ᠮᠠᠨ᠎ᠤ ᠣᠷᠣᠨ᠎ᠤ 1 ᠬᠠᠮᠲᠤ 2 ᠬᠤᠪᠢ ᠬᠥᠮᠦᠨ ᠲᠤᠰ ᠢᠷᠠᠭᠤ ᠠᠯᠳᠠᠷ᠎ᠢ ᠬᠦᠷᠳᠡᠵᠠᠢ
ᠤᠢ᠍ᠢᠷ᠎ᠠ᠎ᠳᠤ᠂ ᠲᠥᠪ᠎ᠦᠨ ᠤᠬᠠᠭᠤᠯᠬᠤ ᠬᠡᠯᠲᠡᠰ᠎ᠡᠴᠡ ᠠᠷᠪᠠᠨ ᠨᠢᠭᠡᠳᠦᠭᠡᠷ ᠪᠦᠯᠦᠭ᠎ᠦᠨ ᠪᠦᠬᠦ᠌ ᠤᠯᠤᠰ᠎ᠤᠨ ᠠᠵᠢᠯ᠎ᠤᠨ ᠪᠠᠢᠷᠢ ᠲᠡᠭᠡᠷ᠎ᠡ ᠪᠠᠨ ᠯᠸᠢ ᠹᠸᠩ ᠡᠴᠡ ᠰᠤᠷᠤᠯᠴᠠᠭ᠍ᠰᠠᠠ ᠪᠢᠶᠤᠤᠪᠢᠩᠢ ᠨᠡᠷᠡᠢᠳᠴᠦ᠍᠂ ᠮᠠᠨ᠎ᠤ ᠣᠷᠣᠨ᠎ᠤ 1 ᠬᠠᠮᠲᠤ 2 ᠬᠤᠪᠢ ᠬᠥᠮᠦᠨ ᠲᠤᠰ ᠢᠷᠠᠭᠤ ᠠᠯᠳᠠᠷ᠎ᠢ ᠬᠦᠷᠳᠡᠪᠡ᠃ ᠡᠭᠦᠨ᠎ᠳᠦ᠂ ᠱᠢᠯᠢ᠎ᠶ᠋ᠢᠨ ᠭᠤᠤᠯ ᠠᠢᠮᠠᠭ᠎ᠤᠨ ᠪᠠᠷᠠᠭᠤᠨ ᠦᠵᠦᠮᠦᠴᠢᠨ ᠬᠣᠱᠢᠭᠤᠨ᠎ᠤ ᠭᠠᠯ ᠰᠡᠷᠭᠡᠢᠯᠡᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠬᠡ ᠠᠩᠭᠢ ᠨᠢ 《ᠠᠷᠪᠠᠨ ᠨᠢᠭᠡᠳᠦᠭᠡᠷ ᠪᠦᠯᠦᠭ᠎ᠤᠨ ᠪᠥᠬᠥ᠌ ᠤᠯᠤᠰ᠎ᠤᠨ ᠠᠵᠢᠯ᠎ᠤᠨ ᠪᠠᠢᠷᠢᠲᠡᠭᠡᠷᠡ ᠪᠠᠨ ᠯᠧᠢ ᠹᠧᠩ᠎ᠡᠴᠡ ᠰᠤᠷᠤᠯᠴᠠᠭ᠍ᠰᠠᠨ ᠪᠢᠶᠤᠤᠪᠢᠩ᠎ᠤᠨ ᠬᠠᠮᠲᠤ》 ᠪᠠᠷ ᠨᠡᠷᠡᠢᠳᠦᠭ᠌ᠳᠡᠪᠡ; ᠳᠤᠮᠳᠠᠳᠤ ᠤᠯᠤᠰ᠎ᠤᠨ ᠲᠡᠮᠦᠷ ᠵᠠᠮ᠎ᠤᠨ ᠬᠥᠬᠡᠬᠣᠲᠠ᠎ᠶ᠋ᠢᠨ ᠲᠣᠪᠴᠢᠶ᠎ᠠ᠎ᠶ᠋ᠢᠨ ᠪᠦᠯᠦᠭ᠌ᠯᠡᠯᠬᠢᠵᠠᠭᠠᠷᠲᠤ ᠺᠣᠮᠫᠠᠨᠢ᠎ᠶ᠋ᠢᠨ ᠪᠤᠭᠤᠲᠤ᠎ᠶ᠋ᠢᠨ ᠠᠶᠠᠨᠴᠢᠳ᠎ᠤᠨ ᠲᠡᠭᠡᠭᠡᠪᠦᠷᠢ᠎ᠶ᠋ᠢᠨ ᠬᠡᠰᠡᠭ᠎ᠦᠨ ᠲᠦᠷᠭᠡᠨ᠎ᠤ ᠲᠡᠮᠦᠷ ᠵᠠᠮ᠎ᠤᠨ ᠠᠩᠭᠢ᠎ᠶ᠋ᠢᠨ ᠴᠦᠩᠴᠢᠩ᠎ᠦᠨ ᠬᠣᠶᠠᠳᠤᠭᠠᠷ ᠳᠤᠭᠤᠢᠯᠠᠩ᠎ᠤᠨ ᠭᠠᠯᠲᠤ ᠲᠡᠷᠭᠡᠨ᠎ᠦ ᠳᠠᠷᠤᠭ᠎ᠠ᠂ 《ᠲᠠᠪᠤᠨ ᠥᠩᠭᠡᠲᠦ ᠬᠠᠳᠠᠭ》 ᠦᠶ᠋ᠯᠡᠴᠢᠯᠡᠭᠡᠨ᠎ᠦ ᠠᠩᠭᠢ᠎ᠶ᠋ᠢᠨ ᠳᠠᠷᠤᠭ᠎ᠠ ᠸᠠᠩ ᠵᠢᠶᠠᠨ ᠹᠧᠩ᠂ ᠬᠢᠩᠭᠠᠨ ᠠᠢᠮᠠᠭ᠎ᠤᠨ ᠵᠠᠯᠠᠢᠳ ᠬᠣᠱᠢᠭᠤᠨ᠎ᠤ ᠠᠪᠤᠷᠠᠨ ᠲᠤᠰᠠᠯᠠᠬᠤ ᠥᠷᠲᠡᠭᠡ (ᠨᠠᠰᠤᠨ᠎ᠳᠤ ᠥᠯᠥ᠍ ᠭᠦᠷᠦᠭ᠌ᠰᠡᠳ᠎ᠢ ᠬᠠᠮᠠᠭᠠᠯᠠᠬᠤ ᠲᠥᠪ) ᠶ᠋ᠢᠨ ᠳᠠᠷᠤᠭ᠎ᠠ ᠸᠠᠩ ᠱᠤ᠌ ᠰᠸᠨ 《ᠠᠷᠪᠠᠨ ᠨᠢᠭᠡᠳᠦᠭᠡᠷ ᠪᠦᠯᠦᠭ᠎ᠦᠨ ᠪᠥᠬᠥ᠌ ᠤᠯᠤᠰ᠎ᠤᠨ ᠠᠵᠢᠯ᠎ᠤᠨ ᠪᠠᠢᠷᠢᠲᠡᠭᠡᠷᠡ ᠪᠠᠨ ᠯᠸᠢ ᠹᠸᠩ᠎ᠡᠴᠡ ᠰᠤᠷᠤᠯᠴᠠᠭ᠍ᠰᠠᠨ ᠪᠢᠶᠤᠤᠪᠢᠩ᠎ᠤᠨ ᠬᠤᠪᠢ ᠬᠥᠮᠦᠨ》 ᠤ᠋ ᠢᠷᠠᠭᠤ ᠠᠯᠳᠠᠷ᠎ᠤᠨ ᠴᠣᠯᠠ᠎ᠶ᠋ᠢ ᠭᠥᠷᠳᠡᠪᠡ᠃
ᠣᠢᠯᠠᠭᠠᠭ᠍ᠰᠠᠨ᠎ᠢᠶᠠᠷ᠂ ᠲᠣᠰ ᠤᠳᠠᠭ᠎ᠠ ᠨᠡᠷᠡᠢᠳᠦᠭ᠌ᠳᠡᠭᠰᠡᠨ ᠪᠥᠬᠥ᠌ ᠤᠯᠤᠰ᠎ᠤᠨ ᠠᠵᠢᠯ᠎ᠤᠨ ᠪᠠᠢᠷᠢᠲᠡᠭᠡᠷᠡ ᠪᠠᠨ ᠯᠸᠢ ᠹᠸᠩ᠎ᠡᠴᠡ ᠰᠤᠷᠤᠯᠴᠠᠭ᠍ᠰᠠᠨ ᠪᠢᠶᠤᠤᠪᠢᠩ ᠨᠡᠢᠲᠡ 100 ᠪᠣᠶ(ᠬᠠᠮᠲᠤ ᠪᠠ ᠬᠤᠪᠢ ᠬᠥᠮᠦᠨ ᠪᠠᠭ᠍ᠲᠠᠨ᠎ᠠ)᠂ ᠭᠤᠤᠯᠳᠠᠭᠤ ᠠᠵᠤ ᠠᠬᠤᠢᠯᠠᠯ᠂ ᠬᠥᠳᠡᠭᠡ ᠲᠣᠰᠭᠣᠨ᠂ ᠪᠠᠢᠭᠤᠯᠭ᠎ᠠ᠂ ᠰᠤᠷᠭᠠᠭᠤᠯᠢ᠂ ᠨᠡᠢᠭᠡᠮ ᠲᠣᠭᠣᠷᠢᠭ᠂ ᠡᠮᠨᠡᠯᠭᠡ᠎ᠶ᠋ᠢᠨ ᠬᠣᠷᠢᠶ᠎ᠠ᠂ ᠴᠡᠷᠢᠭ ᠠᠩᠭᠢ ᠵᠢᠴᠢ ᠱᠢᠨ᠎ᠡ᠎ᠪᠡᠷ ᠮᠠᠨᠳᠤᠬᠰᠠᠨ ᠬᠦᠷᠢᠶ᠎ᠡ ᠴᠠᠷᠠᠭ᠎ᠠ ᠵᠡᠷᠭᠡ ᠦᠨᠳᠦᠰᠦᠨ ᠱᠠᠲᠤᠨ᠎ᠤ ᠡᠮᠦᠨ᠎ᠡ ᠹᠷᠣᠨᠲ᠎ᠡᠴᠡ ᠢᠷᠡᠭ᠌ᠰᠡᠳ ᠪᠤᠯᠤᠨ᠎ᠠ᠃ ᠲᠡᠳᠡ ᠤᠬᠠᠮᠰᠠᠷ᠎ᠡᠴᠡ᠎ᠪᠠᠨ ᠨᠡᠢᠭᠡᠮ ᠵᠢᠷᠤᠮ᠎ᠤᠨ ᠭᠣᠣᠯᠯᠠᠬᠴᠢ ᠥᠷᠲᠡᠭ᠎ᠦᠨ ᠦᠵᠡᠯᠲᠡ᠎ᠶ᠋ᠢ ᠦᠢᠯᠡᠳᠦᠯᠭᠡᠵᠢᠭᠦᠯᠵᠦ᠍᠂ ᠯᠸᠢ ᠹᠸᠩ᠎ᠤᠨ ᠵᠣᠷᠢᠭ ᠰᠠᠨᠠᠭ᠎ᠠ᠎ᠶ᠋ᠢ ᠶᠡᠬᠡᠪᠡᠷ ᠪᠠᠳᠠᠷᠠᠭᠤᠯᠤᠨ᠂ ᠠᠵᠢᠯ ᠦᠢᠯᠡᠰ᠎ᠢᠶᠡᠨ ᠳᠡᠭᠡᠳᠦᠯᠡᠵᠦ᠍᠂ ᠠᠵᠢᠯᠴᠢ ᠬᠢᠴᠢᠶᠡᠩᠭᠦᠶ ᠵᠢᠳᠬᠦᠨ ᠴᠢᠷᠮᠠᠢᠵᠤ᠂ ᠡᠭᠡᠯ ᠵᠢᠷ᠎ᠦᠨ ᠠᠵᠢᠯ᠎ᠤᠨ ᠪᠠᠢᠷᠢ ᠳᠡᠭᠡᠷ᠎ᠡ᠎ᠪᠡᠨ ᠶᠡᠷᠦ᠍ ᠪᠤᠰᠤ᠎ᠶ᠋ᠢᠨ ᠠᠮᠵᠢᠯᠲᠠ ᠪᠦᠲᠦᠮᠵᠢ ᠭᠠᠷᠭᠠᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠱᠢᠨ᠎ᠡ ᠴᠠᠭ ᠦᠶ᠎ᠡ᠎ᠶ᠋ᠢᠨ ᠯᠸᠢ ᠹᠸᠩ᠎ᠤᠨ ᠦᠯᠢᠭᠡᠷ᠎ᠢ ᠪᠢᠴᠢᠭ᠌ᠯᠡᠭ᠌ᠰᠡᠨ ᠪᠠᠢᠨ᠎ᠠ᠃
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号