ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠶ᠋ᠢᠨ ᠲᠥᠰᠦᠯ ᠢ᠋ ᠬᠢᠨᠠᠨ ᠪᠠᠢᠴᠠᠭᠠᠪᠠ
2026-03-07 10:52:07
ᠵᠣᠬᠢᠶᠠᠭ᠍ᠴᠢ᠄
ᠯᠢ ᠬᠠᠨ ᠵᠠᠩ ᠺᠦᠢ
ᠣᠩᠱᠢᠭ᠍ᠰᠠᠨ ᠣᠳᠠᠭ᠎ᠠ᠄
★★★☆☆

ᠸᠠᠩ ᠸᠧᠢ ᠵᠦᠩ ᠬᠤᠷᠠᠯ ᠎ᠢ ᠡᠷᠬᠢᠯᠡᠭ᠌ᠰᠡᠨ ᠪᠥᠭᠡᠳ ᠦᠭᠡ ᠬᠡᠯᠡᠵᠤ   ᠪᠦᠦ ᠭᠠᠩ ᠤᠷᠤᠯᠴᠠᠵᠠᠢ

ᠶᠠᠩ ᠵᠧᠨ ᠡᠦ   ᠪᠦ᠋ ᠱᠢᠶᠤᠤ ᠯᠢᠨ ᠦᠭᠡ ᠬᠡᠯᠡᠪᠡ


3 ᠰᠠᠷ᠎ᠠ᠎ᠶ᠋ᠢᠨ 6 ᠤ᠋ ᠦᠳᠡ᠎ᠶ᠋ᠢᠨ ᠡᠮᠦᠨ᠎ᠡ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠰᠠᠭᠤᠭ᠎ᠠ ᠭᠠᠵᠠᠷ᠎ᠲᠠᠭᠠᠨ ᠪᠥᠬᠥᠳᠡ ᠬᠤᠷᠠᠯ ᠬᠢᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠶ᠋ᠢᠨ ᠲᠥᠰᠦᠯ᠎ᠢ ᠬᠢᠨᠠᠨ ᠪᠠᠢᠴᠠᠭᠠᠪᠠ᠃


QQ截图20260306155737.png


3 ᠰᠠᠷ᠎ᠠ ᠵᠢᠨ 6 ᠤ᠋ ᠦᠳᠠ ᠵᠢᠨ ᠡᠮᠤᠨ᠎ᠠ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠰᠠᠭᠤᠭ᠎ᠠ ᠭᠠᠵᠠᠷ᠎ᠲᠠᠭᠠᠨ ᠪᠥᠬᠥᠳᠡ ᠬᠤᠷᠠᠯ ᠬᠢᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠶ᠋ᠢᠨ ᠲᠥᠰᠦᠯ ᠎ᠢ ᠬᠢᠨᠠᠨ ᠪᠠᠢᠴᠠᠭᠠᠪᠠ᠃

ᠰᠤᠷᠪᠤᠯᠵᠢᠯᠠᠬᠴᠢ ᠮᠠ ᠵᠢᠶᠠᠨ ᠪᠢᠩ ᠰᠡᠬᠦᠳᠡᠷᠯᠡᠪᠡ


ᠲᠥᠯᠥᠭᠡᠯᠡᠭ᠌ᠴᠢᠳ᠎ᠦᠨ ᠪᠦᠯᠬᠦᠮ᠎ᠦᠨ ᠳᠠᠷᠤᠭ᠎ᠠ ᠸᠠᠩ ᠸᠧᠶ ᠵᠥᠩ ᠬᠤᠷᠠᠯ᠎ᠢ ᠡᠷᠭᠢᠯᠡᠭ᠌ᠰᠡᠨ ᠪᠥᠭᠡᠳ ᠦᠭᠡ ᠬᠡᠯᠡᠵᠦ᠍᠂ ᠳᠡᠳ᠋ ᠪᠦᠯᠬᠦᠮ᠎ᠦᠨ ᠳᠠᠷᠤᠭ᠎ᠠ ᠪᠦᠦ ᠭᠠᠩ ᠣᠷᠣᠯᠴᠠᠵᠤ᠂ ᠶᠠᠩ ᠵᠧᠨ ᠡᠸ᠋᠂ ᠪᠦ᠋ ᠱᠢᠶᠤᠤ ᠯᠢᠨ ᠵᠡᠷᠭᠡ ᠲᠥᠯᠥᠭᠡᠯᠡᠭ᠌ᠴᠢ ᠦᠭᠡ ᠬᠡᠯᠡᠪᠡ᠃ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠠᠯᠪᠠᠨ ᠲᠢᠩᠬᠢᠮ᠂ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠡᠳ᠋᠎ᠦᠨ ᠵᠠᠰᠠᠭ᠎ᠤᠨ ᠶᠠᠮᠤᠨ᠂ ᠤᠯᠤᠰ᠎ᠤᠨ ᠭᠠᠢᠯᠢ᠎ᠶ᠋ᠢᠨ ᠶᠠᠪᠤᠳᠠᠯ᠎ᠤᠨ ᠶᠡᠷᠦᠩᠬᠡᠶ ᠲᠣᠪᠴᠢᠶ᠎ᠠ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠳ᠋᠎ᠦᠨ ᠵᠠᠰᠠᠭ ᠠᠵᠤ ᠠᠬᠤᠶ᠎ᠶ᠋ᠢᠨ ᠵᠥᠪᠯᠡᠯ ᠪᠣᠯᠤᠨ ᠶᠡᠬᠡ ᠬᠤᠷᠠᠯ᠎ᠤᠨ ᠪᠢᠴᠢᠭ ᠮᠠᠲ᠋ᠧᠷᠢᠶᠠᠯ ᠲᠣᠪᠴᠢ ᠮᠡᠳᠡᠭᠡ᠎ᠶ᠋ᠢᠨ ᠳᠤᠭᠤᠢᠯᠠᠩ᠎ᠤᠨ ᠬᠣᠯᠪᠣᠭ᠍ᠳᠠᠯ ᠪᠥᠬᠥᠶ ᠨᠥᠬᠥᠳ ᠬᠤᠷᠠᠯ᠎ᠳᠤ ᠣᠷᠣᠯᠴᠠᠵᠤ ᠬᠢᠨᠠᠨ ᠪᠠᠢᠴᠠᠭᠠᠭ᠍ᠰᠠᠨ ᠪᠠᠢᠳᠠᠯ᠎ᠢ ᠰᠣᠨᠣᠰᠪᠠ᠃

ᠸᠠᠩ ᠸᠧᠢ ᠵᠦᠩ ᠲᠥᠯᠥᠭᠡᠯᠡᠭ᠌ᠴᠢ᠂ ᠶᠡᠷᠦᠩᠬᠡᠢ ᠱᠦᠵᠢ ᠰᠢ ᠵᠢᠨ ᠫᠢᠩ᠎ᠦᠨ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶ᠎ᠠ ᠨᠢ᠂ ᠨᠡᠩ ᠪᠤᠳᠤᠯᠢᠶᠠᠨᠲᠠᠢ ᠣᠷᠴᠢᠨ᠎ᠢ ᠠᠷᠭᠠᠴᠠᠭᠠᠬᠤ᠂ ᠨᠡᠩ ᠤᠯᠠᠨ ᠭᠦᠨ ᠳᠠᠪᠬᠤᠷᠭ᠎ᠠ᠎ᠶ᠋ᠢᠨ ᠵᠥᠷᠢᠴᠡᠯ᠎ᠢ ᠱᠢᠢᠳᠪᠦᠷᠢᠯᠡᠬᠦ᠌᠂ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠬᠥᠭ᠌ᠵᠢᠭᠦᠯᠬᠦ᠌᠂ ᠠᠵᠤ ᠠᠬᠤᠢ᠎ᠶ᠋ᠢᠨ ᠤᠶᠠᠨ ᠬᠠᠳᠠᠨ ᠴᠢᠨᠠᠷ ᠎ᠢ ᠴᠢᠩᠭᠠᠳᠭᠠᠬᠤ᠂ ᠬᠠᠮᠲᠤ ᠎ᠪᠠᠷ ᠪᠠᠶᠠᠵᠢᠬᠤ ᠶ᠋ᠢ ᠠᠬᠢᠭᠤᠯᠬᠤ᠂ ᠨᠠᠮ ᠎ᠢ ᠴᠢᠩᠭ᠎ᠠ ᠬᠠᠮᠢᠶᠠᠷᠴᠤ᠌  ᠴᠢᠩᠭ᠎ᠠ ᠵᠠᠰᠠᠬᠤ ᠵᠡᠷᠭᠡ ᠴᠢᠬᠤᠯᠠ ᠶᠡᠬᠡ ᠠᠰᠠᠭᠤᠳᠠᠯ ᠎ᠢ ᠭᠦᠨᠵᠡᠭᠡᠢ ᠲᠣᠳᠣᠷᠬᠠᠢᠯᠠᠨ ᠥᠭᠦᠯᠡᠵᠦ᠍᠂ ᠴᠢᠬᠤᠯᠠ ᠵᠢᠯᠣᠭᠣᠳᠭᠤ ᠠᠴᠢ ᠬᠣᠯᠪᠣᠭ᠍ᠳᠠᠯ᠎ᠲᠠᠶ ᠶᠤᠮ᠃ ᠪᠢᠳᠡ ᠶᠡᠷᠦᠩᠬᠡᠢ ᠱᠦᠵᠢ ᠰᠢ ᠵᠢᠨ ᠫᠢᠩ ᠎ᠦᠨ ᠴᠢᠬᠤᠯᠠ ᠶᠠᠷᠢᠶᠠᠨ ᠎ᠤ ᠵᠣᠷᠢᠭ ᠰᠠᠨᠠᠭ᠎ᠠ ᠎ᠶ᠋ᠢ  ᠶᠡᠷᠦᠩᠬᠡᠢ ᠱᠦᠵᠢ ᠎ᠶ᠋ᠢᠨ ᠥᠪᠥᠷ ᠮᠣᠩᠭᠣᠯ᠎ᠤᠨ ᠲᠤᠬᠠᠢ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠲᠠᠶ ᠨᠢᠭᠡ ᠴᠤᠬ᠍ᠴᠠᠵᠢᠭᠤᠯᠤᠨ ᠰᠤᠷᠤᠯᠴᠠᠨ ᠲᠤᠭᠤᠱᠢᠯᠠᠭᠤᠯᠵᠤ᠂ ᠵᠣᠭ᠍ᠰᠣᠴᠠ᠎ᠪᠠᠨ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍᠂ ᠪᠠᠢᠷᠢ ᠲᠣᠭ᠍ᠲᠠᠭᠠᠯᠲᠠ᠎ᠪᠠᠨ ᠣᠨᠣᠪᠴᠢᠲᠠᠢ ᠣᠯᠵᠤ᠂ ᠨᠠᠢᠳᠠᠪᠤᠷᠢᠵᠢᠭᠤᠯᠤᠯᠲᠠ᠎ᠶ᠋ᠢ ᠴᠢᠩᠭ᠎ᠠ ᠠᠳᠭᠤᠵᠤ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠢᠯ᠎ᠦᠨ ᠠᠵᠢᠯ᠎ᠳᠤ ᠦᠨᠡᠨ ᠬᠦ᠌ ᠲᠤᠭᠤᠱᠢᠯᠠᠭᠤᠯᠬᠤ ᠬᠡᠷᠡᠭ᠌ᠲᠡᠢ᠃  《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠶ᠋ᠢᠨ ᠲᠥᠰᠦᠯ ᠎ᠨᠢ  ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ ᠎ᠤᠨ ᠣᠨᠴᠠᠯᠢᠭ ᠪᠦᠬᠦᠢ ᠨᠡᠢᠭᠡᠮ ᠵᠢᠷᠤᠮ ᠎ᠤᠨ ᠦᠵᠡᠯ ᠰᠠᠨᠠᠭ᠎ᠠ ᠎ᠪᠠᠷ ᠵᠢᠯᠣᠭᠣᠳᠣᠯᠭ᠎ᠠ ᠪᠣᠯᠭᠠᠵᠤ ᠂ ᠨᠠᠮ ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠵᠤ ᠂  《ᠳᠥᠷᠪᠡᠨ ᠠᠱᠢᠭ᠍ᠲᠠᠶ ᠪᠠᠢᠬᠤ》 ᠴᠢᠬᠤᠯᠠ ᠳᠠᠪᠠᠭᠤᠯᠢᠭ᠎ᠢ ᠭᠦᠶ᠋ᠴᠡᠳ ᠢᠯᠡᠷᠡᠭᠦᠯᠵᠦ᠍᠂  《ᠲᠠᠪᠤ ᠎ᠶ᠋ᠢ ᠪᠠᠷᠢᠮᠲᠠᠯᠠᠬᠤ》 ᠴᠢᠬᠤᠯᠠ ᠲᠤᠷᠱᠢᠯᠭ᠎ᠠ᠎ᠶ᠋ᠢ ᠭᠦᠶ᠋ᠴᠡᠳ ᠠᠱᠢᠭ᠍ᠯᠠᠵᠤ᠂ ᠬᠤᠪᠢᠷᠠᠯᠲᠠ᠎ᠶ᠋ᠢ ᠠᠷᠭᠠᠴᠠᠭᠠᠨ ᠱᠢᠨ᠎ᠡ ᠪᠠᠢᠳᠠᠯ ᠎ᠢ ᠨᠡᠬᠡᠬᠡᠬᠦ᠂ ᠬᠥᠳᠡᠯᠭᠡᠬᠦ᠌ ᠬᠦᠴᠦᠨ ᠎ᠢ ᠨᠡᠮᠡᠭ᠌ᠳᠡᠭᠦᠯᠦᠨ ᠬᠠᠮᠲᠤᠷᠠᠯ ᠬᠦᠴᠦᠨ ᠎ᠢ ᠨᠢᠭ᠍ᠲᠠᠷᠠᠭᠤᠯᠬᠤ᠂ ᠣᠳᠣᠬᠠᠨ ᠳ᠋ᠤ ᠠᠰᠢᠭᠳᠠᠢ ᠠᠯᠤᠰ ᠬᠡᠲᠦ᠍᠎ᠳᠦ ᠠᠱᠢᠭ᠍ᠲᠠᠶ ᠰᠠᠢᠨ ᠬᠥᠲᠥᠯᠪᠦᠷᠢ ᠪᠤᠯᠤᠨ᠎ᠠ᠃ ᠪᠢ ᠪᠦᠷᠢᠮᠦᠰᠦᠨ ᠵᠥᠪᠱᠢᠶᠡᠷᠡᠨ᠎ᠡ᠃ ᠪᠢᠳᠡ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ ᠡᠴᠡ ᠥᠪᠥᠷ ᠮᠣᠩᠭᠣᠯ᠎ᠳᠤ ᠣᠯᠭᠣᠭ᠍ᠰᠠᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠣᠯᠤᠨ ᠡᠭᠦᠷᠭᠡ ᠬᠠᠷᠢᠭᠤᠴᠠᠯᠭ᠎ᠠ᠎ᠶ᠋ᠢᠨ ᠲᠣᠭᠣᠷᠢᠨ᠎ᠳᠤ᠂ ᠬᠥᠲᠥᠯᠪᠦᠷᠢ᠎ᠶ᠋ᠢᠨ ᠡᠯ᠎ᠡ ᠵᠦᠶ᠋ᠯ᠎ᠦᠨ ᠱᠠᠭᠠᠷᠳᠠᠯᠭ᠎ᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠬᠣᠯᠪᠣᠭ᠍ᠳᠠᠯ ᠪᠥᠬᠥᠶ ᠴᠢᠬᠤᠯᠠ ᠶᠡᠬᠡ ᠡᠭᠦᠷᠭᠡ᠂ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ ᠪᠣᠯᠤᠨ ᠢᠨᠵᠧᠨᠧᠷᠢᠩ᠎ᠦᠨ ᠲᠥᠷᠥᠯ ᠵᠦᠶ᠋ᠯ᠎ᠢ ᠱᠠᠯᠠᠪᠳᠠᠨ ᠠᠬᠢᠭᠤᠯᠵᠤ᠂ ᠨᠠᠮ᠎ᠤᠨ ᠲᠥᠪ ᠬᠣᠷᠢᠶ᠎ᠠ ᠵᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭ᠌ᠲᠡᠶ ᠭᠡᠪᠡ᠃

ᠶᠠᠩ ᠵᠧᠨ ᠡᠦ  ᠲᠥᠯᠥᠭᠡᠯᠡᠭ᠌ᠴᠢ ᠂  ᠲᠥᠯᠥᠪᠵᠢᠭᠦᠯᠭᠡ ᠎ᠶ᠋ᠢᠨ ᠬᠦᠳᠦᠯᠪᠦᠷᠢ ᠵᠢᠨ ᠲᠥᠰᠦᠯ ᠎ᠢ  ᠵᠥᠪᠱᠢᠶᠡᠷᠡᠨ᠎ᠡ ᠃ ᠲᠥᠰᠦᠯ ᠎ᠳᠦ  ᠶᠡᠷᠦᠩᠬᠡᠢ  ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠪᠣᠯᠤᠨ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠨᠠᠮ᠎ᠤᠨ ᠬᠣᠷᠢᠳᠤᠭᠠᠷ ᠶᠡᠬᠡ ᠬᠤᠷᠠᠯ ᠪᠣᠯᠤᠨ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠡ ᠵᠢᠨ ᠤᠳᠠᠭ᠎ᠠ ᠪᠦᠷᠢ᠎ᠶ᠋ᠢᠨ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠨᠠᠢᠳᠠᠪᠤᠷᠢᠵᠢᠭᠤᠯᠵᠤ᠂ ᠨᠠᠮ᠎ᠤᠨ ᠲᠥᠪ ᠬᠣᠷᠢᠶ᠎ᠠ ᠵᠢᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠰᠠᠨᠠᠭᠤᠯᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠲᠡᠦᠬᠡᠨ ᠣᠷᠣᠨ ᠪᠠᠢᠷᠢ ᠪᠣᠯᠤᠨ ᠬᠥᠭ᠌ᠵᠢᠯᠲᠡ᠎ᠶ᠋ᠢᠨ ᠪᠠᠢᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠬᠠᠷᠠᠯᠲᠠ᠂ ᠭᠣᠣᠯᠳᠠᠯᠭ᠎ᠠ᠎ᠲᠠᠶ ᠡᠭᠦᠷᠭᠡ᠎ᠶ᠋ᠢ ᠱᠢᠰᠲ᠋ᠧᠮ᠎ᠲᠡᠶ ᠳᠤᠷᠠᠳᠴᠤ᠌᠂ ᠲᠥᠯᠥᠪᠵᠢᠭᠦᠯᠭᠡ᠎ᠶ᠋ᠢ ᠬᠡᠷᠡᠭ᠌ᠵᠢᠭᠦᠯᠬᠦ᠌᠎ᠶ᠋ᠢᠨ ᠵᠣᠬᠢᠶᠠᠨ ᠪᠠᠢᠭᠤᠯᠵᠤ ᠤᠳᠤᠷᠢᠳᠭᠤ ᠪᠠ ᠪᠠᠲᠤᠯᠠᠬᠤ ᠲᠣᠭ᠍ᠲᠠᠴᠠ᠎ᠶ᠋ᠢ ᠲᠣᠳᠣᠷᠬᠠᠢᠯᠠᠵᠤ᠂ ᠥᠨᠳᠥᠷ᠎ᠲᠦ ᠵᠣᠭ᠍ᠰᠣᠨ ᠠᠯᠤᠰ᠎ᠢ ᠪᠠᠷᠠᠯᠠᠵᠤ᠂ ᠪᠦᠬᠦ᠌  ᠲᠠᠯ᠎ᠠ᠎ᠶ᠋ᠢ ᠶᠡᠷᠦᠩᠬᠡᠢᠯᠡᠨ ᠡᠵᠡᠮᠳᠡᠵᠦ᠍᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠭ᠌ᠰᠡᠨ ᠪᠠᠢᠨ᠎ᠠ ᠭᠡᠵᠠᠢ᠃

ᠪᠦ᠋ ᠱᠢᠶᠤᠤ ᠯᠢᠨ ᠲᠥᠯᠥᠭᠡᠯᠡᠭ᠌ᠴᠢ᠂ ᠶᠡᠷᠦᠩᠬᠡᠢ ᠰᠠᠢᠳ ᠯᠢ ᠴᠢᠶᠠᠩ᠎ᠤᠨ ᠬᠢᠭ᠌ᠰᠡᠨ ᠠᠵᠢᠯ᠎ᠤᠨ ᠢᠯᠡᠳᠭᠡᠯ ᠪᠣᠯᠤᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠶ᠋ᠢᠨ ᠲᠥᠰᠦᠯ᠎ᠢ ᠪᠦᠷᠢᠮᠦᠰᠦᠨ ᠵᠥᠪᠱᠢᠶᠡᠷᠡᠵᠦ᠍ ᠪᠠᠢᠨ᠎ᠠ᠃ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ ᠮᠠᠨ᠎ᠤ ᠤᠯᠤᠰ᠎ᠤᠨ ᠬᠥᠭ᠌ᠵᠢᠯᠲᠡ ᠴᠢᠬᠤᠯᠠ ᠶᠡᠬᠡ ᠠᠮᠵᠢᠯᠲᠠ ᠪᠦᠲᠦᠮᠵᠢ ᠣᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠢᠳᠡᠷᠡᠭᠦᠨ ᠠᠯᠬᠤᠭ᠎ᠠ᠎ᠶ᠋ᠢ ᠬᠠᠷᠠᠭᠤᠯᠵᠠᠢ᠃ ᠢᠯᠠᠩᠭᠤᠶ᠎ᠠ ᠳᠡᠯᠡᠬᠡᠢ᠎ᠶ᠋ᠢᠨ ᠵᠠᠭᠤᠨ ᠵᠢᠯ᠎ᠦᠨ ᠬᠤᠪᠢᠰᠤᠯᠳᠠ᠎ᠶ᠋ᠢᠨ ᠲᠦᠷᠭᠡᠰᠦᠨ ᠤᠯᠠᠷᠢᠵᠤ ᠪᠠᠢᠭ᠎ᠠ ᠠᠬᠤᠢ ᠪᠠᠢᠳᠠᠯ ᠳᠣᠣᠷ᠎ᠠ᠂ ᠮᠠᠨ᠎ᠤ ᠤᠯᠤᠰ᠎ᠤᠨ ᠠᠶᠤᠯ ᠲᠦᠭ᠌ᠰᠢᠭᠦᠷᠢ ᠥᠷᠢᠰᠥᠯᠳᠦᠭᠡᠨ᠎ᠢ ᠪᠦᠲᠦᠮᠵᠢᠲᠡᠢ ᠠᠷᠭᠠᠴᠠᠭᠠᠬᠤ ᠱᠢᠰᠲᠸᠮᠵᠢᠭ᠌ᠰᠡᠨ ᠴᠢᠳᠠᠪᠤᠷᠢ᠂ ᠬᠣᠱᠢᠭᠤᠷᠠᠯ ᠵᠠᠩᠭᠢᠯᠠᠭ᠎ᠠ᠎ᠶ᠋ᠢᠨ ᠬᠦᠷᠢᠶᠡᠨ᠎ᠦ ᠱᠢᠰᠲᠸᠮᠵᠢᠭ᠌ᠰᠡᠨ ᠱᠢᠪᠲᠤᠯᠤᠯᠲᠠ ᠵᠢᠴᠢ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠳᠤ ᠲᠡᠢᠰᠢ ᠬᠡᠯᠪᠡᠷᠢ ᠪᠠᠨ ᠬᠤᠪᠢᠷᠠᠭᠤᠯᠤᠭᠠᠳ ᠣᠯᠤᠭ᠍ᠰᠠᠨ ᠠᠮᠵᠢᠯᠲᠠ ᠪᠦᠲᠦᠮᠵᠢ ᠨᠢ ᠪᠢᠳᠡᠨ᠎ᠢ ᠢᠷᠡᠭᠡᠳᠦᠢ᠎ᠳᠦ ᠨᠡᠩ ᠢᠳᠡ ᠬᠦᠴᠦᠨ᠎ᠲᠡᠶ ᠪᠥᠭᠡᠳ ᠯᠠᠪᠳᠠᠭᠤᠨ ᠲᠣᠭ᠍ᠲᠠᠭᠤᠨ᠎ᠢᠶᠠᠷ ᠠᠷᠭᠠᠴᠠᠭᠠᠬᠤ ᠪᠤᠯᠭᠠᠵᠤ᠂ 《ᠬᠣᠶᠠᠷ᠎ᠢ ᠲᠣᠭ᠍ᠲᠠᠭᠠᠭᠰᠠᠨ》 ᠤ᠋ ᠱᠢᠢᠳᠪᠦᠷᠢᠯᠡᠭᠴᠢ ᠴᠢᠨᠠᠷᠳᠠᠢ ᠠᠴᠢ ᠬᠣᠯᠪᠣᠭ᠍ᠳᠠᠯ᠎ᠢ ᠤᠯᠠᠮ ᠨᠢᠭᠡ ᠠᠯᠬᠤᠮ ᠢᠯᠡᠷᠡᠭᠦᠯᠪᠡ ᠭᠡᠵᠠᠢ᠃

ᠲᠠᠩ ᠴᠤᠤ᠂ ᠯᠢ ᠪᠢᠨ᠂ ᠯᠢᠦ ᠱᠤᠸᠠᠩ᠂ ᠯᠢᠨ ᠱᠤᠤ ᠴᠦᠨ᠂ ᠵᠠᠩ ᠱᠤᠤ ᠴᠦᠨ᠂ ᠵᠧᠩ ᠬᠣᠩ ᠹᠠᠨ᠂ ᠢᠦᠢ ᠯᠢ ᠱᠢᠨ᠂ ᠶᠠᠩ ᠽᠦᠩ ᠷᠧᠨ᠂ ᠯᠢ ᠶᠦᠩ ᠵᠢᠶᠦ᠋ᠨ᠂ ᠯᠦ᠍ ᠬᠣᠩ ᠪᠥᠸᠧ᠂ ᠶᠠᠨ ᠬᠣᠩ ᠭᠤᠸᠠᠩ᠂ ᠸᠠᠩ ᠵᠧᠨ᠂ ᠸᠠᠩ ᠵᠤᠤ ᠮᠢᠩ ᠵᠡᠷᠭᠡ ᠲᠥᠯᠥᠭᠡᠯᠡᠭ᠌ᠴᠢ ᠦᠭᠡ ᠬᠡᠯᠡᠵᠦ᠍᠂ ᠲᠥᠯᠥᠪᠵᠢᠭᠦᠯᠭᠡ᠎ᠶ᠋ᠢᠨ ᠬᠥᠲᠥᠯᠪᠦᠷᠢ᠎ᠶ᠋ᠢᠨ ᠲᠥᠰᠦᠯ᠎ᠢ ᠪᠦᠷᠢᠮᠦᠰᠦᠨ ᠵᠥᠪᠱᠢᠶᠡᠷᠡᠵᠦ᠍ ᠪᠠᠢᠬᠤ ᠪᠠᠨ ᠰᠠᠨᠠᠯ ᠨᠢᠭᠡᠲᠡᠢ ᠢᠯᠡᠳᠭᠡᠭ᠌ᠰᠡᠨ ᠪᠥᠭᠡᠳ ᠲᠤᠰ ᠲᠤᠰ᠎ᠤᠨ ᠠᠵᠢᠯ᠎ᠤᠨ ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠰᠠᠨᠠᠯ ᠰᠠᠨᠠᠭᠤᠯᠭ᠎ᠠ ᠳᠤᠷᠠᠳᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号