ᠥᠪᠥᠷ ᠮᠣᠩᠭᠣᠯ᠎ᠤᠨ ᠲᠣᠰᠣ᠌ ᠨᠡᠮᠡᠬᠦ ᠮᠠᠰᠢᠨ᠎ᠤ ᠬᠡᠮ ᠦᠢᠯᠡᠳᠬᠦ ᠎ᠶᠢ ᠡᠰᠡᠷᠭᠦᠴᠡᠬᠦ ᠮᠡᠷᠭᠡᠵᠢᠯ ᠨᠢ ᠤᠯᠤᠰ᠎ᠤᠨ ᠡᠭᠦᠳᠦᠯᠲᠡ᠎ᠶᠢᠨ ᠲᠤᠰᠬᠠᠢ ᠠᠰᠢᠭ᠎ᠤᠨ ᠡᠷᠭᠡ ᠵᠢ ᠬᠦᠷᠳᠡᠪᠡ
2026-03-06 10:46:36
ᠵᠣᠬᠢᠶᠠᠭ᠍ᠴᠢ᠄
ᠯᠢ ᠭᠦᠸᠧ ᠫᠢᠩ
ᠣᠩᠱᠢᠭ᠍ᠰᠠᠨ ᠣᠳᠠᠭ᠎ᠠ᠄
★★★☆☆

ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠠᠴᠠ ᠣᠢᠯᠠᠭᠠᠭᠰᠠᠨ ᠵᠢᠡᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠎ᠤ ᠦᠢᠯᠡᠳᠬᠦᠨ᠎ᠦ ᠶᠠᠰᠤ ᠴᠢᠨᠠᠷ ᠎ᠢ ᠰᠢᠯᠭᠠᠨ ᠪᠠᠢᠴᠠᠭᠠᠬᠤ ᠰᠤᠳᠤᠯᠭᠠᠨ᠎ᠤ ᠬᠦᠷᠢᠶᠡᠯᠡᠩ᠎ᠦᠨ ᠪᠡᠶ᠎ᠡ᠎ᠪᠡᠨ ᠳᠠᠭᠠᠭᠠᠵᠤ ᠰᠤᠳᠤᠯᠤᠨ ᠨᠡᠭᠡᠭᠡᠭᠰᠡᠨ《ᠲᠣᠰᠣ᠌ ᠨᠡᠮᠡᠬᠦ ᠮᠠᠰᠢᠨ᠎ᠤ ᠬᠡᠮᠵᠢᠯᠲᠡ᠎ᠶᠢᠨ ᠬᠡᠮ ᠦᠢᠯᠡᠳᠬᠦ ᠎ᠶᠢ ᠪᠠᠢᠴᠠᠭᠠᠨ ᠰᠢᠯᠭᠠᠬᠤ ᠠᠷᠭ᠎ᠠ᠂ ᠲᠣᠨᠣᠭᠯᠠᠯ ᠪᠠ ᠡᠯᠧᠺᠲᠷᠣᠨ  ᠲᠥᠬᠦᠭᠡᠷᠦᠮᠵᠢ》 ᠨᠢ ᠣᠢᠷ᠎ᠠ᠎ᠳᠤ ᠤᠯᠤᠰ ᠎ᠤᠨ ᠡᠭᠦᠳᠦᠯᠲᠡ᠎ᠶᠢᠨ ᠲᠤᠰᠬᠠᠢ ᠠᠰᠢᠭ᠋᠎ᠤᠨ ᠡᠷᠬᠡ ᠣᠯᠭᠣᠯᠲᠠ᠎ᠶᠢ ᠬᠦᠷᠳᠡᠭᠰᠡᠨ ᠪᠠᠢᠨ᠎ᠠ᠃ ᠲᠣᠰ ᠲᠤᠰᠬᠠᠢ ᠠᠰᠢᠭ᠋᠎ᠤᠨ ᠡᠷᠭᠡ ᠵᠢ ᠬᠦᠷᠳᠡᠭᠡᠭᠰᠡᠨ ᠨᠢ ᠥᠪᠥᠷ ᠮᠣᠩᠭᠣᠯ᠎ᠤᠨ ᠲᠣᠰᠣ᠌ ᠨᠡᠮᠡᠬᠦ ᠮᠠᠰᠢᠨ ᠎ᠤ ᠬᠡᠮᠵᠢᠯᠲᠡ᠎ᠶᠢᠨ ᠬᠡᠮ ᠦᠢᠯᠡᠳᠬᠦ ᠎ᠶᠢ ᠡᠰᠡᠷᠭᠦᠴᠡᠬᠦ ᠮᠡᠷᠭᠡᠵᠢᠯ ᠎ᠦᠨ ᠬᠦᠷᠢᠶᠡᠨ ᠎ᠳᠦ ᠴᠢᠬᠤᠯᠠ ᠰᠢᠪᠲᠤᠯᠤᠯᠲᠠ᠎ᠲᠠᠢ ᠪᠣᠯᠤᠭᠰᠠᠨ᠎ᠢ ᠬᠠᠷᠠᠭᠤᠯᠵᠤ ᠪᠠᠢᠬᠤ ᠪᠥᠭᠡᠳ ᠠᠵᠢᠯ ᠲᠥᠷᠥᠯ ᠎ᠦᠨ ᠬᠢᠨᠠᠯᠲᠠ ᠬᠠᠮᠢᠶᠠᠷᠤᠯᠲᠠ᠎ᠶᠢᠨ ᠪᠡᠷᠬᠡ ᠰᠡᠳᠦᠪ᠎ᠢ ᠰᠢᠢᠳᠪᠦᠷᠢᠯᠡᠬᠦ᠎ᠳᠦ ᠬᠦᠴᠦᠲᠡᠢ ᠮᠡᠷᠭᠡᠵᠢᠯ ᠎ᠦᠨ ᠲᠤᠯᠭᠠᠭᠤᠷᠢᠯᠠᠯ ᠬᠠᠩᠭᠠᠭᠰᠠᠨ ᠪᠠᠢᠨ᠎ᠠ᠃

ᠣᠢᠯᠠᠭᠠᠭᠰᠠᠨ᠎ᠢᠶᠠᠷ᠂ ᠲᠣᠰ ᠲᠤᠰᠬᠠᠢ ᠠᠰᠢᠭ᠋ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠢᠯᠡᠳᠬᠦᠨ᠎ᠦ ᠶᠠᠰᠤ ᠴᠢᠨᠠᠷ᠎ᠢ ᠰᠢᠯᠭᠠᠨ ᠪᠠᠢᠴᠠᠭᠠᠬᠤ ᠰᠤᠳᠤᠯᠭᠠᠨ᠎ᠤ ᠬᠦᠷᠢᠶᠡᠯᠡᠩ᠎ᠦᠨ ᠥᠪᠡᠷᠲᠡᠭᠡᠨ ᠵᠠᠰᠠᠬᠤ ᠣᠷᠣᠨ᠎ᠤ ᠭᠣᠣᠯᠳᠠᠯᠭ᠎ᠠ᠎ᠲᠠᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ᠎ᠢ ᠤᠨᠳᠤᠤᠰᠢᠭᠤᠯᠬᠤ ᠲᠥᠯᠥᠪᠯᠡᠭᠡ (ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠢᠶᠡᠷ ᠬᠠᠲᠤᠨ ᠭᠣᠣᠯ᠎ᠤᠨ ᠰᠠᠪᠠ ᠭᠠᠵᠠᠷ ᠎ᠤᠨ ᠠᠮᠢ ᠠᠬᠤᠢ᠎ᠶᠢᠨ ᠬᠠᠮᠠᠭᠠᠯᠠᠯᠲᠠ ᠪᠠ ᠴᠢᠨᠠᠷ ᠰᠠᠢᠲᠠᠢ ᠬᠥᠭᠵᠢᠯᠲᠡ᠎ᠶᠢ ᠲᠤᠯᠭᠠᠭᠤᠷᠢᠯᠠᠬᠤ )᠎ᠶᠢᠨ ᠲᠥᠷᠥᠯ ᠵᠦᠢᠯ ︱ 《ᠵᠣᠬᠢᠶᠠᠮᠠᠯ ᠣᠶᠤᠨ ᠴᠢᠳᠠᠪᠤᠷᠢ ᠳ᠋ᠤ ᠰᠠᠭᠤᠷᠢᠯᠠᠭᠰᠠᠨ ᠲᠣᠰᠣ᠌ (ᠬᠡᠢ)ᠨᠡᠮᠡᠬᠦ ᠥᠷᠲᠡᠭᠡ᠎ᠶᠢᠨ ᠬᠡᠮ ᠦᠢᠯᠡᠳᠬᠦ ᠎ᠶᠢ ᠪᠠᠢᠴᠠᠭᠠᠨ ᠰᠢᠯᠭᠠᠬᠤ ᠰᠢᠰᠲᠧᠮ ᠎ᠦᠨ ᠵᠠᠩᠭᠢᠯᠠᠭ᠎ᠠ᠎ᠶᠢᠨ ᠮᠡᠷᠭᠡᠵᠢᠯ᠎ᠢ ᠰᠤᠳᠤᠯᠤᠨ ᠨᠡᠭᠡᠭᠡᠬᠦ ᠪᠠ ᠬᠡᠷᠡᠭᠯᠡᠬᠦ》 ᠭᠣᠣᠯ ᠦᠷ᠎ᠡ ᠪᠦᠲᠦᠭᠡᠯ᠎ᠦᠨ ᠨᠢᠭᠡ ᠪᠣᠯᠣᠨ᠎ᠠ᠃ ᠲᠣᠰ ᠮᠡᠷᠭᠡᠵᠢᠯ ᠨᠢ ᠣᠳᠣᠬᠠᠨ ᠎ᠤ ᠲᠣᠰᠣ᠌ ᠨᠡᠮᠡᠬᠦ ᠮᠠᠰᠢᠨ ᠎ᠤ ᠵᠥᠭᠡᠯᠡᠨ ᠲᠣᠨᠣᠭ᠎ᠲᠤ ᠬᠡᠮ ᠦᠢᠯᠡᠳᠬᠦ ᠠᠷᠭ᠎ᠠ ᠪᠠᠷᠢᠯ ᠎ᠤᠨ ᠨᠢᠭᠤᠴᠠ ᠳᠠᠯᠳᠠ᠂ ᠢᠯᠡᠷᠡᠭᠦᠯᠬᠦ᠎ᠳᠦ ᠬᠦᠴᠢᠷ᠂ ᠭᠡᠷᠡᠴᠢ ᠠᠪᠬᠤ᠎ᠳᠤ ᠬᠦᠴᠢᠷ ᠵᠡᠷᠭᠡ ᠲᠣᠪᠣᠢᠮ᠎ᠠ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠵᠥᠭᠡᠯᠡᠨ ᠲᠣᠨᠣᠭ᠎ᠤᠨ ᠡᠮᠬᠢᠳᠬᠡᠯ ᠺᠤᠳ᠋ ᠎ᠢ ᠣᠷᠣᠭᠤᠯᠤᠨ ᠠᠪᠴᠢᠷᠠᠬᠤ ᠵᠢ ᠡᠰᠡᠷᠬᠦᠴᠡᠬᠦ ᠵᠡᠷᠭᠡ ᠮᠡᠷᠭᠡᠵᠢᠯ᠎ᠦᠨ ᠠᠷᠭ᠎ᠠ ᠪᠠᠷᠢᠯ ᠎ᠳᠤ ᠰᠢᠨ᠎ᠡ ᠎ᠶᠢ ᠡᠭᠦᠳᠴᠦ᠂ ᠬᠡᠮ ᠦᠢᠯᠡᠳᠬᠦ ᠡᠬᠢ ᠺᠣᠳ᠋᠎ᠢ ᠲᠦᠷᠭᠡᠨ ᠲᠣᠭᠲᠠᠭᠠᠵᠤ᠂ ᠬᠡᠮ ᠦᠢᠯᠡᠳᠬᠦ ᠶᠠᠪᠤᠴᠠ᠎ᠶᠢ ᠪᠦᠷᠢᠨ ᠪᠦᠲᠦᠨ ᠪᠣᠯᠭᠠᠨ᠂ ᠬᠡᠮ ᠦᠢᠯᠡᠳᠬᠦ ᠦᠶ᠋ᠯᠡ ᠠᠵᠢᠯᠯᠠᠭ᠎ᠠ᠎ᠶᠢ ᠣᠨᠣᠪᠴᠢᠲᠠᠶ ᠢᠯᠭᠠᠨ ᠲᠠᠨᠢᠬᠤ ᠵᠢ ᠪᠡᠶᠡᠯᠡᠭᠦᠯᠵᠦ᠂ ᠬᠠᠤᠯᠢ ᠬᠡᠷᠡᠭᠵᠢᠭᠦᠯᠬᠦ ᠬᠦᠴᠢᠷᠳᠡᠯ᠎ᠢ ᠪᠦᠲᠦᠮᠵᠢᠲᠡᠶ ᠰᠢᠢᠳᠪᠦᠷᠢᠯᠡᠵᠦ ᠴᠢᠳᠠᠨ᠎ᠠ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠳᠡᠯᠭᠡ᠎ᠶᠢᠨ ᠥᠮᠴᠢᠯᠡᠬᠦ ᠡᠷᠬᠡ᠎ᠶᠢᠨ ᠬᠠᠮᠠᠭᠠᠯᠠᠯᠲᠠ᠎ᠶᠢᠨ ᠲᠥᠪ ᠎ᠦᠨ ᠪᠥᠬᠥ ᠬᠦᠴᠦᠨ᠎ᠦ ᠳᠡᠮᠵᠢᠯᠭᠡ ᠳᠣᠣᠷ᠎ᠠ᠂ ᠲᠣᠰ ᠲᠤᠰᠬᠠᠢ ᠠᠰᠢᠭ᠋ ᠨᠢ ᠲᠤᠰᠬᠠᠢ ᠠᠰᠢᠭ᠋ ᠎ᠢ ᠤᠷᠢᠳᠴᠢᠯᠠᠨ ᠬᠢᠨᠠᠬᠤ ᠲᠦᠷᠭᠡᠨ ᠬᠢᠨᠠᠨ ᠪᠠᠢᠴᠠᠭᠠᠬᠤ ᠵᠠᠮ᠎ᠢᠶᠠᠷ ᠳᠡᠮᠵᠢᠨ᠂ ᠵᠥᠪᠬᠡᠨ 39 ᠠᠵᠢᠯᠯᠠᠬᠤ ᠡᠳᠦᠷ᠎ᠲᠦ ᠳᠠᠷᠤᠢ ᠡᠷᠬᠡ ᠣᠯᠣᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号