— ᠶᠡᠷᠦᠩᠬᠡᠢ ᠱᠦᠵᠢ ᠰᠢ ᠵᠢᠨ ᠫᠢᠩ᠎ᠦᠨ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ ᠥᠪᠥᠷ ᠮᠣᠩᠭᠣᠯ᠎ᠳᠤ ᠬᠠᠯᠠᠭᠤᠨ ᠲᠤᠰᠭᠠᠯ ᠭᠠᠷᠪᠠ
3 ᠰᠠᠷ᠎ᠠ᠎ᠶ᠋ᠢᠨ 5 ᠤ᠋ ᠦᠳᠡ᠎ᠶ᠋ᠢᠨ ᠬᠣᠢᠨ᠎ᠠ᠂ ᠶᠡᠷᠦᠩᠬᠡᠢ ᠱᠦᠵᠢ ᠰᠢ ᠵᠢᠨ ᠫᠢᠩ᠎ᠦᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ ᠥᠪᠥᠷ ᠮᠣᠩᠭᠣᠯ᠎ᠳᠤ ᠬᠠᠯᠠᠭᠤᠨ ᠲᠤᠰᠭᠠᠯ ᠭᠠᠷᠪᠠ᠃ ᠤᠯᠠᠨ᠎ᠢᠶᠠᠷ᠎ᠢᠶᠠᠨ᠂ ᠥᠪᠡᠷᠲᠡᠭᠡᠨ ᠵᠠᠰᠠᠬᠤ ᠣᠷᠣᠨ᠎ᠤ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠳᠤ ᠰᠠᠭᠤᠷᠢᠯᠠᠨ᠂ ᠨᠡᠩ ᠢᠯᠡᠭᠦᠦ ᠵᠢᠳᠭᠦᠯ ᠴᠢᠷᠮᠠᠢᠯᠭ᠎ᠠ ᠭᠠᠷᠭᠠᠬᠤ ᠤᠶᠤᠨ ᠰᠠᠨᠠᠭᠠᠨ᠎ᠤ ᠳᠦᠷᠰᠦ ᠪᠠᠢᠳᠠᠯ ᠪᠣᠯᠤᠨ ᠴᠤᠴᠠᠯᠲᠠ ᠦᠭᠡᠢ ᠤᠷᠤᠭ᠍ᠰᠢᠯᠠᠬᠤ ᠲᠡᠮᠡᠴᠡᠯ᠎ᠦᠨ ᠳᠦᠷᠰᠦ ᠪᠠᠢᠳᠠᠯ᠎ᠢᠶᠠᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠲᠡᠷᠡ ᠶᠣᠰᠣᠭᠠᠷ ᠨᠢ ᠰᠠᠢᠲᠤᠷ ᠨᠠᠢᠳᠠᠪᠤᠷᠢᠵᠢᠭᠤᠯᠵᠤ᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢ᠌ᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠬᠦ᠌᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌᠎ᠳᠦ ᠨᠡᠩ ᠶᠡᠬᠡ ᠬᠦᠴᠦᠨ ᠴᠢᠳᠠᠯ᠎ᠢᠶᠠᠨ ᠡᠷᠭᠦᠨ᠎ᠡ ᠭᠡᠵᠦ᠍ ᠰᠠᠨᠠᠯ ᠨᠢᠭᠡᠲᠡᠢ ᠢᠯᠡᠳᠭᠡᠵᠡᠭᠡᠪᠡ᠃
ᠠᠷᠠᠳ ᠲᠦᠮᠡᠨ᠎ᠢᠶᠡᠷ ᠦᠨᠳᠦᠰᠦ ᠪᠣᠯᠭᠠᠵᠤ ᠣᠭ ᠰᠠᠨᠠᠭ᠎ᠠ᠎ᠪᠠᠨ ᠦᠶ᠋ᠯᠡᠳᠦᠯᠭᠡᠵᠢᠭᠦᠯᠦᠨᠠ
ᠶᠡᠷᠦᠩᠬᠡᠢ ᠱᠦᠵᠢ ᠰᠢ ᠵᠢᠨ ᠫᠢᠩ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠪᠦᠬᠦ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ ᠣᠳᠣᠬᠢᠴᠢᠯᠠᠯᠲᠠ ᠮᠥᠨ ᠭᠡᠵᠤ ᠵᠢᠭᠠᠵᠤ ᠭᠠᠷᠭᠠᠵᠠᠢ᠃ 《ᠡᠨᠡ ᠦᠭᠡ ᠨᠢ ᠮᠠᠨ᠎ᠤ ᠦᠨᠳᠦᠰᠦᠨ ᠱᠠᠲᠤᠨ᠎ᠤ ᠤᠯᠠᠨ ᠲᠦᠮᠡᠨ᠎ᠦ ᠰᠡᠳᠭᠢᠯ ᠤ᠋ᠨ ᠳᠠᠭᠤᠨ ᠢ᠋ ᠳᠤᠰᠬᠠᠵᠠᠢ》᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠤᠯᠠᠭᠠᠨᠴᠠᠪ ᠬᠣᠲᠠ᠎ᠶ᠋ᠢᠨ ᠵᠦᠸᠧᠽᠢ ᠱᠢᠶᠠᠨ᠎ᠤ ᠰᠢᠪᠠᠷᠳᠠᠢ ᠪᠠᠯᠭᠠᠰᠤᠨ᠎ᠤ ᠰᠢᠷ᠎ᠠ ᠬᠤᠰᠢᠭᠤ ᠲᠣᠰᠭᠣᠨ᠎ᠤ ᠨᠠᠮ᠎ᠤᠨ ᠡᠭᠦᠷ᠎ᠦᠨ ᠱᠦᠵᠢ ᠱᠢᠤᠸᠠᠢ ᡁᠢ ᠯᠦᠩ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ᠎ᠶ᠋ᠢ ᠨᠠᠷᠢᠨ ᠬᠢᠨᠠᠮᠠᠭᠠᠶ ᠰᠤᠷᠤᠯᠴᠠᠭ᠍ᠰᠠᠨ᠎ᠤ ᠳᠠᠷᠠᠭ᠎ᠠ ᠭᠦᠨ ᠲᠥᠷᠥᠭ᠌ᠳᠡᠯ᠎ᠲᠡᠶ ᠬᠡᠯᠡᠪᠡ᠃
《ᠬᠠᠮᠲᠤ᠎ᠪᠠᠷ ᠪᠠᠶᠠᠵᠢᠬᠤ ᠭᠡᠳᠡᠭ ᠪᠣᠯ ᠤᠷᠢᠶ᠎ᠠ ᠲᠡᠳᠦᠢ ᠪᠢᠰᠢ᠂ ᠬᠠᠷᠢᠨ ᠲᠣᠰᠭᠣᠨ ᠨᠢᠭᠡ ᠪᠦᠷᠢ᠂ ᠡᠷᠦᠬᠡ ᠨᠢᠭᠡ ᠪᠦᠷᠢ᠎ᠶ᠋ᠢᠨ ᠣᠷᠣᠯᠭ᠎ᠠ᠎ᠶ᠋ᠢ ᠨᠡᠮᠡᠭ᠌ᠳᠡᠭᠦᠯᠬᠦ᠌ ᠳᠠᠩᠰᠠᠨ ᠳᠡᠪᠲᠡᠷ ᠳᠡᠭᠡᠷ᠎ᠡ ᠨᠠᠢᠳᠠᠪᠤᠷᠢᠵᠢᠭᠤᠯᠬᠤ ᠶᠠᠪᠤᠳᠠᠯ ᠪᠣᠯᠤᠨ᠎ᠠ》᠂ ᠱᠢᠤᠸᠠᠢ ᡁᠢ ᠯᠦᠩ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠬᠦᠳᠡᠭᠡ ᠲᠤᠰᠬᠤᠨ ᠳ᠋ᠤ ᠠᠪᠠᠴᠢᠵᠤ᠂ ᠬᠥᠭᠥᠷᠭᠡ ᠬᠣᠯᠪᠣᠭᠠᠰᠤ᠎ᠶ᠋ᠢᠨ ᠦᠢᠯᠡᠳᠦᠯᠵᠢᠠᠨ ᠦᠷᠭᠦᠯᠵᠢᠯᠡᠨ ᠰᠠᠢᠲᠤᠷ ᠪᠠᠳᠠᠷᠠᠭᠤᠯᠵᠤ᠂ ᠨᠤᠲᠤᠭ᠎ᠤᠨ ᠤᠯᠠᠨ ᠲᠦᠮᠡᠨ᠎ᠤ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ ᠳᠤᠮᠳᠠᠬᠢ ᠬᠠᠮᠤᠭ᠎ᠤᠨ ᠲᠤᠯᠭᠠᠮ ᠬᠦᠰᠡᠯ ᠱᠠᠭᠠᠷᠳᠠᠯᠭ᠎ᠠ᠎ᠶ᠋ᠢ ᠦᠨᠡᠨ ᠪᠣᠳᠠᠲᠠᠢ ᠰᠠᠨᠠᠭᠤᠯᠭ᠎ᠠ ᠪᠣᠯᠭᠠᠨ ᠬᠤᠪᠢᠷᠠᠭᠤᠯᠵᠤ᠂ ᠤᠯᠠᠨ᠎ᠢ ᠳᠠᠭᠠᠭᠤᠯᠤᠨ ᠬᠠᠮᠲᠤ᠎ᠪᠠᠷ ᠪᠠᠶᠠᠵᠢᠬᠤ ᠵᠠᠮ᠎ᠢᠶᠠᠷ ᠯᠠᠪᠳᠠᠭᠤᠨ ᠪᠠᠲᠤᠲᠠᠢ ᠤᠷᠤᠭ᠍ᠰᠢᠯᠠᠵᠤ᠂ ᠰᠢᠷ᠎ᠠ ᠬᠤᠰᠢᠭᠤ ᠲᠣᠰᠭᠣᠨ᠎ᠢ ᠨᠡᠩ ᠰᠠᠢᠲᠤᠷ ᠪᠦᠳᠦᠭᠡᠨ ᠪᠠᠢᠭᠤᠯᠤᠨ᠎ᠠ ᠭᠡᠵᠦ᠍ ᠢᠯᠡᠳᠭᠡᠪᠡ᠃
ᠠᠷᠠᠳ᠎ᠤᠨ ᠠᠮᠢᠳᠤᠷᠠᠯ᠎ᠳᠤ ᠪᠠᠭ᠎ᠠ ᠶᠠᠪᠤᠳᠠᠯ ᠭᠡᠵᠦ᠍ ᠦᠭᠡᠢ᠂ ᠠᠷᠰᠠᠷ ᠶᠠᠪᠤᠳᠠᠯ ᠡᠴᠡ ᠠᠪᠤᠭᠠᠳ ᠠᠯᠢᠪᠠ ᠪᠦᠬᠦᠨ ᠢ᠋ ᠬᠠᠯᠠᠮᠵᠢᠯᠠᠬᠤ ᠭᠡᠷᠡᠭᠳᠠᠢ᠃ ᠥᠪᠡᠷᠲᠡᠭᠡᠨ ᠵᠠᠰᠠᠬᠤ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ᠎ᠦᠨ ᠨᠠᠮ᠎ᠤᠨ ᠤᠳᠤᠷᠢᠳᠭᠤ ᠳᠤᠭᠤᠢᠯᠠᠩ᠎ᠤᠨ ᠱᠦᠵᠢ᠂ ᠲᠢᠩᠬᠢᠮ᠎ᠦᠨ ᠳᠠᠷᠤᠭ᠎ᠠ ᠵᠠᠶ ᠶᠢᠩ ᠵᠢᠶᠦ᠋ᠨ᠂ ᠪᠥᠬᠥ᠌ ᠣᠷᠣᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠱᠢᠰᠲ᠋ᠧᠮ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠬᠤ᠎ᠶ᠋ᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《1571》 ᠠᠵᠢᠯ᠎ᠤᠨ ᠪᠠᠢᠷᠢᠯᠠᠭᠤᠯᠤᠯᠲᠠ᠎ᠯᠤᠭ᠎ᠠ ᠨᠢᠭ᠍ᠲᠠ ᠤᠶᠠᠯᠳᠤᠭᠤᠯᠤᠨ᠂ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠵᠤ ᠪᠠᠭ᠍ᠲᠠᠭᠠᠮᠵᠢ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠪᠠ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌ ᠬᠣᠶᠠᠷ ᠶᠡᠬᠡ ᠢᠨᠵᠧᠨᠧᠷᠢᠩ᠎ᠳᠦ ᠠᠩᠬᠠᠷᠤᠯ᠎ᠢᠶᠠᠨ ᠲᠥᠪᠯᠡᠷᠡᠭᠦᠯᠵᠤ᠂ 《ᠥᠪᠥᠷ ᠮᠣᠩᠭᠣᠯ ᠤ᠋ᠨ ᠠᠵᠢᠯ ᠤᠯᠭᠤᠯᠳᠠ》᠂ 《ᠥᠪᠥᠷ ᠮᠣᠩᠭᠣᠯ ᠤ᠋ᠨ ᠮᠡᠷᠭᠡᠵᠢᠯ ᠴᠢᠳᠠᠪᠤᠷᠢ》᠂ 《ᠥᠪᠥᠷ ᠮᠣᠩᠭᠣᠯ ᠤ᠋ᠨ ᠦᠢᠯᠡᠰ ᠪᠤᠰᠬᠠᠯᠳᠠ》 ᠵᠡᠷᠭᠡ ᠲᠤᠰᠭᠠᠶ ᠠᠵᠢᠯᠯᠠᠭ᠎ᠠ᠎ᠶ᠋ᠢ ᠭᠦᠨᠵᠡᠭᠡᠶ ᠬᠡᠷᠡᠭ᠌ᠵᠢᠭᠦᠯᠵᠤ᠂ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠪᠣᠯᠪᠠᠰᠤᠷᠠᠯ᠎ᠢ ᠶᠡᠬᠡ ᠬᠡᠪᠴᠢᠶ᠎ᠡ᠎ᠪᠡᠷ ᠥᠷᠨᠢᠭᠦᠯᠵᠤ᠂ ᠨᠡᠢᠭᠡᠮ᠎ᠦᠨ ᠳᠠᠭᠠᠳᠭᠠᠯ᠎ᠤᠨ ᠬᠠᠮᠤᠷᠬᠤ ᠬᠡᠪᠴᠢᠶ᠎ᠡ᠎ᠶ᠋ᠢ ᠦᠷᠭᠦᠯᠵᠢᠯᠡᠨ ᠥᠷᠭᠡᠳᠭᠡᠵᠤ᠂ ᠪᠠᠲᠤᠯᠠᠭ᠎ᠠ᠎ᠶ᠋ᠢᠨ ᠲᠦᠪᠱᠢᠨ᠎ᠢ ᠲᠣᠭ᠍ᠲᠠᠭᠤᠨ᠎ᠢᠶᠠᠷ ᠳᠡᠭᠡᠭ᠌ᠰᠢᠯᠡᠭᠦᠯᠵᠤ᠂ ᠬᠥᠭ᠌ᠵᠢᠯᠲᠡ᠎ᠶ᠋ᠢᠨ ᠳᠤᠮᠳᠠ ᠠᠷᠠᠳ᠎ᠤᠨ ᠠᠮᠢᠳᠤᠷᠠᠯ᠎ᠢ ᠦᠷᠭᠦᠯᠵᠢᠯᠡᠨ ᠪᠠᠲᠤᠯᠠᠨ ᠰᠠᠢᠵᠢᠷᠠᠭᠤᠯᠵᠤ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠴᠢᠳᠠᠯ᠎ᠢᠶᠠᠨ ᠡᠷᠭᠦᠨ᠎ᠡ ᠭᠡᠵᠤ ᠢᠯᠡᠳᠭᠡᠪᠡ᠃
《ᠶᠡᠷᠦᠩᠬᠡᠢ ᠱᠦᠵᠢ ᠰᠢ ᠵᠢᠨ ᠫᠢᠩ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌ ᠲᠤᠬᠠᠢ ᠶᠠᠷᠢᠬᠤ᠎ᠳᠠᠭᠠᠨ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠤ ᠬᠥᠭ᠌ᠵᠢᠯᠲᠡ᠎ᠶ᠋ᠢ ᠨᠢᠭᠡ ᠴᠤᠬ᠍ᠴᠠᠵᠢᠭᠤᠯᠤᠨ ᠠᠬᠢᠭᠤᠯᠬᠤ ᠬᠡᠷᠡᠭ᠌ᠲᠡᠢ ᠭᠡᠵᠤ ᠴᠢᠬᠤᠯᠠᠴᠢᠯᠠᠵᠠᠢ᠂ ᠡᠨᠡ ᠨᠢ ᠪᠢᠳᠡᠨ᠎ᠦ ᠠᠵᠢᠯ᠎ᠳᠤ ᠴᠢᠭ᠌ᠯᠡᠯ᠎ᠢ ᠲᠣᠳᠣᠷᠬᠠᠢ ᠵᠢᠭᠠᠵᠤ ᠥᠭ᠌ᠴᠡᠢ》᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠤᠷᠭᠠᠨ ᠬᠥᠮᠦᠵᠢᠯ᠎ᠦᠨ ᠠᠵᠢᠯ᠎ᠤᠨ ᠬᠣᠷᠢᠶ᠎ᠠ ᠵᠢᠨ ᠳᠡᠳ᠋ ᠱᠦᠵᠢ᠂ ᠰᠤᠷᠭᠠᠨ ᠬᠥᠮᠦᠵᠢᠯ᠎ᠦᠨ ᠲᠢᠩᠬᠢᠮ᠎ᠦᠨ ᠳᠡᠳ᠋ ᠳᠠᠷᠤᠭ᠎ᠠ ᠯᠢ ᠸᠧᠶ᠂ ᠪᠥᠬᠥ᠌ ᠣᠷᠣᠨ᠎ᠤ ᠰᠤᠷᠭᠠᠨ ᠬᠥᠮᠦᠵᠢᠯ᠎ᠦᠨ ᠱᠢᠰᠲ᠋ᠧᠮ ᠨᠠᠮ᠎ᠤᠨ ᠰᠤᠷᠭᠠᠨ ᠬᠥᠮᠦᠵᠢᠯ᠎ᠦᠨ ᠴᠢᠭ᠌ᠯᠡᠯᠲᠡ᠎ᠶ᠋ᠢ ᠪᠥᠬᠥ᠌ ᠲᠠᠯ᠎ᠠ᠎ᠪᠠᠷ ᠲᠤᠭᠤᠰᠢᠯᠠᠭᠤᠯᠵᠤ᠂ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠦᠨ ᠠᠭᠤᠯᠤᠭ᠍ᠳᠠᠬᠤᠨ᠎ᠤ ᠮᠠᠶᠢᠭ᠎ᠤᠨ ᠬᠥᠭ᠌ᠵᠢᠯᠲᠡ᠎ᠶ᠋ᠢ ᠠᠬᠢᠭᠤᠯᠵᠤ᠂ ᠱᠢᠨᠵᠢᠯᠡᠭᠡᠨ᠎ᠦ ᠰᠠᠯᠠᠭ᠎ᠠ ᠲᠤᠰᠭᠠᠶ ᠮᠡᠷᠭᠡᠵᠢᠯ᠎ᠦᠨ ᠲᠣᠬᠢᠷᠠᠭᠤᠯᠤᠯᠲᠠ᠎ᠶ᠋ᠢ ᠱᠢᠯᠢᠳᠡᠭ᠌ᠵᠢᠭᠦᠯᠦᠨ ᠲᠣᠬᠢᠷᠠᠭᠤᠯᠬᠤ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ᠎ᠦᠨ ᠠᠵᠤ ᠠᠬᠤᠶ ᠨᠡᠢᠭᠡᠮ᠎ᠦᠨ ᠬᠥᠭ᠌ᠵᠢᠯᠲᠡ᠎ᠳᠦ ᠦᠶ᠋ᠯᠡᠴᠢᠯᠡᠬᠦ᠌ ᠲᠣᠬᠢᠷᠠᠮᠵᠢᠲᠠᠶ ᠬᠡᠮᠵᠢᠶ᠎ᠡ᠎ᠶ᠋ᠢ ᠦᠨᠡᠨ ᠬᠦ᠌ ᠳᠡᠭᠡᠭ᠌ᠰᠢᠯᠡᠭᠦᠯᠦᠨ᠎ᠡ; ᠶᠡᠬᠡ ᠳᠡᠭᠡᠳᠦ ᠰᠤᠷᠭᠠᠭᠤᠯᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠶᠡᠬᠡ ᠳᠡᠭᠡᠳᠦ ᠰᠤᠷᠭᠠᠭᠤᠯᠢ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠪᠣᠳᠠᠲᠠᠢ᠎ᠳᠤ ᠨᠠᠢᠳᠠᠪᠤᠷᠢᠵᠢᠭᠤᠯᠬᠤ᠎ᠶ᠋ᠢ ᠲᠦᠷᠭᠡᠳᠭᠡᠨ ᠠᠬᠢᠭᠤᠯᠵᠤ᠂ ᠱᠢᠨ᠎ᠡ ᠴᠢᠨᠠᠷ ᠤ᠋ᠨ ᠦᠢᠯᠡᠳᠪᠦᠷᠢᠯᠡᠯ᠎ᠦᠨ ᠬᠦᠴᠦᠨ᠎ᠦ ᠬᠥᠭ᠌ᠵᠢᠯᠲᠡ᠎ᠶ᠋ᠢ ᠠᠬᠢᠭᠤᠯᠤᠨ᠎ᠠ; ᠳᠡᠭᠡᠳᠦ ᠲᠠᠰ ᠳᠠᠪᠬᠤᠷᠭ᠎ᠠ᠎ᠶ᠋ᠢᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ᠎ᠶ᠋ᠢ ᠴᠢᠩᠭᠠᠳᠭᠠᠵᠤ᠂ 《ᠪᠦᠯᠬᠦᠮ ᠪᠠᠢᠭᠤᠯᠬᠤ ᠮᠠᠶᠢᠭ》᠂ 《ᠣᠯᠠᠨ᠎ᠢᠶᠠᠷ᠎ᠢᠶᠠᠨ ᠬᠠᠮᠵᠢᠯᠴᠠᠬᠤ ᠮᠠᠶᠢᠭ》 ᠤ᠋ᠨ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠵᠠᠭ᠍ᠪᠤᠷ᠎ᠢ ᠪᠠᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠶᠡᠬᠡ ᠳᠡᠭᠡᠳᠦ ᠰᠤᠷᠭᠠᠭᠤᠯᠢ᠎ᠶ᠋ᠢᠨ ᠵᠠᠯᠠᠭᠤ ᠪᠠᠭ᠍ᠰᠢ᠎ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠱᠢᠨ᠎ᠡ᠎ᠶ᠋ᠢ ᠡᠭᠦᠳᠬᠦ᠌ ᠴᠢᠳᠠᠪᠤᠷᠢ᠎ᠶ᠋ᠢ ᠳᠡᠮᠵᠢᠬᠦ᠌ ᠲᠥᠷᠥᠯ ᠵᠦᠶ᠋ᠯ᠎ᠢ ᠬᠡᠷᠡᠭ᠌ᠵᠢᠭᠦᠯᠵᠦ᠍᠂ ᠥᠪᠥᠷ ᠮᠣᠩᠭᠣᠯ᠎ᠤᠨ ᠣᠳᠣᠬᠢᠴᠢᠯᠠᠯᠳᠠ ᠵᠢᠨ ᠪᠥᠲᠥᠭᠡᠨ ᠪᠠᠢᠭᠤᠯᠤᠯᠲᠠ᠎ᠳᠤ ᠪᠠᠲᠤ ᠪᠠᠬᠢ ᠣᠶᠤᠨ᠎ᠤ ᠲᠤᠯᠭᠠᠭᠤᠷᠢᠯᠠᠯ ᠬᠠᠩᠭᠠᠨ᠎ᠠ ᠭᠡᠵᠤ ᠢᠯᠡᠳᠭᠡᠪᠡ᠃
ᠪᠤᠳᠠᠭ᠎ᠠ ᠭᠤᠯᠢᠷ ᠲᠤᠰᠤ ᠳᠠᠪᠤᠰᠤ᠎ᠶ᠋ᠢᠨ ᠡᠳᠦᠷ ᠲᠤᠳᠤᠮ᠎ᠤᠨ ᠬᠡᠷᠡᠭ᠌ᠯᠡᠭᠡ᠎ᠡᠴᠡ ᠢᠳᠡᠭᠡᠨ ᠡᠮ᠎ᠦᠨ ᠵᠦᠢᠯᠡᠰ᠎ᠦᠨ ᠠᠮᠤᠷ ᠲᠦᠪᠱᠢᠨ᠎ᠦ ᠬᠢᠨᠠᠯᠲᠠ ᠬᠠᠮᠢᠶᠠᠷᠤᠯᠲᠠ ᠬᠦᠷᠲᠡᠯ᠎ᠡ᠂ ᠬᠡᠷᠡᠭ᠌ᠯᠡᠭᠡ᠎ᠶ᠋ᠢᠨ ᠡᠷᠬᠡ᠎ᠪᠡᠨ ᠬᠠᠮᠠᠭᠠᠯᠠᠬᠤ᠎ᠡᠴᠡ ᠵᠠᠬ᠎ᠠ ᠳᠡᠯᠭᠡᠭᠦᠷ᠎ᠦᠨ ᠡᠮᠬᠢ ᠳᠢᠭ᠌ᠯᠢᠮ᠎ᠢ ᠬᠠᠮᠠᠭᠠᠯᠠᠬᠤ ᠬᠦᠷᠲᠡᠯ᠎ᠡ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠨᠢ ᠠᠷᠠᠳ ᠤᠯᠠᠨ᠎ᠤ ᠠᠮᠢᠳᠤᠷᠠᠯ᠎ᠲᠠᠶ ᠨᠢᠭ᠍ᠲᠠ ᠬᠣᠯᠪᠣᠭ᠎ᠠ᠎ᠲᠠᠶ ᠶᠤᠮ᠃ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ᠎ᠶ᠋ᠢᠨ ᠰᠣᠨᠢᠨ ᠮᠡᠳᠡᠭᠡ ᠤᠬᠠᠭᠤᠯᠭ᠎ᠠ᠎ᠶ᠋ᠢᠨ ᠭᠠᠵᠠᠷ᠎ᠤᠨ ᠳᠠᠷᠤᠭ᠎ᠠ ᠸᠠᠩ ᠴᠢᠦ ᠹᠠᠩ᠄ 《ᠪᠢᠳᠡ ᠪᠥᠬᠥ᠌ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠦᠨ ᠪᠥᠲᠥᠭᠡᠨ ᠪᠠᠢᠭᠤᠯᠤᠯᠲᠠ᠎ᠳᠤ ᠦᠶ᠋ᠯᠡᠴᠢᠯᠡᠬᠦ᠌᠎ᠳᠦ ᠭᠦᠨᠵᠡᠭᠡᠶ ᠠᠭᠤᠰᠤᠯᠴᠠᠵᠤ᠂ ᠪᠠᠢᠭᠤᠯᠤᠯ᠎ᠦᠨ ᠪᠡᠬᠢᠯᠡᠯᠲᠡ᠎ᠶ᠋ᠢ ᠡᠪᠳᠡᠵᠦ᠍᠂ ᠬᠢᠨᠠᠯᠲᠠ ᠬᠠᠮᠢᠶᠠᠷᠤᠯᠲᠠ᠎ᠶ᠋ᠢᠨ ᠠᠷᠭ᠎ᠠ ᠬᠡᠯᠪᠡᠷᠢ᠎ᠵᠢᠨ ᠱᠢᠨ᠎ᠡ᠎ᠶ᠋ᠢ ᠡᠭᠦᠳᠴᠦ᠍᠂ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢᠨ ᠠᠮᠢᠵᠢᠷᠠᠯ᠎ᠤᠨ ᠬᠦᠴᠦᠨ᠎ᠢ ᠶᠡᠬᠡᠪᠡᠷ ᠬᠥᠭ᠌ᠵᠢᠭᠡᠵᠦ᠍᠂ ᠲᠥᠪ ᠭᠤᠤᠯᠴᠢ᠎ᠪᠠᠷ ᠥᠷᠢᠰᠦᠯᠳᠦᠬᠦ᠌ ᠵᠠᠬ᠎ᠠ ᠳᠡᠯᠭᠡᠭᠦᠷ᠎ᠦᠨ ᠡᠮᠬᠢ ᠳᠢᠭ᠌ᠯᠢᠮ᠎ᠢ ᠬᠠᠮᠠᠭᠠᠯᠠᠵᠤ᠂ ᠬᠡᠷᠡᠭ᠌ᠯᠡᠭ᠌ᠴᠢᠳ᠎ᠦᠨ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠵᠤ᠂ ᠪᠦᠲᠦᠮᠵᠢᠲᠡᠶ ᠬᠢᠨᠠᠯᠲᠡ ᠬᠠᠮᠢᠶᠠᠷᠤᠯᠲᠠ᠎ᠪᠡᠷ ᠪᠦᠲᠦᠮᠵᠢᠲᠡᠢ ᠵᠠᠬ᠎ᠠ ᠳᠡᠯᠭᠡᠭᠦᠷ᠎ᠢ ᠳᠡᠮᠵᠢᠵᠦ᠍᠂ 〈ᠠᠷᠪᠠᠨ ᠲᠠᠪᠤᠳᠤᠭᠠᠷ ᠲᠠᠪᠤᠨ ᠵᠢᠯ〉᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠠᠵᠢᠯ᠎ᠤᠨ ᠰᠠᠢᠨ ᠡᠬᠢᠯᠡᠯᠲᠡ᠎ᠲᠡᠶ ᠪᠣᠯᠬᠤ᠎ᠶ᠋ᠢ ᠦᠨᠡᠨ ᠬᠦ᠌ ᠪᠠᠲᠤᠯᠠᠨ᠎ᠠ》 ᠭᠡᠪᠡ᠃
ᠪᠣᠳᠠᠲᠠᠶ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ ᠠᠷᠠᠳ ᠲᠦᠮᠡᠨ᠎ᠳᠦ ᠪᠤᠶᠠᠨ ᠦᠶ᠋ᠯᠡᠳᠦᠨ᠎ᠡ
ᠶᠡᠷᠦᠩᠬᠡᠢ ᠱᠦᠵᠢ ᠰᠢ ᠵᠢᠨ ᠫᠢᠩ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠌ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠤ᠌᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ᠎ᠤᠨ ᠠᠵᠢᠯ ᠬᠢᠵᠦ᠍ ᠦᠢᠯᠡᠰ ᠪᠤᠰᠭᠠᠬᠤ᠎ᠳᠤ ᠴᠢᠭ᠌ᠯᠡᠯ᠎ᠢ ᠲᠣᠳᠣᠷᠬᠠᠢ ᠵᠢᠭᠠᠵᠤ ᠥᠭ᠌ᠴᠡᠢ᠃
ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠤᠯᠠᠭᠠᠨᠴᠠᠪ ᠬᠣᠲᠠ᠎ᠶ᠋ᠢᠨ ᠨᠠᠮ᠎ᠤᠨ ᠬᠣᠷᠢᠶ᠎ᠠ᠎ᠶᠢᠨ ᠪᠠᠢᠩᠭᠤ᠎ᠶ᠋ᠢᠨ ᠭᠡᠱᠢᠭᠦᠨ᠂ ᠵᠣᠬᠢᠶᠠᠨ ᠪᠠᠢᠭᠤᠯᠬᠤ ᠬᠡᠯᠲᠡᠰ᠎ᠦᠨ ᠳᠠᠷᠤᠭ᠎ᠠ ᠯᠢᠩ ᠶᠦᠨ᠂ ᠪᠢᠳᠡ 《ᠨᠡᠢᠲᠡ᠎ᠶ᠋ᠢᠨ ᠲᠥᠯᠥᠭᠡ ᠨᠠᠮ ᠪᠠᠢᠭᠤᠯᠬᠤ᠂ ᠠᠷᠠᠳ ᠲᠦᠮᠡᠨ᠎ᠳᠦ ᠪᠤᠶᠠᠨ ᠦᠶ᠋ᠯᠡᠳᠬᠦ᠌᠂ ᠱᠢᠨᠵᠢᠯᠡᠬᠦ᠌ ᠤᠬᠠᠭᠠᠨᠴᠢ᠎ᠪᠠᠷ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ᠂ ᠦᠨᠡᠨ ᠬᠦ᠌ ᠠᠳᠭᠤᠵᠤ ᠪᠣᠳᠠᠲᠠᠶ ᠠᠵᠢᠯᠯᠠᠬᠤ》 ᠶᠡᠷᠦᠩᠬᠡᠶ ᠱᠠᠭᠠᠷᠳᠠᠯᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠰᠤᠷᠤᠯᠴᠠᠵᠤ ᠰᠤᠳᠤᠯᠤᠨ ᠶᠠᠷᠢᠯᠴᠠᠬᠤ ᠵᠢ ᠨᠠᠷᠢᠨ ᠬᠢᠨᠠᠮᠠᠭᠠᠢ ᠵᠤᠬᠢᠶᠠᠨ ᠪᠠᠢᠭᠤᠯᠬᠤ᠂ ᠠᠰᠠᠭᠤᠳᠠᠯ᠎ᠢ ᠪᠠᠢᠴᠠᠭᠠᠨ ᠳᠡᠯᠭᠡᠬᠦ᠌᠎ᠶ᠋ᠢ ᠰᠠᠢᠲᠤᠷ ᠠᠳᠭᠤᠬᠤ᠂ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠬᠤ᠎ᠶ᠋ᠢ ᠪᠣᠳᠠᠲᠠᠶ ᠠᠳᠭᠤᠬᠤ᠂ ᠲᠦᠷᠢᠮ ᠲᠣᠭ᠍ᠲᠠᠭᠠᠯ ᠲᠣᠭ᠍ᠲᠠᠭᠠᠬᠤ᠎ᠶ᠋ᠢ ᠴᠢᠩᠭᠠᠳᠭᠠᠬᠤ᠂ ᠰᠤᠷᠭᠠᠨ ᠬᠥᠮᠦᠵᠢᠭᠦᠯᠬᠦ᠌᠎ᠶ᠋ᠢ ᠪᠠᠷᠢᠮᠲᠠᠯᠠᠬᠤ᠎ᠪᠠᠷ ᠳᠠᠮᠵᠢᠭᠤᠯᠤᠨ᠂ ᠨᠠᠮ᠎ᠤᠨ ᠭᠡᠱᠢᠭᠦᠨ ᠺᠠᠳ᠋ᠷᠴᠤᠳ᠎ᠢ ᠬᠥᠲᠥᠯᠥᠨ ᠵᠢᠯᠣᠭᠣᠳᠴᠤ᠌ ᠪᠠᠢᠭᠠᠳ ᠦᠨᠡᠨ᠎ᠡᠴᠡ ᠵᠥᠪ᠎ᠢ ᠡᠷᠢᠬᠦ᠌᠂ ᠦᠨᠡᠨ᠎ᠢ ᠪᠠᠷᠢᠮᠲᠠᠯᠠᠨ ᠪᠣᠳᠠᠲᠠᠶ᠎ᠶ᠋ᠢ ᠡᠷᠬᠢᠮᠯᠡᠬᠦ᠌᠎ᠶ᠋ᠢ ᠪᠠᠷᠢᠮᠲᠠᠯᠠᠵᠤ᠂ ᠠᠷᠠᠳ ᠲᠦᠮᠡᠨ᠎ᠤ ᠲᠥᠯᠥᠭᠡ ᠵᠠᠰᠠᠭ᠎ᠤᠨ ᠠᠵᠢᠯ᠎ᠤᠨ ᠪᠦᠲᠦᠮᠵᠢ ᠭᠠᠷᠭᠠᠵᠤ᠂ ᠪᠣᠳᠠᠲᠠᠶ ᠠᠵᠢᠯᠯᠠᠵᠤ ᠪᠠᠢᠭᠠᠳ ᠵᠠᠰᠠᠭ᠎ᠤᠨ ᠠᠵᠢᠯ᠎ᠤᠨ ᠪᠦᠲᠦᠮᠵᠢ ᠭᠠᠷᠭᠠᠵᠤ᠂ ᠤᠬᠠᠮᠰᠠᠷ᠎ᠡᠴᠡ᠎ᠪᠠᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠪᠡᠷ ᠬᠥᠭ᠌ᠵᠢᠯᠲᠡ᠎ᠶ᠋ᠢ ᠠᠬᠢᠭᠤᠯᠵᠤ᠂ ᠠᠷᠠᠳ ᠲᠦᠮᠡᠨ᠎ᠳᠦ ᠪᠤᠶᠠᠨ ᠦᠶ᠋ᠯᠡᠳᠦᠨ᠎ᠡ ᠭᠡᠵᠦ ᠢᠯᠡᠳᠭᠡᠪᠡ᠃
《ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠬᠥᠮᠦᠰ᠎ᠢ ᠤᠷᠮᠠᠱᠢᠭᠤᠯᠤᠨ ᠵᠣᠷᠢᠭ᠍ᠵᠢᠭᠤᠯᠤᠨ᠎ᠠ》᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ ᠨᠡᠢᠭᠡᠮ᠎ᠦᠨ ᠠᠵᠢᠯ᠎ᠤᠨ ᠬᠡᠯᠲᠡᠰ᠎ᠦᠨ ᠰᠤᠳᠤᠯᠬᠤ ᠲᠠᠰᠤᠭ᠎ᠤᠨ ᠳᠠᠷᠤᠭ᠎ᠠ ᠯᠢ ᠶᠧ ᠷᠦᠩ᠂ ᠱᠢᠨ᠎ᠡ ᠴᠠᠭ ᠦᠶ᠎ᠡ᠎ᠶ᠋ᠢᠨ ᠨᠡᠢᠭᠡᠮ᠎ᠦᠨ ᠠᠵᠢᠯᠲᠠᠨ ᠪᠣᠯᠤᠭ᠍ᠰᠠᠨ᠎ᠤ ᠬᠤᠪᠢ᠎ᠳᠤ᠂ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠬᠠᠷᠢᠭᠤᠴᠠᠯᠭ᠎ᠠ᠎ᠪᠠᠨ ᠲᠣᠳᠣᠷᠬᠠᠢᠯᠠᠨ ᠬᠠᠷᠢᠭᠤᠴᠠᠯᠭ᠎ᠠ᠎ᠪᠠᠨ ᠮᠡᠳᠡᠵᠦ᠍᠂ ᠲᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠨ᠂ ᠱᠢᠨ᠎ᠡ᠎ᠪᠡᠷ ᠮᠠᠨᠳᠤᠭ᠍ᠰᠠᠨ ᠬᠦᠷᠢᠶᠡᠨ᠎ᠦ ᠨᠠᠮ᠎ᠤᠨ ᠪᠠᠢᠭᠤᠯᠤᠯᠲᠠ᠂ ᠦᠨᠳᠦᠰᠦᠨ ᠱᠠᠲᠤᠨ᠎ᠤ ᠵᠠᠰᠠᠯᠲᠠ ᠪᠣᠯᠤᠨ ᠣᠯᠠᠨ ᠲᠦᠮᠡᠨ᠎ᠦ ᠦᠶ᠋ᠯᠡᠴᠢᠯᠡᠭᠡ ᠵᠡᠷᠭᠡ ᠭᠤᠤᠯᠳᠠᠯᠭ᠎ᠠ᠎ᠲᠠᠶ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠣᠶ ᠪᠣᠯᠭᠠᠨ ᠦᠶ᠋ᠯᠡᠳᠦᠯᠭᠡᠵᠢᠭᠦᠯᠵᠦ᠍᠂ 《ᠲᠡᠮᠦᠷ ᠪᠠᠷᠢᠪᠠᠯ ᠤᠷᠤᠮ ᠦᠯᠡᠳᠡᠭᠡᠬᠦ᠌᠂ ᠴᠢᠯᠠᠭᠤᠨ ᠳᠡᠭᠡᠷ᠎ᠡ ᠬᠢᠰᠭᠢᠪᠡᠯ ᠮᠥᠷ ᠦᠯᠡᠳᠡᠭᠡᠬᠦ᠌》 ᠬᠠᠲᠠᠨ ᠵᠣᠷᠢᠭ᠎ᠢᠶᠠᠷ᠂ ᠪᠥᠬᠥ᠌ ᠣᠷᠣᠨ᠎ᠤ ᠨᠡᠢᠭᠡᠮ᠎ᠦᠨ ᠠᠵᠢᠯ᠎ᠳᠦ ᠱᠢᠨ᠎ᠡ ᠵᠠᠮ ᠨᠡᠭᠡᠭᠡᠬᠦ᠌᠂ ᠡᠮᠦᠨ᠎ᠡ ᠡᠨᠭᠨᠡᠭᠡᠨᠳᠤ ᠶᠠᠪᠤᠬᠤ᠎ᠶ᠋ᠢ ᠠᠬᠢᠭᠤᠯᠤᠨ᠎ᠠ ᠭᠡᠵᠦ᠍ ᠢᠯᠡᠳᠭᠡᠪᠡ᠃
ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ᠎ᠶ᠋ᠢ ᠰᠤᠷᠤᠯᠴᠠᠭ᠍ᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ᠎ᠦᠨ ᠪᠠᠢᠭᠤᠯᠭ᠎ᠠ᠎ᠶ᠋ᠢᠨ ᠨᠠᠮ᠎ᠤᠨ ᠬᠤᠷᠢᠶ᠎ᠠ᠎ᠶᠢᠨ ᠲᠤᠰᠭᠠᠶ ᠲᠤᠱᠢᠶᠠᠯᠲᠤ ᠳᠡᠳ᠋ ᠱᠦᠵᠢ ᠱᠢᠤᠸᠠᠢ ᠵᠢᠶᠧ ᠶᠡᠬᠡᠳᠡ ᠵᠣᠷᠢᠭ᠍ᠵᠢᠪᠠ᠃ ᠲᠡᠷᠡ᠂ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ᠎ᠤ ᠭᠤᠤᠯ ᠬᠠᠷᠢᠭᠤᠴᠠᠯᠭ᠎ᠠ ᠭᠤᠤᠯ ᠠᠵᠢᠯ᠎ᠳᠤ ᠠᠭᠤᠰᠤᠯᠴᠠᠭᠤᠯᠵᠤ᠂ ᠶᠠᠭ ᠥᠷᠨᠢᠭᠦᠯᠵᠦ᠍ ᠪᠠᠢᠭ᠎ᠠ ᠵᠠᠰᠠᠭ᠎ᠤᠨ ᠠᠵᠢᠯ᠎ᠤᠨ ᠪᠦᠳᠦᠮᠵᠢ᠎ᠶᠢᠨ ᠳᠤᠬᠠᠢ ᠵᠦᠪ ᠦᠵᠡᠯᠲᠡ᠎ᠶ᠋ᠢ ᠪᠣᠶ ᠪᠣᠯᠭᠠᠬᠤ ᠪᠠ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠲᠡᠶ ᠤᠶᠠᠯᠳᠤᠭᠤᠯᠵᠤ᠂ ᠨᠠᠮ᠎ᠤᠨ ᠭᠡᠱᠢᠭᠦᠨ ᠺᠠᠳ᠋ᠷ᠎ᠤᠨ ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ᠎ᠦ ᠬᠥᠭ᠌ᠵᠢᠯᠲᠡ᠎ᠶ᠋ᠢ ᠠᠬᠢᠭᠤᠯᠬᠤ᠂ ᠪᠥᠬᠥ᠌ ᠲᠠᠯ᠎ᠠ᠎ᠪᠠᠷ ᠬᠠᠤᠯᠢ᠎ᠪᠠᠷ ᠣᠷᠣᠨ᠎ᠢ ᠵᠠᠰᠠᠬᠤ᠂ ᠬᠠᠤᠯᠢᠵᠢᠬ᠍ᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌ ᠵᠡᠷᠭᠡ ᠲᠠᠯ᠎ᠠ᠎ᠪᠠᠷ ᠱᠢᠨ᠎ᠡ ᠡᠭᠦᠷᠭᠡᠯᠡᠯ᠎ᠲᠡᠶ ᠪᠤᠯᠬᠤ ᠵᠢ ᠬᠥᠲᠥᠯᠥᠨ ᠵᠢᠯᠣᠭᠣᠳᠤᠨ᠎ᠠ᠃ ᠡᠭᠦᠨ᠎ᠦ ᠵᠡᠷᠭᠡᠴᠡᠭᠡ ᠪᠡᠷ᠂ ᠵᠥᠷᠢᠴᠡᠯ ᠵᠠᠭᠤᠷᠠᠯᠳᠤᠭᠠᠨ᠎ᠢ ᠨᠠᠮᠳᠠᠭᠠᠬᠤ᠂ ᠬᠠᠤᠯᠢ ᠴᠠᠭᠠᠵᠠ᠎ᠶ᠋ᠢᠨ ᠵᠥᠪᠯᠡᠯᠭᠡ ᠥᠭ᠌ᠬᠦ᠂ ᠬᠠᠤᠯᠢ ᠴᠠᠭᠠᠵᠠ᠎ᠶ᠋ᠢᠨ ᠶᠡᠷᠦ᠍᠎ᠶ᠋ᠢᠨ ᠮᠡᠳᠡᠯᠭᠡ᠎ᠶ᠋ᠢ ᠲᠦᠭᠡᠮᠡᠯᠵᠢᠭᠦᠯᠬᠦ᠌ ᠤᠬᠠᠭᠤᠯᠭ᠎ᠠ᠂ ᠬᠠᠤᠯᠢ ᠴᠠᠭᠠᠵᠠ᠎ᠶ᠋ᠢᠨ ᠲᠤᠰᠠᠯᠠᠮᠵᠢ ᠦᠵᠡᠭᠦᠯᠬᠦ᠌ ᠵᠡᠷᠭᠡ ᠰᠠᠢ᠌ᠨ ᠳᠤᠷ᠎ᠠ᠎ᠶ᠋ᠢᠨ ᠦᠢᠯᠡᠴᠢᠯᠡᠭᠡ᠎ᠶ᠋ᠢ ᠢᠳᠡᠪᠬᠢᠲᠡᠢ ᠥᠷᠨᠢᠭᠦᠯᠵᠦ᠍᠂ ᠬᠠᠤᠯᠢ᠎ᠪᠠᠷ ᠵᠠᠰᠠᠬᠤ᠎ᠶ᠋ᠢᠨ ᠦᠨᠳᠦᠰᠦ ᠰᠠᠭᠤᠷᠢ᠎ᠶ᠋ᠢ ᠪᠡᠬᠢᠵᠢᠭᠦᠯᠬᠦ᠌᠂ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ᠂ ᠠᠯᠤᠰ ᠭᠡᠳᠤ᠎ᠳᠦ ᠠᠱᠢᠭ᠍ᠲᠠᠢ ᠪᠠᠢᠬᠤ ᠪᠠᠲᠤᠯᠠᠭ᠎ᠠ᠎ᠶ᠋ᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》᠎ᠢ᠋ ᠰᠠᠢᠳᠤᠷ ᠡᠬᠢᠯᠡᠬᠦᠯᠬᠦ᠎ᠳᠦ ᠬᠠᠤᠯᠢ᠎ᠪᠠᠷ ᠵᠠᠰᠠᠬᠤ ᠪᠠᠲᠤ ᠴᠢᠩᠭ᠎ᠠ ᠲᠦᠱᠢᠭ ᠲᠤᠯᠭᠠᠭᠤᠷᠢ ᠬᠠᠩᠭᠠᠨ᠎ᠠ ᠭᠡᠵᠦ ᠢᠯᠡᠳᠬᠡᠪᠡ᠃
《ᠨᠠᠮ᠎ᠢ ᠬᠠᠮᠢᠶᠠᠷᠴᠤ᠌ ᠨᠠᠮ᠎ᠢ ᠵᠠᠰᠠᠬᠤ ᠨᠢ ᠬᠡᠳᠦᠢ ᠪᠦᠲᠦᠮᠵᠢᠲᠡᠢ ᠪᠣᠯᠬᠤ ᠲᠤᠳᠤᠮ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠪᠠᠲᠤᠯᠠᠭ᠎ᠠ ᠨᠢ ᠲᠡᠳᠦᠢ ᠬᠦᠴᠦᠲᠡᠢ ᠪᠣᠯᠳᠠᠭ》᠃ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠢᠩᠬᠢᠮ᠎ᠦᠨ ᠪᠠᠢᠭᠤᠯᠭ᠎ᠠ᠎ᠶ᠋ᠢᠨ ᠰᠠᠬᠢᠯᠭ᠎ᠠ ᠪᠠᠲᠤ ᠪᠠᠢᠴᠠᠭᠠᠬᠤ ᠬᠤᠷᠢᠶ᠎ᠠ᠎ᠶᠢᠨ ᠱᠦᠵᠢ ᠮᠠᠶ᠋ᠢᠨ ᠴᠧᠨ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠶ ᠵᠥᠪ ᠦᠵᠡᠯᠲᠡ᠎ᠶ᠋ᠢ ᠪᠣᠶ ᠪᠣᠯᠭᠠᠬᠤ ᠪᠠ ᠦᠶ᠋ᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠬᠢᠨᠠᠮᠠᠭᠠᠶ ᠵᠣᠬᠢᠶᠠᠨ ᠪᠠᠢᠭᠤᠯᠤᠨ ᠥᠷᠨᠢᠭᠦᠯᠵᠦ᠍᠂ ᠨᠠᠮ᠎ᠤᠨ ᠭᠡᠱᠢᠭᠦᠨ ᠺᠠᠳ᠋ᠷᠴᠤᠳ᠎ᠤᠨ 《ᠨᠡᠢᠲᠡ᠎ᠶ᠋ᠢᠨ ᠲᠥᠯᠥᠭᠡ ᠨᠠᠮ ᠪᠠᠢᠭᠤᠯᠬᠤ᠂ ᠠᠷᠠᠳ ᠲᠦᠮᠡᠨ᠎ᠳᠦ ᠪᠤᠶᠠᠨ ᠦᠶ᠋ᠯᠡᠳᠬᠦ᠌᠂ ᠱᠢᠨᠵᠢᠯᠡᠬᠦ᠌ ᠤᠬᠠᠭᠠᠨᠴᠢ᠎ᠪᠠᠷ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ᠂ ᠦᠨᠡᠨ ᠬᠦ᠌ ᠠᠳᠭᠤᠨ ᠪᠣᠳᠠᠲᠠᠶ ᠠᠵᠢᠯᠯᠠᠬᠤ》 ᠶᠡᠷᠦᠩᠬᠡᠶ ᠱᠠᠭᠠᠷᠳᠠᠯᠭ᠎ᠠ᠎ᠶ᠋ᠢ ᠪᠠᠲᠤ ᠴᠡᠭᠡᠵᠢᠯᠡᠭᠦ ᠵᠢ ᠬᠥᠲᠥᠯᠥᠨ ᠵᠢᠯᠣᠭᠣᠳᠴᠤ᠌᠂ ᠦᠨᠡᠨ᠎ᠡᠴᠡ ᠵᠥᠪ᠎ᠢ ᠡᠷᠢᠬᠦ᠌᠂ ᠦᠨᠡᠨ᠎ᠢ ᠪᠠᠷᠢᠮᠲᠠᠯᠠᠨ ᠪᠣᠳᠠᠲᠠᠶ᠎ᠶ᠋ᠢ ᠡᠷᠬᠢᠮᠯᠡᠬᠦ᠌᠎ᠶ᠋ᠢ ᠪᠠᠷᠢᠮᠲᠠᠯᠠᠨ᠂ 《ᠠᠷᠠᠳ ᠲᠦᠮᠡᠨ᠎ᠤ ᠲᠦᠯᠦᠭᠡ ᠵᠠᠰᠠᠭ᠎ᠤᠨ ᠠᠵᠢᠯ᠎ᠤᠨ ᠪᠦᠲᠦᠮᠵᠢ ᠭᠠᠷᠭᠠᠵᠤ᠂ ᠪᠣᠳᠠᠲᠠᠶ ᠠᠵᠢᠯᠯᠠᠨ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ》 ᠶ᠋ᠢ ᠦᠨᠡᠨ ᠬᠦ᠌ ᠪᠡᠶᠡᠯᠡᠭᠦᠯᠦᠨ᠎ᠡ᠃ ᠡᠭᠦᠨ᠎ᠦ ᠬᠠᠮᠲᠤ᠂ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠬᠦᠷᠢᠶᠡᠨ᠎ᠳᠡᠬᠢ ᠣᠯᠠᠨ ᠲᠦᠮᠡᠨ᠎ᠦ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠢᠷᠠᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭ᠌ᠴᠡᠯᠡᠨ ᠵᠠᠰᠠᠬᠤ᠎ᠳᠦ ᠠᠩᠬᠠᠷᠤᠯ᠎ᠢᠶᠡᠨ ᠲᠦᠪᠯᠡᠷᠡᠬᠦᠯᠦᠨ᠂ ᠠᠷᠠᠳ᠎ᠤᠨ ᠠᠮᠢᠳᠤᠷᠠᠯ᠎ᠳᠡᠬᠢ ᠲᠦᠪᠡᠭᠳᠡᠵᠦ ᠪᠠᠢᠭ᠎ᠠ ᠶᠠᠪᠤᠳᠠᠯ᠎ᠢ ᠬᠦᠴᠦᠯᠡᠨ ᠱᠢᠶ᠋ᠳᠪᠦᠷᠢᠯᠡᠵᠦ᠍᠂ ᠰᠤᠷᠲᠠᠯ᠎ᠢ ᠴᠡᠭ᠌ᠴᠡᠯᠡᠨ ᠰᠠᠬᠢᠯᠭ᠎ᠠ ᠪᠠᠲᠤ᠎ᠶ᠋ᠢ ᠴᠢᠩᠳᠠᠯᠠᠭᠰᠠᠨ ᠪᠣᠳᠠᠲᠤ ᠦᠷ᠎ᠡ ᠪᠦᠲᠦᠮᠵᠢ᠎ᠪᠡᠷ ᠠᠷᠠᠳ ᠣᠯᠠᠨ᠎ᠤ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠦᠨ᠎ᠡ ᠭᠡᠵᠦ ᠢᠯᠡᠳᠬᠡᠪᠡ᠃
(ᠰᠤᠷᠪᠤᠯᠵᠢᠯᠠᠭ᠍ᠴᠢ ᠠᠨ ᠶ᠌ᠢᠨ ᠳ᠋ᠦᠩ ᠪᠠᠢ ᠳ᠋ᠠᠨ ᠰᠦᠩ ᠱᠤᠸᠠᠩ ᠬᠤᠤ ᠵᠢᠶᠠ ᠯᠢ ᠱᠢᠤᠢ ᠵᠢᠩ ᠯᠢᠦ ᡁᠢ ᠱᠢᠶᠠᠨ ᠮᠧᠢ ᠭᠠᠩ ᠯᠢ ᠭᠦᠸᠧ ᠫᠢᠩ ᠯᠢ ᠶᠦᠩ ᠲᠤᠤ ᠨᠠᠷ ᠶᠡᠷᠦᠩᠬᠡᠢᠯᠡᠨ ᠮᠡᠳᠡᠭᠡᠯᠡᠪᠡ)