《ᠠᠷᠪᠠᠨ ᠲᠠᠪᠤᠳᠤᠭᠠᠷ ᠲᠠᠪᠤᠨ ᠵᠢᠯ 》 ᠤ᠋ᠨ ᠲᠥᠯᠥᠪᠵᠢᠭᠦᠯᠭᠡ᠎ᠶ᠋ᠢᠨ ᠱᠢᠨ᠎ᠡ ᠠᠶᠠᠨ᠎ᠳᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠡ
《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭ᠎ᠠ ᠪᠣᠯ ᠮᠠᠨ᠎ᠤ ᠤᠯᠤᠰ ᠨᠡᠢᠭᠡᠮ ᠵᠢᠷᠤᠮᠳᠤ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠶ᠋ᠢᠨ ᠰᠠᠭᠤᠷᠢ᠎ᠶ᠋ᠢ ᠪᠡᠬᠢᠵᠢᠭᠦᠯᠵᠦ᠍᠂ ᠪᠥᠬᠥ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠂ ᠪᠠᠰᠠ ᠴᠤ᠌ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠂ ᠱᠢᠨ᠎ᠡ ᠵᠠᠮ᠎ᠢ ᠲᠦᠷᠭᠡᠳᠭᠡᠨ ᠨᠡᠭᠡᠭᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠨᠠᠮ ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠳᠦᠪ ᠬᠤᠷᠢᠶ᠎ᠠ ᠵᠢᠨ ᠤᠳᠠᠭ᠎ᠠ ᠪᠦᠷᠢ᠎ᠶ᠋ᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ ᠢᠯᠠᠩᠭᠤᠶ᠎ᠠ ᠳᠥᠷᠪᠡᠳᠦᠭᠡᠷ ᠪᠥᠬᠥᠳᠡ ᠬᠤᠷᠠᠯ᠎ᠤᠨ ᠪᠠᠢᠯᠳᠤᠬᠤ ᠪᠣᠳᠣᠯᠭ᠎ᠠ᠎ᠶ᠋ᠢᠨ ᠪᠠᠢᠷᠢᠯᠠᠭᠤᠯᠤᠯᠲᠠ᠎ᠶ᠋ᠢ ᠭᠦᠨᠵᠡᠭᠡᠶ ᠲᠤᠭᠤᠱᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠵᠥ᠂ ᠰᠡᠳᠭᠢᠯ ᠲᠠᠯᠪᠢᠨ ᠣᠢᠯᠠᠭᠠᠬᠤ᠂ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠠᠲᠤ ᠦᠶ᠎ᠡ᠎ᠶ᠋ᠢᠨ ᠴᠢᠨᠠᠷᠲᠠᠶ ᠣᠨᠴᠠᠯᠢᠭ᠎ᠢ ᠭᠦᠨᠵᠡᠭᠡᠶ ᠵᠠᠳᠠᠯᠤᠨ᠂ ᠥᠩᠭᠡᠷᠡᠭ᠌ᠰᠡᠨ ᠦ ᠠᠵᠢᠯ᠎ᠤᠨ ᠰᠠᠭᠤᠷᠢᠨ ᠳᠡᠭᠡᠷ᠎ᠡ ᠬᠣᠢᠱᠢᠳᠠ᠎ᠶ᠋ᠢᠨ ᠨᠢᠭᠡ ᠬᠤᠭᠤᠴᠠᠭᠠᠨ ᠤ 《1571》 ᠠᠵᠢᠯ ᠤᠨ ᠪᠠᠢᠷᠢᠯᠠᠭᠤᠯᠤᠯᠲᠠ ᠶ᠋ᠢ ᠪᠣᠯᠪᠠᠰᠤᠷᠠᠭᠤᠯᠤᠨ ᠪᠦᠷᠢᠯᠳᠦᠭᠦᠯᠪᠠ᠂ ᠳᠠᠷᠤᠢ ᠳᠤᠮᠳᠠᠳᠤ ᠶ᠋ᠢᠨ ᠦᠨᠳᠦᠰᠦᠲᠡᠨ ᠦ ᠬᠠᠮᠲᠤ ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠦᠷᠭᠦᠯᠵᠢᠯᠡᠨ ᠰᠠᠢᠲᠤᠷ ᠪᠦᠳᠦᠭᠡᠨ ᠪᠠᠢᠭᠤᠯᠵᠤ᠂ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ᠎ᠡᠴᠡ ᠥᠪᠥᠷ ᠮᠣᠩᠭᠣᠯ᠎ᠳᠤ ᠣᠯᠭᠣᠭ᠍ᠰᠠᠨ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢ ᠪᠥᠲᠥᠭᠡᠨ ᠪᠠᠢᠭᠤᠯᠬᠤ ᠲᠠᠪᠤᠨ ᠶᠡᠬᠡ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠣᠯᠤᠨ ᠡᠭᠦᠷᠭᠡ ᠬᠠᠷᠢᠭᠤᠴᠠᠯᠭ᠎ᠠ᠎ᠶ᠋ᠢ ᠭᠦᠨᠵᠡᠭᠡᠶ ᠨᠠᠢᠳᠠᠪᠤᠷᠢᠵᠢᠭᠤᠯᠵᠤ᠂ ᠥᠪᠥᠷ ᠮᠣᠩᠭᠣᠯ᠎ᠤᠨ ᠣᠨᠴᠠᠯᠢᠭ ᠪᠦᠬᠦᠢ ᠳᠠᠪᠠᠭᠤᠯᠢᠭ ᠢ ᠬᠠᠷᠠᠭᠤᠯᠤᠭ᠍ᠰᠠᠨ ᠣᠳᠣᠬᠢᠴᠢᠯᠠᠭ᠍ᠰᠠᠨ ᠠᠵᠤ ᠦᠢᠯᠡᠰ᠎ᠦᠨ ᠱᠢᠰᠲᠸᠮ᠎ᠢ ᠪᠦᠲᠦᠭᠡᠨ ᠪᠠᠢᠭᠤᠯᠬᠤ᠂ ᠭᠠᠵᠠᠷ ᠣᠷᠣᠨ ᠤ ᠪᠠᠢᠳᠠᠯ᠎ᠳᠠᠭᠠᠨ ᠲᠤᠬᠢᠷᠠᠭᠤᠯᠤᠨ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠬᠦ᠌᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠲᠡᠶ ᠭᠦᠨᠵᠡᠭᠡᠢ ᠵᠣᠯᠭᠠᠭᠤᠯᠬᠤ᠂ ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶ᠋ᠢᠨ ᠪᠠᠢᠭᠤᠯᠤᠯ᠎ᠢ ᠪᠠᠢᠭᠤᠯᠬᠤ᠂ ᠣᠷᠣᠨ ᠪᠦᠰᠡ᠎ᠶ᠋ᠢᠨ ᠠᠵᠤ ᠠᠬᠤᠢ᠎ᠶ᠋ᠢᠨ ᠪᠠᠢᠷᠢᠱᠢᠯ ᠢ ᠱᠢᠯᠢᠳᠡᠭ᠌ᠵᠢᠭᠦᠯᠬᠦ᠂ ᠨᠡᠢᠭᠡᠮ ᠵᠢᠷᠤᠮ᠎ᠤᠨ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠬᠦ᠂ ᠠᠷᠠᠳ ᠤᠨ ᠠᠮᠢᠳᠤᠷᠠᠯ ᠢ ᠪᠠᠲᠤᠯᠠᠨ ᠰᠠᠢᠵᠢᠷᠠᠭᠤᠯᠬᠤ ᠡᠷᠴᠢᠮ᠎ᠢ ᠴᠢᠩᠭᠠᠷᠠᠭᠤᠯᠬᠤ ᠳᠣᠯᠣᠭᠠᠨ ᠵᠦᠢᠯ ᠦᠨ ᠭᠣᠣᠯᠳᠠᠯᠭ᠎ᠠ᠎ᠲᠠᠶ ᠠᠵᠢᠯ᠎ᠢ ᠰᠠᠢᠲᠤᠷ ᠠᠳᠭᠤᠵᠤ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ ᠪᠠ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠬᠤ ᠪᠤᠯᠤᠨ᠎ᠠ᠃ ᠪᠢᠳᠠ ᠡᠭᠦᠨ᠎ᠢᠶᠡᠷ ᠶᠡᠷᠦᠩᠬᠡᠶ ᠭᠠᠷᠳᠠᠴᠠ ᠪᠣᠯᠭᠠᠵᠤ᠂ ᠪᠦᠬᠦ᠌ ᠣᠷᠣᠨ᠎ᠤ ᠡᠯ᠎ᠡ ᠱᠠᠲᠤ᠎ᠵᠢ ᠵᠢᠯᠣᠭᠣᠳᠤᠨ ᠪᠦᠬᠦ᠌ ᠤᠯᠤᠰ᠎ᠲᠠᠶ ᠬᠠᠮᠲᠤ᠎ᠪᠠᠷ ᠨᠡᠢᠭᠡᠮ ᠵᠢᠷᠤᠮᠳᠤ ᠣᠳᠣᠬᠢᠴᠢᠯᠠᠯᠲᠠ᠎ᠶ᠋ᠢ ᠦᠨᠳᠦᠰᠦᠨ ᠳᠡᠭᠡᠨ ᠪᠡᠶᠡᠯᠡᠭᠦᠯᠬᠦ᠌ ᠲᠠᠯ᠎ᠠ ᠪᠠᠷ ᠱᠢᠶ᠋ᠳᠪᠦᠷᠢᠯᠡᠭ᠌ᠴᠢ ᠴᠢᠨᠠᠷᠲᠠᠶ ᠠᠬᠢᠯᠲᠠᠬᠠᠷᠠᠯᠲᠠᠲᠠᠶ ᠪᠣᠯᠭᠠᠵᠤ᠂ ᠬᠦᠴᠦᠷᠬᠡᠭ᠌ᠵᠢᠬᠦ᠌᠎ᠪᠡᠷ ᠬᠦᠴᠦᠯᠡᠨ ᠴᠢᠷᠮᠠᠢᠬᠤ᠂ ᠭᠠᠪᠱᠢᠭᠠᠢᠯᠠᠨ ᠲᠡᠮᠡᠴᠡᠬᠦ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ ᠤ ᠬᠥᠮᠦᠨ ᠳᠤᠮᠳᠠᠴᠢ ᠵᠢᠨ ᠭᠠᠵᠠᠷ ᠣᠷᠣᠨ᠎ᠤ ᠦᠢᠯᠡᠳᠪᠦᠷᠢᠯᠡᠯ᠎ᠦᠨ ᠶᠡᠷᠦᠩᠬᠡᠶ ᠥᠷᠲᠡᠭ᠂ ᠰᠠᠭᠤᠭᠠᠯᠢ ᠠᠷᠠᠳ᠎ᠤᠨ ᠣᠷᠣᠯᠭ᠎ᠠ ᠪᠦᠬᠦ᠌ ᠤᠯᠤᠰ᠎ᠤᠨ ᠳᠡᠭᠡᠳᠦ ᠲᠦᠪᠰᠢᠨ ᠳᠤ ᠲᠣᠭ᠍ᠲᠠᠪᠤᠷᠢᠵᠢᠬᠤ ᠵᠢ ᠦᠨᠡᠨ ᠬᠦ᠌ ᠪᠠᠲᠤᠯᠠᠵᠤ᠂ 2035 ᠣᠨ ᠪᠣᠯᠬᠤ᠎ᠳᠤ ᠳᠤᠮᠳᠠᠳᠤ ᠶ᠋ᠢᠨ ᠦᠨᠳᠦᠰᠦᠲᠡᠨ ᠦ ᠬᠠᠮᠲᠤ ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ᠂ ᠬᠢᠯᠢ ᠬᠢᠵᠠᠭᠠᠷ᠎ᠤᠨ ᠦᠨᠳᠦᠰᠦᠲᠡᠨ ᠦ ᠭᠠᠵᠠᠷ ᠣᠷᠣᠨ᠎ᠢ ᠬᠠᠮᠲᠤ᠎ᠪᠠᠷ ᠪᠠᠶᠠᠵᠢᠭᠤᠯᠬᠤ ᠲᠠᠯ᠎ᠠ᠎ᠪᠠᠷ ᠦᠷᠭᠦᠯᠵᠢᠯᠡᠨ ᠡᠮᠦᠨ᠎ᠡ ᠡᠩᠨᠡᠭᠡᠨ᠎ᠳᠦ ᠶᠠᠪᠤᠵᠤ᠂ ᠤᠯᠤᠰ᠎ᠤᠨ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠦᠲᠦᠭᠡᠨ ᠪᠠᠢᠭᠤᠯᠬᠤ᠂ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ ᠳᠡᠭᠡᠷ᠎ᠡ ᠦᠷᠭᠦᠯᠵᠢᠯᠡᠨ ᠡᠮᠦᠨ᠎ᠡ ᠡᠩᠨᠡᠭᠡᠨ᠎ᠳᠦ ᠶᠠᠪᠤᠵᠦ᠂ ᠳᠤᠮᠳᠠᠳᠤ ᠤᠯᠤᠰ᠎ᠤᠨ ᠮᠠᠶᠢᠭ ᠤᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠪᠣᠳᠠᠲᠤ ᠠᠵᠢᠯᠯᠠᠭ᠎ᠠ ᠪᠠᠷ ᠢᠶᠠᠨ《ᠬᠣᠶᠠᠷ᠎ᠢ ᠲᠣᠭ᠍ᠲᠠᠭᠠᠭᠰᠠᠨ》 ᠢ᠋ ᠡᠷᠡᠰ ᠬᠦᠷᠢᠶᠡᠯᠡᠵᠦ᠂ 《ᠬᠣᠶᠠᠷ ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠦᠨ᠎ᠡ᠃
ᠡᠬᠢᠯᠡᠯᠲᠡ ᠨᠢ ᠪᠦᠬᠦ᠌ ᠲᠠᠯ᠎ᠠ᠎ᠳᠤ ᠬᠣᠯᠪᠣᠭ᠍ᠳᠠᠵᠤ᠂ ᠡᠬᠢᠯᠡᠯᠲᠡ ᠨᠢ ᠬᠣᠢᠨᠠᠬᠢ ᠪᠠᠢᠳᠠᠯ᠎ᠢ ᠲᠣᠭ᠍ᠲᠠᠭᠠᠳᠠᠭ᠃ 《ᠬᠣᠶᠠᠷ ᠲᠠᠯ᠎ᠠ᠎ᠪᠡᠷ ᠪᠦᠬᠦ ᠤᠯᠤᠰ᠎ᠤᠨ ᠳᠡᠭᠡᠳᠦ ᠲᠦᠪᠰᠢᠨᠳᠤᠲᠣᠭ᠍ᠲᠠᠭᠤᠨ ᠪᠠᠢᠬᠤ》 ᠶ᠋ᠢ ᠪᠡᠶᠡᠯᠡᠭᠦᠯᠬᠦ᠌᠂ 《ᠬᠣᠶᠠᠷ ᠲᠠᠯ᠎ᠠ᠎ᠪᠡᠷ ᠦᠷᠭᠦᠯᠵᠢᠯᠡᠨ ᠪᠦᠬᠦ ᠤᠯᠤᠰ᠎ᠤᠨ ᠡᠮᠦᠨ᠎ᠡ ᠡᠨᠭᠨᠡᠭᠡᠨᠳᠤ ᠶᠠᠪᠤᠬᠤ》 ᠶ᠋ᠢ ᠪᠠᠲᠤᠯᠠᠬᠤ᠎ᠪᠡᠷ ᠭᠤᠤᠯ ᠪᠤᠯᠭᠠᠵᠤ᠂ ᠪᠢᠳᠡ ᠡᠨᠡ ᠵᠢᠯ᠎ᠦᠨ ᠪᠥᠬᠥ᠌ ᠣᠷᠣᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠭᠤᠤᠯ ᠵᠢᠱ᠌ᠢᠭ᠌ᠰᠡᠨ ᠬᠠᠷᠠᠯᠲᠠ᠎ᠶ᠋ᠢ ᠲᠣᠭ᠍ᠲᠠᠭᠠᠪᠠ ᠄ ᠭᠠᠵᠠᠷ ᠣᠷᠣᠨ ᠤ ᠦᠶ᠋ᠯᠡᠳᠪᠦᠷᠢᠯᠡᠯ᠎ᠦᠨ ᠶᠡᠷᠦᠩᠬᠡᠶ ᠥᠷᠲᠡᠭ᠎ᠢ 5% ᠣᠷᠴᠢᠮ ᠨᠡᠮᠡᠭ᠌ᠳᠡᠭᠦᠯᠵᠦ᠍᠂ ᠪᠣᠳᠠᠲᠠᠶ ᠠᠵᠢᠯ ᠤᠨ ᠳᠤᠮᠳᠠ ᠨᠠᠩ ᠰᠠᠢᠨ ᠦᠷ᠎ᠡ ᠳ᠋ᠦᠩ ᠤᠯᠬᠤ᠎ᠪᠠᠷ ᠴᠢᠷᠮᠠᠢᠵᠤ᠂ ᠬᠣᠲᠠ ᠪᠠᠯᠭᠠᠰᠤ ᠶ᠋ᠢᠨ ᠪᠠᠢᠴᠠᠭᠠᠭ᠍ᠰᠠᠨ ᠠᠵᠢᠯ ᠠᠯᠳᠠᠯᠲᠠ᠎ᠶ᠋ᠢᠨ ᠨᠣᠷᠮ᠎ᠠ᠎ᠶ᠋ᠢ 5.7% ᠣᠷᠴᠢᠮ ᠪᠠᠢᠯᠭᠠᠵᠤ᠂ ᠬᠣᠲᠠ ᠪᠠᠯᠭᠠᠰᠤ᠎ᠶ᠋ᠢᠨ ᠱᠢᠨ᠎ᠡ᠎ᠪᠡᠷ ᠨᠡᠮᠡᠭ᠌ᠳᠡᠭ᠌ᠰᠡᠨ ᠠᠵᠢᠯ ᠣᠯᠭᠣᠯᠲᠠ᠎ᠶ᠋ᠢ 18 ᠲᠦᠮᠡᠨ ᠬᠥᠮᠦᠨ᠎ᠡᠴᠡ ᠳᠡᠭᠡᠭ᠌ᠰᠢ ᠪᠠᠢᠯᠭᠠᠵᠤ᠂ ᠰᠠᠭᠤᠭᠠᠯᠢ ᠠᠷᠠᠳ᠎ᠤᠨ ᠬᠡᠷᠡᠭ᠌ᠯᠡᠭᠡᠨ᠎ᠦ ᠦᠨ᠎ᠡ ᠬᠠᠩᠰᠢ᠎ᠶ᠋ᠢᠨ ᠥᠰᠥᠯᠲᠡ᠎ᠶ᠋ᠢᠨ ᠬᠡᠮᠵᠢᠶ᠎ᠡ᠎ᠶ᠋ᠢ 2% ᠣᠷᠴᠢᠮ ᠪᠠᠢᠯᠭᠠᠵᠤ᠂ ᠰᠠᠭᠤᠭᠠᠯᠢ ᠠᠷᠠᠳ᠎ᠤᠨ ᠣᠷᠣᠯᠭ᠎ᠠ᠎ᠶ᠋ᠢᠨ ᠨᠡᠮᠡᠭ᠌ᠳᠡᠯ᠎ᠢ ᠠᠵᠤ ᠠᠬᠤᠶ᠎ᠶ᠋ᠢᠨ ᠨᠡᠮᠡᠭ᠌ᠳᠡᠯᠯᠦᠭᠡ ᠢᠵᠢᠯ ᠠᠯᠬᠤᠮ ᠤ᠋ᠨ ᠪᠠᠢᠯᠭᠠᠵᠤ᠂ ᠠᠮᠤ ᠪᠤᠳᠠᠭᠠᠨ᠎ᠤ ᠤᠨᠠᠯᠲᠠ᠎ᠶ᠋ᠢ 840 ᠳ᠋ᠦᠩᠱᠢᠭᠤᠷ ᠵᠢᠩ ᠡᠴᠡ ᠳᠠᠪᠠᠭᠤᠯᠵᠤ᠂ ᠤᠯᠤᠰ ᠡᠴᠡ ᠪᠠᠭᠤᠯᠭᠠᠭ᠍ᠰᠠᠨ ᠨᠡᠭᠦᠷᠡᠰᠦᠲᠥ᠋ᠷᠥᠭ᠌ᠴᠢ ᠶᠢᠨ ᠭᠠᠳᠠᠭᠰᠢᠯᠠᠭᠤᠯᠤᠯᠲᠠ᠎ᠵᠢ ᠪᠠᠭᠤᠷᠠᠭᠤᠯᠬᠤ ᠡᠭᠦᠷᠭᠡ᠎ᠶ᠋ᠢ ᠪᠡᠶᠡᠯᠡᠭᠦᠯᠦᠨ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠦᠪᠵᠢᠭᠦᠯᠭᠡ᠎ᠵᠢ ᠰᠠᠢᠲᠤᠷ ᠡᠬᠢᠯᠡᠭᠦᠯᠬᠦ᠎ᠵᠢ ᠴᠢᠷᠮᠠᠢᠨ ᠪᠡᠶᠡᠯᠡᠭᠦᠯᠦᠨ᠎ᠡ᠃ ᠳᠣᠣᠷᠠᠬᠢ ᠬᠡᠳᠦᠨ ᠲᠠᠯ᠎ᠠ᠎ᠶ᠋ᠢ ᠭᠣᠣᠯᠳᠠᠯᠭ᠎ᠠ᠎ᠲᠠᠶ ᠰᠠᠢᠲᠤᠷ ᠠᠳᠭᠤᠨ᠎ᠠ᠄ ᠨᠢᠭᠡ᠎ᠳᠦ᠂ ᠲᠡᠷᠢᠭᠦᠨ᠎ᠦ ᠦᠢᠯᠡᠳᠬᠦ᠌ ᠦᠢᠯᠡᠰ᠎ᠢ ᠶᠡᠬᠡᠪᠡᠷ ᠬᠥᠭ᠌ᠵᠢᠭᠦᠯᠦᠨ᠎ᠡ᠃ ᠤᠶᠤᠨᠴᠢᠯᠠᠬᠤ᠂ ᠪᠣᠬᠢᠷᠲᠤᠯ ᠦᠭᠡᠢᠵᠢᠬᠦᠯᠬᠦ᠂ ᠠᠭᠤᠰᠤᠯᠴᠠᠭᠤᠯᠬᠤ ᠴᠢᠭ᠌ᠯᠡᠯ᠎ᠢ ᠪᠠᠷᠢᠮᠲᠠᠯᠠᠵᠤ᠂ ᠨᠡᠭᠦᠷᠡᠰᠦ᠂ ᠬᠢᠮᠢ᠎ᠶ᠋ᠢᠨ ᠠᠵᠤ ᠦᠢᠯᠡᠳᠪᠦᠷᠢ᠂ ᠲᠡᠮᠦᠷᠯᠢᠭ ᠬᠠᠢᠯᠤᠭᠤᠯᠬᠤ ᠵᠡᠷᠭᠡ ᠤᠯᠠᠮᠵᠢᠯᠠᠯᠲᠤ ᠠᠵᠤ ᠦᠢᠯᠡᠰ᠎ᠦᠨ ᠬᠡᠯᠬᠢᠶ᠎ᠡ᠎ᠶ᠋ᠢ ᠤᠷᠲᠤᠳᠭᠠᠨ ᠬᠡᠯᠬᠢᠶ᠎ᠡ ᠶ᠋ᠢ ᠨᠥᠬᠥᠪᠥᠷᠢᠯᠡᠬᠦ᠌᠎ᠶ᠋ᠢ ᠠᠬᠢᠭᠤᠯᠵᠤ᠂ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠂ ᠪᠣᠬᠢᠷᠲᠤᠯ ᠦᠭᠡᠢ ᠪᠤᠳᠤᠯᠲᠠ᠎ᠵᠢᠨ ᠬᠦᠴᠦᠨ᠂ ᠤᠢᠷ᠎ᠠ ᠤᠭᠲᠠᠷᠭᠤᠢ᠎ᠵᠢᠨ ᠠᠵᠤ ᠠᠬᠤᠢ ᠵᠡᠷᠭᠡ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ᠎ᠢ ᠪᠦᠯᠦᠭ᠌ᠵᠢᠭᠦᠯᠦᠨ ᠬᠥᠭ᠌ᠵᠢᠭᠦᠯᠵᠦ᠍᠂ ᠠᠮᠢᠳᠤ ᠪᠣᠳᠠᠰ᠎ᠤᠨ ᠦᠢᠯᠡᠳᠭᠡᠯ᠂ ᠤᠰᠤᠲᠥ᠋ᠷᠥᠭ᠌ᠴᠢ ᠡᠨᠧᠷᠭᠢ ᠵᠡᠷᠭᠡ ᠢᠷᠡᠭᠡᠳᠦᠢ ᠶ᠋ᠢᠨ ᠠᠵᠤ ᠦᠢᠯᠡᠰ ᠦᠨ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ᠂ ᠪᠠᠷᠠᠯᠠᠯᠳᠤ ᠴᠢᠨᠠᠷᠲᠠᠢ᠂ ᠱᠢᠰᠲ᠋ᠧᠮᠵᠢᠭ᠌ᠰᠡᠨ ᠪᠠᠢᠷᠢᠱᠢᠭᠤᠯᠤᠯᠲᠠ᠎ᠶ᠋ᠢ ᠴᠢᠩᠭᠠᠳᠭᠠᠨ᠎ᠠ᠃ ᠴᠠᠬᠢᠯᠭᠠᠨ ᠬᠦᠴᠦᠨ ᠪᠤᠳᠤᠯᠲᠠ᠎ᠶ᠋ᠢᠨ ᠬᠦᠴᠦᠨ ᠴᠠᠬᠢᠯᠭᠠᠨ ᠲᠤᠤᠷ᠎ᠤᠨ ᠱᠢᠰᠲ᠋ᠧᠮ᠎ᠦᠨ ᠬᠤᠷᠠᠮᠠᠯ᠂ ᠱᠢᠨ᠎ᠡ ᠮᠡᠷᠭᠡᠵᠢᠯ ᠱᠢᠨ᠎ᠡ ᠦᠶ᠋ᠯᠡᠳᠬᠦᠨ ᠱᠢᠨ᠎ᠡ ᠵᠠᠭ᠍ᠪᠤᠷ᠎ᠤᠨ ᠬᠡᠷᠡᠭ᠌ᠯᠡᠭᠡᠨ᠎ᠦ ᠠᠬᠤᠶ ᠪᠠᠢᠳᠠᠯ ᠡᠯᠪᠡᠭ ᠪᠠᠶᠠᠯᠢᠭ ᠪᠠᠢᠬᠤ ᠳᠠᠪᠠᠭᠤᠯᠢᠭ᠎ᠢ ᠰᠠᠢᠲᠤᠷ ᠪᠠᠳᠠᠷᠠᠭᠤᠯᠵᠤ᠂ 《 ᠵᠣᠬᠢᠶᠠᠮᠠᠯ ᠣᠶᠤᠨ ᠴᠢᠳᠠᠪᠤᠷᠢ + 》 ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠦᠶ᠋ᠯᠡᠳᠬᠦ᠌ ᠦᠶ᠋ᠯᠡᠰ ᠦᠨ ᠲᠣᠭᠠᠴᠢᠯᠠᠯᠲᠠ ᠤᠶᠤᠨᠴᠢᠯᠠᠯᠲᠠ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠲᠦᠷᠭᠡᠳᠭᠡᠨ᠎ᠡ᠃ ᠰᠠᠯᠬᠢᠨ ᠡᠨᠧᠷᠭᠢ᠂ ᠭᠡᠷᠡᠯᠴᠢ ᠴᠡᠨᠡᠭ᠂ ᠱᠢᠨ᠎ᠡ ᠬᠡᠯᠪᠡᠷᠢ᠎ᠵᠢᠨ ᠡᠨᠧᠷᠭᠢ ᠬᠠᠳᠠᠭᠠᠯᠠᠬᠤ ᠵᠡᠷᠭᠡ ᠱᠢᠨ᠎ᠡ ᠡᠨᠧᠷᠭᠢ᠎ᠶ᠋ᠢᠨ ᠲᠣᠨᠣᠭ ᠲᠥᠬᠥᠭᠡᠷᠦᠮᠵᠢ᠎ᠶ᠋ᠢ ᠰᠤᠳᠤᠯᠤᠨ ᠨᠡᠭᠡᠭᠡᠬᠦ᠌ ᠪᠠ ᠦᠢᠯᠡᠳᠬᠦ᠌ ᠡᠷᠴᠢᠮ᠎ᠢᠶᠡᠨ ᠨᠡᠮᠡᠭ᠌ᠳᠡᠭᠦᠯᠵᠦ᠍᠂ ᠮᠠᠯ ᠠᠵᠤ ᠠᠬᠤᠶ᠎ᠲᠠᠷᠢᠶᠠᠯᠠᠩ᠎ᠤᠨ ᠮᠠᠱᠢᠨ᠂ ᠠᠭᠤᠷᠬᠠᠶ᠎ᠶ᠋ᠢᠨ ᠮᠠᠱᠢᠨ᠂ ᠪᠠᠷᠢᠯᠭ᠎ᠠ᠎ᠶ᠋ᠢᠨ ᠮᠠᠱᠢᠨ᠂ ᠣᠨᠴᠠ ᠲᠥᠷᠥᠯ᠎ᠦᠨ ᠲᠣᠨᠣᠭ ᠲᠥᠬᠥᠭᠡᠷᠦᠮᠵᠢ ᠵᠡᠷᠭᠡ ᠱᠢᠨ᠎ᠡ ᠦᠢᠯᠡᠳᠬᠦᠨ᠎ᠢ ᠢᠳᠡᠪᠬᠢᠲᠡᠶ᠎ᠪᠡᠷ ᠨᠡᠭᠡᠭᠡᠨ ᠬᠥᠭ᠌ᠵᠢᠭᠦᠯᠵᠦ᠍᠂ ᠵᠠᠬ᠎ᠠ ᠳᠡᠯᠭᠡᠭᠦᠷ᠎ᠤᠨ ᠡᠵᠡᠯᠡᠬᠦ᠌ ᠨᠣᠷᠮ᠎ᠠ᠎ᠶ᠋ᠢ ᠳᠡᠭᠡᠭ᠌ᠰᠢᠯᠡᠭᠦᠯᠦᠨ᠂ ᠣᠳᠣ ᠦᠶ᠎ᠡ᠎ᠶ᠋ᠢᠨ ᠲᠣᠨᠣᠭ ᠲᠥᠬᠥᠭᠡᠷᠦᠮᠵᠢ ᠦᠢᠯᠡᠳᠬᠦ᠌ ᠦᠢᠯᠡᠰ᠎ᠦᠨ ᠪᠦᠯᠦᠭᠵᠢᠯ᠎ᠢ ᠪᠣᠢᠵᠢᠭᠤᠯᠤᠨ᠎ᠠ᠃ ᠦᠢᠯᠡᠴᠢᠯᠡᠭᠡᠨ᠎ᠦ ᠦᠢᠯᠡᠰ ᠦᠨ ᠴᠢᠳᠠᠮᠵᠢ᠎ᠵᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠍᠂ ᠦᠢᠯᠡᠳᠪᠦᠷᠢᠯᠡᠯ᠎ᠦᠨ ᠴᠢᠨᠠᠷᠲᠠᠶ ᠦᠢᠯᠡᠴᠢᠯᠡᠭᠡᠨ᠎ᠦ ᠦᠢᠯᠡᠰ᠎ᠢ ᠪᠦᠯᠦᠭ᠌ᠵᠢᠭᠦᠯᠬᠦ᠌᠂ ᠲᠤᠰᠭᠠᠢᠵᠢᠭᠤᠯᠬᠤ ᠪᠠ ᠥᠷᠲᠡᠭ᠎ᠦᠨ ᠬᠡᠯᠬᠢᠶ᠎ᠡ᠎ᠵᠢ ᠳᠡᠭᠡᠳᠦ ᠳᠡᠰ ᠳᠡᠢᠰᠢ ᠤᠷᠲᠤᠳᠭᠠᠬᠤ᠎ᠶ᠋ᠢ ᠠᠬᠢᠭᠤᠯᠤᠨ᠂ ᠠᠮᠢᠳᠤᠷᠠᠯ᠎ᠤᠨ ᠴᠢᠨᠠᠷᠲᠠᠶ ᠦᠢᠯᠡᠴᠢᠯᠡᠭᠡᠨ᠎ᠦ ᠦᠢᠯᠡᠰ᠎ᠦᠨ ᠴᠢᠨᠠᠷ ᠰᠠᠢᠲᠠᠶ᠂ ᠣᠯᠠᠨ ᠶᠠᠩᠵᠤᠴᠢᠯᠠᠭᠰᠠᠨ᠂ ᠳᠥᠭᠥᠮ ᠳᠥᠲᠡᠴᠢᠯᠡᠭᠰᠡᠨ ᠬᠥᠭ᠌ᠵᠢᠯᠲᠡ᠎ᠶ᠋ᠢ ᠠᠬᠢᠭᠤᠯᠵᠤ᠂ ᠣᠳᠣ ᠦᠶ᠎ᠡ᠎ᠶ᠋ᠢᠨ ᠦᠢᠯᠡᠴᠢᠯᠡᠭᠡᠨ ᠦ ᠦᠢᠯᠡᠰ ᠬᠢᠭᠡᠳ ᠲᠡᠷᠢᠭᠦᠨ ᠦ ᠦᠢᠯᠡᠳᠬᠦ᠌ ᠦᠢᠯᠡᠰ᠎ᠦᠨ ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃ ᠬᠣᠶᠠᠷ᠎ᠲᠤ᠂ ᠱᠢᠨ᠎ᠡ᠎ᠶ᠋ᠢ ᠡᠭᠦᠳᠬᠦ᠌ ᠪᠠ ᠡᠭᠦᠳᠦᠨ ᠪᠦᠲᠦᠭᠡᠬᠦ᠌ ᠠᠮᠢᠵᠢᠷᠠᠯ ᠤᠨ ᠬᠦᠴᠦᠨ᠎ᠢ ᠬᠦᠴᠦᠯᠡᠨ ᠬᠥᠭ᠌ᠵᠢᠭᠡᠨ᠎ᠡ᠃ ᠬᠡᠷᠡᠭ᠌ᠯᠡᠭᠡᠨ᠎ᠢᠶᠡᠷ ᠬᠥᠳᠡᠯᠭᠡᠭᠦᠷ ᠪᠣᠯᠭᠠᠬᠤ ᠬᠡᠯᠪᠡᠷᠢ᠎ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌᠎ᠶ᠋ᠢ ᠴᠢᠩᠭᠠᠷᠠᠭᠤᠯᠵᠤ᠂ ᠪᠥᠬᠥ᠌ ᠶᠠᠪᠤᠴᠠ᠎ᠶ᠋ᠢᠨ ᠱᠢᠨ᠎ᠡ᠎ᠶ᠋ᠢ ᠡᠭᠦᠳᠬᠦ᠌ ᠬᠡᠯᠬᠢᠶ᠎ᠡ᠎ᠶ᠋ᠢ ᠲᠦᠷᠭᠡᠳᠭᠡᠨ ᠪᠠᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠤᠰᠭᠠᠶ ᠪᠠᠯᠠ ᠮᠥᠩᠭᠥ᠎ᠵᠢ ᠳᠠᠬᠢᠨᠵᠢᠡᠷ ᠨᠡᠮᠡᠭᠳᠡᠭᠦᠯᠬᠦ᠎ᠪᠡᠷ ᠳᠠᠮᠵᠢᠨ ᠠᠵᠤ ᠠᠬᠤᠢᠯᠠᠯ᠎ᠤᠨ ᠰᠤᠳᠤᠯᠤᠨ ᠨᠡᠭᠡᠭᠡᠬᠦ᠌ ᠣᠷᠣᠭᠤᠯᠤᠯᠲᠠ᠎ᠶ᠋ᠢᠨ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠬᠤ᠎ᠶ᠋ᠢ ᠳᠠᠢᠴᠢᠯᠠᠨ᠂ ᠱᠢᠨ᠎ᠡ ᠮᠡᠷᠭᠡᠵᠢᠯ᠂ ᠱᠢᠨ᠎ᠡ ᠦᠶ᠋ᠯᠡᠳᠬᠦᠨ᠂ ᠱᠢᠨ᠎ᠡ ᠡᠵᠡᠩᠨᠡᠯᠲᠡ᠎ᠶ᠋ᠢᠨ ᠪᠠᠢᠳᠠᠯ᠂ ᠱᠢᠨ᠎ᠡ ᠵᠠᠭ᠍ᠪᠤᠷ᠎ᠢᠶᠠᠷ ᠬᠠᠮᠵᠢᠯᠴᠠᠨ ᠤᠷᠤᠭᠰᠢᠯᠠᠬᠤ᠎ᠶ᠋ᠢ ᠠᠬᠢᠭᠤᠯᠵᠤ᠂ ᠭᠤᠤᠯᠯᠠᠬᠤ ᠮᠡᠷᠭᠡᠵᠢᠯ ᠢ ᠡᠵᠡᠮᠱᠢᠬᠦ᠌᠂ ᠦᠶ᠋ᠯᠡᠳᠬᠦᠨ᠎ᠦ ᠨᠡᠮᠡᠯᠲᠡ ᠥᠷᠲᠡᠭ᠎ᠢ ᠳᠡᠭᠡᠭ᠌ᠰᠢᠯᠡᠭᠦᠯᠬᠦ ᠳ᠋ᠤ᠌ ᠲᠦᠱᠢᠭ᠌ᠯᠡᠨ ᠡᠬᠢ ᠪᠠᠶᠠᠯᠢᠭ᠎ᠤᠨ ᠬᠡᠯᠪᠡᠷᠢ᠎ᠶ᠋ᠢᠨ ᠠᠵᠤ ᠠᠬᠤᠶ᠎ᠶ᠋ᠢᠨ ᠪᠦᠭᠡᠮ ᠲᠠᠸᠠᠷ᠎ᠤᠨ ᠦᠨ᠎ᠡ ᠵᠥᠪᠳᠡᠯᠴᠡᠬᠦ᠌ ᠴᠢᠳᠠᠪᠤᠷᠢ᠎ᠪᠠᠷ ᠪᠠᠭᠤᠷᠠᠶ᠂ ᠵᠠᠬ᠎ᠠ ᠳᠡᠯᠭᠡᠭᠦᠷ᠎ᠦᠨ ᠬᠡᠯᠪᠡᠯᠵᠡᠯ᠎ᠳᠦ ᠨᠥᠯᠥᠭᠡᠯᠡᠭ᠌ᠳᠡᠬᠦ᠌᠎ᠪᠡᠷ ᠶᠡᠬᠡ ᠵᠡᠷᠭᠡ ᠠᠰᠠᠭᠤᠳᠠᠯ ᠢ ᠱᠢᠶ᠋ᠳᠪᠦᠷᠢᠯᠡᠵᠦ᠍᠂ ᠬᠥᠭ᠌ᠵᠢᠯᠲᠡ᠎ᠶ᠋ᠢᠨ ᠲᠣᠭ᠍ᠲᠠᠭᠤᠨ ᠴᠢᠨᠠᠷ ᠪᠠ ᠳᠠᠭᠠᠭᠠᠮᠠᠭᠠᠶ ᠬᠦᠴᠦᠨ᠎ᠢ ᠴᠢᠩᠭᠠᠷᠠᠭᠤᠯᠤᠨ᠎ᠠ᠃ ᠵᠠᠬ᠎ᠠ ᠳᠡᠯᠭᠡᠭᠦᠷᠴᠢᠯᠡᠭ᠌ᠰᠡᠨ ᠬᠠᠤᠯᠢᠵᠢᠭ᠍ᠰᠠᠨ ᠳᠡᠯᠡᠬᠡᠢᠵᠢᠭ᠌ᠰᠡᠨ ᠲᠡᠷᠢᠭᠦᠨ ᠵᠡᠷᠭᠡ᠎ᠶ᠋ᠢᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠪᠣᠶ ᠪᠣᠯᠭᠠᠬᠤ᠎ᠶ᠋ᠢ ᠭᠤᠤᠯᠳᠠᠯᠭ᠎ᠠ᠎ᠶ᠋ᠢᠨ ᠳᠣᠲᠣᠷᠠᠬᠢ ᠭᠤᠤᠯᠳᠠᠯᠭ᠎ᠠ ᠪᠣᠯᠭᠠᠵᠤ᠂ 《ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠦᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠣᠨ》᠎ᠤ᠋ ᠠᠵᠢᠯᠯᠠᠭ᠎ᠠ᠎ᠶ᠋ᠢ ᠯᠠᠪᠳᠠᠭᠤᠨ ᠪᠠᠲᠤᠲᠠᠶ ᠥᠷᠨᠢᠭᠦᠯᠵᠦ᠍᠂ ᠲᠡᠷᠢᠭᠦᠨ᠎ᠦ ᠬᠢ ᠪᠡᠷ ᠪᠠᠷᠢᠮᠵᠢᠶᠠᠯᠠᠵᠤ ᠪᠠᠷᠢᠮᠵᠢᠶ᠎ᠠ᠎ᠵᠢ ᠳᠡᠭᠡᠭᠰᠢᠯᠡᠭᠦᠯᠦᠨ ᠠᠷᠭ᠎ᠠ ᠬᠡᠮᠵᠢᠶ᠎ᠡ ᠵᠢ ᠱᠢᠯᠢᠳᠡᠭ᠌ᠵᠢᠭᠦᠯᠵᠦ᠂ ᠲᠣᠭ᠍ᠲᠠᠴᠠ᠎ᠵᠢ ᠪᠠᠢᠭᠤᠯᠵᠤ ᠦᠶ᠋ᠯᠡᠴᠢᠯᠡᠭᠡ᠎ᠪᠡᠨ ᠱᠢᠯᠢᠳᠡᠭ᠌ᠵᠢᠭᠦᠯᠵᠦ᠍᠂ ᠬᠠᠤᠯᠢ ᠪᠡᠷ ᠵᠠᠰᠠᠬᠤ᠎ᠵᠢ ᠴᠢᠩᠭᠠᠳᠭᠠᠵᠤ ᠪᠠᠲᠤᠯᠠᠭ᠎ᠠ᠎ᠪᠠᠨ ᠱᠢᠯᠢᠳᠡᠭ᠌ᠵᠢᠭᠦᠯᠵᠦ᠂ ᠭᠡᠷ᠎ᠡ ᠪᠠᠨ ᠰᠠᠬᠢᠬᠤ᠎ᠵᠢ ᠴᠢᠬᠤᠯᠠᠴᠢᠯᠠᠵᠤ ᠵᠢᠱ᠌ᠢᠯᠲᠡ᠎ᠪᠡᠨ ᠱᠢᠯᠢᠳᠡᠭ᠌ᠵᠢᠭᠦᠯᠵᠦ᠂ ᠠᠵᠤ ᠠᠬᠤᠢᠯᠠᠯ ᠬᠦᠰᠡᠯ ᠱᠠᠭᠠᠷᠳᠠᠯᠭ᠎ᠠ᠎ᠲᠠᠶ ᠪᠤᠯ ᠪᠢᠳᠡ ᠬᠠᠷᠢᠭᠤ ᠦᠭᠴᠦ᠂ ᠬᠦᠰᠡᠯ ᠱᠠᠭᠠᠷᠳᠠᠯᠭ᠎ᠠ ᠥᠬᠡᠶ ᠪᠣᠯ ᠬᠠᠷᠱᠢᠯᠠᠬᠤ ᠥᠬᠡᠶ ᠪᠠᠢᠵᠤ᠂ ᠤᠴᠢᠷ ᠶᠠᠪᠤᠳᠠᠯ ᠲᠠᠢ ᠪᠤᠯ ᠰᠢᠢᠳᠪᠦᠷᠢᠯᠡᠨ ᠦᠭᠴᠦ᠂ ᠠᠵᠤ ᠠᠬᠤᠢᠯᠠᠯ᠎ᠢ ᠥᠪᠥᠷ ᠮᠣᠩᠭᠣᠯ᠎ᠳᠤ ᠠᠵᠢᠯ ᠶᠠᠪᠤᠳᠠᠯ ᠭᠦᠶ᠋ᠴᠡᠳᠭᠡᠬᠦ᠌᠎ᠳᠦ ᠤᠷᠤᠭ᠍ᠰᠢᠲᠠᠶ᠂
ᠪᠠᠯᠠ ᠣᠷᠣᠭᠤᠯᠬᠤ᠎ᠳᠤ ᠰᠠᠨᠠᠭ᠎ᠠ ᠠᠮᠤᠷ᠂ ᠡᠵᠡᠩᠨᠡᠬᠦ᠎ᠳᠤ ᠰᠡᠳᠬᠢᠯ ᠲᠠᠭᠠᠯᠠᠮᠵᠢᠲᠠᠶ᠂ ᠬᠥᠭ᠌ᠵᠢᠬᠦ᠎ᠳᠤ ᠰᠠᠨᠠᠭ᠎ᠠ ᠠᠮᠤᠷ ᠪᠠᠢᠬᠤ᠎ᠶ᠋ᠢ ᠪᠡᠶᠡᠯᠡᠭᠦᠯᠦᠨ᠎ᠡ᠃ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ ᠦ ᠬᠥᠭ᠌ᠵᠢᠯᠲᠡ᠎ᠶ᠋ᠢ ᠠᠬᠢᠭᠤᠯᠬᠤ ᠲᠦᠷᠢᠮ᠎ᠦᠨ ᠬᠠᠩᠭᠠᠯᠭ᠎ᠠ ᠶ᠋ᠢ ᠴᠢᠩᠭᠠᠳᠭᠠᠵᠤ᠂ ᠴᠢᠬᠤᠯᠠ ᠶᠡᠬᠡ ᠲᠥᠷᠥᠯ ᠵᠦᠶ᠋ᠯ᠎ᠢ ᠬᠠᠮᠲᠤᠷᠠᠨ ᠬᠢᠨᠠᠵᠤ ᠬᠠᠮᠲᠤᠷᠠᠨ ᠬᠢᠨᠠᠨ ᠵᠥᠪᠱᠢᠶᠡᠷᠡᠬᠦ᠌ ᠲᠣᠭ᠍ᠲᠠᠴᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠤᠨ᠂ ᠴᠢᠳᠠᠪᠤᠷᠢᠲᠠᠨ᠎ᠢ ᠲᠥᠪᠯᠡᠷᠡᠭᠦᠯᠬᠦ᠌᠂ ᠬᠥᠮᠦᠰ᠎ᠦᠨ ᠬᠦᠷᠢᠶᠡᠯᠡᠯ᠎ᠢ ᠨᠢᠭ᠍ᠲᠠᠷᠠᠭᠤᠯᠬᠤ ᠲᠥᠷᠥ᠎ᠶ᠋ᠢᠨ ᠪᠣᠳᠣᠯᠭᠠᠠᠷᠭᠠ ᠬᠡᠮᠵᠢᠶ᠎ᠡ᠎ᠶ᠋ᠢ ᠲᠡᠭᠦᠯᠳᠡᠷᠵᠢᠭᠦᠯᠵᠦ᠍᠂ ᠨᠢᠭᠡᠳᠦᠯᠲᠡᠶ᠂ ᠨᠡᠭᠡᠭᠡᠯᠲᠡᠲᠡᠶ᠂ ᠥᠷᠢᠰᠥᠯᠳᠦᠭᠡᠨ᠎ᠲᠡᠶ᠂ ᠡᠮᠬᠢ ᠵᠢᠷᠤᠮ᠎ᠲᠠᠶ ᠵᠠᠬ᠎ᠠ ᠳᠡᠯᠭᠡᠭᠦᠷ᠎ᠦᠨ ᠱᠢᠰᠲ᠋ᠧᠮ᠎ᠢ ᠪᠠᠢᠭᠤᠯᠤᠨ᠎ᠠ᠃ ᠭᠤᠷᠪᠠ᠎ᠳᠤ᠂ ᠬᠤᠳᠠ ᠬᠥᠳᠡᠭᠡ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢ ᠢᠳᠡᠪᠬᠢᠲᠡᠢ ᠠᠬᠢᠭᠤᠯᠤᠨ᠎ᠠ᠃ ᠪᠠᠷᠠᠭᠤᠨ ᠣᠷᠣᠨ᠎ᠢ ᠶᠡᠬᠡ ᠪᠡᠷ ᠨᠡᠭᠡᠭᠡᠨ ᠬᠥᠭ᠌ᠵᠢᠭᠦᠯᠬᠦ᠌᠂ ᠵᠡᠭᠦᠨ ᠬᠣᠢᠲᠤ ᠣᠷᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠂ ᠬᠠᠲᠤᠨ ᠭᠤᠤᠯ ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ ᠵᠡᠷᠭᠡ ᠤᠯᠤᠰ᠎ᠤᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠨᠠᠢᠳᠠᠪᠤᠷᠢᠵᠢᠭᠤᠯᠵᠤ᠂ ᠱᠢᠶᠠᠨ᠎ᠤ ᠲᠦᠪ ᠵᠢᠠᠷ ᠴᠢᠬᠤᠯᠠ ᠠᠴᠢᠶᠠᠯᠠᠪᠤᠷᠢ ᠪᠣᠯᠭᠠᠭ᠍ᠰᠠᠨ ᠱᠢᠨ᠎ᠡ ᠬᠡᠯᠪᠡᠷᠢ᠎ᠶ᠋ᠢᠨ ᠬᠣᠲᠠ ᠪᠠᠯᠭᠠᠰᠣᠵᠢᠯᠳᠡ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠠᠵᠢᠯᠯᠠᠵᠤ ᠠᠮᠢᠳᠤᠷᠠᠬᠤ ᠳ᠋ᠤ ᠲᠤᠬᠢᠲᠠᠢ ᠪᠠ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ (ᠰᠤᠮᠤ ᠭᠠᠴᠠᠭ᠎ᠠ) ᠤ᠋ ᠪᠥᠲᠥᠭᠡᠨ ᠪᠠᠢᠭᠤᠯᠤᠯᠲᠠ᠎ᠶ᠋ᠢ ᠲᠥᠷᠥᠯ ᠬᠤᠪᠢᠶᠠᠨ ᠡᠮᠬᠢ ᠵᠢᠷᠤᠮ᠎ᠲᠠᠶ᠎ᠪᠠᠷ ᠠᠬᠢᠭᠤᠯᠵᠤ᠂ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ ᠪᠠ ᠪᠠᠢᠩᠭᠤᠵᠢᠭᠤᠯᠤᠨ ᠬᠠᠪᠰᠤᠷᠤᠨ ᠲᠡᠳᠬᠦᠬᠦ᠌ ᠠᠵᠢᠯ᠎ᠢ ᠰᠠᠢᠲᠤᠷ ᠬᠢᠵᠦ᠍᠂ ᠵᠡᠭᠦᠨ ᠳᠤᠮᠳᠠ ᠪᠠᠷᠠᠭᠤᠨ ᠬᠡᠰᠡᠭ᠎ᠦᠨ ᠠᠢᠮᠠᠭ ᠬᠣᠲᠠ᠎ᠶ᠋ᠢᠨ ᠵᠣᠬᠢᠴᠠᠩᠭᠤᠶ ᠬᠥᠭ᠌ᠵᠢᠯᠲᠡ᠂ ᠲᠠᠷᠢᠶᠠᠯᠠᠩ ᠮᠠᠯ ᠠᠵᠤ ᠠᠬᠤᠶ ᠰᠣᠶᠣᠯ ᠵᠢᠭᠤᠯᠴᠢᠯᠠᠯ ᠬᠤᠳᠠᠯᠳᠤᠭ᠎ᠠ᠎ᠶ᠋ᠢ ᠨᠢᠭᠡ ᠴᠣᠭ᠍ᠴᠠᠵᠢᠭᠤᠯᠤᠨ ᠬᠥᠭ᠌ᠵᠢᠭᠦᠯᠬᠦ᠌᠎ᠶ᠋ᠢ ᠠᠬᠢᠭᠤᠯᠵᠤ᠂ ᠬᠥᠭ᠌ᠵᠢᠯᠲᠡ᠎ᠶ᠋ᠢᠨ ᠪᠦᠬᠦᠯᠢ ᠴᠣᠭ᠍ᠴᠠᠲᠤ ᠴᠢᠨᠠᠷ ᠪᠠ ᠬᠠᠮᠵᠢᠯᠴᠠᠬᠤ ᠴᠢᠨᠠᠷ᠎ᠢ ᠴᠢᠩᠭᠠᠷᠠᠭᠤᠯᠤᠨ᠎ᠠ᠃ ᠳᠥᠷᠪᠡ᠎ᠳᠦ᠂ ᠪᠣᠬᠢᠷᠲᠤᠯ ᠥᠬᠡᠶ ᠬᠥᠭ᠌ᠵᠢᠯᠲᠡ᠎ᠶ᠋ᠢᠨ ᠳᠡᠪᠢᠰᠭᠡᠷ ᠥᠩᠭᠡ᠎ᠶ᠋ᠢ ᠲᠠᠰᠤᠷᠠᠯᠲᠠ ᠥᠬᠡᠶ ᠵᠤᠵᠠᠭᠠᠳᠭᠠᠨ᠎ᠠ᠃ ᠱᠢᠨ᠎ᠡ ᠬᠡᠯᠪᠡᠷᠢ᠎ᠶ᠋ᠢᠨ ᠡᠨᠧᠷᠭᠢ᠎ᠶ᠋ᠢᠨ ᠱᠢᠰᠲ᠋ᠧᠮ᠎ᠢ ᠲᠦᠷᠭᠡᠪᠴᠢᠯᠡᠨ ᠪᠠᠢᠭᠤᠯᠵᠤ᠂ ᠪᠤᠬᠢᠷᠳᠤᠯ ᠦᠭᠡᠢ ᠴᠠᠬᠢᠯᠭᠠᠨ᠎ᠢ ᠱᠢᠭᠤᠳ ᠬᠣᠯᠪᠣᠵᠤ ᠱᠢᠭᠤᠳ ᠬᠠᠩᠭᠠᠬᠤ ᠶᠠᠪᠤᠳᠠᠯ᠎ᠢ ᠶᠡᠬᠡ ᠬᠡᠪᠴᠢᠶ᠎ᠡ᠎ᠪᠡᠷ ᠠᠬᠢᠭᠤᠯᠵᠤ᠂ ᠪᠤᠬᠢᠷᠳᠤᠯ ᠦᠭᠡᠢ ᠴᠠᠬᠢᠯᠭᠠᠠᠢ ᠲᠤᠰ ᠭᠠᠵᠠᠷ᠎ᠲᠤ ᠬᠡᠷᠡᠭᠯᠡᠬᠦ᠌ ᠬᠠᠷᠢᠴᠠᠯ᠎ᠢ ᠳᠡᠭᠡᠭ᠌ᠰᠢᠯᠡᠭᠦᠯᠦᠨ᠂ ᠨᠡᠭᠦᠷᠡᠰᠦᠲᠥ᠋ᠷᠥᠭ᠌ᠴᠢ ᠦᠭᠡᠢ ᠬᠦᠷᠢᠶᠡᠯᠡᠩ ᠲᠣᠭᠣᠷᠢᠭ᠂ ᠨᠡᠭᠦᠷᠡᠰᠦᠲᠥ᠋ᠷᠥᠭ᠌ᠴᠢ ᠦᠭᠡᠢ ᠦᠢᠯᠡᠳᠪᠦᠷᠢ᠎ᠶ᠋ᠢ ᠥᠨᠳᠥᠷ ᠪᠠᠷᠢᠮᠵᠢᠶ᠎ᠠ᠎ᠪᠠᠷ ᠪᠦᠲᠦᠭᠡᠨ ᠪᠠᠢᠭᠤᠯᠵᠤ ᠂ ᠲᠡᠮᠦᠷᠯᠢᠭ ᠪᠣᠯᠪᠠᠰᠤᠷᠠᠭᠤᠯᠬᠤ ᠂ ᠪᠠᠷᠢᠯᠭ᠎ᠠ᠎ᠶ᠋ᠢᠨ ᠮᠠᠲ᠋ᠧᠷᠢᠶᠠᠯ᠂ ᠬᠢᠮᠢ᠎ᠶ᠋ᠢᠨ ᠠᠵᠤ ᠦᠢᠯᠡᠳᠪᠦᠷᠢ ᠵᠡᠷᠭᠡ ᠠᠵᠤ ᠦᠢᠯᠡᠰ᠎ᠦᠨ ᠱᠢᠨ᠎ᠡ ᠡᠨᠧᠷᠭᠢ᠎ᠶ᠋ᠢᠨ ᠰᠤᠷᠪᠤᠯᠵᠢ᠎ᠶ᠋ᠢᠨ ᠣᠷᠣᠯᠠᠯᠲᠠ᠎ᠶ᠋ᠢ ᠠᠬᠢᠭᠤᠯᠤᠨ᠎ᠠ᠃ 《ᠤᠮᠠᠷᠠᠲᠤ᠎ᠵᠢᠨ ᠭᠤᠷᠪᠠᠨ ᠤᠷᠤᠨ》 ᠤ᠋ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ ᠪᠣᠯᠤᠨ ᠬᠦᠬᠡ ᠣᠭ᠍ᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ᠎ᠶ᠋ᠢ ᠬᠠᠮᠠᠭᠠᠯᠠᠬᠤ ᠳᠠᠢᠯᠠᠯᠳᠤᠭᠠᠨ᠎ᠢ ᠰᠠᠢᠲᠤᠷ ᠬᠢᠵᠦ᠍᠂ ᠤᠢ ᠱᠢᠭᠤᠢ ᠡᠪᠡᠰᠦ ᠪᠡᠯᠴᠢᠭᠡᠷ ᠡᠯᠡᠰᠦ ᠮᠠᠨᠭᠬ᠎ᠠ ᠵᠡᠷᠭᠡ ᠠᠮᠢ ᠠᠬᠤᠢ᠎ᠶ᠋ᠢᠨ ᠠᠵᠤ ᠦᠢᠯᠡᠰ ᠪᠣᠯᠤᠨ ᠨᠡᠭᠦᠷᠡᠰᠦᠲᠥ᠋ᠷᠥᠭ᠌ᠴᠢ ᠬᠤᠷᠠᠮᠳᠤᠭᠤᠯᠬᠤ ᠠᠵᠤ ᠠᠬᠤᠢ᠎ᠶ᠋ᠢ ᠢᠳᠡᠪᠬᠢᠲᠡᠢ ᠬᠥᠭ᠌ᠵᠢᠭᠦᠯᠵᠦ᠍᠂ ᠨᠡᠭᠦᠷᠡᠰᠦᠲᠥ᠋ᠷᠥᠭ᠌ᠴᠢ᠎ᠶ᠋ᠢ ᠪᠠᠭᠠᠰᠭᠠᠬᠤ᠂ ᠪᠣᠬᠢᠷᠲᠤᠯ᠎ᠢ ᠪᠠᠭᠠᠰᠭᠠᠬᠤ᠂ ᠨᠣᠭᠣᠭᠠᠷᠠᠭᠤᠯᠤᠯᠲᠠ᠎ᠶ᠋ᠢ ᠥᠷᠭᠡᠳᠭᠡᠬᠦ᠌᠂ ᠨᠡᠮᠡᠭ᠌ᠳᠡᠬᠦ ᠵᠢ ᠬᠠᠮᠵᠢᠯᠴᠠᠨ ᠠᠬᠢᠭᠤᠯᠤᠨ᠎ᠠ᠃ ᠲᠠᠪᠤ᠎ᠳᠤ᠂ ᠨᠡᠭᠡᠭᠡᠯᠲᠡᠲᠦ ᠬᠥᠭ᠌ᠵᠢᠯᠲᠡ᠎ᠶ᠋ᠢᠨ ᠲᠦᠪᠱᠢᠨ ᠢ ᠤᠯᠠᠮ ᠴᠢᠨᠠᠭ᠍ᠰᠢᠳᠠ ᠳᠡᠭᠡᠭ᠌ᠰᠢᠯᠡᠭᠦᠯᠦᠨ᠎ᠡ᠃ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ᠂ ᠠᠵᠤ ᠠᠬᠤᠢ ᠶ᠋ᠢᠨ ᠬᠠᠮᠲᠤᠷᠠᠯᠴᠠᠭᠠᠨ᠎ᠤ ᠣᠷᠣᠨ᠂ ᠠᠵᠤ ᠦᠢᠯᠡᠰ᠎ᠦᠨ ᠬᠠᠮᠵᠢᠯᠴᠠᠭᠠᠨ᠎ᠤ ᠬᠦᠷᠢᠶᠡᠯᠡᠩ ᠲᠣᠭᠣᠷᠢᠭ ᠵᠡᠷᠭᠡ ᠲᠠᠪᠴᠠᠩ᠎ᠤᠨ ᠪᠦᠳᠦᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠪᠡᠭᠡᠵᠢᠩ ᠲᠢᠶᠠᠨᠵᠢᠨ ᠾᠸᠪᠸᠢ᠂ ᠬᠥᠬᠡᠮᠥ᠋ᠷᠡᠨ᠎ᠦ ᠭᠤᠷᠪᠠᠯᠵᠢᠨ ᠬᠣᠢᠭ᠂ ᠭᠤᠸᠠᠩᠳᠦ᠋ᠩ ᠱᠢᠶᠠᠩᠭᠠᠩ ᠣᠣᠮᠧᠨ᠎ᠦ ᠲᠤᠮᠤ ᠪᠤᠯᠤᠩ᠎ᠤᠨ ᠣᠷᠣᠨ᠂ ᠵᠡᠭᠦᠨ ᠬᠣᠢᠲᠤ᠎ᠶ᠋ᠢᠨ ᠭᠤᠷᠪᠠᠨ ᠮᠤᠵᠢ ᠵᠡᠷᠭᠡ ᠮᠤᠵᠢ ᠣᠷᠣᠨ ᠬᠤᠳᠠ᠎ᠯᠤᠭ᠎ᠠ᠎ᠶ᠋ᠢᠨ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠴᠢᠬᠤᠯᠠ ᠶᠡᠬᠡ ᠵᠠᠰᠠᠮᠠᠯ ᠵᠠᠮ᠂ ᠲᠡᠮᠦᠷ ᠵᠠᠮ᠂ ᠠᠭᠠᠷ᠎ᠤᠨ ᠠᠶᠠᠯᠠᠯ᠂ ᠤᠰᠤᠨ ᠠᠱᠢᠭ᠍ᠯᠠᠯᠲᠠ᠂ ᠴᠠᠬᠢᠯᠭᠠᠨ ᠬᠦᠴᠦ᠍᠂ ᠴᠢᠯᠠᠭᠤᠨ ᠲᠤᠰᠤ ᠪᠠᠢᠭᠠᠯᠢ᠎ᠶ᠋ᠢᠨ ᠱᠢᠲᠠᠮᠠᠬᠠᠢ ᠬᠡᠢ᠎ᠶ᠋ᠢᠨ ᠬᠣᠭᠣᠯᠠᠢ᠂ ᠴᠢᠮᠡᠭᠡ ᠬᠣᠯᠪᠣᠭᠠᠨ᠎ᠤ ᠲᠣᠣᠷ ᠵᠡᠷᠭᠡ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠭᠤᠵᠤ᠂ ᠥᠨᠳᠥᠷ ᠪᠦᠲᠦᠮᠵᠢᠲᠡᠢ᠎ᠪᠡᠷ ᠱᠢᠨ᠎ᠡ ᠬᠥᠭ᠌ᠵᠢᠯᠲᠡ ᠶ᠋ᠢᠨ ᠪᠠᠢᠷᠢᠱᠢᠯ᠎ᠳᠤ ᠠᠭᠤᠰᠤᠯᠴᠠᠬᠤ᠎ᠶ᠋ᠢ ᠬᠢᠵᠠᠭᠠᠷᠯᠠᠵᠤ ᠪᠠᠢᠭ᠎ᠠ ᠬᠣᠷᠢᠭ᠎ᠠ ᠲᠦᠭ᠌ᠵᠢᠷᠡᠯ ᠦᠨ ᠠᠰᠠᠭᠤᠳᠠᠯ ᠢ᠋ ᠰᠢᠢᠳᠪᠦᠷᠢᠯᠡᠨ᠎ᠡ᠃ ᠵᠢᠷᠭᠤᠭ᠎ᠠ᠎ᠳᠤ᠂ ᠬᠥᠭ᠌ᠵᠢᠯᠲᠡ ᠶ᠋ᠢᠨ ᠦᠷ᠎ᠡ ᠪᠦᠲᠦᠭᠡᠯ᠎ᠢ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠨᠠᠩ ᠰᠠᠢᠨ ᠬᠦᠷᠲᠡᠭᠡᠨ᠎ᠡ᠃ ᠲᠦᠭᠡᠮᠡᠯ ᠬᠠᠷᠠᠭᠠᠯᠵᠠᠯ᠎ᠤᠨ ᠴᠢᠨᠠᠷᠲᠠᠶ᠂ ᠰᠠᠭᠤᠷᠢ ᠴᠢᠨᠠᠷᠲᠠᠶ᠂ ᠦᠨᠳᠦᠰᠦᠨ ᠵᠦᠶ᠋ᠯ᠎ᠢ ᠪᠠᠲᠤᠯᠠᠬᠤ ᠴᠢᠨᠠᠷᠲᠠᠶ ᠠᠷᠠᠳ᠎ᠤᠨ ᠠᠮᠢᠳᠤᠷᠠᠯ ᠤᠨ ᠪᠠᠢᠭᠤᠯᠤᠯᠲᠠ᠎ᠶ᠋ᠢ ᠴᠢᠩᠭᠠᠳᠭᠠᠵᠤ᠂ ᠬᠣᠲᠠ ᠬᠥᠳᠡᠭᠡ᠎ᠶ᠋ᠢᠨ ᠰᠠᠭᠤᠭᠠᠯᠢ ᠠᠷᠠᠳ ᠤᠨ ᠣᠷᠣᠯᠭ᠎ᠠ᠎ᠶ᠋ᠢ ᠨᠡᠮᠡᠭ᠌ᠳᠡᠭᠦᠯᠬᠦ᠌᠂ ᠠᠵᠢᠯ ᠤᠨ ᠪᠠᠢᠷᠢ᠎ᠶ᠋ᠢ ᠲᠣᠭ᠍ᠲᠠᠪᠤᠷᠢᠵᠢᠭᠤᠯᠤᠨ ᠪᠠᠭ᠍ᠲᠠᠭᠠᠮᠵᠢ᠎ᠶ᠋ᠢ ᠥᠷᠭᠡᠳᠭᠡᠨ ᠶᠠᠰᠤ ᠴᠢᠨᠠᠷ ᠢ ᠳᠡᠭᠡᠭ᠌ᠰᠢᠯᠡᠭᠦᠯᠬᠦ᠌᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠂ ᠡᠮ ᠡᠮᠨᠡᠯᠭᠡ᠎ᠵᠢᠨ ᠰᠡᠷᠭᠡᠢᠯᠡᠨ ᠵᠠᠰᠠᠬᠤ ᠡᠷᠡᠭᠦᠯᠵᠢᠯ ᠬᠠᠮᠢᠶᠠᠷᠤᠯᠲᠠ᠎ᠶ᠋ᠢᠨ ᠦᠶ᠋ᠯᠡᠴᠢᠯᠡᠭᠡ᠂ ᠦᠨᠳᠦᠰᠦᠨ ᠨᠠᠰᠤᠵᠢᠯ᠎ᠤᠨ ᠠᠰᠠᠷᠠᠮᠵᠢ᠎ᠵᠢᠨ ᠦᠶ᠋ᠯᠡᠴᠢᠯᠡᠭᠡᠨ᠎ᠦ ᠱᠢᠰᠲ᠋ᠧᠮ ᠢ ᠱᠢᠯᠢᠳᠡᠭ᠌ᠵᠢᠭᠦᠯᠬᠦ᠌ ᠂ ᠦᠷᠡᠵᠢᠯ᠎ᠦᠨ ᠨᠥᠬᠥᠷᠰᠡᠭ ᠬᠡᠯᠪᠡᠷᠢ᠎ᠶ᠋ᠢᠨ ᠨᠡᠢᠭᠡᠮ᠎ᠦᠨ ᠪᠠᠢᠭᠤᠯᠤᠯᠲᠠ᠂ ᠵᠠᠮ ᠬᠠᠷᠢᠯᠴᠠᠭ᠎ᠠ ᠰᠠᠭᠠᠳ ᠥᠬᠡᠶ ᠨᠡᠪᠲᠡᠷᠡᠬᠦ᠌᠂ ᠵᠥᠷᠢᠴᠡᠯ ᠵᠠᠭᠤᠷᠠᠯᠳᠤᠭᠠᠨ ᠢ ᠣᠯᠠᠨ ᠡᠱᠢᠵᠢᠭᠦᠯᠦᠨ ᠱᠢᠶ᠋ᠳᠪᠦᠷᠢᠯᠡᠬᠦ᠌᠂ ᠬᠡᠷᠡᠭ᠌ᠯᠡᠭ᠌ᠴᠢᠳ᠎ᠦᠨ ᠡᠷᠬᠡ ᠠᠱᠢᠭ᠎ᠢ ᠬᠠᠮᠠᠭᠠᠯᠠᠬᠤ᠂ ᠬᠣᠲᠠ ᠬᠥᠳᠡᠭᠡ᠎ᠶ᠋ᠢᠨ ᠣᠷᠣᠱᠢᠨ ᠠᠮᠢᠳᠤᠷᠠᠬᠤ ᠣᠷᠴᠢᠨ ᠨᠥᠬᠥᠴᠡᠯ᠎ᠢ ᠰᠠᠢᠵᠢᠷᠠᠭᠤᠯᠬᠤ ᠵᠡᠷᠭᠡ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠢ᠋ ᠵᠣᠬᠢᠶᠠᠨ ᠪᠠᠢᠭᠤᠯᠤᠨ ᠬᠡᠷᠡᠭ᠌ᠵᠢᠭᠦᠯᠦᠨ᠎ᠡ᠃ ᠳᠣᠯᠣᠭ᠎ᠠ᠎ᠳᠤ᠂ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠶ ᠲᠥᠯᠥᠪᠵᠢᠭᠦᠯᠦᠨ᠎ᠡ᠃ ᠪᠤᠭᠤᠲᠤ᠎ᠶ᠋ᠢᠨ ᠪᠣᠯᠣᠳ ᠲᠡᠮᠦᠷ᠎ᠦᠨ ᠪᠦᠯᠦᠭᠯᠡᠯ᠎ᠤᠨ ᠪᠤᠯᠤᠳ ᠬᠠᠪᠲᠠᠰᠤᠨ ᠮᠠᠲ᠋ᠸᠷᠢᠶᠠᠯ᠎ᠤᠨ ᠦᠶ᠋ᠯᠡᠳᠪᠦᠷᠢ᠎ᠶ᠋ᠢᠨ ᠳᠡᠯᠪᠡᠷᠡᠯᠲᠡ ᠵᠡᠷᠭᠡ ᠡᠨᠳᠡᠯ᠎ᠡᠴᠡ ᠭᠦᠨᠵᠡᠭᠡᠶ ᠰᠤᠷᠭᠠᠮᠵᠢ ᠠᠪᠴᠤ᠌᠂ ᠠᠶᠤᠯᠭᠦᠶ ᠦᠶ᠋ᠯᠡᠳᠪᠦᠷᠢᠯᠡᠯ᠎ᠦᠨ ᠠᠶᠤᠯ ᠲᠦᠭ᠌ᠰᠢᠭᠦᠷᠢ᠎ᠶ᠋ᠢᠨ ᠬᠡᠮ ᠰᠣᠭᠣᠭ᠎ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠬᠤ᠂ ᠰᠥᠩᠢ ᠰᠡᠷᠭᠡᠢᠯᠡᠵᠦ᠍ ᠦᠶᠡᠷ᠎ᠢ ᠰᠡᠷᠭᠡᠢᠯᠡᠵᠦ ᠭᠠᠯ᠎ᠢ ᠰᠡᠷᠭᠡᠢᠯᠡᠬᠦ᠂ ᠣᠨᠴᠠᠭᠠᠶ ᠴᠠᠭ ᠠᠭᠤᠷ᠎ᠢ ᠠᠷᠭᠠᠴᠠᠭᠠᠬᠤ ᠵᠡᠷᠭᠡ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠠᠮᠤᠷ ᠲᠦᠪᠱᠢᠨ ᠬᠥᠭ᠌ᠵᠢᠯᠲᠡ᠎ᠶ᠋ᠢᠨ ᠬᠣᠷᠢᠭ᠎ᠠ ᠱᠤᠭᠤᠮ᠎ᠢ ᠪᠠᠲᠤ ᠰᠠᠬᠢᠨ᠎ᠠ᠃
ᠶᠡᠷᠦᠩᠬᠡᠢ ᠱᠦᠵᠢ ᠰᠢ ᠵᠢᠨ ᠫᠢᠩ᠄ 《ᠨᠠᠮ ᠢ ᠬᠠᠮᠢᠶᠠᠷᠴᠤ᠌ ᠨᠠᠮ᠎ᠢ ᠵᠠᠰᠠᠬᠤ ᠨᠢ ᠬᠡᠳᠦᠢ ᠪᠦᠲᠦᠮᠵᠢᠲᠡᠢ ᠪᠣᠯᠬᠤ ᠲᠤᠳᠤᠮ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠪᠠᠲᠤᠯᠠᠭ᠎ᠠ ᠨᠢ ᠲᠡᠳᠦᠢ ᠬᠦᠴᠦᠲᠡᠢ ᠪᠣᠯᠳᠠᠭ》 ᠭᠡᠵᠦ ᠵᠢᠭᠠᠵᠤ ᠭᠠᠷᠭᠠᠪᠠ᠃ ᠪᠢᠳᠡ ᠢᠮᠠᠭ᠍ᠲᠠ ᠴᠢᠩᠭ᠎ᠠ ᠦᠨᠳᠦᠰᠦᠨ ᠬᠦᠭ ᠠᠶᠠᠰ᠎ᠢᠶᠠᠷ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠵᠤ᠂ ᠪᠦᠬᠦ᠌ ᠣᠷᠣᠨ᠎ᠤ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠤᠨ ᠰᠤᠷᠤᠯᠴᠠᠯᠭ᠎ᠠ ᠵᠢ ᠶᠡᠬᠡ ᠪᠡᠷ ᠡᠷᠬᠢᠮᠯᠡᠬᠦ᠂ ᠭᠦᠨᠵᠡᠭᠡᠢ ᠪᠠᠢᠴᠠᠭᠠᠨ ᠰᠤᠳᠤᠯᠤᠯᠲᠠ ᠬᠢᠬᠦ᠌᠂ ᠦᠨᠡᠨ ᠬᠦ᠌ ᠠᠳᠭᠤᠨ ᠪᠣᠳᠠᠲᠠᠢ ᠠᠵᠢᠯᠯᠠᠬᠤ᠂ ᠲᠥᠪ ᠭᠣᠣᠯᠴᠢ ᠠᠷᠢᠭᠤᠨ ᠴᠢᠬᠡᠴᠢ ᠪᠠᠢᠬᠤ᠎ᠶ᠋ᠢ ᠬᠦᠳᠦᠯᠦᠨ ᠠᠬᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠯ᠎ᠡ ᠵᠦᠢᠯ᠎ᠦᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃ ᠰᠤᠷᠤᠯᠴᠠᠯᠭ᠎ᠠ ᠵᠢ ᠶᠡᠬᠡ ᠪᠡᠷ ᠡᠷᠬᠢᠮᠯᠡᠬᠦ᠌ ᠪᠣᠯ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠣᠨᠴᠠᠭᠠᠢᠯᠠᠨ ᠶᠡᠷᠦᠩᠬᠡᠢ ᠱᠦᠵᠢ᠎ᠶ᠋ᠢᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠳᠤᠯᠵᠤ᠂ ᠡᠯ᠎ᠡ ᠬᠦᠷᠢᠶᠡᠨ᠎ᠦ ᠬᠣᠱᠢᠭᠤᠷᠠᠯ ᠮᠡᠳᠡᠯᠭᠡ᠎ᠶ᠋ᠢᠨ ᠰᠤᠷᠤᠯᠴᠠᠯᠭ᠎ᠠ᠎ᠶ᠋ᠢ ᠴᠢᠩᠭᠠᠳᠭᠠᠵᠤ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠴᠢᠳᠠᠪᠤᠷᠢ ᠲᠦᠪᠱᠢᠨ᠎ᠢᠶᠡᠨ ᠲᠠᠰᠤᠷᠠᠯᠲᠠ ᠦᠭᠡᠢ ᠳᠡᠭᠡᠭ᠌ᠰᠢᠯᠡᠭᠦᠯᠬᠦ᠌ ᠶᠠᠪᠤᠳᠠᠯ ᠪᠣᠯᠤᠨ᠎ᠠ᠃ ᠭᠦᠨᠵᠡᠭᠡᠶ ᠪᠠᠢᠴᠠᠭᠠᠨ ᠰᠤᠳᠤᠯᠤᠯᠲᠠ ᠬᠢᠬᠦ᠌ ᠭᠡᠳᠡᠭ ᠨᠢ ᠳᠠᠷᠤᠶ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠲᠤ ᠭᠦᠨᠵᠡᠭᠡᠢᠷᠡᠨ ᠣᠷᠣᠨ᠎ᠤ ᠪᠠᠢᠳᠠᠯ ᠬᠣᠲᠠ᠎ᠶ᠋ᠢᠨ ᠪᠠᠢᠳᠠᠯ ᠱᠢᠶᠠᠨ᠎ᠤ ᠪᠠᠢᠳᠠᠯ᠎ᠢ ᠭᠦᠨᠵᠡᠭᠡᠶ ᠲᠠᠨᠢᠵᠤ᠂ ᠳᠡᠯᠡᠬᠡᠶ᠎ᠶ᠋ᠢᠨ ᠪᠠ ᠤᠯᠤᠰ᠎ᠤᠨ ᠳᠣᠲᠣᠭᠠᠳᠤ᠎ᠶ᠋ᠢᠨ ᠪᠠᠢᠳᠠᠯ᠂ ᠤᠯᠤᠰ᠎ᠤᠨ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠂ ᠲᠣᠰ ᠭᠠᠵᠠᠷ᠎ᠤᠨ ᠳᠠᠪᠠᠭᠤᠯᠢᠭ ᠳᠤᠲᠠᠭᠤᠳᠠᠯ᠂ ᠠᠷᠠᠳ ᠣᠯᠠᠨ᠎ᠤ ᠪᠠᠴᠢᠮᠳᠠᠵᠤ ᠬᠦᠰᠡᠵᠦ ᠪᠠᠢᠭ᠎ᠠ ᠵᠡᠷᠭᠡ᠎ᠳᠦ ᠴᠥᠮ ᠳᠣᠲᠣᠷ᠎ᠠ᠎ᠪᠠᠨ ᠲᠣᠭ᠎ᠠ᠎ᠲᠠᠶ ᠪᠠᠢᠵᠤ᠂ ᠪᠥᠬᠥ᠌ ᠲᠠᠯ᠎ᠠ᠎ᠶ᠋ᠢᠨ ᠬᠠᠷᠢᠴᠠᠭᠤᠯᠤᠯ ᠲᠤᠮᠳᠠ ᠬᠥᠭ᠌ᠵᠢᠯᠲᠡ᠎ᠶ᠋ᠢᠨ ᠣᠷᠣᠨ ᠪᠠᠢᠷᠢ᠎ᠶ᠋ᠢ ᠣᠨᠣᠪᠴᠢᠲᠠᠶ ᠣᠯᠵᠤ᠂ ᠬᠠᠷᠠᠯᠲᠠ᠎ᠲᠠᠶ᠎ᠪᠠᠷ ᠠᠵᠢᠯ᠎ᠢᠶᠠᠨ ᠥᠷᠨᠢᠭᠦᠯᠬᠦ᠌ ᠶᠠᠪᠤᠳᠠᠯ ᠪᠣᠯᠤᠨ᠎ᠠ᠃ ᠦᠨᠡᠨ ᠬᠦ᠌ ᠠᠳᠭᠤᠵᠤ ᠪᠣᠳᠠᠲᠠᠶ ᠬᠢᠬᠦ ᠂ ᠳᠠᠷᠤᠢ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠠᠲᠤ ᠪᠡᠬᠢ ᠪᠤᠢ ᠪᠣᠯᠭᠠᠨ ᠦᠢᠯᠡᠳᠦᠯᠭᠡᠵᠢᠭᠦᠯᠬᠦ᠌ ᠶᠠᠪᠤᠳᠠᠯ ᠪᠣᠯᠤᠨ᠎ᠠ᠂ 《ᠮᠣᠩᠭᠣᠯ ᠮᠣᠷᠢᠨ᠎ᠤ ᠵᠣᠷᠢᠭ ᠰᠠᠨᠠᠭ᠎ᠠ 》 ᠶ᠋ᠢ ᠶᠡᠬᠡ ᠪᠡᠷ ᠪᠠᠳᠠᠷᠠᠭᠤᠯᠵᠤ᠂ 《ᠭᠠᠪᠱᠢᠭᠠᠢᠯᠠᠬᠤ》 ᠵᠣᠷᠢᠭ ᠰᠠᠨᠠᠭ᠎ᠠ᠂ 《ᠡᠭᠦᠳᠦᠨ ᠪᠦᠲᠦᠭᠡᠬᠦ᠌》 ᠡᠷᠴᠢ ᠵᠣᠷᠢᠭ᠂ 《ᠠᠵᠢᠯᠯᠠᠬᠤ》 ᠰᠤᠷᠲᠠᠯ᠎ᠢᠶᠠᠷ ᠲᠤᠬᠠᠢᠯᠠᠭ᠍ᠰᠠᠨ ᠠᠵᠢᠯ᠎ᠢᠶᠠᠨ ᠰᠠᠢᠲᠤᠷ ᠬᠢᠵᠦ᠂ ᠱᠢᠨ᠎ᠡ ᠨᠣᠶᠠᠨ ᠬᠠᠭᠤᠴᠢᠨ ᠳᠠᠩᠰᠠ᠎ᠶ᠋ᠢ ᠬᠠᠮᠢᠶᠠᠷᠬᠤ ᠦᠭᠡᠢ ᠪᠠᠢᠬᠤ᠂ ᠠᠪᠤᠨ ᠳᠣᠣᠷ᠎ᠠ᠎ᠪᠠᠨ ᠠᠱᠢᠭ ᠤᠯᠬᠤ᠎ᠶ᠋ᠢ ᠬᠥᠭᠡᠭᠡᠴᠡᠯᠳᠦᠬᠦ᠂ ᠬᠤᠳᠠᠯ ᠬᠡᠯᠡᠵᠦ᠍ ᠬᠠᠭᠤᠷᠮᠠᠭᠯᠠᠨ ᠵᠣᠬᠢᠶᠠᠬᠤ᠂ ᠰᠣᠬᠣᠷ ᠪᠠᠯᠠᠶ᠎ᠪᠠᠷ ᠬᠢᠬᠦ᠂ ᠣᠯᠠᠨ ᠲᠦᠮᠡᠨ᠎ᠦ ᠬᠦᠰᠡᠯ ᠰᠠᠨᠠᠭ᠎ᠠ᠎ᠡᠴᠡ ᠵᠥᠷᠢᠴᠡᠵᠦ᠍ ᠪᠣᠳᠠᠲᠠᠶ᠎ᠲᠠᠶ ᠨᠡᠢᠴᠡᠬᠦ᠌ ᠦᠭᠡᠢ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ᠂ 《ᠲᠦᠷᠢ ᠲᠥᠷᠬᠦ᠌᠎ᠶ᠋ᠢᠨ ᠢᠨᠵᠧᠨᠧᠷᠢᠩ 》 ᠪᠠ 《ᠠᠵᠢᠯ ᠤᠨ ᠪᠦᠲᠦᠮᠵᠢ᠎ᠶ᠋ᠢᠨ ᠢᠨᠵᠧᠨᠧᠷᠢᠩ 》 ᠬᠢᠬᠦ᠂ ᠲᠥᠷᠥ᠎ᠶ᠋ᠢᠨ ᠪᠣᠳᠣᠯᠭ᠎ᠠ᠎ᠶ᠋ᠢᠨ ᠲᠥᠯᠥᠪᠵᠢᠭᠦᠯᠭᠡ 《ᠬᠤᠪᠢᠷᠠᠯᠲᠠ ᠶᠡᠬᠡᠳᠡᠢ 》 ᠪᠠᠢᠬᠤ᠂ ᠲᠣᠭ᠍ᠲᠠᠭᠠᠯ᠎ᠡᠴᠡ ᠵᠥᠷᠢᠴᠡᠨ ᠣᠷᠣᠨ ᠨᠤᠲᠤᠭ᠎ᠤᠨ ᠵᠠᠰᠠᠭ ᠤᠨ ᠣᠷᠳᠣᠨ ᠤ ᠳᠠᠯᠳᠠ ᠥᠷᠢ ᠥᠭ᠌ᠴᠡᠭᠡ᠎ᠶ᠋ᠢ ᠱᠢᠨ᠎ᠡ᠎ᠪᠡᠷ ᠨᠡᠮᠡᠭ᠌ᠳᠡᠭᠦᠯᠦᠭ᠌ᠰᠡᠨ ᠵᠡᠷᠭᠡ ᠲᠣᠪᠣᠢᠮ᠎ᠠ ᠠᠰᠠᠭᠤᠳᠠᠯ ᠢ᠋ ᠡᠷᠡᠰ ᠰᠡᠷᠭᠡᠢᠯᠡᠨ ᠵᠠᠯᠠᠷᠠᠭᠤᠯᠵᠤ᠂ 《ᠠᠷᠠᠳ ᠲᠦᠮᠡᠨ᠎ᠤ ᠲᠦᠯᠦᠭᠡ ᠠᠵᠢᠯ᠎ᠤᠨ ᠪᠦᠲᠦᠮᠵᠢ ᠭᠠᠷᠭᠠᠵᠤ᠂ ᠪᠣᠳᠠᠲᠠᠶ ᠠᠵᠢᠯᠯᠠᠬᠤ᠎ᠪᠠᠷ ᠠᠵᠢᠯ᠎ᠤᠨ ᠪᠦᠲᠦᠮᠵᠢ ᠭᠠᠷᠭᠠᠬᠤ 》 ᠣᠢᠯᠠᠭᠠᠭ᠍ᠳᠠᠬᠤᠨ᠎ᠢ ᠳᠣᠲᠣᠭᠠᠳᠤ ᠰᠡᠳᠭᠢᠯ᠎ᠦᠨ ᠭᠦᠨ᠎ᠳᠦ ᠦᠨᠳᠦᠰᠦᠯᠡᠭᠦᠯᠦᠨ᠎ᠡ᠃ ᠠᠷᠢᠭᠤᠨ ᠴᠢᠬᠡᠴᠢ ᠪᠠᠢᠬᠤ ᠪᠣᠯ ᠳᠠᠷᠤᠢᠬᠣᠶᠠᠷᠢ ᠤᠬ᠍ᠳᠤ ᠠᠭᠤᠴᠢᠯᠠᠬᠤ ᠦᠭᠡᠢ》 ᠱᠠᠭᠠᠷᠳᠠᠯᠭ᠎ᠠ ᠶᠣᠰᠣᠭᠠᠷ ᠢᠯᠵᠢᠷᠠᠬᠦ᠎ᠡᠴᠡ ᠵᠢᠷᠦᠬᠡᠱᠢᠶᠡᠬᠦ᠌᠂ ᠢᠯᠵᠢᠷᠠᠵᠤ ᠪᠣᠯᠬᠤ ᠦᠭᠡᠢ᠂ ᠢᠯᠵᠢᠷᠠᠬᠦ᠎ᠶ᠋ᠢ ᠪᠤᠳᠤᠬᠤ ᠦᠭᠡᠢ ᠪᠠᠢᠬᠤ᠎ᠶ᠋ᠢ ᠨᠢᠭᠡ ᠴᠤᠬ᠍ᠴᠠᠵᠢᠭᠤᠯᠤᠨ ᠠᠬᠢᠭᠤᠯᠵᠤ᠂ ᠰᠠᠢ᠌ᠨ ᠰᠠᠢᠬᠠᠨ ᠤᠯᠤᠰ ᠲᠦᠷᠦ᠍᠎ᠶ᠋ᠢᠨ ᠠᠮᠢ ᠠᠬᠤᠢ᠎ᠪᠠᠷ ᠰᠠᠢ᠌ᠨ ᠰᠠᠢᠬᠠᠨ ᠴᠢᠳᠠᠪᠤᠷᠢᠲᠠᠨ ᠤ ᠣᠷᠴᠢᠨ ᠨᠦᠬᠦᠴᠡᠯ᠂ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ᠂ ᠵᠠᠰᠠᠭ᠎ᠤᠨ ᠶᠠᠪᠤᠳᠠᠯ ᠤᠨ ᠣᠷᠴᠢᠨ ᠨᠦᠬᠦᠴᠡᠯ᠂ ᠱᠢᠨ᠎ᠡ᠎ᠶ᠋ᠢ ᠡᠭᠦᠳᠬᠦ᠌ ᠣᠷᠴᠢᠨ ᠨᠦᠬᠦᠴᠡᠯ᠂ ᠶᠠᠷᠢᠶ᠎ᠠ ᠬᠡᠯᠡᠯᠴᠡᠭᠡᠨ ᠦ ᠣᠷᠴᠢᠨ ᠨᠦᠬᠦᠴᠡᠯ ᠢ ᠪᠦᠷᠢᠯᠳᠦᠭᠦᠯᠬᠦ᠌᠎ᠶ᠋ᠢ ᠬᠦᠲᠦᠯᠦᠨ ᠳᠠᠭᠠᠭᠤᠯᠬᠤ ᠶᠠᠪᠤᠳᠠᠯ ᠪᠣᠯᠤᠨ᠎ᠠ᠃
(ᠵᠤᠬᠢᠶᠠᠭᠴᠢ ᠪᠤᠯ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠢᠨ ᠱᠦᠵᠢ ᠂ ᠦᠪᠡᠷᠳᠡᠬᠡᠨ ᠵᠠᠰᠠᠬᠤ ᠤᠷᠤᠨ ᠤ ᠠᠷᠠᠳ᠎ᠤᠨ ᠲᠦᠯᠦᠬᠡᠯᠡᠭᠴᠢᠳ᠎ᠤᠨ ᠶᠡᠬᠡ ᠬᠤᠷᠠᠯ᠎ᠤᠨ ᠪᠠᠢᠩᠭᠤ ᠵᠢᠨ ᠬᠤᠷᠢᠶ᠎ᠠ ᠵᠢᠨ ᠡᠷᠬᠢᠯᠡᠭᠴᠢ)
(2026 ᠣᠨ᠎ᠤ 3 ᠰᠠᠷ᠎ᠠ᠎ᠶ᠋ᠢᠨ 5 ᠤ᠋ ᠡᠳᠦᠷ᠎ᠦᠨ 《ᠱᠢᠨᠬᠤᠸᠠ ᠡᠳᠦᠷ ᠪᠦᠷᠢ᠎ᠶ᠋ᠢᠨ ᠴᠠᠬᠢᠯᠭᠠᠨ ᠮᠡᠳᠡᠭᠡ》 ᠡᠴᠡ ᠰᠢᠯᠵᠢᠭᠦᠯᠪᠡ)