ᠲᠤᠭ᠎ᠠ᠂ 17 ᠲᠠᠯ᠎ᠠ ᠵᠢᠨ ᠴᠢᠬᠤᠯᠠ ᠶᠡᠭᠡ ᠪᠠᠢᠯᠳᠤᠬᠤ ᠪᠤᠳᠤᠯᠭ᠎ᠠ ᠵᠢᠨ ᠡᠬᠦᠷᠭᠡ᠂ 102 ᠵᠦᠢᠯ᠎ᠤᠨ ᠴᠢᠬᠤᠯᠠ ᠶᠡᠭᠡ ᠢᠨᠵᠸᠨ᠋ᠸᠷᠢᠩ᠎ᠤᠨ ᠲᠦᠰᠦᠯ᠎ᠢ ᠠᠮᠵᠢᠯᠳᠠ ᠲᠠᠢ ᠪᠡᠶᠡᠯᠡᠬᠦᠯᠪᠡ᠃

ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ ᠱᠢᠨ᠎ᠡ ᠲᠦᠪᠱᠢᠨ᠎ᠳᠦ ᠬᠦᠷᠴᠦ᠍᠂ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ ᠵᠢᠯ ᠳᠤᠮᠳᠠᠴᠢ᠎ᠪᠠᠷ 5.4% ᠪᠠᠷ ᠨᠡᠮᠡᠭ᠌ᠳᠡᠵᠦ᠍᠂ ᠬᠣᠲᠠ ᠪᠠᠯᠭᠠᠰᠤ᠎ᠶ᠋ᠢᠨ ᠱᠢᠨ᠎ᠡ᠎ᠪᠡᠷ ᠨᠡᠮᠡᠭ᠌ᠳᠡᠭ᠌ᠰᠡᠨ ᠠᠵᠢᠯ ᠣᠯᠭᠣᠯᠲᠠ ᠨᠡᠢᠲᠡ 6000 ᠲᠦᠮᠡᠨ ᠬᠥᠮᠦᠨ᠎ᠢ ᠳᠠᠪᠠᠵᠤ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠳᠠ ᠱᠢᠪᠲᠤᠯᠤᠬᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌ ᠬᠢᠭᠡᠳ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶ᠋ᠢ ᠪᠦᠲᠦᠮᠵᠢᠲᠡᠶ ᠵᠣᠯᠭᠠᠭᠤᠯᠬᠤ 5 ᠵᠢᠯ᠎ᠦᠨ ᠱᠢᠯᠵᠢᠯᠲᠡ᠎ᠶ᠋ᠢᠨ ᠬᠤᠭᠤᠴᠠᠭᠠᠨ᠎ᠤ ᠡᠭᠦᠷᠭᠡ᠎ᠶ᠋ᠢ ᠲᠡᠭᠦᠰ ᠠᠮᠵᠢᠯᠲᠠ᠎ᠲᠠᠶ ᠪᠡᠶᠡᠯᠡᠭᠦᠯᠵᠦ᠍᠂ ᠦᠨᠳᠦᠰᠦᠨ ᠨᠠᠰᠤᠵᠢᠯ᠎ᠤᠨ ᠳᠠᠭᠠᠳᠭᠠᠯ᠎ᠢ ᠪᠥᠬᠥ᠌ ᠤᠯᠤᠰ᠎ᠲᠤ ᠨᠢᠭᠡᠳᠦᠯᠲᠡᠶ ᠲᠥᠯᠥᠪᠵᠢᠭᠦᠯᠦᠨ ᠲᠣᠭ᠍ᠲᠠᠭᠤᠨ᠎ᠢᠶᠠᠷ ᠬᠡᠷᠡᠭ᠌ᠵᠢᠭᠦᠯᠵᠦ᠍᠂ ᠬᠥᠳᠡᠯᠮᠦᠷᠢᠯᠡᠬᠦ᠌ ᠨᠠᠰᠤᠨ᠎ᠤ ᠬᠥᠮᠦᠨ ᠠᠮᠠ᠎ᠶ᠋ᠢᠨ ᠰᠤᠷᠭᠠᠨ ᠬᠥᠮᠦᠵᠢᠯ ᠭᠥᠷᠳᠡᠬᠦ᠌ ᠳᠤᠮᠳᠠᠴᠢ ᠣᠨ ᠵᠢᠯ᠎ᠢ 11.3 ᠵᠢᠯ ᠪᠣᠯᠭᠠᠨ ᠨᠡᠮᠡᠭ᠌ᠳᠡᠭᠦᠯᠵᠦ᠍᠂ ᠬᠥᠮᠦᠨ ᠳᠤᠮᠳᠠᠴᠢ᠎ᠶ᠋ᠢᠨ ᠵᠢᠱ᠌ᠢᠭ᠌ᠰᠡᠨ ᠠᠮᠢ ᠨᠠᠰᠤ᠎ᠵᠢ 79.25 ᠨᠠᠰᠤ ᠪᠣᠯᠭᠠᠨ ᠳᠡᠭᠡᠭ᠌ᠰᠢᠯᠡᠭᠦᠯᠵᠦ᠍᠂ ᠠᠷᠠᠳ ᠣᠯᠠᠨ᠎ᠤ ᠰᠣᠶᠣᠯ᠎ᠤᠨ ᠠᠮᠢᠳᠤᠷᠠᠯ᠎ᠢ ᠨᠠᠩ ᠡᠯᠪᠡᠭ ᠪᠠᠶᠠᠯᠢᠭ ᠪᠣᠯᠭᠠᠪᠠ᠃


QQ截图20260306155737.png


ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ ᠱᠢᠨ᠎ᠡ ᠳᠠᠪᠱᠢᠯᠲᠠ᠎ᠲᠠᠶ ᠪᠣᠯᠵᠣ᠂ ᠲᠤᠰᠭᠠᠶ ᠣᠷᠣᠨ᠎ᠤ ᠲᠠᠰ ᠵᠢᠴᠢ ᠲᠡᠭᠦᠨ᠎ᠡᠴᠡ ᠳᠡᠭᠡᠭ᠌ᠰᠢᠬᠢ ᠬᠣᠲᠠ᠎ᠶ᠋ᠢᠨ ᠠᠭᠠᠷ᠎ᠤᠨ ᠴᠢᠨᠠᠷᠵᠢᠯ ᠱᠢᠯᠢᠳᠡᠭ ᠰᠠᠢᠨ ᠡᠳᠦᠷ᠎ᠦᠨ ᠲᠣᠭ᠎ᠠ᠎ᠶ᠋ᠢᠨ ᠬᠠᠷᠢᠴᠠᠯ 89.3% ᠪᠣᠯᠲᠠᠯ᠎ᠠ ᠳᠡᠭᠡᠭ᠌ᠰᠢᠯᠡᠵᠦ᠍᠂ ᠣᠶ ᠱᠢᠭᠤᠶ᠎ᠶ᠋ᠢᠨ ᠪᠦᠷᠬᠦᠴᠡ᠎ᠶ᠋ᠢᠨ ᠨᠣᠷᠮ᠎ᠠ 25%᠎ᠡᠴᠡ ᠳᠡᠭᠡᠭ᠌ᠰᠢ ᠪᠤᠯᠵᠤ᠂ ᠪᠥᠬᠥ᠌ ᠪᠥᠮᠪᠥᠷᠴᠡᠭ᠎ᠦᠨ ᠣᠶ ᠱᠢᠭᠤᠶ᠎ᠶ᠋ᠢᠨ ᠡᠬᠢ ᠪᠠᠶᠠᠯᠢᠭ᠎ᠤᠨ ᠨᠡᠮᠡᠭ᠌ᠳᠡᠯ᠎ᠢᠶᠡᠷ ᠬᠠᠮᠤᠭ᠎ᠤᠨ ᠲᠦᠷᠭᠡᠨ ᠬᠠᠮᠤᠭ᠎ᠤᠨ ᠣᠯᠠᠨ ᠤᠯᠤᠰ ᠪᠣᠯᠵᠣ᠂ ᠪᠥᠬᠥ᠌ ᠪᠥᠮᠪᠥᠷᠴᠡᠭ᠎ᠦᠨ ᠬᠠᠮᠤᠭ᠎ᠤᠨ ᠶᠡᠬᠡ᠂ ᠬᠥᠭ᠌ᠵᠢᠯᠲᠡ᠎ᠪᠡᠷ ᠬᠠᠮᠤᠭ᠎ᠤᠨ ᠲᠦᠷᠭᠡᠨ ᠳᠠᠬᠢᠨ ᠠᠰᠢᠬᠯᠠᠵᠤ ᠪᠤᠯᠬᠤ ᠡᠨᠧᠷᠭᠢ᠎ᠶ᠋ᠢᠨ ᠱᠢᠰᠲ᠋ᠧᠮ᠎ᠢ ᠪᠠᠢᠭᠤᠯᠪᠠ᠃


QQ截图20260306155758.png


ᠠᠮᠤᠷ ᠲᠦᠪᠱᠢᠨ᠎ᠦ ᠪᠠᠲᠤᠯᠠᠭ᠎ᠠ᠎ᠶ᠋ᠢᠨ ᠴᠢᠳᠠᠪᠤᠷᠢ ᠱᠢᠨ᠎ᠡ ᠳᠡᠭᠡᠭ᠌ᠰᠢᠯᠡᠯᠲᠡ᠎ᠲᠡᠶ ᠪᠣᠯᠵᠤ᠂ ᠠᠮᠤ ᠪᠤᠳᠠᠭ᠎ᠠ᠂ ᠡᠨᠧᠷᠭᠢ᠂ ᠡᠬᠢ ᠪᠠᠶᠠᠯᠢᠭ᠂ ᠮᠥᠩᠭᠥᠨ ᠭᠦᠢᠯᠭᠡᠭᠡ᠂ ᠰᠦᠯᠵᠢᠶ᠎ᠡ ᠵᠡᠷᠭᠡ ᠭᠣᠣᠯᠳᠠᠯᠭ᠎ᠠ᠎ᠲᠠᠶ ᠬᠦᠷᠢᠶᠡᠨ᠎ᠦ ᠠᠮᠤᠷ ᠲᠦᠪᠱᠢᠨ᠎ᠦ ᠴᠢᠳᠠᠪᠤᠷᠢ᠎ᠶ᠋ᠢᠨ ᠪᠠᠢᠭᠤᠯᠤᠯᠲᠠ ᠢᠯᠡᠳᠲᠡ ᠴᠢᠩᠭᠠᠷᠠᠵᠤ᠂ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ ᠪᠠᠢᠳᠠᠯ᠎ᠢ ᠪᠠᠲᠤᠯᠠᠪᠠ᠃


《ᠠᠷᠪᠠᠨ ᠲᠠᠪᠤᠳᠤᠭᠠᠷ ᠲᠠᠪᠤᠨ ᠵᠢᠯ》 ᠎ᠤ᠋ᠨ ᠭᠣᠣᠯ ᠬᠠᠷᠠᠯᠲᠠ ᠪᠠ ᠴᠢᠬᠤᠯᠠ ᠶᠡᠬᠡ ᠡᠭᠦᠷᠭᠡ

(ᠨᠢᠭᠡ) ᠭᠣᠣᠯ ᠬᠠᠷᠠᠯᠲᠠ᠎ᠶ᠋ᠢᠨ ᠭᠦᠢᠴᠡᠳᠭᠡᠯ ᠲᠣᠭ᠎ᠠ ᠵᠢᠨ ᠲᠤᠬᠠᠢ

ᠠᠵᠤ ᠠᠬᠤᠢ᠎ᠶ᠋ᠢᠨ ᠬᠥᠭ᠌ᠵᠢᠯᠲᠡ᠎ᠶ᠋ᠢᠨ ᠲᠠᠯ᠎ᠠ᠎ᠪᠠᠷ᠂ ᠨᠡᠮᠡᠭ᠌ᠳᠡᠯ᠂ ᠪᠦᠲᠦᠴᠡ᠂ ᠦᠷ᠎ᠡ ᠠᠱᠢᠭ᠎ᠤᠨ ᠲᠣᠭᠣᠷᠢᠨ᠎ᠳᠤ 3 ᠵᠦᠢᠯ᠎ᠦᠨ ᠭᠦᠢᠴᠡᠳᠭᠡᠯ ᠲᠣᠭ᠎ᠠ᠎ᠶ᠋ᠢ ᠳᠤᠷᠠᠳᠤᠨ ᠭᠠᠷᠭᠠᠪᠠ᠃ ᠡᠭᠦᠨ᠎ᠳᠦ᠂ ᠤᠯᠤᠰ᠎ᠤᠨ ᠳᠣᠲᠣᠭᠠᠳᠤ᠎ᠶ᠋ᠢᠨ ᠦᠶ᠋ᠯᠡᠳᠪᠦᠷᠢᠯᠡᠯ᠎ᠦᠨ ᠪᠥᠬᠥ᠌ ᠥᠷᠲᠡᠭ᠎ᠦᠨ ᠨᠡᠮᠡᠭ᠌ᠳᠡᠯ᠎ᠢ ᠵᠦᠶ ᠵᠣᠬᠢᠰᠲᠠᠶ ᠬᠡᠪᠴᠢᠶᠠᠨ᠎ᠳᠤ ᠪᠠᠢᠯᠭᠠᠵᠦ᠂ ᠡᠯ᠎ᠡ ᠤᠨ ᠤ᠋ ᠪᠠᠢᠳᠠᠯ᠎ᠢ ᠦᠨᠳᠦᠰᠦᠯᠡᠨ ᠳᠤᠷᠠᠳᠤᠨ ᠭᠠᠷᠭᠠᠪᠠ᠃

ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠲᠠᠯ᠎ᠠ᠎ᠪᠠᠷ᠂ ᠱᠢᠨ᠎ᠡ᠎ᠶ᠋ᠢ ᠡᠭᠦᠳᠬᠦ᠌ ᠣᠷᠣᠭᠤᠯᠤᠯᠲᠠ ᠵᠢᠴᠢ ᠦᠷ᠎ᠡ ᠪᠦᠲᠦᠮᠵᠢ᠎ᠶ᠋ᠢᠨ ᠲᠣᠭᠣᠷᠢᠨ᠎ᠳᠤ 3 ᠵᠦᠢᠯ᠎ᠦᠨ ᠭᠦᠢᠴᠡᠳᠭᠡᠯ ᠲᠣᠭ᠎ᠠ ᠵᠢ ᠳᠤᠷᠠᠳᠪᠠ᠃ ᠡᠭᠦᠨ᠎ᠳᠦ᠂ ᠪᠥᠬᠥ᠌ ᠨᠡᠢᠭᠡᠮ᠎ᠦᠨ ᠰᠤᠳᠤᠯᠤᠨ ᠨᠡᠭᠡᠭᠡᠬᠦ᠌ ᠵᠠᠷᠤᠳᠠᠯ᠎ᠤᠨ ᠣᠷᠣᠭᠤᠯᠤᠯᠲᠠ᠎ᠶ᠋ᠢ ᠵᠢᠯ ᠳᠤᠮᠳᠠᠴᠢ᠎ᠪᠠᠷ 7% ᠡᠴᠠ ᠳᠡᠭᠡᠭ᠌ᠰᠢ ᠨᠡᠮᠡᠭ᠌ᠳᠡᠭᠦᠯᠦᠨ᠎ᠡ ᠭᠡᠵᠦ ᠲᠤᠷᠠᠳᠤᠨ ᠭᠠᠷᠭᠠᠪᠠ᠃

ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭᠳᠡᠬᠦᠯᠬᠦ ᠲᠠᠯ᠎ᠠ᠎ᠪᠠᠷ᠂ ᠠᠵᠢᠯ ᠣᠯᠭᠣᠯᠲᠠ᠂ ᠣᠷᠣᠯᠭ᠎ᠠ᠂ ᠰᠤᠷᠭᠠᠨ ᠬᠥᠮᠦᠵᠢᠯ᠂ ᠡᠮᠴᠢᠯᠡᠭᠡ᠂ ᠡᠷᠡᠬᠦᠯ ᠮᠡᠨᠳᠦ᠂ 《ᠨᠠᠰᠤᠲᠠᠢᠴᠤᠳ ᠪᠠ ᠬᠡᠦᠬᠡᠳ》 ᠵᠡᠷᠭᠡ 7 ᠵᠦᠢᠯ᠎ᠦᠨ ᠭᠦᠢᠴᠡᠳᠭᠡᠯ ᠲᠣᠭ᠎ᠠ᠎ᠶ᠋ᠢ ᠬᠠᠨᠳᠤᠯᠭᠠᠲᠤ ᠴᠢᠨᠠᠷᠲᠠᠢ᠎ᠪᠠᠷ ᠳᠤᠷᠠᠳᠤᠨ ᠭᠠᠷᠭᠠᠪᠠ᠃

ᠪᠣᠬᠢᠷᠲᠤᠯ ᠦᠭᠡᠢ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠲᠠᠯ᠎ᠠ᠎ᠪᠠᠷ᠂ ᠨᠡᠭᠦᠷᠡᠰᠦᠲᠥ᠋ᠷᠥᠭ᠌ᠴᠢ᠎ᠶ᠋ᠢᠨ ᠭᠠᠳᠠᠭᠰᠢᠯᠠᠭᠤᠯᠤᠯᠳᠠ ᠵᠢ ᠪᠠᠭᠤᠷᠠᠭᠤᠯᠤᠨ ᠪᠣᠬᠢᠷᠲᠤᠯ᠎ᠢ ᠪᠠᠭᠠᠰᠭᠠᠬᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ ᠵᠡᠷᠭᠡ᠎ᠶ᠋ᠢᠨ ᠲᠣᠭᠣᠷᠢᠨ᠎ᠳᠤ 5 ᠵᠦᠢᠯ᠎ᠦᠨ ᠭᠦᠢᠴᠡᠳᠭᠡᠯ ᠲᠣᠭ᠎ᠠ ᠵᠢ ᠳᠤᠷᠠᠳᠤᠨ ᠭᠠᠷᠭᠠᠪᠠ᠃

ᠠᠮᠤᠷ ᠲᠦᠪᠱᠢᠨ᠎ᠦ ᠪᠠᠲᠤᠯᠠᠭ᠎ᠠ᠎ᠶ᠋ᠢᠨ ᠲᠠᠯ᠎ᠠ᠎ᠪᠠᠷ᠂ ᠠᠮᠤ ᠪᠤᠳᠠᠭ᠎ᠠ᠂ ᠡᠨᠧᠷᠭᠢ ᠵᠢᠨ ᠦᠢᠯᠡᠳᠪᠦᠷᠢᠯᠡᠯ᠎ᠦᠨ ᠴᠢᠳᠠᠪᠤᠷᠢ᠎ᠶ᠋ᠢᠨ ᠲᠣᠭᠣᠷᠢᠨ᠎ᠳᠤ 2 ᠵᠦᠢᠯ᠎ᠦᠨ ᠭᠦᠢᠴᠡᠳᠭᠡᠯ ᠲᠣᠭ᠎ᠠ ᠵᠢ ᠳᠤᠷᠠᠳᠴᠤ᠌᠂ ᠤᠯᠤᠰ᠎ᠤᠨ ᠠᠮᠤᠷ ᠲᠦᠪᠱᠢᠨ᠎ᠦ ᠴᠢᠬᠤᠯᠠ ᠰᠠᠭᠤᠷᠢ ᠪᠠᠲᠤᠯᠠᠭ᠎ᠠ᠎ᠶ᠋ᠢ ᠬᠦᠴᠦᠯᠡᠨ ᠪᠡᠬᠢᠵᠢᠭᠦᠯᠪᠡ᠃

(ᠬᠣᠶᠠᠷ) ᠴᠢᠬᠤᠯᠠ ᠶᠡᠬᠡ ᠪᠠᠢᠯᠳᠤᠬᠤ ᠪᠣᠳᠣᠯᠭ᠎ᠠ᠎ᠶ᠋ᠢᠨ ᠡᠭᠦᠷᠭᠡ ᠵᠢᠨ ᠲᠤᠬᠠᠢ

ᠨᠢᠭᠡ᠎ᠳᠦ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠵᠢ ᠲᠣᠪᠣᠢᠯᠭᠠᠪᠠ᠃

ᠪᠣᠳᠠᠲᠤ ᠴᠣᠭ᠍ᠴᠠ ᠵᠢᠨ ᠠᠵᠤ ᠠᠬᠤᠶ᠎ᠶ᠋ᠢᠨ ᠰᠠᠭᠤᠷᠢ᠎ᠶ᠋ᠢ ᠪᠡᠬᠢᠵᠢᠭᠦᠯᠦᠨ ᠪᠤᠵᠠᠭᠠᠢᠷᠠᠭᠤᠯᠬᠤ ᠲᠠᠯ᠎ᠠ᠎ᠠᠴᠠ ᠪᠣᠳᠣᠯᠬᠢᠯᠠᠨ᠂ ᠲᠡᠷᠢᠭᠦᠨ᠎ᠦ ᠦᠶ᠋ᠯᠡᠳᠬᠦ᠌ ᠦᠶ᠋ᠯᠡᠰ᠎ᠢᠶᠡᠷ ᠭᠤᠤᠯᠯᠠᠬᠤ ᠬᠦᠴᠦᠨ ᠪᠣᠯᠭᠠᠭ᠍ᠰᠠᠨ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ ᠢ᠋ ᠪᠠᠢᠭᠤᠯᠤᠨ᠎ᠠ᠃

ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦᠯᠬᠦ ᠲᠠᠯ᠎ᠠ ᠡᠴᠨ᠎ᠪᠣᠳᠣᠯᠬᠢᠯᠠᠨ᠂ ᠲᠣᠭᠠᠴᠢᠯᠠᠭ᠍ᠰᠠᠨ ᠳᠤᠮᠳᠠᠳᠤ ᠤᠯᠤᠰ᠎ᠤᠨ ᠪᠠᠢᠭᠤᠯᠤᠯᠲᠠ᠎ᠶ᠋ᠢ ᠭᠦᠨᠵᠡᠭᠡᠢᠷᠡᠬᠦᠯᠦᠨ ᠠᠬᠢᠭᠤᠯᠦᠨ᠎ᠠ᠃

ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠢ ᠪᠦᠳᠦᠭᠡᠨ ᠪᠠᠢᠭᠤᠯᠬᠤ ᠲᠠᠯ᠎ᠠ ᠡᠴᠨ ᠪᠤᠳᠤᠯᠬᠢᠯᠠᠨ᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ ᠪᠠ ᠠᠮᠢ ᠠᠬᠤᠢ᠎ᠶ᠋ᠢᠨ ᠱᠢᠰᠲ᠋ᠧᠮ᠎ᠢ ᠱᠢᠯᠢᠳᠡᠭ᠌ᠵᠢᠭᠦᠯᠬᠦ᠌᠎ᠶ᠋ᠢ ᠦᠷᠭᠦᠯᠵᠢᠯᠡᠨ ᠭᠦᠨᠵᠡᠭᠡᠢᠷᠡᠬᠦᠯᠦᠨ ᠠᠬᠢᠭᠤᠯᠵᠤ᠂ ᠪᠣᠬᠢᠷᠲᠤᠯ ᠦᠭᠡᠢ ᠦᠢᠯᠡᠳᠪᠦᠷᠢᠯᠡᠯ ᠠᠮᠢᠳᠤᠷᠠᠯ᠎ᠤᠨ ᠠᠷᠭ᠎ᠠ ᠬᠡᠯᠪᠡᠷᠢ᠎ᠶ᠋ᠢ ᠲᠦᠷᠭᠡᠳᠭᠡᠨ ᠪᠤᠢ ᠪᠤᠯᠭᠠᠨ᠎ᠠ᠃

ᠬᠣᠶᠠᠷ᠎ᠲᠤ ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ᠎ᠢ ᠬᠦᠴᠦᠷᠬᠡᠭ᠌ᠵᠢᠭᠦᠯᠬᠦ᠌ ᠵᠢ ᠳᠣᠪᠣᠢᠯᠭᠠᠪᠠ᠃

ᠤᠯᠤᠰ᠎ᠤᠨ ᠳᠣᠲᠣᠭᠠᠳᠤ᠎ᠶ᠋ᠢᠨ ᠶᠡᠬᠡ ᠣᠷᠴᠢᠯ᠎ᠤᠨ ᠳᠣᠲᠣᠭᠠᠳᠤ ᠬᠥᠳᠡᠯᠭᠡᠬᠦ᠌ ᠬᠦᠴᠦᠨ ᠪᠠ ᠨᠠᠢᠳᠠᠪᠤᠷᠢᠲᠤ ᠴᠢᠨᠠᠷ᠎ᠢ ᠴᠢᠩᠭᠠᠳᠭᠠᠬᠤ᠎ᠲᠠᠯ᠎ᠠ ᠡᠴᠠ ᠪᠣᠳᠣᠯᠬᠢᠯᠠᠨ᠂ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠌ ᠪᠠ ᠬᠡᠷᠡᠭ᠌ᠯᠡᠭᠡ᠎ᠶ᠋ᠢ ᠠᠬᠢᠭᠤᠯᠬᠤ᠂ ᠪᠣᠳᠠᠰ᠎ᠲᠤ ᠪᠠᠯᠠ ᠣᠷᠣᠭᠤᠯᠬᠤ ᠪᠠ ᠬᠥᠮᠦᠨ᠎ᠳᠦ ᠪᠠᠯᠠ ᠣᠷᠣᠭᠤᠯᠬᠤ᠎ᠶ᠋ᠢ ᠨᠢᠭ᠍ᠲᠠ ᠤᠶᠠᠯᠳᠤᠭᠤᠯᠬᠤ᠎ᠶ᠋ᠢ ᠪᠠᠷᠢᠮᠲᠠᠯᠠᠵᠤ᠂ ᠰᠠᠭᠤᠭᠠᠯᠢ ᠠᠷᠠᠳ᠎ᠤᠨ ᠬᠡᠷᠡᠭ᠌ᠯᠡᠭᠡᠨ᠎ᠦ ᠨᠣᠷᠮ᠎ᠠ᠎ᠶ᠋ᠢ ᠢᠯᠡᠳᠲᠡ ᠳᠡᠭᠡᠭ᠌ᠰᠢᠯᠡᠭᠦᠯᠬᠦ᠌᠎ᠶ᠋ᠢ ᠠᠬᠢᠭᠤᠯᠵᠤ᠂ ᠪᠦᠲᠦᠮᠵᠢᠲᠡᠶ ᠪᠠᠯᠠ ᠣᠷᠣᠭᠤᠯᠤᠯᠲᠠ᠎ᠶ᠋ᠢ ᠥᠷᠭᠡᠳᠭᠡᠨ᠎ᠡ᠃

ᠮᠠᠨ᠎ᠤ ᠤᠯᠤᠰ᠎ᠤᠨ ᠬᠡᠲᠦ ᠶᠡᠬᠡ ᠬᠡᠪᠴᠢᠶᠡᠨ᠎ᠦ ᠵᠠᠬ᠎ᠠ ᠳᠡᠯᠭᠡᠭᠦᠷ᠎ᠦᠨ ᠴᠡᠪᠡᠷ ᠠᠱᠢᠭ᠎ᠢ ᠭᠦᠶ᠋ᠴᠡᠳ ᠪᠠᠳᠠᠷᠠᠭᠤᠯᠬᠤ ᠲᠠᠯ᠎ᠠ᠎ᠠᠴᠠ ᠪᠣᠳᠣᠯᠬᠢᠯᠠᠨ᠂ ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠦᠨ ᠪᠥᠲᠥᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ ᠠᠬᠢᠭᠤᠯᠤᠨ᠎ᠠ᠃

ᠴᠢᠨᠠᠷ ᠰᠠᠢᠲᠠᠶ ᠬᠥᠭ᠌ᠵᠢᠯᠲᠡ᠎ᠶ᠋ᠢᠨ ᠬᠥᠳᠡᠯᠭᠡᠬᠴᠢ ᠬᠦᠴᠦᠨ᠎ᠢ ᠴᠢᠩᠭᠠᠷᠠᠭᠤᠯᠬᠤ ᠲᠠᠯ᠎ᠠ ᠡᠴᠨ ᠪᠤᠳᠤᠯᠬᠢᠯᠠᠨ᠂ ᠡᠯ᠎ᠡ ᠲᠥᠷᠥᠯ᠎ᠦᠨ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ᠎ᠢ ᠭᠦᠶ᠋ᠴᠡᠳ ᠬᠥᠭ᠌ᠵᠢᠭᠡᠵᠦ᠍᠂ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠪᠠᠢᠭᠤᠯᠤᠯ ᠲᠣᠭ᠍ᠲᠠᠴᠠ᠎ᠶ᠋ᠢ ᠲᠦᠷᠭᠡᠳᠭᠡᠨ ᠲᠡᠭᠦᠯᠳᠡᠷᠵᠢᠭᠦᠯᠦᠨ᠎ᠠ᠃

ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠣᠰ ᠣᠷᠴᠢᠯ᠎ᠢ ᠰᠠᠭᠠᠳ ᠦᠬᠡᠢ ᠨᠡᠪᠳᠡᠷᠡᠬᠦᠯᠬᠦ ᠲᠠᠯ᠎ᠠ ᠡᠴᠨ ᠪᠣᠳᠣᠯᠬᠢᠯᠠᠨ᠂ ᠪᠦᠬᠦ᠌ ᠪᠥᠮᠪᠥᠷᠴᠡᠭ᠎ᠦᠨ ᠡᠯᠧᠮᠧᠨ᠋ᠲ ᠪᠣᠯᠤᠨ ᠵᠠᠬ᠎ᠠ ᠳᠡᠯᠭᠡᠭᠦᠷ᠎ᠦᠨ ᠡᠬᠢ ᠪᠠᠶᠠᠯᠢᠭ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠬᠡᠷᠡᠭ᠌ᠯᠡᠨ᠎ᠠ᠃

ᠭᠤᠷᠪᠠ᠎ᠳᠤ ᠪᠦᠬᠦ᠌ ᠠᠷᠠᠳ ᠲᠦᠮᠡᠨ᠎ᠦ ᠬᠠᠮᠲᠤ᠎ᠪᠠᠷ ᠴᠢᠨᠡᠭᠡᠯᠢᠭ᠌ᠵᠢᠬᠦ ᠶ᠋ᠢ ᠠᠬᠢᠭᠤᠯᠬᠤ ᠵᠢ ᠳᠣᠪᠤᠢᠯᠭᠠᠪᠠ᠃

ᠦᠷᠡᠵᠢᠯ ᠳ᠋ᠤ ᠡᠬᠡᠯᠢᠳᠡᠢ ᠨᠡᠢᠭᠡᠮ᠎ᠢ ᠪᠠᠢᠭᠤᠯᠬᠤ ᠲᠠᠯ᠎ᠠ ᠡᠴᠨ ᠪᠤᠳᠤᠯᠬᠢᠯᠠᠨ᠂ ᠬᠥᠮᠦᠨ ᠠᠮᠠ᠎ᠶ᠋ᠢᠨ ᠦᠢᠯᠡᠴᠢᠯᠡᠭᠡᠨ᠎ᠦ ᠱᠢᠰᠲ᠋ᠧᠮ᠎ᠢ ᠲᠡᠭᠦᠯᠳᠡᠷᠵᠢᠭᠦᠯᠦᠨ᠎ᠡ; ᠠᠷᠠᠳ ᠲᠦᠮᠡᠨ ᠳ᠋ᠤ ᠲᠠᠭᠠᠰᠢᠶᠠᠬᠳᠠᠬᠰᠠᠨ᠎ᠰᠤᠷᠭᠠᠨ ᠬᠥᠮᠦᠵᠢᠯ᠎ᠢ ᠰᠠᠢᠲᠤᠷ ᠡᠷᠬᠢᠯᠡᠵᠦ᠍᠂ ᠬᠥᠳᠡᠯᠮᠦᠷᠢᠯᠡᠬᠦ᠌ ᠨᠠᠰᠤᠨ᠎ᠤ ᠬᠥᠮᠦᠨ ᠠᠮᠠ᠎ᠶ᠋ᠢᠨ ᠰᠤᠷᠭᠠᠨ ᠬᠥᠮᠦᠵᠢᠯ ᠬᠦᠷᠲᠡᠬᠦ᠌ ᠳᠤᠮᠳᠠᠴᠢ ᠣᠨ ᠵᠢᠯ᠎ᠢ 11.7 ᠵᠢᠯ ᠪᠣᠯᠲᠠᠯ᠎ᠠ ᠳᠡᠭᠡᠭ᠌ᠰᠢᠯᠡᠭᠦᠯᠦᠨ᠎ᠡ; ᠡᠷᠡᠭᠦᠯ ᠡᠩᠬᠡ ᠳᠤᠮᠳᠠᠳᠤ ᠤᠯᠤᠰ ᠪᠣᠯᠤᠨ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠤᠯᠤᠰ᠎ᠢ ᠲᠦᠷᠭᠡᠳᠭᠡᠨ ᠪᠠᠢᠭᠤᠯᠵᠤ᠂ ᠬᠥᠮᠦᠨ ᠳᠤᠮᠳᠠᠴᠢ᠎ᠶ᠋ᠢᠨ ᠵᠢᠱ᠌ᠢᠯᠳᠡ ᠵᠢᠨ ᠨᠠᠰᠤᠨ ᠬᠤᠲᠤᠭ᠎ᠢ 80 ᠨᠠᠰᠤ ᠪᠤᠯᠳᠠᠯ᠎ᠠ ᠳᠡᠭᠡᠭ᠌ᠰᠢᠯᠡᠭᠦᠯᠦᠨ᠎ᠡ; ᠬᠥᠮᠦᠨ ᠠᠮᠠ᠎ᠶ᠋ᠢᠨ ᠨᠠᠰᠤᠵᠢᠯ᠎ᠢ ᠢᠳᠡᠪᠬᠢᠲᠡᠢ ᠠᠷᠭᠠᠴᠠᠭᠠᠵᠤ᠂ ᠨᠠᠰᠤᠵᠢᠯ᠎ᠤᠨ ᠠᠰᠠᠷᠠᠮᠵᠢ᠎ᠶ᠋ᠢᠨ ᠪᠠᠢᠭᠤᠯᠤᠮᠵᠢ᠎ᠶ᠋ᠢᠨ ᠰᠤᠪᠢᠯᠠᠯᠲᠠ᠎ᠶ᠋ᠢᠨ ᠬᠡᠯᠪᠡᠷᠢ᠎ᠶ᠋ᠢᠨ ᠣᠷᠣ᠎ᠶ᠋ᠢᠨ ᠡᠵᠡᠯᠡᠬᠦ᠌ ᠬᠠᠷᠢᠴᠠᠯ᠎ᠢ 73% ᠪᠣᠯᠲᠠᠯ᠎ᠠ ᠳᠡᠭᠡᠭ᠌ᠰᠢᠯᠡᠭᠦᠯᠦᠨ᠎ᠡ᠃

ᠣᠷᠣᠨ ᠪᠦᠰᠡ᠎ᠶ᠋ᠢᠨ ᠵᠥᠷᠢᠶ᠎ᠡ ᠪᠤᠯᠤᠨ ᠬᠣᠲᠠ ᠬᠥᠳᠡᠭᠡ᠎ᠶ᠋ᠢᠨ ᠵᠥᠷᠢᠶ᠎ᠡ᠎ᠶ᠋ᠢ ᠪᠠᠭᠠᠰᠭᠠᠬᠤ᠎ᠲᠠᠯ᠎ᠠ ᠡᠴᠨ ᠪᠣᠳᠣᠯᠬᠢᠯᠠᠨ᠂ ᠬᠦᠳᠡᠭᠡ ᠠᠵᠤ ᠠᠬᠤᠢ ᠬᠥᠳᠡᠭᠡ ᠲᠣᠰᠭᠣᠨ᠎ᠤ ᠣᠳᠣᠬᠢᠴᠢᠯᠠᠯᠲᠠ᠎ᠶ᠋ᠢ ᠲᠦᠷᠭᠡᠳᠭᠡᠵᠦ᠍᠂ ᠬᠥᠮᠦᠨ᠎ᠢᠶᠡᠷ ᠦᠨᠳᠦᠰᠦ ᠪᠣᠯᠭᠠᠭ᠍ᠰᠠᠨ ᠱᠢᠨ᠎ᠡ ᠬᠡᠯᠪᠡᠷᠢ᠎ᠶ᠋ᠢᠨ ᠬᠣᠲᠠ ᠪᠠᠯᠭᠠᠰᠤᠵᠢᠯᠲᠠ᠎ᠶ᠋ᠢ ᠭᠦᠨᠵᠡᠭᠡᠢᠷᠡᠬᠦᠯᠦᠨ ᠠᠬᠢᠭᠤᠯᠤᠨ᠎ᠠ᠃

ᠠᠷᠠᠳ ᠲᠦᠮᠡᠨ᠎ᠦ ᠣᠶᠤᠨ᠎ᠤ ᠠᠮᠢᠳᠤᠷᠠᠯ᠎ᠤ᠋ᠨ ᠬᠠᠮᠲᠤ ᠵᠢᠨ ᠴᠢᠨᠡᠭᠡᠯᠢᠭᠵᠢᠯᠳᠠ ᠵᠢ ᠠᠬᠢᠭᠤᠯᠬᠤ ᠲᠠᠯ᠎ᠠ᠎ᠠᠴᠠ ᠪᠣᠳᠣᠯᠬᠢᠯᠠᠨ᠂ ᠨᠡᠢᠭᠡᠮ ᠵᠢᠷᠤᠮ᠎ᠤᠨ ᠭᠤᠤᠯᠯᠠᠬᠴᠢ ᠥᠷᠲᠡᠭ᠎ᠦᠨ ᠦᠵᠡᠯᠲᠡ᠎ᠶ᠋ᠢ ᠪᠠᠳᠠᠷᠠᠭᠤᠯᠤᠨ ᠦᠶ᠋ᠯᠡᠳᠦᠯᠭᠡᠵᠢᠭᠦᠯᠵᠦ᠍᠂ ᠰᠣᠶᠣᠯ᠎ᠤᠨ ᠠᠵᠤ ᠦᠶ᠋ᠯᠡᠰ᠎ᠢ ᠲᠦᠷᠭᠡᠳᠭᠡᠨ ᠬᠥᠭ᠌ᠵᠢᠭᠦᠯᠦᠨ᠎ᠠ᠃

ᠳᠥᠷᠪᠡ᠎ᠳᠦ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠶ ᠲᠥᠯᠥᠪᠵᠢᠬᠦᠯᠬᠦ᠎ᠶ᠋ᠢ ᠳᠣᠪᠣᠢᠯᠭᠠᠪᠠ᠃

ᠤᠯᠤᠰ᠎ᠤᠨ ᠠᠮᠤᠷ ᠲᠦᠪᠱᠢᠨ᠎ᠦ ᠱᠢᠰᠲ᠋ᠧᠮ ᠪᠠ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ ᠲᠠᠯ᠎ᠠ᠎ᠠᠴᠠ ᠪᠣᠳᠣᠯᠬᠢᠯᠠᠨ᠂ ᠣᠯᠠᠨ ᠵᠦᠶ᠋ᠯ᠎ᠦᠨ ᠡᠭᠦᠷᠭᠡ ᠠᠷᠭ᠎ᠠ ᠬᠡᠮᠵᠢᠶ᠎ᠡ᠎ᠶ᠋ᠢ ᠳᠤᠷᠠᠳᠤᠨ ᠭᠠᠷᠭᠠᠪᠠ᠃ ᠠᠮᠤ ᠪᠤᠳᠠᠭᠠᠨ᠎ᠤ ᠶᠡᠷᠦᠩᠬᠡᠢᠯᠡᠭ᠌ᠰᠡᠨ ᠦᠢᠯᠡᠳᠪᠦᠷᠢᠯᠡᠬᠦ ᠴᠢᠳᠠᠪᠤᠷᠢ᠎ᠶ᠋ᠢ 1.45 ᠲᠦᠮᠡᠨ ᠳ᠋ᠦᠩᠱᠢᠭᠤᠷ ᠵᠢᠩ ᠣᠷᠴᠢᠮ᠎ᠳᠤ ᠬᠦᠷᠭᠡᠵᠦ᠍᠂ ᠡᠨᠧᠷᠭᠢ᠎ᠶ᠋ᠢᠨ ᠶᠡᠷᠦᠩᠬᠡᠢᠯᠡᠭ᠌ᠰᠡᠨ ᠦᠢᠯᠡᠳᠪᠦᠷᠢᠯᠡᠬᠦ ᠴᠢᠳᠠᠪᠤᠷᠢ᠎ᠶ᠋ᠢ 58 ᠳ᠋ᠦᠩᠱᠢᠭᠤᠷ ᠲᠣᠨ ᠪᠠᠷᠢᠮᠵᠢᠶᠠᠲᠤ ᠨᠡᠭᠦᠷᠡᠰᠦ᠎ᠳᠦ ᠬᠦᠷᠭᠡᠨ᠎ᠡ᠃

(ᠭᠤᠷᠪᠠ) ᠴᠢᠬᠤᠯᠠ ᠶᠡᠬᠡ ᠢᠨᠵᠸᠨ᠋ᠸᠷᠢᠡᠭ ᠤ᠋ᠨ ᠲᠥᠷᠥᠯ ᠵᠦᠢᠯ ᠤ᠋ᠨ ᠲᠤᠬᠠᠢ

《ᠬᠦᠳᠦᠯᠪᠤᠷᠢ (ᠲᠥᠰᠦᠯ)》 ᠳ᠋ᠤ 6 ᠲᠠᠯ᠎ᠠ᠎ᠶ᠋ᠢᠨ 109 ᠵᠦᠢᠯ᠎ᠦᠨ ᠴᠢᠬᠤᠯᠠ ᠶᠡᠬᠡ ᠢᠨᠵᠧᠨᠧᠷᠢᠩ᠎ᠢ ᠳᠤᠷᠠᠳᠤᠨ ᠭᠠᠷᠭᠠᠪᠠ᠃

ᠱᠢᠨ᠎ᠡ ᠴᠢᠨᠠᠷ ᠤ᠋ᠨ ᠦᠶ᠋ᠯᠡᠳᠪᠦᠷᠢᠯᠡᠯ᠎ᠦᠨ ᠬᠦᠴᠦᠨ᠎ᠦ ᠬᠥᠭ᠌ᠵᠢᠯᠲᠡ᠎ᠶ᠋ᠢ ᠬᠥᠲᠥᠯᠥᠨ ᠳᠠᠭᠠᠭᠤᠯᠬᠤ ᠲᠠᠯ᠎ᠠ᠎ᠪᠠᠷ᠂ ᠠᠵᠤ ᠦᠶ᠋ᠯᠡᠰ᠎ᠦᠨ ᠰᠠᠭᠤᠷᠢ ᠴᠢᠳᠠᠪᠤᠷᠢ ᠪᠠ ᠥᠷᠢᠰᠥᠯᠳᠦᠬᠦ᠌ ᠬᠦᠴᠦᠨ᠎ᠢ ᠳᠡᠭᠡᠭ᠌ᠰᠢᠯᠡᠭᠦᠯᠬᠦ᠌᠂ ᠱᠢᠨ᠎ᠡ ᠠᠵᠤ ᠦᠶ᠋ᠯᠡᠰ ᠱᠢᠨ᠎ᠡ ᠤᠷᠤᠯᠳᠤᠭᠠᠨ᠎ᠤ ᠵᠠᠮ᠎ᠢ ᠪᠣᠢᠵᠢᠭᠤᠯᠤᠨ ᠬᠥᠭ᠌ᠵᠢᠭᠦᠯᠬᠦ᠌᠂ ᠬᠣᠱᠢᠭᠤᠷᠠᠯ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠡᠷᠬᠡ ᠰᠡᠳᠦᠪ᠎ᠢ ᠱᠢᠶ᠋ᠳᠪᠦᠷᠢᠯᠡᠬᠦ᠌ ᠵᠡᠷᠭᠡ᠎ᠵᠢᠨ ᠲᠤᠭᠤᠷᠢᠨ ᠳ᠋ᠤ 28 ᠵᠦᠶ᠋ᠯ᠎ᠦᠨ ᠢᠨᠵᠧᠨᠧᠷᠢᠩ ᠢ᠋ ᠳᠤᠷᠠᠳᠤᠨ ᠭᠠᠷᠭᠠᠪᠠ᠃

ᠣᠳᠣᠬᠢᠴᠢᠯᠠᠭ᠍ᠰᠠᠨ ᠰᠠᠭᠤᠷᠢ ᠲᠥᠬᠥᠭᠡᠷᠦᠮᠵᠢ᠎ᠶ᠋ᠢᠨ ᠱᠢᠰᠲ᠋ᠧᠮ᠎ᠢ ᠪᠠᠢᠭᠤᠯᠬᠤ ᠲᠠᠯ᠎ᠠ᠎ᠪᠠᠷ᠂ ᠤᠯᠤᠰ᠎ᠤᠨ ᠶᠡᠷᠦᠩᠬᠡᠢᠯᠡᠭ᠌ᠰᠡᠨ ᠪᠣᠰᠣᠭ᠎ᠠ ᠴᠣᠭ᠍ᠴᠠᠲᠤ ᠵᠠᠮ ᠬᠠᠷᠢᠯᠴᠠᠭᠠᠨ᠎ᠤ ᠲᠣᠣᠷ᠂ ᠱᠢᠨ᠎ᠡ ᠬᠡᠯᠪᠡᠷᠢ᠎ᠶ᠋ᠢᠨ ᠡᠨᠧᠷᠭᠢ᠎ᠶ᠋ᠢᠨ ᠱᠢᠰᠲ᠋ᠧᠮ᠂ ᠱᠢᠨ᠎ᠡ ᠬᠡᠯᠪᠡᠷᠢ᠎ᠶ᠋ᠢᠨ ᠰᠠᠭᠤᠷᠢ ᠲᠥᠬᠥᠭᠡᠷᠦᠮᠵᠢ᠂ ᠭᠠᠳᠠᠭᠠᠳᠤ ᠨᠡᠭᠡᠭᠡᠯᠳᠡ ᠵᠢᠨ ᠲᠠᠪᠴᠠᠩ ᠵᠡᠷᠭᠡ ᠵᠢᠨ ᠲᠤᠭᠤᠷᠢᠨ ᠳ᠋ᠤ 23 ᠵᠦᠢᠯ᠎ᠦᠨ ᠢᠨᠵᠧᠨᠧᠷᠢᠩ᠎ᠢ ᠳᠤᠷᠠᠳᠤᠨ ᠭᠠᠷᠭᠠᠪᠠ᠃

ᠬᠣᠲᠠ ᠬᠥᠳᠡᠭᠡ᠎ᠶ᠋ᠢ ᠠᠭᠤᠰᠤᠯᠴᠠᠭᠤᠯᠤᠨ ᠬᠥᠭ᠌ᠵᠢᠭᠦᠯᠬᠦ᠌᠎ᠶ᠋ᠢ ᠠᠬᠢᠭᠤᠯᠬᠤ ᠲᠠᠯ᠎ᠠ᠎ᠪᠠᠷ᠂ ᠱᠢᠨ᠎ᠡ ᠬᠡᠯᠪᠡᠷᠢ᠎ᠶ᠋ᠢᠨ ᠬᠣᠲᠠ ᠪᠠᠯᠭᠠᠰᠤᠵᠢᠯᠲᠠ᠎ᠶ᠋ᠢᠨ ᠪᠥᠲᠥᠭᠡᠨ ᠪᠠᠢᠭᠤᠯᠤᠯᠲᠠ᠂ ᠬᠦᠳᠡᠭᠡ ᠠᠵᠤ ᠠᠬᠤᠢ ᠬᠥᠳᠡᠭᠡ ᠲᠣᠰᠭᠣᠨ᠎ᠤ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠣᠭᠣᠷᠢᠨ᠎ᠳᠤ 9 ᠵᠦᠶ᠋ᠯ᠎ᠦᠨ ᠢᠨᠵᠧᠨᠧᠷᠢᠩ᠎ᠢ ᠳᠤᠷᠠᠳᠤᠨ ᠭᠠᠷᠭᠠᠪᠠ᠃

ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠲᠠᠯ᠎ᠠ᠎ᠪᠠᠷ᠂ ᠨᠡᠢᠭᠡᠮ ᠵᠢᠷᠤᠮ᠎ᠤᠨ ᠰᠣᠶᠣᠯ᠎ᠢ᠋ ᠴᠡᠴᠡᠭ᠌ᠯᠡᠬᠦᠯᠦᠨ ᠬᠥᠭ᠌ᠵᠢᠬᠦᠯᠬᠦ᠂ ᠴᠢᠨᠠᠷ ᠰᠠᠢᠲᠠᠶ ᠰᠤᠷᠭᠠᠨ ᠬᠥᠮᠦᠵᠢᠯ᠎ᠦᠨ ᠱᠢᠰᠲ᠋ᠧᠮ᠎ᠢ ᠪᠠᠢᠭᠤᠯᠬᠤ᠂ ᠡᠷᠡᠭᠦᠯ ᠡᠩᠬᠡ ᠳᠤᠮᠳᠠᠳᠤ ᠤᠯᠤᠰ ᠢ᠋ ᠪᠠᠢᠭᠤᠯᠬᠤ ᠵᠡᠷᠭᠡ ᠵᠢᠨ ᠲᠤᠭᠤᠷᠢᠨ ᠳ᠋ᠤ 25 ᠵᠦᠢᠯ᠎ᠦᠨ ᠢᠨᠵᠧᠨᠧᠷᠢᠩ᠎ᠢ ᠳᠤᠷᠠᠳᠤᠨ ᠭᠠᠷᠭᠠᠪᠠ᠃

ᠪᠣᠬᠢᠷᠲᠤᠯ ᠦᠭᠡᠢ ᠨᠡᠭᠦᠷᠡᠰᠦᠲᠥ᠋ᠷᠥᠭ᠌ᠴᠢ ᠪᠠᠭ᠎ᠠ ᠭᠠᠳᠠᠭ᠍ᠰᠢᠯᠠᠭᠤᠯᠬᠤ ᠲᠡᠢᠰᠢ ᠬᠡᠯᠪᠡᠷᠢ᠎ᠪᠡᠨ ᠬᠤᠪᠢᠷᠠᠭᠤᠯᠬᠤ ᠶ᠋ᠢ ᠠᠬᠢᠭᠤᠯᠬᠤ ᠲᠠᠯ᠎ᠠ᠎ᠪᠠᠷ᠂ ᠨᠡᠭᠦᠷᠡᠰᠦᠲᠥ᠋ᠷᠥᠭ᠌ᠴᠢ ᠵᠢᠨ ᠭᠠᠳᠠᠭ᠍ᠰᠢᠯᠠᠭᠤᠯᠤᠯᠳᠠ ᠵᠢ ᠤᠷᠬᠢᠯ ᠬᠡᠮᠵᠢᠭᠳᠡᠯ ᠳ᠋ᠤᠨᠢ ᠬᠦᠷᠭᠡᠭᠦ ᠪᠠ ᠨᠡᠭᠦᠷᠡᠰᠦᠲᠥ᠋ᠷᠥᠭ᠌ᠴᠢ᠎ᠶ᠋ᠢᠨ ᠭᠠᠳᠠᠬᠰᠢᠯᠠᠭᠤᠯᠤᠯᠳᠠ ᠵᠢ ᠰᠠᠭᠠᠷᠮᠠᠭ᠍ᠵᠢᠭᠤᠯᠬᠤ ᠵᠡᠷᠭᠡ ᠵᠢᠨ ᠲᠤᠭᠤᠷᠢᠨ ᠳ᠋ᠤ 18 ᠵᠦᠢᠯ᠎ᠦᠨ ᠢᠨᠵᠧᠨᠧᠷᠢᠩ᠎ᠢ ᠳᠤᠷᠠᠳᠤᠨ ᠭᠠᠷᠭᠠᠪᠠ᠃

ᠭᠣᠣᠯᠳᠠᠯᠭ᠎ᠠ᠎ᠲᠠᠶ ᠬᠦᠷᠢᠶᠡᠨ ᠳ᠋ᠡᠬᠢ ᠠᠮᠤᠷ ᠲᠦᠪᠱᠢᠨ ᠤ᠋ ᠪᠠᠲᠤᠯᠠᠭ᠎ᠠ ᠵᠢᠨ ᠲᠠᠯ᠎ᠠ᠎ᠪᠠᠷ᠂ ᠠᠮᠤ ᠪᠤᠳᠠᠭ᠎ᠠ᠂ ᠡᠨᠧᠷᠭᠢ ᠵᠢᠨ ᠠᠮᠤᠷ ᠲᠦᠪᠱᠢᠨ ᠵᠡᠷᠭᠡ᠎ᠶ᠋ᠢᠨ ᠲᠣᠭᠣᠷᠢᠨ᠎ᠳᠤ 6 ᠵᠦᠢᠯ᠎ᠦᠨ ᠢᠨᠵᠧᠨᠧᠷᠢᠩ᠎ᠢ ᠳᠤᠷᠠᠳᠤᠨ ᠭᠠᠷᠭᠠᠪᠠ᠃


2026 ᠣᠨ᠎ᠤ ᠠᠵᠤ ᠠᠬᠤᠢ ᠨᠡᠢᠭᠡᠮ ᠤ᠋ᠨ ᠭᠦᠭᠵᠢᠯᠳᠠ ᠵᠢᠨ ᠶᠡᠷᠦᠡᠭᠭᠡᠢ ᠱᠠᠭᠠᠷᠳᠠᠯᠭ᠎ᠠ ᠪᠠ ᠲᠦᠷᠦ ᠵᠢᠨ ᠪᠤᠳᠤᠯᠭ᠎ᠠ ᠵᠢᠨ ᠬᠠᠨᠳᠤᠰᠢ

ᠡᠨᠡ ᠵᠢᠯ᠎ᠦᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠶᠡᠷᠦᠩᠬᠡᠢ ᠱᠠᠭᠠᠷᠳᠠᠯᠭ᠎ᠠ

ᠡᠨᠡ ᠵᠢᠯ ᠪᠣᠯ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠡᠬᠢᠯᠡᠯᠲᠡ᠎ᠶ᠋ᠢᠨ ᠵᠢᠯ ᠪᠣᠯᠤᠨ᠎ᠠ᠃ ᠵᠠᠰᠠᠭ᠎ᠤᠨ ᠣᠷᠳᠣᠨ᠎ᠤ ᠠᠵᠢᠯ᠎ᠢ ᠰᠠᠢᠲᠤᠷ ᠬᠢᠬᠦ ᠳ᠋ᠤ᠂ ᠰᠢ ᠵᠢᠨ ᠫᠢᠩ ᠨᠥᠬᠥᠷ᠎ᠢᠶᠡᠷ ᠭᠣᠣᠯᠯᠠᠭᠤᠯᠤᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭᠠᠨ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠰᠢᠯᠠᠭᠤᠯᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠬᠦᠳᠡ ᠬᠤᠷᠠᠯ ᠪᠣᠯᠤᠨ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ᠎ᠤᠨ ᠪᠠᠢᠷᠢᠯᠠᠭᠤᠯᠤᠯᠲᠠ᠎ᠶ᠋ᠢ ᠬᠢᠨᠠᠮᠠᠭᠠᠢ ᠨᠠᠢᠳᠠᠪᠤᠷᠢᠵᠢᠭᠤᠯᠵᠤ᠂ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠪᠦᠷᠢᠨ ᠪᠦᠲᠦᠨ ᠣᠨᠣᠪᠴᠢᠲᠠᠶ ᠪᠦᠬᠦ᠌ ᠲᠠᠯ᠎ᠠ᠎ᠪᠠᠷ ᠲᠤᠭᠤᠱᠢᠯᠠᠭᠤᠯᠤᠨ᠂ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠢ ᠲᠦᠷᠭᠡᠳᠭᠡᠨ ᠪᠠᠢᠭᠤᠯᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠬᠦᠴᠦᠯᠡᠨ ᠠᠬᠢᠭᠤᠯᠵᠤ᠂ ᠲᠣᠭ᠍ᠲᠠᠭᠤᠨ᠎ᠤ᠋ ᠲᠤᠮᠳᠠ  ᠤᠷᠤᠭᠰᠢᠯᠠᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠨ᠂ ᠤᠯᠤᠰ᠎ᠤᠨ ᠳᠣᠲᠣᠭᠠᠳᠤ ᠵᠢᠨ ᠪᠠ ᠤᠯᠠᠨ ᠤᠯᠤᠰ᠎ᠦᠨ ᠬᠣᠶᠠᠷ ᠶᠡᠬᠡ ᠲᠠᠯ᠎ᠠ᠎ᠶ᠋ᠢ ᠨᠢᠭᠡᠳᠦᠯᠲᠡᠢ ᠲᠥᠯᠥᠪᠵᠢᠬᠦᠯᠦᠨ᠂ ᠬᠥᠭ᠌ᠵᠢᠯᠲᠡ ᠪᠠ ᠠᠮᠤᠷ ᠲᠦᠪᠱᠢᠨ᠎ᠢ ᠨᠠᠩ ᠰᠠᠢᠨ ᠨᠢᠭᠡᠳᠦᠯᠲᠡᠶ ᠲᠥᠯᠥᠪᠵᠢᠬᠦᠯᠵᠦ᠂ ᠨᠠᠩ ᠢᠳᠡᠪᠬᠢᠲᠡᠶ ᠪᠦᠭᠡᠳ ᠪᠦᠳᠦᠮᠵᠢᠳᠠᠢ ᠬᠣᠷᠸ᠎ᠠ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠦᠨ᠂ ᠲᠥᠷᠥ᠎ᠶ᠋ᠢᠨ ᠪᠣᠳᠣᠯᠭ᠎ᠠ᠎ᠶ᠋ᠢᠨ ᠪᠠᠷᠠᠯᠠᠯᠳᠤ ᠴᠢᠨᠠᠷ ᠬᠠᠨᠳᠤᠯᠭᠠᠲᠤ ᠴᠢᠨᠠᠷ ᠬᠠᠮᠵᠢᠯᠴᠠᠬᠤ ᠴᠢᠨᠠᠷ᠎ᠢ ᠴᠢᠨᠭᠭᠠᠷᠠᠭᠤᠯᠵᠤ᠂ ᠦᠷᠭᠦᠯᠵᠢᠯᠡᠨ ᠳᠣᠲᠣᠭᠠᠳᠤ ᠬᠡᠷᠡᠭ᠌ᠴᠡᠭᠡ᠎ᠶ᠋ᠢ ᠥᠷᠭᠡᠳᠭᠡᠨ ᠬᠠᠩᠭᠠᠯᠭ᠎ᠠ᠎ᠶ᠋ᠢ ᠱᠢᠯᠢᠳᠡᠭ᠌ᠵᠢᠭᠦᠯᠵᠤ᠂ ᠨᠡᠮᠡᠭ᠌ᠳᠡᠯ᠎ᠢ ᠱᠢᠯᠢᠳᠡᠭ᠌ᠵᠢᠭᠦᠯᠦᠨ ᠬᠠᠳᠠᠭᠠᠯᠠᠯᠲᠠ᠎ᠶ᠋ᠢ ᠠᠮᠢᠳᠤᠯᠢᠭ ᠪᠣᠯᠭᠠᠵᠤ᠂ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠤᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠵᠤ᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠦᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠭᠣᠣᠯᠳᠠᠯᠭ᠎ᠠ᠎ᠲᠠᠶ ᠬᠦᠷᠢᠶᠡᠨ ᠳ᠋ᠡᠬᠢ ᠠᠶᠤᠯ ᠲᠦᠭ᠌ᠰᠢᠭᠦᠷᠢ᠎ᠶ᠋ᠢ ᠦᠷᠭᠦᠯᠵᠢᠯᠡᠨ ᠰᠡᠷᠭᠡᠢᠯᠡᠨ ᠠᠷᠢᠯᠭᠠᠵᠤ᠂ ᠠᠵᠢᠯ ᠣᠯᠭᠣᠯᠲᠠ᠎ᠶ᠋ᠢ ᠲᠤᠬᠳᠠᠭᠤᠨ ᠪᠠᠢᠯᠭᠠᠬᠤ᠂ ᠠᠵᠤ ᠠᠬᠤᠢᠯᠠᠯ᠎ᠢ ᠲᠣᠭ᠍ᠲᠠᠭᠤᠨ ᠪᠠᠢᠯᠭᠠᠬᠤ᠂ ᠵᠠᠬ᠎ᠠ ᠳᠡᠯᠭᠡᠭᠦᠷ᠎ᠢ ᠲᠣᠭ᠍ᠲᠠᠭᠤᠨ ᠪᠠᠢᠯᠭᠠᠬᠤ᠂ ᠵᠢᠱ᠌ᠢᠯᠲᠡ᠎ᠶ᠋ᠢ ᠲᠣᠭ᠍ᠲᠠᠭᠤᠨ ᠪᠠᠢᠯᠭᠠᠬᠤ ᠲᠠᠯ᠎ᠠ ᠪᠡᠷ ᠬᠦᠴᠦᠯᠡᠵᠤ᠂ ᠠᠵᠤ ᠠᠬᠤᠶ᠎ᠶ᠋ᠢᠨ ᠶᠠᠰᠤ ᠴᠢᠨᠠᠷ᠎ᠤᠨ ᠪᠦᠲᠦᠮᠵᠢᠲᠡᠶ ᠳᠡᠭᠡᠭ᠌ᠰᠢᠯᠡᠯᠲᠡ ᠪᠠ ᠲᠤᠭ᠎ᠠ ᠬᠡᠮᠵᠢᠶᠡᠨ᠎ᠦ ᠵᠦᠢ ᠵᠣᠬᠢᠰᠲᠠᠶ ᠨᠡᠮᠡᠭ᠌ᠳᠡᠯ᠎ᠢ ᠪᠠᠶᠡᠯᠡᠬᠦᠯᠬᠦ ᠵᠢ ᠠᠬᠢᠭᠤᠯᠤᠨ᠂ ᠨᠡᠢᠭᠡᠮ᠎ᠦᠨ ᠡᠶ᠎ᠡ ᠵᠣᠬᠢᠴᠠᠩᠭᠤᠢ ᠲᠣᠭ᠍ᠲᠠᠭᠤᠨ ᠪᠠᠢᠳᠠᠯ᠎ᠢ ᠪᠠᠲᠤᠯᠠᠵᠤ᠂ 《ᠠᠷᠪᠠᠨ ᠲᠠᠪᠤᠳᠤᠭᠠᠷ ᠲᠠᠪᠤᠨ ᠵᠢᠯ》᠎ᠦᠨ ᠲᠥᠯᠥᠪᠵᠢᠭᠦᠯᠭᠡ᠎ᠶ᠋ᠢᠨ ᠰᠠᠢ᠌ᠨ ᠡᠬᠢᠯᠡᠯᠲᠡ᠎ᠲᠠᠢ ᠪᠤᠯᠬᠤ ᠵᠢ ᠪᠡᠶᠡᠯᠡᠬᠦᠯᠦᠨ᠎ᠡ᠃

ᠡᠨᠡ ᠵᠢᠯ᠎ᠦᠨ ᠬᠥᠭ᠌ᠵᠢᠯᠲᠡ᠎ᠶ᠋ᠢᠨ ᠭᠣᠣᠯ ᠪᠤᠯᠬᠤ ᠵᠢᠱ᠌ᠢᠭ᠌ᠰᠡᠨ ᠬᠠᠷᠠᠯᠲᠠ

ᠠᠵᠤ ᠠᠬᠤᠢ᠎ᠶ᠋ᠢᠨ ᠨᠡᠮᠡᠭ᠌ᠳᠡᠯ᠎ᠢ 4.5% — 5% ᠎ᠳ᠋ᠤ ᠬᠦᠷᠭᠡᠵᠦ᠍᠂ ᠪᠣᠳᠠᠲᠠᠢ ᠠᠵᠢᠯ᠎ᠤᠨ ᠳᠤᠮᠳᠠ ᠨᠠᠩ ᠰᠠᠢᠨ ᠦᠷ᠎ᠡ ᠳ᠋ᠦᠩ ᠣᠯᠬᠤ᠎ᠪᠠᠷ ᠴᠢᠷᠮᠠᠢᠨ᠎ᠠ᠃

ᠬᠣᠲᠠ ᠪᠠᠯᠭᠠᠰᠤᠨ᠎ᠤ ᠪᠠᠢᠴᠠᠭᠠᠭ᠍ᠰᠠᠨ ᠠᠵᠢᠯ ᠠᠯᠳᠠᠯᠲᠠ᠎ᠶ᠋ᠢᠨ ᠨᠣᠷᠮ᠎ᠠ᠎ᠶ᠋ᠢ 5.5% ᠣᠷᠴᠢᠮ᠎ᠳᠤ ᠪᠠᠢᠯᠭᠠᠵᠤ᠂ ᠬᠣᠲᠠ ᠪᠠᠯᠭᠠᠰᠤᠨ᠎ᠤ ᠰᠢᠨ᠎ᠡ ᠪᠡᠷ ᠠᠵᠢᠯ ᠤᠯᠤᠭᠰᠠᠳ᠎ᠢ 1200 ᠲᠦᠮᠡ᠎ᠡᠴᠡ ᠳᠡᠭᠡᠭ᠌ᠰᠢ᠎ᠪᠤᠯᠭᠠᠨ᠎ᠠ᠃

ᠰᠠᠭᠤᠭᠠᠯᠢ ᠠᠷᠠᠳ᠎ᠤᠨ ᠬᠡᠷᠡᠭ᠌ᠯᠡᠭᠡᠨ᠎ᠦ ᠦᠨ᠎ᠡ ᠬᠠᠩᠰᠢ᠎ᠶ᠋ᠢᠨ ᠥᠰᠥᠯᠲᠡ᠎ᠶ᠋ᠢᠨ ᠬᠡᠮᠵᠢᠶ᠎ᠡ᠎ᠶ᠋ᠢ 2% ᠣᠷᠴᠢᠮ ᠪᠠᠢᠯᠭᠠᠨ᠎ᠠ᠃

ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠨᠡᠮᠡᠭ᠌ᠳᠡᠯ ᠪᠠ ᠠᠵᠤ ᠠᠬᠤᠢ᠎ᠶ᠋ᠢᠨ ᠨᠡᠮᠡᠭ᠌ᠳᠡᠯ᠎ᠢ ᠵᠢᠭᠳ᠋ᠡ ᠪᠠᠢᠯᠭᠠᠨ᠎ᠠ᠃

ᠤᠯᠤᠰ᠎ᠤᠨ ᠬᠣᠭᠣᠷᠣᠨᠳᠣᠬᠢ ᠣᠷᠣᠯᠭ᠎ᠠ ᠵᠠᠷᠤᠯᠭ᠎ᠠ ᠵᠢ ᠦᠨᠳᠦᠰᠦᠨ᠎ᠳᠡᠭᠡᠨ ᠲᠡᠩᠴᠡᠭᠦᠷᠢᠲᠡᠢ ᠪᠠᠢᠯᠭᠠᠨ᠎ᠠ᠃

ᠠᠮᠤ ᠪᠤᠳᠠᠭᠠᠨ᠎ᠤ ᠤᠨᠠᠯᠲᠠ ᠵᠢ 1.4  ᠲᠦᠮᠡᠨ ᠳ᠋ᠦᠩᠱᠢᠭᠤᠷ ᠵᠢᠩ ᠣᠷᠴᠢᠮ ᠳ᠋ᠤ᠎ᠬᠦᠷᠭᠡᠨ᠎ᠠ᠃

ᠨᠢᠭᠡᠴᠢ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠦᠨ ᠪᠦᠬᠦ᠌ ᠦᠷᠲᠡᠭ᠎ᠦᠨ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠦᠨ ᠭᠠᠳᠠᠭ᠍ᠰᠢᠯᠠᠭᠤᠯᠤᠯᠲᠠ᠎ᠶ᠋ᠢ 3.8% ᠣᠷᠴᠢᠮ᠎ᠢᠶᠠᠷ ᠪᠠᠭᠤᠷᠠᠭᠤᠯᠤᠨ᠎ᠠ᠃

ᠡᠨᠡ ᠵᠢᠯ᠎ᠦᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠬᠠᠨᠳᠤᠰᠢ

ᠨᠡᠩ ᠢᠳᠡᠪᠬᠢᠳᠡᠢ ᠡᠳ᠋᠎ᠦᠨ ᠵᠠᠰᠠᠭ᠎ᠤᠨ ᠲᠦᠷᠦ᠍᠎ᠶ᠋ᠢᠨ ᠪᠤᠳᠤᠯᠭ᠎ᠠ᠎ᠶ᠋ᠢ ᠦᠷᠭᠦᠯᠵᠢᠯᠡᠨ ᠬᠡᠷᠡᠭ᠌ᠵᠢᠭᠦᠯᠦᠨ᠎ᠡ᠃

ᠵᠤᠬᠢᠰᠳᠠᠢ ᠠᠭᠤᠵᠢᠭᠤ ᠪᠠᠢᠯᠭᠠᠬᠤ ᠵᠣᠭᠣᠰᠣᠨ᠎ᠤ ᠲᠦᠷᠦ ᠵᠢᠨ ᠪᠤᠳᠤᠯᠭ᠎ᠠ᠎ᠶ᠋ᠢ ᠦᠷᠭᠦᠯᠵᠢᠯᠡᠨ ᠬᠡᠷᠡᠭ᠌ᠵᠢᠭᠦᠯᠦᠨ᠎ᠡ᠃

ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ ᠬᠢᠭᠡᠳ ᠬᠣᠷᠸ᠎ᠠ ᠲᠥᠷᠥ᠎ᠶ᠋ᠢᠨ ᠪᠣᠳᠣᠯᠭ᠎ᠠ᠎ᠶ᠋ᠢᠨ ᠬᠠᠮᠵᠢᠯᠴᠠᠭ᠎ᠠ᠎ᠶ᠋ᠢ ᠴᠢᠩᠭᠠᠳᠬᠠᠨ᠎ᠠ᠃

2026 ᠤᠨ ᠤ᠋ ᠵᠠᠰᠠᠭ᠎ᠤᠨ ᠣᠷᠳᠣᠨ᠎ᠤ ᠠᠵᠢᠯ᠎ᠤᠨ ᠡᠭᠦᠷᠭᠡ

(ᠨᠢᠭᠡ) ᠬᠦᠴᠦᠷᠬᠡᠭ ᠶᠡᠬᠡ ᠤᠯᠤᠰ᠎ᠤᠨ ᠳᠣᠲᠣᠭᠠᠳᠤ᠎ᠶ᠋ᠢᠨ ᠵᠠᠬ᠎ᠠ ᠳᠡᠯᠭᠡᠭᠦᠷ᠎ᠢ ᠬᠦᠴᠦᠯᠡᠨ ᠪᠠᠢᠭᠤᠯᠤᠨ᠎ᠠ᠃

ᠬᠡᠷᠡᠭ᠌ᠯᠡᠭᠡ᠎ᠶ᠋ᠢ ᠬᠥᠭ᠌ᠵᠢᠭᠡᠬᠦ᠌ ᠲᠤᠰᠭᠠᠢ ᠠᠵᠢᠯᠯᠠᠭ᠎ᠠ᠎ᠶ᠋ᠢ ᠭᠦᠨᠵᠡᠭᠡᠢ ᠬᠡᠷᠡᠭ᠌ᠵᠢᠭᠦᠯᠦᠨ᠎ᠠ᠃

ᠪᠦᠲᠦᠮᠵᠢᠲᠡᠢ ᠪᠡᠯᠡ ᠣᠷᠣᠭᠤᠯᠤᠯᠲᠠ᠎ᠶ᠋ᠢᠨ ᠲᠠᠯᠳᠠ ᠬᠦᠴᠦᠨ᠎ᠢ ᠭᠦᠢᠴᠡᠳ ᠠᠭᠤᠳᠠᠯᠤᠨ ᠪᠠᠳᠠᠷᠠᠭᠤᠯᠤᠨ᠎ᠠ᠃

(ᠬᠣᠶᠠᠷ) ᠱᠢᠨ᠎ᠡ ᠬᠥᠳᠡᠯᠭᠡᠭ᠌ᠦ ᠡᠨᠧᠷᠭᠢ᠎ᠶ᠋ᠢ ᠱᠠᠯᠠᠪᠳᠠᠭᠤᠯᠤᠨ ᠪᠣᠢᠵᠢᠭᠤᠯᠤᠨ ᠪᠤᠵᠠᠭᠠᠢᠷᠠᠭᠤᠯᠤᠨ᠎ᠠ᠃

ᠤᠯᠠᠮᠵᠢᠯᠠᠯᠲᠤ ᠠᠵᠤ ᠦᠢᠯᠡᠰ᠎ᠢ ᠱᠢᠯᠢᠳᠡᠭ᠌ᠵᠢᠭᠦᠯᠦᠨ ᠲᠡᠰ ᠲᠠᠪᠰᠢᠬᠦᠯᠦᠨ᠎ᠠ᠃

ᠱᠢᠨ᠎ᠡ᠎ᠪᠡᠷ ᠬᠥᠭ᠌ᠵᠢᠭ᠌ᠰᠡᠨ ᠠᠵᠤ ᠦᠢᠯᠡᠰ ᠪᠠ ᠢᠷᠡᠭᠡᠳᠦᠢ᠎ᠶ᠋ᠢᠨ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠤᠨ᠎ᠠ᠃

ᠦᠢᠯᠡᠴᠢᠯᠡᠭᠡᠨ᠎ᠤ ᠦᠢᠯᠡᠰ᠎ᠦᠨ ᠴᠢᠳᠠᠪᠤᠷᠢ ᠵᠢ ᠦᠷᠭᠡᠳᠭᠡᠨ ᠶᠠᠰᠤ ᠴᠢᠨᠠᠷ᠎ᠢ ᠲᠡᠭᠡᠭᠰᠢᠯᠡᠬᠦᠯᠦᠨ᠎ᠠ᠃

ᠣᠶᠤᠨᠴᠢ ᠠᠵᠤ ᠠᠬᠤᠶ᠎ᠶ᠋ᠢᠨ ᠱᠢᠨ᠎ᠡ ᠬᠡᠯᠪᠡᠷᠢ ᠪᠠᠢᠳᠠᠯ᠎ᠢ ᠪᠣᠶ ᠪᠣᠯᠭᠠᠨ᠎ᠠ᠃

(ᠭᠤᠷᠪᠠ) ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ ᠎ᠶ᠋ᠢ ᠲᠦᠷᠭᠡᠳᠭᠡᠨ᠎ᠠ᠃

ᠤᠤᠭᠠᠯ ᠱᠢᠨ᠎ᠡ ᠡᠭᠦᠳᠦᠯᠲᠡ ᠪᠠ ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠦᠨ ᠪᠡᠷᠭᠡ ᠰᠡᠳᠤᠪ᠎ᠢ ᠰᠢᠢᠳᠪᠤᠷᠢᠯᠡᠬᠦ ᠵᠢ ᠴᠢᠨᠭᠭᠠᠳᠬᠠᠨ᠎ᠠ᠃

ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠡᠬᠦᠳᠦᠯᠳᠠ ᠪᠠ ᠠᠵᠤ ᠦᠢᠯᠡᠰ᠎ᠦᠨ ᠱᠢᠨ᠎ᠡ᠎ᠡᠬᠦᠳᠦᠯᠳᠡ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠤᠨ᠎ᠠ᠃

ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠤ ᠬᠥᠭ᠌ᠵᠢᠯᠲᠡ᠎ᠶ᠋ᠢ ᠨᠢᠭᠡ ᠴᠣᠭ᠍ᠴᠠᠵᠢᠭᠤᠯᠤᠨ ᠠᠬᠢᠭᠤᠯᠤᠨ᠎ᠠ᠃

(ᠳᠥᠷᠪᠡ) ᠭᠤᠤᠯᠳᠠᠯᠭ᠎ᠠ᠎ᠲᠠᠶ ᠬᠦᠷᠢᠶᠡᠨ ᠳ᠋ᠡᠬᠢ ᠥᠭᠡᠷᠡᠴᠢᠯᠡᠯᠲᠡ᠎ᠶ᠋ᠢ ᠦᠷᠭᠦᠯᠵᠢᠯᠡᠨ ᠭᠦᠨᠵᠡᠭᠡᠢᠷᠡᠭᠦᠯᠦᠨ᠎ᠡ᠃

ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠦᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ ᠠᠬᠢᠭᠤᠯᠤᠨ᠎ᠠ᠃

ᠡᠳ᠋᠎ᠦᠨ ᠵᠠᠰᠠᠭ ᠭᠠᠢᠯᠢ ᠮᠥᠩᠭᠥᠨ ᠭᠦᠢᠯᠭᠡᠭᠡᠨ᠎ᠦ ᠪᠠᠢᠭᠤᠯᠤᠯ᠎ᠤᠨ ᠥᠭᠡᠷᠡᠴᠢᠯᠡᠯᠲᠡ᠎ᠶ᠋ᠢ ᠠᠬᠢᠭᠤᠯᠤᠨ᠎ᠠ᠃

ᠡᠯ᠎ᠡ ᠲᠥᠷᠥᠯ᠎ᠦᠨ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ᠎ᠢ ᠭᠦᠶ᠋ᠴᠡᠳ ᠬᠥᠭ᠌ᠵᠢᠭᠡᠨ᠎ᠡ᠃

(ᠲᠠᠪᠤ) ᠥᠨᠳᠥᠷ ᠬᠢᠷᠢ ᠲᠦᠪᠱᠢᠨ ᠪᠥᠬᠥᠶ ᠭᠠᠳᠠᠭᠠᠳᠤ ᠨᠡᠭᠡᠭᠡᠯᠲᠡ᠎ᠶ᠋ᠢ ᠤᠯᠠᠮ ᠨᠢᠭᠡ ᠠᠯᠬᠤᠮ ᠥᠷᠭᠡᠳᠭᠡᠨ᠎ᠡ᠃

ᠪᠡᠶ᠎ᠡ᠎ᠪᠡᠨ ᠳᠠᠭᠠᠭᠠᠵᠤ ᠨᠡᠭᠡᠭᠡᠯᠲᠡ ᠬᠢᠬᠦ᠌᠎ᠶ᠋ᠢ ᠢᠳᠡᠪᠬᠢᠲᠡᠢ ᠪᠡᠷ ᠥᠷᠭᠡᠳᠭᠡᠨ᠎ᠡ᠃

ᠭᠠᠳᠠᠭᠠᠳᠤ ᠠᠷᠠᠯᠵᠢᠶᠠᠨ᠎ᠤ ᠬᠡᠪᠴᠢᠶ᠎ᠡ᠎ᠶ᠋ᠢ ᠲᠣᠭ᠍ᠲᠠᠪᠤᠷᠢᠵᠢᠭᠤᠯᠤᠨ ᠪᠦᠲᠦᠴᠡ᠎ᠶ᠋ᠢ ᠱᠢᠯᠢᠳᠡᠭ᠌ᠵᠢᠭᠦᠯᠬᠦ᠌᠎ᠶ᠋ᠢ ᠠᠬᠢᠭᠤᠯᠤᠨ᠎ᠠ᠃

ᠬᠣᠣᠰ ᠴᠢᠭ᠌ᠯᠡᠯᠳᠤ ᠪᠡᠯᠡ ᠣᠷᠣᠭᠤᠯᠤᠯᠲᠠ᠎ᠶ᠋ᠢᠨ ᠬᠠᠮᠲᠤᠷᠠᠯᠴᠠᠭ᠎ᠠ᠎ᠶ᠋ᠢ ᠥᠷᠭᠡᠳᠭᠡᠨ᠎ᠡ᠃

《ᠨᠢᠭᠡ ᠪᠦᠰᠡ ᠨᠢᠭᠡ ᠵᠠᠮ》 ᠢ᠋ ᠴᠢᠨᠠᠷ ᠰᠠᠢᠲᠠᠶ ᠬᠠᠮᠲᠤ᠎ᠪᠠᠷ ᠪᠥᠲᠥᠭᠡᠨ ᠪᠠᠢᠭᠤᠯᠤᠨ᠎ᠠ᠃

(ᠵᠢᠷᠭᠤᠭ᠎ᠠ) ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠯᠠᠪᠳᠠᠭᠤᠨ ᠪᠠᠲᠤᠲᠠᠶ ᠠᠬᠢᠭᠤᠯᠤᠨ᠎ᠠ᠃

ᠠᠮᠤ ᠪᠤᠳᠠᠭᠠᠨ᠎ᠤ ᠦᠢᠯᠡᠳᠪᠦᠷᠢᠯᠡᠯ᠎ᠢ ᠥᠴᠦᠬᠡᠨ ᠴᠦ᠍ ᠰᠤᠯᠠᠷᠠᠭᠤᠯᠤᠯ ᠦᠭᠡᠢ ᠰᠠᠢᠲᠤᠷ ᠠᠳᠭᠤᠨ᠎ᠠ᠃

ᠪᠠᠢ᠌ᠩᠭᠤ ᠵᠢᠨ ᠴᠢᠨᠠᠷᠳᠠᠢ ᠪᠡᠷ ᠨᠠᠷᠢᠯᠢᠭ ᠤᠨᠤᠴᠠᠳᠠᠢ ᠬᠠᠪᠰᠤᠷᠤᠨ ᠲᠡᠳᠬᠦᠬᠦ᠌᠎ᠶ᠋ᠢ ᠬᠡᠷᠡᠭ᠌ᠵᠢᠭᠦᠯᠦᠨ᠎ᠡ᠃

ᠬᠥᠳᠡᠭᠡ ᠲᠣᠰᠭᠣᠨ᠎ᠤ ᠥᠭᠡᠷᠡᠴᠢᠯᠡᠯᠲᠡ ᠬᠥᠭ᠌ᠵᠢᠯᠲᠡ᠎ᠶ᠋ᠢ ᠦᠷᠭᠦᠯᠵᠢᠯᠡᠨ ᠠᠬᠢᠭᠤᠯᠤᠨ᠎ᠠ᠃

(ᠳᠣᠯᠣᠭ᠎ᠠ) ᠱᠢᠨ᠎ᠡ ᠬᠡᠯᠪᠡᠷᠢ᠎ᠶ᠋ᠢᠨ ᠬᠣᠲᠠ ᠪᠠᠯᠭᠠᠰᠤᠵᠢᠯᠲᠠ ᠪᠠ ᠣᠷᠣᠨ ᠪᠦᠰᠡ᠎ᠶ᠋ᠢᠨ ᠵᠣᠬᠢᠴᠠᠩᠭᠤᠶ ᠬᠥᠭ᠌ᠵᠢᠯᠲᠡ᠎ᠶ᠋ᠢ ᠠᠬᠢᠭᠤᠯᠤᠨ᠎ᠠ᠃

ᠬᠥᠮᠦᠨ᠎ᠢᠶᠡᠷ ᠦᠨᠳᠦᠰᠦ ᠪᠣᠯᠭᠠᠭ᠍ᠰᠠᠨ ᠱᠢᠨ᠎ᠡ ᠮᠠᠶᠢᠭ᠎ᠤᠨ ᠬᠣᠲᠠ ᠪᠠᠯᠭᠠᠰᠤᠵᠢᠯᠲᠠ᠎ᠶ᠋ᠢ ᠭᠦᠨᠵᠡᠭᠡᠶ ᠠᠬᠢᠭᠤᠯᠤᠨ᠎ᠠ᠃

ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠵᠣᠬᠢᠴᠠᠯᠳᠤ ᠴᠢᠨᠠᠷ᠎ᠢ ᠲᠠᠰᠤᠷᠠᠯᠲᠠ ᠦᠭᠡᠢ ᠴᠢᠨᠭᠭᠠᠷᠠᠭᠤᠯᠤᠨ᠎ᠠ᠃

(ᠨᠠᠢ᠍ᠮᠠ) ᠠᠷᠠᠳ᠎ᠤᠨ ᠠᠮᠢᠳᠤᠷᠠᠯ᠎ᠢ ᠨᠡᠩ ᠶᠡᠬᠡ ᠡᠷᠴᠢᠮ᠎ᠢᠶᠡᠷ ᠪᠠᠲᠤᠯᠠᠨ ᠰᠠᠢᠵᠢᠷᠠᠭᠤᠯᠤᠨ᠎ᠠ᠃

ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶ᠋ᠢ ᠠᠬᠢᠭᠤᠯᠤᠨ᠎ᠠ᠃

ᠰᠤᠷᠭᠠᠨ ᠬᠥᠮᠦᠵᠢᠯ᠎ᠦᠨ ᠭᠤᠤᠯᠴᠢ  ᠲᠡᠭᠰᠢ ᠪᠠᠢᠬᠤ ᠪᠠ ᠶᠠᠰᠤ ᠴᠢᠨᠠᠷ᠎ᠢ ᠲᠡᠭᠡᠭᠰᠢᠯᠡᠬᠦᠯᠬᠦ᠎ᠶ᠋ᠢ ᠠᠬᠢᠭᠤᠯᠤᠨ᠎ᠠ᠃

ᠦᠨᠳᠦᠰᠦᠨ ᠡᠮᠴᠢᠯᠡᠭᠡ ᠡᠷᠡᠭᠦᠯ ᠬᠠᠮᠠᠭᠠᠯᠠᠯ᠎ᠤᠨ ᠦᠢᠯᠡᠴᠢᠯᠡᠭᠡ᠎ᠶ᠋ᠢ ᠴᠢᠩᠭᠠᠳᠭᠠᠨ᠎ᠠ᠃

ᠨᠡᠢᠭᠡᠮ᠎ᠦᠨ ᠪᠠᠲᠤᠯᠠᠭ᠎ᠠ ᠪᠠ ᠦᠢᠯᠡᠴᠢᠯᠡᠭᠡ᠎ᠶ᠋ᠢ ᠴᠢᠩᠭᠠᠳᠭᠠᠨ᠎ᠠ᠃

ᠠᠷᠠᠳ ᠣᠯᠠᠨ᠎ᠤ ᠣᠶᠤᠨ᠎ᠤ ᠪᠠ ᠰᠣᠶᠣᠯ᠎ᠤᠨ ᠬᠡᠷᠡᠭ᠌ᠴᠡᠭᠡ᠎ᠶ᠋ᠢ ᠨᠠᠩ ᠰᠠᠢᠲᠤᠷ ᠬᠠᠩᠭᠠᠨ᠎ᠠ᠃

(ᠶᠢᠰᠦ ) ᠪᠦᠬᠦ᠌ ᠲᠠᠯ᠎ᠠ᠎ᠪᠡᠷ ᠪᠤᠬᠢᠷᠳᠤᠯ ᠦᠭᠡᠢ ᠲᠡᠢᠰᠢ ᠬᠡᠯᠪᠡᠷᠢ ᠪᠠᠨ ᠬᠤᠪᠢᠷᠠᠭᠤᠯᠬᠤ ᠎ᠶ᠋ᠢ ᠲᠦᠷᠭᠡᠳᠭᠡᠨ ᠠᠬᠢᠭᠤᠯᠤᠨ᠎ᠠ᠃

ᠠᠮᠢ ᠠᠬᠤᠢ ᠵᠢᠨ ᠣᠷᠴᠢᠨ ᠲᠤᠭᠤᠷᠢᠨ᠎ᠢ ᠶᠡᠷᠦᠩᠬᠡᠢᠯᠡᠨ ᠵᠠᠰᠠᠬᠤ ᠠᠵᠢᠯ᠎ᠢ ᠴᠢᠩᠭᠠᠳᠭᠠᠨ᠎ᠠ᠃

ᠪᠤᠬᠢᠷᠳᠤᠯ ᠦᠭᠡᠢ  ᠨᠡᠭᠦᠷᠡᠰᠦᠲᠥ᠋ᠷᠥᠭ᠌ᠴᠢ ᠪᠠᠭ᠎ᠠ ᠠᠵᠤ ᠠᠬᠤᠢ᠎ᠶ᠋ᠢ ᠶᠡᠬᠡ ᠪᠡᠷ ᠬᠥᠭ᠌ᠵᠢᠭᠦᠯᠦᠨ᠎ᠡ᠃

ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠳᠠ ᠵᠢ ᠤᠷᠬᠢᠯ ᠬᠡᠮᠵᠢᠭᠳᠡᠯ ᠳ᠋ᠤᠨᠢ ᠬᠦᠷᠭᠡᠬᠦ ᠪᠠ ᠨᠡᠭᠦᠷᠡᠰᠦᠲᠥ᠋ᠷᠥᠭ᠌ᠴᠢ ᠵᠢᠨ ᠭᠠᠳᠠᠭᠰᠢᠯᠠᠭᠤᠯᠤᠯᠳᠠ ᠵᠢ ᠰᠠᠭᠠᠷᠮᠠᠭ᠍ᠵᠢᠭᠤᠯᠬᠤ᠎ᠶ᠋ᠢ ᠢᠳᠡᠪᠬᠢᠲᠡᠢ ᠪᠥᠭᠡᠳ ᠯᠠᠪᠳᠠᠭᠤᠨ᠎ᠢᠶᠠᠷ ᠠᠬᠢᠭᠤᠯᠤᠨ᠎ᠠ᠃

(ᠠᠷᠪᠠ) ᠭᠣᠣᠯᠳᠠᠯᠭ᠎ᠠ᠎ᠲᠠᠶ ᠬᠦᠷᠢᠶᠡᠨ ᠳ᠋ᠡᠬᠢ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ ᠪᠠ ᠠᠮᠤᠷ ᠲᠦᠪᠱᠢᠨ᠎ᠦ ᠴᠢᠳᠠᠪᠤᠷᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠎ᠠ᠃

ᠭᠡᠷ ᠪᠠᠢᠰᠢᠩ ᠭᠠᠵᠠᠷ ᠰᠢᠷᠤᠢ ᠵᠢᠨ ᠬᠥᠷᠥᠩᠭᠡ᠎ᠶ᠋ᠢᠨ ᠵᠠᠬ᠎ᠠ ᠳᠡᠯᠭᠡᠭᠦᠷ᠎ᠢ ᠬᠦᠴᠦᠯᠡᠨ ᠲᠣᠭ᠍ᠲᠠᠪᠤᠷᠢᠵᠢᠭᠤᠯᠤᠨ᠎ᠠ᠃

ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠦᠷᠢ ᠥᠭ᠌ᠴᠡᠭᠡ ᠵᠢᠨ ᠲᠦᠭ᠌ᠰᠢᠭᠦᠷᠢ᠎ᠶ᠋ᠢ ᠢᠳᠡᠪᠬᠢᠲᠡᠢ ᠪᠥᠭᠡᠳ ᠡᠮᠬᠢ ᠵᠢᠷᠤᠮ᠎ᠲᠠᠶ᠎ᠪᠠᠷ ᠠᠷᠢᠯᠭᠠᠨ᠎ᠠ᠃

ᠮᠥᠩᠭᠥᠨ ᠭᠦᠢᠯᠭᠡᠭᠡᠨ᠎ᠦ ᠬᠦᠷᠢᠶᠡᠨ᠎ᠳᠡᠬᠢ ᠠᠶᠤᠯ ᠲᠦᠭ᠌ᠰᠢᠭᠦᠷᠢ᠎ᠶ᠋ᠢ ᠢᠳᠡᠪᠬᠢᠲᠡᠢ ᠪᠦᠭᠡᠳ ᠯᠠᠪᠳᠠᠭᠤᠨ᠎ᠢᠶᠠᠷ ᠠᠷᠢᠯᠭᠠᠨ᠎ᠠ᠃

ᠤᠯᠤᠰ᠎ᠤᠨ ᠠᠮᠤᠷ ᠲᠦᠪᠱᠢᠨ ᠪᠠ ᠨᠡᠢᠭᠡᠮ᠎ᠦᠨ ᠲᠣᠭ᠍ᠲᠠᠭᠤᠨ ᠪᠠᠢᠳᠠᠯ᠎ᠢ ᠬᠠᠮᠠᠭᠠᠯᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号