ᠴᠢᠬᠤᠯᠠ ᠶᠡᠬᠡ ᠬᠠᠭᠤᠴᠢ ᠰᠤᠳᠤᠯᠤᠯ᠎ᠤᠨ ᠢᠯᠡᠷᠡᠭᠦᠯᠦᠯᠲᠡ ᠵᠢ ᠢᠯᠡᠷᠡᠭᠦᠯᠵᠡᠢ
2026-03-06 11:14:38
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠳᠤᠮᠳᠠᠳᠤ ᠤᠯᠤᠰ᠎ᠤᠨ ᠭᠠᠵᠠᠷ ᠰᠢᠨᠵᠢᠯᠡᠭᠡᠨ᠎ᠦ ᠶᠡᠬᠡ ᠰᠤᠷᠭᠠᠭᠤᠯᠢ ( ᠪᠡᠭᠡᠵᠢᠩ ) ᠵᠢᠨ ᠵᠠᠩ ᠰᠢᠤᠢ ᠵᠢᠶᠤᠤ ᠫᠷᠤᠹᠧᠰᠰᠤᠷ᠎ᠦᠨ ᠪᠦᠯᠬᠦᠮ ᠨᠢ ᠥᠪᠥᠷ ᠮᠣᠩᠭᠣᠯ᠎ᠤᠨ ᠤᠯᠠᠭᠠᠨᠬᠠᠳᠠ ᠬᠤᠳᠠ᠎ᠶᠢᠨ ᠬᠡᠰᠢᠭᠲᠡᠨ ᠬᠣᠰᠢᠭᠤᠨ᠎ᠤ ᠳᠠᠯᠠᠢᠨᠠᠭᠤᠷ᠎ᠲᠤ ᠴᠢᠬᠤᠯᠠ ᠶᠡᠬᠡ ᠬᠠᠭᠤᠴᠢ ᠰᠤᠳᠤᠯᠤᠯ᠎ᠤᠨ ᠢᠯᠡᠷᠡᠭᠦᠯᠦᠯᠲᠡ ᠵᠢ᠎ᠢᠯᠡᠷᠡᠭᠦᠯᠵᠡᠢ᠃ ᠥᠪᠥᠷ ᠮᠣᠩᠭᠣᠯ᠎ᠤᠨ ᠥᠨᠳᠥᠷᠯᠢᠭ᠎ᠦᠨ ᠣᠳᠤᠬᠠᠨ ᠪᠣᠯᠲᠠᠯᠠᠬᠢ ᠬᠠᠮᠤᠭ᠎ᠤᠨ ᠡᠷᠲᠡᠨ᠎ᠦ ᠰᠢᠨ᠎ᠡ ᠴᠢᠯᠠᠭᠤᠨ ᠵᠡᠪᠰᠡᠭ᠎ᠦᠨ ᠦᠶ᠎ᠡ᠎ᠶᠢᠨ ᠪᠠᠭᠤᠷᠢ ᠭᠡᠳᠡᠭ᠎ᠢ ᠨᠤᠲᠠᠯᠠᠭᠰᠠᠨ ᠬᠠᠮᠢᠶ᠎ᠠ ᠪᠥᠬᠥᠶ ᠦᠷ᠎ᠠ ᠪᠦᠲᠦᠭᠡᠯ᠎ᠵᠢᠡᠨ ᠣᠯᠠᠨ ᠤᠯᠤᠰ᠎ᠤᠨ ᠡᠷᠳᠡᠮ ᠰᠢᠨᠵᠢᠯᠡᠭᠡᠨ᠎ᠦ ᠬᠤᠭᠤᠴᠠᠭᠠᠲᠤ ᠰᠡᠳᠬᠦᠯ《ᠳᠥᠷᠪᠡᠳᠡᠭᠴᠢ ᠭᠠᠯᠪᠠ᠎ᠶᠢᠨ ᠰᠢᠨᠵᠢᠯᠡᠬᠦ ᠤᠬᠠᠭᠠᠨ᠎ᠤ ᠰᠢᠭᠦᠮᠵᠢ》 ᠳ᠋ᠤ ᠨᠡᠶ᠋ᠢᠲᠡᠯᠡᠪᠡ᠃

ᠲᠣᠰ ᠪᠠᠭᠤᠷᠢ᠎ᠶᠢᠨ ᠬᠥᠮᠦᠨ ᠲᠥᠷᠥᠯᠬᠢᠲᠡᠨ᠎ᠦ ᠠᠵᠢᠯᠯᠠᠭ᠎ᠠ ᠨᠢ ᠣᠲᠣ᠌᠎ᠠᠴᠠ 11753 ᠣᠨ᠎ᠠᠴᠠ 11298 ᠣᠨ᠎ᠤ ᠡᠮᠦᠨ᠎ᠡ ᠡᠬᠢᠯᠡᠵᠦ᠂ ᠣᠲᠣ᠌᠎ᠠᠴᠠ 10502 ᠣᠨ᠎ᠠᠴᠠ 10075 ᠣᠨ᠎ᠤ ᠡᠮᠦᠨ᠎ᠡ ᠬᠦᠷᠦᠭᠡᠳ ᠳᠠᠭᠤᠰᠴᠠᠶ᠂ ᠡᠨᠡ ᠨᠢ ᠪᠠᠷᠠᠭᠤᠨ ᠯᠢᠶᠣᠤᠾᠧ ᠭᠤᠤᠯ᠎ᠤᠨ ᠰᠠᠪᠠ ᠭᠠᠵᠠᠷ᠎ᠤᠨ ᠨᠢᠭᠡᠨᠲᠡ ᠮᠡᠳᠡᠭᠰᠡᠨ ᠬᠠᠮᠤᠭ ᠡᠷᠲᠡᠨ᠎ᠦ ᠰᠢᠶᠤᠤ ᠾᠧ ᠰᠢ᠎ᠶᠢᠨ ᠰᠣᠶᠣᠯ ᠪᠠ ᠰᠢᠩ ᠯᠦᠩ ᠸᠠ᠎ᠶᠢᠨ ᠰᠣᠶᠣᠯ᠎ᠠᠴᠠ 3000 ᠰᠢᠬᠠᠮ ᠵᠢᠯ ᠡᠷᠲᠡ ᠪᠠᠶ᠋ᠢᠵᠤ᠂ ᠲᠤᠬᠠᠶ᠎ᠶᠢᠨ ᠭᠠᠵᠠᠷ᠎ᠤᠨ ᠰᠢᠨ᠎ᠡ ᠴᠢᠯᠠᠭᠤᠨ ᠵᠡᠪᠰᠡᠭ᠎ᠦᠨ ᠡᠷᠲᠡ ᠦᠶ᠎ᠡ ᠵᠢᠨ ᠰᠣᠶᠣᠯ᠎ᠤᠨ ᠱᠠᠲᠤᠨ᠎ᠤ ᠬᠣᠭᠣᠰᠣᠨ᠎ᠢ ᠨᠥᠬᠥᠪᠥᠷᠢᠯᠡᠭᠰᠡᠨ ᠪᠠᠶ᠋ᠢᠨ᠎ᠠ᠃

ᠰᠤᠳᠤᠯᠭᠠᠨ᠎ᠤ ᠪᠦᠯᠬᠦᠮ ᠲᠤᠰ ᠪᠠᠭᠤᠷᠢ᠎ᠠᠴᠠ ᠴᠢᠯᠠᠭᠤᠨ ᠨᠠᠪᠴᠢ᠂ ᠴᠢᠯᠠᠭᠤᠨ ᠢᠯᠲᠠᠰᠤ ᠵᠡᠷᠭᠡ ᠶᠡᠬᠡ ᠬᠡᠮᠵᠢᠶᠡᠨ᠎ᠦ ᠨᠠᠷᠢᠯᠢᠭ᠋ ᠴᠢᠯᠠᠭᠤᠨ ᠵᠡᠪᠰᠡᠭ᠎ᠢ ᠢᠯᠡᠷᠡᠭᠦᠯᠪᠡ᠂ ᠪᠠᠰᠠ 《ᠲᠠᠮᠠᠭ᠎ᠠ ᠳᠠᠷᠤᠭᠰᠠᠨ ᠣᠷᠣᠮ》 ᠲᠠᠢ ᠸᠠᠭᠠᠷ᠎ᠤᠨ ᠢᠯᠲᠠᠰᠤ ᠵᠢᠴᠢ ᠬᠥᠬᠥᠲᠡᠨ ᠠᠮᠢᠲᠠᠨ᠎ᠤ ᠠᠷᠤᠭ ᠶᠠᠰᠤ᠂ ᠰᠢᠳᠦ᠂ ᠰᠠᠪᠠᠷ ᠵᠡᠷᠭᠡ ᠡᠯᠪᠡᠭ ᠴᠢᠯᠠᠭᠤᠵᠢᠮᠠᠯ᠎ᠢ ᠢᠯᠡᠷᠡᠭᠦᠯᠵᠡᠢ᠃ ᠡᠭᠦᠨ᠎ᠳᠦ᠂ ᠣᠲᠣ᠌᠎ᠠᠴᠠ 11200 ᠵᠢᠯ᠎ᠦᠨ ᠡᠮᠦᠨᠡᠬᠢ ᠸᠠᠭᠠᠷ᠎ᠤᠨ ᠢᠯᠲᠠᠰᠤ ᠨᠢ ᠥᠪᠥᠷ ᠮᠣᠩᠭᠣᠯ᠎ᠤᠨ ᠥᠨᠳᠥᠷᠯᠢᠭ᠎ᠦᠨ ᠡᠮᠦᠨᠡᠲᠦ ᠬᠡᠰᠡᠭ᠎ᠦᠨ ᠬᠠᠮᠤᠭ ᠡᠷᠲᠡᠨ᠎ᠦ ᠸᠠᠭᠠᠷ᠎ᠤᠨ ᠭᠠᠷ ᠤᠷᠠᠯᠠᠯ᠎ᠤᠨ ᠣᠨᠴᠠᠯᠢᠭ᠋ ᠪᠠ ᠤᠯᠠᠮᠵᠢᠯᠠᠭᠳᠠᠨ ᠲᠠᠷᠬᠠᠭᠰᠠᠨ ᠵᠠᠮ ᠮᠦᠷ᠎ᠢ ᠢᠯᠡᠷᠡᠭᠦᠯᠦᠭᠰᠡᠨ ᠪᠠᠶ᠋ᠢᠨ᠎ᠠ᠃

 ᠢᠷᠡᠯᠲᠡ᠄ ᠭᠤᠸᠠᠩᠮᠢᠩ ᠡᠳᠦᠷ᠎ᠤᠨ ᠰᠤᠨᠢᠨ᠂ ᠳᠤᠮᠳᠠᠳᠤ ᠤᠯᠤᠰ᠎ᠤᠨ ᠭᠠᠵᠠᠷ ᠰᠢᠨᠵᠢᠯᠡᠭᠡᠨ᠎ᠤ ᠶᠡᠬᠡ ᠰᠤᠷᠭᠠᠭᠤᠯᠢ ᠵᠢᠨ ᠪᠡᠭᠡᠵᠢᠩ᠎ᠤᠨ ᠵᠧᠩᠵᠧᠤ ᠰᠤᠳᠤᠯᠭᠠᠨ᠎ᠤ ᠬᠦᠷᠢᠶᠡᠯᠡᠩ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号