ᠥᠪᠥᠷ ᠮᠣᠩᠭᠣᠯ᠎ᠳᠤ ᠰᠠᠭᠤᠭ᠎ᠠ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ ᠳᠤᠭᠤᠢᠯᠠᠩ ᠬᠤᠪᠢᠶᠠᠵᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠶᠠᠷᠢᠯᠴᠠᠪᠠ
2026-03-07 11:13:42
ᠵᠣᠬᠢᠶᠠᠭ᠍ᠴᠢ᠄
ᠪᠠᠢ ᠳ᠋ᠠᠨ
ᠣᠩᠱᠢᠭ᠍ᠰᠠᠨ ᠣᠳᠠᠭ᠎ᠠ᠄
★★★☆☆

ᠵᠠᠩ ᠶᠠᠨ ᠺᠦᠨ ᠣᠷᠣᠯᠴᠠᠵᠠᠢ


3 ᠰᠠᠷ᠎ᠠ᠎ᠶ᠋ᠢᠨ 6 ᠤ᠋ ᠡᠳᠦᠷ᠂ ᠥᠪᠥᠷ ᠮᠣᠩᠭᠣᠯ᠎ᠳᠤ ᠰᠠᠭᠤᠭ᠎ᠠ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠳᠤᠭᠤᠢᠯᠠᠩ᠎ᠬᠤᠪᠢᠶᠠᠵᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠶᠠᠷᠢᠯᠴᠠᠪᠠ᠃ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ ᠶᠠᠷᠢᠯᠴᠠᠭ᠎ᠠ᠎ᠳᠤ ᠣᠷᠣᠯᠴᠠᠪᠠ᠃

ᠭᠡᠱᠢᠭᠦᠳ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠪᠦᠷᠢᠮᠦᠰᠦᠨ ᠵᠥᠪᠱᠢᠶᠡᠷᠡᠵᠦ᠍ ᠪᠠᠢᠬᠤ᠎ᠪᠠᠨ ᠢᠯᠡᠳᠭᠡᠵᠦ᠍᠂ ᠢᠯᠡᠳᠭᠡᠯ᠎ᠳᠦ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠲᠤᠭᠤᠱᠢᠯᠠᠭᠳᠠᠵᠤ᠂ ᠠᠵᠢᠯ᠎ᠢᠶᠠᠨ ᠳ᠋ᠦᠩᠨᠡᠬᠦ ᠳ᠋ᠡᠭᠡᠨ ᠦᠨᠡᠨ᠎ᠡᠴᠡ ᠵᠥᠪ᠎ᠢ ᠡᠷᠢᠵᠦ᠍᠂ ᠠᠵᠢᠯ ᠵᠢᠨᠨ ᠲᠥᠯᠥᠪᠵᠢᠭᠦᠯᠬᠦ ᠳ᠋ᠡᠭᠡᠨ ᠬᠠᠷᠠᠯᠲᠠ ᠲᠣᠳᠣᠷᠬᠠᠢ᠂ ᠳᠤᠷᠠᠳᠤᠭ᠍ᠰᠠᠨ ᠠᠷᠭ᠎ᠠ ᠬᠡᠮᠵᠢᠶ᠎ᠡ ᠨᠢ ᠦᠨᠡᠨ ᠬᠦ᠌ ᠬᠡᠷᠡᠭ᠌ᠵᠢᠭᠦᠯᠦᠭᠦᠱᠢᠲᠡᠢ ᠪᠠᠢᠵᠤ᠂ ᠲᠤᠭ᠎ᠢ ᠥᠨᠳᠥᠷ ᠮᠠᠨᠳᠤᠭᠤᠯᠤᠭ᠍ᠰᠠᠨ᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠭ᠌ᠰᠡᠨ᠂ ᠰᠡᠳᠭᠢᠯ ᠨᠢᠭᠡᠳᠤᠨ ᠬᠦᠴᠦ᠍᠎ᠪᠡᠨ ᠬᠠᠮᠲᠤᠳᠭᠠᠭ᠍ᠰᠠᠨ᠂ ᠵᠠᠮ ᠨᠡᠭᠡᠭᠡᠨ ᠡᠷᠡᠯᠬᠡᠭ᠌ᠯᠡᠨ ᠤᠷᠤᠭ᠍ᠰᠢᠯᠠᠭ᠍ᠰᠠᠨ ᠰᠠᠢ᠌ᠨ ᠢᠯᠡᠳᠭᠡᠯ ᠪᠣᠯᠵᠠᠢ ᠭᠡᠵᠦ᠍ ᠰᠠᠨᠠᠯ ᠨᠢᠭᠡᠲᠡᠢ ᠦᠵᠡᠵᠡᠭᠡᠪᠡ᠃

《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠭᠦᠢᠴᠡᠳ ᠢᠯᠡᠷᠡᠭᠦᠯᠵᠦ᠍᠂ ᠪᠢᠳᠡᠨ᠎ᠦ ᠤᠯᠤᠰ᠎ᠤᠨ ᠲᠥᠯᠥᠭᠡ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠠᠷᠠᠳ᠎ᠤᠨ ᠲᠥᠯᠥᠭᠡ ᠡᠬᠦᠷᠭᠡ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠵᠣᠷᠢᠭ᠍ᠵᠢᠭᠤᠯᠪᠠ᠃ ᠬᠣᠢᠱᠢᠳᠠ᠎ᠶ᠋ᠢᠨ ᠠᠵᠢᠯ᠎ᠳᠠᠭᠠᠨ᠂ ᠪᠢ ᠲᠦᠷᠦ ᠵᠢᠨ ᠶᠠᠪᠤᠳᠠᠯ᠎ᠳᠤ ᠣᠷᠣᠯᠴᠠᠨ ᠲᠦᠷᠦ᠍᠎ᠶ᠋ᠢᠨ ᠶᠠᠪᠤᠳᠠᠯ᠎ᠢ ᠵᠥᠪᠯᠡᠬᠦ᠌᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ ᠵᠡᠷᠭᠡ ᠦᠢᠯᠡᠳᠦᠯᠭᠡ᠎ᠳᠦ ᠤᠬᠠᠮᠰᠠᠷ᠎ᠡᠴᠡ ᠪᠠᠨ ᠣᠷᠣᠯᠴᠠᠵᠤ᠂ 〈ᠭᠡᠱᠢᠭᠦᠨ᠎ᠤ ᠡᠭᠦᠷᠭᠡ ᠬᠠᠷᠢᠭᠤᠴᠠᠯᠭ᠎ᠠ〉 ᠪᠠᠨ ᠥᠪᠥᠷ ᠮᠣᠩᠭᠣᠯ᠎ᠤᠨ ᠡᠬᠡ ᠭᠠᠵᠠᠷ᠎ᠲᠤ ᠪᠢᠴᠢᠭ᠌ᠯᠡᠨ᠎ᠡ》 ᠭᠡᠵᠦ᠍ ᠭᠡᠱᠢᠭᠦᠨ ᠱᠢᠤᠢ ᠷᠦᠢ ᠱᠢᠶᠠ ᠬᠡᠯᠡᠪᠡ᠃

ᠡᠸ᠋ ᠴᠧᠩ ᠭᠡᠱᠢᠭᠦᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠢ ᠰᠣᠨᠣᠰᠤᠭᠠᠳ ᠮᠠᠰᠢ ᠤᠷᠮᠠᠱᠢᠨ ᠵᠣᠷᠢᠭ᠍ᠵᠢᠵᠤ ᠪᠠᠢᠨ᠎ᠠ᠂ ᠢᠯᠡᠳᠭᠡᠯ᠎ᠨᠢ ᠲᠣᠭ᠍ᠲᠠᠭᠤᠨ᠎ᠤ ᠳᠤᠮᠳᠠ ᠤᠷᠤᠬᠰᠢᠯᠠᠨ ᠲᠠᠪᠰᠢᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠵᠤ᠂ ᠪᠣᠳᠠᠲᠤ ᠴᠣᠭ᠍ᠴᠠ᠎ᠶ᠋ᠢᠨ ᠠᠵᠤ ᠠᠬᠤᠶ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠶ᠂ ᠬᠡᠷᠡᠭ᠌ᠯᠡᠭᠡ᠎ᠶ᠋ᠢ ᠬᠥᠭ᠌ᠵᠢᠭᠡᠬᠦ᠌᠎ᠶ᠋ᠢ ᠴᠢᠬᠤᠯᠠ ᠪᠠᠢᠷᠢᠨ᠎ᠳᠤ ᠲᠠᠯᠪᠢᠵᠤ᠂ ᠠᠵᠤ ᠠᠬᠤᠢᠯᠠᠯ᠎ᠤᠨ ᠠᠵᠢᠯ᠎ᠢ ᠨᠠᠩ ᠢᠲᠡᠭᠡᠯ ᠲᠡᠭᠦᠯᠳᠡᠷ ᠪᠣᠯᠭᠠᠵᠠᠢ ᠭᠡᠵᠦ ᠢᠯᠡᠳᠭᠡᠪᠡ᠃

ᠭᠡᠱᠢᠭᠦᠳ᠂ ᠡᠨᠡ ᠵᠢᠯ ᠪᠣᠯ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠡᠬᠢᠯᠡᠯᠲᠡ᠎ᠶ᠋ᠢᠨ ᠵᠢᠯ ᠪᠣᠯᠤᠨ᠎ᠠ᠂ 《ᠬᠣᠶᠠᠷ᠎ᠢ ᠲᠣᠭ᠍ᠲᠠᠭᠠᠭᠰᠠᠨ》 ᠤ᠋ ᠱᠢᠶ᠋ᠳᠪᠦᠷᠢᠯᠡᠭᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠳᠥᠷᠪᠡᠨ ᠤᠬᠠᠮᠰᠠᠷ》᠎ᠢ᠋ᠢᠡᠨ ᠴᠢᠩᠭᠠᠳᠭᠠᠵᠤ᠂ 《ᠳᠥᠷᠪᠡᠨ ᠢᠲᠡᠭᠡᠯ》᠎ᠢ᠋ᠢᠡᠨ ᠪᠠᠲᠤᠳᠭᠠᠵᠤ᠂ 《ᠬᠣᠶᠠᠷ᠎ᠢ ᠬᠠᠮᠠᠭᠠᠯᠠᠬᠤ》 ᠶ᠋ᠢ ᠪᠡᠶᠡᠯᠡᠭᠦᠯᠵᠦ᠍᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠦᠨ ᠲᠣᠬᠢᠷᠠᠭᠤᠯᠤᠯᠲᠠ ᠪᠠᠢᠷᠢᠯᠠᠭᠤᠯᠤᠯᠲᠠ᠂ ᠲᠣᠳᠣᠷᠬᠠᠢᠯᠠᠬᠰᠠᠨ ᠬᠠᠷᠠᠯᠲᠠ ᠡᠭᠦᠷᠭᠡ᠎ᠶ᠋ᠢᠨ ᠲᠣᠭᠣᠷᠢᠨ᠎ᠳᠤ᠂ ᠤᠯᠤᠰ ᠲᠥᠷᠥ᠎ᠶ᠋ᠢᠨ ᠵᠥᠪᠯᠡᠯᠭᠡᠨ᠎ᠦ ᠲᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠭᠠᠷᠳᠠᠴᠠ ᠪᠠ ᠬᠦᠴᠦᠯᠡᠬᠦ᠌ ᠴᠡᠭ᠎ᠢᠶᠡᠨ ᠣᠨᠣᠪᠴᠢᠲᠠᠶ ᠡᠷᠢᠨ ᠣᠯᠵᠤ᠂ ᠠᠷᠭ᠎ᠠ ᠤᠬᠠᠭᠠᠨ ᠭᠠᠷᠭᠠᠨ ᠵᠠᠰᠠᠭ᠎ᠲᠤ ᠲᠤᠰᠠᠯᠠᠬᠤ ᠪᠠ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠬᠤ ᠲᠠᠯ᠎ᠠ᠎ᠪᠠᠷ ᠬᠤᠤᠰ ᠴᠢᠭ᠌ᠯᠡᠯ᠎ᠢᠶᠡᠷ ᠬᠦᠴᠦᠯᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠥᠷᠭᠡᠨ᠎ᠢᠶᠡᠷ ᠰᠡᠳᠭᠢᠯ᠎ᠢ ᠨᠢᠭ᠍ᠲᠠᠷᠠᠭᠤᠯᠵᠤ᠂ ᠬᠠᠮᠲᠤ᠎ᠶ᠋ᠢᠨ ᠲᠠᠨᠢᠯᠲᠠ᠎ᠶ᠋ᠢ ᠨᠢᠭ᠍ᠲᠠᠷᠠᠭᠤᠯᠵᠤ᠂ ᠣᠶᠤᠨ ᠤᠬᠠᠭᠠᠨ᠎ᠢ ᠨᠢᠭ᠍ᠲᠠᠷᠠᠭᠤᠯᠵᠤ᠂ ᠬᠦᠴᠦᠨ ᠴᠢᠳᠠᠯ᠎ᠢ ᠨᠢᠭ᠍ᠲᠠᠷᠠᠭᠤᠯᠤᠨ᠎ᠠ ᠭᠡᠵᠦ᠍ ᠢᠯᠡᠳᠭᠡᠵᠡᠭᠡᠪᠡ᠃

ᠥᠪᠥᠷ ᠮᠣᠩᠭᠣᠯ᠎ᠳᠤ ᠰᠠᠭᠤᠭ᠎ᠠ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠪᠠᠢ ᠴᠢᠩ ᠶᠤᠸᠠᠨ᠂ ᠬᠦᠦᠳᠠᠭᠤᠯᠠ᠂ ᠰᠦᠨ ᠵᠢᠶᠦ᠋ᠨ ᠴᠢᠩ᠂ ᠠᠨ ᠷᠦᠨ ᠱᠧᠩ᠂ ᠵᠢᠨ ᠵᠤᠸᠠᠩ᠂ ᠢᠦᠢ ᠷᠧᠨ ᠵᠢᠶᠧ᠎ᠨᠡᠷ ᠲᠤᠰ ᠲᠤᠰ ᠥᠪᠡᠷ ᠥᠪᠡᠷ᠎ᠤᠨ ᠪᠠᠢᠭ᠎ᠠ ᠳᠤᠭᠤᠢᠯᠠᠩ᠎ᠤᠨ ᠶᠠᠷᠢᠯᠴᠠᠭ᠎ᠠ᠎ᠳᠤ ᠣᠷᠣᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号