ᠸᠠᠩ ᠬᠤ᠌ ᠨᠢᠩ ᠼᠠᠢ ᠴᠢ ᠡᠷᠬᠢᠨ ᠦᠵᠡᠬᠦ᠌ ᠪᠠ ᠶᠠᠷᠢᠯᠴᠠᠬᠤ᠎ᠳᠤ ᠣᠷᠣᠯᠴᠠᠵᠠᠢ
ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ 6᠎ᠤ᠋ ᠦᠳᠡ᠎ᠶ᠋ᠢᠨ ᠬᠣᠢᠨ᠎ᠠ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ᠎ᠳᠤ ᠣᠷᠣᠯᠴᠠᠵᠤ ᠪᠠᠢᠭ᠎ᠠ ᠲᠠᠷᠢᠶᠠᠴᠢᠨ ᠠᠵᠢᠯᠴᠢᠨ᠎ᠤ ᠠᠷᠠᠳᠴᠢᠯᠠᠭᠰᠠᠨ ᠨᠠᠮ᠂《9·3》᠎ᠤ᠋ ᠡᠷᠳᠡᠮ ᠱᠢᠨᠵᠢᠯᠡᠭᠡᠨ᠎ᠦ ᠨᠡᠢᠭᠡᠮᠯᠢᠭ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠡᠲᠡᠭᠡᠳ᠂ ᠨᠡᠢᠭᠡᠮ᠎ᠦᠨ ᠠᠰᠠᠷᠠᠮᠵᠢ ᠪᠠ ᠨᠡᠢᠭᠡᠮ᠎ᠦᠨ ᠪᠠᠲᠤᠯᠠᠭ᠎ᠠ᠎ᠶ᠋ᠢᠨ ᠡᠲᠡᠭᠡᠳ᠎ᠦᠨ ᠭᠡᠱᠢᠭᠦᠳ᠎ᠢ ᠡᠷᠬᠢᠨ ᠦᠵᠡᠭ᠌ᠰᠡᠨ ᠪᠥᠭᠡᠳ ᠳᠤᠭᠤᠢᠯᠠᠩᠬᠠᠮᠲᠤᠷᠠᠭ᠍ᠰᠠᠨ ᠬᠤᠷᠠᠯ᠎ᠳᠤ ᠣᠷᠣᠯᠴᠠᠵᠤ᠂ ᠰᠠᠨᠠᠯ ᠰᠠᠨᠠᠭᠤᠯᠭ᠎ᠠ ᠵᠢ ᠨᠢ ᠰᠣᠨᠣᠰᠴᠠᠶ᠃ ᠲᠡᠷᠡ᠂ 2035 ᠣᠨ ᠪᠣᠯᠬᠤ᠎ᠳᠤ ᠡᠷᠡᠭᠦᠯ ᠡᠩᠬᠡ ᠳᠤᠮᠳᠠᠳᠤ ᠤᠯᠤᠰ᠎ᠢ ᠪᠠᠢᠭᠤᠯᠤᠨ ᠪᠦᠲᠦᠭᠡᠬᠦ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠡᠴᠡ ᠭᠠᠷᠭᠠᠭ᠍ᠰᠠᠨ ᠪᠠᠢᠯᠳᠤᠬᠤ ᠪᠤᠳᠤᠯᠭ᠎ᠠ᠎ᠶ᠋ᠢᠨ ᠱᠢᠢᠳᠪᠦᠷᠢᠲᠦ ᠪᠤᠳᠤᠯᠭ᠎ᠠ ᠮᠥᠨ᠂ 《ᠠᠷᠪᠠᠨ ᠲᠠᠪᠤᠳᠤᠭᠠᠷ ᠲᠠᠪᠤᠨ ᠵᠢᠯ》 ᠪᠣᠯ ᠡᠨᠡ ᠬᠦ᠌ ᠬᠠᠷᠠᠯᠲᠠ᠎ᠶ᠋ᠢ ᠪᠡᠶᠡᠯᠡᠭᠦᠯᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠮᠥᠨ᠂ ᠡᠷᠬᠡᠪᠰᠢ ᠨᠢᠭᠡᠳᠦᠯᠲᠡᠢ ᠲᠥᠯᠥᠪᠵᠢᠭᠦᠯᠦᠨ ᠰᠦᠪᠡᠭ᠌ᠴᠢᠯᠡᠵᠦ᠍᠂ ᠱᠠᠯᠠᠪᠳᠠᠨ ᠠᠬᠢᠭᠤᠯᠵᠤ᠂ ᠱᠢᠢᠳᠪᠦᠷᠢᠯᠡᠭᠴᠢ ᠴᠢᠨᠠᠷᠲᠠᠢ ᠠᠬᠢᠯᠳᠠ᠎ᠲᠠᠶ ᠪᠣᠯᠭᠠᠬᠤ᠎ᠪᠠᠷ ᠴᠢᠷᠮᠠᠢᠬᠤ ᠬᠡᠷᠡᠭ᠌ᠲᠡᠢ ᠭᠡᠵᠦ ᠴᠢᠬᠤᠯᠠᠴᠢᠯᠠᠪᠠ᠃

3 ᠰᠠᠷ᠎ᠠ ᠵᠢᠨ 6 ᠤ ᠦᠳᠡ ᠵᠢᠨ ᠬᠤᠢᠨ᠎ᠠ ᠂ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ᠎ᠳᠤ ᠣᠷᠣᠯᠴᠠᠵᠤ ᠪᠠᠢᠭ᠎ᠠ ᠲᠠᠷᠢᠶᠠᠴᠢᠨ ᠠᠵᠢᠯᠴᠢᠨ᠎ᠤ ᠠᠷᠠᠳᠴᠢᠯᠠᠭᠰᠠᠨ ᠨᠠᠮ᠂《9·3》᠎ᠤ᠋ ᠡᠷᠳᠡᠮ ᠱᠢᠨᠵᠢᠯᠡᠭᠡᠨ᠎ᠦ ᠨᠡᠢᠭᠡᠮᠯᠢᠭ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠡᠲᠡᠭᠡᠳ᠂ ᠨᠡᠢᠭᠡᠮ᠎ᠦᠨ ᠠᠰᠠᠷᠠᠮᠵᠢ ᠪᠠ ᠨᠡᠢᠭᠡᠮ᠎ᠦᠨ ᠪᠠᠲᠤᠯᠠᠭ᠎ᠠ᠎ᠶ᠋ᠢᠨ ᠡᠲᠡᠭᠡᠳ᠎ᠦᠨ ᠭᠡᠱᠢᠭᠦᠳ᠎ᠢ ᠡᠷᠬᠢᠨ ᠦᠵᠡᠭ᠌ᠰᠡᠨ ᠪᠥᠭᠡᠳ ᠳᠤᠭᠤᠢᠯᠠᠩᠬᠠᠮᠲᠤᠷᠠᠭ᠍ᠰᠠᠨ ᠬᠤᠷᠠᠯ᠎ᠳᠤ ᠣᠷᠣᠯᠴᠠᠵᠤ᠂ ᠰᠠᠨᠠᠯ ᠰᠠᠨᠠᠭᠤᠯᠭ᠎ᠠ ᠰᠣᠨᠣᠰᠴᠠᠶ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠸᠠᠩ ᠬ᠍ᠤ ᠨᠢᠩ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠡ ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠲᠥᠪ᠎ᠦᠨ ᠠᠯᠪᠠᠨ ᠲᠢᠩᠬᠢᠮ᠎ᠦᠨ ᠡᠷᠬᠢᠯᠡᠭ᠌ᠴᠢ ᠼᠠᠢ ᠴᠢ ᠡᠷᠬᠢᠨ ᠦᠵᠡᠬᠦ᠌ ᠪᠠ ᠶᠠᠷᠢᠯᠴᠠᠬᠤ᠎ᠳᠤ ᠣᠷᠣᠯᠴᠠᠪᠠ᠃
ᠰᠢᠨᠬᠤᠸᠠ ᠬᠤᠷᠢᠶ᠎ᠠ ᠵᠢᠨ ᠰᠤᠷᠪᠤᠯᠵᠢᠯᠠᠭᠴᠢ ᠰᠢᠶᠸ ᠬᠤᠸᠠᠨ ᠤ᠋ᠤᠢ ᠰᠡᠭᠦᠳᠡᠷᠯᠡᠪᠡ
《3·8》 ᠤ᠋ ᠳᠡᠯᠡᠬᠡᠢ᠎ᠶ᠋ᠢᠨ ᠬᠥᠳᠡᠯᠮᠦᠷᠢᠴᠢᠨ ᠡᠮᠡᠭ᠌ᠲᠡᠢᠴᠦᠳ᠎ᠦᠨ ᠪᠠᠶᠠᠷ ᠬᠦᠷᠴᠦ᠍ ᠢᠷᠡᠬᠦ᠌ ᠲᠠᠱᠢᠷᠠᠮ᠎ᠢᠶᠠᠷ᠂ ᠰᠢ ᠵᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠡᠮᠦᠨ᠎ᠡ᠎ᠡᠴᠡ ᠪᠦᠬᠦ᠌ ᠤᠯᠤᠰ᠎ᠤᠨ ᠬᠣᠶᠠᠷ ᠬᠤᠷᠠᠯ᠎ᠳᠤ ᠣᠷᠣᠯᠴᠠᠵᠤ ᠪᠠᠢᠭ᠎ᠠ ᠡᠮᠡᠭ᠌ᠲᠡᠢ ᠲᠥᠯᠥᠭᠡᠯᠡᠭ᠌ᠴᠢ᠂ ᠡᠮᠡᠭ᠌ᠲᠡᠢ ᠭᠡᠱᠢᠭᠦᠨ᠂ ᠡᠮᠡᠭ᠌ᠲᠡᠢ ᠠᠵᠢᠯᠳᠠᠨ᠂ ᠪᠦᠬᠦ᠌ ᠤᠯᠤᠰ᠎ᠤᠨ ᠡᠯ᠎ᠡ ᠦᠨᠳᠦᠰᠦᠲᠡᠨ ᠡᠯ᠎ᠡ ᠡᠲᠡᠭᠡᠳ᠎ᠦᠨ ᠡᠮᠡᠭ᠌ᠲᠡᠢᠴᠦᠳ᠂ ᠱᠢᠶᠠᠩᠭᠠᠩ ᠣᠨᠴᠠᠭᠠᠢ ᠵᠠᠰᠠᠭ ᠵᠠᠬᠢᠷᠭᠠᠨ᠎ᠤ ᠣᠷᠣᠨ᠂ ᠣᠣᠮᠧᠨ ᠣᠨᠴᠠᠭᠠᠢ ᠵᠠᠰᠠᠭ ᠵᠠᠬᠢᠷᠭᠠᠨ᠎ᠤ ᠣᠷᠣᠨ᠂ ᠲᠠᠢᠸᠠᠨ ᠣᠷᠣᠨ᠎ᠤ ᠡᠬᠡᠴᠢ ᠲᠡᠬᠦᠦ ᠨᠡᠷ ᠪᠣᠯᠤᠨ ᠭᠠᠳᠠᠭᠠᠳᠤ᠎ᠳᠤ ᠰᠠᠭᠤᠭ᠎ᠠ ᠡᠮᠡᠭ᠌ᠲᠡᠢ ᠬᠠᠷᠢᠶᠠᠲᠤ ᠨᠡᠷ᠎ᠲᠦ ᠪᠠᠶᠠᠷ᠎ᠤᠨ ᠡᠳᠦᠷ᠎ᠦᠨ ᠮᠡᠨᠳᠤᠴᠢᠯᠡᠯ ᠪᠣᠯᠤᠨ ᠰᠠᠢ᠌ᠨ ᠰᠠᠢᠬᠠᠨ ᠵᠥᠩᠨᠡᠯ ᠳᠡᠪᠱᠢᠭᠦᠯᠪᠡ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠸᠠᠩ ᠬ᠍ᠤ ᠨᠢᠩ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠡ ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠲᠥᠪ᠎ᠦᠨ ᠠᠯᠪᠠᠨ ᠲᠢᠩᠬᠢᠮ᠎ᠦᠨ ᠡᠷᠬᠢᠯᠡᠭ᠌ᠴᠢ ᠼᠠᠢ ᠴᠢ ᠡᠷᠬᠢᠨ ᠦᠵᠡᠬᠦ᠌ ᠪᠠ ᠶᠠᠷᠢᠯᠴᠠᠬᠤ᠎ᠳᠤ ᠣᠷᠣᠯᠴᠠᠪᠠ᠃
ᠳᠤᠭᠤᠢᠯᠠᠩ ᠬᠠᠮᠲᠤᠷᠠᠭ᠍ᠰᠠᠨ ᠬᠤᠷᠠᠯ ᠳᠡᠭᠡᠷ᠎ᠡ᠂ ᠸᠠᠩ ᠯᠦ᠍᠂ ᠮᠠ ᠱᠢᠤ ᠵᠧᠨ᠂ ᠯᠦ᠍ ᠺᠧ᠂ ᠵᠢᠶᠠᠩ ᠵᠢᠶᠠᠨ ᠳ᠋ᠦᠩ᠂ ᠪᠠᠰᠠᠨᠭᠵᠤᠮᠠ᠂ ᠯᠢᠦ ᠴᠢ ᠹᠠᠩ ᠵᠡᠷᠭᠡ 6 ᠭᠡᠱᠢᠭᠦᠨ ᠲᠣᠰ ᠲᠣᠰ ᠡᠷᠡᠭᠦᠯ ᠮᠡᠨᠳᠦ᠍᠎ᠶ᠋ᠢ ᠤᠷᠢᠳ᠎ᠢᠶᠠᠷ ᠬᠥᠭ᠌ᠵᠢᠭᠦᠯᠬᠦ᠌ ᠪᠠᠢᠯᠳᠤᠬᠤ ᠪᠣᠳᠣᠯᠭ᠎ᠠ᠎ᠶ᠋ᠢ ᠬᠡᠷᠡᠭ᠌ᠵᠢᠭᠦᠯᠬᠦ᠌᠂ ᠦᠨᠳᠦᠰᠦᠨ ᠱᠠᠲᠤᠨ᠎ᠤ ᠡᠮᠴᠢᠯᠡᠭᠡᠨ᠎ᠦ ᠦᠶ᠋ᠯᠡᠴᠢᠯᠡᠭᠡ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌᠂ ᠮᠠᠲ᠋ᠧᠷᠢᠶᠠᠯ᠎ᠤᠨ ᠮᠡᠷᠭᠡᠵᠢᠯ᠎ᠦᠨ ᠪᠣᠭᠣᠮᠲᠠ ᠱᠢᠪᠲᠤᠯᠤᠯᠲᠠ᠎ᠶ᠋ᠢ ᠴᠢᠩᠭᠠᠳᠭᠠᠬᠤ᠂ ᠱᠢᠨ᠎ᠡ᠎ᠡᠭᠦᠳᠦᠯᠳᠡ ᠵᠢᠨ ᠡᠮ᠎ᠢ ᠰᠤᠳᠤᠯᠤᠨ ᠨᠡᠭᠡᠭᠡᠬᠦ᠌᠎ᠶ᠋ᠢ ᠠᠬᠢᠭᠤᠯᠬᠤ᠂ ᠥᠨᠳᠥᠷᠯᠢᠭ᠎ᠦᠨ ᠡᠪᠡᠳᠴᠢᠨ᠎ᠢ ᠰᠡᠷᠭᠡᠢᠯᠡᠨ ᠵᠠᠰᠠᠬᠤ ᠠᠵᠢᠯ᠎ᠢ ᠰᠠᠢᠲᠤᠷ ᠬᠢᠬᠦ᠌᠂ ᠨᠡᠢᠲᠡ᠎ᠶ᠋ᠢᠨ ᠠᠰᠠᠷᠠᠮᠵᠢ᠎ᠶ᠋ᠢᠨ ᠨᠢᠭᠦᠯᠡᠰᠦᠩᠭᠦᠶ᠎ᠶ᠋ᠢᠨ ᠦᠶ᠋ᠯᠡᠰ᠎ᠢ ᠬᠥᠭ᠌ᠵᠢᠭᠦᠯᠬᠦ᠌ ᠵᠡᠷᠭᠡ ᠲᠠᠯ᠎ᠠ᠎ᠪᠠᠷ ᠦᠭᠡ ᠬᠡᠯᠡᠪᠡ᠃
ᠣᠯᠠᠨ᠎ᠤ ᠬᠡᠯᠡᠬᠦ᠌᠎ᠶ᠋ᠢ ᠰᠣᠨᠣᠰᠤᠭ᠍ᠰᠠᠨ᠎ᠤ ᠳᠠᠷᠠᠭ᠎ᠠ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠤᠯᠠᠨ᠎ᠲᠠᠶ ᠬᠠᠮᠲᠤ ᠶᠠᠷᠢᠯᠴᠠᠵᠤ᠂ ᠰᠠᠨᠠᠯ ᠰᠠᠨᠠᠭᠤᠯᠭ᠎ᠠ᠎ᠶ᠋ᠢ ᠰᠣᠨᠣᠰᠤᠭ᠍ᠰᠠᠨ᠎ᠳᠠᠭᠠᠨ ᠮᠠᠰᠢ ᠪᠠᠶᠠᠷᠲᠠᠢ ᠪᠠᠢᠨ᠎ᠠ ᠬᠡᠵᠤ ᠢᠯᠡᠳᠬᠡᠪᠠ᠃ ᠲᠡᠷᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠡᠮᠦᠨ᠎ᠡ᠎ᠡᠴᠡ ᠬᠤᠷᠠᠯ ᠳ᠋ᠤ ᠰᠠᠭᠤᠭ᠎ᠠ ᠭᠡᠱᠢᠭᠦᠳ᠂ ᠲᠡᠷᠡᠴᠢᠯᠡᠨ ᠲᠠᠷᠢᠶᠠᠴᠢᠨ ᠠᠵᠢᠯᠴᠢᠨ᠎ᠤ ᠠᠷᠠᠳᠴᠢᠯᠠᠭ᠍ᠰᠠᠨ ᠨᠠᠮ᠂ 《9·3》 ᠤ᠋ ᠡᠷᠳᠡᠮ ᠱᠢᠨᠵᠢᠯᠡᠭᠡᠨ᠎ᠦ ᠨᠡᠢᠭᠡᠮᠯᠢᠭ᠎ᠦᠨ ᠪᠦᠷᠢᠯᠳᠦᠬᠦᠨ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠡᠲᠡᠭᠡᠳ᠂ ᠨᠡᠢᠭᠡᠮ᠎ᠦᠨ ᠠᠰᠠᠷᠠᠮᠵᠢ ᠪᠠ ᠨᠡᠢᠭᠡᠮ᠎ᠦᠨ ᠪᠠᠲᠤᠯᠠᠭ᠎ᠠ᠎ᠶ᠋ᠢᠨ ᠡᠲᠡᠭᠡᠳ᠂ ᠥᠷᠭᠡᠨ ᠤᠯᠠᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ᠎ᠲᠦ ᠴᠢᠩ ᠰᠡᠳᠭᠢᠯ᠎ᠦᠨ ᠮᠡᠨᠳᠦᠴᠢᠯᠡᠯ ᠳᠡᠪᠱᠢᠭᠦᠯᠪᠡ᠃
ᠰᠢ ᠵᠢᠨ ᠫᠢᠩ᠂ ᠥᠩᠭᠡᠷᠡᠭ᠌ᠰᠡᠨ ᠨᠢᠭᠡ ᠵᠢᠯ᠎ᠳᠦ᠂ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ 《ᠠᠷᠪᠠᠨ ᠲᠠᠪᠤᠳᠤᠭᠠᠷ ᠲᠠᠪᠤᠨ ᠵᠢᠯ》 ᠢ᠋ ᠲᠦᠯᠦᠪᠵᠢᠭᠦᠯᠬᠦ ᠵᠡᠷᠭᠡ ᠲᠠᠯ᠎ᠠ᠎ᠶ᠋ᠢᠨ ᠲᠣᠭᠣᠷᠢᠨ᠎ᠳᠤ ᠰᠠᠨᠠᠯ ᠰᠠᠨᠠᠭᠤᠯᠭ᠎ᠠ ᠲᠤᠷᠠᠳᠤᠨ ᠠᠷᠭ᠎ᠠ ᠤᠬᠠᠭᠠᠨ ᠳᠡᠪᠰᠢᠭᠦᠯᠵᠤ᠂ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠳᠦ ᠱᠢᠨ᠎ᠡ ᠬᠤᠪᠢ ᠨᠡᠮᠡᠷᠢ ᠦᠵᠡᠭᠦᠯᠪᠡ᠃ ᠲᠠᠷᠢᠶᠠᠴᠢᠨ ᠠᠵᠢᠯᠴᠢᠨ᠎ᠤ ᠠᠷᠠᠳᠴᠢᠯᠠᠭ᠍ᠰᠠᠨ ᠨᠠᠮ᠂ 《9·3》 ᠤ᠋ ᠡᠷᠳᠡᠮ ᠱᠢᠨᠵᠢᠯᠡᠭᠡᠨ᠎ᠦ ᠨᠡᠢᠭᠡᠮᠯᠢᠭ᠎ᠦᠨ ᠡᠯ᠎ᠡ ᠱᠠᠲᠤᠨ᠎ᠤ ᠵᠣᠬᠢᠶᠠᠨ ᠪᠠᠢᠭᠤᠯᠤᠯᠲᠠ ᠪᠣᠯᠤᠨ ᠥᠷᠭᠡᠨ ᠤᠯᠠᠨ ᠪᠦᠷᠢᠯᠳᠦᠬᠦᠨ ᠢᠳᠡᠪᠬᠢᠲᠡᠢ᠎ᠪᠡᠷ ᠲᠦᠷᠦ ᠵᠢᠨ ᠶᠠᠪᠤᠳᠠᠯ᠎ᠳᠤ ᠣᠷᠣᠯᠴᠠᠨ ᠲᠦᠷᠦ᠍᠎ᠶ᠋ᠢᠨ ᠶᠠᠪᠤᠳᠠᠯ᠎ᠢ ᠵᠥᠪᠯᠡᠵᠦ᠍᠂ ᠨᠡᠢᠭᠡᠮ᠎ᠦᠨ ᠦᠢᠯᠡᠴᠢᠯᠡᠭᠡ᠎ᠶ᠋ᠢ ᠥᠷᠨᠢᠭᠦᠯᠵᠦ᠍᠂ ᠡᠯ᠎ᠡ ᠵᠦᠢᠯ᠎ᠦᠨ ᠠᠵᠢᠯ ᠱᠢᠨ᠎ᠡ ᠦᠷ᠎ᠡ ᠪᠦᠲᠦᠮᠵᠢ ᠤᠯᠪᠠ᠃ ᠡᠮ ᠡᠮᠨᠡᠯᠭᠡ ᠡᠷᠡᠭᠦᠯ ᠬᠠᠮᠠᠭᠠᠯᠠᠯ᠎ᠤᠨ ᠡᠲᠡᠭᠡᠳ᠂ ᠨᠡᠢᠭᠡᠮ᠎ᠦᠨ ᠠᠰᠠᠷᠠᠮᠵᠢ ᠪᠠ ᠨᠡᠢᠭᠡᠮ᠎ᠦᠨ ᠪᠠᠲᠤᠯᠠᠭ᠎ᠠ᠎ᠶ᠋ᠢᠨ ᠡᠲᠡᠭᠡᠳ᠎ᠦᠨ᠎ᠬᠢᠨ ᠡᠷᠡᠭᠦᠯ ᠡᠩᠬᠡ ᠳᠤᠮᠳᠠᠳᠤ ᠤᠯᠤᠰ᠎ᠢ ᠪᠠᠢᠭᠤᠯᠬᠤ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠢ ᠨᠡᠮᠡᠭ᠌ᠳᠡᠭᠦᠯᠬᠦ᠌ ᠠᠮᠢᠳᠤᠯᠢᠭ ᠦᠶ᠋ᠯᠡᠳᠦᠯᠭᠡ᠎ᠳᠦ ᠤᠬᠠᠮᠰᠠᠷ᠎ᠡᠴᠡ᠎ᠪᠠᠨ ᠣᠷᠣᠯᠴᠠᠵᠤ᠂ ᠱᠢᠨ᠎ᠡ ᠵᠢᠳᠬᠦᠯ ᠴᠢᠷᠮᠠᠢᠯᠭ᠎ᠠ ᠭᠠᠷᠭᠠᠪᠠ ᠭᠡᠵᠦ ᠵᠢᠭᠠᠵᠤ ᠭᠠᠷᠭᠠᠪᠠ᠃
ᠰᠢ ᠵᠢᠨ ᠫᠢᠩ᠂ ᠮᠠᠨ᠎ᠤ ᠤᠯᠤᠰ ᠪᠣᠯ ᠨᠡᠢᠭᠡᠮ ᠵᠢᠷᠤᠮᠲᠤ ᠤᠯᠤᠰ ᠮᠥᠨ᠂ ᠬᠥᠮᠦᠨ ᠠᠮᠠ᠎ᠶ᠋ᠢᠨ ᠬᠡᠪᠴᠢᠢ᠎ᠡ ᠯᠤᠲᠤ ᠶᠡᠬᠡ᠂ ᠬᠤᠳᠠ ᠬᠥᠳᠡᠭᠡ ᠣᠷᠣᠨ ᠪᠦᠰᠡ᠎ᠶ᠋ᠢᠨ ᠵᠥᠷᠢᠢ᠎ᠡ ᠮᠥᠨ ᠨᠡᠯᠢᠶᠡᠳ ᠶᠡᠬᠡ ᠪᠠᠢᠭ᠎ᠠ ᠬᠥᠭ᠌ᠵᠢᠵᠦ᠍ ᠪᠠᠢᠭ᠎ᠠ ᠤᠯᠤᠰ ᠪᠣᠯᠤᠨ᠎ᠠ᠃ ᠡᠷᠡᠭᠦᠯ ᠡᠩᠬᠡ ᠳᠤᠮᠳᠠᠳᠤ ᠤᠯᠤᠰ᠎ᠢ ᠪᠠᠢᠭᠤᠯᠬᠤ᠎ᠳᠤ ᠡᠷᠬᠡᠪᠰᠢ ᠮᠠᠨ᠎ᠤ ᠤᠯᠤᠰ᠎ᠤᠨ ᠤᠯᠤᠰ᠎ᠤᠨ ᠪᠠᠢᠳᠠᠯ᠎ᠡᠴᠡ ᠡᠭᠦᠰᠭᠦ᠎ᠶ᠋ᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ᠍᠎ᠶ᠋ᠢᠨ ᠬᠥᠭ᠌ᠵᠢᠯᠲᠡ᠎ᠶ᠋ᠢᠨ ᠵᠠᠮ᠎ᠢᠶᠠᠷ ᠡᠷᠡᠰ ᠭᠤᠢᠪᠢᠰᠢ ᠦᠭᠡᠢ ᠵᠠᠮᠨᠠᠵᠤ᠂ ᠱᠢᠨ᠎ᠡ ᠴᠠᠭ ᠦᠶ᠎ᠡ᠎ᠶ᠋ᠢᠨ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ᠍᠎ᠶ᠋ᠢᠨ ᠠᠵᠢᠯ᠎ᠤᠨ ᠴᠢᠭ᠌ᠯᠡᠯᠲᠡ᠎ᠶ᠋ᠢ ᠡᠷᠡᠰ ᠭᠤᠢᠪᠢᠰᠢ ᠦᠭᠡᠢ ᠲᠤᠭᠤᠱᠢᠯᠠᠭᠤᠯᠬᠤ ᠬᠡᠷᠡᠭ᠌ᠲᠡᠢ᠃ ᠴᠠᠭ᠎ᠤᠨ ᠪᠠᠢᠳᠠᠯ᠎ᠤᠨ ᠬᠥᠭ᠌ᠵᠢᠯᠲᠡ ᠬᠤᠪᠢᠷᠠᠯᠲᠠ᠎ᠶ᠋ᠢ ᠳᠠᠭᠠᠯᠳᠤᠨ᠂ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ᠍᠎ᠶ᠋ᠢᠨ ᠠᠵᠢᠯ᠎ᠳᠤ ᠵᠠᠷᠢᠮ ᠪᠣᠳᠠᠲᠠᠶ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢ ᠱᠢᠯᠢᠳᠡᠭ᠌ᠵᠢᠭᠦᠯᠦᠨ ᠲᠡᠭᠦᠯᠳᠡᠷᠵᠢᠭᠦᠯᠬᠦ᠌ ᠴᠢᠬᠤᠯᠠᠲᠠᠶ ᠪᠣᠯᠪᠠᠴᠤ᠌ ᠦᠨᠳᠦᠰᠦᠨ ᠠᠰᠠᠭᠤᠳᠠᠯ ᠳᠡᠭᠡᠷ᠎ᠡ ᠡᠷᠬᠡᠪᠰᠢ ᠢᠮᠠᠭ᠍ᠲᠠ ᠲᠠᠷᠢᠬᠢ ᠲᠣᠯᠣᠭᠠᠶ᠎ᠪᠠᠨ ᠰᠡᠷᠭᠡᠭ ᠪᠠᠢᠯᠭᠠᠵᠤ᠂ ᠪᠠᠢᠯᠳᠤᠬᠤ ᠪᠣᠳᠣᠯᠭ᠎ᠠ᠎ᠶ᠋ᠢᠨ ᠲᠣᠭ᠍ᠲᠠᠯ ᠬᠦᠴᠦᠨ᠎ᠢᠶᠡᠨ ᠪᠠᠲᠤᠯᠠᠬᠤ ᠬᠡᠷᠡᠭ᠌ᠲᠡᠶ ᠭᠡᠵᠦ ᠴᠢᠬᠤᠯᠠᠴᠢᠯᠠᠪᠠ᠃
ᠰᠢ ᠵᠢᠨ ᠫᠢᠩ᠂ ᠡᠷᠡᠭᠦᠯ ᠡᠩᠬᠡ ᠳᠤᠮᠳᠠᠳᠤ ᠤᠯᠤᠰ᠎ᠢ ᠪᠦᠳᠦᠭᠡᠨ ᠪᠠᠢᠭᠤᠯᠬᠤ ᠪᠣᠯ ᠨᠢᠭᠡ ᠵᠦᠢᠯ᠎ᠦᠨ ᠱᠢᠰᠲ᠋ᠧᠮᠲᠦ ᠢᠨᠵᠧᠨᠧᠷᠢᠩ ᠮᠥᠨ᠃ ᠠᠷᠠᠳ ᠣᠯᠠᠨ᠎ᠤ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠣᠯᠠᠨ ᠡᠱᠢᠵᠢᠭ᠌ᠰᠡᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠬᠡᠷᠡᠭ᠌ᠴᠡᠭᠡ ᠶ᠋ᠢᠨ ᠡᠮᠦᠨ᠎ᠡ᠂ ᠡᠷᠬᠡᠪᠰᠢ ᠭᠤᠤᠯᠳᠠᠯᠭ᠎ᠠ᠎ᠪᠠᠨ ᠳᠣᠪᠣᠢᠯᠭᠠᠨ᠂ ᠲᠡᠳᠡᠭᠡᠷ ᠠᠱᠢᠭ ᠬᠦᠷᠲᠡᠭᠡᠬᠦ᠌ ᠬᠡᠪᠴᠢᠶ᠎ᠡ᠎ᠪᠡᠷ ᠥᠷᠭᠡᠨ᠂ ᠪᠦᠬᠦ ᠲᠠᠯ᠎ᠠ ᠵᠢ ᠨᠦᠯᠦᠭᠡᠯᠡᠬᠦ ᠠᠵᠢᠯ᠎ᠢ ᠴᠢᠩᠭ᠎ᠠ ᠠᠳᠭᠤᠵᠤ᠂ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠱᠢᠰᠲ᠋ᠧᠮ᠎ᠢ ᠪᠦᠷᠢᠨᠱᠢᠭᠦᠯᠬᠦ᠌᠂ ᠴᠢᠨᠠᠷ ᠰᠠᠢᠲᠠᠶ ᠥᠨᠳᠥᠷ ᠦᠷ᠎ᠡ ᠪᠦᠲᠦᠮᠵᠢᠲᠡᠶ ᠡᠮᠴᠢᠯᠡᠭᠡ᠎ᠶ᠋ᠢᠨ ᠦᠶ᠋ᠯᠡᠴᠢᠯᠡᠭᠡᠨ᠎ᠦ ᠱᠢᠰᠲ᠋ᠧᠮ᠎ᠢ ᠪᠠᠢᠭᠤᠯᠬᠤ᠂ ᠡᠷᠡᠭᠦᠯ ᠪᠥᠭᠡᠳ ᠪᠣᠯᠪᠠᠰᠤᠨ ᠠᠮᠢᠳᠤᠷᠠᠯ᠎ᠤᠨ ᠠᠷᠭ᠎ᠠ ᠮᠠᠶᠢᠭ᠎ᠢ ᠰᠠᠨᠠᠭᠠᠴᠢᠯᠠᠬᠤ ᠵᠡᠷᠭᠡ ᠲᠠᠯ᠎ᠠ᠎ᠪᠠᠷ ᠬᠦᠴᠦ ᠪᠠ ᠡᠬᠢ ᠪᠠᠶᠠᠯᠢᠭᠵᠢᠡᠨ ᠲᠥᠪᠯᠡᠷᠡᠭᠦᠯᠦᠨ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠌ ᠪᠠᠢᠭᠠᠳ ᠠᠬᠢᠭᠤᠯᠵᠤ᠂ ᠲᠠᠰᠤᠷᠠᠯᠲᠠ ᠥᠬᠡᠶ ᠱᠢᠨ᠎ᠡ ᠦᠷ᠎ᠡ ᠪᠦᠲᠦᠮᠵᠢ ᠤᠯᠬᠤ ᠬᠡᠷᠡᠭ᠌ᠲᠡᠶ ᠭᠡᠵᠦ ᠵᠢᠭᠠᠵᠤ ᠭᠠᠷᠭᠠᠪᠠ᠃
ᠰᠢ ᠵᠢᠨ ᠫᠢᠩ᠂ ᠨᠠᠮ᠎ᠤᠨ ᠬᠣᠷᠢᠢ᠎ᠠ ᠨᠢᠭᠡᠳᠦᠯᠲᠡᠢ ᠤᠳᠤᠷᠢᠳᠭᠤ᠂ ᠨᠠᠮ ᠵᠠᠰᠠᠭ ᠵᠡᠷᠭᠡ᠎ᠪᠡᠷ ᠠᠳᠭᠤᠵᠤ ᠬᠠᠮᠲᠤ᠎ᠪᠠᠷ ᠬᠠᠮᠢᠶᠠᠷᠬᠤ ᠠᠵᠢᠯ᠎ᠤᠨ ᠪᠠᠢᠷᠢᠱᠢᠯ᠎ᠢ ᠪᠦᠷᠢᠠᠱᠢᠭᠦᠯᠵᠦ᠍᠂ ᠡᠷᠡᠭᠦᠯ ᠮᠡᠨᠳᠦ᠍᠎ᠶ᠋ᠢ ᠠᠬᠢᠭᠤᠯᠬᠤ ᠲᠦᠷᠦ᠍᠎ᠶ᠋ᠢᠨ ᠪᠤᠲᠤᠯᠭ᠎ᠠ ᠲᠦᠷᠢᠮ᠎ᠦᠨ ᠱᠢᠰᠲ᠋ᠧᠮ᠎ᠢ ᠲᠡᠭᠦᠯᠳᠡᠷᠵᠢᠭᠦᠯᠵᠦ᠍᠂ ᠡᠷᠡᠭᠦᠯ ᠡᠩᠭᠡ ᠳᠤᠮᠳᠠᠳᠤ ᠤᠯᠤᠰ᠎ᠤᠨ ᠪᠦᠲᠦᠭᠡᠡ ᠪᠠᠢᠭᠤᠯᠤᠯᠲᠠ᠎ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭ᠌ᠲᠡᠢ᠃ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠍᠂ ᠡᠮᠴᠢᠯᠡᠭᠡ᠂ ᠡᠮ ᠡᠮᠨᠡᠯᠭᠡ᠎ᠶ᠋ᠢᠨ ᠳᠠᠭᠠᠳᠭᠠᠯ᠂ ᠡᠮ ᠡᠮᠨᠡᠯᠭᠡ᠎ᠶ᠋ᠢ ᠬᠠᠮᠵᠢᠯᠴᠠᠭᠤᠯᠤᠨ ᠬᠥᠭ᠌ᠵᠢᠭᠦᠯᠬᠦ᠌ ᠪᠠ ᠵᠠᠰᠠᠬᠤ ᠲᠣᠭ᠍ᠲᠡᠴᠡ᠎ᠶ᠋ᠢ ᠲᠡᠭᠦᠯᠳᠡᠷᠵᠢᠭᠦᠯᠬᠦ ᠬᠡᠷᠡᠭᠲᠡᠢ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ᠎ᠢ ᠤᠨᠳᠤᠤᠰᠢᠭᠤᠯᠤᠨ ᠬᠡᠷᠡᠭ᠌ᠯᠡᠬᠦ᠌᠎ᠶ᠋ᠢ ᠠᠬᠢᠭᠤᠯᠵᠤ᠂ ᠪᠦᠬᠦ᠌ ᠠᠷᠠᠳ᠎ᠤᠨ ᠡᠷᠡᠭᠦᠯ ᠮᠡᠨᠳᠦ᠍᠎ᠶ᠋ᠢᠨ ᠲᠣᠭᠠᠴᠢᠯᠠᠯᠲᠠ ᠤᠶᠤᠨᠴᠢᠯᠠᠯᠲᠠ᠎ᠵᠢᠨ ᠪᠠᠢᠭᠤᠯᠤᠯᠲᠠ᠎ᠶ᠋ᠢ ᠠᠬᠢᠭᠤᠯᠬᠤ ᠬᠡᠷᠡᠭᠲᠡᠢ᠃ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠠᠵᠢᠯ ᠲᠥᠷᠥᠯ᠎ᠦᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠢ ᠴᠢᠩᠭᠠᠳᠭᠠᠵᠤ᠂ ᠥᠷᠭᠡᠨ ᠣᠯᠠᠨ ᠡᠮᠴᠢᠯᠡᠭᠡᠨ᠎ᠦ ᠠᠵᠢᠯᠲᠠᠨ᠎ᠤ ᠢᠳᠡᠪᠬᠢᠵᠢᠯ ᠰᠠᠨᠠᠭᠠᠴᠢᠯᠠᠭᠠᠲᠤ ᠴᠢᠨᠠᠷ ᠪᠦᠲᠦᠭᠡᠯᠴᠢ ᠴᠢᠨᠠᠷ᠎ᠢ ᠳᠠᠢᠴᠢᠯᠠᠨ᠂ ᠴᠢᠳᠠᠪᠤᠷᠢᠲᠠᠨ᠎ᠢ ᠬᠥᠮᠦᠵᠢᠭᠦᠯᠬᠦ᠌ ᠡᠷᠴᠢᠮ᠎ᠢᠶᠡᠨ ᠴᠢᠩᠭᠠᠷᠠᠭᠤᠯᠵᠤ᠂ ᠱᠢᠯᠢᠳᠡᠭ ᠰᠠᠢᠨ ᠡᠮᠴᠢ᠎ᠶ᠋ᠢᠨ ᠮᠣᠷᠠᠯ ᠰᠤᠷᠲᠠᠯ᠎ᠢ ᠪᠠᠳᠠᠷᠠᠭᠤᠯᠤᠨ᠂ ᠰᠤᠷᠲᠠᠯ ᠴᠢᠬᠡᠴᠢ ᠣᠪᠣᠷ ᠲᠥᠪ ᠠᠵᠢᠯ ᠲᠥᠷᠥᠯ᠎ᠦᠨ ᠣᠷᠴᠢᠨ᠎ᠢ ᠬᠦᠴᠦᠯᠡᠨ ᠪᠣᠶ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
ᠰᠢ ᠵᠢᠨ ᠫᠢᠩ᠂ ᠡᠷᠡᠭᠦᠯ ᠡᠩᠬᠡ ᠳᠤᠮᠳᠠᠳᠤ ᠤᠯᠤᠰ᠎ᠢ ᠪᠦᠲᠦᠭᠡᠨ ᠪᠠᠢᠭᠤᠯᠬᠤ᠎ᠳᠤ ᠪᠦᠬᠦ᠌ ᠨᠡᠢᠭᠡᠮ᠎ᠢᠶᠡᠷ᠎ᠢᠶᠡᠨ ᠬᠠᠮᠲᠤ᠎ᠪᠠᠷ ᠴᠢᠷᠮᠠᠢᠬᠤ ᠬᠡᠷᠡᠭ᠌ᠲᠡᠢ᠃ ᠠᠷᠠᠳ᠎ᠤᠨ ᠤᠯᠤᠰ ᠲᠦᠷᠦ᠍᠎ᠶ᠋ᠢᠨ ᠵᠥᠪᠯᠡᠯᠭᠡᠨ ᠲᠤᠰᠭᠠᠢ ᠵᠥᠪᠯᠡᠬᠦ᠌ ᠪᠠᠢᠭᠤᠯᠤᠮᠵᠢ᠎ᠶ᠋ᠢᠨ ᠦᠢᠯᠡᠳᠦᠯ᠎ᠢᠶᠡᠨ ᠪᠠᠳᠠᠷᠠᠭᠤᠯᠵᠤ᠂ ᠬᠣᠯᠪᠣᠭ᠍ᠳᠠᠯ ᠪᠦᠬᠦᠢ ᠤᠨᠤᠯ ᠪᠠ ᠦᠢᠯᠡᠳᠦᠯᠭᠡ᠎ᠶ᠋ᠢᠨ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠦᠨ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ᠍᠂ ᠪᠣᠳᠠᠲᠠᠢ᠎ᠶ᠋ᠢ ᠡᠷᠬᠢᠮᠯᠡᠭ᠌ᠰᠡᠨ ᠲᠤᠰᠠᠲᠠᠢ ᠠᠷᠭ᠎ᠠ ᠪᠤᠳᠤᠯᠭ᠎ᠠ ᠰᠠᠨᠠᠭᠤᠯᠭ᠎ᠠ ᠳᠤᠷᠠᠳᠭᠤ ᠬᠡᠷᠡᠭ᠌ᠲᠡᠢ᠃ ᠳᠤᠮᠳᠠᠳᠤ ᠤᠯᠤᠰ᠎ᠤᠨ ᠲᠠᠷᠢᠶᠠᠴᠢᠨ ᠠᠵᠢᠯᠴᠢᠨ᠎ᠤ ᠠᠷᠠᠳᠴᠢᠯᠠᠭ᠍ᠰᠠᠨ ᠨᠠᠮ᠂ 《9·3》 ᠤ᠋ ᠡᠷᠳᠡᠮ ᠱᠢᠨᠵᠢᠯᠡᠭᠡᠨ᠎ᠦ ᠨᠡᠢᠭᠡᠮᠯᠢᠭ᠎ᠦᠨ ᠪᠦᠷᠢᠯᠳᠦᠬᠦᠨ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠡᠲᠡᠭᠡᠳ᠂ ᠨᠡᠢᠭᠡᠮ᠎ᠦᠨ ᠠᠰᠠᠷᠠᠮᠵᠢ ᠪᠠ ᠨᠡᠢᠭᠡᠮ᠎ᠦᠨ ᠪᠠᠲᠤᠯᠠᠭ᠎ᠠ᠎ᠶ᠋ᠢᠨ ᠡᠲᠡᠭᠡᠳ᠎ᠦᠨ ᠬᠢᠨ ᠲᠤᠰᠭᠠᠢ ᠮᠡᠷᠭᠡᠵᠢᠯ᠎ᠦᠨ ᠳᠠᠪᠠᠭᠤᠯᠢᠭ᠎ᠢᠶᠠᠨ ᠰᠠᠢᠲᠤᠷ ᠠᠱᠢᠭ᠍ᠯᠠᠵᠤ᠂ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠢᠳᠡᠪᠬᠢᠲᠡᠢ ᠡᠷᠭᠦᠬᠦ᠌ ᠬᠡᠷᠡᠭ᠌ᠲᠡᠢ ᠭᠡᠵᠦ ᠵᠢᠭᠠᠵᠤ ᠭᠠᠷᠭᠠᠪᠠ᠃
ᠱ᠌ᠢ᠎ᠲᠡᠶ ᠹᠸᠩ᠂ ᠾᠧ ᠸᠧᠢ᠂ ᠦ᠋ ᠸᠧᠢ ᠬᠤᠸᠠ᠂ ᠱᠤᠤ ᠬᠣᠩ᠂ ᠸᠠᠩ ᠳ᠋ᠦᠩ ᠹᠸᠩ᠂ ᠶᠠᠩ ᠵᠧᠨᠨᠡᠷ ᠳᠤᠭᠤᠢᠯᠠᠩ ᠬᠠᠮᠲᠤᠷᠠᠭ᠍ᠰᠠᠨ ᠬᠤᠷᠠᠯ᠎ᠳᠤ ᠣᠷᠣᠯᠴᠠᠵᠡᠢ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 6᠎ᠤ᠋ ᠴᠠᠬᠢᠯᠭᠠᠨ ᠮᠡᠳᠡᠭᠡ)