ᠥᠪᠥᠷ ᠮᠣᠩᠭᠣᠯ ᠰᠢᠶᠠᠨ᠎ᠤ ᠬᠡᠪᠴᠢᠶᠡᠨ᠎ᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠎ᠦᠨ ᠰᠢᠨ᠎ᠡ ᠎ᠶᠢ ᠡᠭᠦᠳᠬᠦ ᠴᠢᠳᠠᠪᠤᠷᠢ ᠎ᠶᠢ ᠬᠢᠨᠠᠨ ᠬᠡᠮᠵᠢᠵᠦ ᠦᠨᠡᠯᠡᠭᠰᠡᠨ ᠮᠡᠳᠡᠭᠦᠯᠦᠯᠲᠡ ᠵᠢ ᠨᠡᠢᠲᠡᠯᠡᠪᠡ
2026-03-06 10:50:16
ᠵᠣᠬᠢᠶᠠᠭ᠍ᠴᠢ᠄
ᠪᠠᠢ ᠯᠢᠶᠠᠨ ​
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ ᠎ᠤᠨ ᠥᠪᠡᠷᠲᠡᠭᠡᠨ ᠵᠠᠰᠠᠬᠤ ᠣᠷᠣᠨ ᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠠᠢᠯᠳᠤᠬᠤ ᠪᠣᠳᠣᠯᠭ᠎ᠠ᠎ᠶᠢᠨ ᠰᠤᠳᠤᠯᠭᠠᠨ ᠎ᠤ ᠲᠥᠪ᠎ᠦᠨ ᠲᠦᠷᠦᠭᠦᠬᠡᠨ ᠨᠡᠢᠲᠡᠯᠡᠭᠰᠡᠨ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ  ᠣᠷᠣᠨ ᠎ᠤ 2024 ᠣᠨ᠎ᠤ ᠰᠢᠶᠠᠨ᠎ᠤ ᠬᠡᠪᠴᠢᠶᠡᠨ᠎ᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠎ᠦᠨ ᠰᠢᠨ᠎ᠡ᠎ᠶᠢ ᠡᠭᠦᠳᠬᠦ ᠴᠢᠳᠠᠪᠤᠷᠢ᠎ᠶᠢ ᠬᠢᠨᠠᠨ ᠬᠡᠮᠵᠢᠵᠦ ᠦᠨᠡᠯᠡᠭᠰᠡᠨ ᠮᠡᠳᠡᠭᠦᠯᠦᠯᠲᠡ》 ᠵᠢ ᠦᠨᠳᠦᠰᠦᠯᠡᠪᠡᠯ᠂ ᠥᠪᠥᠷ ᠮᠣᠩᠭᠣᠯ᠎ᠤᠨ 103 ᠬᠣᠰᠢᠭᠤ ᠰᠢᠶᠠᠨ(ᠬᠣᠲᠠ᠂ ᠲᠣᠭᠣᠷᠢᠭ᠋)᠎ᠤ ᠳᠣᠲᠣᠷ᠎ᠠ᠂ ᠬᠥᠬᠡᠬᠣᠲᠠ᠎ᠶᠢᠨ ᠰᠠᠢᠬᠠᠨ ᠲᠣᠭᠣᠷᠢᠭ᠋᠂ ᠪᠤᠭᠤᠲᠤ ᠬᠣᠲᠠ᠎ᠶᠢᠨ ᠬᠥᠨᠳᠡᠯᠡᠨ ᠲᠣᠭᠣᠷᠢᠭ᠋ ᠵᠡᠷᠭᠡ 10 ᠬᠣᠰᠢᠭᠤ ᠰᠢᠶᠠᠨ (ᠬᠣᠲᠠ᠂ ᠲᠣᠭᠣᠷᠢᠭ᠋ )᠎ᠢ ᠨᠢᠭᠡᠳᠦᠭᠡᠷ ᠲᠥᠷᠥᠯ᠎ᠢᠶᠡᠷ ᠦᠨᠡᠯᠡᠵᠦ᠂ ᠬᠥᠬᠡᠬᠣᠲᠠ᠎ᠶᠢᠨ ᠲᠦᠮᠡᠳ ᠵᠡᠭᠦᠨ ᠬᠣᠰᠢᠭᠤ᠂ ᠣᠷᠳᠣᠰ ᠬᠣᠲᠠ᠎ᠶᠢᠨ ᠳᠠᠯᠠᠳ ᠬᠣᠰᠢᠭᠤ ᠵᠡᠷᠭᠡ 15 ᠬᠣᠰᠢᠭᠤ ᠰᠢᠶᠠᠨ (ᠬᠣᠲᠠ᠂ ᠲᠣᠭᠣᠷᠢᠭ᠋)᠎ᠢ ᠬᠣᠶᠠᠳᠤᠭᠠᠷ ᠲᠥᠷᠥᠯ᠎ᠢᠶᠡᠷ ᠦᠨᠡᠯᠡᠵᠦ᠂ ᠦᠯᠡᠳᠡᠭᠰᠡᠨ 78 ᠬᠣᠰᠢᠭᠤ ᠰᠢᠶᠠᠨ(ᠬᠣᠲᠠ᠂ ᠲᠣᠭᠣᠷᠢᠭ᠋)᠎ᠢ ᠭᠤᠷᠪᠠᠳᠤᠭᠠᠷ ᠲᠥᠷᠥᠯ᠎ᠢᠶᠡᠷ ᠦᠨᠡᠯᠡᠵᠡᠢ᠃

ᠰᠢᠨ᠎ᠡ᠎ᠶᠢ ᠡᠭᠦᠳᠬᠦ᠎ᠪᠡᠷ ᠬᠥᠭᠵᠢᠯᠲᠡ᠎ᠶᠢᠨ ᠬᠥᠳᠡᠯᠭᠡᠭᠦᠷ ᠪᠣᠯᠭᠠᠬᠤ ᠪᠠᠢᠯᠳᠤᠬᠤ ᠪᠣᠳᠣᠯᠭ᠎ᠠ᠎ᠶᠢ ᠬᠡᠷᠡᠭᠵᠢᠭᠦᠯᠬᠦ᠎ᠶᠢᠨ ᠰᠠᠭᠤᠷᠢ ᠨᠢ ᠰᠢᠶᠠᠨ᠎ᠤ ᠬᠡᠪᠴᠢᠶᠡᠨ᠎ᠳᠦ ᠪᠠᠢᠵᠤ᠂ ᠠᠮᠢᠵᠢᠷᠠᠯ᠎ᠤᠨ ᠬᠦᠴᠦᠨ ᠨᠢ ᠰᠢᠶᠠᠨ᠎ᠤ ᠬᠡᠪᠴᠢᠶᠡᠨ᠎ᠳᠦ ᠪᠠᠢᠵᠤ᠂ ᠬᠦᠴᠢᠷᠳᠡᠯ ᠨᠢ ᠴᠦ᠍ ᠰᠢᠶᠠᠨ᠎ᠤ ᠬᠡᠪᠴᠢᠶᠡᠨ᠎ᠳᠦ ᠪᠠᠢᠨ᠎ᠠ᠃ ᠠᠩᠬ᠎ᠠ ᠤᠳᠠᠭ᠎ᠠ ᠪᠦᠬᠦ ᠤᠷᠤᠨ᠎ᠤ ᠰᠢᠶᠠᠨ᠎ᠤ ᠬᠡᠪᠴᠢᠶᠡᠨ᠎ᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠴᠢᠳᠠᠪᠤᠷᠢ᠎ᠳᠤ ᠬᠢᠭᠰᠡᠨ ᠪᠦᠬᠦ ᠬᠠᠷᠠᠭᠠᠰᠤ ᠵᠢᠨ ᠦᠨᠡᠯᠡᠯᠲᠡ ᠪᠣᠯᠤᠭᠰᠠᠨ᠎ᠤ ᠬᠤᠪᠢ᠎ᠳᠤ᠂ ᠮᠡᠳᠡᠭᠦᠯᠦᠯᠲᠡ ᠨᠢ ᠰᠢᠶᠠᠨ᠎ᠤ ᠬᠡᠪᠴᠢᠶᠡᠨ᠎ᠦ ᠠᠵᠤ ᠠᠬᠤᠢ᠎ᠶᠢᠨ ᠰᠢᠨ᠎ᠡ᠎ᠶᠢ ᠡᠭᠦᠳᠬᠦ᠂ ᠪᠣᠬᠢᠷᠲᠤᠯ ᠦᠭᠡᠢ᠂ ᠴᠢᠨᠠᠷ ᠰᠠᠢᠲᠠᠢ ᠬᠥᠭᠵᠢᠯᠲᠡ ᠲᠡᠢᠰᠢ ᠤᠷᠤᠭᠰᠢᠯᠠᠬᠤ᠎ᠶᠢ ᠠᠬᠢᠭᠤᠯᠬᠤ᠎ᠳᠤ ᠴᠢᠬᠤᠯᠠ ᠦᠨᠳᠦᠰᠦ ᠪᠠᠷᠢᠮᠲᠠ ᠬᠠᠩᠭᠠᠵᠠᠢ᠃ 2024 ᠣᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠎ᠦᠨ ᠵᠥᠪᠯᠡᠯ᠎ᠦᠨ ᠠᠯᠪᠠᠨ ᠭᠡᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ  ᠣᠷᠣᠨ ᠎ᠤ ᠰᠢᠶᠠᠨ ᠎ᠤ ᠬᠡᠪᠴᠢᠶᠡᠨ ᠎ᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠴᠢᠳᠠᠪᠤᠷᠢ ᠎ᠶᠢ ᠳᠡᠭᠡᠭᠰᠢᠯᠡᠬᠦᠯᠬᠦ ᠠᠵᠢᠯᠯᠠᠭ᠎ᠠ ᠵᠢᠨ ᠬᠡᠷᠡᠭᠵᠢᠬᠦᠯᠬᠦ ᠲᠦᠰᠦᠯ》 ᠎ᠢ ᠨᠡᠢᠳᠡᠯᠡᠵᠤ᠂ ᠰᠢᠶᠠᠨ ᠎ᠤ ᠬᠡᠪᠴᠢᠶᠡᠨ᠎ᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ ᠎ᠶᠢ ᠡᠭᠦᠳᠬᠦ ᠴᠢᠳᠠᠪᠤᠷᠢ᠎ᠶᠢ ᠬᠢᠨᠠᠨ ᠬᠡᠮᠵᠢᠬᠦ ᠦᠨᠡᠯᠡᠯᠳᠡ ᠵᠢᠨ ᠲᠣᠭᠲᠠᠴᠠ᠎ᠶᠢ ᠪᠠᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠲᠤᠬᠠᠢ ᠣᠷᠣᠭᠤᠯᠤᠯᠲᠠ᠂ ᠰᠢᠨ᠎ᠡ᠎ᠶᠢ ᠡᠭᠦᠳᠬᠦ ᠭᠣᠣᠯ ᠴᠣᠭᠴᠠ᠂ ᠰᠢᠨ᠎ᠡ᠎ᠶᠢ ᠡᠭᠦᠳᠬᠦ ᠨᠥᠬᠥᠴᠡᠯ ᠵᠡᠷᠭᠡ 5 ᠲᠠᠯ᠎ᠠ᠎ᠶᠢᠨ 16 ᠵᠦᠢᠯ᠎ᠦᠨ ᠪᠣᠳᠠᠲᠠᠢ ᠭᠦᠢᠴᠡᠳᠬᠡᠯ ᠲᠣᠭ᠎ᠠ ᠎ᠪᠠᠷ ᠳᠠᠮᠵᠢᠭᠤᠯᠤᠨ᠂ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ᠋)᠎ᠤ ᠰᠢᠨ᠎ᠡ᠎ᠶᠢ ᠡᠭᠦᠳᠬᠦ ᠴᠢᠳᠠᠪᠤᠷᠢ᠎ᠳᠤ ᠦᠨᠡᠯᠡᠯᠲᠡ ᠬᠢᠵᠦ᠂ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ᠋)᠎ᠢ ᠨᠢᠭᠡ ᠬᠣᠶᠠᠷ ᠭᠤᠷᠪᠠᠳᠤᠭᠠᠷ ᠲᠥᠷᠥᠯ᠎ᠳᠦ ᠬᠤᠪᠢᠶᠠᠪᠠ᠃ ᠬᠣᠰᠢᠭᠤ ᠰᠢᠶᠠᠨ (ᠬᠣᠲᠠ᠂ ᠲᠣᠭᠣᠷᠢᠭ᠋)᠎ᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠎ᠦᠨ ᠰᠢᠨ᠎ᠡ ᠎ᠶᠢ ᠡᠭᠦᠳᠬᠦ ᠴᠢᠳᠠᠪᠤᠷᠢ᠎ᠪᠠᠨ ᠳᠡᠭᠡᠭᠰᠢᠯᠡᠭᠦᠯᠬᠦ᠎ᠶᠢ ᠵᠣᠷᠢᠭ᠍ᠵᠢᠭᠤᠯᠬᠤ᠎ᠶᠢᠨ ᠲᠤᠰᠠᠳᠠ᠂ ᠠᠩᠬᠠᠨ ᠎ᠤ ᠣᠨ᠎ᠤ ᠬᠢᠨᠠᠨ ᠬᠡᠮᠵᠢᠵᠦ ᠦᠨᠡᠯᠡᠬᠦ᠎ᠳᠦ ᠨᠢᠭᠡᠳᠦᠭᠡᠷ ᠲᠥᠷᠥᠯ᠎ᠳᠦ ᠣᠷᠣᠭᠰᠠᠨ ᠬᠣᠰᠢᠭᠤ ᠰᠢᠶᠠᠨ (ᠬᠣᠲᠠ᠂ ᠲᠣᠭᠣᠷᠢᠭ᠋)ᠳ᠋ᠤ ᠪᠡᠯᠡ ᠮᠥᠩᠭᠥ᠎ᠶᠢᠨ ᠱᠠᠩᠨᠠᠯ ᠨᠥᠬᠥᠪᠦᠷᠢ ᠣᠯᠭᠣᠨ᠎ᠠ;  ᠲᠠᠷᠠᠭᠠᠴᠢ᠎ᠶᠢᠨ ᠣᠨ ᠳ᠋ᠤ ᠲᠠᠰ ᠳᠡᠪᠰᠢᠭᠰᠡᠨ ᠪᠠ ᠨᠡᠷᠡᠰ᠎ᠤᠨ ᠵᠢᠭᠰᠠᠭᠠᠯᠳᠠ ᠨᠢ ᠶᠡᠬᠡ ᠬᠡᠮᠵᠢᠶ᠎ᠡ ᠎ᠪᠡᠷ ᠳᠡᠭᠡᠭᠰᠢᠯᠡᠭᠰᠡᠨ ᠬᠣᠰᠢᠭᠤ ᠰᠢᠶᠠᠨ (ᠬᠣᠲᠠ᠂ ᠲᠣᠭᠣᠷᠢᠭ᠋)᠎ᠳᠤ ᠵᠣᠬᠢᠬᠤ ᠪᠡᠯᠡ ᠮᠥᠩᠭᠥ ᠎ᠶᠢᠨ ᠱᠠᠩᠨᠠᠯ ᠨᠥᠬᠥᠪᠦᠷᠢ ᠣᠯᠭᠣᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号