ᠤᠷᠢᠬᠠᠨ ᠰᠠᠯᠬᠢ ᠢᠯᠪᠢᠬᠦᠶᠠ᠂ ᠲᠦᠮᠡᠨ ᠪᠣᠳᠠᠰ ᠲᠦᠯᠵᠢᠨ ᠠᠮᠢᠯᠠᠨ᠎ᠠ ᠃ ᠵᠢᠷᠠᠨ ᠭᠤᠷᠪᠠᠳ᠋ᠡᠬᠢ 《ᠯᠸᠢ ᠹᠸᠩ᠎ᠡᠴᠡ ᠰᠤᠷᠤᠯᠴᠠᠬᠤ ᠳᠤᠷᠠᠰᠭᠠᠯ᠎ᠤᠨ ᠡᠳᠦᠷ》 ᠬᠦᠷᠴᠦ᠍ ᠢᠷᠡᠬᠦ᠌ ᠲᠠᠱᠢᠷᠠᠮ᠎ᠢᠶᠠᠷ᠂ ᠬᠣᠲᠠ᠎ᠶ᠋ᠢᠨ ᠠᠭᠤᠳᠠᠮ ᠲᠠᠯᠠᠪᠠᠶ᠎ᠡᠴᠡ ᠨᠡᠢᠭᠡᠮ ᠲᠣᠭᠣᠷᠢᠭ᠎ᠤᠨ ᠬᠦᠷᠢᠶ᠎ᠡ ᠬᠦᠷᠲᠡᠯ᠎ᠡ᠂ ᠭᠣᠪᠢ᠎ᠶ᠋ᠢᠨ ᠭᠦᠨ᠎ᠳᠡᠬᠢ ᠰᠠᠨᠰᠠᠷ᠎ᠤᠨ ᠠᠶᠠᠯᠠᠯ᠎ᠤᠨ ᠬᠠᠷᠪᠤᠯᠲᠠ᠎ᠶ᠋ᠢᠨ ᠲᠠᠯᠠᠪᠠᠶ᠎ᠡᠴᠡ ᠬᠢᠯᠢ ᠬᠢᠵᠠᠭᠠᠷ᠎ᠤᠨ ᠭᠠᠯᠲᠤ ᠲᠡᠷᠭᠡᠨ ᠥᠷᠲᠡᠭᠡ ᠬᠦᠷᠲᠡᠯ᠎ᠡ᠂ ᠯᠸᠢ ᠹᠸᠩ᠎ᠡᠴᠡ ᠰᠤᠷᠤᠯᠴᠠᠬᠤ ᠭᠤᠤᠯ ᠰᠡᠳᠦᠪᠲᠦ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠵᠢᠯᠯᠠᠭ᠎ᠠ ᠪᠤᠯᠭᠠᠨ ᠨᠢ ᠥᠪᠥᠷ ᠮᠣᠩᠭᠣᠯ᠎ᠤᠨ ᠡᠬᠡ ᠭᠠᠵᠠᠷ᠎ᠲᠤ ᠬᠥᠷ ᠬᠥᠭ᠌ᠵᠢᠶᠡᠨᠲᠡᠶ ᠶᠠᠪᠤᠭ᠍ᠳᠠᠨ᠎ᠠ᠃ ᠦᠷᠬᠡᠨ ᠤᠯᠠᠨ ᠰᠠᠢ᠌ᠨ ᠲᠤᠷᠠᠴᠤᠳ ᠬᠠᠯᠠᠭᠤᠨ ᠭᠠᠷ᠎ᠢᠶᠠᠷ ᠵᠢᠡᠨ ᠬᠠᠢᠷ᠎ᠠ ᠬᠠᠯᠠᠮᠵᠢ᠎ᠶ᠋ᠢ ᠳᠠᠮᠵᠢᠭᠤᠯᠵᠤ᠂ ᠪᠣᠳᠠᠲᠤ ᠠᠵᠢᠯᠯᠠᠭ᠎ᠠ᠎ᠪᠠᠷ᠎ᠢᠶᠠᠨ ᠬᠤᠪᠢ ᠨᠡᠮᠡᠷᠢᠦᠵᠡᠬᠦᠯᠵᠤ᠂ ᠯᠸᠢ ᠹᠸᠩ᠎ᠤᠨ ᠵᠣᠷᠢᠭ ᠰᠠᠨᠠᠭ᠎ᠠ ᠥᠪᠥᠷ ᠮᠣᠩᠭᠣᠯ᠎ᠳᠤ ᠶᠠᠪᠤᠬᠤ ᠲᠤᠳᠤᠮ ᠭᠡᠷᠡᠯ ᠭᠢᠯᠪᠠᠭ᠎ᠠ ᠰᠠᠴᠤᠷᠠᠭᠤᠯᠤᠨ᠎ᠠ᠃
3 ᠰᠠᠷ᠎ᠠ᠎ᠶ᠋ᠢᠨ 4 ᠤ ᠬᠥᠬᠡᠬᠣᠲᠠ᠎ᠶ᠋ᠢᠨ ᠢᠤᠢ᠍ᠢᠴᠢᠤᠸᠠᠨ ᠲᠣᠭᠣᠷᠢᠭ᠎ᠤᠨ ᠶᠡᠬᠡ ᠵᠤᠤ ᠠᠭᠤᠳᠠᠮ ᠲᠠᠯᠠᠪᠠᠢ ᠳᠦ ᠬᠠᠢᠷ᠎ᠠ ᠵᠢᠨ ᠬᠠᠯᠬᠢᠶ᠎ᠠ ᠲᠤᠯᠬᠢᠶᠠᠯᠠᠨᠠ᠃ 《 ᠲᠦᠮᠡᠨ ᠠᠭ᠍ᠲᠠ᠎ᠶ᠋ᠢᠨ ᠲᠦᠪᠡᠷᠭᠡᠨ 》 ᠭᠡᠮᠡᠬᠦ᠌ ᠮᠣᠷᠢᠨ ᠬᠤᠭᠤᠷ᠎ᠤᠨ ᠰᠦᠷ ᠵᠢᠪᠬᠤᠭᠠᠲᠤ ᠬᠥᠭ ᠠᠶᠠᠰ᠎ᠤᠨ ᠲᠤᠮᠳᠠ᠂ 《ᠰᠠᠢᠨ ᠳᠤᠷ᠎ᠠ᠎ᠡᠴᠡ ᠪᠡᠨ ᠦᠶ᠋ᠯᠡᠴᠢᠯᠡᠨ ᠯᠸᠢ ᠹᠸᠩ᠎ᠡᠴᠡ ᠰᠤᠷᠤᠯᠴᠠᠬᠤᠢ ᠪᠣᠯᠪᠠᠰᠤᠨ᠎ᠤ ᠦᠶ᠋ᠯᠡᠳᠦᠯᠭᠡ᠎ᠶ᠋ᠢᠨ ᠠᠵᠢᠯᠯᠠᠭ᠎ᠠ᠎ᠳᠤ ᠤᠷᠤᠯᠴᠠᠶ᠎ᠠ》ᠭᠡᠬᠦ᠌ ᠭᠤᠤᠯ ᠰᠡᠳᠦᠪᠲᠦ ᠠᠵᠢᠯᠯᠠᠭ᠎ᠠ ᠡᠬᠢᠯᠡᠪᠡ᠃ ᠠᠭᠤᠳᠠᠮ ᠲᠠᠯᠠᠪᠠᠢ ᠳᠡᠭᠡᠷ᠎ᠡ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ 47 ᠦᠵᠡᠭᠦᠯᠭᠡ᠎ᠶ᠋ᠢᠨ ᠪᠠᠢᠷᠢ ᠲᠡᠷᠢ ᠲᠡᠭ᠌ᠰᠢ ᠵᠢᠭ᠍ᠰᠠᠵᠤ᠂ ᠡᠳᠡᠭᠡᠳ ᠤᠨᠴᠠᠭᠠᠢ ᠦᠵᠡᠮᠵᠢ᠎ᠶ᠋ᠢ ᠪᠦᠷᠢᠯᠳᠦᠭᠦᠯᠵᠡᠢ᠃ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡᠨ᠎ᠦ ᠲᠣᠭᠣᠷᠢᠭ᠎ᠲᠤ᠂ ᠥᠪᠥᠷ ᠮᠣᠩᠭᠣᠯ᠎ᠤᠨ ᠵᠢᠷᠦᠬᠡ ᠲᠠᠷᠢᠬᠢ ᠴᠢᠰᠤᠨ ᠰᠤᠳᠠᠯ᠎ᠤᠨ ᠡᠮᠨᠡᠯᠭᠡ᠎ᠶ᠋ᠢᠨ ᠬᠣᠷᠢᠶ᠎ᠠ᠂ ᠥᠪᠥᠷ ᠮᠣᠩᠭᠣᠯ᠎ᠤᠨ ᠬᠢᠲᠠᠳ ᠡᠮᠨᠡᠯᠭᠡ᠎ᠶ᠋ᠢᠨ ᠬᠣᠷᠢᠶᠠᠨ᠎ᠤ ᠡᠮᠴᠢᠯᠡᠭᠡᠨ᠎ᠦ ᠰᠠᠢᠨ ᠳᠤᠷᠠᠴᠤᠳ ᠰᠠᠭᠤᠭᠠᠯᠢ ᠠᠷᠠᠳ᠎ᠲᠤ ᠰᠤᠳᠠᠯ ᠪᠠᠷᠢᠵᠤ ᠡᠪᠡᠳᠴᠢᠨ ᠦᠵᠡᠵᠦ᠂ ᠴᠢᠰᠤᠨ ᠱᠢᠬᠢᠷ᠎ᠢ ᠨᠢ ᠬᠡᠮᠵᠢᠨ ᠦᠭᠬᠦᠨ᠎ᠠ᠃ ᠬᠣᠲᠠ᠎ᠶ᠋ᠢᠨ ᠠᠷᠠᠳ ᠸᠠᠩ ᠹᠠᠩ ᠠᠯᠪᠠᠨ ᠵᠢᠷᠤᠮ᠎ᠤᠨ ᠡᠮᠴᠢᠯᠡᠭᠡ᠎ᠶ᠋ᠢ ᠬᠦᠯᠢᠶᠡᠭ᠌ᠰᠡᠨᠦ ᠳᠠᠷᠠᠭ᠎ᠠ᠂ ᠴᠢᠷᠠᠶ᠎ᠳᠠᠭᠠᠨ ᠢᠨᠢᠶᠡᠮᠰᠦᠭ᠌ᠯᠡᠯ ᠲᠣᠳᠣᠷᠠᠭᠤᠯᠵᠤ᠄《ᠬᠡᠷ᠎ᠦᠨ᠎ᠢᠶᠡᠨ ᠡᠭᠦᠳᠡᠨ᠎ᠳᠦ ᠡᠢᠮᠦᠷᠬᠦᠦ ᠦᠶ᠋ᠯᠡᠴᠢᠯᠡᠭᠡ᠎ᠶ᠋ᠢ ᠬᠦᠷᠲᠡᠭᠰᠡᠨ᠎ᠳᠡᠭᠡᠨ ᠮᠠᠰᠢ ᠬᠠᠯᠠᠭᠤᠨ ᠲᠤᠯᠠᠭᠠᠨ ᠰᠠᠨᠠᠭᠳᠠᠵᠤ ᠪᠠᠢᠨ᠎ᠠ》 ᠭᠡᠵᠡᠢ᠃
ᠠᠳᠠᠯᠢᠬᠠᠨ ᠬᠠᠢᠷ᠎ᠠ ᠬᠠᠯᠠᠮᠵᠢ ᠵᠢ ᠬᠥᠬᠡᠬᠣᠲᠠ᠎ᠶ᠋ᠢᠨ ᠲᠦᠮᠡᠳ ᠵᠡᠭᠦᠨ ᠬᠣᠱᠢᠭᠤᠨ᠎ᠤ ᠴᠠᠭᠠᠰᠤᠴᠢ ᠪᠠᠯᠭᠠᠰᠤᠨ᠎ᠳᠤ ᠦᠷᠭᠦᠯᠵᠢᠯᠡᠨ ᠲᠠᠮᠵᠢᠭᠤᠯᠪᠠ᠃ ᠪᠥᠬᠥ᠌ ᠬᠣᠱᠢᠭᠤᠨ᠎ᠤ 39 ᠨᠢᠭᠡᠴᠢ ᠪᠠ ᠨᠡᠢᠭᠡᠮ᠎ᠦᠨ ᠵᠣᠬᠢᠶᠠᠨ ᠪᠠᠢᠭᠤᠯᠤᠯᠲᠠ ᠲᠥᠪᠯᠡᠷᠡᠭᠦᠯᠦᠨ ᠦᠶ᠋ᠯᠡᠴᠢᠯᠡᠭᠡ ᠥᠷᠨᠢᠭᠦᠯᠵᠦ᠍᠂ ᠣᠨᠣᠯ᠎ᠤᠨ ᠤᠬᠠᠭᠤᠯᠤᠨ ᠲᠠᠢᠯᠪᠦᠷᠢᠯᠠᠯᠲᠠ᠂ ᠰᠣᠶᠣᠯ ᠤᠷᠠᠯᠢᠭ᠂ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡ᠂ ᠱᠢᠨᠵᠢᠯᠡᠬᠦ᠌ ᠤᠬᠠᠭᠠᠨ᠎ᠤ ᠮᠡᠳᠡᠯᠬᠡ᠎ᠵᠢ ᠲᠦᠭᠡᠮᠡᠯᠵᠢᠭᠦᠯᠬᠦ᠌ ᠤᠬᠠᠭᠤᠯᠭ᠎ᠠ ᠵᠡᠷᠭᠡ ᠳᠥᠷᠪᠡᠨ ᠶᠡᠬᠡ ᠲᠤᠰᠭᠠᠶ ᠲᠣᠭᠣᠷᠢᠭ ᠭᠠᠷᠭᠠᠪᠠ᠃ ᠴᠢᠰᠤ ᠬᠠᠨᠳᠢᠪᠯᠠᠬᠤ ᠲᠡᠷᠭᠡ᠎ᠶ᠋ᠢᠨ ᠡᠮᠦᠨ᠎ᠡ ᠬᠥᠮᠦᠰ ᠤᠷᠲᠤ ᠭᠡᠭᠴᠢ ᠮᠦᠷᠯᠡᠵᠦ ᠪᠠᠢᠯ᠎ᠠ᠂ ᠵᠠᠰᠠᠵᠤ ᠴᠢᠮᠡᠭ᠌ᠯᠡᠬᠦ᠌ ᠠᠵᠢᠯᠴᠢᠨ ᠴᠧᠨ ᠵᠢᠶᠠᠨ ᠮᠢᠩ ᠨᠢᠭᠡᠨᠲᠡ ᠵᠢᠷᠭᠤᠭᠠᠳᠠᠬᠢ ᠤᠳᠠᠭ᠎ᠠ ᠴᠢᠰᠤ ᠬᠠᠨᠳᠢᠪᠯᠠᠭᠰᠠᠨ ᠪᠠᠢᠵᠠᠢ᠂ ᠲᠡᠷᠡ᠄ 《ᠴᠢᠰᠤ ᠬᠠᠨᠳᠢᠪᠯᠠᠪᠠᠯ ᠪᠤᠰᠤᠳ᠎ᠢ ᠠᠪᠤᠷᠠᠵᠤ ᠳᠡᠢᠯᠦᠨ᠎ᠡ᠂ ᠦᠴᠦᠬᠡᠨ ᠴᠤ᠌ ᠭᠡᠰᠡᠨ ᠬᠤᠪᠢ ᠨᠡᠮᠡᠷᠢ ᠪᠡᠨ ᠦᠵᠡᠭᠦᠯᠦᠶ᠎ᠡ》 ᠭᠡᠵᠡᠢ᠃ ᠲᠡᠬᠦᠨ᠎ᠤ ᠪᠣᠷᠣᠭ᠍ᠵᠢᠭᠤᠨ ᠦᠭᠡ ᠶᠠᠷᠢᠶ᠎ᠠ ᠨᠢ ᠯᠸᠢ ᠹᠸᠩ᠎ᠤᠨ ᠵᠣᠷᠢᠭ ᠰᠠᠨᠠᠭᠠᠨ᠎ᠤ ᠭᠤᠤᠯ ᠠᠭᠤᠯᠭ᠎ᠠ᠎ᠶ᠋ᠢ ᠬᠠᠷᠠᠭᠤᠯᠵᠠᠶ᠃
ᠨᠡᠢᠭᠡᠮ ᠲᠣᠭᠣᠷᠢᠭ ᠪᠣᠯ ᠬᠡᠷ᠎ᠦᠨ ᠡᠭᠦᠳᠡᠨ᠎ᠳᠡᠬᠢ ᠬᠠᠯᠠᠭᠤᠨ ᠳᠤᠯᠠᠭᠠᠨ ᠥᠷᠲᠡᠭᠡ ᠶᠤᠮ᠂ ᠲᠡᠷᠭᠡᠨ ᠥᠷᠲᠡᠭᠡ᠂ ᠠᠭᠤᠳᠠᠮ ᠲᠠᠯᠠᠪᠠᠶ ᠵᠡᠷᠭᠡ ᠬᠥᠮᠦᠨ ᠬᠠᠷ᠎ᠠ ᠲᠥᠪᠯᠡᠷᠡᠭ᠌ᠰᠡᠨ ᠣᠯᠠᠨ ᠨᠡᠢᠲᠡ᠎ᠶ᠋ᠢᠨ ᠲᠠᠯᠠᠪᠤᠷ ᠨᠢ ᠬᠠᠷᠢᠨ ᠬᠣᠲᠠ᠎ᠶ᠋ᠢᠨ ᠪᠣᠯᠪᠠᠰᠤᠨ᠎ᠢ ᠳᠠᠮᠵᠢᠭᠤᠯᠬᠤ ᠴᠢᠬᠤᠯᠠ ᠴᠣᠩᠬᠣᠪᠴᠢ ᠪᠤᠯᠤᠨ᠎ᠠ᠃
ᠬᠥᠯᠥᠨ ᠪᠤᠢ᠌ᠷ᠎ᠤᠨ ᠭᠡᠭᠡᠨ ᠭᠣᠣᠯ ᠤ᠋ᠨ ᠭᠠᠯᠲᠤ ᠲᠡᠷᠭᠡᠨ ᠦᠷᠳᠡᠭᠡ᠎ᠳᠦ ᠵᠠᠯᠠᠭᠤ ᠰᠠᠢ᠌ᠨ ᠳᠤᠷᠠᠴᠤᠳ ᠲᠡᠷᠭᠡ ᠬᠦᠯᠢᠶᠡᠬᠦ᠌ ᠲᠠᠰᠤᠭ ᠪᠣᠯᠤᠨ ᠥᠷᠲᠡᠭᠡᠨ᠎ᠦ ᠶᠡᠨᠳᠡᠷ᠎ᠦᠨ ᠬᠣᠭᠣᠷᠣᠨᠳᠣ ᠰᠦᠯᠵᠢᠯᠳᠦᠵᠦ᠍᠂ ᠠᠶᠠᠨᠴᠢᠳ ᠤ᠋ᠨ ᠪᠤᠭᠤᠳᠠᠯ ᠪᠤᠭᠴᠤ ᠵᠢ ᠳᠠᠮᠨᠠᠨ ᠦᠭᠴᠤ᠂ ᠪᠢᠯᠧᠲ ᠬᠤᠳᠠᠯᠳᠤᠨ ᠠᠪᠬᠤ᠎ᠶ᠋ᠢ ᠬᠦᠳᠦᠯᠦᠨ ᠵᠢᠯᠣᠭᠣᠳᠤᠨ᠎ᠠ᠃ ᠭᠡᠭᠡᠨ ᠭᠤᠤᠯ ᠥᠷᠲᠡᠭᠡ᠎ᠶ᠋ᠢᠨ ᠲᠣᠮᠢᠯᠠᠭ᠍ᠰᠠᠨ ᠰᠠᠯᠪᠤᠷᠢ᠎ᠶ᠋ᠢᠨ ᠠᠷᠠᠳ᠎ᠤᠨ ᠴᠠᠭ᠍ᠳᠠᠭ᠎ᠠ ᠹᠦ᠋ ᠱᠸᠨ᠄ 《ᠮᠠᠨ᠎ᠤ 〈ᠴᠠ ᠪᠤᠭᠤ〉 ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ ᠪᠣᠳᠠᠲᠤ ᠠᠵᠢᠯᠯᠠᠭ᠎ᠠ᠎ᠪᠠᠷ᠎ᠢᠶᠠᠨ ᠠᠶᠠᠨᠴᠢᠳ᠎ᠲᠤ ᠲᠡᠮᠦᠷ ᠵᠠᠮ ᠤ᠋ᠨ ᠴᠠᠭ᠍ᠳᠠᠭ᠎ᠠ᠎ᠶ᠋ᠢᠨ ᠬᠠᠢᠷ᠎ᠠ ᠬᠠᠯᠠᠮᠵᠢ᠎ᠶ᠋ᠢ ᠮᠡᠳᠡᠷᠡᠭᠦᠯᠦᠨ᠎ᠠ》 ᠭᠡᠪᠠ᠃
ᠳ᠋ᠦᠩᠹᠧᠩ ᠰᠠᠨᠰᠠᠷ᠎ᠤᠨ ᠠᠶᠠᠯᠠᠯ᠎ᠤᠨ ᠬᠣᠲᠠ᠎ᠳᠤ ᠰᠠᠭᠤᠭ᠎ᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠡᠷᠡᠭ ᠡᠷᠬᠢᠯᠡᠬᠦ᠌ ᠭᠠᠵᠠᠷ᠎ᠨᠢ ᠰᠠᠭᠤᠭ᠎ᠠ ᠨᠢᠭᠡᠴᠢ᠎ᠲᠡᠶ ᠬᠠᠮᠲᠤᠷᠠᠨ᠂ ᠬᠡᠷ᠎ᠦᠨ ᠴᠠᠬᠢᠯᠭᠠᠨ ᠬᠡᠷᠡᠭ᠌ᠰᠡᠯ᠎ᠢ ᠰᠡᠯᠪᠢᠨ ᠵᠠᠰᠠᠬᠤ᠂ ᠳᠤᠭᠤᠶ ᠲᠡᠷᠭᠡ᠎ᠶ᠋ᠢ ᠪᠠᠢᠴᠠᠭᠠᠨ ᠵᠠᠰᠠᠬᠤ᠂ ᠳᠠᠷᠢᠵᠤ ᠲᠡᠵᠢᠭᠡᠬᠦ᠌ ᠮᠡᠷᠭᠡᠵᠢᠯ᠎ᠦᠨ ᠵᠢᠯᠣᠭᠣᠳᠣᠯᠭ᠎ᠠ ᠬᠠᠩᠭᠠᠬᠤ ᠵᠡᠷᠭᠡ ᠠᠷᠠᠳ᠎ᠲᠤ ᠲᠥᠬᠥᠮ ᠦᠵᠡᠭᠦᠯᠬᠦ᠌ ᠦᠶ᠋ᠯᠡᠴᠢᠯᠡᠭᠡ᠎ᠶ᠋ᠢ ᠥᠷᠨᠢᠭᠦᠯᠵᠤ ᠪᠠᠢᠨ᠎ᠠ᠃
ᠪᠤᠳᠠᠳᠤ ᠠᠵᠢᠯᠯᠠᠭ᠎ᠠ ᠪᠡᠷ᠎ᠢᠶᠡᠨ ᠯᠸᠢ ᠹᠸᠩ᠎ᠤᠨ ᠵᠣᠷᠢᠭ ᠰᠠᠨᠠᠭ᠎ᠠ ᠵᠢ ᠤᠯᠠᠮᠵᠢᠯᠠᠨ ᠵᠠᠯᠭᠠᠮᠵᠢᠯᠠᠨ᠎ᠠ᠃ ᠣᠷᠳᠣᠰ ᠬᠣᠲᠠ᠎ᠶ᠋ᠢᠨ ᠵᠡᠭᠦᠨᠭᠠᠷ ᠬᠣᠱᠢᠭᠤᠨ᠎ᠤ ᠨᠢᠭᠡᠳᠦᠭᠡᠷ ᠳᠤᠮᠳᠠᠳᠤ ᠰᠤᠷᠭᠠᠭᠤᠯᠢ᠎ᠳᠤ ᠰᠤᠷᠤᠭ᠍ᠴᠢᠳ᠎ᠤᠨ ᠰᠠᠢᠨ ᠳᠤᠷᠠᠴᠤᠳ ᠬᠡᠦᠬᠡᠳ᠎ᠦᠨ ᠴᠡᠴᠡᠷᠯᠢᠭ᠎ᠲᠦ ᠣᠷᠣᠵᠤ᠂ ᠭᠠᠷ ᠭᠠᠷ᠎ᠢᠶᠠᠨ ᠬᠥᠲᠥᠯᠥᠯᠴᠡᠨ᠂ ᠯᠧᠶ ᠹᠧᠩ᠎ᠦᠨ ᠳᠠᠭᠤᠤ᠎ᠶ᠋ᠢ ᠳᠠᠭᠤᠯᠠᠵᠤ᠂ ᠯᠧᠶ ᠹᠧᠩ᠎ᠦᠨ ᠦᠯᠢᠭᠡᠷ᠎ᠢ ᠶᠠᠷᠢᠵᠤ᠂ ᠠᠰᠪᠤᠷ ᠴᠠᠢᠯᠭᠠᠨ ᠰᠡᠳᠭᠢᠯ ᠪᠣᠯᠤᠨ ᠬᠤᠪᠢ ᠨᠡᠮᠡᠷᠢ ᠦᠵᠡᠭᠦᠯᠬᠦ᠌ ᠦᠷ᠎ᠡ᠎ᠶ᠋ᠢ ᠨᠢᠯᠬ᠎ᠠ ᠬᠡᠦᠬᠡᠳ᠎ᠦᠨ ᠰᠡᠳᠭᠢᠯ᠎ᠳᠦ ᠦᠨᠳᠦᠰᠦᠯᠡᠭᠦᠯᠪᠡ᠃
ᠬᠥᠬᠡᠬᠣᠲᠠ᠎ᠶ᠋ᠢᠨ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ᠎ᠳᠤ ᠪᠠᠭ᠍ᠰᠢ ᠰᠤᠷᠤᠭ᠍ᠴᠢᠳ ᠲᠤᠰᠭᠠᠶ ᠮᠡᠷᠭᠡᠵᠢᠯ᠎ᠦᠨ ᠤᠷ᠎ᠠ ᠴᠢᠳᠠᠪᠤᠷᠢ᠎ᠪᠠᠷ ᠵᠢᠡᠨ ᠬᠥᠳᠡᠭᠡ ᠲᠣᠰᠭᠣᠨ᠎ᠳᠤ ᠦᠶ᠋ᠯᠡᠴᠢᠯᠡᠨᠠ; ᠥᠪᠥᠷ ᠮᠣᠩᠭᠣᠯ᠎ᠤᠨ ᠨᠣᠮ᠎ᠤᠨ ᠰᠠᠩ᠎ᠳᠤ᠂ ᠵᠠᠯᠠᠭᠤ ᠰᠠᠢᠨ ᠳᠤᠷᠠᠴᠤᠳ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠲᠥᠪ᠎ᠲᠦ ᠣᠷᠣᠵᠤ᠂ ᠨᠠᠰᠤᠲᠠᠢᠴᠤᠳ᠎ᠲᠠᠶ ᠬᠠᠮᠲᠤ ᠬᠤᠪᠢᠰᠭᠠᠯ᠎ᠤᠨ ᠰᠣᠩᠭᠣᠳᠠᠭ ᠪᠦᠲᠦᠭᠡᠯ᠎ᠢ ᠤᠩᠱᠢᠵᠤ᠂ ᠨᠠᠰᠤᠳᠠᠢᠴᠤᠳ ᠲᠤ᠌ ᠪᠠᠷ᠎ᠠ ᠪᠤᠯᠵᠤ ᠪᠠᠶᠠᠷᠯᠠᠭᠤᠯᠪᠠ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠪᠯᠡᠯ᠎ᠦᠨ ᠬᠣᠷᠢᠶ᠎ᠠ ᠵᠢᠨ ᠬᠠᠮᠢᠶ᠎ᠠ ᠪᠥᠬᠥᠶ ᠬᠠᠷᠢᠭᠤᠴᠠᠯᠭᠠᠲᠠᠨ᠎ᠤ ᠲᠠᠨᠢᠯᠴᠠᠭᠤᠯᠤᠭ᠍ᠰᠠᠨ᠎ᠢᠶᠠᠷ᠂ 3 ᠰᠠᠷ᠎ᠠ᠎ᠶ᠋ᠢᠨ 5 ᠡᠴᠡ ᠡᠬᠢᠯᠡᠨ᠂ ᠪᠥᠬᠥ᠌ ᠣᠷᠣᠨ᠎ᠤ ᠡᠯ᠎ᠡ ᠱᠠᠲᠤᠨ᠎ᠤ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠵᠣᠬᠢᠶᠠᠨ ᠪᠠᠢᠭᠤᠯᠤᠯᠲᠠ ᠪᠣᠯᠤᠨ ᠵᠠᠯᠠᠭᠤ ᠰᠠᠢᠨ ᠳᠤᠷᠠᠴᠤᠳ᠎ᠤᠨ ᠨᠡᠢᠭᠡᠮᠯᠢᠭ ᠨᠡᠢᠭᠡᠮ ᠲᠣᠭᠣᠷᠢᠭ᠎ᠤᠨ ᠬᠥᠷᠰᠢ ᠵᠡᠷᠭᠡᠯᠡᠳᠡᠭᠡ᠎ᠶ᠋ᠢᠨ ᠪᠠᠶᠠᠷ᠎ᠤᠨ ᠡᠳᠦᠷ᠎ᠢ ᠲᠤᠬᠢᠶᠠᠯᠳᠤᠭᠤᠯᠤᠨ᠂ 《〈ᠠᠷᠪᠠᠨ ᠲᠠᠪᠤᠳᠤᠭᠠᠷ ᠲᠠᠪᠤᠨ ᠵᠢᠯ〉 ᠳ᠋ᠤ ᠭᠠᠪᠢᠶ᠎ᠠ ᠪᠠᠢᠭᠤᠯᠵᠤ᠂ ᠵᠠᠯᠠᠭᠤ ᠨᠠᠰᠤᠨ᠎ᠤ ᠰᠠᠢᠨ ᠳᠤᠷ᠎ᠠ᠎ᠶ᠋ᠢᠨ ᠠᠶᠠᠯᠠᠯ》 ᠬᠡᠬᠦ ᠭᠤᠤᠯ ᠰᠡᠳᠦᠪᠲᠦ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠵᠢᠯᠯᠠᠭ᠎ᠠ᠎ᠶ᠋ᠢ ᠥᠷᠭᠡᠨ᠎ᠢᠶᠡᠷ ᠥᠷᠨᠢᠭᠦᠯᠵᠦ᠍᠂ ᠨᠠᠮ᠎ᠤᠨ ᠪᠠᠢᠭᠤᠯᠤᠯᠲᠠ᠎ᠪᠠᠷ ᠵᠠᠯᠠᠭᠤᠴᠤᠳ᠎ᠤᠨ ᠰᠠᠢᠨ ᠳᠤᠷ᠎ᠠ᠎ᠶ᠋ᠢᠨ ᠦᠶ᠋ᠯᠡᠴᠢᠯᠡᠭᠡ ᠬᠢᠭᠡᠳ ᠨᠡᠢᠭᠡᠮ ᠲᠣᠭᠣᠷᠢᠭ᠎ᠤᠨ ᠵᠠᠰᠠᠯᠲᠠ᠎ᠶ᠋ᠢᠨ ᠬᠠᠷᠢᠯᠴᠠᠨ ᠠᠭᠤᠰᠤᠯᠴᠠᠨ ᠠᠬᠢᠭᠤᠯᠬᠤ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠦᠨ᠎ᠡ᠃ ᠥᠷᠭᠡᠨ ᠣᠯᠠᠨ ᠰᠠᠢᠨ ᠳᠤᠷᠠᠴᠤᠳ 《ᠰᠠᠢᠨ ᠳᠤᠷ᠎ᠠ᠎ᠶ᠋ᠢᠨ ᠤᠮᠠᠷᠠᠲᠤ ᠬᠢᠯᠢ》APP ᠪᠠᠷ ᠳᠠᠮᠵᠢᠨ ᠬᠡᠷᠡᠭ᠌ᠴᠡᠭᠡ ᠪᠠ ᠦᠶ᠋ᠯᠡᠴᠢᠯᠡᠭᠡ᠎ᠶ᠋ᠢ ᠤᠨᠤᠪᠴᠢᠳᠠᠢ ᠵᠣᠯᠭᠠᠭᠤᠯᠵᠦ᠍᠂ ᠯᠸᠢ ᠹᠸᠩ᠎ᠡᠴᠡ ᠰᠤᠷᠤᠯᠴᠠᠬᠤ ᠠᠵᠢᠯᠯᠠᠭ᠎ᠠ᠎ᠶ᠋ᠢ ᠡᠳᠦᠷ ᠲᠤᠲᠤᠮ᠎ᠤᠨ ᠠᠵᠢᠯᠯᠠᠭ᠎ᠠ᠎ᠳᠤ ᠠᠭᠤᠰᠭᠠᠨ ᠪᠠᠢᠩᠭᠤᠵᠢᠭᠤᠯᠵᠤ ᠪᠣᠯᠤᠨ᠎ᠠ᠃
ᠤᠷᠢᠬᠠᠨ ᠰᠠᠯᠬᠢ ᠥᠭ᠌ᠭᠢᠶᠡᠮᠦᠷ ᠬᠤᠷ᠎ᠠ ᠲᠦᠮᠡᠨ ᠪᠣᠳᠠᠰ᠎ᠢ ᠤᠮᠳᠠᠯᠠᠨ᠎ᠠ᠃ ᠡᠨᠡ ᠬᠦ᠌ ᠬᠦᠰᠡᠯ ᠡᠷᠡᠮᠡᠯᠵᠡᠯ᠎ᠢᠶᠡᠷ ᠪᠢᠯᠬᠠᠭ᠍ᠰᠠᠨ ᠤᠷᠢᠬᠠᠨ ᠬᠠᠪᠤᠷ᠎ᠲᠤ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ ᠦᠨᠳᠦᠰᠦᠨ ᠱᠠᠲᠤᠨ᠎ᠳᠤ ᠦᠨᠳᠦᠰᠦᠯᠡᠵᠦ᠍᠂ ᠬᠠᠷᠢᠭᠤᠴᠠᠯᠭ᠎ᠠ ᠡᠭᠦᠷᠭᠡᠯᠡᠨ ᠬᠤᠪᠢ ᠨᠡᠮᠡᠷᠢ ᠦᠵᠡᠭᠦᠯᠵᠦ᠍᠂ ᠬᠠᠯᠠᠭᠤᠨ ᠳᠣᠲᠣᠨᠣ ᠦᠢᠯᠡᠴᠢᠯᠡᠭᠡ᠂ ᠰᠡᠳᠭᠢᠯ᠎ᠢ ᠳᠤᠯᠠᠭᠠᠴᠡᠭᠤᠯᠤᠭ᠍ᠰᠠᠨ ᠡᠯ᠎ᠡ ᠵᠦᠢᠯ᠎ᠤᠨ ᠠᠵᠢᠯᠯᠠᠭ᠎ᠠ ᠪᠡᠷ ᠯᠸᠢ ᠹᠸᠩ᠎ᠤᠨ ᠵᠣᠷᠢᠭ ᠰᠠᠨᠠᠭ᠎ᠠ᠎ᠶ᠋ᠢ ᠥᠪᠥᠷ ᠮᠣᠩᠭᠣᠯ᠎ᠤᠨ ᠡᠬᠡ ᠭᠠᠵᠠᠷ᠎ᠲᠤ ᠦᠶ᠎ᠡ᠎ᠶ᠋ᠢᠨ ᠦᠶ᠎ᠡ ᠤᠯᠠᠮᠵᠢᠯᠠᠨ ᠵᠠᠯᠭᠠᠮᠵᠢᠯᠠᠵᠤ ᠪᠤᠢ᠃