ᠴᠢᠨᠠᠷ ᠰᠠᠢᠲᠠᠶ ᠬᠥᠭ᠌ᠵᠢᠯᠲᠡ᠎ᠶ᠋ᠢᠨ ᠬᠦᠴᠦᠳᠤ ᠪᠠᠢᠳᠠᠯ᠎ᠢ ᠳᠠᠮᠵᠢᠭᠤᠯᠵᠤ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠤᠨ ᠥᠷᠨᠢᠭᠦᠨ ᠪᠠᠳᠠᠷᠠᠩᠭᠤᠶ ᠠᠮᠢᠵᠢᠷᠠᠯ᠎ᠤᠨ ᠬᠦᠴᠦᠨ᠎ᠢ ᠢᠯᠡᠷᠡᠭᠦᠯᠦᠨ᠎ᠡ
2026-03-07 11:21:55
ᠵᠣᠬᠢᠶᠠᠭ᠍ᠴᠢ᠄
ᠼᠦᠢ ᠨᠠᠨ ᠵᠠᠩ ᠺᠦᠶ ᠯᠢ ᠬᠠᠨ ᠰᠥᠩ ᠱᠤᠸᠠᠩ ᠸᠠᠩ ᠬᠤᠤ
ᠣᠩᠱᠢᠭ᠍ᠰᠠᠨ ᠣᠳᠠᠭ᠎ᠠ᠄
★★★☆☆

— ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠤ᠋ᠨ ᠪᠦᠯᠬᠦᠮ ᠳᠤᠭᠤᠢᠯᠠᠩ ᠤ᠋ᠨ ᠨᠡᠭᠡᠭᠡᠯᠳᠡ ᠬᠢᠬᠦ ᠠᠵᠢᠯᠯᠠᠭ᠎ᠠ ᠳ᠋ᠡᠬᠢ ᠰᠤᠷᠪᠤᠯᠵᠢᠯᠠᠭ᠍ᠴᠢ᠎ᠶ᠋ᠢᠨ ᠠᠰᠠᠭᠤᠯᠲᠠ᠎ᠶ᠋ᠢ ᠬᠠᠷᠢᠭᠤᠯᠤᠭᠰᠠᠨ ᠰᠤᠩᠭᠤᠮᠠᠯ ᠳᠡᠮᠳᠡᠭᠯᠡᠯ


3 ᠰᠠᠷ᠎ᠠ᠎ᠶ᠋ᠢᠨ 6 ᠤ᠋ ᠦᠳᠡ᠎ᠶ᠋ᠢᠨ ᠬᠣᠢᠨ᠎ᠠ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠰᠠᠭᠤᠭ᠎ᠠ ᠭᠠᠵᠠᠷ ᠲᠠᠭᠠᠨ ᠪᠦᠭᠦᠳᠡ ᠬᠤᠷᠠᠯ ᠬᠢᠵᠦ᠍᠂ ᠲᠣᠰ ᠤᠳᠠᠭᠠᠨ᠎ᠤ ᠪᠦᠭᠦᠳᠡ ᠬᠤᠷᠠᠯ ᠢ᠋ ᠪᠥᠬᠥ᠌ ᠤᠯᠤᠰ᠎ᠤᠨ ᠬᠣᠶᠠᠷ ᠬᠤᠷᠠᠯ᠎ᠤᠨ ᠮᠡᠳᠡᠭᠡᠯᠡᠯ᠎ᠳᠦ ᠣᠷᠣᠯᠴᠠᠵᠤ ᠪᠠᠢᠭ᠎ᠠ ᠳᠤᠮᠳᠠᠳᠤ ᠭᠠᠳᠠᠭᠠᠳᠤ ᠵᠢᠨ ᠵᠠᠭᠤᠴᠢᠯᠠᠭᠤᠷ᠎ᠲᠤ ᠨᠡᠭᠡᠭᠡᠯᠲᠡ ᠬᠢᠵᠦ᠍᠂ ᠥᠷᠨᠢᠭᠦᠨ ᠬᠥᠭ᠌ᠵᠢᠵᠤ ᠪᠠᠢᠭ᠎ᠠ ᠥᠪᠥᠷ ᠮᠣᠩᠭᠣᠯ ᠨᠢ ᠤᠯᠠᠨ ᠵᠠᠭᠤᠴᠢᠯᠠᠭᠤᠷ ᠤ᠋ᠨ ᠰᠤᠷᠪᠤᠯᠵᠢᠯᠠᠭᠴᠢ ᠵᠢᠨ ᠠᠩᠬᠠᠷᠤᠯ ᠢ᠋ ᠳᠠᠳᠠᠪᠠ᠃ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠥᠯᠥᠭᠡᠯᠡᠭ᠌ᠴᠢᠳ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠨᠠᠢᠳᠠᠪᠤᠷᠢᠵᠢᠭᠤᠯᠬᠤ ᠵᠢᠨ ᠲᠤᠭᠤᠷᠢᠨ ᠳ᠋ᠤ᠂ ᠲᠥᠷᠥᠭ᠌ᠳᠡᠯ᠎ᠢᠶᠡᠨ ᠶᠠᠷᠢᠵᠤ᠂ ᠱᠢᠪᠲᠤᠯᠤᠯᠲᠠ ᠬᠢᠵᠦ ᠰᠦᠪᠡᠭ᠌ᠴᠢᠯᠡᠨ᠂ ᠣᠷᠣᠨ ᠳᠠᠶᠠᠭᠠᠷ ᠤ᠋ᠨ᠎ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠱᠢᠨ᠎ᠡ ᠵᠠᠮ ᠢ᠋ ᠲᠦᠷᠭᠡᠨ ᠨᠡᠬᠡᠬᠡᠬᠦ ᠢᠲᠡᠭᠡᠯ ᠵᠣᠷᠢᠭ᠎ᠢ ᠭᠦᠶ᠋ᠴᠡᠳ ᠢᠯᠡᠷᠡᠭᠦᠯᠵᠦ᠍᠂ ᠥᠪᠥᠷ ᠮᠣᠩᠭᠣᠯ᠎ᠤᠨ ᠡᠷᠡᠮᠡᠬᠡᠢᠯᠡᠨ ᠲᠡᠮᠡᠴᠡᠵᠤ᠂ ᠵᠠᠮ ᠨᠡᠬᠡᠬᠡᠨ ᠤᠷᠤᠭᠰᠢᠯᠠᠵᠤ ᠪᠠᠢᠭ᠎ᠠ ᠥᠯᠢᠭᠡᠷ᠎ᠢ ᠠᠮᠢᠳᠤᠯᠢᠭ᠎ᠢᠶᠠᠷ ᠶᠠᠷᠢᠵᠠᠶ᠃


QQ截图20260306155711.png


3 ᠰᠠᠷ᠎ᠠ᠎ᠶ᠋ᠢᠨ 6 ᠤ᠋ ᠦᠳᠡ᠎ᠶ᠋ᠢᠨ ᠬᠣᠢᠨ᠎ᠠ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠰᠠᠭᠤᠭ᠎ᠠ ᠭᠠᠵᠠᠷ᠎ᠲᠠᠭᠠᠨ ᠪᠦᠭᠦᠳᠡ ᠬᠤᠷᠠᠯ ᠬᠢᠪᠠ᠃ ᠲᠤᠰ ᠤᠳᠠᠭ᠎ᠠ ᠵᠢᠨ ᠪᠥᠬᠥᠳᠡ ᠬᠤᠷᠠᠯ᠎ᠢ ᠪᠥᠬᠥ᠌ ᠤᠯᠤᠰ᠎ᠤᠨ ᠬᠣᠶᠠᠷ ᠬᠤᠷᠠᠯ᠎ᠤᠨ ᠮᠡᠳᠡᠭᠡᠯᠡᠯ᠎ᠳᠦ ᠣᠷᠣᠯᠴᠠᠵᠤ ᠪᠠᠢᠭ᠎ᠠ ᠲᠤᠮᠳᠠᠳᠤ ᠭᠠᠳᠠᠭᠠᠳᠤ ᠵᠢᠨ ᠵᠠᠭᠤᠴᠢᠯᠠᠭᠤᠷ᠎ᠲᠤ ᠨᠡᠭᠡᠭᠡᠯᠳᠠ ᠬᠢᠪᠠ᠃

ᠰᠤᠷᠪᠤᠯᠵᠢᠯᠠᠬᠴᠢ  ᠮᠠ ᠵᠢᠶᠠᠨ ᠪᠢᠩ  ᠰᠡᠬᠦᠳᠡᠷᠯᠡᠪᠡ


ᠠᠷᠠᠳ᠎ᠤᠨ ᠡᠳᠦᠷ᠎ᠦᠨ ᠰᠣᠨᠢᠨ᠎ᠤ ᠰᠤᠷᠪᠤᠯᠵᠢᠯᠠᠭ᠍ᠴᠢ᠄ ᠡᠨᠡ ᠵᠢᠯ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ ᠮᠥᠨ᠃ ᠲᠡᠭᠡᠪᠡᠯ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠬᠥᠭ᠌ᠵᠢᠯᠲᠡ᠎ᠶ᠋ᠢᠨ ᠲᠤᠬᠠᠶ ᠥᠪᠥᠷ ᠮᠣᠩᠭᠣᠯ᠎ᠤᠨ ᠶᠡᠷᠦᠩᠬᠡᠶ ᠪᠣᠳᠣᠯᠬᠢᠯᠠᠯ ᠶᠠᠭᠤ ᠪᠣᠶ᠂ ᠪᠢᠳᠡᠨ᠎ᠳᠦ ᠲᠠᠨᠢᠯᠴᠠᠭᠤᠯᠤᠭᠠᠳ ᠥᠭ᠌ᠭᠦᠨ᠎ᠡ ᠦᠦ?

ᠸᠠᠩ ᠸᠧᠢ ᠵᠦᠩ ᠲᠥᠯᠥᠭᠡᠯᠡᠭ᠌ᠴᠢ᠄ ᠰᠤᠷᠪᠤᠯᠵᠢᠯᠠᠭ᠍ᠴᠢ ᠨᠠᠢᠵᠠ᠎ᠶ᠋ᠢᠨ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠲᠤᠬᠠᠢ ᠠᠩᠬᠠᠷᠤᠯ᠎ᠳᠤ ᠲᠠᠯᠠᠷᠬᠠᠵᠤ ᠪᠠᠢᠨ᠎ᠠ᠃ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠤᠤᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠥᠪᠥᠷ ᠮᠣᠩᠭᠣᠯ᠎ᠤᠨ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠲᠤᠢᠯ᠎ᠢᠶᠠᠷ ᠬᠠᠯᠠᠮᠵᠢᠯᠠᠪᠠ᠃ ᠶᠡᠷᠦᠩᠬᠡᠢ ᠱᠦᠵᠢ ᠰᠢ ᠵᠢᠨ ᠫᠢᠩ 3 ᠤᠳᠠᠭ᠎ᠠ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠵᠤ᠂ 5 ᠤᠳᠠᠭ᠎ᠠ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠵᠤ᠂ ᠠᠯᠢ ᠤᠯᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠥᠭ᠌ᠴᠦ᠂ ᠥᠪᠥᠷ ᠮᠣᠩᠭᠣᠯ᠎ᠤᠨ ᠡᠯ᠎ᠡ ᠵᠦᠢᠯ᠎ᠦᠨ ᠠᠵᠢᠯ ᠦᠢᠯᠡᠰ᠎ᠦᠨ ᠬᠥᠭ᠌ᠵᠢᠯᠲᠡ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ᠎ᠶ᠋ᠢ ᠵᠢᠭᠠᠨ ᠵᠢᠯᠣᠭᠣᠳᠪᠠ᠃ ᠪᠦᠬᠦ᠌ ᠣᠷᠣᠨ᠎ᠤ ᠭᠠᠵᠠᠷ ᠣᠷᠣᠨ᠎ᠤ ᠦᠢᠯᠡᠳᠪᠦᠷᠢᠯᠡᠯ᠎ᠦᠨ ᠶᠡᠷᠦᠩᠬᠡᠢ ᠦᠷᠳᠡᠭ 1 ᠲᠦᠮᠡᠨ ᠳ᠋ᠦᠩᠱᠢᠭᠤᠷ ᠲᠥᠭᠥᠷᠢᠭ᠎ᠢ ᠳᠠᠪᠠᠵᠤ᠂ ᠨᠢᠳᠤᠨᠤᠨ 2.67 ᠲᠦᠮᠡᠨ ᠳ᠋ᠦᠩᠱᠢᠭᠤᠷ ᠲᠥᠭᠥᠷᠢᠭ᠎ᠲᠦ ᠬᠦᠷᠴᠦ᠍᠂ ᠪᠦᠬᠦ᠌ ᠤᠯᠤᠰ᠎ᠤᠨ ᠬᠣᠷᠢᠳᠤᠭᠠᠷ᠎ᠲᠤ ᠣᠷᠣᠵᠤ᠂ ᠬᠥᠮᠦᠨ ᠳᠤᠮᠳᠠᠴᠢ᠎ᠶ᠋ᠢᠨ ᠭᠠᠵᠠᠷ ᠣᠷᠣᠨ᠎ᠤ ᠦᠢᠯᠡᠳᠪᠦᠷᠢᠯᠡᠯ᠎ᠦᠨ ᠶᠡᠷᠦᠩᠬᠡᠢ ᠦᠷᠳᠡᠭ ᠪᠦᠬᠦ᠌ ᠤᠯᠤᠰ᠎ᠤᠨ ᠨᠠᠢ᠍ᠮᠠᠳᠤᠭᠠᠷ᠎ᠲᠤ ᠣᠷᠣᠪᠠ; ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ 2.5 ᠲᠦᠮᠡᠨ ᠲᠥᠭᠥᠷᠢᠭ ᠭᠠᠷᠤᠢ ᠨᠡᠮᠡᠭᠳᠡᠵᠤ᠂ ᠨᠢᠳᠤᠨᠤᠨ 41921 ᠲᠥᠭᠥᠷᠢᠭ᠎ᠲᠦ ᠬᠦᠷᠴᠦ᠍᠂ ᠪᠦᠬᠦ᠌ ᠤᠯᠤᠰ᠎ᠲᠤ ᠶᠢᠰᠦᠳᠦᠭᠡᠷ᠎ᠲᠦ ᠣᠷᠣᠵᠤ᠂ ᠠᠷᠠᠳ᠎ᠤᠨ ᠠᠮᠢᠳᠤᠷᠠᠯ᠎ᠤᠨ ᠦᠨᠳᠦᠰᠦᠨ ᠪᠠᠲᠤᠯᠠᠭ᠎ᠠ᠎ᠶ᠋ᠢᠨ ᠪᠠᠷᠢᠮᠵᠢᠶ᠎ᠠ ᠴᠥᠮ ᠪᠦᠬᠦ᠌ ᠤᠯᠤᠰ᠎ᠤᠨ ᠳᠤᠮᠳᠠᠴᠢ ᠲᠦᠪᠱᠢᠨ᠎ᠳᠦ ᠬᠦᠷᠦᠭ᠌ᠰᠡᠨ ᠪᠤᠶᠤ ᠳᠠᠪᠠᠵᠤ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠠᠷᠠᠯᠲᠠ ᠡᠭᠦᠷᠭᠡ᠎ᠶ᠋ᠢ ᠲᠡᠭᠦᠰ ᠠᠮᠵᠢᠯᠲᠠ᠎ᠲᠠᠶ ᠪᠡᠶᠡᠯᠡᠭᠦᠯᠵᠦ᠍᠂ ᠣᠳᠣᠬᠢᠴᠢᠯᠠᠭ᠍ᠰᠠᠨ ᠥᠪᠥᠷ ᠮᠣᠩᠭᠣᠯ᠎ᠢ ᠪᠦᠲᠦᠭᠡᠨ ᠪᠠᠢᠭᠤᠯᠬᠤ᠎ᠳᠤ ᠪᠠᠲᠤ ᠪᠡᠬᠢ ᠰᠠᠭᠤᠷᠢ᠎ᠶ᠋ᠢ ᠲᠠᠯᠪᠢᠵᠤ ᠥᠭ᠌ᠴᠡᠢ᠃

《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭ᠎ᠠ ᠪᠣᠯ ᠮᠠᠨ᠎ᠤ ᠤᠯᠤᠰ ᠨᠡᠢᠭᠡᠮ ᠵᠢᠷᠤᠮᠳᠤ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠶ᠋ᠢᠨ ᠰᠠᠭᠤᠷᠢ᠎ᠶ᠋ᠢ ᠪᠡᠬᠢᠵᠢᠭᠦᠯᠵᠦ᠍᠂ ᠪᠥᠬᠥ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠂ ᠪᠠᠰᠠ ᠴᠤ᠌ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠬᠦ᠂ ᠱᠢᠨ᠎ᠡ ᠵᠠᠮ᠎ᠢ ᠲᠦᠷᠭᠡᠨ ᠨᠡᠭᠡᠭᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠥᠬᠥᠳᠡ ᠬᠤᠷᠠᠯ᠎ᠤᠨ ᠳᠠᠷᠠᠭ᠎ᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠥᠪᠥᠷ ᠮᠣᠩᠭᠣᠯ᠎ᠤᠨ ᠬᠥᠭ᠌ᠵᠢᠯᠲᠡ᠎ᠶ᠋ᠢᠨ ᠱᠠᠲᠤᠴᠢ ᠴᠢᠨᠠᠷᠲᠠᠶ ᠣᠨᠴᠠᠯᠢᠭ᠎ᠢ ᠨᠠᠷᠢᠨ ᠬᠢᠨᠠᠮᠠᠭᠠᠶ ᠵᠠᠳᠠᠯᠵᠤ᠂ ᠬᠣᠢᠱᠢᠳᠠ᠎ᠶ᠋ᠢᠨ ᠬᠡᠰᠡᠭ ᠬᠤᠭᠤᠴᠠᠭᠠᠨ᠎ᠤ 《1571》 ᠠᠵᠢᠯ᠎ᠤᠨ ᠪᠠᠢᠷᠢᠯᠠᠭᠤᠯᠤᠯᠲᠠ᠎ᠶ᠋ᠢ ᠪᠦᠷᠢᠯᠳᠦᠭᠦᠯᠪᠡ᠃ ᠨᠢᠭᠡᠳᠦᠭᠡᠷ 《1》 ᠭᠡᠳᠡᠭ ᠨᠢ ᠳᠠᠷᠤᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠦᠷᠭᠦᠯᠵᠢᠯᠡᠨ ᠰᠠᠢᠲᠤᠷ ᠪᠦᠳᠦᠭᠡᠨ ᠪᠠᠢᠭᠤᠯᠬᠤ ᠶᠠᠪᠤᠳᠠᠯ ᠪᠣᠯᠤᠨ᠎ᠠ᠂ 《5》 ᠭᠡᠳᠡᠭ ᠨᠢ ᠳᠠᠷᠤᠶ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ ᠡᠴᠡ ᠥᠪᠥᠷ ᠮᠣᠩᠭᠣᠯ᠎ᠳᠤ ᠣᠯᠭᠣᠭ᠍ᠰᠠᠨ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠂ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠂ ᠤᠯᠤᠰ᠎ᠤᠨ ᠴᠢᠬᠤᠯᠠ ᠡᠨᠧᠷᠭᠢ᠎ᠪᠠ ᠪᠠᠢᠯᠳᠤᠬᠤ ᠪᠣᠳᠣᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ ᠤ᠋ ᠦᠶ᠋ᠯᠡᠳᠪᠦᠷᠢᠯᠡᠯ᠎ᠦᠨ ᠰᠠᠭᠤᠷᠢᠨ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠴᠢᠬᠤᠯᠠ ᠪᠡᠬᠢᠯᠡᠯᠲᠡ ᠵᠢ ᠪᠦᠲᠦᠭᠡᠨ ᠪᠠᠢᠭᠤᠯᠬᠤ ᠲᠠᠪᠤᠨ ᠶᠡᠬᠡ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ ᠵᠢ ᠭᠦᠨᠵᠡᠭᠡᠢ ᠨᠠᠢᠳᠠᠪᠤᠷᠢᠵᠢᠭᠤᠯᠬᠤ ᠶᠠᠪᠤᠳᠠᠯ ᠪᠤᠯᠤᠨ᠎ᠠ᠂ 《7》 ᠭᠡᠳᠡᠭ ᠨᠢ ᠳᠠᠷᠤᠶ ᠥᠪᠥᠷ ᠮᠣᠩᠭᠣᠯ᠎ᠤᠨ ᠣᠨᠴᠠᠯᠢᠭ ᠳᠠᠪᠠᠭᠤᠯᠢᠭ᠎ᠢ ᠢᠯᠡᠷᠡᠭᠦᠯᠦᠭ᠌ᠰᠡᠨ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠪᠦᠲᠦᠭᠡᠨ ᠪᠠᠢᠭᠤᠯᠬᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠲᠦᠷᠭᠡᠳᠭᠡᠬᠦ᠌᠂ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠲᠡᠶ ᠭᠦᠨᠵᠡᠭᠡᠢ ᠵᠣᠯᠭᠠᠭᠤᠯᠬᠤ᠂ ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠢ᠎ᠶ᠋ᠢᠨ ᠪᠠᠢᠭᠤᠯᠤᠯ ᠢ᠋ ᠪᠠᠢᠭᠤᠯᠬᠤ᠂ ᠣᠷᠣᠨ ᠪᠦᠰᠡ᠎ᠶ᠋ᠢᠨ ᠠᠵᠤ ᠠᠬᠤᠢ᠎ᠶ᠋ᠢᠨ ᠪᠠᠢᠷᠢᠱᠢᠯ᠎ᠢ ᠱᠢᠯᠢᠳᠡᠭ᠌ᠵᠢᠭᠦᠯᠬᠦ᠂ ᠨᠡᠢᠭᠡᠮ ᠵᠢᠷᠤᠮ᠎ᠤᠨ ᠰᠣᠶᠣᠯ᠎ᠢ ᠴᠡᠴᠡᠭ᠌ᠯᠡᠭᠦᠯᠦᠨ ᠬᠥᠭ᠌ᠵᠢᠭᠦᠯᠬᠦ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢ ᠴᠢᠩᠭᠠᠷᠠᠭᠤᠯᠬᠤ ᠵᠡᠷᠭᠡ ᠲᠤᠯᠤᠭᠠᠨ ᠵᠦᠶ᠋ᠯ᠎ᠦᠨ ᠭᠤᠤᠯᠳᠠᠯᠭ᠎ᠠ᠎ᠲᠠᠶ ᠠᠵᠢᠯ ᠢ᠋ ᠰᠠᠢᠳᠤᠷ ᠠᠳᠬᠤᠬᠤ ᠶᠠᠪᠤᠳᠠᠯ ᠪᠤᠯᠤᠨ᠎ᠠ᠂ ᠬᠣᠶᠠᠳᠤᠭᠠᠷ 《1》 ᠭᠡᠳᠡᠭ ᠨᠢ ᠳᠠᠷᠤᠢ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ ᠪᠠ ᠨᠠᠮ᠎ᠤᠨ ᠪᠠᠢᠭᠤᠯᠤᠯᠲᠠ᠎ᠶ᠋ᠢ ᠴᠢᠩᠭᠠᠳᠭᠠᠬᠤ ᠡᠨᠡ ᠬᠦ᠌ ᠦᠨᠳᠦᠰᠦᠨ ᠪᠠᠲᠤᠯᠠᠭ᠎ᠠ ᠪᠤᠯᠤᠨ᠎ᠠ᠃ ᠪᠢᠳᠡ ᠡᠭᠦᠨ᠎ᠢᠶᠡᠷ ᠶᠡᠷᠦᠩᠬᠡᠢ ᠭᠠᠷᠳᠠᠴᠠ ᠪᠣᠯᠭᠠᠨ ᠡᠯ᠎ᠡ ᠵᠦᠢᠯ᠎ᠦᠨ ᠠᠵᠢᠯ᠎ᠢᠶᠠᠨ ᠰᠠᠢᠲᠤᠷ ᠬᠢᠵᠦ᠍᠂ ᠪᠦᠬᠦ᠌ ᠤᠯᠤᠰ ᠲᠠᠶ ᠬᠠᠮᠲᠤ᠎ᠪᠠᠷ ᠨᠡᠢᠭᠡᠮ ᠵᠢᠷᠤᠮᠳᠤ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠲᠠᠯ᠎ᠠ᠎ᠪᠠᠷ ᠱᠢᠢᠳᠪᠦᠷᠢᠯᠡᠭ᠌ᠴᠢ ᠠᠬᠢᠯᠳᠠ᠎ᠲᠠᠶ ᠪᠣᠯᠬᠤ᠎ᠪᠠᠷ ᠴᠢᠷᠮᠠᠢᠨ᠎ᠠ᠃

ᠡᠳᠡᠭᠡᠷ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠳᠦ ᠥᠪᠥᠷ ᠮᠣᠩᠭᠣᠯ ᠮᠠᠰᠢ ᠤᠯᠠᠨ ᠠᠱᠢᠭ᠍ᠲᠠᠢ ᠨᠥᠬᠥᠴᠡᠯ᠎ᠢ ᠪᠦᠷᠢᠯᠳᠦᠭᠦᠯᠪᠡ᠃ ᠨᠢᠭᠡ᠎ᠳᠦ᠂ ᠡᠬᠢ ᠪᠠᠶᠠᠯᠢᠭ ᠣᠨᠴᠠᠭᠠᠢ ᠡᠯᠪᠡᠭ ᠪᠠᠢᠵᠤ᠂ ᠨᠡᠭᠦᠷᠡᠰᠦᠨ᠎ᠦ ᠡᠬᠢ ᠪᠠᠶᠠᠯᠢᠭ ᠪᠦᠬᠦ᠌ ᠤᠯᠤᠰ᠎ᠤᠨ 1/4 ᠡᠴᠡ ᠳᠡᠭᠡᠭ᠌ᠰᠢᠬᠢ᠎ᠶ᠋ᠢ ᠡᠵᠡᠯᠡᠵᠦ᠍᠂ ᠰᠠᠯᠬᠢᠨ᠎ᠤ ᠡᠨᠧᠷᠭᠢ᠂ ᠨᠡᠷᠡᠨ᠎ᠦ ᠡᠨᠧᠷᠭᠢ᠎ᠶ᠋ᠢᠨ ᠡᠬᠢ ᠪᠠᠶᠠᠯᠢᠭ ᠲᠤᠰ ᠲᠤᠰ ᠪᠦᠬᠦ᠌ ᠤᠯᠤᠰ᠎ᠤᠨ 57%᠂ 21% ᠵᠢ ᠡᠵᠡᠯᠡᠵᠦ᠍ ᠪᠤᠢ᠂ ᠣᠳᠣᠬᠠᠨ᠎ᠳᠤ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ᠎ᠶ᠋ᠢᠨ ᠬᠡᠪᠴᠢᠶ᠎ᠠ 1.7 ᠳ᠋ᠦᠩᠱᠢᠭᠤᠷ ᠺᠢᠯᠦᠸᠠᠲ ᠡᠴᠡ ᠳᠡᠭᠡᠭ᠌ᠰᠢ ᠪᠠᠢᠵᠤ᠂ ᠪᠦᠬᠦ᠌ ᠤᠯᠤᠰ᠎ᠤᠨ ᠨᠢᠭᠡᠳᠦᠭᠡᠷ᠎ᠲᠦ ᠤᠷᠤᠵᠤ᠂ ᠠᠮᠢ ᠠᠬᠤᠢ᠎ᠶ᠋ᠢᠨ ᠤᠯᠠᠭᠠᠨ ᠱᠤᠭᠤᠮ᠂ ᠮᠡᠷᠭᠡᠵᠢᠯ ᠢ᠋ ᠬᠡᠷᠡᠭ᠌ᠵᠢᠭᠦᠯᠵᠦ᠍ ᠪᠣᠯᠬᠤ ᠨᠥᠬᠥᠴᠡᠯ ᠳᠣᠣᠷ᠎ᠠ ᠪᠤᠬᠢᠷᠳᠤᠯ ᠦᠭᠡᠢ ᠴᠠᠬᠢᠯᠭᠠᠨ ᠪᠠᠰᠠ 12 ᠳ᠋ᠦᠩᠱᠢᠭᠤᠷ ᠺᠢᠯᠦᠸᠠᠲ᠎ᠤᠨ ᠯᠤᠲᠤ ᠶᠡᠬᠡ ᠨᠡᠭᠡᠭᠡᠨ ᠬᠥᠭ᠌ᠵᠢᠭᠦᠯᠬᠦ ᠣᠷᠣᠨ ᠵᠠᠢ᠎ᠲᠠᠶ ᠪᠠᠢᠵᠤ᠂ ᠬᠣᠪᠣᠷ ᠱᠢᠷᠣᠢ᠎ᠶ᠋ᠢᠨ ᠬᠠᠳᠠᠭᠠᠯᠠᠭ᠍ᠳᠠᠴᠠ ᠪᠦᠬᠦ᠌ ᠤᠯᠤᠰ᠎ᠤᠨ 83% ᠡᠴᠡ ᠳᠡᠭᠡᠭ᠌ᠰᠢ᠎ᠶ᠋ᠢ ᠡᠵᠡᠯᠡᠵᠦ᠍᠂ ᠬᠦᠩᠭᠡᠨ ᠬᠣᠪᠣᠷ ᠱᠢᠷᠣᠢ ᠪᠠᠢᠬᠤ ᠪᠥᠭᠡᠳ ᠳᠤᠮᠳᠠ ᠬᠦᠨᠳᠦ ᠬᠣᠪᠣᠷ ᠱᠢᠷᠣᠢ ᠴᠤ᠌ ᠪᠤᠢ᠃ ᠬᠣᠶᠠᠷ᠎ᠲᠤ᠂ ᠠᠵᠤ ᠦᠢᠯᠡᠰ᠎ᠦᠨ ᠲᠤᠯᠭᠠᠭᠤᠷᠢᠯᠠᠯ ᠬᠦᠴᠦᠲᠡᠢ ᠪᠠᠢᠵᠤ᠂ ᠱᠢᠨ᠎ᠡ ᠡᠨᠧᠷᠭᠢ᠎ᠶ᠋ᠢᠨ ᠬᠡᠮᠵᠢᠶ᠎ᠠ ᠭᠦᠢᠴᠡᠳ ᠦᠨ᠎ᠡ ᠨᠢ ᠬᠢᠮᠳᠠ ᠪᠠᠢᠵᠤ᠂ ᠰᠦ᠎ᠶ᠋ᠢᠨ ᠦᠢᠯᠡᠰ᠂ ᠬᠣᠪᠣᠷ ᠱᠢᠷᠣᠢ᠂ ᠤᠳᠤ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ᠂ ᠪᠤᠳᠤᠯᠳᠠ ᠵᠢᠨ ᠬᠦᠴᠦᠨ ᠵᠡᠷᠭᠡ ᠤᠨᠴᠠᠯᠢᠬᠳᠦ ᠳᠠᠪᠠᠭᠤᠯᠢᠭᠳᠦ ᠠᠵᠤ ᠦᠢᠯᠡᠰ ᠪᠦᠬᠦ᠌ ᠤᠯᠤᠰ᠎ᠤᠨ ᠡᠮᠦᠨ᠎ᠡ ᠡᠩᠨᠡᠭᠡᠨ᠎ᠳᠦ ᠶᠠᠪᠤᠵᠤ᠂ 80 ᠭᠠᠷᠤᠢ ᠵᠦᠢᠯ᠎ᠦᠨ ᠦᠢᠯᠡᠳᠬᠦᠨ᠎ᠦ ᠦᠢᠯᠡᠳᠪᠦᠷᠢᠯᠡᠯ᠎ᠦᠨ ᠴᠢᠳᠠᠪᠤᠷᠢ ᠪᠦᠬᠦ᠌ ᠤᠯᠤᠰ᠎ᠤᠨ ᠨᠢᠭᠡᠳᠦᠭᠡᠷ᠎ᠲᠦ ᠣᠷᠣᠵᠤ᠂ ᠠᠮᠤ ᠪᠤᠳᠠᠭᠠᠨ᠎ᠤ ᠤᠨᠠᠯᠳᠠ ᠪᠦᠬᠦ᠌ ᠤᠯᠤᠰ᠎ᠤᠨ ᠲᠠᠪᠤᠳᠤᠭᠠᠷ᠎ᠲᠤ ᠣᠷᠣᠵᠤ᠂ ᠦᠬᠡᠷ᠎ᠦᠨ ᠮᠢᠬ᠎ᠠ᠂ ᠬᠤᠨᠢᠨ ᠮᠢᠬ᠎ᠠ᠂ ᠦᠨᠢᠶᠡᠨ ᠰᠦ᠂ ᠢᠮᠠᠭᠠᠨ ᠨᠣᠤᠯᠤᠭᠤᠷ᠎ᠤᠨ ᠭᠠᠷᠤᠯᠲᠠ ᠴᠥᠮ ᠪᠦᠬᠦ᠌ ᠤᠯᠤᠰ᠎ᠤᠨ ᠨᠢᠭᠡᠳᠦᠭᠡᠷ᠎ᠲᠦ ᠣᠷᠣᠵᠤ ᠪᠤᠢ᠃ ᠭᠤᠷᠪᠠ᠎ᠳᠤ᠂ ᠱᠢᠨ᠎ᠡ᠎ᠶ᠋ᠢ ᠡᠭᠦᠳᠬᠦ᠌ ᠡᠷᠴᠢᠮ ᠴᠢᠩᠭ᠎ᠠ ᠬᠦᠴᠦᠲᠡᠶ ᠪᠠᠢᠵᠤ᠂ ᠱᠢᠨ᠎ᠡ ᠮᠠᠲ᠋ᠧᠷᠢᠶᠠᠯ᠂ ᠱᠢᠨ᠎ᠡ ᠬᠡᠯᠪᠡᠷᠢ᠎ᠶ᠋ᠢᠨ ᠡᠨᠧᠷᠭᠢ ᠨᠦᠬᠡᠴᠡᠯᠡᠬᠦ ᠵᠡᠷᠭᠡ ᠬᠦᠷᠢᠶᠡᠨ᠎ᠳᠦ ᠨᠢᠭᠡ ᠪᠦᠯᠦᠭ ᠪᠡᠯᠭᠡ ᠲᠡᠮᠳᠡᠭ᠎ᠦᠨ ᠴᠢᠨᠠᠷᠲᠠᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠡᠭᠦᠳᠦᠯᠲᠡ᠎ᠶ᠋ᠢᠨ ᠦᠷ᠎ᠡ ᠪᠦᠲᠦᠭᠡᠯ ᠴᠤᠯᠭᠤᠷᠠᠨ ᠭᠠᠷᠴᠦ᠂ ᠪᠣᠬᠢᠷᠲᠤᠯ ᠥᠬᠡᠶ ᠣᠶᠤᠨᠴᠢ ᠪᠣᠳᠣᠯᠳᠠ᠂ ᠪᠤᠳᠤᠯᠳᠠ ᠵᠢᠨ ᠬᠦᠴᠦᠨ ᠪᠠ ᠴᠠᠬᠢᠯᠭᠠᠨ ᠬᠦᠴᠦᠨ ᠢ᠋ ᠬᠠᠮᠵᠢᠯᠴᠠᠭᠤᠯᠬᠤ᠂ 《ᠵᠣᠬᠢᠶᠠᠮᠠᠯ ᠣᠶᠤᠨ ᠴᠢᠳᠠᠪᠤᠷᠢ +》᠂ ᠵᠢᠯᠣᠭᠣᠴᠢ ᠥᠬᠡᠶ ᠮᠠᠱᠢᠨ ᠲᠡᠷᠭᠡ ᠵᠡᠷᠭᠡ ᠬᠣᠱᠢᠭᠤᠷᠠᠯ ᠮᠡᠷᠭᠡᠵᠢᠯ᠎ᠢ ᠰᠤᠳᠤᠯᠤᠨ ᠨᠡᠭᠡᠭᠡᠵᠦ᠍ ᠬᠡᠷᠡᠭ᠌ᠯᠡᠬᠦ᠌᠎ᠶ᠋ᠢ ᠥᠷᠨᠢᠩᠭᠦᠶ ᠬᠥᠭ᠌ᠵᠢᠭᠦᠯᠵᠦ᠍᠂ ᠳᠤᠮᠳᠠᠳᠤ ᠤᠯᠤᠰ (ᠥᠪᠥᠷ ᠮᠣᠩᠭᠣᠯ) ᠤ᠋ᠨ ᠴᠢᠯᠥᠭᠡᠲᠦ ᠠᠷᠠᠯᠵᠢᠶᠠᠨ᠎ᠤ ᠲᠤᠷᠱᠢᠯᠲᠠ᠎ᠶ᠋ᠢᠨ ᠣᠷᠣᠨ ᠪᠠ ᠳᠤᠮᠳᠠᠳᠤ ᠮᠣᠩᠭᠣᠯ᠎ᠤᠨ ᠡᠷᠢᠶᠡᠨ ᠬᠣᠲᠠ — ᠵᠠᠮ᠎ᠤᠨ ᠡᠭᠦᠳᠡ᠎ᠶ᠋ᠢᠨ ᠠᠵᠤ ᠠᠬᠤᠶ᠎ᠶ᠋ᠢᠨ ᠬᠠᠮᠲᠤᠷᠠᠯᠴᠠᠭᠠᠨ᠎ᠤ ᠣᠷᠣᠨ᠂ ᠮᠠᠨᠵᠤᠤᠷ᠎ᠤᠨ ᠠᠵᠤ ᠦᠶ᠋ᠯᠡᠰ᠎ᠦᠨ ᠬᠠᠮᠵᠢᠯᠴᠠᠭᠠᠨ᠎ᠤ ᠬᠦᠷᠢᠶᠡᠯᠡᠩ ᠲᠣᠭᠣᠷᠢᠭ ᠵᠡᠷᠭᠡ ᠥᠨᠳᠥᠷ ᠲᠦᠪᠱᠢᠨ ᠪᠥᠬᠥᠶ ᠨᠡᠭᠡᠭᠡᠯᠲᠡ᠎ᠶ᠋ᠢᠨ ᠲᠠᠪᠴᠠᠩ᠎ᠤᠨ ᠪᠥᠲᠥᠭᠡᠨ ᠪᠠᠢᠭᠤᠯᠤᠯᠲᠠ᠎ᠶ᠋ᠢ ᠶᠠᠭ ᠲᠦᠷᠭᠡᠳᠭᠡᠨ ᠠᠬᠢᠭᠤᠯᠵᠤ ᠪᠠᠢᠨ᠎ᠠ᠃ ᠡᠭᠦᠨ᠎ᠡᠴᠡ ᠭᠠᠳᠠᠨ᠎ᠠ᠂ ᠮᠠᠨ᠎ᠤ ᠣᠷᠣᠨ ᠪᠠᠰᠠ ᠪᠠᠷᠠᠭᠤᠨ ᠣᠷᠣᠨ᠎ᠢ ᠶᠡᠬᠡ᠎ᠪᠡᠷ ᠨᠡᠭᠡᠭᠡᠨ ᠬᠥᠭ᠌ᠵᠢᠭᠦᠯᠬᠦ᠌᠂ ᠵᠡᠭᠦᠨ ᠬᠣᠢᠲᠤ ᠣᠷᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠂ ᠬᠠᠲᠤᠨ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠬᠠᠮᠠᠭᠠᠯᠠᠯᠲᠠ ᠪᠠ ᠴᠢᠨᠠᠷ ᠰᠠᠢᠲᠠᠶ ᠬᠥᠭ᠌ᠵᠢᠯᠲᠡ ᠵᠡᠷᠭᠡ ᠤᠯᠤᠰ᠎ᠤᠨ ᠴᠢᠬᠤᠯᠠ ᠶᠡᠬᠡ ᠪᠠᠢᠯᠳᠤᠬᠤ ᠪᠣᠳᠣᠯᠭ᠎ᠠ᠎ᠶ᠋ᠢᠨ ᠳᠡᠮᠵᠢᠯᠭᠡ᠎ᠶ᠋ᠢ ᠳᠠᠪᠬᠤᠷᠳᠠᠭᠤᠯᠤᠨ ᠬᠦᠷᠳᠡᠵᠤ᠂ 2023 ᠣᠨ᠎ᠳᠤ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠲᠤᠰᠭᠠᠢᠯᠠᠨ ᠪᠢᠴᠢᠭ ᠮᠠᠲ᠋ᠧᠷᠢᠶᠠᠯ ᠨᠡᠢᠲᠡᠯᠡᠵᠦ᠍ ᠮᠠᠨ᠎ᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠳᠡᠮᠵᠢᠪᠡ᠃ ᠦᠨᠳᠦᠰᠦᠲᠡᠨ᠎ᠨᠦᠭᠦᠳ᠎ᠦᠨ ᠠᠷᠠᠳ ᠲᠦᠮᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠡᠶ᠎ᠡ ᠨᠠᠢᠷᠠᠮᠳᠠᠭᠤ ᠪᠠᠢᠬᠤ ᠰᠠᠢ᠌ᠨ ᠤᠯᠠᠮᠵᠢᠯᠠᠯ᠎ᠲᠠᠶ ᠶᠤᠮ᠂ ᠥᠷᠭᠡᠨ ᠤᠯᠠᠨ ᠨᠠᠮ᠎ᠤᠨ ᠭᠡᠱᠢᠭᠦᠨ ᠺᠠᠳ᠋ᠷ ᠮᠣᠩᠭᠣᠯ ᠮᠤᠷᠢᠨ᠎ᠤ ᠵᠣᠷᠢᠭ ᠰᠠᠨᠠᠭ᠎ᠠ᠎ᠶ᠋ᠢ ᠤᠬᠠᠮᠰᠠᠷ ᠡᠴᠡ᠎ᠪᠠᠨ ᠪᠠᠳᠠᠷᠠᠭᠤᠯᠵᠤ᠂ ᠣᠷᠣᠨ ᠳᠠᠶᠠᠭᠠᠷ᠎ᠤᠨ ᠡᠷᠴᠢ ᠵᠣᠷᠢᠭ ᠭᠦᠢᠴᠡᠳ ᠪᠠᠢᠨ᠎ᠠ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ ᠨᠡᠩ ᠶᠡᠬᠡ ᠱᠢᠨ᠎ᠡ ᠬᠥᠭ᠌ᠵᠢᠯᠲᠡ᠎ᠶ᠋ᠢ ᠪᠡᠶᠡᠯᠡᠭᠦᠯᠬᠦ᠌ ᠢᠲᠡᠭᠡᠯ ᠴᠢᠳᠠᠪᠤᠷᠢ ᠪᠢᠳᠡᠨ᠎ᠳᠦ ᠪᠦᠷᠢᠨ ᠪᠠᠢᠨ᠎ᠠ᠃

ᠥᠪᠥᠷ ᠮᠣᠩᠭᠣᠯ᠎ᠤᠨ ᠨᠤᠲᠤᠭ ᠳᠡᠪᠢᠰᠭᠡᠷ ᠥᠷᠭᠡᠨ ᠠᠭᠤᠳᠠᠮ᠂ ᠡᠬᠢ ᠪᠠᠶᠠᠯᠢᠭ ᠡᠯᠪᠡᠭ ᠳᠡᠯᠪᠡᠭ᠂ ᠰᠣᠶᠣᠯ ᠪᠠᠶᠠᠯᠢᠭ ᠰᠠᠢᠬᠠᠨ᠂ ᠠᠮᠲᠠᠲᠤ ᠢᠳᠡᠭᠡᠨ ᠡᠯᠪᠡᠭ ᠪᠠᠢᠵᠤ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ ᠪᠣᠷᠣᠭ᠍ᠵᠢᠭᠤᠨ ᠵᠣᠴᠢᠨᠰᠠᠭ᠂ ᠵᠢᠯ᠎ᠦᠨ ᠲᠦᠷᠪᠡᠨ ᠤᠯᠠᠷᠢᠯ᠎ᠳᠤ ᠡᠯ᠎ᠡ ᠭᠠᠵᠠᠷ᠎ᠤᠨ ᠦᠵᠡᠮᠵᠢ ᠴᠥᠮ ᠮᠠᠰᠢ ᠰᠠᠢᠬᠠᠨ ᠪᠠᠢᠵᠤ᠂ ᠠᠳᠠᠯᠢ ᠤᠯᠠᠷᠢᠯ ᠳ᠋ᠤ ᠡᠯ᠎ᠡ ᠭᠠᠵᠠᠷ᠎ᠤᠨ ᠦᠵᠡᠮᠵᠢ ᠴᠦ᠍ ᠠᠳᠠᠯᠢ ᠪᠤᠰᠤ ᠪᠠᠢᠳᠠᠭ᠃ ᠰᠤᠷᠪᠤᠯᠵᠢᠯᠠᠭ᠍ᠴᠢ ᠨᠠᠢᠵᠠ᠎ᠨᠠᠷ᠎ᠤᠨ ᠥᠪᠥᠷ ᠮᠣᠩᠭᠣᠯ᠎ᠳᠤ ᠲᠣᠭᠣᠷᠢᠨ ᠵᠢᠭᠤᠯᠴᠢᠯᠠᠵᠤ᠂ ᠥᠪᠥᠷ ᠮᠣᠩᠭᠣᠯ᠎ᠤᠨ ᠵᠠᠩ ᠦᠢᠯᠡ᠎ᠶ᠋ᠢ ᠪᠡᠶᠡᠴᠢᠯᠡᠨ ᠣᠢᠯᠠᠭᠠᠵᠤ᠂ ᠥᠪᠥᠷ ᠮᠣᠩᠭᠣᠯ᠎ᠤᠨ ᠬᠥᠭ᠌ᠵᠢᠯᠲᠡ᠎ᠶ᠋ᠢ ᠤᠬᠠᠭᠤᠯᠬᠤ᠎ᠶ᠋ᠢ ᠪᠠᠶᠠᠷᠯᠠᠨ ᠤᠭ᠍ᠲᠤᠵᠤ ᠪᠠᠢᠨ᠎ᠠ᠃

ᠱᠢᠨᠬᠤᠸᠠ ᠬᠣᠷᠢᠶ᠎ᠠ ᠵᠢᠨ ᠰᠤᠷᠪᠤᠯᠵᠢᠯᠠᠭ᠍ᠴᠢ᠄ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ 《ᠠᠷᠪᠠᠨ ᠳᠥᠷᠪᠡᠳᠦᠭᠡᠷ ᠲᠠᠪᠤᠨ ᠵᠢᠯ》 ᠲᠡᠭᠦᠰ ᠠᠮᠵᠢᠯᠲᠠ᠎ᠲᠠᠶ ᠰᠡᠭᠦᠯ ᠬᠤᠷᠢᠶᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠱᠢᠨ᠎ᠡ ᠢᠳᠡᠷᠡᠭᠦᠨ ᠠᠯᠬᠤᠭ᠎ᠠ᠎ᠶ᠋ᠢ ᠠᠯᠬᠤᠵᠠᠢ ᠭᠡᠵᠦ ᠵᠢᠭᠠᠵᠦ ᠭᠠᠷᠭᠠᠪᠠ᠃ ᠥᠪᠥᠷ ᠮᠣᠩᠭᠣᠯ 《ᠠᠷᠪᠠᠨ ᠳᠥᠷᠪᠡᠳᠦᠭᠡᠷ ᠲᠠᠪᠤᠨ ᠵᠢᠯ》 ᠳ᠋ᠤ ᠶᠠᠮᠠᠷ ᠶᠠᠮᠠᠷ ᠠᠮᠵᠢᠯᠲᠠ ᠪᠦᠲᠦᠮᠵᠢ ᠣᠯᠤᠭ᠍ᠰᠠᠨ ᠪᠣᠶ? ᠪᠡᠯᠭᠡ ᠲᠡᠮᠳᠡᠭ ᠤ᠋ᠨ ᠴᠢᠨᠠᠷᠲᠠᠶ ᠶᠠᠮᠠᠷ ᠦᠷ᠎ᠡ ᠪᠦᠲᠦᠭᠡᠯ ᠪᠠᠢᠬᠤ ᠪᠣᠢ?

ᠪᠦᠦ ᠭᠠᠩ ᠲᠥᠯᠥᠭᠡᠯᠡᠭ᠌ᠴᠢ᠄ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠶᠡᠷᠦᠩᠬᠡᠶ ᠱᠦᠵᠢ ᠰᠢ ᠵᠢᠨ ᠫᠢᠩ ᠪᠣᠯᠤᠨ ᠨᠠᠮ᠎ᠤᠨ ᠲᠥᠪ ᠬᠣᠷᠢᠶ᠎ᠠ ᠵᠢᠨ ᠳᠣᠲᠣᠨᠣ ᠬᠠᠯᠠᠮᠵᠢᠯᠠᠯ ᠳᠤᠤᠷ᠎ᠠ᠂ ᠥᠪᠥᠷ ᠮᠣᠩᠭᠣᠯ᠎ᠤᠨ ᠠᠵᠤ ᠠᠬᠤᠶ ᠨᠡᠢᠭᠡᠮ᠎ᠦᠨ ᠬᠥᠭ᠌ᠵᠢᠯᠲᠡ ᠢᠯᠡᠳᠲᠡ ᠦᠷ᠎ᠡ ᠪᠦᠲᠦᠮᠵᠢ ᠤᠯᠪᠠ᠃ ᠨᠢᠭᠡ᠎ᠳᠦ᠂ ᠴᠢᠨᠠᠷ ᠰᠠᠢᠲᠠᠢ ᠬᠥᠭ᠌ᠵᠢᠯᠲᠡ ᠯᠠᠪᠳᠠᠭᠤᠨ᠎ᠢᠶᠠᠷ ᠠᠬᠢᠪᠠ᠃ ᠥᠪᠥᠷ ᠮᠣᠩᠭᠣᠯ᠎ᠤᠨ ᠠᠵᠤ ᠠᠬᠤᠶ᠎ᠶ᠋ᠢᠨ ᠶᠡᠷᠦᠩᠬᠡᠶ ᠬᠡᠮᠵᠢᠶ᠎ᠡ 2025 ᠣᠨ᠎ᠤ ᠡᠴᠦᠰ᠎ᠲᠦ 2.67 ᠲᠦᠮᠡᠨ ᠳ᠋ᠦᠩᠱᠢᠭᠤᠷ ᠲᠥᠭᠥᠷᠢᠭ᠎ᠲᠦ ᠬᠦᠷᠴᠦ᠍᠂ ᠪᠥᠬᠥ᠌ ᠤᠯᠤᠰ᠎ᠲᠤ ᠬᠤᠷᠢᠳᠤᠭᠠᠷ᠎ᠲᠤ ᠣᠷᠣᠵᠤ᠂ ᠬᠥᠮᠦᠨ ᠳᠤᠮᠳᠠᠴᠢ᠎ᠶ᠋ᠢᠨ GDP ᠪᠥᠬᠥ᠌ ᠤᠯᠤᠰ᠎ᠲᠤ ᠨᠠᠢ᠍ᠮᠠᠳᠤᠭᠠᠷ᠎ᠲᠤ ᠵᠢᠭ᠍ᠰᠠᠭᠠᠭ᠍ᠳᠠᠪᠠ᠃ ᠡᠩ᠎ᠦᠨ ᠣᠯᠠᠨ ᠨᠡᠢᠲᠡ᠎ᠶ᠋ᠢᠨ ᠲᠥᠰᠦᠪ᠎ᠦᠨ ᠣᠷᠣᠯᠭ᠎ᠠ 3000 ᠳ᠋ᠦᠩᠱᠢᠭᠤᠷ ᠲᠥᠭᠥᠷᠢᠭ᠎ᠭᠠᠷᠤᠢ ᠪᠣᠯᠲᠠᠯ᠎ᠠ ᠳᠡᠭᠡᠭ᠌ᠰᠢᠯᠡᠵᠦ᠍᠂ ᠬᠥᠮᠦᠨ ᠳᠤᠮᠳᠠᠴᠢ ᠵᠢᠨ ᠡᠳ᠋᠎ᠦᠨ ᠬᠦᠴᠦᠨ ᠪᠥᠬᠥ᠌ ᠤᠯᠤᠰ᠎ᠤᠨ ᠡᠮᠦᠨ᠎ᠡ 10᠎ᠳ᠋ᠤ ᠣᠷᠣᠪᠠ᠃ ᠥᠪᠥᠷ ᠮᠣᠩᠭᠣᠯ᠎ᠤᠨ 20 ᠬᠢᠯᠢ᠎ᠶ᠋ᠢᠨ ᠪᠣᠭᠣᠮᠲᠠ ᠥᠷᠢᠰᠦᠯᠳᠦᠨ ᠬᠥᠭ᠌ᠵᠢᠵᠦ᠍᠂ ᠭᠠᠳᠠᠭᠠᠳᠤ ᠡᠴᠡ ᠤᠷᠤᠭᠤᠯᠵᠤ ᠭᠠᠳᠠᠭᠠᠳᠤ ᠳ᠋ᠤ ᠭᠠᠷᠭᠠᠭᠰᠠᠨ ᠶᠡᠷᠦᠩᠬᠡᠶ ᠥᠷᠲᠡᠭ ᠳᠠᠬᠢᠨ᠎ᠢᠶᠠᠷ ᠨᠡᠮᠡᠭ᠌ᠳᠡᠵᠤ 2206 ᠳ᠋ᠦᠩᠰᠢᠭᠤᠷ ᠲᠦᠭᠦᠷᠢᠭ ᠲᠤ᠌ ᠬᠦᠷᠴᠠᠢ᠃ ᠠᠵᠤ ᠦᠶ᠋ᠯᠡᠰ᠎ᠦᠨ ᠪᠦᠲᠦᠴᠡ ᠦᠷᠭᠦᠯᠵᠢᠯᠡᠨ ᠱᠢᠯᠢᠳᠡᠭ᠌ᠵᠢᠵᠦ᠍᠂ 《ᠠᠷᠪᠠᠨ ᠳᠥᠷᠪᠡᠳᠦᠭᠡᠷ ᠲᠠᠪᠤᠨ ᠵᠢᠯ》 ᠳ᠋ᠤ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ᠎ᠶ᠋ᠢᠨ ᠨᠡᠮᠡᠭᠳᠡᠯ ᠦᠷᠳᠡᠭ ᠵᠢᠯ ᠳᠤᠮᠳᠠᠴᠢ᠎ᠪᠠᠷ 7% ᠨᠡᠮᠡᠭ᠌ᠳᠡᠵᠦ᠍᠂ ᠬᠡᠪᠴᠢᠶ᠎ᠡ᠎ᠨᠢ ᠲᠦᠮᠡᠨ ᠳ᠋ᠦᠩᠱᠢᠭᠤᠷ ᠱᠢᠬᠠᠮ ᠲᠥᠭᠥᠷᠢᠭ᠎ᠲᠦ ᠬᠦᠷᠴᠦ᠍᠂ ᠬᠡᠪᠴᠢᠶᠡᠵᠢᠯ᠎ᠡᠴᠡ ᠳᠡᠭᠡᠭ᠌ᠰᠢᠬᠢ ᠠᠵᠤ ᠦᠶ᠋ᠯᠡᠳᠪᠦᠷᠢ ᠳ᠋ᠡᠬᠢ ᠦᠶ᠋ᠯᠡᠳᠬᠦ᠌ ᠦᠶ᠋ᠯᠡᠰ᠎ᠦᠨ ᠨᠡᠮᠡᠭᠳᠡᠯ ᠦᠷᠳᠡᠭ ᠤ᠋ᠨ ᠡᠵᠡᠯᠡᠬᠦ᠌ ᠬᠤᠪᠢ᠎ᠶ᠋ᠢᠨ ᠵᠢᠩ᠎ᠨᠢ 41% ᠪᠣᠯᠤᠨ ᠳᠡᠭᠡᠭ᠌ᠰᠢᠯᠡᠵᠦ᠍᠂ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠂ ᠳᠡᠭᠡᠳᠦ ᠰᠢᠨ᠎ᠠ ᠮᠡᠷᠭᠡᠵᠢᠯ᠎ᠦᠨ ᠦᠶ᠋ᠯᠡᠳᠬᠦ᠌ ᠦᠶ᠋ᠯᠡᠰ ᠵᠢᠯ ᠳᠤᠮᠳᠠᠴᠢ᠎ᠪᠠᠷ 10% ᠡᠴᠡ ᠳᠡᠭᠡᠭ᠌ᠰᠢ ᠨᠡᠮᠡᠭ᠌ᠳᠡᠪᠡ᠃ ᠬᠣᠪᠣᠷ ᠱᠢᠷᠣᠢ᠎ᠶ᠋ᠢᠨ ᠨᠢᠭᠡᠳᠪᠦᠷᠢ᠂ ᠴᠢᠳᠠᠮᠵᠢᠲᠤ ᠮᠠᠲ᠋ᠧᠷᠢᠶᠠᠯ᠂ ᠨᠡᠭᠦᠷᠡᠰᠦ᠎ᠪᠡᠷ ᠠᠯᠺᠸᠨ ᠦᠢᠯᠡᠳᠬᠦ ᠵᠡᠷᠭᠡ 80 ᠭᠠᠷᠤᠢ ᠵᠦᠢᠯ᠎ᠦᠨ ᠦᠢᠯᠡᠳᠬᠦᠨ᠎ᠦ ᠦᠢᠯᠡᠳᠪᠦᠷᠢᠯᠡᠯ᠎ᠦᠨ ᠴᠢᠳᠠᠪᠤᠷᠢ ᠪᠦᠬᠦ᠌ ᠤᠯᠤᠰ᠎ᠲᠤ ᠨᠢᠭᠡᠳᠦᠭᠡᠷ᠎ᠲᠦ ᠣᠷᠣᠵᠤ᠂ ᠴᠠᠭᠠᠨ ᠢᠳᠡᠭᠡ᠂ ᠬᠣᠪᠣᠷ ᠱᠢᠷᠣᠢ᠎ᠶ᠋ᠢᠨ ᠱᠢᠨ᠎ᠡ ᠮᠠᠲ᠋ᠧᠷᠢᠶᠠᠯ᠂ ᠤᠳᠤ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠢᠯᠡᠳᠪᠦᠷᠢ ᠵᠡᠷᠭᠡ ᠭᠤᠷᠪᠠᠨ ᠠᠵᠤ ᠦᠢᠯᠡᠰ᠎ᠦᠨ ᠪᠦᠯᠦᠭ᠌ᠵᠢᠯ ᠤᠯᠤᠰ᠎ᠤᠨ ᠲᠡᠷᠢᠭᠦᠨ᠎ᠦ ᠦᠢᠯᠡᠳᠬᠦ᠌ ᠦᠢᠯᠡᠰ᠎ᠦᠨ ᠪᠦᠯᠦᠭ᠌ᠵᠢᠯ᠎ᠳᠦ ᠰᠣᠩᠭᠣᠭ᠍ᠳᠠᠪᠠ᠃ ᠬᠣᠶᠠᠷ᠎ᠲᠤ᠂ ᠤᠯᠤᠰ᠎ᠤᠨ ᠶᠡᠬᠡ ᠲᠠᠯ᠎ᠠ᠎ᠳᠤ ᠦᠢᠯᠡᠴᠢᠯᠡᠬᠦ᠌ ᠴᠢᠳᠠᠪᠤᠷᠢ ᠲᠠᠰᠤᠷᠠᠯᠲᠠ ᠦᠭᠡᠢ ᠴᠢᠩᠭᠠᠷᠠᠪᠠ᠃ ᠥᠪᠥᠷ ᠮᠣᠩᠭᠣᠯ᠎ᠤᠨ ᠨᠡᠭᠦᠷᠡᠰᠦᠨ᠎ᠦ ᠬᠠᠳᠠᠭᠠᠯᠠᠭ᠍ᠳᠠᠴᠠ 5400 ᠳ᠋ᠦᠩᠱᠢᠭᠤᠷ ᠲᠣᠨ᠎ᠳᠤ ᠬᠦᠷᠴᠦ᠍᠂ ᠵᠢᠯ ᠳᠤᠮᠳᠠᠴᠢ᠎ᠶ᠋ᠢᠨ ᠨᠡᠭᠦᠷᠡᠰᠦᠨ᠎ᠦ ᠭᠠᠷᠤᠯᠲᠠ 12 ᠳ᠋ᠦᠩᠱᠢᠭᠤᠷ ᠲᠣᠨ᠎ᠢ ᠳᠠᠪᠠᠵᠤ᠂ 《ᠠᠷᠪᠠᠨ ᠳᠥᠷᠪᠡᠳᠦᠭᠡᠷ ᠲᠠᠪᠤᠨ ᠵᠢᠯ》 ᠳ᠋ᠤ ᠨᠡᠢᠲᠡ 29 ᠮᠤᠵᠢ ᠣᠷᠣᠨ᠎ᠤ 35 ᠳ᠋ᠦᠩᠱᠢᠭᠤᠷ ᠲᠣᠨ ᠨᠡᠭᠦᠷᠡᠰᠦᠨ᠎ᠦ ᠬᠠᠩᠭᠠᠯᠭ᠎ᠠ᠎ᠶ᠋ᠢ ᠪᠠᠲᠤᠯᠠᠵᠤ᠂ ᠪᠥᠬᠥ᠌ ᠤᠯᠤᠰ᠎ᠤᠨ ᠲᠡᠷᠢᠭᠦᠨ᠎ᠳᠦ ᠣᠷᠣᠪᠠ᠃ ᠴᠠᠬᠢᠯᠭᠠᠨ ᠬᠦᠴᠦᠨ᠎ᠦ ᠶᠡᠷᠦᠩᠬᠡᠶ ᠮᠠᠱᠢᠨ ᠴᠣᠭ᠍ᠴᠠᠯᠠᠪᠤᠷᠢ 3.1 ᠳ᠋ᠦᠩᠱᠢᠭᠤᠷ ᠺᠢᠯᠦᠸᠠᠲ᠎ᠲᠤ ᠬᠦᠷᠴᠦ᠍᠂ ᠪᠥᠬᠥ᠌ ᠤᠯᠤᠰ᠎ᠤᠨ ᠨᠢᠭᠡᠳᠦᠭᠡᠷ᠎ᠲᠦ ᠣᠷᠣᠪᠠ᠂ ᠡᠭᠦᠨ᠎ᠳᠦ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ 1.7 ᠳ᠋ᠦᠩᠱᠢᠭᠤᠷ ᠺᠢᠯᠦᠸᠠᠲ᠎ᠢ ᠳᠠᠪᠠᠵᠤ᠂ ᠢᠯᠴᠢ᠎ᠶ᠋ᠢᠨ ᠴᠠᠬᠢᠯᠭᠠᠨ᠎ᠤ ᠮᠠᠱᠢᠨ ᠴᠣᠭ᠍ᠴᠠᠯᠠᠪᠤᠷᠢ 1.4 ᠳ᠋ᠦᠩᠱᠢᠭᠤᠷ ᠺᠢᠯᠦᠸᠠᠲ ᠱᠢᠬᠠᠮ ᠳ᠋ᠤ ᠬᠦᠷᠴᠤ᠂ ᠵᠢᠯ᠎ᠦᠨ ᠴᠠᠬᠢᠯᠭᠠᠨ ᠭᠠᠷᠭᠠᠭ᠍ᠰᠠᠨ ᠬᠡᠮᠵᠢᠶ᠎ᠡ 8700 ᠳ᠋ᠦᠩᠱᠢᠭᠤᠷ ᠭᠷᠠᠳᠦ᠋ᠰ᠎ᠲᠦ ᠬᠦᠷᠴᠦ᠍᠂ ᠴᠠᠬᠢᠯᠭᠠᠨ ᠬᠦᠴᠦᠨ᠎ᠦ ᠭᠠᠳᠠᠭ᠍ᠰᠢ ᠬᠦᠷᠭᠡᠭ᠌ᠰᠡᠨ ᠬᠡᠮᠵᠢᠶ᠎ᠡ 21 ᠵᠢᠯ ᠳᠠᠷᠠᠭᠠᠯᠠᠨ ᠪᠥᠬᠥ᠌ ᠤᠯᠤᠰ᠎ᠤᠨ ᠲᠡᠷᠢᠭᠦᠨ᠎ᠳᠦ ᠣᠷᠣᠪᠠ᠃ ᠬᠣᠪᠣᠷ ᠱᠢᠷᠣᠶ᠎ᠶ᠋ᠢᠨ ᠱᠢᠨ᠎ᠡ ᠮᠠᠲ᠋ᠧᠷᠢᠶᠠᠯ᠎ᠤᠨ ᠰᠠᠭᠤᠷᠢᠨ ᠪᠣᠯᠤᠨ ᠬᠣᠪᠣᠷ ᠱᠢᠷᠣᠶ᠎ᠶ᠋ᠢᠨ ᠬᠡᠷᠡᠭ᠌ᠯᠡᠭᠡᠨ᠎ᠦ ᠰᠠᠭᠤᠷᠢᠨ ᠠᠩᠬ᠎ᠠ ᠠᠯᠬᠤᠮ ᠬᠡᠪᠴᠢᠶᠡᠵᠢᠵᠦ᠍᠂ ᠬᠠᠢᠯᠤᠭᠤᠯᠬᠤ ᠴᠢᠳᠠᠪᠤᠷᠢ ᠪᠣᠯᠤᠨ ᠤᠷ᠎ᠠ ᠮᠡᠷᠭᠡᠵᠢᠯ ᠤ᠋ᠨ ᠲᠦᠪᠰᠢᠨ ᠳᠡᠯᠡᠭᠡᠢ ᠳ᠋ᠦ ᠲᠦᠷᠦᠭᠦᠯᠡᠵᠤ ᠪᠤᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠨᠡᠢᠲᠡ 6281 ᠲᠦᠮᠡᠨ ᠮᠥ᠍ ᠪᠠᠢᠭᠤᠯᠵᠤ᠂ 2025 ᠣᠨ᠎ᠳᠤ ᠠᠮᠤ ᠪᠤᠳᠠᠭᠠᠨ᠎ᠤ ᠤᠨᠠᠯᠲᠠ 840 ᠳ᠋ᠦᠩᠱᠢᠭᠤᠷ ᠵᠢᠩ᠎ᠳᠦ ᠬᠦᠷᠴᠦ᠍᠂ ᠪᠥᠬᠥ᠌ ᠤᠯᠤᠰ᠎ᠤᠨ ᠲᠠᠪᠤᠳᠤᠭᠠᠷ᠎ᠲᠤ ᠣᠷᠣᠵᠤ᠂ ᠦᠨᠢᠶᠡᠨ ᠰᠦ ᠵᠢᠨ ᠭᠠᠷᠤᠯᠲᠠ 760 ᠲᠦᠮᠡᠨ ᠲᠣᠨ᠂ ᠦᠬᠡᠷ᠎ᠦᠨ ᠮᠢᠬᠠᠨ᠎ᠤ ᠭᠠᠷᠤᠯᠲᠠ 102 ᠲᠦᠮᠡᠨ ᠲᠣᠨ᠂ ᠬᠣᠨᠢᠨ ᠮᠢᠬᠠᠨ᠎ᠤ ᠭᠠᠷᠤᠯᠲᠠ 101 ᠲᠦᠮᠡᠨ ᠲᠣᠨ᠂ ᠡᠪᠡᠰᠦ ᠪᠣᠷᠳᠣᠭᠠᠨ᠎ᠤ ᠭᠠᠷᠤᠯᠲᠠ 7000 ᠲᠦᠮᠡᠨ ᠲᠣᠨ᠎ᠳᠤ ᠬᠦᠷᠴᠦ᠍᠂ ᠴᠥᠮ ᠪᠥᠬᠥ᠌ ᠤᠯᠤᠰ᠎ᠤᠨ ᠲᠡᠷᠢᠭᠦᠨ᠎ᠳᠦ ᠣᠷᠣᠪᠠ᠃ ᠥᠪᠥᠷ ᠮᠣᠩᠭᠣᠯ ᠪᠣᠯ ᠪᠥᠬᠥ᠌ ᠤᠯᠤᠰ᠎ᠤᠨ ᠨᠠᠶ᠋ᠮᠠᠨ ᠶᠡᠬᠡ ᠪᠤᠳᠤᠯᠳᠠ ᠵᠢᠨ ᠬᠦᠴᠦᠨ᠎ᠦ ᠲᠤᠤᠷ ᠤ᠋ᠨ ᠵᠠᠩᠭᠢᠯᠠᠭ᠎ᠠ᠎ᠶ᠋ᠢᠨ ᠴᠡᠭ᠎ᠦᠨ ᠨᠢᠭᠡ ᠮᠥᠨ᠂ ᠱᠢᠨ᠎ᠡ ᠡᠨᠧᠷᠭᠢ ᠭᠦᠢᠴᠡᠳ ᠪᠠᠢᠵᠤ᠂ ᠴᠠᠬᠢᠯᠭᠠᠨ᠎ᠤ ᠦᠨ᠎ᠡ ᠬᠢᠮᠳᠠ᠂ ᠠᠭᠤᠷ ᠠᠮᠢᠰᠭᠤᠯ ᠰᠡᠷᠢᠭᠦᠨ᠂ ᠭᠠᠵᠠᠷ ᠤ᠋ᠨ ᠪᠠᠢᠳᠠᠯ ᠲᠣᠭ᠍ᠲᠠᠭᠤᠨ ᠪᠠᠢᠵᠤ᠂ ᠪᠡᠭᠡᠵᠢᠩ ᠲᠢᠶᠠᠨᠵᠢᠨ ᠾᠸᠪᠸᠢ ᠬᠦᠷᠬᠦ ᠵᠠᠢ ᠤᠬᠤᠷ᠂ ᠪᠤᠳᠤᠯᠳᠠ ᠵᠢᠨ ᠬᠦᠴᠦᠨ᠎ᠦ ᠬᠡᠪᠴᠢᠶ᠎ᠡ ᠨᠢ 23.7 ᠲᠦᠮᠡᠨ P ᠎ᠳ᠋ᠤ ᠬᠦᠷᠴᠡᠶ᠂ ᠡᠭᠦᠨ᠎ᠳᠦ ᠤᠶᠤᠨᠴᠢ ᠪᠣᠳᠣᠯᠳᠠ 22 ᠲᠦᠮᠡᠨ P᠂ ᠪᠤᠬᠢᠷᠳᠤᠯ ᠦᠭᠡᠢ ᠴᠠᠬᠢᠯᠭᠠᠨ᠎ᠤ ᠬᠡᠷᠡᠭ᠌ᠯᠡᠭᠡᠨ᠎ᠦ ᠬᠠᠷᠢᠴᠠᠯ ᠨᠢ 82%᠎ᠡᠴᠡ ᠳᠡᠭᠡᠭ᠌ᠰᠢ ᠪᠠᠢᠵᠤ᠂ ᠴᠥᠮ ᠪᠥᠬᠥ᠌ ᠤᠯᠤᠰ᠎ᠤᠨ ᠡᠮᠦᠨ᠎ᠡ ᠡᠩᠨᠡᠭᠡᠨ᠎ᠳᠦ ᠣᠷᠣᠵᠤ ᠪᠠᠢᠨ᠎ᠠ᠃ ᠭᠤᠷᠪᠠ᠎ᠳᠤ᠂ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠤᠯᠠᠮ ᠨᠢᠭᠡ ᠠᠯᠬᠤᠮ ᠪᠠᠲᠤᠵᠢᠭᠤᠯᠪᠠ᠃ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ᠎ᠦᠨ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠶ ᠳᠠᠢᠯᠠᠯᠳᠤᠭᠠᠨ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠬᠣᠷᠴᠢᠨ᠎ᠤ ᠡᠯᠡᠰᠦᠷᠬᠡᠭ ᠭᠠᠵᠠᠷ᠎ᠲᠤ ᠲᠠᠯ᠎ᠠ ᠨᠤᠲᠤᠭ᠎ᠤᠨ ᠥᠩᠭᠡ ᠦᠵᠡᠮᠵᠢ ᠳᠠᠬᠢᠨ ᠢᠯᠡᠷᠡᠵᠦ᠍᠂ ᠬᠥᠪᠴᠢ᠎ᠶ᠋ᠢᠨ ᠡᠯᠡᠰᠦ ᠳ᠋ᠤ 《ᠳᠥᠷᠪᠡᠨ ᠰᠡᠷᠭᠡᠢᠯᠡᠯᠲᠡ᠎ᠶ᠋ᠢᠨ ᠱᠤᠭᠤᠮ》 ᠢ᠋ ᠪᠠᠢᠭᠤᠯᠵᠤ᠂ ᠬᠠᠲᠤᠨ ᠭᠤᠤᠯ᠎ᠤᠨ ᠬᠣᠶᠠᠷ ᠡᠷᠭᠢ᠎ᠶ᠋ᠢᠨ ᠣᠶ ᠱᠢᠭᠤᠶ ᠨᠤᠳᠤᠭ ᠪᠡᠯᠴᠢᠭᠡᠷ᠎ᠦᠨ ᠪᠦᠰᠡ ᠵᠢ ᠪᠥᠬᠥ᠌ ᠱᠤᠭᠤᠮ᠎ᠢᠶᠠᠷ ᠨᠡᠪᠲᠡᠷᠡᠭᠦᠯᠵᠤ᠂ ᠪᠠᠳᠠᠶ᠎ᠶ᠋ᠢᠨ ᠵᠢᠷᠠᠨ᠂ ᠲᠩᠷᠢ ᠡᠯᠡᠰᠦᠨ᠎ᠦ ᠨᠡᠢᠯᠡᠬᠦ ᠎ᠶ᠋ᠢ ᠪᠦᠲᠦᠮᠵᠢᠲᠡᠶ ᠬᠣᠷᠢᠭ᠍ᠯᠠᠵᠤ᠂ ᠨᠡᠢᠲᠡ 1.23 ᠳ᠋ᠦᠩᠱᠢᠭᠤᠷ ᠮᠥ᠍ ᠠᠮᠢ ᠠᠬᠤᠶ᠎ᠶ᠋ᠢᠨ ᠪᠥᠲᠥᠭᠡᠨ ᠪᠠᠢᠭᠤᠯᠤᠯᠲᠠ᠎ᠶ᠋ᠢ ᠪᠡᠶᠡᠯᠡᠭᠦᠯᠵᠦ᠍᠂ 6688 ᠲᠦᠮᠡᠨ ᠮᠥ᠍ ᠡᠯᠡᠰᠦᠷᠬᠡᠭᠵᠢᠯ ᠢ᠋ ᠰᠡᠷᠭᠡᠢᠯᠡᠨ ᠡᠯᠡᠰᠦ ᠵᠢ ᠵᠠᠰᠠᠵᠤ᠂ ᠴᠥᠮ ᠪᠥᠬᠥ᠌ ᠤᠯᠤᠰ᠎ᠤᠨ ᠲᠡᠷᠢᠭᠦᠨ᠎ᠳᠦ ᠣᠷᠣᠪᠠ᠃ ᠬᠥᠬᠡ ᠣᠭ᠍ᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ᠎ᠶ᠋ᠢ ᠬᠠᠮᠠᠭᠠᠯᠠᠬᠤ ᠳᠠᠢᠯᠠᠯᠳᠤᠭᠠᠨ᠎ᠢ ᠭᠦᠨᠵᠡᠭᠡᠶ ᠰᠠᠢᠲᠤᠷ ᠬᠢᠵᠦ᠍᠂ ᠬᠥᠯᠥᠨ ᠨᠠᠭᠤᠷ᠎ᠤᠨ ᠲᠠᠯᠠᠪᠠᠶ 2230 ᠲᠡᠭ᠌ᠰᠢ ᠳᠥᠷᠪᠡᠯᠵᠢᠨ ᠺᠢᠯᠣᠮᠧᠲ᠋ᠷ᠂ ᠤᠯᠠᠭᠠᠨᠰᠤᠬᠠᠢ ᠵᠢᠨ ᠲᠠᠯᠠᠪᠠᠶ 290 ᠲᠡᠭ᠌ᠰᠢ ᠳᠥᠷᠪᠡᠯᠵᠢᠨ ᠺᠢᠯᠣᠮᠧᠲ᠋ᠷ᠂ ᠲᠠᠭ᠎ᠠ᠎ᠶ᠋ᠢᠨ ᠨᠠᠭᠤᠷ᠎ᠤᠨ ᠲᠠᠯᠠᠪᠠᠶ 50 ᠲᠡᠭ᠌ᠰᠢ ᠳᠥᠷᠪᠡᠯᠵᠢᠨ ᠺᠢᠯᠣᠮᠧᠲ᠋ᠷ᠎ᠡᠴᠡ ᠳᠡᠭᠡᠭ᠌ᠰᠢ ᠪᠠᠢᠬᠤ᠎ᠶ᠋ᠢ ᠪᠠᠲᠤᠯᠠᠵᠤ᠂ 《ᠬᠦᠯᠦᠨ ᠨᠠᠭᠤᠷ ᠳᠠᠭ᠎ᠠ ᠵᠢᠨ ᠨᠠᠭᠤᠷ ᠤᠯᠠᠭᠠᠨᠰᠤᠬᠠᠢ》 ᠵᠢᠴᠢ ᠴᠠᠭᠠᠨᠨᠠᠭᠤᠷ᠎ᠤᠨ ᠵᠠᠰᠠᠯᠲᠠ 《ᠨᠠᠭᠤᠷ᠎ᠢ ᠵᠠᠰᠠᠬᠤ》 ᠡᠴᠡ 《ᠰᠠᠪᠠ ᠭᠠᠵᠠᠷ᠎ᠢ ᠵᠠᠰᠠᠬᠤ》 ᠲᠡᠢᠰᠢ ᠰᠢᠯᠵᠢᠵᠠᠢ᠃ ᠪᠥᠬᠥ᠌ ᠣᠷᠣᠨ᠎ᠤ ᠱᠢᠯᠢᠳᠡᠭ ᠰᠠᠢᠨ ᠡᠳᠦᠷ᠎ᠦᠨ ᠲᠣᠭ᠎ᠠ᠎ᠶ᠋ᠢᠨ ᠬᠠᠷᠢᠴᠠᠯ᠎ᠢ 90% ᠡᠴᠡ ᠳᠡᠭᠡᠭ᠌ᠰᠢ ᠪᠠᠢᠯᠭᠠᠬᠤ᠎ᠶ᠋ᠢ ᠪᠠᠲᠤᠯᠠᠵᠤ᠂ ᠬᠠᠲᠤᠨ ᠭᠤᠤᠯ᠎ᠤᠨ ᠭᠤᠤᠯ ᠤᠷᠤᠰᠭᠠᠯ᠎ᠤᠨ ᠥᠪᠥᠷ ᠮᠣᠩᠭᠣᠯ᠎ᠳᠠᠬᠢ ᠬᠡᠰᠡᠭ᠎ᠦᠨ ᠤᠰᠤᠨ᠎ᠤ ᠴᠢᠨᠠᠷ᠎ᠢ 6 ᠵᠢᠯ ᠳᠠᠷᠠᠭᠠᠯᠠᠨⅡ ᠲᠦᠷᠦᠯ ᠳ᠋ᠦ ᠪᠠᠢᠬᠤ ᠵᠢ ᠪᠠᠲᠤᠯᠠᠵᠤ᠂ ᠪᠣᠬᠢᠷᠲᠤᠭ᠍ᠰᠠᠨ ᠲᠠᠷᠢᠶᠠᠨ ᠭᠠᠵᠠᠷ᠎ᠢ ᠠᠮᠤᠷ ᠲᠦᠪᠱᠢᠨ᠎ᠢᠶᠡᠷ ᠠᠱᠢᠭ᠍ᠯᠠᠬᠤ ᠨᠣᠷᠮ᠎ᠠ᠎ᠶ᠋ᠢ 98% ᠡᠴᠡ ᠳᠡᠭᠡᠭ᠌ᠰᠢ ᠪᠠᠢᠯᠭᠠᠬᠤ᠎ᠶ᠋ᠢ ᠪᠠᠲᠤᠯᠠᠵᠠᠢ᠃ ᠨᠢᠭᠡᠴᠢ GDP᠎ᠤ᠋ᠨ ᠡᠨᠧᠷᠭᠢ᠎ᠶ᠋ᠢᠨ ᠬᠣᠷᠣᠭ᠍ᠳᠠᠯ ᠢ᠋ ᠨᠡᠢᠲᠡ 18% ᠪᠠᠷ ᠪᠠᠭᠤᠷᠠᠭᠤᠯᠵᠤ᠂ ᠤᠯᠤᠰ ᠡᠴᠡ ᠪᠠᠭᠤᠯᠭᠠᠭ᠍ᠰᠠᠨ ᠬᠠᠷᠠᠯᠲᠠ᠎ᠶ᠋ᠢ ᠳᠠᠪᠠᠭᠤᠯᠤᠨ ᠪᠡᠶᠡᠯᠡᠭᠦᠯᠵᠦ᠍᠂ ᠪᠣᠯᠣᠳ ᠲᠡᠮᠦᠷ᠂ ᠥᠩᠭᠡᠲᠦ ᠲᠡᠮᠦᠷᠯᠢᠭ᠂ ᠬᠢᠮᠢ᠎ᠶ᠋ᠢᠨ ᠠᠵᠤ ᠦᠢᠯᠡᠳᠪᠦᠷᠢ ᠵᠡᠷᠭᠡ ᠭᠣᠣᠯᠳᠠᠯᠭ᠎ᠠ᠎ᠲᠠᠶ ᠠᠵᠢᠯ ᠲᠥᠷᠥᠯ᠎ᠦᠨ 46 ᠵᠦᠢᠯ᠎ᠦᠨ ᠦᠢᠯᠡᠳᠬᠦᠨ᠎ᠦ ᠡᠨᠧᠷᠭᠢ᠎ᠶ᠋ᠢᠨ ᠬᠣᠷᠣᠭ᠍ᠳᠠᠯ ᠢ᠋ ᠤᠯᠤᠰ᠎ᠤᠨ ᠲᠡᠷᠢᠭᠦᠨ᠎ᠦ ᠬᠡᠮᠵᠢᠭᠳᠡᠯ ᠳ᠋ᠤ ᠬᠦᠷᠭᠡᠵᠠᠢ᠃ ᠳᠥᠷᠪᠡ᠎ᠳᠦ᠂ ᠠᠷᠠᠳ᠎ᠤᠨ ᠠᠮᠢᠳᠤᠷᠠᠯ᠎ᠤᠨ ᠠᠵᠠ ᠵᠢᠷᠭᠠᠯ ᠲᠠᠰᠤᠷᠠᠯᠲᠠ ᠥᠬᠡᠶ ᠨᠡᠮᠡᠭ᠌ᠳᠡᠪᠡ᠃ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ 4 ᠲᠦᠮᠡᠨ ᠲᠥᠭᠥᠷᠢᠭ᠎ᠢ ᠳᠠᠪᠠᠵᠤ᠂ ᠪᠦᠬᠦ᠌ ᠤᠯᠤᠰ᠎ᠲᠤ ᠶᠢᠰᠦᠳᠦᠭᠡᠷ᠎ᠲᠦ ᠣᠷᠣᠪᠠ᠃ ᠰᠤᠷᠭᠠᠭᠤᠯᠢ ᠵᠢᠨ ᠨᠠᠰᠤᠨ ᠡᠴᠡ ᠡᠮᠦᠨᠡᠬᠢ ᠰᠤᠷᠭᠠᠨ ᠬᠥᠮᠦᠵᠢᠯ᠎ᠦᠨ ᠴᠡᠴᠡᠷᠯᠢᠭ᠎ᠲᠦ ᠤᠷᠤᠭ᠍ᠰᠠᠨ ᠪᠤᠷᠤ ᠨᠤᠷᠮ᠎ᠠ᠂ ᠶᠢᠰᠦᠨ ᠵᠢᠯ᠎ᠦᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠢ ᠪᠡᠬᠢᠵᠢᠭᠦᠯᠦᠭ᠌ᠰᠡᠨ ᠨᠤᠷᠮ᠎ᠠ᠂ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠱᠠᠲᠤᠨ᠎ᠤ ᠰᠤᠷᠭᠠᠭᠤᠯᠢ᠎ᠳᠤ ᠤᠷᠤᠭ᠍ᠰᠠᠨ ᠪᠤᠷᠤ ᠨᠤᠷᠮ᠎ᠠ ᠴᠥᠮ ᠪᠦᠬᠦ᠌ ᠤᠯᠤᠰ᠎ᠤᠨ ᠲᠦᠪᠱᠢᠨ᠎ᠡᠴᠡ ᠥᠨᠳᠥᠷ ᠪᠣᠯᠪᠠ᠃ ᠬᠣᠲᠠ ᠬᠥᠳᠡᠭᠡ᠎ᠶ᠋ᠢᠨ ᠨᠠᠭᠠᠳᠤ ᠵᠠᠬ᠎ᠠ᠎ᠶ᠋ᠢᠨ ᠠᠮᠢᠳᠤᠷᠠᠯ᠎ᠤᠨ ᠪᠠᠲᠤᠯᠠᠭ᠎ᠠ᠎ᠶ᠋ᠢᠨ ᠪᠠᠷᠢᠮᠵᠢᠶ᠎ᠠ ᠵᠢ ᠰᠠᠷ᠎ᠠ ᠪᠦᠷᠢ 815 ᠲᠥᠭᠥᠷᠢᠭ ᠪᠠ 615 ᠲᠥᠭᠥᠷᠢᠭ ᠪᠤᠯᠤᠨ ᠳᠡᠭᠡᠭ᠌ᠰᠢᠯᠡᠭᠦᠯᠵᠦ᠍᠂ 《ᠠᠷᠪᠠᠨ ᠭᠤᠷᠪᠠᠳᠤᠭᠠᠷ ᠲᠠᠪᠤᠨ ᠵᠢᠯ》 ᠤ᠋ᠨ ᠰᠡᠭᠦᠯᠴᠢ᠎ᠶ᠋ᠢᠨ᠎ᠬᠢ᠎ᠡᠴᠡ ᠲᠣᠰ ᠲᠣᠰ 16.4% ᠪᠠ 32.3% ᠪᠠᠷ ᠳᠡᠭᠡᠭ᠌ᠰᠢᠯᠡᠪᠡ᠃ ᠲᠠᠪᠤ᠎ᠳᠤ᠂ ᠦᠨᠳᠦᠰᠦᠲᠡᠨ᠎ᠦ ᠪᠦᠯᠬᠦᠮᠳᠡᠯ᠎ᠦᠨ ᠪᠠᠢᠳᠠᠯ ᠦᠷᠭᠦᠯᠵᠢᠯᠡᠨ ᠪᠡᠬᠢᠵᠢᠪᠡ᠃ ᠥᠪᠥᠷ ᠮᠣᠩᠭᠣᠯ ᠪᠣᠯ ᠮᠠᠨ᠎ᠤ ᠤᠯᠤᠰ᠎ᠤᠨ  ᠬᠠᠮᠤᠭ᠎ᠤᠨ ᠡᠷᠲᠡ ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ᠎ᠢ ᠪᠠᠢᠭᠤᠯᠤᠭ᠍ᠰᠠᠨ ᠭᠠᠵᠠᠷ ᠣᠷᠣᠨ ᠪᠣᠯᠤᠨ᠎ᠠ᠂ ᠪᠢᠳᠡ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠶ᠋ᠢ ᠦᠨᠳᠦᠰᠦᠲᠡᠨ᠎ᠦ ᠭᠠᠵᠠᠷ ᠣᠷᠣᠨ᠎ᠤ ᠡᠯ᠎ᠡ ᠵᠦᠶ᠋ᠯ᠎ᠦᠨ ᠠᠵᠢᠯ᠎ᠤᠨ ᠭᠤᠤᠯ ᠱᠢᠵᠢᠮ ᠪᠣᠯᠭᠠᠵᠤ᠂ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ 65 ᠨᠡᠢᠲᠡᠯᠢᠭ ᠵᠢᠱ᠌ᠢᠶ᠎ᠡ᠎ᠶ᠋ᠢ ᠠᠮᠵᠢᠯᠲᠠ ᠲᠠᠶ ᠡᠭᠦᠳᠦᠨ ᠪᠠᠢᠭᠤᠯᠵᠤ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠥᠰᠥᠭ ᠪᠢᠴᠢᠭ᠎ᠢ ᠪᠥᠬᠥ᠌ ᠲᠠᠯ᠎ᠠ᠎ᠪᠠᠷ ᠳᠡᠯᠭᠡᠷᠡᠭᠦᠯᠦᠨ ᠲᠦᠭᠡᠮᠡᠯᠵᠢᠭᠦᠯᠵᠦ᠍᠂ ᠤᠯᠤᠰ᠎ᠤᠨ ᠨᠢᠭᠡᠳᠦᠯᠲᠡᠶ ᠨᠠᠢᠷᠠᠭᠤᠯᠤᠭ᠍ᠰᠠᠨ ᠵᠢᠭᠠᠬᠤ ᠮᠠᠲ᠋ᠧᠷᠢᠶᠠᠯ᠎ᠢ ᠪᠥᠬᠥ᠌ ᠲᠠᠯ᠎ᠠ᠎ᠪᠠᠷ ᠳᠡᠯᠭᠡᠷᠡᠭᠦᠯᠦᠨ ᠬᠡᠷᠡᠭ᠌ᠯᠡᠵᠦ᠍᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠨᠠᠩ ᠨᠢᠭ᠍ᠲᠠᠷᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠬᠥᠮᠦᠰ᠎ᠦᠨ ᠰᠡᠳᠭᠢᠯ᠎ᠳᠦ ᠨᠠᠩ ᠬᠠᠳᠠᠩᠱᠢᠭᠤᠯᠪᠠ᠃

《ᠠᠷᠪᠡᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭ᠎ᠠ ᠪᠣᠯ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠬᠦ᠂ ᠱᠢᠨ᠎ᠡ ᠵᠠᠮ᠎ᠢ ᠲᠦᠷᠭᠡᠨ ᠨᠡᠭᠡᠭᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠃ ᠮᠠᠨ᠎ᠤ ᠣᠷᠣᠨ᠎ᠤ ᠪᠠᠢᠯᠳᠤᠬᠤ ᠪᠣᠳᠣᠯᠭ᠎ᠠ᠎ᠶ᠋ᠢᠨ ᠪᠠᠢᠷᠢ ᠰᠠᠭᠤᠷᠢ ᠴᠢᠬᠤᠯᠠ᠂ ᠡᠬᠢ ᠪᠠᠶᠠᠯᠢᠭ ᠡᠯᠪᠡᠭ᠂ ᠰᠣᠶᠣᠯ ᠤᠯᠠᠨ ᠶᠠᠨᠭᠵᠤ᠂ ᠬᠥᠭ᠌ᠵᠢᠯᠲᠡ᠎ᠶ᠋ᠢᠨ ᠳᠠᠯᠳᠠ ᠬᠦᠴᠦᠨ ᠯᠤᠲᠤ ᠶᠡᠬᠡ ᠪᠠᠢᠵᠤ᠂ ᠥᠷᠭᠡᠨ ᠣᠯᠠᠨ ᠺᠠᠳ᠋ᠷ ᠣᠯᠠᠨ ᠲᠦᠮᠡᠨ᠎ᠦ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠬᠤ᠂ ᠪᠦᠯᠬᠦᠮᠳᠡᠨ ᠲᠡᠮᠡᠴᠡᠬᠦ᠌ ᠡᠷᠴᠢ ᠵᠣᠷᠢᠭ ᠲᠡᠭᠦᠯᠳᠡᠷ ᠪᠠᠢᠵᠤ᠂ ᠪᠢᠳᠡᠨ᠎ᠳᠦ ᠨᠠᠩ ᠰᠠᠢᠨ ᠨᠠᠩ ᠲᠦᠷᠭᠡᠨ ᠬᠥᠭ᠌ᠵᠢᠬᠦ᠌᠂ ᠡᠬᠡ ᠤᠯᠤᠰ᠎ᠤᠨ ᠤᠮᠠᠷᠠᠲᠤ᠎ᠶ᠋ᠢᠨ ᠦᠵᠡᠮᠵᠢ᠎ᠶ᠋ᠢᠨ ᠣᠷᠣᠨ᠎ᠢᠶᠠᠨ ᠨᠠᠩ ᠦᠵᠡᠰᠭᠦᠯᠡᠩᠲᠦ ᠰᠠᠢᠬᠠᠨ ᠪᠣᠯᠭᠠᠨ ᠪᠥᠲᠥᠭᠡᠨ ᠪᠠᠢᠭᠤᠯᠬᠤ ᠢᠳᠡᠭᠡᠯ ᠵᠤᠷᠢᠭ ᠪᠤᠯᠤᠨ ᠴᠢᠳᠠᠪᠤᠷᠢ ᠬᠦᠢᠴᠡᠳ ᠪᠠᠢᠨ᠎ᠠ᠃


QQ截图20260207120745.png


ᠠᠬᠤᠢ ᠲᠠᠯᠠᠪᠠᠢ ᠵᠢ ᠰᠡᠬᠦᠳᠡᠷᠯᠡᠨ᠎ᠠ

ᠰᠤᠷᠪᠤᠯᠵᠢᠯᠠᠬᠴᠢ ᠮᠦᠩᠬᠡᠴᠢᠯᠠᠭᠤ  ᠰᠡᠬᠦᠳᠡᠷᠯᠡᠪᠡ


ᠠᠵᠤ ᠠᠬᠤᠶ᠎ᠶ᠋ᠢᠨ ᠡᠳᠦᠷ᠎ᠦᠨ ᠰᠣᠨᠢᠨ᠎ᠤ ᠰᠤᠷᠪᠤᠯᠵᠢᠯᠠᠭ᠍ᠴᠢ᠄ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠨᠢ ᠠᠵᠤ ᠠᠬᠤᠢᠯᠠᠯ᠎ᠤᠨ ᠣᠷᠣᠱᠢᠨ ᠲᠣᠭ᠍ᠲᠠᠨᠢᠵᠤ ᠬᠥᠭ᠌ᠵᠢᠬᠦ᠌᠎ᠳᠦ ᠲᠤᠢᠯ᠎ᠤᠨ ᠴᠢᠬᠤᠯᠠ ᠶᠤᠮ᠂ ᠥᠪᠥᠷ ᠮᠣᠩᠭᠣᠯ᠎ᠡᠨᠡ ᠵᠢᠯ ᠪᠠᠰᠠ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠎ᠪᠡᠷ ᠳᠤᠷᠠᠳᠤᠭ᠍ᠰᠠᠨ᠎ᠢ ᠪᠢᠳᠠ ᠣᠯᠵᠤ ᠬᠠᠷᠠᠯ᠎ᠠ᠂ ᠲᠠᠷᠠᠭᠠᠴᠢ᠎ᠶ᠋ᠢᠨ ᠠᠯᠬᠤᠮ᠎ᠳᠤ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ᠌ ᠵᠠᠬ᠎ᠠ ᠳᠡᠯᠭᠡᠭᠦᠷᠴᠢᠯᠡᠭ᠌ᠰᠡᠨ ᠬᠠᠤᠯᠢᠵᠢᠭ᠍ᠰᠠᠨ ᠳᠡᠯᠡᠬᠡᠢᠵᠢᠭ᠌ᠰᠡᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠣᠶ ᠪᠣᠯᠭᠠᠵᠤ᠂ ᠠᠵᠤ ᠠᠬᠤᠢᠯᠠᠯ᠎ᠤᠨ ᠥᠪᠥᠷ ᠮᠣᠩᠭᠣᠯ᠎ᠳᠤ ᠪᠠᠯᠠ ᠣᠷᠣᠭᠤᠯᠤᠯᠲᠠ ᠬᠢᠬᠦ ᠳ᠋ᠦ ᠨᠠᠩ ᠶᠡᠬᠡ ᠠᠱᠢᠭ ᠬᠦᠷᠳᠡᠭᠡᠬᠦ ᠪᠣᠶ?

ᠬᠥᠩ ᠮᠢᠩ ᠵᠦ᠍ ᠲᠥᠯᠥᠭᠡᠯᠡᠭ᠌ᠴᠢ᠄ ᠵᠠᠭᠤᠴᠢᠯᠠᠭᠤᠷ᠎ᠤᠨ ᠨᠠᠢᠵᠠ᠎ᠨᠠᠷ ᠡ᠂ ᠥᠪᠥᠷ ᠮᠣᠩᠭᠣᠯ᠎ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠠᠵᠢᠯ᠎ᠤᠨ ᠲᠤᠬᠠᠶ ᠲᠠ ᠣᠯᠠᠨ᠎ᠤ ᠠᠩᠬᠠᠷᠤᠯ ᠲᠠᠯᠪᠢᠵᠤ ᠪᠠᠢᠭ᠎ᠠ ᠳ᠋ᠤ ᠲᠠᠯᠠᠷᠬᠠᠵᠤ ᠪᠠᠢᠨ᠎ᠠ᠃

ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠪᠣᠯ ᠠᠵᠤ ᠠᠬᠤᠢᠯᠠᠯ᠎ᠤᠨ ᠣᠷᠣᠱᠢᠨ ᠲᠣᠭ᠍ᠲᠠᠨᠢᠵᠤ ᠬᠥᠭ᠌ᠵᠢᠬᠦ᠌ ᠬᠥᠷᠥᠰᠥ᠍ ᠱᠢᠷᠣᠶ ᠮᠥᠨ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠢᠮᠠᠭ᠍ᠲᠠ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠬᠦ᠌᠎ᠶ᠋ᠢ 《ᠠᠮᠢᠨ ᠰᠤᠳᠠᠰᠤ ᠵᠢᠨ ᠢᠨᠵᠧᠨᠧᠷᠢᠩ》 ᠪᠣᠯᠭᠠᠵᠤ᠂ 《1571》 ᠠᠵᠢᠯ᠎ᠤᠨ ᠪᠠᠢᠷᠢᠯᠠᠭᠤᠯᠤᠯᠲᠠ᠎ᠳᠠᠭᠠᠨ ᠥᠭᠡᠷᠡᠴᠢᠯᠡᠯᠲᠡ ᠬᠢᠵᠦ ᠪᠣᠭᠣᠮᠲᠠ ᠱᠢᠪᠲᠤᠯᠬᠤ ᠦᠷᠭᠦᠯᠵᠢᠯᠡᠨ ᠭᠦᠨᠵᠡᠭᠡᠢᠷᠡᠭᠦᠯᠬᠦ ᠵᠢ ᠲᠣᠳᠣᠷᠬᠠᠶ ᠳᠤᠷᠠᠳᠴᠤ᠌᠂ 2026 ᠣᠨ᠎ᠢ ᠪᠥᠬᠥ᠌ ᠣᠷᠣᠨ᠎ᠤ 《ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠦᠨ ᠶᠠᠰᠤ ᠴᠢᠨᠠᠷ᠎ᠢ ᠳᠡᠭᠡᠭ᠌ᠰᠢᠯᠡᠭᠦᠯᠬᠦ᠌ ᠣᠨ》 ᠵᠢᠡᠷ ᠲᠣᠭ᠍ᠲᠠᠭᠠᠪᠠ᠃ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ ᠳ᠋ᠤ ᠶᠡᠬᠡ ᠵᠣᠭᠣᠰ ᠵᠠᠷᠤᠴᠠᠭᠤᠯᠬᠤ ᠴᠢᠬᠤᠯᠠ ᠦᠭᠡᠢ᠂ ᠭᠡᠪᠡᠴᠦ᠍ ᠰᠠᠢᠨ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ ᠶᠡᠬᠡ ᠵᠣᠭᠣᠰ ᠬᠦᠷᠦᠨ᠎ᠡ᠃ ᠪᠢᠳᠡ ᠵᠠᠬ᠎ᠠ ᠳᠡᠯᠭᠡᠭᠦᠷᠴᠢᠯᠡᠬᠦ᠌᠂ ᠬᠠᠤᠯᠢᠵᠢᠭᠤᠯᠬᠤ᠂ ᠳᠡᠯᠡᠬᠡᠢᠵᠢᠭᠦᠯᠬᠦ᠌ ᠭᠤᠷᠪᠠᠨ ᠲᠠᠯ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 《ᠰᠡᠷᠡᠭ᠌ᠳᠡᠯ ᠥᠬᠡᠶ ᠬᠢᠨᠠᠨ ᠬᠡᠮᠵᠢᠬᠦ᠌》 ᠪᠠᠷ ᠵᠢᠯᠣᠭᠣᠳᠤᠮᠵᠢ ᠪᠣᠯᠭᠠᠵᠤ᠂ 《ᠭᠤᠷᠪᠠᠨ ᠶᠡᠬᠡ ᠪᠤᠭᠤᠮᠳᠠ ᠰᠢᠪᠳᠤᠯᠬᠤ ᠠᠵᠢᠯᠯᠠᠭ᠎ᠠ》 ᠶ᠋ᠢ ᠭᠤᠤᠯᠳᠠᠯᠭ᠎ᠠ᠎ᠲᠠᠶ ᠬᠡᠷᠡᠭ᠌ᠵᠢᠭᠦᠯᠵᠦ᠍᠂ ᠠᠵᠤ ᠠᠬᠤᠢᠯᠠᠯ᠎ᠤᠨ ᠥᠪᠥᠷ ᠮᠣᠩᠭᠣᠯ᠎ᠳᠠᠬᠢ ᠪᠠᠯᠠ ᠣᠷᠣᠭᠤᠯᠤᠯᠲᠠ᠎ᠳᠤ ᠨᠠᠩ ᠶᠡᠬᠡ ᠠᠱᠢᠭ ᠬᠦᠷᠲᠡᠭᠡᠵᠦ᠍᠂ ᠬᠥᠭ᠌ᠵᠢᠯᠲᠡ᠎ᠶ᠋ᠢ ᠨᠠᠩ ᠶᠡᠬᠡ ᠣᠷᠣᠨ ᠵᠠᠶ᠎ᠲᠠᠶ ᠪᠣᠯᠭᠠᠨ᠎ᠠ᠃

ᠨᠢᠭᠡᠳᠦᠭᠡᠷ᠎ᠲᠦ᠂ ᠲᠦᠷᠦ᠍᠎ᠶ᠋ᠢᠨ ᠪᠤᠳᠤᠯᠭ᠎ᠠ᠎ᠶ᠋ᠢᠨ ᠬᠠᠩᠭᠠᠯᠭ᠎ᠠ᠎ᠶ᠋ᠢᠨ ᠦᠷ᠎ᠡ ᠠᠱᠢᠭ᠎ᠢ ᠨᠡᠮᠡᠭ᠌ᠳᠡᠭᠦᠯᠬᠦ᠌ ᠪᠤᠭᠤᠮᠳᠠ ᠰᠢᠪᠳᠤᠯᠬᠤ ᠵᠢ ᠬᠡᠷᠡᠭ᠌ᠵᠢᠭᠦᠯᠵᠦ᠍᠂ ᠠᠱᠢᠭ᠎ᠢ ᠨᠡᠩ ᠨᠠᠷᠢᠯᠢᠭ ᠣᠨᠣᠴᠠᠲᠠᠢ ᠪᠠᠳᠠᠷᠠᠭᠤᠯᠤᠨ᠎ᠠ᠃ ᠪᠢᠳᠡ ᠥᠩᠭᠡᠷᠡᠭ᠌ᠰᠡᠨ᠎ᠦ 《ᠨᠠᠯᠤᠢᠲᠠᠯ᠎ᠠ ᠤᠰᠤᠯᠠᠬᠤ》 ᠮᠠᠶᠢᠭ᠎ᠤᠨ ᠲᠥᠷᠥ᠎ᠶ᠋ᠢᠨ ᠪᠣᠳᠣᠯᠭ᠎ᠠ᠎ᠶ᠋ᠢ ᠤᠬᠠᠭᠤᠯᠤᠨ ᠲᠤᠭᠤᠱᠢᠯᠠᠭᠤᠯᠬᠤ ᠵᠠᠭ᠍ᠪᠤᠷ᠎ᠢ ᠬᠤᠪᠢᠷᠠᠭᠤᠯᠵᠤ᠂ 《ᠣᠨᠣᠴᠠᠲᠠᠶ᠎ᠪᠠᠷ ᠳᠤᠰᠤᠯᠭᠠᠨ ᠤᠰᠤᠯᠠᠬᠤ》 ᠮᠠᠶᠢᠭ᠎ᠤᠨ ᠲᠥᠷᠥ᠎ᠶ᠋ᠢᠨ ᠪᠣᠳᠣᠯᠭ᠎ᠠ᠎ᠶ᠋ᠢᠨ ᠬᠠᠩᠭᠠᠯᠭ᠎ᠠ ᠳᠠᠢᠰᠢ ᠱᠢᠯᠵᠢᠭᠦᠯᠦᠨ᠎ᠡ᠃ ᠱᠢᠨ᠎ᠡ ᠡᠨᠧᠷᠭᠢ᠂ ᠱᠢᠨ᠎ᠡ ᠮᠠᠲ᠋ᠧᠷᠢᠶᠠᠯ᠂ ᠣᠲᠣ ᠦᠶ᠎ᠡ᠎ᠶ᠋ᠢᠨ ᠲᠣᠨᠣᠭᠯᠠᠯ ᠦᠶ᠋ᠯᠡᠳᠬᠦ᠌ ᠵᠡᠷᠭᠡ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠬᠡᠯᠬᠢᠶ᠎ᠡ᠎ᠶ᠋ᠢᠨ ᠲᠣᠭᠣᠷᠢᠨ᠎ᠳᠤ᠂ ᠡᠯ᠎ᠡ ᠠᠵᠤ ᠦᠶ᠋ᠯᠡᠰ᠎ᠦᠨ ᠬᠡᠯᠬᠢᠶ᠎ᠡ᠎ᠶ᠋ᠢᠨ ᠲᠦᠷᠦᠭᠦᠯᠡᠨ ᠬᠢᠬᠦ᠌ ᠰᠠᠯᠠᠭ᠎ᠠ ᠮᠥᠴᠢᠷ᠎ᠡᠴᠡ ᠢᠵᠢ ᠪᠥᠷᠢᠳᠦᠭᠦᠯᠦᠨ ᠳᠡᠮᠵᠢᠬᠦ᠌ ᠲᠥᠷᠥ᠎ᠶ᠋ᠢᠨ ᠪᠣᠳᠣᠯᠭ᠎ᠠ᠎ᠶ᠋ᠢ ᠬᠡᠯᠬᠢᠶ᠎ᠡ ᠳᠠᠷᠠᠭᠠᠯᠠᠨ ᠡᠮᠬᠢᠯᠡᠵᠦ᠍ ᠲᠡᠭᠦᠯᠳᠡᠷᠵᠢᠭᠦᠯᠦᠨ᠂ ᠭᠤᠶᠤᠴᠢᠯᠠᠨ ᠮᠡᠳᠡᠭᠦᠯᠬᠦ᠌ ᠨᠥᠬᠥᠴᠡᠯ᠎ᠢ ᠨᠠᠷᠢᠯᠢᠭ᠍ᠵᠢᠭᠤᠯᠵᠤ᠂ ᠪᠡᠶᠡᠯᠡᠭᠦᠯᠬᠦ᠌ ᠴᠤᠪᠤᠷᠠᠯ᠎ᠢ ᠱᠢᠯᠢᠳᠡᠭ᠌ᠵᠢᠭᠦᠯᠦᠨ᠂ 《ᠨᠢᠭᠡ ᠬᠡᠯᠬᠢᠶ᠎ᠡ ᠳ᠋ᠤ ᠨᠢᠭᠡ ᠲᠥᠷᠥ᠎ᠶ᠋ᠢᠨ ᠪᠣᠳᠣᠯᠭ᠎ᠠ ᠭᠡᠷᠡᠭᠵᠢᠬᠦᠯᠬᠦ》 ᠰᠢᠷᠢᠰ ᠲᠥᠷᠥ᠎ᠶ᠋ᠢᠨ ᠪᠣᠳᠣᠯᠭ᠎ᠠ ᠪᠦᠷᠢᠯᠳᠦᠬᠦ᠌᠎ᠶ᠋ᠢ ᠠᠬᠢᠭᠤᠯᠤᠨ᠎ᠠ᠃ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠌ ᠬᠦᠷᠢᠶ᠎ᠡ ᠴᠠᠷᠠᠭ᠎ᠠ᠎ᠳᠤ᠂ ᠤᠯᠤᠰ᠎ᠤᠨ ᠠᠩᠬᠠᠳᠠᠭ᠍ᠴᠢ ᠰᠠᠭᠤᠷᠢ (ᠢᠵᠢ) ᠴᠢᠬᠤᠯᠠ ᠶᠡᠬᠡ ᠮᠡᠷᠭᠡᠵᠢᠯ᠎ᠦᠨ ᠲᠣᠨᠣᠭ ᠲᠥᠬᠥᠭᠡᠷᠦᠮᠵᠢ᠎ᠶ᠋ᠢᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ᠌᠎ᠳᠦ ᠣᠷᠣᠯᠴᠠᠬᠤ᠎ᠶ᠋ᠢ ᠵᠠᠬ᠎ᠠ ᠳᠡᠯᠭᠡᠭᠦᠷ᠎ᠦᠨ ᠡᠵᠡᠯᠡᠬᠦ᠌ ᠨᠣᠷᠮ᠎ᠠ᠂ ᠬᠡᠷᠡᠭ᠌ᠯᠡᠭ᠌ᠰᠡᠨ ᠠᠵᠢᠯ᠎ᠤᠨ ᠠᠮᠵᠢᠯᠲᠠ ᠪᠦᠲᠦᠮᠵᠢ ᠵᠡᠷᠭᠡ ᠱᠠᠭᠠᠷᠳᠠᠯᠭ᠎ᠠ᠎ᠶ᠋ᠢ ᠬᠠᠩᠭᠠᠭ᠍ᠰᠠᠨ᠎ᠢᠶᠠᠷ ᠦᠵᠡᠬᠦ᠌ ᠲᠥᠷᠥ᠎ᠶ᠋ᠢᠨ ᠪᠣᠳᠣᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠠᠵᠤ ᠠᠬᠤᠢᠯᠠᠯ᠎ᠨᠢ ᠳᠠᠬᠢᠨ ᠳᠠᠪᠲᠠᠨ ᠭᠡᠷᠡᠴᠢ ᠲᠤᠱᠢᠶᠠᠬᠤ ᠥᠬᠡᠶ᠎ᠪᠡᠷ ᠳᠠᠭᠠᠭᠠᠴᠢᠯᠠᠯᠲᠠ ᠬᠦᠯᠢᠶᠡᠬᠦ᠌᠎ᠳᠦ ᠣᠷᠣᠯᠴᠠᠵᠤ ᠪᠣᠯᠤᠨ᠎ᠠ᠃ 《ᠪᠢᠴᠢᠯ ᠥᠭᠡᠷᠡᠴᠢᠯᠡᠯᠲᠡ》᠎ᠶ᠋ᠢᠨ ᠲᠤᠰᠭᠠᠶ ᠠᠵᠢᠯᠯᠠᠭ᠎ᠠ᠎ᠶ᠋ᠢ ᠪᠠᠢᠩᠭᠤᠵᠢᠭᠤᠯᠤᠨ ᠥᠷᠨᠢᠭᠦᠯᠵᠦ᠍᠂ 《ᠮᠸᠩ ᠴᠢ ᠲᠦᠩ》 ᠲᠠᠪᠴᠠᠩ᠎ᠳᠤ ᠲᠦᠱᠢᠭ᠌ᠯᠡᠨ ᠤᠯᠠᠷᠢᠯ ᠪᠦᠷᠢ 《ᠵᠢᠵᠢᠭ ᠰᠠᠵᠢᠭ ᠵᠦᠶ᠋ᠯ》 ᠡᠴᠡ ᠭᠠᠷᠳᠠᠵᠤ ᠨᠢᠭᠡ ᠪᠦᠯᠦᠭ ᠵᠦᠶ᠋ᠯᠡᠰ᠎ᠦᠨ ᠨᠠᠷᠢᠨ ᠲᠠᠨᠭᠰᠠ ᠵᠢ ᠡᠯᠰᠡᠨ ᠨᠡᠢᠲᠡᠯᠡᠵᠦ᠍᠂ ᠲᠥᠷᠥ᠎ᠶ᠋ᠢᠨ ᠪᠣᠳᠣᠯᠭ᠎ᠠ᠎ᠶ᠋ᠢ ᠬᠡᠶ ᠬᠣᠭᠣᠰᠣᠨ ᠪᠣᠯᠭᠠᠬᠤ ᠥᠬᠡᠶ᠂ ᠬᠡᠯᠪᠡᠷᠢ᠎ᠵᠢ ᠨᠢ ᠥᠭᠡᠷᠡᠲᠦᠭᠦᠯᠬᠦ᠌ ᠥᠬᠡᠶ᠂ ᠬᠤᠪᠢᠷᠠᠭᠤᠯᠬᠤ ᠥᠬᠡᠶ ᠪᠠᠢᠬᠤ᠎ᠶ᠋ᠢ ᠦᠨᠡᠨ ᠬᠦ᠌ ᠪᠠᠲᠤᠯᠠᠨ᠎ᠠ᠃

ᠬᠣᠶᠠᠳᠤᠭᠠᠷ᠎ᠲᠤ᠂ ᠠᠵᠤ ᠠᠬᠤᠢᠯᠠᠯ᠎ᠳᠤ ᠬᠣᠯᠪᠣᠭ᠍ᠳᠠᠭ᠍ᠰᠠᠨ ᠪᠠᠢᠴᠠᠭᠠᠯᠲᠠ ᠵᠢ ᠵᠢᠷᠤᠮᠵᠢᠭᠤᠯᠬᠤ ᠪᠤᠭᠤᠮᠳᠠ ᠰᠢᠪᠳᠤᠯᠤᠯᠳᠠ ᠵᠢ ᠭᠡᠷᠡᠭᠵᠢᠬᠦᠯᠵᠤ᠂ ᠬᠢᠨᠠᠯᠲᠠ ᠬᠠᠮᠢᠶᠠᠷᠤᠯᠲᠠ ᠦᠢᠯᠡᠴᠢᠯᠡᠭᠡ᠎ᠶ᠋ᠢ ᠨᠡᠩ ᠬᠠᠯᠠᠭᠤᠨ ᠳᠤᠯᠠᠭᠠᠨ ᠪᠣᠯᠭᠠᠨ᠎ᠠ᠃ 《ᠺᠣᠳ᠋ ᠱᠢᠷᠪᠢᠵᠦ᠍ ᠠᠵᠤ ᠠᠬᠤᠢᠯᠠᠯ᠎ᠳᠤ ᠣᠷᠣᠭᠤᠯᠬᠤ + ᠨᠢᠭᠡ ᠤᠳᠠᠭ᠎ᠠ ᠶᠡᠷᠦᠩᠬᠡᠢᠯᠡᠨ ᠪᠠᠢᠴᠠᠭᠠᠬᠤ + ᠲᠤᠬᠠᠶ᠎ᠶ᠋ᠢᠨ ᠲᠠᠯᠠᠪᠠᠶ᠎ᠶ᠋ᠢᠨ ᠪᠤᠰᠤ ᠬᠢᠨᠠᠯᠲᠠ ᠬᠠᠮᠢᠶᠠᠷᠤᠯᠲᠠ》 ᠭᠤᠷᠮᠤᠰᠤᠨ ᠴᠣᠭ᠍ᠴᠠ᠎ᠶ᠋ᠢᠨ ᠵᠠᠭ᠍ᠪᠤᠷ᠎ᠢ ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍᠂ 《ᠺᠣᠳ᠋ ᠥᠬᠡᠶ ᠪᠣᠯ ᠪᠠᠢᠴᠠᠭᠠᠬᠤ ᠥᠬᠡᠶ᠂ ᠪᠠᠢᠴᠠᠭᠠᠬᠤ᠎ᠳᠤ ᠵᠠᠪᠠᠯ ᠺᠣᠳ᠋᠎ᠢᠶᠠᠨ ᠢᠯᠡ ᠦᠵᠡᠭᠦᠯᠬᠦ᠌》 ᠶ᠋ᠢ ᠪᠡᠶᠡᠯᠡᠭᠦᠯᠦᠨ᠎ᠡ᠃ ᠪᠥᠬᠥ᠌ ᠣᠷᠣᠨ᠎ᠤ ᠪᠠᠢᠴᠠᠭᠠᠬᠤ ᠵᠦᠶ᠋ᠯᠡᠰ ᠨᠢ ᠣᠯᠠᠨ ᠬᠠᠮᠲᠤᠷᠠᠭ᠍ᠰᠠᠨ ᠠᠬᠤᠶ ᠲᠠᠯᠠᠪᠠᠶ ᠪᠠᠢᠬᠤ ᠵᠢ ᠨᠡᠢᠳᠭᠡᠵᠦ᠂ ᠠᠳᠠᠯᠢ ᠨᠢᠭᠡᠨ ᠠᠵᠤ ᠠᠬᠤᠢᠯᠠᠯ᠎ᠤᠨ ᠣᠨ᠎ᠤ ᠲᠤᠬᠠᠶ᠎ᠶ᠋ᠢᠨ ᠲᠠᠯᠠᠪᠠᠶ᠎ᠶ᠋ᠢᠨ ᠪᠠᠢᠴᠠᠭᠠᠯᠲᠠ᠎ᠶ᠋ᠢᠨ ᠳᠠᠪᠲᠠᠮᠵᠢ ᠤᠳᠠᠭ᠎ᠠ᠎ᠵᠢ ᠬᠠᠮᠤᠭ᠎ᠤᠨ ᠳᠤᠤᠷ᠎ᠠ ᠬᠡᠮᠵᠢᠶᠡᠨ᠎ᠳᠦ ᠬᠦᠷᠭᠡᠨ᠎ᠠ᠃ ᠬᠠᠤᠯᠢ᠎ᠡᠴᠡ ᠵᠥᠷᠢᠴᠡᠭ᠌ᠰᠡᠨ ᠬᠥᠩᠭᠡᠪᠲᠦᠷ ᠠᠵᠢᠯᠯᠠᠭ᠎ᠠ᠎ᠳᠤ ᠬᠠᠤᠯᠢ ᠶᠣᠰᠣᠭᠠᠷ ᠵᠠᠰᠠᠭ ᠵᠠᠬᠢᠷᠭᠠᠨ᠎ᠤ ᠱᠢᠢᠳᠭᠡᠯ ᠥᠭ᠌ᠬᠦ ᠦᠭᠡᠢ ᠵᠦᠢᠯᠡᠰ᠎ᠢ ᠥᠷᠭᠡᠳᠭᠡᠵᠦ᠍᠂ ᠬᠠᠤᠯᠢ ᠬᠡᠷᠡᠭ᠌ᠵᠢᠭᠦᠯᠬᠦ᠌ ᠡᠷᠴᠢᠮ᠎ᠢ ᠨᠡᠩ ᠢᠯᠡᠭᠦᠦ ᠳᠤᠯᠠᠭᠠᠴᠠ ᠲᠠᠢ ᠪᠤᠯᠭᠠᠵᠤ᠂ ᠤᠴᠢᠷ ᠦᠭᠡᠢ ᠪᠣᠯ ᠬᠠᠷᠱᠢᠯᠠᠬᠤ ᠦᠭᠡᠢ᠂ ᠭᠡᠷᠡᠭᠴᠡᠭᠡ ᠱᠠᠭᠠᠷᠳᠠᠯᠭ᠎ᠠ ᠪᠠᠢᠪᠠᠯ ᠵᠠᠪᠠᠯ ᠬᠠᠷᠢᠭᠤ ᠲᠤᠰᠬᠠᠬᠤ᠎ᠶ᠋ᠢ ᠦᠨᠡᠨ ᠬᠦ᠌ ᠪᠡᠶᠡᠯᠡᠭᠦᠯᠦᠨ᠎ᠡ᠃

ᠭᠤᠷᠪᠠᠳᠤᠭᠠᠷ᠎ᠲᠤ᠂ ᠠᠵᠤ ᠦᠢᠯᠡᠰ᠎ᠦᠨ ᠣᠷᠴᠢᠨ ᠨᠥᠬᠥᠴᠡᠯ᠎ᠳ᠋ᠤ ᠤᠨᠣᠴᠠᠲᠠᠢ᠎ᠪᠠᠷ ᠪᠤᠭᠤᠮᠳᠠ ᠰᠢᠪᠳᠤᠯᠬᠤ᠎ᠵᠢ ᠬᠡᠷᠡᠭ᠌ᠵᠢᠭᠦᠯᠵᠦ᠍᠂ ᠡᠯᠧᠮᠧᠨ᠋ᠲ᠎ᠦᠨ ᠪᠠᠲᠤᠯᠠᠭ᠎ᠠ᠎ᠶ᠋ᠢ ᠨᠡᠩ ᠪᠣᠳᠠᠲᠠᠢ ᠨᠠᠢᠳᠠᠪᠤᠷᠢᠵᠢᠭᠤᠯᠤᠨ᠎ᠠ᠃ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠬᠡᠯᠬᠢᠶ᠎ᠡ᠎ᠶ᠋ᠢᠨ ᠲᠣᠭᠣᠷᠢᠨ᠎ᠳᠤ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠂ ᠠᠮᠢ ᠠᠬᠤᠶ ᠣᠷᠴᠢᠨ ᠲᠣᠭᠣᠷᠢᠨ᠂ ᠪᠠᠢᠭᠠᠯᠢ᠎ᠶ᠋ᠢᠨ ᠡᠬᠢ ᠪᠠᠶᠠᠯᠢᠭ ᠵᠡᠷᠭᠡ 9 ᠭᠤᠤᠯᠳᠠᠯᠭ᠎ᠠ᠎ᠲᠠᠶ ᠬᠦᠷᠢᠶ᠎ᠡ ᠴᠠᠷᠠᠭ᠎ᠠ᠎ᠶ᠋ᠢᠨ ᠲᠦᠷᠦᠭᠦᠯᠡᠨ ᠬᠢᠬᠦ᠌ ᠰᠠᠯᠠᠭ᠎ᠠ ᠮᠥᠴᠢᠷ᠎ᠢ ᠵᠣᠬᠢᠶᠠᠨ ᠪᠠᠢᠭᠤᠯᠤᠨ ᠲᠣᠰ ᠬᠦᠷᠢᠶᠡᠨ᠎ᠳ᠋ᠡᠬᠢ ᠥᠭᠡᠷᠡᠴᠢᠯᠡᠯᠲᠡ᠎ᠶ᠋ᠢᠨ ᠲᠥᠰᠦᠯ᠎ᠢ ᠲᠣᠭ᠍ᠲᠠᠭᠠᠵᠤ᠂ ᠡᠷᠬᠡ᠎ᠶ᠋ᠢᠨ ᠬᠢᠵᠠᠭᠠᠷ᠎ᠢ ᠰᠠᠨᠠᠭᠠᠴᠢᠯᠠᠭ᠎ᠠ᠎ᠡᠴᠡ ᠪᠠᠨ ᠳᠣᠷᠣᠭ᠍ᠰᠢ ᠪᠠᠭᠤᠯᠭᠠᠵᠤ᠂ ᠬᠢᠨᠠᠨ ᠵᠥᠪᠱᠢᠶᠡᠷᠡᠬᠦ᠌ ᠴᠤᠪᠤᠷᠠᠯ᠎ᠢ ᠱᠢᠯᠢᠳᠡᠭ᠌ᠵᠢᠭᠦᠯᠦᠨ᠎ᠡ᠃ ᠠᠷᠠᠳ᠎ᠤᠨ ᠪᠡᠯᠡ ᠣᠷᠣᠭᠤᠯᠤᠯᠲᠠ᠎ᠶ᠋ᠢᠨ ᠴᠢᠬᠤᠯᠠ ᠶᠡᠬᠡ ᠲᠥᠷᠥᠯ ᠵᠦᠢᠯ᠎ᠢ ᠥᠪᠡᠷᠲᠡᠭᠡᠨ ᠵᠠᠰᠠᠬᠤ ᠣᠷᠣᠨ᠎ᠤ ᠬᠠᠮᠲᠤᠷᠠᠨ ᠬᠢᠨᠠᠨ ᠵᠥᠪᠱᠢᠶᠡᠷᠡᠬᠦ᠌ ᠪᠠ ᠬᠠᠪᠰᠤᠷᠤᠨ ᠭᠦᠢᠴᠡᠳᠭᠡᠵᠦ᠍ ᠣᠷᠣᠯᠠᠨ ᠭᠦᠢᠴᠡᠳᠭᠡᠬᠦ᠌ ᠲᠣᠭ᠍ᠲᠠᠴᠠ᠎ᠳᠤ ᠣᠷᠣᠭᠤᠯᠵᠤ᠂ ᠡᠮᠦᠨᠡᠬᠢ ᠬᠤᠭᠤᠴᠠᠭᠠᠨ᠎ᠤ ᠭᠠᠷᠳᠠᠮ᠎ᠢ ᠲᠦᠷᠭᠡᠳᠭᠡᠨ ᠭᠦᠢᠴᠡᠳᠭᠡᠨ᠎ᠡ᠃ 《ᠵᠠᠰᠠᠭ ᠤ᠋ᠨ ᠣᠷᠳᠣᠨ᠎ᠤ ᠬᠤᠳᠠᠯᠳᠤᠨ ᠠᠪᠬᠤ ᠵᠢᠭᠡᠯᠡᠯᠭᠡ》 ᠵᠡᠷᠭᠡ ᠪᠠᠯᠠ ᠬᠤᠷᠠᠮᠳᠤᠭᠤᠯᠬᠤ ᠲᠣᠭ᠍ᠲᠠᠴᠠ᠎ᠶ᠋ᠢᠨ ᠬᠡᠪᠴᠢᠶ᠎ᠡ᠎ᠶ᠋ᠢ ᠥᠷᠭᠡᠳᠭᠡᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠠᠷᠠᠳ᠎ᠤ᠋ᠨ ᠡᠵᠡᠨᠭᠨᠡᠯᠳᠠ ᠵᠢᠨ ᠳᠤᠮᠳᠠ ᠪᠠᠭ᠎ᠠ ᠵᠢᠵᠢᠭ ᠠᠵᠤ ᠠᠬᠤᠢᠯᠠᠯ᠎ᠤᠨ ᠢᠲᠡᠭᠡᠮᠵᠢᠲᠦ ᠪᠠᠯᠠ ᠬᠤᠷᠠᠮᠳᠤᠭᠤᠯᠬᠤ ᠲᠦᠭ᠌ᠰᠢᠭᠦᠷᠢ᠎ᠶ᠋ᠢ ᠬᠤᠪᠢᠶᠠᠨ ᠡᠭᠦᠷᠭᠡᠯᠡᠬᠦ᠌ ᠪᠠᠯᠠ ᠮᠥᠩᠭᠥ᠎ᠶ᠋ᠢ ᠰᠠᠢᠲᠤᠷ ᠬᠡᠷᠡᠭ᠌ᠯᠡᠵᠦ᠍᠂ ᠳᠤᠮᠳᠠ ᠪᠠᠭ᠎ᠠ ᠵᠢᠵᠢᠭ ᠠᠵᠤ ᠠᠬᠤᠢᠯᠠᠯ᠎ᠤᠨ ᠪᠠᠯᠠ ᠬᠤᠷᠠᠮᠳᠤᠭᠤᠯᠬᠤ ᠳ᠋ᠤ ᠬᠦᠴᠢᠷᠲᠡᠶ ᠪᠠᠯᠠ ᠬᠤᠷᠠᠮᠳᠤᠭᠤᠯᠬᠤ᠎ᠳᠤ ᠦᠨᠡᠲᠡᠶ ᠪᠠᠢᠬᠤ ᠠᠰᠠᠭᠤᠳᠠᠯ᠎ᠢ ᠱᠢᠶ᠋ᠳᠪᠦᠷᠢᠯᠡᠨ᠎ᠡ᠃

ᠱᠠᠬᠠᠶ ᠵᠢᠨ ᠵᠤᠬᠢᠷᠠᠬᠤ ᠡᠰᠡᠬᠦ ᠪᠡᠨ ᠡᠮᠤᠰᠴᠤ ᠪᠠᠢᠭ᠎ᠠ ᠬᠥᠮᠦᠨ ᠬᠠᠮᠤᠭ ᠡᠴᠡ ᠲᠣᠳᠣᠷᠬᠠᠶ ᠮᠡᠳᠡᠨ᠎ᠠ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠤ᠋ᠨ ᠰᠠᠢᠨ ᠡᠰᠡᠬᠦ᠌᠎ᠶ᠋ᠢ ᠠᠵᠤ ᠠᠬᠤᠢᠯᠠᠯ ᠲᠤᠳᠤᠷᠬᠠᠢ ᠮᠡᠳᠡᠨ᠎ᠡ᠃ ᠶᠡᠷᠦᠩᠭᠡᠢᠯᠡᠭᠡᠳ ᠬᠡᠯᠡᠪᠡᠯ᠂ ᠪᠢᠳᠡ 《ᠠᠵᠤ ᠠᠬᠤᠢᠯᠠᠯ ᠲᠥᠷᠥᠭ᠌ᠳᠡᠯ᠎ᠲᠡᠶ᠂ ᠵᠠᠰᠠᠭ᠎ᠤᠨ ᠣᠷᠳᠣᠨ ᠵᠢᠳᠬᠦᠯ ᠴᠢᠷᠮᠠᠢᠯᠭ᠎ᠠ᠎ᠲᠠᠶ᠂ ᠦᠷ᠎ᠡ ᠳ᠋ᠦᠩ᠎ᠨᠢ ᠬᠡᠷᠡᠭ᠌ᠴᠡᠭᠡ᠎ᠲᠡᠶ》 ᠪᠠᠢᠬᠤ᠎ᠶ᠋ᠢ ᠪᠠᠷᠢᠮᠲᠠᠯᠠᠵᠤ᠂ ᠨᠠᠩ ᠶᠡᠬᠡ ᠡᠷᠴᠢᠮ᠂ ᠨᠠᠩ ᠥᠨᠳᠥᠷ ᠪᠠᠷᠢᠮᠵᠢᠶ᠎ᠠ᠎ᠪᠠᠷ ᠵᠠᠬ᠎ᠠ ᠳᠡᠯᠭᠡᠭᠦᠷᠴᠢᠯᠡᠭ᠌ᠰᠡᠨ ᠬᠠᠤᠯᠢᠵᠢᠭ᠍ᠰᠠᠨ ᠳᠡᠯᠡᠬᠡᠢᠵᠢᠭ᠌ᠰᠡᠨ ᠲᠡᠷᠢᠭᠦᠨ ᠵᠡᠷᠭᠡ᠎ᠶ᠋ᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠪᠣᠶ ᠪᠣᠯᠭᠠᠵᠤ᠂ ᠥᠪᠥᠷ ᠮᠣᠩᠭᠣᠯ᠎ᠢ ᠦᠨᠡᠨ ᠬᠦ᠌ ᠠᠵᠤ ᠠᠬᠤᠢᠯᠠᠯ᠎ᠤᠨ ᠠᠵᠢᠯ ᠶᠠᠪᠤᠳᠠᠯ ᠭᠦᠶ᠋ᠴᠡᠳᠭᠡᠬᠦ᠌᠎ᠳᠦ ᠤᠷᠤᠭ᠍ᠰᠢᠲᠠᠶ᠂ ᠪᠠᠯᠠ ᠣᠷᠣᠭᠤᠯᠤᠯᠲᠠ᠎ᠳᠤ ᠰᠠᠨᠠᠭ᠎ᠠ ᠠᠮᠤᠷ᠂ ᠡᠵᠡᠩᠨᠡᠯᠲᠡ᠎ᠳᠦ ᠲᠠᠭᠠᠯᠠᠮᠵᠢᠲᠠᠶ᠂ ᠬᠥᠭ᠌ᠵᠢᠯᠲᠡ᠎ᠳᠦ ᠰᠠᠨᠠᠭ᠎ᠠ ᠠᠮᠤᠷ ᠪᠠᠢᠬᠤ ᠬᠠᠯᠠᠭᠤᠨ ᠬᠥᠷᠥᠰᠥ᠍ ᠪᠣᠯᠭᠠᠨ᠎ᠠ᠃ ᠣᠯᠠᠨ᠎ᠳᠤ ᠪᠠᠶᠠᠷᠯᠠᠯ᠎ᠠ!

ᠳᠤᠮᠳᠠᠳᠤ ᠤᠯᠤᠰ᠎ᠤᠨ ᠰᠣᠨᠢᠨ ᠮᠡᠳᠡᠭᠡᠨ᠎ᠦ ᠬᠣᠷᠢᠶ᠎ᠠ᠎ᠶ᠋ᠢᠨ ᠰᠤᠷᠪᠤᠯᠵᠢᠯᠠᠭ᠍ᠴᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ 《ᠰᠠᠨᠠᠭᠤᠯᠭ᠎ᠠ》 ᠳ᠋ᠤ 《ᠬᠤᠶᠠᠷ ᠲᠠᠯ᠎ᠡ ᠪᠡᠷ ᠪᠦᠬᠦ ᠤᠯᠤᠰ᠎ᠤᠨ ᠳᠡᠭᠡᠳᠦ ᠲᠦᠪᠰᠢᠨ ᠳ᠋ᠦ ᠲᠤᠭᠳᠠᠭᠤᠨ ᠪᠠᠢᠬᠤ》᠂ 《ᠬᠣᠶᠠᠷ ᠲᠠᠯ᠎ᠠ ᠪᠡᠷ ᠦᠷᠭᠦᠯᠵᠢᠯᠡᠨ ᠪᠦᠬᠦ ᠤᠯᠤᠰ᠎ᠤᠨ ᠡᠮᠦᠨ᠎ᠡ ᠡᠩᠨᠡᠭᠡᠨ᠎ᠳᠦ ᠶᠠᠪᠤᠬᠤ》 ᠬᠠᠷᠠᠯᠲᠠ᠎ᠶ᠋ᠢ ᠳᠤᠷᠠᠳᠤᠭ᠍ᠰᠠᠨ᠎ᠢ ᠪᠢᠳᠡ ᠠᠩᠬᠠᠷᠴᠤ ᠤᠯᠤᠯ᠎ᠠ᠃ ᠭᠤᠤᠯ ᠪᠤᠳᠤᠯᠬᠢᠯᠠᠯ ᠨᠢ ᠶᠠᠭᠤ ᠪᠣᠶ᠂ ᠳᠠᠷᠠᠭᠠᠴᠢ ᠵᠢᠨ ᠠᠯᠬᠤᠮ᠎ᠤᠨ ᠲᠥᠯᠥᠪᠯᠡᠭᠡ᠎ᠪᠡᠨ ᠶᠠᠭᠠᠬᠢᠵᠤ ᠬᠢᠬᠦ᠌ ᠪᠣᠶ?

ᠸᠠᠩ ᠸᠧᠢ ᠵᠦᠩ ᠲᠥᠯᠥᠭᠡᠯᠡᠭ᠌ᠴᠢ᠄ ᠰᠤᠷᠪᠤᠯᠵᠢᠯᠠᠭ᠍ᠴᠢ ᠨᠠᠢᠵᠠ ᠵᠢᠨ ᠠᠰᠠᠭᠤᠯᠲᠠ᠎ᠳᠤ ᠲᠠᠯᠠᠷᠬᠠᠵᠤ ᠪᠠᠢᠨ᠎ᠠ᠃ 《ᠠᠷᠪᠡᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ ᠬᠥᠮᠦᠨ ᠳᠤᠮᠳᠠᠴᠢ ᠵᠢᠨ ᠭᠠᠵᠠᠷ ᠣᠷᠣᠨ᠎ᠤ ᠦᠢᠯᠡᠳᠪᠦᠷᠢᠯᠡᠯ᠎ᠦᠨ ᠶᠡᠷᠦᠩᠬᠡᠶ ᠥᠷᠲᠡᠭ᠂ ᠰᠠᠭᠤᠭᠠᠯᠢ ᠠᠷᠠᠳ᠎ᠤᠨ ᠣᠷᠣᠯᠭ᠎ᠠ ᠪᠦᠬᠦ᠌ ᠤᠯᠤᠰ᠎ᠤᠨ ᠳᠡᠭᠡᠳᠦ ᠲᠦᠪᠰᠢᠨ ᠳ᠋ᠤ ᠲᠣᠭ᠍ᠲᠠᠭᠤᠨ ᠪᠠᠢᠬᠤ᠂ 2035 ᠣᠨ ᠪᠣᠯᠬᠤ᠎ᠳᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠂ ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ᠎ᠢ ᠬᠠᠮᠲᠤ᠎ᠪᠠᠷ ᠪᠠᠶᠠᠵᠢᠭᠤᠯᠬᠤ ᠲᠠᠯ᠎ᠠ᠎ᠪᠠᠷ ᠦᠷᠭᠦᠯᠵᠢᠯᠡᠨ ᠡᠮᠦᠨ᠎ᠡ ᠡᠩᠨᠡᠭᠡᠨ᠎ᠳᠦ ᠶᠠᠪᠤᠬᠤ᠂ ᠤᠯᠤᠰ᠎ᠤᠨ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠂ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ ᠵᠢ ᠪᠦᠳᠦᠭᠡᠨ ᠪᠠᠢᠭᠤᠯᠬᠤ ᠲᠠᠯ᠎ᠠ ᠪᠡᠷ ᠦᠷᠭᠦᠯᠵᠢᠯᠡᠨ ᠡᠮᠦᠨ᠎ᠡ ᠡᠩᠨᠡᠭᠡᠨ᠎ᠳᠦ ᠶᠠᠪᠤᠬᠤ ᠵᠢ ᠪᠡᠶᠡᠯᠡᠬᠦᠯᠬᠦ ᠪᠤᠯ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠲᠦᠪ ᠬᠤᠷᠢᠶ᠎ᠠ ᠵᠢᠨ ᠤᠳᠠᠭ᠎ᠠ ᠪᠦᠷᠢ᠎ᠶ᠋ᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ ᠢᠯᠠᠩᠭᠤᠶ᠎ᠠ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠵᠢᠨ ᠶᠤᠰᠤᠭᠠᠷ ᠲᠣᠭ᠍ᠲᠠᠭᠠᠭ᠍ᠰᠠᠨ ᠬᠤᠢᠰᠢᠳᠠ ᠵᠢᠨ ᠭᠡᠰᠡᠭ ᠬᠤᠭᠤᠴᠠᠭᠠᠨ᠎ᠤ ᠬᠥᠭ᠌ᠵᠢᠯᠲᠡ᠎ᠶ᠋ᠢᠨ ᠬᠥᠲᠥᠯᠥᠨ ᠳᠠᠭᠠᠭᠤᠯᠬᠤ ᠴᠢᠨᠠᠷᠲᠠᠶ ᠬᠠᠷᠠᠯᠲᠠ ᠪᠤᠯᠤᠨ᠎ᠠ᠃

ᠬᠥᠮᠦᠨ ᠲᠤᠮᠳᠠᠴᠢ ᠵᠢᠨ ᠭᠠᠵᠠᠷ ᠣᠷᠣᠨ᠎ᠤ ᠦᠢᠯᠡᠳᠪᠦᠷᠢᠯᠡᠯ᠎ᠦᠨ ᠶᠡᠷᠦᠩᠬᠡᠶ ᠥᠷᠲᠡᠭ ᠪᠣᠯᠤᠨ ᠰᠠᠭᠤᠭᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ᠍ ᠪᠣᠯᠬᠤ ᠣᠷᠣᠯᠭ᠎ᠠ ᠪᠣᠯ ᠠᠵᠤ ᠠᠬᠤᠶ᠎ᠶ᠋ᠢᠨ ᠬᠥᠭ᠌ᠵᠢᠯᠲᠡ᠎ᠶ᠋ᠢᠨ ᠲᠦᠪᠰᠢᠨ ᠢ᠋ ᠬᠡᠮᠵᠢᠬᠦ᠌ ᠴᠢᠬᠤᠯᠠ ᠭᠦᠢᠴᠡᠳᠭᠡᠯ ᠲᠣᠭ᠎ᠠ ᠪᠣᠯᠤᠨ᠎ᠠ᠃ ᠡᠯ᠎ᠡ ᠲᠠᠯ᠎ᠠ᠎ᠶ᠋ᠢᠨ ᠬᠢᠨ᠂ ᠬᠥᠮᠦᠨ ᠳᠤᠮᠳᠠᠴᠢ᠎ᠶ᠋ᠢᠨ ᠭᠠᠵᠠᠷ ᠣᠷᠣᠨ᠎ᠤ ᠦᠢᠯᠡᠳᠪᠦᠷᠢᠯᠡᠯ᠎ᠦᠨ ᠶᠡᠷᠦᠩᠬᠡᠢ ᠦᠷᠳᠡᠭ 2 ᠲᠦᠮᠡᠨ ᠳ᠋ᠣᠯᠯᠠᠷ᠎ᠢ ᠳᠠᠪᠠᠬᠤ᠎ᠶ᠋ᠢ ᠳᠤᠮᠳᠠ ᠵᠡᠷᠭᠡ᠎ᠶ᠋ᠢᠨ ᠬᠥᠭ᠌ᠵᠢᠭ᠌ᠰᠡᠨ ᠤᠯᠤᠰ᠎ᠤᠨ ᠲᠦᠪᠱᠢᠨ᠎ᠳᠦ ᠬᠦᠷᠬᠦ᠌ ᠬᠡᠮᠵᠢᠭᠦᠷ ᠪᠠᠷᠢᠮᠵᠢᠶ᠎ᠠ ᠪᠣᠯᠭᠠᠪᠡᠯ ᠵᠤᠬᠢᠨ᠎ᠠ ᠭᠡᠵᠤ ᠨᠠᠢᠳᠠᠮ ᠳ᠋ᠡᠭᠡᠨ ᠦᠵᠡᠵᠤ ᠪᠠᠢᠨ᠎ᠠ᠃ ᠣᠳᠣᠬᠠᠨ᠎ᠳᠤ ᠥᠪᠥᠷ ᠮᠣᠩᠭᠣᠯ 1.6 ᠲᠦᠮᠡᠨ ᠳ᠋ᠣᠯᠯᠠᠷ ᠰᠢᠬᠠᠮ ᠪᠠᠢᠵᠤ᠂ ᠪᠠᠰᠠ 4000 ᠳ᠋ᠣᠯᠯᠠᠷ ᠳᠤᠲᠠᠵᠤ ᠪᠠᠢᠨ᠎ᠠ᠃ ᠶᠡᠷᠦᠩᠬᠡᠶ ᠱᠦᠵᠢ ᠰᠢ ᠵᠢᠨ ᠫᠢᠩ ᠪᠢᠳᠡᠨ᠎ᠢ 《ᠳᠥᠭᠥᠮᠬᠡᠨ᠎ᠢᠶᠡᠷ ᠵᠡᠭᠦᠨ ᠬᠡᠰᠡᠭ᠎ᠦᠨ ᠬᠥᠭ᠌ᠵᠢᠭ᠌ᠰᠡᠨ ᠭᠠᠵᠠᠷ ᠣᠷᠣᠨ᠎ᠲᠠᠶ ᠠᠵᠤ ᠦᠶ᠋ᠯᠡᠰ᠂ ᠪᠦᠲᠦᠴᠡ᠂ ᠬᠤᠷᠳᠤᠴᠠ᠎ᠪᠡᠨ ᠠᠳᠠᠯᠢᠳᠭᠠᠵᠤ ᠪᠣᠯᠬᠤ ᠥᠬᠡᠶ》 ᠭᠡᠵᠤ ᠱᠠᠭᠠᠷᠳᠠᠪᠠ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ ᠥᠪᠥᠷ ᠮᠣᠩᠭᠣᠯ᠎ᠤᠨ ᠭᠠᠵᠠᠷ ᠣᠷᠣᠨ᠎ᠤ ᠦᠶ᠋ᠯᠡᠳᠪᠦᠷᠢᠯᠡᠯ᠎ᠦᠨ ᠶᠡᠷᠦᠩᠬᠡᠶ ᠥᠷᠲᠡᠭ ᠨᠢᠭᠡᠨᠲᠡ ᠪᠥᠬᠥ᠌ ᠤᠯᠤᠰ᠎ᠤᠨ ᠳᠤᠮᠳᠠ ᠲᠦᠪᠰᠢᠨ ᠳ᠋ᠤ ᠣᠷᠣᠵᠤ᠂ ᠵᠠᠯᠭᠠᠭᠠᠳ ᠪᠢᠳᠡ ᠠᠵᠤ ᠠᠬᠤᠶ᠎ᠶ᠋ᠢᠨ ᠶᠡᠷᠦᠩᠬᠡᠶ ᠬᠡᠮᠵᠢᠶ᠎ᠡ᠎ᠶ᠋ᠢ ᠦᠷᠭᠦᠯᠵᠢᠯᠡᠨ ᠪᠤᠵᠠᠭᠠᠢᠷᠠᠭᠤᠯᠬᠤ᠎ᠶ᠋ᠢᠨ ᠬᠠᠮᠲᠤ ᠬᠥᠭ᠌ᠵᠢᠯᠲᠡ᠎ᠶ᠋ᠢᠨ ᠶᠠᠰᠤ ᠴᠢᠨᠠᠷ ᠪᠠ ᠦᠷ᠎ᠡ ᠠᠱᠢᠭ᠎ᠢ ᠳᠡᠭᠡᠭ᠌ᠰᠢᠯᠡᠭᠦᠯᠬᠦ᠌᠎ᠶ᠋ᠢ ᠨᠠᠩ ᠴᠢᠬᠤᠯᠠᠴᠢᠯᠠᠵᠤ᠂ ᠬᠥᠮᠦᠨ ᠳᠤᠮᠳᠠᠴᠢ᠎ᠶ᠋ᠢᠨ ᠬᠥᠭ᠌ᠵᠢᠯᠲᠡ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌᠎ᠶ᠋ᠢ ᠨᠠᠩ ᠴᠢᠬᠤᠯᠠᠴᠢᠯᠠᠨ᠎ᠠ᠃ ᠣᠳᠣ ᠪᠦᠬᠦ᠌ ᠣᠷᠣᠨ᠎ᠤ ᠡᠯ᠎ᠡ ᠠᠢᠮᠠᠭ ᠬᠣᠲᠠ᠎ᠶ᠋ᠢᠨ ᠬᠣᠭᠣᠷᠣᠨᠳᠣᠬᠢ ᠬᠥᠭ᠌ᠵᠢᠯᠲᠡ ᠪᠠᠰᠠ ᠲᠡᠩᠴᠡᠭᠦᠷᠢ ᠦᠭᠡᠶ ᠪᠠᠢᠵᠤ᠂ ᠬᠥᠮᠦᠨ ᠳᠤᠮᠳᠠᠴᠢ ᠵᠢᠨ ᠭᠠᠵᠠᠷ ᠣᠷᠣᠨ᠎ᠤ ᠦᠢᠯᠡᠳᠪᠦᠷᠢᠯᠡᠯ᠎ᠦᠨ ᠶᠡᠷᠦᠩᠬᠡᠶ ᠥᠷᠲᠡᠭ ᠬᠠᠮᠤᠭ᠎ᠤᠨ ᠳᠣᠣᠷ᠎ᠠ ᠪᠠ ᠬᠠᠮᠤᠭ᠎ᠤᠨ ᠥᠨᠳᠥᠷ᠂ ᠰᠠᠭᠤᠭᠠᠯᠢ ᠠᠷᠠᠳ᠎ᠤᠨ ᠣᠷᠣᠯᠭ᠎ᠠ ᠬᠠᠮᠤᠭ᠎ᠤᠨ ᠳᠣᠣᠷ᠎ᠠ ᠪᠠ ᠬᠠᠮᠤᠭ᠎ᠤᠨ ᠥᠨᠳᠥᠷ ᠭᠠᠵᠠᠷ ᠣᠷᠣᠨ᠎ᠤ ᠬᠣᠭᠣᠷᠣᠨᠳᠣᠬᠢ ᠵᠥᠷᠢᠶ᠎ᠡ ᠪᠠᠰᠠ ᠮᠠᠰᠢ ᠢᠯᠡᠷᠬᠡᠶ ᠪᠠᠢᠨ᠎ᠠ᠃ ᠪᠢᠳᠡ ᠣᠷᠣᠨ ᠪᠦᠰᠡ᠎ᠶ᠋ᠢᠨ ᠵᠣᠬᠢᠴᠠᠩᠭᠤᠢ ᠬᠥᠭ᠌ᠵᠢᠯᠲᠡ᠎ᠶ᠋ᠢᠨ ᠲᠦᠷᠦ᠍᠎ᠶ᠋ᠢᠨ ᠪᠤᠳᠤᠯᠭ᠎ᠠ᠎ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠍᠂ ᠡᠯ᠎ᠡ ᠭᠠᠵᠠᠷ᠎ᠤᠨ ᠬᠢᠨ᠎ᠦ ᠳᠠᠪᠠᠭᠤᠯᠢᠭ᠎ᠲᠠᠭᠠᠨ ᠰᠠᠭᠤᠷᠢᠯᠠᠨ ᠥᠪᠡᠷ ᠥᠪᠡᠷ᠎ᠦᠨ ᠳᠠᠪᠠᠭᠤᠯᠢᠭ᠎ᠢᠶᠠᠨ ᠪᠠᠳᠠᠷᠠᠭᠤᠯᠵᠤ᠂ ᠬᠥᠭ᠌ᠵᠢᠯᠲᠡ᠎ᠶ᠋ᠢᠨ ᠵᠥᠷᠢᠶ᠎ᠡ᠎ᠶ᠋ᠢ ᠲᠠᠰᠤᠷᠠᠯᠳᠠ ᠦᠭᠡᠢ ᠪᠠᠭᠠᠰᠭᠠᠬᠤ ᠵᠢ ᠠᠬᠢᠭᠤᠯᠤᠨ᠎ᠠ᠃ ᠡᠭᠦᠨ᠎ᠦ ᠵᠡᠷᠭᠡ ᠪᠡᠷ᠂ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠢᠯᠠᠩᠭᠤᠶ᠎ᠠ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌ ᠢᠨᠵᠧᠨᠧᠷᠢᠩ᠎ᠢ ᠰᠠᠢᠲᠤᠷ ᠬᠡᠷᠡᠭ᠌ᠵᠢᠭᠦᠯᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠣᠷᠣᠯᠭ᠎ᠠ᠎ᠶ᠋ᠢ ᠦᠷᠭᠦᠯᠵᠢᠯᠡᠨ ᠲᠣᠭ᠍ᠲᠠᠭᠤᠨ᠎ᠢᠶᠠᠷ ᠨᠡᠮᠡᠭ᠌ᠳᠡᠭᠦᠯᠵᠦ᠍᠂ ᠥᠭᠡᠷᠡᠴᠢᠯᠡᠯᠲᠡ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠬᠠᠮᠲᠤ ᠪᠠᠷ ᠡᠳ᠋ᠯᠡᠭᠦᠯᠦᠨ᠎ᠡ᠃

《ᠬᠣᠶᠠᠷ ᠲᠠᠯ᠎ᠠ ᠪᠡᠷ ᠦᠷᠭᠦᠯᠵᠢᠯᠡᠨ ᠪᠦᠬᠦ ᠤᠯᠤᠰ᠎ᠤᠨ ᠡᠮᠦᠨ᠎ᠡ ᠡᠩᠨᠡᠭᠡᠨ᠎ᠳᠦ ᠶᠠᠪᠤᠬᠤ》 ᠶ᠋ᠢ ᠪᠠᠲᠤᠯᠠᠬᠤ ᠪᠣᠯ ᠮᠠᠨ᠎ᠤ ᠣᠷᠣᠨ᠎ᠤ ᠪᠥᠬᠥ᠌ ᠤᠯᠤᠰ᠎ᠤᠨ ᠶᠡᠬᠡ ᠲᠠᠯ᠎ᠠ᠎ᠳᠤ ᠦᠶ᠋ᠯᠡᠴᠢᠯᠡᠬᠦ᠌ ᠴᠢᠬᠤᠯᠠ ᠬᠠᠷᠢᠭᠤᠴᠠᠯᠭ᠎ᠠ ᠪᠠ ᠬᠦᠨᠳᠦ ᠡᠭᠦᠷᠭᠡ ᠪᠣᠯᠬᠤ ᠪᠥᠭᠡᠳ ᠪᠠᠰᠠ ᠴᠤ᠌ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠬᠦ᠌᠎ᠶ᠋ᠢᠨ ᠵᠠᠢᠯᠠᠰᠢ ᠥᠬᠡᠶ ᠱᠠᠭᠠᠷᠳᠠᠯᠭ᠎ᠠ ᠪᠣᠯᠤᠨ᠎ᠠ᠃ 《ᠨᠢᠭᠡᠳᠤᠭᠡᠷ ᠦᠷᠭᠦᠯᠵᠢᠯᠡᠨ ᠡᠮᠦᠨ᠎ᠡ ᠡᠩᠨᠡᠭᠡᠨ᠎ᠳᠦ ᠶᠠᠪᠤᠬᠤ》 ᠡᠴᠡ ᠠᠪᠴᠤ ᠦᠵᠡᠪᠡᠯ᠂ ᠥᠪᠥᠷ ᠮᠣᠩᠭᠣᠯ ᠦᠨᠳᠦᠰᠦᠲᠡᠨ᠎ᠦ ᠪᠦᠯᠬᠦᠮᠳᠡᠯ᠎ᠦᠨ ᠢᠷᠠᠭᠤ ᠠᠯᠳᠠᠷᠲᠤ ᠤᠯᠠᠮᠵᠢᠯᠠᠯ᠎ᠲᠠᠶ ᠶᠤᠮ᠂ ᠥᠪᠡᠷᠲᠡᠭᠡᠨ ᠵᠠᠰᠠᠬᠤ ᠣᠷᠣᠨ ᠪᠠᠢᠭᠤᠯᠤᠭ᠍ᠳᠠᠭ᠍ᠰᠠᠨ 70 ᠭᠠᠷᠤᠢ ᠵᠢᠯ᠎ᠦᠨ ᠲᠤᠷᠰᠢ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ ᠢᠮᠠᠭ᠍ᠲᠠ ᠨᠠᠮ᠎ᠢᠶᠠᠨ ᠬᠦᠷᠢᠶᠠᠯᠠᠵᠤ᠂ ᠨᠠᠮ᠎ᠤᠨ ᠲᠥᠪ ᠬᠣᠷᠢᠶ᠎ᠠ᠎ᠪᠠᠨ ᠬᠦᠷᠢᠶᠠᠯᠠᠵᠤ᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷ᠎ᠢ ᠣᠯᠤᠭ᠍ᠰᠠᠨ ᠪᠥᠭᠡᠳ ᠤᠷᠳᠤ ᠬᠤᠭᠤᠴᠠᠭ᠎ᠠ᠎ᠪᠠᠷ ᠬᠠᠮᠠᠭᠠᠯᠠᠵᠤ᠂ ᠤᠢ᠍ᠢᠷ᠎ᠠ᠎ᠶ᠋ᠢᠨ ᠵᠢᠯ ᠳ᠋ᠤ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠣᠷᠣᠯᠭ᠎ᠠ 5 ᠦᠨᠳᠦᠰᠦᠲᠡᠨ᠎ᠦ ᠥᠪᠡᠷᠲᠡᠭᠡᠨ ᠵᠠᠰᠠᠬᠤ ᠣᠷᠣᠨ᠎ᠤ ᠳᠣᠲᠣᠷ᠎ᠠ ᠲᠡᠷᠢᠭᠦᠨ᠎ᠳᠦ ᠣᠷᠣᠪᠠ᠃ 2023 ᠣᠨ᠎ᠳᠤ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ᠎ᠳᠠᠭᠠᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠨᠢ 《ᠪᠠᠰᠠ ᠴᠤ᠌ ᠦᠨᠳᠦᠰᠦᠲᠡᠨ᠎ᠦ ᠭᠠᠵᠠᠷ ᠣᠷᠣᠨ᠎ᠤ ᠡᠯ᠎ᠡ ᠵᠦᠢᠯ᠎ᠦᠨ ᠠᠵᠢᠯ᠎ᠤᠨ ᠭᠣᠣᠯ ᠱᠢᠵᠢᠮ ᠮᠦᠨ》 ᠭᠡᠬᠦ᠌ ᠴᠢᠬᠤᠯᠠ ᠶᠡᠬᠡ ᠨᠤᠲᠠᠯᠠᠯᠲᠠ ᠬᠢᠭ᠌ᠰᠡᠨ ᠪᠥᠭᠡᠳ 《ᠬᠢᠯᠢ ᠬᠢᠵᠠᠭᠠᠷ᠎ᠤᠨ ᠦᠨᠳᠦᠰᠦᠲᠡᠨ᠎ᠦ ᠭᠠᠵᠠᠷ ᠣᠷᠣᠨ ᠬᠠᠮᠲᠤ᠎ᠪᠠᠷ ᠪᠠᠶᠠᠵᠢᠬᠤ ᠵᠠᠮ᠎ᠢᠶᠠᠷ ᠡᠩᠨᠡᠭᠡ᠎ᠡᠴᠡ᠎ᠪᠡᠨ ᠬᠣᠴᠣᠷᠴᠤ᠌ ᠪᠣᠯᠬᠤ ᠦᠭᠡᠢ》 ᠭᠡᠵᠦ᠍ ᠴᠢᠬᠤᠯᠠᠴᠢᠯᠠᠪᠠ᠂ ᠡᠨᠡ ᠨᠢ ᠵᠣᠷᠢᠭ᠍ᠵᠢᠭᠤᠯᠤᠯ ᠪᠣᠯᠬᠤ᠎ᠪᠦᠭᠡᠳ ᠨᠡᠩ ᠴᠤ᠌ ᠱᠠᠯᠠᠪᠳᠠᠭᠤᠯᠤᠯ ᠪᠣᠯᠤᠨ᠎ᠠ᠃ ᠪᠢᠳᠡ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠨᠢᠳᠤᠨ ᠳ᠋ᠤ ᠦᠵᠡᠭᠳᠡᠮ᠎ᠠ ᠰᠡᠳᠬᠢᠯ ᠳ᠋ᠤ ᠰᠠᠭᠤᠬᠳᠠᠮ᠎ᠠ ᠭᠠᠷ ᠲᠤ᠌ ᠪᠠᠷᠢᠬᠳᠠᠮ᠎ᠠ ᠪᠠᠲᠤ ᠪᠤᠢ ᠪᠣᠯᠭᠠᠵᠤ᠂ ᠵᠢᠷᠭᠠᠯ ᠵᠣᠪᠠᠯᠠᠩ᠎ᠢᠶᠠᠨ ᠬᠠᠮᠲᠤᠳᠭᠠᠬᠤ᠂ ᠠᠯᠳᠠᠷ ᠭᠤᠳᠤᠮᠰᠢᠭ ᠵᠢᠡᠨ ᠬᠠᠮᠲᠤᠳᠭᠠᠬᠤ᠂ ᠦᠬᠦᠵᠦ᠍ ᠰᠡᠬᠡᠬᠦ᠌᠎ᠪᠡᠨ ᠬᠠᠮᠲᠤᠳᠭᠠᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ ᠣᠢᠯᠠᠭᠠᠭ᠍ᠳᠠᠬᠤᠨ᠎ᠢ ᠬᠥᠮᠦᠰ᠎ᠦᠨ ᠰᠡᠳᠭᠢᠯ᠎ᠳᠦ ᠨᠡᠩ ᠭᠦᠨ ᠬᠠᠳᠠᠩᠱᠢᠭᠤᠯᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠬᠦᠳᠦᠯᠦᠨ ᠵᠢᠯᠣᠭᠣᠳᠴᠤ᠌ ᠪᠠᠢᠭᠠᠳ ᠬᠠᠮᠲᠤ᠎ᠪᠠᠷ ᠪᠦᠯᠬᠦᠮᠳᠡᠨ ᠲᠡᠮᠡᠴᠡᠵᠦ᠍᠂ ᠬᠠᠮᠲᠤ᠎ᠪᠠᠷ ᠴᠡᠴᠡᠭ᠌ᠯᠡᠭᠦᠯᠦᠨ ᠬᠥᠭ᠌ᠵᠢᠭᠦᠯᠵᠦ᠍᠂ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠢ᠋ ᠪᠦᠳᠦᠭᠡᠨ ᠪᠠᠢᠭᠤᠯᠬᠤ ᠲᠠᠯ᠎ᠠ᠎ᠪᠠᠷ ᠨᠡᠩ ᠤᠯᠠᠨ ᠦᠷ᠎ᠡ ᠪᠦᠲᠦᠭᠡᠯ ᠭᠠᠷᠭᠠᠨ᠎ᠠ᠃ 《ᠬᠣᠶᠠᠳᠤᠭᠠᠷ ᠦᠷᠭᠦᠯᠵᠢᠯᠡᠨ ᠡᠮᠦᠨ᠎ᠡ ᠡᠩᠨᠡᠭᠡᠨ᠎ᠳᠦ ᠶᠠᠪᠤᠬᠤ》 ᠡᠴᠡ ᠠᠪᠴᠤ ᠦᠵᠡᠪᠡᠯ᠂ ᠥᠪᠥᠷ ᠮᠣᠩᠭᠣᠯ ᠪᠣᠯ ᠮᠠᠨ᠎ᠤ ᠤᠯᠤᠰ᠎ᠤᠨ ᠤᠮᠠᠷᠠᠲᠤ᠎ᠤᠷᠤᠨ ᠤ᠋ ᠲᠠᠯᠠᠪᠠᠢ᠎ᠪᠠᠷ ᠬᠠᠮᠤᠭ᠎ᠤᠨ ᠶᠡᠬᠡ᠂ ᠲᠦᠷᠦᠯ ᠵᠦᠢᠯ᠎ᠢᠶᠡᠷ ᠬᠠᠮᠤᠭ᠎ᠤᠨ ᠪᠦᠷᠢᠨ ᠠᠮᠢ ᠠᠬᠤᠢ᠎ᠶ᠋ᠢᠨ ᠴᠢᠳᠠᠮᠵᠢᠳᠤ ᠣᠷᠣᠨ ᠪᠣᠯᠬᠤ ᠪᠥᠭᠡᠳ ᠪᠠᠰᠠ ᠡᠬᠡ ᠤᠯᠤᠰ᠎ᠤᠨ 《ᠤᠮᠠᠷᠠᠲᠤ ᠶᠡᠬᠡ ᠬᠠᠭᠠᠯᠭ᠎ᠠ》᠂ ᠨᠡᠢᠰᠯᠡᠯ᠎ᠦᠨ 《ᠬᠠᠮᠠᠭᠠᠯᠠᠯᠳᠠ ᠵᠢᠨ ᠭᠣᠣᠯ》 ᠪᠣᠯᠤᠨ᠎ᠠ᠃ ᠡᠳᠡᠭᠡᠷ ᠵᠢᠯ᠎ᠦᠳ᠎ᠲᠦ᠂ ᠮᠠᠨ᠎ᠤ ᠣᠷᠣᠨ᠎ᠤ ᠣᠢᠵᠢᠭᠤᠯᠬᠤ᠂ ᠡᠪᠡᠰᠦ ᠲᠠᠷᠢᠬᠤ᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠬᠤ ᠬᠡᠪᠴᠢᠶ᠎ᠡ ᠴᠥᠮ ᠪᠦᠬᠦ᠌ ᠤᠯᠤᠰ᠎ᠤᠨ ᠲᠡᠷᠢᠭᠦᠨ᠎ᠳᠦ ᠣᠷᠣᠵᠤ᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ ᠳᠠᠢᠯᠠᠯᠳᠤᠭᠠᠨ ᠴᠢᠬᠤᠯᠠ ᠶᠡᠬᠡ ᠦᠷ᠎ᠡ ᠪᠦᠲᠦᠭᠡᠯ ᠣᠯᠵᠤ᠂ ᠠᠮᠤᠭᠤᠯᠠᠩᠳᠤ ᠥᠪᠥᠷ ᠮᠣᠩᠭᠣᠯ᠂ ᠬᠠᠤᠯᠢ ᠪᠡᠷ ᠵᠠᠰᠠᠬᠤ ᠥᠪᠥᠷ ᠮᠣᠩᠭᠣᠯ᠎ᠤᠨ ᠪᠦᠲᠦᠭᠡᠨ ᠪᠠᠢᠭᠤᠯᠤᠯᠲᠠ ᠭᠦᠨᠵᠡᠭᠡᠢᠷᠡᠨ ᠠᠬᠢᠵᠤ᠂ ᠠᠮᠢ ᠠᠬᠤᠢ ᠰᠠᠢ᠌ᠨ᠂ ᠬᠢᠯᠢ ᠬᠢᠵᠠᠭᠠᠷ ᠠᠮᠤᠷ ᠲᠣᠭ᠍ᠲᠠᠭᠤᠨ᠂ ᠬᠥᠮᠦᠰ᠎ᠦᠨ ᠰᠡᠳᠭᠢᠯ ᠠᠮᠤᠷ ᠪᠠᠢᠬᠤ ᠪᠠᠢᠳᠠᠯ ᠲᠠᠰᠤᠷᠠᠯᠲᠠ ᠦᠭᠡᠢ ᠪᠡᠬᠢᠵᠢᠪᠡ᠃ ᠵᠠᠯᠭᠠᠭᠠᠳ᠂ ᠪᠢᠳᠡ 《ᠤᠮᠠᠷᠠᠳᠤ ᠵᠢᠨ ᠭᠤᠷᠪᠡᠨ ᠤᠷᠤᠨ》 ᠤ᠋ ᠢᠨᠵᠧᠨᠧᠷᠢᠩ᠎ᠦᠨ ᠪᠣᠭᠣᠮᠲᠠ ᠱᠢᠪᠲᠤᠯᠬᠤ ᠳᠠᠢᠯᠠᠯᠳᠤᠭᠠᠨ ᠪᠠ ᠬᠥᠬᠡ ᠣᠭ᠍ᠲᠠᠷᠭᠤᠶ᠂ ᠬᠥᠬᠡᠮᠳᠦᠭ ᠤᠰᠤ᠂ ᠠᠷᠢᠭᠤᠨ ᠬᠥᠷᠥᠰᠥ᠎ᠶ᠋ᠢ ᠬᠠᠮᠠᠭᠠᠯᠠᠬᠤ ᠳᠠᠢᠯᠠᠯᠳᠤᠭᠠᠨ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠵᠦ᠍᠂ ᠤᠮᠠᠷᠠᠲᠤ ᠬᠢᠯᠢ᠎ᠶ᠋ᠢᠨ ᠬᠠᠯᠬᠠᠪᠴᠢ ᠤᠯᠤᠰ᠎ᠤᠨ ᠠᠮᠤᠷ ᠲᠦᠪᠱᠢᠨ᠎ᠦ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠨᠢᠭᠡ ᠴᠣᠭ᠍ᠴᠠᠵᠢᠭᠤᠯᠤᠨ ᠳᠡᠭᠡᠭ᠌ᠰᠢᠯᠡᠭᠦᠯᠬᠦ᠌ ᠢᠨᠵᠧᠨᠧᠷᠢᠩ᠎ᠢ ᠰᠠᠢᠲᠤᠷ ᠬᠡᠷᠡᠭ᠌ᠵᠢᠭᠦᠯᠵᠦ᠍᠂ ᠡᠬᠡ ᠤᠯᠤᠰ᠎ᠤᠨ ᠤᠮᠠᠷᠠᠲᠤ ᠵᠢᠨ ᠲᠦᠮᠡᠨ ᠭᠠᠵᠠᠷ᠎ᠤᠨ ᠨᠤᠮᠢᠨ ᠨᠤᠭᠤᠭᠠᠨ ᠤᠷᠳᠤ ᠴᠠᠭᠠᠨ ᠬᠡᠷᠡᠮ ᠪᠠ ᠠᠮᠤᠷ ᠲᠦᠪᠱᠢᠨ ᠲᠣᠭ᠍ᠲᠠᠭᠤᠨ ᠤ᠋ ᠬᠠᠯᠬᠠᠪᠴᠢ ᠵᠢ ᠦᠨᠡᠨ ᠬᠦ᠌ ᠪᠡᠬᠢᠵᠢᠭᠦᠯᠦᠨ᠎ᠡ᠃

ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ ᠎ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠶ᠋ᠢᠨ ᠴᠢᠷᠮᠠᠢᠯᠭ᠎ᠠ᠎ᠪᠠᠷ᠂ ᠥᠪᠥᠷ ᠮᠣᠩᠭᠣᠯ ᠯᠠᠪᠲᠠᠢ 《ᠬᠣᠶᠠᠷ ᠲᠠᠯ᠎ᠠ ᠪᠡᠷ ᠪᠦᠬᠦ ᠤᠯᠤᠰ᠎ᠤᠨ ᠲᠡᠭᠡᠳᠦ ᠲᠦᠪᠰᠢᠨ᠎ᠳᠦ ᠲᠤᠬᠳᠠᠭᠤᠨ ᠪᠠᠢᠬᠤ》 ᠵᠢ ᠪᠡᠶᠡᠯᠡᠭᠦᠯᠵᠦ᠍᠂ 《ᠬᠣᠶᠠᠷ ᠳᠠᠯ᠎ᠡ ᠪᠡᠷ ᠦᠷᠭᠦᠯᠵᠢᠯᠡᠨ ᠪᠦᠬᠦ ᠤᠯᠤᠰ᠎ᠤᠨ ᠡᠮᠦᠨ᠎ᠡ ᠡᠩᠨᠡᠭᠡᠨ᠎ᠳᠦ ᠶᠠᠪᠤᠬᠤ》 ᠪᠠᠨ ᠪᠠᠳᠤᠯᠠᠬᠤ ᠵᠢ ᠪᠢᠳᠡ ᠪᠠᠲᠤ ᠢᠲᠡᠭᠡᠵᠦ᠍ ᠪᠠᠢᠨ᠎ᠠ᠃ ᠪᠠᠶᠠᠷᠯᠠᠯ᠎ᠠ᠃

ᠢᠨᠳᠣᠨᠧᠱᠢᠢ᠎ᠠ᠎ᠶ᠋ᠢᠨ 《ᠵᠦᠭ᠌ᠯᠡᠭᠦᠷ ᠰᠣᠨᠢᠨ》 ᠤ᠋ ᠰᠤᠷᠪᠤᠯᠵᠢᠯᠠᠭ᠍ᠴᠢ᠄ ᠲᠦᠷᠦᠭᠦᠦ ᠬᠣᠶᠠᠷ ᠵᠢᠯ ᠮᠸᠩ ᠨᠢᠤ ᠰᠦ᠎ᠶᠢᠨ ᠦᠢᠯᠡᠰ᠎ᠤᠨ ᠺᠤᠮᠫᠠᠨᠢ ᠮᠠᠨ᠎ᠤ ᠢᠨᠳᠣᠨᠧᠱᠢᠢ᠎ᠠ᠎ᠳᠤ ᠦᠢᠯᠡᠳᠪᠦᠷᠢ ᠪᠠᠢᠭᠤᠯᠪᠠ᠃ ᠮᠢᠨᠤ ᠤᠢᠯᠠᠭᠠᠭᠰᠠᠨ᠎ᠢᠶᠡᠷ᠂ ᠰᠦ᠎ᠶᠢᠨ ᠠᠵᠤ ᠦᠶ᠋ᠯᠡᠰ ᠪᠣᠯ ᠥᠪᠥᠷ ᠮᠣᠩᠭᠣᠯ᠎ᠤᠨ ᠣᠨᠴᠠᠯᠢᠭ᠍ᠲᠤ ᠳᠠᠪᠠᠭᠤᠯᠢᠭ ᠠᠵᠤ ᠦᠶ᠋ᠯᠡᠰ ᠮᠥᠨ᠂ ᠥᠪᠥᠷ ᠮᠣᠩᠭᠣᠯ᠎ᠳᠤ ᠪᠠᠰᠠ ᠳᠡᠯᠡᠬᠡᠶ᠎ᠳᠦ ᠠᠯᠳᠠᠷᠲᠠᠶ ᠴᠥᠭᠡᠨ ᠪᠤᠰᠤ ᠴᠠᠭᠠᠨ ᠢᠳᠡᠭᠡᠨ᠎ᠦ ᠠᠵᠤ ᠠᠬᠤᠢᠯᠠᠯ ᠪᠠᠢᠨ᠎ᠠ᠃ ᠮᠢᠨᠦ᠍ ᠠᠩᠬᠠᠷᠴᠤ᠌ ᠪᠠᠢᠭ᠎ᠠ ᠠᠰᠠᠭᠤᠳᠠᠯ ᠭᠡᠪᠡᠯ᠂ ᠮᠸᠩ ᠨᠢᠦ ᠱᠢᠭ ᠳᠤᠮᠳᠠᠳᠤ ᠤᠯᠤᠰ᠎ᠤᠨ ᠴᠠᠭᠠᠨ ᠢᠳᠡᠭᠡᠨ᠎ᠦ ᠠᠵᠤ ᠠᠬᠤᠢᠯᠠᠯ ᠣᠯᠠᠨ ᠤᠯᠤᠰ᠎ᠤᠨ ᠵᠠᠬ᠎ᠠ ᠳᠡᠯᠭᠡᠭᠦᠷ᠎ᠢ ᠨᠡᠭᠡᠭᠡᠬᠦ᠌᠎ᠶ᠋ᠢᠨ ᠬᠠᠮᠲᠤ ᠢᠨᠳᠣᠨᠧᠱᠢᠶ᠎ᠠ᠎ᠶ᠋ᠢ ᠪᠠᠭ᠍ᠲᠠᠭᠠᠭ᠍ᠰᠠᠨ ᠭᠠᠳᠠᠭᠠᠳᠤ᠎ᠶ᠋ᠢᠨ ᠬᠡᠷᠡᠭ᠌ᠯᠡᠭ᠌ᠴᠢᠳ᠎ᠲᠦ ᠬᠡᠷᠬᠢᠨ ᠴᠢᠨᠠᠷ ᠰᠠᠢᠲᠠᠶ ᠠᠮᠤᠷ ᠲᠦᠪᠰᠢᠨ ᠰᠦ ᠬᠠᠩᠭᠠᠬᠤ ᠪᠣᠶ?

ᠱ᠌ᠢ ᠢᠦᠶ ᠳ᠋ᠦᠩ ᠲᠥᠯᠥᠭᠡᠯᠡᠭ᠌ᠴᠢ᠄ ᠳᠤᠮᠳᠠᠳᠤ ᠤᠯᠤᠰ᠎ᠤᠨ ᠥᠪᠥᠷ ᠮᠣᠩᠭᠣᠯ᠎ᠤᠨ ᠰᠦ᠎ᠶᠢᠨ ᠦᠶ᠋ᠯᠡᠰ᠎ᠢ ᠬᠠᠯᠠᠮᠵᠢᠯᠠᠭ᠍ᠰᠠᠨ᠎ᠳᠤ ᠲᠠᠯᠠᠷᠬᠠᠵᠤ ᠪᠠᠢᠨ᠎ᠠ᠃ ᠥᠪᠥᠷ ᠮᠣᠩᠭᠣᠯ ᠪᠣᠯ ᠳᠤᠮᠳᠠᠳᠤ ᠤᠯᠤᠰ᠎ᠤᠨ ᠬᠠᠮᠤᠭ᠎ᠤᠨ ᠴᠢᠬᠤᠯᠠ ᠰᠦ ᠰᠠᠭᠠᠯᠢ᠎ᠶ᠋ᠢᠨ ᠦᠶ᠋ᠯᠡᠰ᠎ᠦᠨ ᠭᠤᠤᠯ ᠭᠠᠷᠤᠯᠲᠠ᠎ᠶ᠋ᠢᠨ ᠣᠷᠣᠨ ᠮᠥᠨ᠂ ᠰᠠᠢᠨ ᠡᠭᠦᠯᠳᠡᠷ᠎ᠦᠨ ᠰᠠᠭᠠᠯᠢ᠎ᠶ᠋ᠢᠨ ᠦᠨᠢᠶᠡᠨ᠎ᠦ ᠲᠣᠭ᠎ᠠ᠂ ᠦᠨᠢᠶᠡᠨ ᠰᠦ᠎ᠶᠢᠨ ᠭᠠᠷᠤᠯᠲᠠ ᠵᠡᠷᠭᠡ ᠵᠠᠩᠭᠢᠯᠠᠭ᠎ᠠ᠎ᠶ᠋ᠢᠨ ᠵᠢᠭᠠᠯᠳᠠ ᠲᠣᠭ᠎ᠠ ᠣᠯᠠᠨ ᠵᠢᠯ᠎ᠦᠨ ᠲᠤᠷᠰᠢ ᠪᠥᠬᠥ᠌ ᠤᠯᠤᠰ᠎ᠲᠤ ᠲᠦᠷᠤᠭᠦᠯᠡᠭ᠌ᠰᠡᠭᠡᠷ ᠢᠷᠡᠵᠡᠶ᠃ ᠡᠨᠳᠡ ᠪᠠᠰᠠ ᠮᠧᠩ ᠨᠢᠦ᠂ ᠢᠯᠢ ᠵᠡᠷᠭᠡ ᠳᠡᠯᠡᠬᠡᠢ᠎ᠶ᠋ᠢᠨ ᠰᠦ᠎ᠶᠢᠨ ᠦᠢᠯᠡᠰ᠎ᠦᠨ ᠠᠷᠪᠠᠨ ᠬᠦᠴᠦᠷᠬᠡᠭ ᠠᠵᠤ ᠠᠬᠤᠢᠯᠠᠯ᠎ᠲᠠᠶ᠂ ᠳᠤᠮᠳᠠᠳᠤ ᠤᠯᠤᠰ᠎ᠤᠨ ᠬᠡᠷᠡᠭ᠌ᠯᠡᠭ᠌ᠴᠢᠳ 5 ᠴᠣᠮᠣ ᠦᠨᠢᠶᠡᠨ ᠰᠦ ᠤᠤᠭᠤᠬᠤ ᠪᠦᠷᠢ 1 ᠴᠣᠮᠣ ᠨᠢ ᠥᠪᠥᠷ ᠮᠣᠩᠭᠣᠯ ᠡᠴᠡ ᠢᠷᠡᠳᠡᠭ᠃

ᠥᠪᠥᠷ ᠮᠣᠩᠭᠣᠯ ᠡᠴᠡ ᠢᠷᠡᠭ᠌ᠰᠡᠨ ᠪᠢᠳᠡ ᠣᠲᠣ 《ᠨᠢᠭᠡ ᠴᠣᠭ᠍ᠴᠠ ᠬᠣᠶᠠᠷ ᠵᠢᠭᠦᠷ》 ᠤ᠋ᠨ ᠪᠠᠢᠯᠳᠤᠬᠤ ᠪᠣᠳᠣᠯᠭ᠎ᠠ᠎ᠶ᠋ᠢ ᠪᠥᠬᠥ᠌ ᠲᠠᠯ᠎ᠠ᠎ᠪᠠᠷ ᠠᠬᠢᠭᠤᠯᠵᠤ᠂ ᠤᠯᠠᠮᠵᠢᠯᠠᠯᠲᠤ ᠴᠠᠭᠠᠨ ᠢᠳᠡᠭᠡ ᠪᠡᠷ ᠰᠠᠭᠤᠷᠢ ᠪᠣᠯᠭᠠᠨ᠂ ᠭᠠᠳᠠᠭᠠᠳᠤ᠎ᠳᠠᠬᠢ ᠲᠤᠬᠠᠢᠯᠠᠭ᠍ᠰᠠᠨ ᠠᠵᠢᠯ ᠪᠠ ᠱᠢᠮ᠎ᠡ ᠲᠡᠵᠢᠭᠡᠯ ᠡᠷᠡᠭᠦᠯ ᠮᠡᠨᠳᠦ᠍᠎ᠶ᠋ᠢᠨ ᠲᠤᠬᠠᠢᠯᠠᠭ᠍ᠰᠠᠨ ᠠᠵᠢᠯ᠎ᠢᠶᠠᠷ ᠱᠢᠨ᠎ᠡ ᠨᠡᠮᠡᠭ᠌ᠳᠡᠯ᠎ᠦᠨ ᠬᠥᠳᠡᠯᠭᠡᠭᠦᠷ ᠪᠣᠯᠭᠠᠵᠤ᠂ ᠢᠨᠳᠣᠨᠧᠱᠢᠶ᠎ᠠ᠎ᠶ᠋ᠢ ᠪᠠᠭ᠍ᠲᠠᠭᠠᠭ᠍ᠰᠠᠨ ᠪᠥᠬᠥ᠌ ᠳᠡᠯᠡᠬᠡᠶ᠎ᠶ᠋ᠢᠨ ᠬᠡᠷᠡᠭ᠌ᠯᠡᠭ᠌ᠴᠢᠳ᠎ᠦᠨ ᠣᠯᠠᠨ ᠶᠠᠩᠵᠤᠲᠤ ᠬᠡᠷᠡᠭ᠌ᠴᠡᠭᠡ ᠱᠠᠭᠠᠷᠳᠠᠯᠭ᠎ᠠ᠎ᠳᠤ ᠦᠶ᠋ᠯᠡᠴᠢᠯᠡᠵᠦ᠍ ᠪᠠᠢᠨ᠎ᠠ᠃

ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠨᠢᠭᠡᠳᠦᠭᠡᠷ ᠹᠷᠣᠨᠲ᠎ᠲᠤ ᠣᠯᠠᠨ ᠵᠢᠯ ᠠᠵᠢᠯᠯᠠᠭ᠍ᠰᠠᠨ ᠮᠢᠨᠦ᠍ ᠬᠠᠮᠤᠭ᠎ᠤᠨ ᠭᠦᠨ ᠣᠢᠯᠠᠭᠠᠯᠲᠠ ᠪᠣᠯ᠄ ᠶᠠᠰᠤ ᠴᠢᠨᠠᠷ ᠪᠣᠯ ᠬᠡᠵᠢᠶᠡᠳᠡ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠦᠨᠳᠦᠰᠦ ᠰᠠᠭᠤᠷᠢ ᠮᠥᠨ᠃ ᠪᠢᠳᠡ 《ᠰᠦ᠎ᠶᠢᠨ ᠠᠮᠤᠷ ᠲᠦᠪᠱᠢᠨ᠎ᠢᠶᠡᠷ ᠭᠤᠤᠯ ᠪᠣᠯᠭᠠᠬᠤ》 ᠶ᠋ᠢ ᠢᠮᠠᠭᠳᠠ ᠪᠠᠷᠢᠮᠲᠠᠯᠠᠵᠤ᠂ ᠶᠠᠰᠤ ᠴᠢᠨᠠᠷ᠎ᠢ ᠠᠵᠤ ᠠᠬᠤᠢᠯᠠᠯ᠎ᠤᠨ ᠬᠠᠮᠤᠭ᠎ᠤᠨ ᠡᠷᠬᠢᠮ ᠲᠡᠭᠡᠳᠦ᠎ᠪᠡᠷ ᠦᠵᠡᠵᠦ᠍᠂ ᠬᠠᠮᠤᠭ᠎ᠤᠨ ᠴᠢᠩᠭ᠎ᠠ ᠪᠠᠷᠢᠮᠵᠢᠶ᠎ᠠ᠂ ᠬᠠᠮᠤᠭ᠎ᠤᠨ ᠴᠢᠩᠭ᠎ᠠ ᠬᠢᠨᠠᠯᠲᠠ ᠬᠠᠮᠢᠶᠠᠷᠤᠯᠲᠠ᠂ ᠬᠠᠮᠤᠭ᠎ᠤᠨ ᠴᠢᠩᠭ᠎ᠠ ᠱᠢᠶ᠋ᠳᠭᠡᠯ᠂ ᠬᠠᠮᠤᠭ᠎ᠤᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ 《ᠳᠥᠷᠪᠡᠨ ᠬᠠᠮᠤᠭ᠎ᠤᠨ ᠴᠢᠩᠭ᠎ᠠ》᠎ᠵᠢ ᠡᠷᠡᠰ ᠨᠠᠢᠳᠠᠪᠤᠷᠢᠵᠢᠭᠤᠯᠪᠠ᠃ ᠪᠢᠳᠡ ᠳᠡᠯᠡᠬᠡᠢ᠎ᠶ᠋ᠢᠨ ᠨᠠᠢ᠍ᠮᠨᠨ ᠶᠡᠬᠡ ᠪᠠᠷᠢᠮᠵᠢᠶ᠎ᠠ ᠪᠣᠯᠤᠨ ᠪᠦᠬᠦ᠌ ᠪᠥᠮᠪᠥᠷᠴᠡᠭ᠎ᠦᠨ ᠦᠢᠯᠡᠳᠦᠯᠭᠡ᠎ᠵᠢ ᠠᠭᠤᠰᠤᠯᠴᠠᠭᠤᠯᠵᠤ᠂ 4Q ᠪᠦᠬᠦ᠌ ᠶᠠᠪᠤᠴᠠ᠎ᠶ᠋ᠢᠨ ᠶᠠᠰᠤ ᠴᠢᠨᠠᠷ᠎ᠤᠨ ᠬᠠᠮᠢᠶᠠᠷᠤᠯᠲᠠ᠎ᠶ᠋ᠢᠨ ᠱᠢᠰᠲ᠋ᠧᠮ᠎ᠢ ᠪᠠᠢᠭᠤᠯᠵᠤ᠂ ᠲᠡᠵᠢᠭᠡᠯ ᠡᠪᠡᠰᠦ ᠡᠴᠡ ᠬᠣᠭᠣᠯᠠᠨ ᠱᠢᠷᠡᠭᠡ ᠬᠦᠷᠲᠡᠯᠡᠬᠢ ᠪᠦᠬᠦ᠌ ᠬᠡᠯᠬᠢᠶᠡᠨ᠎ᠦ ᠬᠠᠮᠢᠶᠠᠷᠤᠯᠲᠠ ᠡᠵᠡᠮᠳᠡᠯ᠎ᠢ ᠪᠡᠶᠡᠯᠡᠭᠦᠯᠵᠦ᠍᠂ ᠶᠠᠰᠤ ᠴᠢᠨᠠᠷ᠎ᠢ ᠳᠡᠯᠡᠬᠡᠢ᠎ᠶ᠋ᠢᠨ ᠲᠡᠷᠢᠭᠦᠨ᠎ᠦ ᠲᠦᠪᠱᠢᠨ᠎ᠳᠦ ᠬᠦᠷᠭᠡᠪᠡ᠃ 2021 ᠣᠨ᠎ᠳᠤ᠂ ᠮᠠᠨ᠎ᠤ ᠤᠯᠤᠰ᠎ᠤᠨ 9 ᠶᠡᠬᠡ ᠲᠥᠷᠥᠯ᠎ᠦᠨ ᠦᠶ᠋ᠯᠡᠳᠬᠦᠨ ᠪᠦᠬᠦᠨ᠎ᠢᠶᠡᠷ᠎ᠢᠶᠡᠨ ᠧᠦ᠋ᠷᠣᠫᠠ᠎ᠶ᠋ᠢᠨ ᠬᠣᠯᠪᠣᠭᠠᠨ᠎ᠤ ᠪᠠᠷᠢᠮᠵᠢᠶ᠎ᠠ᠎ᠳᠤ ᠬᠦᠷᠴᠦ᠍᠂ ᠤᠯᠤᠰ᠎ᠤᠨ ᠳᠣᠲᠣᠭᠠᠳᠤ᠎ᠳᠡᠬᠢ ᠪᠦᠬᠦᠢᠯᠡ ᠲᠥᠷᠥᠯ᠎ᠢᠶᠡᠷ᠎ᠢᠶᠡᠨ ᠧᠦ᠋ᠷᠣᠫᠠ᠎ᠶ᠋ᠢᠨ ᠬᠣᠯᠪᠣᠭᠠᠨ᠎ᠤ ᠢᠳᠡᠭᠡᠨ᠎ᠦ ᠪᠠᠷᠢᠮᠵᠢᠶ᠎ᠠ᠎ᠶ᠋ᠢᠨ ᠭᠡᠷᠡᠴᠢᠯᠡᠯ᠎ᠢ ᠥᠩᠭᠡᠷᠡᠭᠦᠯᠦᠭ᠌ᠰᠡᠨ ᠠᠩᠬᠠᠳᠠᠭ᠍ᠴᠢ ᠠᠵᠤ ᠠᠬᠤᠢᠯᠠᠯ ᠪᠣᠯᠪᠠ᠃ ᠳᠡᠭᠡᠷ᠎ᠡ ᠰᠠᠷ᠎ᠠ᠎ᠶ᠋ᠢᠨ ᠮᠢᠯᠠᠨ ᠤ᠋ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠳᠡᠭᠡᠷ᠎ᠡ ᠮᠧᠩ ᠨᠢᠤ᠎ᠶᠢᠨ ᠦᠢᠯᠡᠳᠬᠦᠨ ᠪᠠᠰᠠ ᠲᠠᠮᠢᠷᠴᠢᠳ᠎ᠤᠨ ᠬᠣᠭᠣᠯᠠᠨ ᠭᠡᠷ᠎ᠲᠦ ᠬᠦᠷᠭᠡᠭᠳᠡᠵᠦ᠂ ᠪᠦᠬᠦ᠌ ᠳᠡᠯᠡᠬᠡᠢ᠎ᠶ᠋ᠢᠨ ᠲᠠᠮᠢᠷᠴᠢᠳ᠎ᠲᠤ ᠱᠢᠮ᠎ᠡ ᠲᠡᠵᠢᠭᠡᠯ᠎ᠦᠨ ᠪᠠᠲᠤᠯᠠᠭ᠎ᠠ ᠬᠠᠩᠭᠠᠪᠠ᠃

ᠡᠳᠡᠭᠡᠷ ᠵᠢᠯ᠎ᠦᠳ᠎ᠲᠦ᠂ ᠪᠢᠳᠡ ᠪᠠᠰᠠ ᠳᠡᠯᠡᠬᠡᠢᠵᠢᠭ᠌ᠰᠡᠨ ᠰᠤᠳᠤᠯᠤᠨ ᠨᠡᠭᠡᠭᠡᠬᠦ᠌ ᠲᠣᠣᠷ᠎ᠢ ᠪᠠᠢᠭᠤᠯᠵᠤ᠂ 460 ᠭᠠᠷᠤᠢ ᠬᠦᠮᠦᠨ ᠲᠠᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠤᠰᠭᠠᠢ ᠪᠦᠯᠬᠦᠮ᠂ 15 ᠠᠺᠠᠳᠧᠮᠢᠴᠢ᠎ᠪᠡᠷ ᠲᠦᠷᠦᠭᠦᠯᠡᠭᠦᠯᠦᠭ᠌ᠰᠡᠨ ᠲᠤᠰᠭᠠᠢ ᠮᠡᠷᠭᠡᠵᠢᠯᠲᠡᠨ᠎ᠦ ᠤᠶᠤᠨ᠎ᠤ ᠬᠥᠮᠥᠷᠭᠡ᠎ᠲᠡᠶ ᠪᠤᠯᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ᠎ᠢ ᠪᠦᠬᠦ᠌ ᠬᠦᠴᠦᠨ᠎ᠢᠶᠡᠷ᠎ᠢᠶᠡᠨ ᠦᠨᠡᠨ ᠪᠣᠳᠠᠲᠠᠢ ᠦᠢᠯᠡᠳᠬᠦᠨ᠎ᠦ ᠬᠦᠴᠦᠨ ᠪᠣᠯᠭᠠᠨ ᠬᠤᠪᠢᠷᠠᠭᠤᠯᠪᠠ᠃ ᠪᠢᠳᠡᠨ᠎ᠦ ᠪᠡᠶ᠎ᠡ᠎ᠪᠡᠨ ᠳᠠᠭᠠᠭᠠᠵᠤ ᠰᠤᠳᠤᠯᠤᠨ ᠨᠡᠭᠡᠭᠡᠭ᠌ᠰᠡᠨ ᠡᠬᠡ᠎ᠶ᠋ᠢᠨ ᠰᠦ᠎ᠶᠢᠨ ᠳᠣᠣᠷ᠎ᠠ ᠪᠥᠭᠡᠭᠡᠨᠡᠷᠡᠯ ᠱᠢᠬᠢᠷ HMO ᠨᠢ ᠳᠤᠮᠳᠠᠳᠤ ᠠᠮᠧᠷᠢᠺᠠ ᠬᠣᠶᠠᠷ ᠤᠯᠤᠰ᠎ᠤᠨ ᠭᠡᠷᠡᠴᠢᠯᠡᠯ᠎ᠢ ᠣᠯᠵᠤ᠂ ᠤᠷᠲᠤ ᠬᠤᠭᠤᠴᠠᠭ᠎ᠠ᠎ᠪᠠᠷ ᠭᠠᠳᠠᠭᠠᠳᠤ ᠡᠴᠡ ᠣᠷᠣᠭᠤᠯᠬᠤ᠎ᠳᠤ ᠲᠦᠱᠢᠭ᠌ᠯᠡᠵᠦ᠍ ᠪᠠᠢᠭ᠍ᠰᠠᠨ ᠪᠠᠢᠳᠠᠯ᠎ᠢ ᠬᠤᠪᠢᠷᠠᠭᠤᠯᠪᠠ; ᠳᠡᠯᠡᠬᠡᠶ ᠳᠡᠭᠡᠷ᠎ᠡ ᠠᠩᠬ᠎ᠠ ᠡᠭᠦᠳᠦᠭ᠌ᠰᠡᠨ ᠢᠰᠭᠡᠭᠦᠷ᠎ᠦᠨ ᠠᠷᠭ᠎ᠠ᠎ᠪᠠᠷ ᠥᠭᠡᠬᠦ᠌ ᠪᠦᠳᠦᠭᠡᠵᠦ ᠨᠡᠢᠯᠡᠭᠦᠯᠬᠦ᠌ ᠮᠡᠷᠭᠡᠵᠢᠯ ᠨᠢ ᠨᠢᠯᠬ᠎ᠠ ᠬᠡᠦᠬᠡᠳ᠎ᠦᠨ ᠰᠦ ᠵᠢᠨ ᠲᠠᠯᠬ᠎ᠠ᠎ᠶ᠋ᠢᠨ ᠥᠭᠡᠬᠦ᠌᠎ᠶ᠋ᠢᠨ ᠪᠦᠳᠦᠴᠡ᠎ᠶ᠋ᠢ ᠡᠬᠡ᠎ᠶ᠋ᠢᠨ ᠰᠦ ᠲᠠᠢ ᠨᠠᠩ ᠳᠦᠰᠦᠭᠡᠳᠡᠢ ᠪᠤᠯᠭᠠᠪᠠ; ᠠᠱᠢᠭ᠍ᠲᠤ ᠪᠠᠺᠲ᠋ᠧᠷᠢ᠎ᠶ᠋ᠢᠨ ᠰᠤᠳᠤᠯᠭᠠᠨ᠎ᠤ ᠦᠷ᠎ᠡ ᠪᠦᠲᠦᠭᠡᠯ ᠨᠢ ᠪᠠᠰᠠ ᠤᠯᠤᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠳᠠᠪᠱᠢᠯᠲᠠ᠎ᠶ᠋ᠢᠨ ᠱᠠᠩᠨᠠᠯ᠎ᠢ ᠭᠥᠷᠳᠡᠵᠦ᠍᠂ PC 01᠂ LC19 ᠵᠡᠷᠭᠡ ᠪᠡᠶ᠎ᠡ᠎ᠪᠡᠨ ᠳᠠᠭᠠᠭᠠᠵᠤ ᠪᠣᠢᠵᠢᠭᠤᠯᠤᠭ᠍ᠰᠠᠨ ᠡᠲᠡᠭᠡᠷ ᠪᠠᠺᠲ᠋ᠧᠷᠢ᠎ᠶ᠋ᠢᠨ ᠰᠠᠭᠤᠷᠢ ᠨᠢ ᠪᠥᠬᠥ᠌ ᠳᠡᠯᠡᠬᠡᠶ᠎ᠳᠦ ᠴᠥᠮ ᠨᠥᠯᠥᠭᠡᠯᠡᠬᠦ᠌ ᠬᠦᠴᠦᠨ᠎ᠲᠡᠶ ᠶᠤᠮ᠃

ᠢᠨᠳᠣᠨᠧᠱᠢᠶ᠎ᠠ ᠪᠣᠯ ᠮᠧᠩ ᠨᠢᠦ᠍᠎ᠶ᠋ᠢᠨ ᠭᠠᠳᠠᠭᠠᠳᠤ᠎ᠳᠠᠬᠢ ᠪᠠᠢᠷᠢᠯᠠᠭᠤᠯᠤᠯᠲᠠ᠎ᠶ᠋ᠢᠨ ᠴᠢᠬᠤᠯᠠ ᠲᠤᠯᠬᠤ ᠴᠡᠭ ᠮᠥᠨ᠃ 2018 ᠣᠨ᠎ᠳᠤ᠂ ᠮᠠᠨ᠎ᠤ Yoyic ᠦᠶ᠋ᠯᠡᠳᠪᠦᠷᠢ ᠢᠨᠳᠣᠨᠧᠱᠢᠶ᠎ᠠ᠎ᠳᠤ ᠪᠠᠢᠭᠤᠯᠤᠭ᠍ᠳᠠᠨ ᠠᠱᠢᠭ᠍ᠯᠠᠯᠲᠠ᠎ᠳᠤ ᠣᠷᠣᠵᠤ᠂ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢ ᠭᠠᠳᠠᠭᠠᠳᠤ᠎ᠳᠦ ᠦᠨᠳᠦᠰᠦᠯᠡᠭᠦᠯᠬᠦ ᠵᠢ ᠪᠡᠶᠡᠯᠡᠬᠦᠯᠵᠦ᠂ 60 ᠱᠢᠬᠠᠮ SKU ᠦᠶ᠋ᠯᠡᠳᠬᠦᠨ ᠵᠡᠭᠦᠨ ᠡᠮᠦᠨᠡᠲᠦ ᠠᠽᠢᠶ᠎ᠠ ᠪᠣᠯᠤᠨ ᠠᠦ᠋ᠰᠲ᠋ᠷᠠᠯᠢᠶ᠎ᠠ᠎ᠳᠤ ᠪᠣᠷᠣᠯᠠᠭᠤᠯᠭ᠎ᠠ ᠰᠠᠢᠲᠠᠶ ᠪᠤᠯᠪᠠ᠃ ᠢᠨᠳᠣᠨᠧᠱᠢᠢ᠎ᠠ᠎ᠳᠤ 3 ᠦᠢᠯᠡᠳᠪᠦᠷᠢ ᠪᠠᠢᠭᠤᠯᠤᠭ᠍ᠰᠠᠨ ᠪᠥᠭᠡᠳ ᠹᠢᠯᠢᠫᠢᠨ᠎ᠳᠦ ᠵᠡᠭᠦᠨ ᠡᠮᠦᠨᠡᠲᠦ ᠠᠽᠢᠶ᠎ᠠ᠎ᠶ᠋ᠢᠨ ᠬᠠᠮᠤᠭ᠎ᠤᠨ ᠲᠤᠮᠤ ᠭᠠᠭ᠍ᠴᠠ ᠪᠡᠶᠡᠲᠦ ᠮᠥᠰᠥᠮᠡᠯᠵᠢ᠎ᠶ᠋ᠢᠨ ᠦᠢᠯᠡᠳᠪᠦᠷᠢ ᠪᠠᠢᠭᠤᠯᠵᠤ᠂ ᠵᠠᠬ᠎ᠠ ᠳᠡᠯᠭᠡᠭᠦᠷ᠎ᠦᠨ ᠡᠵᠡᠯᠡᠬᠦ᠌ ᠬᠤᠪᠢ ᠨᠢ ᠢᠨᠳᠣᠨᠧᠱᠢᠢ᠎ᠠ᠎ᠳᠤ ᠲᠦᠷᠦᠭᠦᠯᠡᠪᠡ᠃

ᠢᠷᠡᠭᠡᠳᠦᠢ᠎ᠳᠦ᠂ ᠮᠸᠩ ᠨᠢᠦ ᠭᠠᠳᠠᠭᠠᠳᠤ᠎ᠳᠡᠬᠢ ᠪᠠᠢᠷᠢᠱᠢᠭᠤᠯᠤᠯᠲᠠ᠎ᠶ᠋ᠢᠨ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠪᠦᠬᠦ᠌ ᠪᠥᠮᠪᠥᠷᠴᠡᠭ᠎ᠦᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠠᠪᠴᠠᠩ᠎ᠳᠤ ᠲᠦᠱᠢᠭ᠌ᠯᠡᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠳᠡᠯᠡᠬᠡᠢ᠎ᠶ᠋ᠢᠨ ᠰᠦ᠎ᠶ᠋ᠢᠨ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠵᠤ᠂ ᠪᠠᠰᠠ ᠢᠨᠳᠣᠨᠧᠱᠢᠢ᠎ᠠ᠎ᠶ᠋ᠢ ᠪᠠᠭ᠍ᠲᠠᠭᠠᠭ᠍ᠰᠠᠨ ᠪᠦᠬᠦ᠌ ᠪᠥᠮᠪᠥᠷᠴᠡᠭ᠎ᠦᠨ ᠬᠡᠷᠡᠭ᠌ᠯᠡᠭ᠌ᠴᠢᠳ᠎ᠲᠦ ᠰᠦ ᠤᠤᠭᠤᠯᠭᠠᠵᠤ᠂ ᠰᠠᠢᠨ ᠰᠦ ᠤᠤᠭᠤᠯᠭᠠᠵᠤ᠂ ᠠᠰᠢᠭᠳᠠᠢ ᠰᠦ ᠤᠤᠭᠤᠯᠭᠠᠵᠤ᠂ ᠨᠡᠩ ᠱᠢᠮ᠎ᠡ ᠲᠡᠵᠢᠭᠡᠯ᠎ᠲᠡᠶ᠂ ᠨᠡᠩ ᠡᠷᠡᠭᠦᠯ᠂ ᠨᠡᠩ ᠴᠢᠨᠠᠷ ᠰᠠᠢᠲᠠᠢ ᠳᠤᠮᠳᠠᠳᠤ ᠤᠯᠤᠰ᠎ᠤᠨ ᠰᠠᠢ᠌ᠨ ᠰᠦ᠎ᠶ᠋ᠢ ᠬᠠᠨᠭᠭᠠᠨ᠎ᠠ᠃

ᠳᠤᠮᠳᠠᠳᠤ ᠤᠯᠤᠰ᠎ᠤᠨ ᠡᠳᠦᠷ᠎ᠦᠨ ᠰᠣᠨᠢᠨ᠎ᠤ ᠰᠤᠷᠪᠤᠯᠵᠢᠯᠠᠭ᠍ᠴᠢ᠄ ᠠᠷᠠᠳ ᠲᠦᠮᠡᠨ᠎ᠦ ᠵᠣᠯ ᠵᠢᠷᠭᠠᠯᠲᠤ ᠠᠮᠢᠳᠤᠷᠠᠯ ᠪᠣᠯ ᠬᠠᠮᠤᠭ᠎ᠤᠨ ᠶᠡᠬᠡ ᠬᠥᠮᠦᠨ᠎ᠦ ᠡᠷᠬᠡ ᠮᠥᠨ᠃ ᠪᠢᠳᠡᠨ ᠤ᠋ ᠣᠢᠯᠠᠭᠠᠭ᠍ᠰᠠᠨ᠎ᠢᠶᠠᠷ᠂ ᠡᠨᠡ ᠵᠢᠯ ᠥᠪᠥᠷ ᠮᠣᠩᠭᠣᠯ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠢ᠋ ᠬᠡᠷᠡᠭ᠌ᠵᠢᠭᠦᠯᠬᠦ᠌᠎ᠪᠡᠷ ᠳᠤᠷᠠᠳᠪᠠ᠂ ᠡᠲᠡᠭᠡᠷ ᠵᠢᠯ᠎ᠦᠳ ᠳᠡᠬᠢ ᠥᠪᠥᠷ ᠮᠣᠩᠭᠣᠯ᠎ᠤᠨ ᠠᠷᠠᠳ᠎ᠤᠨ ᠠᠮᠢᠳᠤᠷᠠᠯ᠎ᠤᠨ ᠲᠠᠯ᠎ᠠ᠎ᠶ᠋ᠢᠨ ᠪᠠᠢᠳᠠᠯ᠎ᠢ ᠲᠠᠨᠢᠯᠴᠠᠭᠤᠯᠤᠭᠠᠳ ᠥᠭ᠌ᠭᠦᠨ᠎ᠡ ᠦᠦ?

ᠪᠦᠦ ᠭᠠᠩ ᠲᠥᠯᠥᠭᠡᠯᠡᠭ᠌ᠴᠢ᠄ ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ᠎ᠳᠤ᠂ ᠨᠢᠭᠡ ᠬᠡᠷ ᠨᠢᠭᠡ ᠡᠷᠦᠬᠡ ᠴᠢᠨᠠᠭ᠍ᠰᠢᠯᠠᠪᠠᠯ ᠨᠢᠭᠡ ᠬᠥᠮᠦᠨ ᠦᠨᠳᠦᠰᠦᠨ ᠠᠮᠢᠳᠤᠷᠠᠯ᠎ᠤᠨ ᠠᠰᠠᠭᠤᠳᠠᠯ᠎ᠢᠶᠠᠨ ᠱᠢᠶ᠋ᠳᠪᠦᠷᠢᠯᠡᠭᠡᠳᠦᠶ ᠯᠡ ᠶᠤᠮ ᠪᠣᠯ ᠪᠢᠳᠡ ᠴᠥᠮ ᠰᠡᠳᠭᠢᠯ ᠠᠮᠤᠷ ᠰᠠᠭᠤᠵᠤ ᠪᠣᠯᠬᠤ ᠥᠬᠡᠶ; ᠤᠯᠠᠨ ᠲᠦᠮᠡᠨ᠎ᠦ ᠵᠣᠯ ᠵᠢᠷᠭᠠᠯᠲᠤ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ ᠪᠣᠳᠠᠲᠤ ᠠᠬᠤᠢ ᠪᠣᠯᠤᠨ ᠪᠡᠶᠡᠯᠡᠭ᠌ᠳᠡᠭᠡᠳᠦᠢ ᠯᠡ ᠶᠤᠮ ᠪᠣᠯ ᠪᠢᠳᠡ ᠴᠥᠮ ᠥᠴᠦᠬᠡᠨ ᠴᠦ᠍ ᠴᠠᠯᠠᠭᠠᠢᠷᠠᠬᠤ ᠦᠭᠡᠢ᠎ᠪᠡᠷ ᠤᠯᠠᠨ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠬᠠᠮᠲᠤ᠎ᠪᠠᠷ ᠲᠡᠮᠡᠴᠡᠬᠦ᠌ ᠬᠡᠷᠡᠭ᠌ᠲᠡᠢ ᠭᠡᠵᠦ᠍ ᠵᠠᠬᠢᠪᠠ᠃ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠥᠪᠥᠷ ᠮᠣᠩᠭᠣᠯ ᠠᠷᠠᠳ ᠲᠦᠮᠡᠨ᠎ᠢᠶᠡᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠢᠵᠢᠷᠠᠭᠤᠯᠬᠤ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠪᠠ᠃ ᠨᠢᠭᠡ᠎ᠳᠦ᠂ ᠠᠵᠢᠯ ᠣᠯᠭᠣᠵᠤ ᠣᠷᠣᠯᠭ᠎ᠠ᠎ᠶ᠋ᠢ ᠨᠡᠮᠡᠭ᠌ᠳᠡᠭᠦᠯᠬᠦ᠌ ᠲᠠᠯ᠎ᠠ᠎ᠪᠠᠷ᠂ ᠬᠣᠲᠠ ᠪᠠᠯᠭᠠᠰᠤᠨ᠎ᠳᠤ ᠨᠡᠢᠲᠡ 106 ᠲᠦᠮᠡᠨ ᠬᠥᠮᠦᠨ᠎ᠳᠦ ᠱᠢᠨ᠎ᠡ᠎ᠪᠡᠷ ᠠᠵᠢᠯ ᠣᠯᠭᠣᠵᠤ᠂ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ 4 ᠲᠦᠮᠡᠨ ᠲᠥᠭᠥᠷᠢᠭ᠎ᠢ ᠳᠠᠪᠠᠵᠤ᠂ ᠪᠥᠬᠥ᠌ ᠤᠯᠤᠰ᠎ᠲᠤ ᠶᠢᠰᠦᠳᠦᠭᠡᠷ᠎ᠲᠦ ᠣᠷᠣᠪᠠ᠃ ᠬᠣᠶᠠᠷ᠎ᠲᠤ᠂ ᠰᠤᠷᠭᠠᠨ ᠬᠥᠮᠦᠵᠢᠯ᠎ᠦᠨ ᠬᠠᠩᠭᠠᠯᠭ᠎ᠠ᠎ᠶ᠋ᠢᠨ ᠲᠠᠯ᠎ᠠ᠎ᠪᠠᠷ᠂ ᠰᠤᠷᠭᠠᠭᠤᠯᠢ ᠵᠢᠨ ᠨᠠᠰᠤᠨ ᠡᠴᠡ ᠡᠮᠦᠨᠡᠬᠢ ᠰᠤᠷᠭᠠᠨ ᠬᠥᠮᠦᠵᠢᠯ᠎ᠦᠨ ᠴᠡᠴᠡᠷᠯᠢᠭ᠎ᠲᠦ ᠤᠷᠤᠭ᠍ᠰᠠᠨ ᠪᠥᠬᠥ᠌ ᠨᠣᠷᠮ᠎ᠠ 95.7%᠎ᠳ᠋ᠤ ᠬᠦᠷᠴᠦ᠍᠂ ᠶᠢᠰᠦᠨ ᠵᠢᠯ᠎ᠦᠨ ᠠᠯᠪᠠᠨ ᠵᠢᠷᠤᠮ᠎ᠤᠨ ᠰᠤᠷᠭᠠᠨ ᠬᠥᠮᠦᠵᠢᠯ᠎ᠢ ᠪᠡᠬᠢᠵᠢᠭᠦᠯᠦᠭ᠌ᠰᠡᠨ ᠨᠣᠷᠮ᠎ᠠ 99.6%᠎ᠳ᠋ᠤ ᠬᠦᠷᠴᠦ᠍᠂ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠱᠠᠲᠤᠨ᠎ᠤ ᠰᠤᠷᠭᠠᠭᠤᠯᠢ᠎ᠳᠤ ᠤᠷᠤᠭ᠍ᠰᠠᠨ ᠪᠥᠬᠥ᠌ ᠨᠣᠷᠮ᠎ᠠ 94.3%᠎ᠳ᠋ᠤ ᠬᠦᠷᠴᠦ᠍᠂ ᠴᠥᠮ ᠪᠥᠬᠥ᠌ ᠤᠯᠤᠰ᠎ᠤᠨ ᠳᠤᠮᠳᠠᠴᠢ ᠲᠦᠪᠱᠢᠨ ᠡᠴᠡ ᠥᠨᠳᠥᠷ ᠪᠣᠯᠪᠠ᠃ ᠭᠤᠷᠪᠠ᠎ᠳᠤ᠂ ᠡᠮᠴᠢᠯᠡᠭᠡᠨ᠎ᠦ ᠦᠶ᠋ᠯᠡᠴᠢᠯᠡᠭᠡ᠎ᠶ᠋ᠢᠨ ᠲᠠᠯ᠎ᠠ᠎ᠪᠠᠷ᠂ ᠤᠯᠤᠰ᠎ᠤᠨ ᠣᠷᠣᠨ ᠪᠦᠰᠡ᠎ᠶ᠋ᠢᠨ ᠡᠮᠴᠢᠯᠡᠭᠡᠨ᠎ᠦ ᠲᠥᠪ᠎ᠢ 4 ᠪᠠᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠲᠤᠰᠭᠠᠶ ᠮᠡᠷᠭᠡᠵᠢᠯ᠎ᠦᠨ ᠣᠷᠣᠨ ᠪᠦᠰᠡ᠎ᠶ᠋ᠢᠨ ᠡᠮᠴᠢᠯᠡᠭᠡᠨ᠎ᠦ ᠲᠥᠪ᠎ᠢ 39 ᠪᠠᠢᠷᠢᠯᠠᠭᠤᠯᠪᠠ᠃ ᠳᠥᠷᠪᠡ᠎ᠳᠦ᠂ 《ᠦᠳᠡᠭᠦᠰ ᠨᠢᠯᠬᠠᠰ》 ᠤ᠋ᠨ ᠲᠠᠯ᠎ᠠ᠎ᠪᠠᠷ᠂ ᠨᠠᠰᠤᠵᠢᠯ᠎ᠤᠨ ᠠᠰᠠᠷᠠᠮᠵᠢ᠎ᠶ᠋ᠢᠨ ᠪᠠᠢᠭᠤᠯᠤᠮᠵᠢ ᠪᠠ ᠲᠥᠬᠥᠭᠡᠷᠦᠮᠵᠢ 9341᠎ᠳ᠋ᠤ ᠬᠦᠷᠴᠦ᠍᠂ 3 ᠨᠠᠰᠤᠨ ᠡᠴᠡ ᠳᠣᠷᠣᠭ᠍ᠰᠢᠬᠢ ᠨᠢᠯᠬ᠎ᠠ ᠬᠡᠦᠬᠡᠳ᠎ᠢᠶᠡᠨ ᠨᠠᠢᠳᠠᠬᠤ ᠣᠷᠣᠨ ᠪᠠᠢᠷᠢ᠎ᠶᠢᠨ ᠲᠣᠭ᠎ᠠ ᠮᠢᠩᠭᠠᠨ ᠬᠥᠮᠦᠨ ᠪᠦᠷᠢ᠎ᠳᠦ 4.6 ᠪᠣᠯᠲᠠᠯ᠎ᠠ ᠳᠡᠭᠡᠭ᠌ᠰᠢᠯᠡᠪᠡ᠃ ᠲᠠᠪᠤ᠎ᠳᠤ᠂ ᠨᠡᠢᠭᠡᠮ᠎ᠦᠨ ᠪᠠᠲᠤᠯᠠᠭ᠎ᠠ᠎ᠶ᠋ᠢᠨ ᠲᠠᠯ᠎ᠠ᠎ᠪᠠᠷ᠂ ᠠᠷᠠᠳ᠎ᠤᠨ ᠦᠨᠳᠦᠰᠦᠨ ᠠᠮᠢᠳᠤᠷᠠᠯ᠎ᠤᠨ ᠪᠠᠲᠤᠯᠠᠭ᠎ᠠ᠎ᠶ᠋ᠢᠨ ᠪᠠᠷᠢᠮᠵᠢᠶ᠎ᠠ᠎ᠶ᠋ᠢ ᠴᠥᠮ ᠪᠦᠬᠦ᠌ ᠤᠯᠤᠰ᠎ᠤᠨ ᠳᠤᠮᠳᠠᠴᠢ ᠲᠦᠪᠱᠢᠨ᠎ᠳᠦ ᠬᠦᠷᠭᠡᠭ᠌ᠰᠡᠨ ᠪᠤᠶᠤ ᠲᠡᠭᠦᠨ ᠡᠴᠡ ᠳᠠᠪᠠᠭᠤᠯᠵᠤ᠂ ᠡᠮ ᠡᠮᠨᠡᠯᠭᠡ᠎ᠶ᠋ᠢᠨ ᠳᠠᠭᠠᠳᠭᠠᠯ᠎ᠤᠨ ᠪᠠᠢᠭᠤᠯᠤᠮᠵᠢ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠨᠢ ᠤᠯᠠᠨ ᠲᠦᠮᠡᠨ᠎ᠦ ᠳᠠᠷᠤᠭᠠᠰᠤ᠎ᠶ᠋ᠢ 237 ᠳ᠋ᠦᠩᠱᠢᠭᠤᠷ ᠲᠥᠭᠥᠷᠢᠭ ᠬᠥᠩᠭᠡᠷᠡᠭᠦᠯᠪᠡ᠃ ᠵᠢᠷᠭᠤᠭ᠎ᠠ᠎ᠳᠤ᠂ ᠣᠷᠣᠨ ᠰᠠᠭᠤᠴᠠ᠎ᠶ᠋ᠢᠨ ᠨᠥᠬᠥᠴᠡᠯ᠎ᠦᠨ ᠲᠠᠯ᠎ᠠ᠎ᠪᠠᠷ᠂ ᠬᠣᠲᠠ ᠪᠠᠯᠭᠠᠰᠤᠨ᠎ᠤ 7323 ᠬᠠᠭᠤᠴᠢᠨ ᠰᠠᠭᠤᠭᠠᠯᠢ ᠲᠣᠭᠣᠷᠢᠭ᠂ 5.2 ᠲᠦᠮᠡᠨ ᠢᠵᠢ ᠲᠥᠬᠥᠮ ᠪᠦᠲᠦᠴᠡᠲᠦ ᠣᠷᠣᠨ ᠰᠠᠭᠤᠴᠠ᠎ᠶᠢᠨ ᠳᠤᠭᠤᠷᠢᠭ᠂ 3.1 ᠲᠦᠮᠡᠨ ᠢᠵᠢ ᠨᠤᠷᠠᠬᠤ ᠠᠶᠤᠯᠲᠠᠶ ᠬᠠᠭᠤᠴᠢᠨ ᠬᠡᠷ ᠪᠠᠢᠱᠢᠩ᠎ᠢ ᠥᠭᠡᠷᠡᠴᠢᠯᠡᠨ ᠵᠠᠰᠠᠵᠤ᠂ ᠣᠷᠣᠨ ᠰᠠᠭᠤᠴᠠ᠎ᠶ᠋ᠢᠨ ᠣᠷᠴᠢᠨ ᠲᠤᠭᠤᠷᠢᠨ᠎ᠢ ᠦᠷᠭᠦᠯᠵᠢᠯᠡᠨ ᠰᠠᠢᠵᠢᠷᠠᠭᠤᠯᠪᠠ᠃

《ᠠᠷᠪᠠᠨ ᠳᠠᠪᠤᠳᠤᠭᠠᠷ ᠳᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠲᠣᠭ᠍ᠲᠠᠭᠠᠬᠤ ᠦᠶᠡᠰ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠠᠷᠠᠳ᠎ᠤᠨ ᠠᠮᠢᠳᠤᠷᠠᠯ᠎ᠢ ᠳᠡᠷᠢᠬᠦᠨ᠎ᠳᠦ ᠳᠠᠯᠪᠢᠬᠤ ᠵᠢ ᠪᠠᠷᠢᠮᠲᠠᠯᠠᠵᠤ᠂ ᠬᠣᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠨᠡᠮᠡᠭ᠌ᠳᠡᠭᠦᠯᠬᠦ᠌᠂ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠤᠨ ᠪᠠᠭ᠍ᠲᠠᠭᠠᠮᠵᠢ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠂ ᠰᠤᠷᠭᠠᠨ ᠬᠥᠮᠦᠵᠢᠯ ᠵᠢᠭᠠᠨ ᠰᠤᠷᠭᠠᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠂ ᠡᠮᠴᠢᠯᠡᠭᠡᠨ ᠤ᠋ ᠰᠡᠷᠭᠡᠢᠯᠡᠨ ᠵᠠᠰᠠᠬᠤ ᠡᠷᠡᠭᠦᠯᠵᠢᠬᠦᠯᠬᠦ ᠬᠠᠮᠢᠶᠠᠷᠬᠤ ᠦᠶ᠋ᠯᠡᠴᠢᠯᠡᠬᠦ ᠪᠠ ᠨᠠᠰᠤᠵᠢᠯ᠎ᠤᠨ ᠠᠰᠠᠷᠠᠮᠵᠢ᠎ᠶᠢᠨ ᠦᠨᠳᠦᠰᠦᠨ ᠦᠶ᠋ᠯᠡᠴᠢᠯᠡᠭᠡᠨ᠎ᠦ ᠱᠢᠰᠲ᠋ᠧᠮ᠎ᠢ ᠱᠢᠯᠢᠳᠡᠭ᠌ᠵᠢᠭᠦᠯᠬᠦ᠌᠂ ᠬᠥᠩᠭᠡᠵᠢᠯ᠎ᠳᠦ ᠨᠥᠬᠥᠷᠰᠡᠭ ᠬᠡᠯᠪᠡᠷᠢ᠎ᠶ᠋ᠢᠨ ᠨᠡᠢᠭᠡᠮ᠎ᠦᠨ ᠪᠠᠢᠭᠤᠯᠤᠯᠲᠠ᠂ ᠵᠠᠮ ᠬᠠᠷᠢᠯᠴᠠᠭ᠎ᠠ ᠰᠠᠭᠠᠳ ᠥᠬᠡᠶ ᠨᠡᠪᠲᠡᠷᠡᠬᠦ᠌᠂ ᠵᠥᠷᠢᠴᠡᠯ ᠵᠠᠭᠤᠷᠠᠯᠳᠤᠭᠠᠨ᠎ᠢ ᠣᠯᠠᠨ ᠡᠱᠢᠵᠢᠭᠦᠯᠦᠨ ᠱᠢᠶ᠋ᠳᠪᠦᠷᠢᠯᠡᠬᠦ᠌᠂ ᠬᠡᠷᠡᠭ᠌ᠯᠡᠭ᠌ᠴᠢᠳ᠎ᠦᠨ ᠡᠷᠬᠡ ᠠᠱᠢᠭ᠎ᠢ ᠬᠠᠮᠠᠭᠠᠯᠠᠬᠤ᠂ ᠬᠣᠲᠠ ᠬᠥᠳᠡᠭᠡ᠎ᠶ᠋ᠢᠨ ᠣᠷᠣᠱᠢᠨ ᠰᠠᠭᠤᠬᠤ ᠣᠷᠴᠢᠨ ᠲᠣᠭᠣᠷᠢᠨ᠎ᠢ ᠰᠠᠢᠵᠢᠷᠠᠭᠤᠯᠬᠤ 《ᠠᠷᠠᠳ᠎ᠤᠨ ᠠᠮᠢᠳᠤᠷᠠᠯ᠎ᠤᠨ ᠠᠷᠪᠠᠨ ᠶᠡᠬᠡ ᠢᠨᠵᠧᠨᠧᠷᠢᠩ》 ᠢ᠋ ᠬᠡᠷᠡᠭᠵᠢᠬᠦᠯᠬᠦ ᠵᠢ ᠳᠤᠷᠠᠳᠤᠨ ᠭᠠᠷᠭᠠᠪᠠ᠃ 2026 ᠣᠨ᠎ᠤ ᠥᠪᠡᠷᠲᠡᠭᠡᠨ ᠵᠠᠰᠠᠬᠤ ᠣᠷᠣᠨ᠎ᠤ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ》 ᠳ᠋ᠤ 《ᠠᠷᠠᠳ᠎ᠤᠨ ᠠᠮᠢᠳᠤᠷᠠᠯ᠎ᠤᠨ ᠠᠷᠪᠠᠨ ᠪᠣᠳᠠᠲᠤ ᠶᠠᠪᠤᠳᠠᠯ》᠎ᠢ᠋ ᠨᠠᠷᠢᠯᠢᠭ ᠳᠤᠷᠠᠳᠴᠠᠶ᠃ ᠵᠢᠱ᠌ᠢᠶᠡᠯᠡᠪᠡᠯ 《ᠠᠵᠢᠯ ᠣᠯᠭᠣᠬᠤ ᠪᠠᠷ ᠲᠡᠳᠬᠦᠮᠵᠢ᠎ᠶ᠋ᠢ ᠣᠷᠣᠯᠠᠭᠤᠯᠬᠤ》᠂ 《ᠤᠮᠠᠷᠠᠲᠤ᠎ᠶᠢᠨ ᠭᠤᠷᠪᠠᠨ ᠤᠷᠤᠨ》 ᠤ᠋ ᠢᠨᠵᠧᠨᠧᠷᠢᠩ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶ᠋ᠢᠨ ᠬᠥᠳᠡᠯᠮᠦᠷᠢ ᠦᠢᠯᠡᠴᠢᠯᠡᠭᠡ ᠪᠡᠷ ᠳᠠᠮᠵᠢᠭᠤᠯᠤᠨ ᠬᠥᠯᠥᠰᠥ᠍ ᠣᠯᠭᠣᠮᠵᠢ ᠵᠢ 20 ᠳ᠋ᠦᠩᠱᠢᠭᠤᠷ ᠲᠥᠭᠥᠷᠢᠭ᠎ᠡᠴᠡ ᠳᠡᠭᠡᠭ᠌ᠰᠢ ᠣᠯᠭᠣᠨ᠎ᠠ᠃ ᠵᠢᠱ᠌ᠢᠶᠡᠯᠡᠪᠡᠯ 50 ᠲᠦᠮᠡ᠎ᠡᠴᠡ ᠳᠡᠭᠡᠭ᠌ᠰᠢ ᠠᠵᠢᠯ᠎ᠤᠨ ᠪᠠᠢᠷᠢ ᠨᠡᠢᠲᠡᠯᠡᠵᠦ᠍᠂ ᠲᠥᠷᠥ᠎ᠶ᠋ᠢᠨ ᠪᠣᠳᠣᠯᠭ᠎ᠠ᠎ᠶ᠋ᠢᠨ ᠴᠢᠨᠠᠷᠲᠠᠶ ᠠᠵᠢᠯ᠎ᠤᠨ ᠪᠠᠢᠷᠢ᠎ᠶ᠋ᠢ 4.5 ᠲᠦᠮᠡ ᠭᠠᠷᠭᠠᠵᠤ᠂ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠪᠣᠯᠪᠠᠰᠤᠷᠠᠯ᠎ᠢ 40 ᠲᠦᠮᠡᠨ ᠬᠥᠮᠦᠨ ᠤᠳᠠᠭ᠎ᠠ ᠥᠷᠨᠢᠭᠦᠯᠦᠨ᠎ᠡ᠃ ᠵᠢᠱ᠌ᠢᠶᠡᠯᠡᠪᠡᠯ ᠰᠤᠷᠤᠭ᠍ᠴᠢᠳ᠎ᠤᠨ ᠰᠠᠨᠠᠭᠠᠨ᠎ᠳᠤ ᠥᠬᠡᠶ ᠰᠢᠷᠬᠠᠳᠤᠯ᠎ᠤᠨ ᠬᠠᠷᠢᠭᠤᠴᠠᠯᠭ᠎ᠠ᠎ᠶ᠋ᠢᠨ ᠳᠠᠭᠠᠳᠭᠠᠯ᠎ᠢ ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠱᠠᠲᠤᠨ ᠡᠴᠡ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠱᠠᠲᠤ ᠦᠶ᠎ᠡ ᠪᠠ ᠲᠦᠭᠡᠮᠡᠯ ᠬᠠᠷᠠᠭᠠᠯᠵᠠᠯ᠎ᠤᠨ ᠴᠢᠨᠠᠷᠲᠠᠶ ᠬᠡᠦᠬᠡᠳ᠎ᠦᠨ ᠴᠡᠴᠡᠷᠯᠢᠭ ᠬᠦᠷᠲᠡᠯ᠎ᠡ ᠥᠷᠭᠡᠳᠭᠡᠵᠦ᠍᠂ ᠳᠠᠭᠠᠳᠭᠠᠯ᠎ᠤᠨ ᠰᠦᠶ᠋ᠳᠭᠡᠯ᠎ᠢ ᠰᠣᠷᠣᠭ᠍ᠴᠢ ᠨᠢᠭᠡᠪᠦᠷᠢ ᠵᠢᠯ᠎ᠳᠦ 5 ᠲᠥᠭᠥᠷᠢᠭ ᠪᠠᠢᠭ᠍ᠰᠠᠨ ᠡᠴᠡ 10 ᠲᠥᠭᠥᠷᠢᠭ ᠪᠣᠯᠭᠠᠨ ᠳᠡᠭᠡᠭ᠌ᠰᠢᠯᠡᠭᠦᠯᠦᠨ᠎ᠡ; ᠡᠩ᠎ᠦᠨ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠰᠤᠷᠤᠭ᠍ᠴᠢ ᠡᠯᠰᠡᠬᠦ᠌ ᠲᠥᠯᠥᠪᠯᠡᠭᠡ᠎ᠶ᠋ᠢ 5000 ᠨᠡᠮᠡᠭ᠌ᠳᠡᠭᠦᠯᠦᠨ᠎ᠡ; ᠶᠠᠳᠠᠭᠤ ᠡᠴᠡ ᠠᠩᠭᠢᠵᠢᠷᠠᠭᠤᠯᠵᠤ ᠪᠤᠭᠤᠮᠳᠠ ᠱᠢᠪᠲᠤᠯᠤᠭᠰᠠᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠭᠡᠬᠦ᠌᠎ᠶ᠋ᠢ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠯᠤᠭ᠎ᠠ ᠪᠦᠲᠦᠮᠵᠢᠲᠡᠶ ᠵᠣᠯᠭᠠᠭᠤᠯᠬᠤ ᠬᠣᠱᠢᠭᠤ ᠱᠢᠶᠠᠨ᠎ᠤ ᠰᠤᠷᠭᠠᠭᠤᠯᠢ᠎ᠳᠤ ᠪᠠᠢᠭ᠎ᠠ ᠪᠠᠭ᠎ᠠ ᠰᠤᠷᠭᠠᠭᠤᠯᠢ᠎ᠶ᠋ᠢᠨ ᠰᠣᠷᠣᠭ᠍ᠴᠢ᠂ ᠴᠡᠴᠡᠷᠯᠢᠭ᠎ᠲᠦ ᠪᠠᠢᠭ᠎ᠠ ᠬᠡᠦᠬᠡᠳ᠎ᠲᠦ ᠡᠳᠦᠷ ᠪᠦᠷᠢ 《ᠨᠢᠭᠡ ᠴᠣᠮᠣ ᠰᠥ》 ᠬᠠᠩᠭᠠᠨ᠎ᠠ᠃ ᠵᠢᠱ᠌ᠢᠶᠡᠯᠡᠪᠡᠯ ᠪᠦᠬᠦ᠌ ᠣᠷᠣᠨ᠎ᠤ ᠣᠷᠣᠯᠭ᠎ᠠ ᠪᠠᠭ᠎ᠠ ᠪᠦᠭᠡᠳ ᠬᠦᠴᠢᠷᠳᠡᠯᠲᠡᠶ ᠭᠡᠷ ᠪᠦᠯᠢ᠎ᠶ᠋ᠢᠨ ᠴᠠᠭᠠᠨ ᠬᠠᠷᠠᠩ ᠡᠪᠡᠳᠴᠢᠲᠡᠨ᠎ᠳᠦ ᠰᠦᠢᠳᠭᠡᠯ ᠬᠤᠷᠢᠶᠠᠬᠤ ᠦᠭᠡᠶ᠎ᠪᠡᠷ 2000 ᠤᠳᠠᠭ᠎ᠠ ᠮᠡᠰᠡ ᠵᠠᠰᠠ ᠬᠢᠵᠦ ᠦᠭᠴᠦ᠂ 《ᠬᠣᠶᠠᠷ ᠥᠮᠡᠨ》᠎ᠳ᠋ᠤ᠌ ᠨᠡᠷᠪᠡᠭ᠌ᠳᠡᠭ᠌ᠰᠡᠨ ᠡᠮᠡᠭ᠌ᠲᠡᠢᠴᠦᠳ᠎ᠲᠦ ᠬᠥᠮᠦᠨ ᠪᠦᠷᠢ᠎ᠳᠦ 1 ᠲᠦᠮᠡᠨ ᠲᠥᠭᠥᠷᠢᠭ᠎ᠦᠨ ᠲᠤᠰᠠᠯᠠᠮᠵᠢ ᠣᠯᠭᠣᠨ᠎ᠠ᠃ ᠵᠢᠱ᠌ᠢᠶᠡᠯᠡᠪᠡᠯ ᠳᠤᠮᠳᠠ ᠵᠡᠷᠭᠡ᠎ᠡᠴᠡ ᠳᠡᠭᠡᠭ᠌ᠰᠢᠬᠢ ᠴᠢᠳᠠᠪᠤᠷᠢ᠎ᠪᠠᠨ ᠠᠯᠳᠠᠭ᠍ᠰᠠᠨ ᠨᠠᠰᠤᠲᠠᠢᠴᠤᠳ᠎ᠲᠤ ᠨᠠᠰᠤᠵᠢᠯ᠎ᠤᠨ ᠠᠰᠠᠷᠠᠮᠵᠢ᠎ᠶ᠋ᠢᠨ ᠦᠶ᠋ᠯᠡᠴᠢᠯᠡᠭᠡᠨ᠎ᠦ ᠬᠡᠷᠡᠭ᠌ᠯᠡᠭᠡᠨ᠎ᠦ ᠨᠥᠬᠥᠪᠥᠷᠢ ᠣᠯᠭᠣᠵᠤ᠂ ᠬᠡᠷ ᠪᠦᠯᠢ᠎ᠶ᠋ᠢᠨ ᠨᠠᠰᠤᠵᠢᠯ᠎ᠤᠨ ᠠᠰᠠᠷᠠᠮᠵᠢ᠎ᠶ᠋ᠢᠨ ᠣᠷᠣ᠎ᠶ᠋ᠢ 7000 ᠪᠠᠢᠭᠤᠯᠤᠨ᠎ᠠ᠃ ᠵᠢᠱ᠌ᠢᠶᠡᠯᠡᠪᠡᠯ ᠨᠢᠯᠬ᠎ᠠ ᠬᠡᠦᠬᠡᠳ᠎ᠲᠦ ᠰᠦᠢᠳᠭᠡᠯ ᠬᠤᠷᠢᠶᠠᠬᠤ ᠦᠭᠡᠢ᠎ᠪᠡᠷ ᠪᠧᠨ᠋ᠽᠧᠨ᠋ᠳᠤ ᠫᠷᠣᠫᠠ ᠺᠸᠲ᠋ᠤᠨᠳᠤ ᠱᠢᠭᠡᠰᠦᠨ ᠡᠪᠡᠳᠴᠢᠨ ᠵᠡᠷᠭᠡ ᠡᠪᠡᠳᠴᠢᠨ ᠡᠮᠭᠡᠭ᠎ᠢ ᠱᠢᠭ᠌ᠰᠢᠨ ᠪᠠᠢᠴᠠᠭᠠᠬᠤ ᠦᠢᠯᠡᠴᠢᠯᠡᠭᠡ ᠬᠠᠩᠭᠠᠵᠤ᠂ ᠡᠭᠦᠳᠡᠨ ᠡᠮᠨᠡᠯᠭᠡ᠎ᠶ᠋ᠢᠨ ᠬᠥᠩᠭᠡᠵᠢᠬᠦ᠌᠎ᠡᠴᠡ ᠡᠮᠦᠨᠡᠬᠢ ᠪᠠᠢᠴᠠᠭᠠᠯᠲᠠ᠎ᠶ᠋ᠢᠨ ᠦᠨᠳᠦᠰᠦᠨ ᠬᠠᠮ ᠦᠢᠯᠡᠴᠢᠯᠡᠭᠡ᠎ᠶᠢᠨ ᠵᠠᠷᠤᠳᠠᠯ ᠵᠢᠴᠢ ᠬᠥᠩᠭᠡᠵᠢᠬᠦ᠌᠎ᠳᠦ ᠡᠭᠦᠰᠦᠭ᠌ᠰᠡᠨ ᠲᠦᠷᠦ᠍᠎ᠶ᠋ᠢᠨ ᠪᠤᠳᠤᠯᠭ᠎ᠠ᠎ᠶ᠋ᠢᠨ ᠬᠡᠪᠴᠢᠶᠡᠨ᠎ᠳᠡᠬᠢ ᠡᠮᠨᠡᠯᠭᠡ᠎ᠳᠦ ᠰᠠᠭᠤᠭ᠍ᠰᠠᠨ ᠡᠮᠴᠢᠯᠡᠭᠡᠨ᠎ᠦ ᠵᠠᠷᠤᠳᠠᠯ᠎ᠢ ᠪᠦᠬᠦ᠌ ᠲᠣᠭ᠎ᠠ᠎ᠪᠠᠷ ᠨᠢ ᠳᠠᠩᠰᠠ ᠲᠠᠢᠯᠤᠨ᠎ᠠ᠃ ᠵᠠᠯᠭᠠᠭᠠᠳ᠂ ᠪᠢᠳᠡ ᠵᠠᠰᠠᠭ᠎ᠤᠨ ᠠᠵᠢᠯ᠎ᠤᠨ ᠪᠦᠳᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠪᠤᠢ ᠪᠣᠯᠭᠠᠬᠤ ᠪᠠ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠢ ᠭᠦᠨᠵᠡᠭᠡᠢ ᠥᠷᠨᠢᠭᠦᠯᠵᠦ᠍᠂ ᠠᠷᠠᠳ ᠲᠦᠮᠡᠨ᠎ᠤ ᠲᠦᠯᠦᠭᠡ ᠵᠠᠰᠠᠭ᠎ᠤᠨ ᠠᠵᠢᠯ᠎ᠤᠨ ᠪᠦᠳᠦᠮᠵᠢ ᠭᠠᠷᠭᠠᠬᠤ᠂ ᠪᠣᠳᠠᠲᠠᠢ ᠠᠵᠢᠯᠯᠠᠨ ᠵᠠᠰᠠᠭ᠎ᠤᠨ ᠠᠵᠢᠯ᠎ᠤᠨ ᠪᠦᠲᠦᠮᠵᠢ ᠭᠠᠷᠭᠠᠬᠤ ᠵᠢ ᠪᠠᠷᠢᠮᠲᠠᠯᠠᠵᠤ᠂ ᠰᠡᠳᠬᠢᠯ ᠳᠠᠯᠪᠢᠨ ᠬᠠᠢᠷ᠎ᠠ ᠰᠡᠳᠬᠢᠯᠭᠡ ᠲᠠᠢ ᠪᠡᠷ ᠬᠦᠴᠦ ᠤᠷᠤᠭᠤᠯᠤᠨ ᠦᠨᠡᠨ ᠪᠣᠳᠠᠲᠠᠢ ᠶᠠᠪᠤᠳᠠᠯ᠎ᠢ ᠰᠠᠢᠲᠤᠷ ᠬᠢᠵᠦ᠍᠂ ᠠᠷᠠᠳ ᠤᠯᠠᠨ᠎ᠤ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠦ ᠲᠦᠷᠦᠭ᠌ᠳᠡᠯ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠦᠨ᠎ᠡ᠃


QQ截图20260306155642.png


ᠲᠦᠯᠦᠭᠡᠯᠡᠭᠴᠢ ᠵᠢᠨ ᠬᠠᠷᠢᠭᠤᠯᠬᠤ ᠵᠢ ᠰᠢᠩᠬᠡᠬᠡᠨ᠎ᠠ

ᠰᠤᠷᠪᠤᠯᠵᠢᠯᠠᠬᠴᠢ  ᠮᠦᠩᠬᠡᠴᠢᠯᠠᠭᠤ  ᠰᠡᠬᠦᠳᠡᠷᠯᠡᠪᠡ


ᠲᠥᠪ᠎ᠦᠨ ᠷᠠᠳᠢᠣ᠋ ᠲᠧᠯᠸᠢᠰ᠎ᠦᠨ ᠶᠡᠷᠦᠩᠬᠡᠢ ᠬᠣᠷᠢᠢ᠎ᠠ᠎ᠶ᠋ᠢᠨ ᠰᠤᠷᠪᠤᠯᠵᠢᠯᠠᠭ᠍ᠴᠢ᠄ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ ᠪᠣᠯ ᠥᠪᠥᠷ ᠮᠣᠩᠭᠣᠯ᠎ᠤᠨ ᠡᠷᠬᠡᠪᠰᠢ ᠪᠠᠲᠤ ᠴᠡᠭᠡᠵᠢᠯᠡᠬᠦ᠌ ᠬᠡᠷᠡᠭᠲᠡᠢ《ᠤᠯᠤᠰ᠎ᠤᠨ ᠶᠡᠬᠡ ᠲᠠᠯ᠎ᠠ》 ᠪᠣᠯᠤᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠥᠪᠥᠷ ᠮᠣᠩᠭᠣᠯ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠲᠠᠯ᠎ᠠ᠎ᠪᠠᠷ ᠶᠠᠮᠠᠷ ᠶᠠᠮᠠᠷ ᠠᠵᠢᠯ ᠬᠢᠵᠦ᠍᠂ ᠦᠷ᠎ᠡ ᠪᠦᠲᠦᠮᠵᠢ ᠬᠢᠷᠢ ᠵᠡᠷᠭᠡ ᠪᠣᠶ?

ᠴᠢ ᠹᠸᠢ ᠶᠦᠨ ᠲᠥᠯᠥᠭᠡᠯᠡᠭ᠌ᠴᠢ᠄ ᠰᠤᠷᠪᠤᠯᠵᠢᠯᠠᠭ᠍ᠴᠢ ᠨᠠᠢᠵᠠ᠎ᠶ᠋ᠢᠨ ᠥᠪᠥᠷ ᠮᠣᠩᠭᠣᠯ᠎ᠤᠨ ᠠᠮᠢ ᠠᠬᠤᠶ᠎ᠶ᠋ᠢᠨ ᠠᠮᠤᠷ ᠲᠦᠪᠱᠢᠨ᠎ᠦ ᠲᠤᠬᠠᠶ ᠬᠠᠯᠠᠮᠵᠢᠯᠠᠯ᠎ᠳᠤ ᠲᠠᠯᠠᠷᠬᠠᠵᠤ ᠪᠠᠢᠨ᠎ᠠ᠃ 2023 ᠣᠨ᠎ᠤ 6 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ᠎ᠳᠠᠭᠠᠨ᠂ 《ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠢ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠠᠲᠤ ᠴᠣᠭ᠍ᠴᠠᠯᠠᠬᠤ ᠪᠣᠯ ᠥᠪᠥᠷ ᠮᠣᠩᠭᠣᠯ᠎ᠤᠨ ᠡᠷᠬᠡᠪᠰᠢ ᠪᠠᠲᠤ ᠴᠡᠭᠡᠵᠢᠯᠡᠬᠦ᠌ ᠬᠡᠷᠡᠭ᠌ᠲᠡᠢ 〈ᠤᠯᠤᠰ᠎ᠤᠨ ᠶᠡᠬᠡ ᠶᠠᠪᠤᠳᠠᠯ〉 ᠪᠣᠯᠤᠨ᠎ᠠ》 ᠭᠡᠵᠦ᠍ ᠴᠢᠬᠤᠯᠠᠴᠢᠯᠠᠪᠠ᠃ ᠣᠢᠷ᠎ᠠ᠎ᠶ᠋ᠢᠨ ᠵᠢᠯ᠎ᠦᠨ ᠲᠤᠷᠰᠢ᠂ ᠥᠪᠥᠷ ᠮᠣᠩᠭᠣᠯ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠨᠡᠭᠦᠷᠡᠰᠦᠲᠥ᠋ᠷᠥᠭ᠌ᠴᠢ᠎ᠵᠢᠨ ᠭᠠᠳᠠᠭᠰᠢᠯᠠᠭᠤᠯᠤᠯᠲᠠ᠎ᠶ᠋ᠢ ᠪᠠᠭᠤᠷᠠᠭᠤᠯᠬᠤ᠂ ᠪᠣᠬᠢᠷᠲᠤᠯ᠎ᠢ ᠪᠠᠭᠠᠰᠭᠠᠬᠤ᠂ ᠨᠣᠭᠣᠭᠠᠷᠠᠭᠤᠯᠤᠯᠲᠠ᠎ᠶ᠋ᠢ ᠥᠷᠭᠡᠳᠭᠡᠬᠦ᠌᠂ ᠦᠰᠦᠯᠲᠡ᠎ᠵᠢ ᠨᠡᠮᠡᠭᠳᠡᠭᠦᠯᠬᠦ᠎ᠵᠢ ᠬᠠᠮᠵᠢᠯᠴᠠᠨ ᠠᠬᠢᠭᠤᠯᠵᠤ᠂ ᠬᠥᠭ᠌ᠵᠢᠯᠲᠡ ᠪᠠ ᠬᠠᠮᠠᠭᠠᠯᠠᠯᠲᠠ᠂ ᠦᠵᠡᠰᠭᠦᠯᠡᠩᠲᠦ ᠰᠠᠢᠬᠠᠨ ᠪᠠ ᠪᠠᠶᠠᠨ ᠴᠢᠨᠡᠭᠡᠯᠢᠭ ᠬᠠᠮᠲᠤ᠎ᠪᠠᠷ ᠣᠷᠣᠱᠢᠵᠤ ᠬᠠᠮᠲᠤ᠎ᠪᠠᠷ ᠠᠱᠢᠭ ᠭᠥᠷᠳᠡᠬᠦ᠎ᠵᠢ ᠪᠡᠶᠡᠯᠡᠭᠦᠯᠪᠡ᠃

ᠨᠢᠭᠡ᠎ᠳᠦ᠂ 《ᠬᠠᠮᠠᠭᠠᠯᠠᠬᠤ》᠎ᠶ᠋ᠢ ᠲᠡᠷᠢᠭᠦᠨ᠎ᠳᠦ ᠲᠠᠯᠪᠢᠬᠤ᠎ᠶ᠋ᠢ ᠪᠠᠷᠢᠮᠲᠠᠯᠠᠵᠤ᠂ ᠠᠮᠢ ᠠᠬᠤᠶ᠎ᠶ᠋ᠢᠨ ᠱᠢᠰᠲ᠋ᠧᠮ᠎ᠦᠨ ᠣᠯᠠᠨ ᠶᠠᠩᠵᠤᠲᠤ ᠴᠢᠨᠠᠷ᠂ ᠲᠣᠭ᠍ᠲᠠᠪᠤᠷᠢᠲᠤ ᠴᠢᠨᠠᠷ᠂ ᠦᠷᠭᠦᠯᠵᠢᠯᠡᠬᠦ᠌ ᠴᠢᠨᠠᠷ᠎ᠢ ᠲᠠᠰᠤᠷᠠᠯᠲᠠ ᠥᠬᠡᠶ ᠳᠡᠭᠡᠭ᠌ᠰᠢᠯᠡᠭᠦᠯᠪᠡ᠃ ᠥᠪᠥᠷ ᠮᠣᠩᠭᠣᠯ ᠪᠣᠯ ᠮᠠᠨ᠎ᠤ ᠤᠯᠤᠰ᠎ᠤᠨ ᠤᠮᠠᠷᠠᠲᠤ᠎ᠶ᠋ᠢᠨ ᠲᠠᠯᠠᠪᠠᠶ᠎ᠪᠠᠷ ᠬᠠᠮᠤᠭ᠎ᠤᠨ ᠶᠡᠬᠡ᠂ ᠲᠥᠷᠥᠯ ᠵᠦᠶ᠋ᠯ᠎ᠢᠶᠡᠷ ᠬᠠᠮᠤᠭ᠎ᠤᠨ ᠪᠦᠷᠢᠨ ᠠᠮᠢ ᠠᠬᠤᠶ᠎ᠶ᠋ᠢᠨ ᠴᠢᠳᠠᠮᠵᠢᠳᠤ ᠣᠷᠣᠨ ᠮᠥᠨ᠂ ᠣᠶ ᠱᠢᠭᠤᠶ᠂ ᠨᠤᠲᠤᠭ ᠪᠡᠯᠴᠢᠭᠡᠷ᠂ ᠨᠤᠭᠤ ᠭᠠᠵᠠᠷ᠎ᠤᠨ ᠲᠠᠯᠠᠪᠠᠶ ᠲᠣᠰ ᠲᠣᠰ ᠪᠥᠬᠥ᠌ ᠤᠯᠤᠰ᠎ᠤᠨ 1᠂ 2 ᠪᠠ 4 ᠳ᠋ᠤᠭᠡᠷ᠎ᠲᠦ ᠣᠷᠣᠵᠤ᠂ ᠠᠮᠢ ᠠᠬᠤᠶ᠎ᠶ᠋ᠢᠨ ᠪᠠᠢᠳᠠᠯ᠎ᠨᠢ 《ᠤᠮᠠᠷᠠᠲᠤ᠎ᠶ᠋ᠢᠨ ᠭᠤᠷᠪᠠᠨ ᠣᠷᠣᠨ》 ᠴᠢᠨᠠᠭ᠍ᠰᠢᠯᠠᠪᠠᠯ ᠪᠥᠬᠥ᠌ ᠤᠯᠤᠰ᠎ᠤᠨ ᠠᠮᠢ ᠠᠬᠤᠶ᠎ᠶ᠋ᠢᠨ ᠠᠮᠤᠷ ᠲᠦᠪᠱᠢᠨ᠎ᠳᠦ ᠱᠢᠭᠤᠳ ᠬᠣᠯᠪᠣᠭ᠍ᠳᠠᠵᠤ ᠪᠠᠢᠳᠠᠭ᠃ ᠪᠢᠳᠡ 《ᠤᠯᠤᠰ᠎ᠤᠨ ᠶᠡᠬᠡ ᠲᠠᠯ᠎ᠠ》᠎ᠶ᠋ᠢᠨ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ᠎ᠳᠤ ᠰᠠᠭᠤᠷᠢᠯᠠᠨ᠂ ᠬᠥᠭ᠌ᠵᠢᠯᠲᠡ᠎ᠶ᠋ᠢᠨ ᠤᠢᠯᠠᠭᠠᠭᠳᠠᠬᠤᠨ᠎ᠢᠶᠠᠨ ᠦᠷᠭᠦᠯᠵᠢᠯᠡᠨ ᠬᠤᠪᠢᠷᠠᠭᠤᠯᠵᠤ᠂ ᠣᠷᠣᠨ ᠵᠠᠶ᠎ᠶ᠋ᠢᠨ ᠪᠠᠢᠷᠢᠱᠢᠯ᠎ᠢ ᠱᠢᠯᠢᠳᠡᠭ᠌ᠵᠢᠭᠦᠯᠦᠨ᠂ ᠪᠥᠬᠥ᠌ ᠣᠷᠣᠨ᠎ᠤ 50% ᠡᠴᠡ ᠳᠡᠭᠡᠭ᠌ᠰᠢᠬᠢ ᠤᠯᠤᠰ᠎ᠤᠨ ᠭᠠᠵᠠᠷ ᠱᠢᠷᠣᠶ᠎ᠶ᠋ᠢ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠳᠤ ᠬᠤᠪᠢᠶᠠᠷᠢᠯᠠᠨ ᠣᠷᠣᠭᠤᠯᠵᠤ᠂ 1892 ᠬᠤᠪᠢᠶᠠᠷᠢ ᠲᠣᠭᠣᠷᠢᠭ᠎ᠤᠨ ᠬᠠᠮᠢᠶᠠᠷᠤᠨ ᠡᠵᠡᠮᠳᠡᠬᠦ᠌ ᠨᠢᠭᠡᠴᠢ᠎ᠳᠦ ᠵᠦᠷᠢᠶᠡᠴᠢᠯᠡᠭ᠌ᠰᠡᠨ᠂ ᠨᠠᠷᠢᠯᠢᠬ᠍ᠵᠢᠭᠤᠯᠤᠭ᠍ᠰᠠᠨ ᠬᠠᠮᠢᠶᠠᠷᠤᠯᠲᠠ᠎ᠶ᠋ᠢ ᠬᠡᠷᠡᠭ᠌ᠵᠢᠭᠦᠯᠬᠦ᠌᠎ᠶ᠋ᠢᠨ ᠬᠠᠮᠲᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠡᠷᠭᠡ ᠡᠯ᠎ᠡ ᠬᠦᠷᠢᠶᠡᠨ᠎ᠦ ᠬᠠᠤᠯᠢ ᠲᠣᠭ᠍ᠲᠠᠭᠠᠯ᠂ ᠲᠥᠷᠥ᠎ᠶ᠋ᠢᠨ ᠪᠣᠳᠣᠯᠭ᠎ᠠ᠎ᠪᠠᠷ ᠵᠠᠰᠠᠯᠳᠠ᠎ᠵᠢ ᠪᠡᠳᠤᠯᠡᠪᠡ; ᠲᠠᠯ᠎ᠠ ᠨᠤᠲᠤᠭ ᠣᠶ ᠱᠢᠭᠤᠶ ᠭᠤᠤᠯ ᠮᠥᠷᠡᠨ ᠨᠠᠭᠤᠷ ᠪᠦᠷᠢᠳᠦ ᠨᠤᠭᠤ ᠭᠠᠵᠠᠷ᠎ᠤᠨ ᠬᠠᠮᠠᠭᠠᠯᠠᠯᠲᠠ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠬᠠᠮᠠᠭᠠᠯᠠᠯᠲᠠ᠂ ᠪᠣᠬᠢᠷᠲᠤᠯ ᠥᠬᠡᠶ ᠠᠭᠤᠷᠬᠠᠶ᠎ᠶ᠋ᠢᠨ ᠪᠥᠲᠥᠭᠡᠨ ᠪᠠᠢᠭᠤᠯᠤᠯᠲᠠ ᠵᠡᠷᠭᠡ᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠨᠡᠢᠲᠡ 1.1 ᠳ᠋ᠦᠩᠱᠢᠭᠤᠷ ᠮᠥ᠍ ᠡᠪᠡᠰᠦ ᠳᠠᠷᠢᠵᠤ᠂ 2786 ᠲᠦᠮᠡᠨ ᠮᠥ᠍ ᠣᠢᠵᠢᠭᠤᠯᠵᠤ᠂ ᠬᠡᠪᠴᠢᠶ᠎ᠡ᠎ᠨᠢ ᠴᠥᠮ ᠪᠥᠬᠥ᠌ ᠤᠯᠤᠰ᠎ᠤᠨ ᠨᠢᠭᠡᠳᠦᠭᠡᠷ᠎ᠲᠦ ᠣᠷᠣᠵᠤ᠂ ᠣᠶ ᠱᠢᠭᠤᠶ᠎ᠶ᠋ᠢᠨ ᠪᠦᠷᠬᠦᠴᠡ 22%᠎ᠲᠦ ᠬᠦᠷᠴᠦ᠍᠂ ᠨᠤᠲᠤᠭ ᠪᠡᠯᠴᠢᠭᠡᠷ᠎ᠦᠨ ᠶᠡᠷᠦᠩᠬᠡᠢᠯᠡᠭ᠌ᠰᠡᠨ ᠤᠷᠭᠤᠮᠠᠯ᠎ᠤᠨ ᠬᠤᠴᠢᠯᠭ᠎ᠠ᠎ᠶ᠋ᠢᠨ ᠪᠦᠷᠬᠦᠴᠡ 45% ᠡᠴᠡ ᠳᠡᠭᠡᠭ᠌ᠰᠢ᠎ᠳᠦ ᠲᠣᠭ᠍ᠲᠠᠪᠤᠷᠢᠵᠢᠵᠤ᠂ ᠡᠬᠡ ᠤᠯᠤᠰ᠎ᠤᠨ ᠤᠮᠠᠷᠠᠲᠤ᠎ᠶ᠋ᠢᠨ ᠲᠦᠮᠡᠨ ᠭᠠᠵᠠᠷ᠎ᠤᠨ ᠨᠣᠮᠢᠨ ᠨᠣᠭᠣᠭᠠᠨ ᠣᠷᠳᠣ ᠴᠠᠭᠠᠨ ᠬᠡᠷᠡᠮ ᠨᠠᠩ ᠪᠠᠲᠤ ᠪᠠᠬᠢ ᠪᠣᠯᠪᠠ᠃

ᠬᠣᠶᠠᠷ᠎ᠲᠤ᠂ 《ᠵᠠᠰᠠᠯᠲᠠ》 ᠵᠢ ᠬᠠᠮᠵᠢᠯᠴᠠᠭᠤᠯᠬᠤ᠎ᠶ᠋ᠢ ᠪᠠᠷᠢᠮᠲᠠᠯᠠᠵᠤ᠂ ᠠᠷᠠᠳ ᠤᠯᠠᠨ᠎ᠤ ᠬᠦᠷᠲᠡᠮᠵᠢ᠎ᠶ᠋ᠢᠨ ᠲᠦᠷᠦᠭ᠌ᠳᠡᠯ᠂ ᠵᠢᠷᠭᠠᠯᠲᠤ ᠲᠦᠷᠦᠭ᠌ᠳᠡᠯ᠂ ᠠᠮᠤᠷ ᠲᠦᠪᠱᠢᠨ᠎ᠦ ᠲᠦᠷᠦᠭ᠌ᠳᠡᠯ᠎ᠢ ᠦᠷᠭᠦᠯᠵᠢᠯᠡᠨ ᠨᠡᠮᠡᠭ᠌ᠳᠡᠭᠦᠯᠪᠡ᠃ ᠥᠪᠥᠷ ᠮᠣᠩᠭᠣᠯ ᠨᠤᠮᠢᠨ ᠤᠰᠤ ᠬᠥᠬᠡᠮᠳᠦᠭ ᠠᠭᠤᠯᠠ ᠪᠣᠯ ᠠᠯᠲᠠ ᠠᠭᠤᠯᠠ ᠮᠥᠩᠭᠥᠨ ᠬᠠᠢᠷᠬᠠᠨ ᠮᠥᠨ ᠭᠡᠬᠦ᠌ ᠣᠢᠯᠠᠭᠠᠭ᠍ᠳᠠᠬᠤᠨ᠎ᠢ ᠪᠠᠲᠤ ᠪᠣᠶ ᠪᠣᠯᠭᠠᠨ ᠦᠶ᠋ᠯᠡᠳᠦᠯᠭᠡᠵᠢᠭᠦᠯᠵᠦ᠍᠂ ᠨᠢᠭᠡ ᠲᠠᠯ᠎ᠠ᠎ᠪᠠᠷ 《ᠤᠮᠠᠷᠠᠲᠤ᠎ᠵᠢᠨ ᠭᠤᠷᠪᠠᠨ ᠤᠷᠤᠨ》᠎ᠤ᠋ ᠢᠨᠵᠧᠨᠧᠷᠢᠩ᠎ᠦᠨ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠶ ᠳᠠᠢᠯᠠᠯᠳᠤᠭᠠᠨ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠪᠠ᠃ ᠪᠢᠳᠡ ᠡᠨᠡ ᠬᠦ᠌ ᠭᠤᠷᠪᠠᠨ ᠶᠡᠬᠡ ᠪᠡᠯᠭᠡ ᠲᠡᠮᠳᠡᠭ᠎ᠦᠨ ᠴᠢᠨᠠᠷᠲᠠᠶ ᠳᠠᠢᠯᠠᠯᠳᠤᠭᠠᠨ᠎ᠤ 《ᠬᠣᠶᠠᠷ ᠬᠠᠭᠠᠰ》᠎ᠤ᠋ᠨ ᠳᠠᠢᠯᠠᠯᠳᠤᠭᠠᠨ᠎ᠳᠤ ᠰᠠᠭᠤᠷᠢᠯᠠᠵᠤ᠂ 60% ᠭᠠᠷᠤᠶ᠎ᠶ᠋ᠢᠨ ᠡᠭᠦᠷᠭᠡ᠎ᠶ᠋ᠢᠨ ᠬᠡᠮᠵᠢᠶ᠎ᠡ᠎ᠨᠢ ᠥᠪᠥᠷ ᠮᠣᠩᠭᠣᠯ᠎ᠤᠨ ᠪᠣᠳᠠᠲᠠᠶ ᠭᠤᠤᠯ ᠬᠦᠴᠦᠨ ᠪᠣᠯᠵᠣ᠂ ᠭᠤᠤᠯ ᠲᠠᠭᠠᠷᠢᠯᠲᠠ ᠬᠢᠵᠦ᠍᠂ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠨᠡᠢᠲᠡ 6688 ᠲᠦᠮᠡᠨ ᠮᠥ᠍ ᠡᠯᠡᠰᠦᠷᠬᠡᠭᠵᠢᠯ᠎ᠢ ᠰᠡᠷᠭᠡᠢᠯᠡᠨ ᠡᠯᠡᠰᠦ᠎ᠵᠢ ᠵᠠᠰᠠᠵᠤ᠂ ᠬᠡᠪᠴᠢᠶ᠎ᠡ᠎ᠨᠢ ᠪᠥᠬᠥ᠌ ᠤᠯᠤᠰ᠎ᠤᠨ ᠲᠡᠷᠢᠭᠦᠨ᠎ᠳᠦ ᠣᠷᠣᠵᠤ᠂ 2025 ᠣᠨ᠎ᠤ 7 ᠰᠠᠷ᠎ᠠ᠎ᠳᠤ ᠪᠠᠳᠠᠢ᠎ᠶ᠋ᠢᠨ ᠵᠢᠷᠠᠨ᠂ ᠲᠩᠷᠢ ᠡᠯᠡᠰᠤ᠂ ᠤᠯᠠᠭᠠᠨᠪᠤᠬ᠎ᠠ ᠵᠢᠨ ᠡᠯᠡᠰᠦ ᠵᠢᠨ ᠬᠥᠪᠡᠭᠡ ᠵᠠᠬ᠎ᠠ᠎ᠶ᠋ᠢ᠎ᠨᠢ ᠡᠮᠵᠢᠶᠡᠷᠢᠯᠡᠨ ᠲᠤᠭᠲᠠᠭᠠᠬᠤ ᠣᠶ ᠱᠢᠭᠤᠶ ᠡᠪᠡᠰᠦᠨ᠎ᠤ ᠪᠦᠰᠡ ᠪᠥᠬᠥ᠌ ᠲᠠᠯ᠎ᠠ᠎ᠪᠠᠷ ᠨᠡᠢᠯᠡᠵᠦ᠍᠂ ᠭᠤᠷᠪᠠᠨ ᠶᠡᠬᠡ ᠡᠯᠡᠰᠦ 1856 ᠺᠢᠯᠣᠮᠧᠲ᠋ᠷ᠎ᠦᠨ 《ᠨᠣᠭᠣᠭᠠᠨ ᠬᠦᠵᠦᠭᠦᠪᠴᠢ》 ᠵᠡᠭᠦᠵᠦ᠍᠂ ᠬᠣᠷᠴᠢᠨ᠎ᠤ ᠡᠯᠡᠰᠦᠷᠬᠡᠭ ᠭᠠᠵᠠᠷ᠎ᠲᠤ ᠲᠠᠯ᠎ᠠ ᠨᠤᠲᠤᠭ᠎ᠤᠨ ᠥᠩᠭᠡ ᠦᠵᠡᠮᠵᠢ ᠳᠠᠬᠢᠨ ᠢᠯᠡᠷᠡᠪᠡ᠃ ᠨᠥᠭᠥᠭᠡ ᠲᠠᠯ᠎ᠠ᠎ᠪᠠᠷ᠂ ᠬᠥᠬᠡ ᠣᠭ᠍ᠲᠠᠷᠭᠤᠶ᠂ ᠬᠥᠬᠡᠮᠳᠦᠭ ᠤᠰᠤ᠂ ᠴᠡᠪᠡᠷ ᠬᠥᠷᠥᠰᠥ᠎ᠶ᠋ᠢ ᠬᠠᠮᠠᠭᠠᠯᠠᠬᠤ ᠭᠤᠷᠪᠠᠨ ᠶᠡᠬᠡ ᠳᠠᠢᠯᠠᠯᠳᠤᠭᠠᠨ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠪᠡ᠃ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠤᠯᠤᠰ᠎ᠡᠴᠡ ᠪᠠᠭᠤᠯᠭᠠᠭ᠍ᠰᠠᠨ 9 ᠵᠦᠶ᠋ᠯ᠎ᠦᠨ ᠬᠢᠵᠠᠭᠠᠷᠯᠠᠬᠤ ᠴᠢᠨᠠᠷᠲᠠᠶ ᠭᠦᠶ᠋ᠴᠡᠳᠭᠡᠯ ᠲᠣᠭ᠎ᠠ᠎ᠶ᠋ᠢ ᠳᠠᠪᠠᠭᠤᠯᠤᠨ ᠪᠡᠶᠡᠯᠡᠭᠦᠯᠵᠦ᠍᠂ ᠠᠮᠢ ᠠᠬᠤᠶ ᠣᠷᠴᠢᠨ ᠲᠣᠭᠣᠷᠢᠨ᠎ᠤ ᠶᠠᠰᠤ ᠴᠢᠨᠠᠷ ᠰᠠᠢᠵᠢᠷᠠᠬᠤ ᠬᠠᠨᠳᠤᠰᠢ᠎ᠪᠠᠨ ᠪᠠᠲᠤᠯᠠᠪᠠ᠃ ᠦᠷᠭᠦᠯᠵᠢᠯᠡᠨ ᠲᠡᠮᠡᠴᠡᠬᠦ᠌᠎ᠪᠡᠷ ᠳᠠᠮᠵᠢᠨ᠂ 2025 ᠣᠨ᠎ᠳᠤ 《ᠭᠤᠷᠪᠠᠨ ᠠᠩᠬ᠎ᠠ ᠤᠳᠠᠭ᠎ᠠ》᠎ᠵᠢ ᠪᠡᠶᠡᠯᠡᠭᠦᠯᠪᠡ᠂ ᠲᠤᠬᠠᠢᠯᠠᠪᠠᠯ 12 ᠠᠢᠮᠠᠭ ᠬᠣᠲᠠ᠎ᠶ᠋ᠢᠨ ᠠᠭᠠᠷ᠎ᠤᠨ ᠴᠢᠨᠠᠷ ᠴᠢᠨᠰᠠᠭ᠎ᠠ ᠠᠩᠬ᠎ᠠ ᠤᠳᠠᠭ᠎ᠠ ᠪᠦᠬᠦᠨ᠎ᠢᠶᠡᠷ᠎ᠢᠶᠡᠨ ᠪᠠᠷᠢᠮᠵᠢᠶ᠎ᠠ᠎ᠳᠤ ᠬᠦᠷᠴᠦ᠍᠂ ᠪᠥᠬᠥ᠌ ᠣᠷᠣᠨ᠎ᠤ ᠱᠢᠯᠢᠳᠡᠭ ᠰᠠᠢᠨ ᠡᠳᠦᠷ᠎ᠦᠨ ᠲᠣᠭ᠎ᠠ᠎ᠶ᠋ᠢᠨ ᠬᠠᠷᠢᠴᠠᠯ 92.1%᠎ᠳ᠋ᠤ ᠬᠦᠷᠴᠦ᠍᠂ ᠦᠬᠠᠶ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠠᠭᠠᠷ᠎ᠤᠨ ᠴᠢᠨᠠᠷ ᠴᠢᠨᠰᠠᠭ᠎ᠠ᠎ᠶ᠋ᠢᠨ ᠭᠦᠶ᠋ᠴᠡᠳᠭᠡᠯ ᠲᠣᠭ᠎ᠠ ᠠᠩᠬ᠎ᠠ ᠤᠳᠠᠭ᠎ᠠ ᠪᠥᠬᠥ᠌ ᠲᠠᠯ᠎ᠠ᠎ᠪᠠᠷ ᠪᠠᠷᠢᠮᠵᠢᠶ᠎ᠠ᠎ᠳᠤ ᠬᠦᠷᠴᠦ᠍᠂ ᠪᠥᠬᠥ᠌ ᠣᠷᠣᠨ᠎ᠤ ᠤᠯᠤᠰ᠎ᠤᠨ ᠭᠠᠵᠠᠷ ᠳᠡᠭᠡᠷᠡᠬᠢ ᠤᠰᠤ᠎ᠵᠢᠨ ᠰᠢᠯᠭᠠᠨ ᠪᠠᠢᠴᠠᠭᠠᠬᠤ ᠣᠭ᠍ᠲᠣᠯᠤᠭᠠᠰᠤ ᠠᠩᠬ᠎ᠠ ᠤᠳᠠᠭ᠎ᠠ ᠪᠥᠬᠥ᠌ ᠲᠠᠯ᠎ᠠ᠎ᠪᠠᠷ ᠮᠠᠭᠤ ᠲᠦᠷᠦᠯ ᠡᠴᠡ᠎ᠠᠨᠭᠬᠢᠵᠢᠷᠠᠪᠠ; 《ᠭᠤᠷᠪᠠᠨ ᠬᠠᠮᠤᠭ᠎ᠤᠨ ᠰᠠᠢᠨ》᠎ᠢ᠋ ᠪᠡᠶᠡᠯᠡᠭᠦᠯᠪᠡ᠂ ᠲᠤᠬᠠᠢᠯᠠᠪᠠᠯ ᠪᠥᠬᠥ᠌ ᠣᠷᠣᠨ᠂ ᠦᠬᠠᠶ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ PM 2.5᠎ᠶ᠋ᠢᠨ ᠥᠳᠭᠡᠴᠡ ᠪᠠ ᠪᠥᠬᠥ᠌ ᠣᠷᠣᠨ᠎ᠤ ᠤᠯᠤᠰ᠎ᠤᠨ ᠭᠠᠵᠠᠷ ᠳᠡᠭᠡᠷᠡᠬᠢ ᠤᠰᠤ᠎ᠵᠢᠨ ᠰᠢᠯᠭᠠᠨ ᠪᠠᠢᠴᠠᠭᠠᠬᠤ ᠣᠭ᠍ᠲᠣᠯᠤᠭᠠᠰᠤ᠎ᠶ᠋ᠢᠨ ᠴᠢᠨᠠᠷ ᠰᠠᠢᠲᠠᠶ ᠤᠰᠤᠨ᠎ᠤ ᠴᠢᠨᠠᠷ᠎ᠤᠨ ᠬᠠᠷᠢᠴᠠᠯ᠎ᠨᠢ ᠴᠥᠮ ᠲᠡᠦᠬᠡ᠎ᠶ᠋ᠢᠨ ᠬᠠᠮᠤᠭ᠎ᠤᠨ ᠰᠠᠢᠨ ᠬᠢᠷᠢ ᠲᠦᠪᠱᠢᠨ᠎ᠳᠦ ᠬᠥᠷᠪᠡ; 《ᠭᠤᠷᠪᠠᠨ ᠲᠠᠷᠠᠭᠠᠯᠠᠨ ᠦᠷᠭᠦᠯᠵᠢᠯᠡᠬᠦ》᠎ᠢ᠋ ᠪᠡᠶᠡᠯᠡᠭᠦᠯᠪᠡ᠂ ᠲᠤᠬᠠᠢᠯᠠᠪᠠᠯ ᠬᠠᠲᠤᠨ ᠭᠤᠤᠯ᠎ᠤᠨ ᠥᠪᠥᠷ ᠮᠣᠩᠭᠣᠯ᠎ᠳᠡᠬᠢ ᠬᠡᠰᠡᠭ᠎ᠦᠨ ᠭᠤᠤᠯ ᠤᠷᠤᠰᠭᠠᠯ᠎ᠤᠨ ᠤᠰᠤᠨ᠎ᠤ ᠴᠢᠨᠠᠷ 6 ᠵᠢᠯ ᠳᠠᠷᠠᠭᠠᠯᠠᠨⅡᠲᠦᠷᠦᠯ᠎ᠢ ᠪᠠᠲᠤᠯᠠᠵᠤ᠂ ᠰᠠᠯᠪᠤᠷᠢ ᠤᠷᠤᠰᠭᠠᠯ᠎ᠤᠨ ᠤᠰᠤᠨ᠎ᠤ ᠴᠢᠨᠠᠷ 3 ᠵᠢᠯ ᠳᠠᠷᠠᠭᠠᠯᠠᠨ ᠲᠣᠭ᠍ᠲᠠᠭᠤᠨ᠎ᠵᠢᠡᠷ ᠮᠠᠭᠤ ᠲᠦᠷᠦᠯ ᠡᠴᠡ᠎ᠠᠨᠭᠭᠢᠵᠢᠷᠠᠵᠤ᠂ ᠭᠤᠤᠯᠳᠠᠯᠭ᠎ᠠ᠎ᠲᠠᠶ ᠪᠥᠲᠥᠭᠡᠨ ᠪᠠᠢᠭᠤᠯᠤᠯᠲᠠ᠎ᠳᠤ ᠬᠡᠷᠡᠭ᠌ᠯᠡᠬᠦ᠌ ᠭᠠᠵᠠᠷ᠎ᠢ ᠠᠮᠤᠷ ᠲᠦᠪᠰᠢᠨ᠎ᠵᠢᠡᠷ ᠬᠡᠷᠡᠭᠯᠡᠬᠦ᠎ᠵᠢ 5 ᠵᠢᠯ ᠳᠠᠷᠠᠭᠠᠯᠠᠨ ᠪᠦᠲᠦᠮᠵᠢᠲᠡᠶ ᠪᠠᠲᠤᠯᠠᠪᠠ᠃ ᠥᠪᠥᠷ ᠮᠣᠩᠭᠣᠯ ᠨᠤᠮᠢᠨ ᠤᠰᠤ ᠬᠥᠬᠡᠮᠳᠦᠭ ᠠᠭᠤᠯᠠ᠂ ᠬᠦᠬᠡ ᠤᠭᠲᠠᠷᠭᠤᠢ ᠴᠡᠪᠡᠷ ᠬᠥᠷᠥᠰᠥ᠎ᠶ᠋ᠢ ᠰᠠᠢᠲᠤᠷ ᠰᠠᠬᠢᠨ ᠬᠠᠮᠠᠭᠠᠯᠠᠵᠤ᠂ ᠰᠠᠢ᠌ᠨ ᠰᠠᠢᠬᠠᠨ ᠠᠮᠢ ᠠᠬᠤᠢ ᠣᠷᠴᠢᠨ ᠲᠣᠭᠣᠷᠢᠨ ᠭᠡᠬᠦ᠌ ᠡᠨᠡ ᠬᠦ᠌ ᠬᠠᠮᠤᠭ᠎ᠤᠨ ᠲᠦᠭᠡᠮᠡᠯ ᠬᠠᠷᠠᠭᠠᠯᠵᠠᠯᠲᠤ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠪᠦᠬᠦ᠌ ᠣᠷᠣᠨ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠳᠦ ᠬᠦᠷᠲᠡᠭᠡᠬᠦ᠌᠎ᠪᠡᠷ ᠴᠢᠷᠮᠠᠢᠵᠤ ᠪᠠᠢᠨ᠎ᠠ᠃

ᠭᠤᠷᠪᠠ᠎ᠳᠤ᠂ 《ᠪᠣᠬᠢᠷᠲᠤᠯ ᠦᠭᠡᠢ》 ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠪᠠᠷᠢᠮᠲᠠᠯᠠᠵᠤ᠂ ᠠᠮᠢ ᠠᠬᠤᠢ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠰᠠᠢᠲᠤᠷ ᠵᠠᠮᠨᠠᠪᠠ᠃ ᠨᠢᠭᠡ ᠲᠠᠯ᠎ᠠ᠎ᠪᠠᠷ᠂ ᠠᠮᠢ ᠠᠬᠤᠶ ᠣᠷᠴᠢᠨ ᠲᠣᠭᠣᠷᠢᠨ᠎ᠤ ᠬᠥᠲᠥᠯᠥᠨ ᠳᠠᠭᠠᠭᠤᠯᠬᠤ᠂ ᠱᠢᠯᠢᠳᠡᠭ᠌ᠵᠢᠭᠦᠯᠬᠦ᠌ ᠪᠠ ᠭᠡᠳᠡᠷᠭᠦ᠌ ᠱᠢᠬᠠᠮᠳᠠᠭᠤᠯᠬᠤ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠨᠢᠭᠡᠴᠢ GDP᠎ᠤ᠋ᠨ ᠡᠨᠧᠷᠭᠢ᠎ᠶ᠋ᠢᠨ ᠬᠣᠷᠣᠭ᠍ᠳᠠᠯ᠎ᠢ ᠨᠡᠢᠲᠡ 18% ᠪᠠᠷ ᠪᠠᠭᠤᠷᠠᠭᠤᠯᠵᠤ᠂ 2100 ᠲᠦᠮᠡᠨ ᠺᠢᠯᠦᠸᠠᠲ᠎ᠤᠨ ᠢᠯᠴᠢ᠎ᠶ᠋ᠢᠨ ᠴᠠᠬᠢᠯᠭᠠᠨ᠎ᠤ ᠮᠠᠱᠢᠨ ᠴᠣᠭ᠍ᠴᠠᠯᠠᠪᠤᠷᠢ᠂ 2812 ᠲᠦᠮᠡᠨ ᠲᠣᠨ ᠪᠣᠯᠣᠳ ᠲᠡᠮᠦᠷ᠎ᠦᠶ᠋ᠯᠡᠳᠪᠦᠷᠢᠯᠡᠬᠦ᠌ ᠴᠢᠳᠠᠪᠤᠷᠢ᠂ 395 ᠨᠡᠭᠦᠷᠡᠰᠦ ᠱᠢᠲᠠᠭᠠᠬᠤ ᠭᠦᠸᠧᠯᠦ᠍᠎ᠶ᠋ᠢᠨ ᠬᠡᠲᠦ ᠪᠠᠭ᠎ᠠ ᠭᠠᠳᠠᠭ᠍ᠰᠢᠯᠠᠭᠤᠯᠤᠯᠲᠠ᠎ᠶ᠋ᠢᠨ ᠥᠭᠡᠷᠡᠴᠢᠯᠡᠯᠲᠡ᠎ᠶ᠋ᠢ ᠪᠡᠶᠡᠯᠡᠭᠦᠯᠵᠦ᠍᠂ ᠭᠤᠤᠯᠳᠠᠯᠭ᠎ᠠ᠎ᠲᠠᠶ ᠠᠵᠢᠯ ᠲᠥᠷᠥᠯ᠎ᠦᠨ 46 ᠵᠦᠶ᠋ᠯ᠎ᠦᠨ ᠦᠶ᠋ᠯᠡᠳᠬᠦᠨ᠎ᠦ ᠡᠨᠧᠷᠭᠢ᠎ᠶ᠋ᠢᠨ ᠬᠣᠷᠣᠭ᠍ᠳᠠᠯ᠎ᠢ ᠤᠯᠤᠰ᠎ᠤᠨ ᠲᠡᠷᠢᠭᠦᠨ᠎ᠦ ᠬᠡᠮᠵᠢᠭ᠌ᠳᠡᠯ᠎ᠳᠦ ᠬᠦᠷᠭᠡᠵᠦ᠍᠂ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ᠎ᠶ᠋ᠢ 1.7 ᠳ᠋ᠦᠩᠱᠢᠭᠤᠷ ᠺᠢᠯᠦᠸᠠᠲ ᠪᠡᠶᠡᠯᠡᠭᠦᠯᠵᠦ᠍᠂ ᠪᠥᠬᠥ᠌ ᠤᠯᠤᠰ᠎ᠤᠨ ᠲᠡᠷᠢᠭᠦᠨ᠎ᠳᠦ ᠯᠠᠪᠳᠠᠭᠤᠨ ᠪᠠᠢᠷᠢᠯᠠᠵᠤ᠂ ᠪᠣᠬᠢᠷᠲᠤᠯ ᠥᠬᠡᠶ ᠤᠰᠤᠲᠥ᠋ᠷᠥᠭ᠌ᠴᠢ᠎ᠶ᠋ᠢᠨ ᠵᠢᠯ᠎ᠦᠨ ᠭᠠᠷᠤᠯᠲᠠ 1 ᠲᠦᠮᠡᠨ ᠲᠣᠨ᠎ᠢ ᠳᠠᠪᠠᠵᠤ᠂ ᠣᠶᠤᠨᠴᠢ᠎ᠪᠤᠳᠤᠯᠲᠠ᠎ᠵᠢᠨ ᠬᠡᠪᠴᠢᠶ᠎ᠡ 22 ᠲᠦᠮᠡᠨ P ᠪᠠᠢᠵᠤ᠂ ᠪᠦᠬᠦ ᠤᠯᠤᠰ᠎ᠤᠨ ᠡᠮᠦᠨ᠎ᠡ ᠡᠨᠭᠨᠡᠭᠡᠨ᠎ᠳᠤ ᠤᠷᠤᠵᠤ᠂ ᠬᠤᠪᠤᠷ ᠰᠢᠷᠤᠢ᠎ᠵᠢ ᠬᠠᠢᠯᠤᠭᠤᠯᠬᠤ ᠴᠢᠳᠠᠪᠤᠷᠢ ᠪᠠ ᠤᠷ᠎ᠠ ᠮᠡᠷᠭᠡᠵᠢᠯ᠎ᠤᠨ ᠲᠦᠪᠰᠢᠨ ᠤᠯᠠᠨ ᠤᠯᠤᠰ᠎ᠲᠦ ᠲᠦᠷᠦᠭᠦᠯᠡᠵᠦ᠂ ᠠᠵᠤ ᠠᠬᠤᠢ ᠨᠡᠢᠭᠡᠮ᠎ᠤᠨ ᠬᠦᠭᠵᠢᠯᠲᠡ᠎ᠵᠢᠨ ᠪᠤᠬᠢᠷᠲᠤᠯ ᠦᠭᠡᠢ᠎ᠵᠢᠨ ᠬᠡᠮᠵᠢᠶ᠎ᠡ᠎ᠢᠯᠡᠳᠲᠡ ᠳᠡᠭᠡᠭᠰᠢᠯᠡᠪᠡ᠃ ᠨᠥᠭᠥᠭᠡ ᠲᠠᠯ᠎ᠠ᠎ᠪᠠᠷ᠂ ᠠᠮᠢ ᠠᠬᠤᠶ᠎ᠶ᠋ᠢᠨ ᠥᠷᠲᠡᠭ᠎ᠢ ᠤᠨᠳᠤᠤᠰᠢᠭᠤᠯᠬᠤ ᠠᠷᠭ᠎ᠠ ᠵᠠᠮ᠎ᠢ ᠲᠠᠰᠤᠷᠠᠯᠲᠠ ᠥᠬᠡᠶ ᠥᠷᠭᠡᠳᠭᠡᠵᠦ᠍᠂ ᠠᠷᠢᠭᠤᠨ ᠴᠡᠪᠡᠷ ᠠᠮᠢ ᠠᠬᠤᠶ᠎ᠶ᠋ᠢᠨ ᠣᠷᠴᠢᠨ ᠲᠣᠭᠣᠷᠢᠨ ᠨᠢ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠴᠢᠨᠠᠷ ᠰᠠᠢᠲᠠᠶ ᠦᠨ᠎ᠡ ᠥᠨᠳᠥᠷ ᠪᠠᠢᠬᠤ᠎ᠶ᠋ᠢ ᠪᠠᠲᠤᠯᠠᠵᠤ᠂ ᠡᠯᠪᠡᠭ ᠪᠠᠶᠠᠯᠢᠭ ᠠᠮᠢ ᠠᠬᠤᠶ᠎ᠶ᠋ᠢᠨ ᠡᠬᠢ ᠪᠠᠶᠠᠯᠢᠭ ᠵᠢᠯ᠎ᠳᠦ 3 ᠳ᠋ᠦᠩᠱᠢᠭᠤᠷ ᠬᠥᠮᠦᠨ ᠤᠳᠠᠭ᠎ᠠ᠎ᠵᠢᠨ ᠵᠢᠭᠤᠯᠴᠢᠯᠠᠭᠰᠠᠳ᠎ᠢ ᠲᠡᠳᠡᠨ ᠠᠪᠴᠢᠷᠠᠵᠤ᠂ ᠨᠡᠭᠦᠷᠡᠰᠦᠲᠥ᠋ᠷᠥᠭ᠌ᠴᠢ᠎ᠬᠤᠷᠠᠮᠳᠤᠭᠤᠯᠬᠤ ᠠᠷᠠᠯᠵᠢᠶᠠᠨ᠎ᠤ ᠥᠷᠲᠡᠭ᠎ᠦᠨ ᠤᠨᠳᠤᠤᠰᠢᠭᠤᠯᠤᠯᠲᠠ 5000 ᠲᠦᠮᠡᠨ ᠲᠥᠭᠥᠷᠢᠭ᠎ᠢ ᠳᠠᠪᠠᠵᠤ᠂ ᠣᠶ ᠱᠢᠭᠤᠶ ᠡᠪᠡᠰᠦᠨ᠎ᠦ ᠠᠵᠤ ᠦᠶ᠋ᠯᠡᠰ᠎ᠦᠨ ᠶᠡᠷᠦᠩᠬᠡᠶ ᠦᠶ᠋ᠯᠡᠳᠬᠦᠨ᠎ᠦ ᠥᠷᠲᠡᠭ 1120 ᠳ᠋ᠦᠩᠱᠢᠭᠤᠷ ᠲᠥᠭᠥᠷᠢᠭ᠎ᠲᠦ ᠬᠦᠷᠴᠦ᠍᠂ 《ᠠᠮᠢ ᠠᠬᠤᠶ ᠦᠵᠡᠰᠭᠦᠯᠡᠩᠲᠦ ᠰᠠᠢᠬᠠᠨ》 ᠪᠣᠯᠤᠨ 《ᠠᠷᠠᠳ ᠢᠷᠭᠡᠳ ᠪᠠᠶᠠᠨ ᠴᠢᠨᠡᠭᠡᠯᠢᠭ》 ᠪᠠᠢᠬᠤ᠎ᠵᠢ ᠵᠡᠷᠭᠡ᠎ᠪᠡᠷ ᠠᠬᠢᠭᠤᠯᠪᠠ᠃

ᠲᠠᠷᠠᠭᠠᠴᠢ᠎ᠶ᠋ᠢᠨ ᠠᠯᠬᠤᠮ᠎ᠳᠤ᠂ ᠪᠢᠳᠡ ᠰᠢ ᠵᠢᠨ ᠫᠢᠩ᠎ᠦᠨ ᠠᠮᠢ ᠠᠬᠤᠶ᠎ᠶ᠋ᠢᠨ ᠪᠣᠯᠪᠠᠰᠤᠨ᠎ᠤ ᠦᠵᠡᠯ ᠰᠠᠨᠠᠭ᠎ᠠ ᠪᠣᠯᠤᠨ ᠪᠥᠬᠥ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠥᠪᠡᠷᠲᠡᠭᠡᠨ ᠵᠠᠰᠠᠬᠤ ᠣᠷᠣᠨ᠎ᠤ 《1571》 ᠠᠵᠢᠯ᠎ᠤᠨ ᠪᠠᠢᠷᠢᠯᠠᠭᠤᠯᠤᠯᠲᠠ ᠶᠣᠰᠣᠭᠠᠷ᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ ᠪᠠ ᠠᠮᠢ ᠠᠬᠤᠶ᠎ᠶ᠋ᠢᠨ ᠱᠢᠰᠲ᠋ᠧᠮ᠎ᠢ ᠱᠢᠯᠢᠳᠡᠭ᠌ᠵᠢᠭᠦᠯᠬᠦ᠌᠎ᠶ᠋ᠢ ᠭᠦᠨᠵᠡᠭᠡᠶ ᠠᠬᠢᠭᠤᠯᠵᠤ᠂ ᠪᠥᠬᠥ᠌ ᠲᠠᠯ᠎ᠠ᠎ᠪᠠᠷ ᠪᠣᠬᠢᠷᠲᠤᠯ ᠥᠬᠡᠶ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠲᠦᠷᠭᠡᠳᠭᠡᠨ ᠠᠬᠢᠭᠤᠯᠵᠤ᠂ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ ᠪᠣᠯᠤᠨ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ᠎ᠶ᠋ᠢᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠨ᠎ᠡ᠃

ᠲᠠᠷᠢᠶᠠᠴᠢᠨ᠎ᠤ ᠡᠳᠦᠷ᠎ᠦᠨ ᠰᠣᠨᠢᠨ᠎ᠤ ᠰᠤᠷᠪᠤᠯᠵᠢᠯᠠᠭ᠍ᠴᠢ᠄ 2026 ᠣᠨ᠎ᠤ ᠲᠥᠪ᠎ᠦᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ᠎ᠳᠤ ᠲᠠᠷᠢᠶᠠᠴᠢᠳ᠎ᠤᠨ ᠣᠷᠣᠯᠭ᠎ᠠ᠎ᠶ᠋ᠢ ᠲᠣᠭ᠍ᠲᠠᠭᠤᠨ᠎ᠢᠶᠠᠷ ᠨᠡᠮᠡᠭ᠌ᠳᠡᠭᠦᠯᠬᠦ᠌᠎ᠶ᠋ᠢ ᠠᠬᠢᠭᠤᠯᠬᠤ᠂ ᠠᠵᠢᠯᠯᠠᠵᠤ ᠠᠮᠢᠳᠤᠷᠠᠬᠤ᠎ᠳᠤ ᠲᠤᠬᠢᠲᠠᠢ ᠡᠶ᠎ᠡ ᠵᠤᠬᠢᠴᠠᠨᠭᠭᠤᠢ ᠦᠵᠡᠰᠭᠦᠯᠡᠩᠲᠦ ᠰᠠᠢᠬᠠᠨ ᠬᠥᠳᠡᠭᠡ ᠲᠣᠰᠭᠣᠨ᠎ᠢ ᠪᠥᠲᠥᠭᠡᠨ ᠪᠠᠢᠭᠤᠯᠬᠤ ᠵᠡᠷᠭᠡ ᠲᠠᠯ᠎ᠠ᠎ᠪᠠᠷ ᠣᠯᠠᠨ ᠵᠦᠶ᠋ᠯ᠎ᠦᠨ ᠠᠷᠭ᠎ᠠ ᠬᠡᠮᠵᠢᠶ᠎ᠡ ᠳᠤᠷᠠᠳᠴᠠᠶ᠃ ᠵᠤᠤ ᠬᠤᠢ ᠵᠢᠶ᠍ᠸ ᠲᠥᠯᠥᠭᠡᠯᠡᠭ᠌ᠴᠢ ᠲᠠ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠦᠵᠢ ᠪᠣᠯᠤᠭ᠍ᠰᠠᠨ᠎ᠤ ᠬᠤᠪᠢ᠎ᠳᠤ᠂ ᠡᠳᠡᠭᠡᠷ ᠲᠦᠷᠦ᠍᠎ᠶ᠋ᠢᠨ ᠪᠤᠳᠤᠯᠭ᠎ᠠ᠎ᠶ᠋ᠢ ᠬᠡᠷᠬᠢᠨ ᠰᠠᠢᠲᠤᠷ ᠠᠱᠢᠭ᠍ᠯᠠᠵᠤ ᠨᠤᠲᠤᠭ ᠤᠰᠤᠨ᠎ᠤ ᠪᠠᠨ ᠠᠬᠠᠨ ᠳᠡᠭᠦᠦ᠍ᠰ᠎ᠢᠶᠡᠨ ᠳᠠᠭᠠᠭᠤᠯᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠵᠠᠮ᠎ᠢᠶᠠᠷ ᠰᠠᠢᠲᠤᠷ ᠵᠠᠮᠨᠠᠬᠤ ᠪᠤᠢ?

ᠵᠤᠤ ᠬᠤᠢ ᠵᠢᠶ᠍ᠸ ᠲᠥᠯᠥᠭᠡᠯᠡᠭ᠌ᠴᠢ᠄ ᠰᠤᠷᠪᠤᠯᠵᠢᠯᠠᠭ᠍ᠴᠢ ᠨᠠᠢᠵᠠ᠎ᠶ᠋ᠢᠨ ᠠᠰᠠᠭᠤᠯᠲᠠ᠎ᠳᠤ ᠲᠠᠯᠠᠷᠬᠠᠵᠤ ᠪᠠᠢᠨ᠎ᠠ᠃ ᠰᠠᠢᠨ ᠪᠠᠢᠵᠠᠭᠠᠨ᠎ᠠ ᠦᠦ! ᠰᠢᠶᠤᠤ ᠮᠢᠶᠤᠤ ᠽᠢ ᠲᠣᠰᠭᠣᠨ᠎ᠤ ᠬᠥᠭ᠌ᠵᠢᠯᠲᠡ᠎ᠶ᠋ᠢᠨ ᠦᠯᠢᠭᠡᠷ᠎ᠢ ᠣᠯᠠᠨ᠎ᠲᠠᠶ ᠬᠤᠪᠢᠶᠠᠯᠴᠠᠬᠤ ᠪᠤᠯᠤᠭᠰᠠᠨ᠎ᠳᠠᠭᠠᠨ ᠮᠠᠰᠢ ᠤᠮᠤᠭᠰᠢᠵᠤ ᠪᠠᠢᠨ᠎ᠠ᠃ ᠵᠢᠯ ᠪᠦᠷᠢ᠎ᠶ᠋ᠢᠨ ᠲᠥᠪ᠎ᠦᠨ ᠨᠢᠭᠡᠳᠦᠭᠡᠷ ᠲᠣᠭᠠᠲᠤ ᠪᠢᠴᠢᠭ ᠮᠠᠲᠧᠷᠢᠶᠠᠯ ᠪᠦᠷ 《ᠬᠥᠳᠡᠭᠡ ᠠᠵᠤ ᠠᠬᠤᠢ ᠬᠥᠳᠡᠭᠡ ᠲᠣᠰᠭᠣᠨ ᠲᠠᠷᠢᠶᠠᠴᠢᠨ》 ᠤ᠋ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠬᠥᠳᠡᠭᠡ ᠠᠵᠤ ᠠᠬᠤᠢ ᠬᠥᠳᠡᠭᠡ ᠲᠣᠰᠭᠣᠨ᠎ᠤ ᠬᠥᠭ᠌ᠵᠢᠯᠲᠡ᠎ᠳᠦ ᠲᠦᠷᠦ᠍᠎ᠶ᠋ᠢᠨ ᠪᠤᠳᠤᠯᠭ᠎ᠠ᠎ᠶ᠋ᠢᠨ ᠤᠷᠢᠬᠠᠨ ᠰᠠᠯᠬᠢ᠎ᠶ᠋ᠢ ᠠᠪᠴᠢᠷᠠᠵᠤ᠂ ᠬᠦᠴᠦᠷᠬᠡᠭ ᠶᠡᠬᠡ ᠬᠥᠳᠡᠯᠭᠡᠬᠦ᠌ ᠬᠦᠴᠦᠨ᠎ᠢ ᠨᠡᠮᠡᠷᠢᠯᠡᠳᠡᠭ᠃ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠦᠵᠢ ᠪᠣᠯᠤᠭ᠍ᠰᠠᠨ᠎ᠤ ᠬᠤᠪᠢ᠎ᠳᠤ᠂ ᠡᠢᠮᠦ᠍ ᠰᠠᠢ᠌ᠨ ᠴᠠᠭ ᠦᠶ᠎ᠡ᠎ᠳᠦ ᠲᠣᠬᠢᠶᠠᠯᠳᠤᠵᠤ᠂ ᠨᠤᠲᠤᠭ ᠤᠰᠤᠨ᠎ᠤ᠎ᠪᠠᠨ ᠬᠥᠭ᠌ᠵᠢᠯᠲᠡ᠎ᠳᠦ ᠪᠠᠭ᠎ᠠ ᠰᠠᠭ᠎ᠠ ᠠᠵᠢᠯ ᠬᠢᠬᠦ᠌ ᠵᠠᠪᠱᠢᠶᠠᠨ ᠣᠯᠤᠭᠰᠠᠨ᠎ᠳᠠᠭᠠᠨ ᠮᠠᠰᠢ ᠠᠵᠠ ᠲᠠᠢ ᠭᠡᠵᠦ ᠪᠤᠳᠤᠵᠤ ᠪᠠᠢᠨ᠎ᠠ᠃

ᠰᠢᠶᠤᠤ ᠮᠢᠶᠤᠤ ᠽᠢ ᠲᠣᠰᠭᠣᠨ ᠤᠯᠠᠭᠠᠨᠬᠠᠳᠠ ᠬᠣᠲᠠ᠎ᠶ᠋ᠢᠨ ᠪᠠᠷᠠᠭᠤᠨ ᠬᠡᠰᠡᠭ᠎ᠲᠦ ᠪᠠᠢᠷᠢᠯᠠᠵᠤ᠂ ᠬᠣᠲᠠ᠎ᠵᠢᠨ ᠲᠣᠭᠣᠷᠢᠭ᠎ᠡᠴᠡ 90 ᠺᠢᠯᠣᠮᠧᠲ᠋ᠷ ᠵᠠᠢᠲᠠᠶ ᠪᠠᠢᠵᠤ᠂ ᠪᠥᠬᠥ᠌ ᠲᠣᠰᠭᠣᠨ᠎ᠳᠤ 2650 ᠬᠥᠮᠦᠨ᠂ 810 ᠡᠷᠦᠬᠡ᠂ 9 ᠲᠣᠰᠭᠣᠨ᠎ᠤ ᠠᠷᠠᠳ᠎ᠤᠨ ᠳᠤᠭᠤᠢᠯᠠᠩ᠂ 6600 ᠮᠥ᠍ ᠤᠰᠤᠨ ᠲᠠᠷᠢᠶ᠎ᠠ ᠲᠠᠢ ᠪᠠᠢᠵᠤ᠂ ᠭᠤᠤᠯᠯᠠᠬᠤ ᠠᠵᠤ ᠦᠶ᠋ᠯᠡᠰ᠎ᠨᠢ ᠬᠢᠲᠠᠳ ᠡᠪᠡᠰᠦᠨ ᠡᠮ ᠪᠠ ᠢᠳᠡᠱᠢᠨ ᠨᠣᠭᠣᠭ᠎ᠠ ᠳᠠᠷᠢᠬᠤ ᠠᠩᠬ᠎ᠠ ᠡᠳ᠋ᠱᠢᠭᠦᠯᠦᠯᠲᠡ ᠪᠣᠯᠤᠨ᠎ᠠ᠃

ᠡᠷᠲᠡ ᠦᠶ᠎ᠡ᠎ᠳᠦ᠂ ᠮᠠᠨ᠎ᠤ ᠲᠣᠰᠭᠣᠨ᠎ᠤ ᠰᠠᠭᠤᠷᠢ ᠲᠥᠬᠥᠭᠡᠷᠦᠮᠵᠢ᠎ᠶ᠋ᠢᠨ ᠲᠦᠪᠱᠢᠨ ᠥᠨᠳᠥᠷ ᠪᠢᠰᠢ᠂ ᠭᠤᠤᠯᠯᠠᠬᠤ ᠠᠵᠤ ᠦᠶ᠋ᠯᠡᠰ ᠦᠭᠡᠢ ᠪᠠᠢᠪᠠ᠃ ᠣᠷᠣᠯᠭ᠎ᠠ᠎ᠪᠠᠨ ᠨᠡᠮᠡᠭ᠌ᠳᠡᠭᠦᠯᠬᠦ᠌᠎ᠶ᠋ᠢᠨ ᠲᠥᠯᠥᠭᠡ᠂ ᠪᠢᠳᠡ ᠣᠯᠠᠨ ᠲᠦᠮᠡᠨ᠎ᠢ ᠳᠠᠢᠴᠢᠯᠠᠨ ᠬᠤᠯᠤᠤᠪᠠᠩ ᠳᠠᠷᠢᠭ᠍ᠰᠠᠨ ᠪᠣᠯᠪᠠᠴᠤ᠌ ᠵᠠᠬ᠎ᠠ ᠳᠡᠯᠭᠡᠭᠦᠷ᠎ᠦᠨ ᠵᠢᠮ᠎ᠡ ᠶᠣᠰᠣᠨ᠎ᠤ ᠨᠥᠯᠥᠭᠡ ᠵᠢᠴᠢ ᠳᠠᠪᠬᠤᠴᠠᠭᠰᠠᠨ ᠭᠤᠤᠷᠰᠤ ᠡᠴᠡ ᠪᠤᠯᠤᠭᠰᠠᠨ ᠶᠠᠰᠤ ᠴᠢᠨᠠᠷ᠎ᠤᠨ ᠪᠠᠭᠤᠷᠠᠯᠲᠠ ᠵᠡᠷᠭᠡ ᠬᠦᠴᠦᠨ ᠵᠦᠶ᠋ᠯ᠎ᠦᠨ ᠨᠥᠯᠥᠭᠡ᠎ᠡᠴᠡ ᠪᠣᠯᠵᠣ᠂ ᠮᠠᠨ᠎ᠤ ᠠᠵᠤ ᠦᠶ᠋ᠯᠡᠰ᠎ᠦᠨ ᠬᠥᠭ᠌ᠵᠢᠯᠲᠡ ᠴᠦ᠍ ᠶᠠᠮᠠᠷ ᠵᠠᠮ᠎ᠢᠶᠠᠷ ᠬᠡᠷᠬᠢᠨ ᠶᠠᠪᠤᠬᠤ ᠲᠤᠬᠠᠶ ᠪᠡᠷᠬᠡ ᠬᠠᠲᠠᠭᠤᠵᠢᠯᠲᠠᠶ ᠰᠣᠩᠭᠣᠯᠲᠠ᠎ᠳᠤ ᠲᠤᠯᠭᠠᠷᠠᠵᠤ ᠥᠩᠭᠡᠷᠡᠭ᠌ᠰᠡᠨ ᠶᠤᠮ᠃

ᠬᠦᠴᠢᠷᠳᠡᠯ᠎ᠡᠴᠡ ᠮᠤᠯᠲᠤᠷᠠᠬᠤ᠎ᠶ᠋ᠢᠨ ᠲᠥᠯᠥᠭᠡ᠂ ᠵᠠᠬ᠎ᠠ ᠳᠡᠯᠭᠡᠭᠦᠷ᠎ᠦᠨ ᠪᠠᠢᠴᠠᠭᠠᠨ ᠰᠤᠳᠤᠯᠤᠯᠲᠠ᠎ᠬᠢᠬᠦ ᠪᠠᠷ ᠳᠡᠮᠵᠢᠨ᠂ ᠪᠢᠳᠡ ᠬᠢᠲᠠᠳ ᠡᠮ᠎ᠦᠨ ᠮᠠᠲ᠋ᠧᠷᠢᠶᠠᠯ ᠳᠠᠷᠢᠬᠤ᠎ᠶ᠋ᠢ ᠪᠣᠯᠭᠣᠮᠵᠢᠲᠠᠶ ᠰᠣᠩᠭᠣᠵᠤ᠂ 《ᠨᠠᠮ᠎ᠤᠨ ᠵᠣᠬᠢᠶᠠᠨ ᠪᠠᠢᠭᠤᠯᠤᠯᠲᠠ + ᠬᠣᠷᠱᠢᠶ᠎ᠠ + ᠠᠵᠤ ᠦᠶ᠋ᠯᠡᠰ᠎ᠦᠨ ᠨᠠᠮ᠎ᠤᠨ ᠭᠡᠱᠢᠭᠦᠨ + ᠲᠠᠷᠢᠶᠠᠴᠢᠨ ᠡᠷᠦᠬᠡ》᠎ᠶ᠋ᠢᠨ ᠬᠥᠭ᠌ᠵᠢᠯᠲᠡ᠎ᠶ᠋ᠢᠨ ᠵᠠᠮ᠎ᠢ ᠬᠠᠢᠨ ᠰᠦᠪᠡᠭ᠌ᠴᠢᠯᠡᠪᠡ᠃ ᠲᠣᠰᠭᠣᠨ᠎ᠤ ᠡᠷᠬᠢᠯᠡᠭ᠌ᠴᠢ ᠲᠦᠷᠦᠭᠦᠯᠡᠨ ᠬᠤᠷᠱᠢᠶ᠎ᠠ ᠪᠠᠢᠭᠤᠯᠵᠤ᠂ ᠲᠣᠰᠭᠣᠨ᠎ᠤ ᠺᠠᠳ᠋ᠷ ᠲᠦᠷᠦᠭᠦᠯᠡᠨ ᠲᠤᠷᠱᠢᠨ ᠲᠠᠷᠢᠵᠤ᠂ ᠠᠮᠵᠢᠯᠲᠠ ᠣᠯᠤᠭ᠍ᠰᠠᠨ᠎ᠤ ᠳᠠᠷᠠᠭ᠎ᠠ᠂ ᠨᠤᠲᠤᠭ᠎ᠤᠨ ᠠᠬ᠎ᠠ ᠳᠡᠭᠦᠦ᠍᠎ᠨᠡᠷ ᠰᠠᠨᠠᠭᠠᠴᠢᠯᠠᠭ᠎ᠠ᠎ᠡᠴᠡ᠎ᠪᠠᠨ ᠣᠷᠣᠯᠴᠠᠪᠠ᠃ ᠪᠦᠬᠦ᠌ ᠲᠣᠰᠭᠣᠨ᠎ᠤ ᠲᠠᠷᠢᠮᠠᠯ᠎ᠤᠨ ᠲᠠᠯᠠᠪᠠᠢ 4000 ᠮᠦ᠍᠎ᠳᠦ ᠬᠦᠷᠴᠦ᠍᠂ ᠡᠭᠦᠯᠳᠡᠷ ᠨᠢ ᠴᠦ᠍ ᠨᠡᠮᠡᠭᠳᠡᠭᠡᠳ ᠱᠢᠷᠪᠥᠰᠥᠨ ᠦᠨᠳᠦᠰᠦ᠂ ᠰᠦᠨ ᠣᠷᠬᠣᠳᠠᠢ ᠵᠡᠷᠭᠡ 10 ᠭᠠᠷᠤᠢ ᠪᠤᠯᠵᠦ᠍᠂ ᠨᠠᠮ᠎ᠤᠨ ᠪᠠᠢᠭᠤᠯᠤᠯᠲᠠ᠎ᠪᠠᠷ ᠠᠵᠤ ᠦᠢᠯᠡᠰ᠎ᠦᠨ ᠬᠥᠭ᠌ᠵᠢᠯᠲᠡ᠎ᠶ᠋ᠢ ᠬᠦᠳᠦᠯᠥᠨ ᠳᠠᠭᠠᠭᠤᠯᠤᠭ᠍ᠰᠠᠨ ᠰᠠᠢ᠌ᠨ ᠦᠷ᠎ᠡ ᠪᠦᠲᠦᠮᠵᠢ᠎ᠶ᠋ᠢ ᠪᠡᠶᠡᠯᠡᠭᠦᠯᠪᠡ᠃ ᠬᠣᠷᠱᠢᠶ᠎ᠠ ᠪᠠᠰᠠ ᠲᠥᠷᠥᠯ ᠵᠦᠶ᠋ᠯ᠎ᠢᠶᠡᠷ ᠳᠡᠮᠵᠢᠨ ᠬᠦᠶ᠋ᠲᠡᠨ ᠬᠥᠮᠥᠷᠭᠡ ᠪᠠᠢᠭᠤᠯᠵᠤ᠂ 3300 ᠲᠡᠭ᠌ᠰᠢ ᠳᠥᠷᠪᠡᠯᠵᠢᠨ ᠮᠧᠲ᠋ᠷ᠎ᠦᠨ ᠪᠣᠯᠪᠠᠰᠤᠷᠠᠭᠤᠯᠬᠤ ᠦᠶ᠋ᠯᠡᠳᠪᠦᠷᠢ᠎ᠶ᠋ᠢᠨ ᠲᠠᠰᠤᠭ ᠪᠠᠢᠭᠤᠯᠵᠤ᠂ ᠬᠢᠲᠠᠳ ᠡᠮ᠎ᠦᠨ ᠮᠠᠲ᠋ᠧᠷᠢᠶᠠᠯ᠎ᠳᠤ ᠮᠥᠬᠥᠯᠢᠭ ᠬᠡᠷᠴᠢᠬᠦ᠌᠂ ᠴᠢᠨᠠᠬᠤ ᠡᠮ ᠬᠡᠷᠴᠢᠬᠦ᠌᠂ ᠬᠠᠯᠢᠰᠤ ᠠᠷᠢᠯᠭᠠᠬᠤ ᠵᠡᠷᠭᠡ ᠠᠩᠬ᠎ᠠ ᠡᠳ᠋ᠱᠢᠭᠦᠯᠦᠯᠲᠡ ᠬᠢᠵᠦ᠍᠂ ᠠᠵᠤ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠵᠤ᠂ ᠦᠶ᠋ᠯᠡᠳᠬᠦᠨ᠎ᠦ ᠨᠡᠮᠡᠯᠲᠡ ᠥᠷᠲᠡᠭ᠎ᠢ ᠨᠡᠮᠡᠭ᠌ᠳᠡᠭᠦᠯᠵᠦ᠍᠂ ᠨᠠᠩ ᠣᠯᠠᠨ ᠬᠥᠮᠦᠨ᠎ᠦ ᠠᠵᠢᠯ ᠤᠯᠬᠤ᠎ᠵᠢ ᠳᠠᠢᠴᠢᠯᠠᠵᠤ᠂ ᠵᠢᠯ᠎ᠦᠨ ᠠᠵᠢᠯᠴᠢᠨ ᠬᠡᠷᠡᠭ᠌ᠯᠡᠬᠦ᠌᠎ᠬᠡᠮᠵᠢᠶ᠎ᠡ 18000 ᠬᠥᠮᠦᠨ ᠤᠳᠠᠭ᠎ᠠ᠎ᠳᠤ ᠬᠦᠷᠪᠡ᠃ 2025 ᠣᠨ᠎ᠤ ᠰᠡᠭᠦᠯᠴᠢ᠎ᠪᠡᠷ᠂ ᠪᠦᠬᠦ᠌ ᠲᠣᠰᠭᠣᠨ᠎ᠤ ᠬᠥᠮᠦᠨ ᠳᠤᠮᠳᠠᠴᠢ᠎ᠶ᠋ᠢᠨ ᠣᠷᠣᠯᠭ᠎ᠠ 25000 ᠲᠥᠭᠥᠷᠢᠭ᠎ᠲᠦ ᠬᠦᠷᠴᠦ᠍᠂ ᠪᠣᠳᠠᠰ᠎ᠤᠨ ᠲᠦᠪᠱᠢᠨ ᠳᠡᠭᠡᠭ᠌ᠰᠢᠯᠡᠵᠦ᠍᠂ ᠤᠯᠠᠨ ᠲᠦᠮᠡᠨ᠎ᠦ ᠨᠤᠲᠤᠭ᠎ᠤᠨ ᠰᠤᠷᠲᠠᠯ ᠪᠣᠯᠪᠠᠰᠤᠨ᠎ᠤ ᠬᠥᠭᠡᠭᠡᠴᠡᠯᠳᠦᠯ ᠴᠦ᠍ ᠡᠳᠦᠷ᠎ᠡᠴᠡ ᠡᠳᠦᠷ ᠰᠠᠢᠵᠢᠷᠠᠪᠠ᠃

ᠲᠣᠰᠭᠣᠨ᠎ᠳᠤ ᠶᠠᠩᠭᠠᠷ ᠪᠥᠵᠢᠭ᠎ᠦᠨ ᠠᠩᠭᠢ ᠪᠠ ᠠᠭᠤᠳᠠᠮ ᠲᠠᠯᠡᠪᠠᠢ ᠶ᠋ᠢᠨ ᠪᠥᠵᠢᠭ᠎ᠦᠨ ᠠᠩᠭᠢ ᠪᠠᠢᠭᠤᠯᠵᠤ᠂ ᠲᠠᠷᠢᠶᠠᠯᠠᠩ᠎ᠤᠨ ᠰᠡᠯᠡᠭᠦᠦ ᠴᠠᠭ᠎ᠤᠨ ᠠᠮᠢᠳᠤᠷᠠᠯ ᠡᠯᠪᠡᠭ ᠪᠠᠶᠠᠯᠢᠭ ᠪᠤᠯᠪᠠ᠃ ᠵᠢᠯ ᠪᠦᠷᠢ ᠴᠥᠮ 《ᠰᠠᠢ᠌ᠨ ᠬᠠᠳᠠᠮ ᠡᠵᠢ》᠂ 《ᠰᠠᠢ᠌ᠨ ᠪᠡᠷᠢ》᠂ 《ᠪᠣᠯᠪᠠᠰᠤᠨ ᠭᠡᠷ ᠪᠦᠯᠢ》᠂ 《ᠶᠣᠰᠣ ᠰᠤᠷᠲᠠᠬᠤᠨ᠎ᠤ ᠵᠢᠱ᠌ᠢᠶᠡᠴᠢ》 ᠵᠢ ᠱᠢᠯᠭᠠᠷᠠᠭᠤᠯᠵᠤ ᠬᠥᠬᠢᠭᠦᠯᠦᠨ ᠰᠠᠢᠱᠢᠶᠠᠵᠤ᠂ ᠤᠯᠠᠨ ᠲᠦᠮᠡᠨ᠎ᠤ ᠠᠳᠠᠯᠢᠳᠬᠠᠬᠤ ᠰᠤᠷᠤᠯᠴᠠᠬᠤ ᠭᠦᠢᠴᠡᠬᠦ᠌ ᠳᠠᠪᠠᠬᠤ ᠡᠷᠴᠢ ᠵᠣᠷᠢᠭ᠎ᠢ ᠨᠡᠨᠭ ᠭᠦᠢᠴᠡᠳ ᠪᠤᠯᠭᠠᠪᠠ᠃

ᠪᠢᠳᠡ ᠰᠠᠭᠤᠷᠢ ᠲᠥᠬᠥᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠲᠦᠷᠦ᠍᠎ᠶ᠋ᠢᠨ ᠪᠤᠳᠤᠯᠭ᠎ᠠ᠎ᠶ᠋ᠢᠨ ᠳᠠᠪᠠᠭᠤᠯᠢᠭ᠎ᠢ ᠠᠱᠢᠭ᠍ᠯᠠᠨ ᠬᠥᠭᠥᠷᠭᠡ ᠵᠠᠰᠠᠵᠤ᠂ ᠵᠠᠮ ᠳᠡᠪᠢᠰᠴᠦ᠍᠂ ᠤᠰᠤ ᠨᠡᠪᠲᠡᠷᠡᠭᠦᠯᠵᠦ᠍᠂ ᠵᠠᠮ᠎ᠤᠨ ᠳ᠋ᠧᠩ᠎ᠢ ᠤᠭ᠍ᠰᠠᠷᠠᠵᠤ᠂ ᠬᠠᠭᠤᠷᠠᠢ ᠵᠣᠷᠯᠣᠩ᠎ᠢ ᠥᠭᠡᠷᠡᠴᠢᠯᠡᠵᠦ᠍᠂ ᠥᠨᠳᠥᠷ ᠪᠠᠷᠢᠮᠵᠢᠶᠠᠲᠤ ᠬᠣᠭ ᠨᠣᠪᠰᠢ᠎ᠶ᠋ᠢ ᠪᠤᠯᠠᠬᠤ ᠲᠠᠯᠠᠪᠠᠢ ᠪᠠᠢᠭᠤᠯᠵᠤ᠂ ᠠᠭᠤᠯᠠ ᠵᠢ ᠨᠣᠭᠣᠭᠠᠷᠠᠭᠤᠯᠵᠦ᠍᠂ ᠠᠭᠤᠯᠠᠨ ᠳᠣᠣᠷ᠎ᠠ ᠬᠡᠳᠦᠨ ᠠᠷᠪᠠᠨ ᠲᠦᠮᠡᠨ ᠰᠠᠭᠤᠷᠢ ᠮᠣᠳᠣ ᠲᠠᠷᠢᠵᠤ ᠣᠷᠴᠢᠨ ᠲᠣᠭᠣᠷᠢᠨ᠎ᠢ ᠰᠠᠢᠵᠢᠷᠠᠭᠤᠯᠵᠤ᠂ ᠤᠯᠠᠨ ᠲᠦᠮᠡᠨ᠎ᠦ ᠵᠣᠯ ᠵᠢᠷᠭᠠᠯ᠎ᠤᠨ ᠵᠢᠭᠠᠯᠲᠠ ᠲᠣᠭ᠎ᠠ ᠲᠠᠰᠤᠷᠠᠯᠳᠠ ᠦᠭᠡᠢ ᠳᠡᠭᠡᠭ᠌ᠰᠢᠯᠡᠵᠦ᠍᠂ ᠠᠯᠢᠪᠠ ᠪᠦᠬᠦᠨ ᠴᠡᠴᠡᠭ᠌ᠯᠡᠨ ᠬᠥᠭ᠌ᠵᠢᠪᠡ᠃

ᠠᠵᠢᠯᠯᠠᠵᠤ ᠠᠮᠢᠳᠤᠷᠠᠬᠤ᠎ᠳᠦ ᠲᠤᠬᠢᠳᠠᠢ ᠰᠠᠢᠬᠠᠨ ᠦᠵᠡᠮᠵᠢ ᠨᠢ ᠤᠷᠢᠳ ᠬᠣᠵᠢᠳ 100 ᠭᠠᠷᠤᠶ ᠢᠳᠡᠷ ᠵᠠᠯᠠᠭᠤ᠎ᠬᠦᠮᠦᠰ᠎ᠢ ᠲᠠᠲᠠᠵᠤ ᠨᠤᠲᠤᠭ᠎ᠲᠦᠨᠢ ᠪᠤᠴᠠᠭᠤᠯᠪᠠ᠃ ᠭᠠᠵᠠᠷ ᠱᠢᠷᠣᠶ᠎ᠶ᠋ᠢᠨ ᠡᠬᠢ ᠪᠠᠶᠠᠯᠢᠭ ᠳᠤᠲᠠᠮᠠᠭ ᠪᠠᠢᠬᠤ ᠬᠦᠴᠢᠷ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢᠨ ᠲᠥᠯᠥᠭᠡ ᠪᠢᠳᠡ ᠡᠭᠦᠨ᠎ᠦ ᠳᠣᠲᠣᠷᠠᠬᠢ 30 ᠭᠠᠷᠤᠶ ᠱᠢᠨ᠎ᠡ ᠬᠡᠯᠪᠡᠷᠢ᠎ᠶ᠋ᠢᠨ ᠲᠠᠷᠢᠶᠠᠴᠢᠳ᠎ᠢ ᠳᠠᠢᠴᠢᠯᠠᠨ 《ᠭᠠᠵᠠᠷ ᠤᠷᠤᠨ ᠰᠤᠨᠳᠠᠯᠠᠭᠰᠠᠨ》 ᠵᠠᠭ᠍ᠪᠤᠷ᠎ᠢ ᠬᠡᠷᠡᠭ᠌ᠵᠢᠭᠦᠯᠵᠦ᠍᠂ ᠵᠠᠰᠠᠭ ᠵᠠᠬᠢᠷᠭᠠᠨ᠎ᠤ ᠵᠠᠭᠠᠭ ᠬᠢᠵᠠᠭᠠᠷ ᠠᠯᠤᠰᠯᠠᠨ 1.6 ᠲᠦᠮᠡᠨ ᠮᠥ᠍ ᠢᠳᠡᠱᠢᠨ ᠨᠣᠭᠣᠭ᠎ᠠ᠎ᠶ᠋ᠢᠨ ᠰᠠᠭᠤᠷᠢᠨ᠎ᠢ ᠥᠷᠭᠡᠳᠭᠡᠭᠡᠳ ᠠᠮᠵᠢᠯᠲᠠ ᠤᠯᠪᠠ᠃ ᠲᠠᠳᠠ ᠲᠠᠷᠢᠶᠠᠯᠠᠩ᠎ᠤᠨ ᠣᠳᠣᠬᠢᠴᠢᠯᠠᠯᠲᠠ᠎ᠶ᠋ᠢᠨ ᠣᠢᠯᠠᠭᠠᠭ᠍ᠳᠠᠬᠤᠨ᠎ᠢ ᠲᠠᠷᠢᠶᠠᠨ ᠭᠠᠵᠠᠷ᠎ᠲᠤ ᠬᠦᠷᠭᠡᠵᠦ᠍᠂ ᠺᠣᠮᠫᠢᠦ᠋ᠲ᠋ᠧᠷ᠎ᠦᠨ ᠲᠣᠭᠠᠴᠢᠯᠠᠭ᠍ᠰᠠᠨ ᠡᠵᠡᠮᠱᠢᠯ᠎ᠦᠨ ᠮᠡᠷᠭᠡᠵᠢᠯ᠎ᠢ ᠣᠷᠣᠭᠤᠯᠤᠨ ᠨᠠᠷᠢᠯᠢᠭᠵᠢᠭᠤᠯᠤᠨ ᠳᠠᠷᠢᠵᠤ᠂ ᠳᠣᠬᠢᠭᠤᠷ ᠲᠤᠯᠤᠭᠠᠨ ᠣᠲᠣ ᠵᠠᠮᠴᠢᠯᠠᠭ᠎ᠠ᠎ᠶ᠋ᠢᠨ ᠵᠢᠯᠣᠭᠣᠴᠢ ᠥᠬᠡᠶ ᠮᠡᠷᠭᠡᠵᠢᠯ᠎ᠢᠶᠡᠷ ᠳᠠᠷᠢᠵᠤ᠂ ᠎ᠳᠠ ᠵᠢᠶᠠᠩ ᠵᠢᠯᠣᠭᠣᠴᠢ ᠥᠬᠡᠶ ᠨᠢᠰᠭᠡᠯ᠎ᠢᠶᠡᠷ ᠨᠠᠪᠴᠢᠨ᠎ᠳᠤ ᠪᠣᠷᠲᠣᠭᠣᠷ ᠤᠷᠤᠭᠤᠯᠪᠠ᠃ ᠲᠡᠷᠢᠭᠦᠨ᠎ᠦ ᠣᠳᠣᠬᠢᠴᠢᠯᠠᠭ᠍ᠰᠠᠨ ᠬᠥᠳᠡᠭᠡ ᠠᠵᠤ ᠠᠬᠤᠢ᠎ᠶ᠋ᠢᠨ ᠣᠢᠯᠠᠭᠠᠭ᠍ᠳᠠᠬᠤᠨ ᠪᠣᠯᠤᠨ ᠦᠢᠯᠡᠳᠪᠦᠷᠢᠯᠡᠯ᠎ᠦᠨ ᠠᠷᠭ᠎ᠠ ᠬᠡᠯᠪᠡᠷᠢ᠎ᠶ᠋ᠢ ᠲᠠᠷᠢᠶᠠᠨ ᠭᠠᠵᠠᠷ᠎ᠲᠤ ᠠᠪᠴᠤ᠌ ᠣᠷᠣᠵᠤ᠂ ᠨᠠᠮ᠎ᠳᠤ ᠤᠷᠤᠬ᠍ᠰᠠᠨ ᠢᠳᠡᠪᠬᠢᠲᠡᠨ ᠪᠢ ᠳ᠋ᠦᠩ ᠱᠢᠶᠠᠩ᠎ᠳᠤ ᠢᠳᠡᠱᠢᠨ ᠨᠣᠭᠣᠭ᠎ᠠ ᠲᠠᠷᠢᠵᠤ ᠡᠳ᠋ᠱᠢᠭᠦᠯᠬᠦ᠌ ᠬᠤᠷᠱᠢᠶ᠎ᠠ ᠪᠠᠢᠭᠤᠯᠤᠨ ᠦᠭᠴᠦ᠂ ᠨᠢᠭᠡ ᠪᠦᠯᠦᠭ ᠢᠳᠡᠱᠢᠨ ᠨᠣᠭᠣᠭ᠎ᠠ᠎ᠳᠤ ᠠᠩᠬ᠎ᠠ ᠡᠳ᠋ᠱᠢᠭᠦᠯᠦᠯᠲᠡ ᠬᠢᠵᠦ᠍᠂ ᠢᠳᠡᠱᠢᠨ ᠨᠣᠭᠣᠭ᠎ᠠ᠎ᠶ᠋ᠢᠨ 《ᠭᠠᠵᠠᠷ ᠤᠷᠤᠨ ᠰᠤᠨᠳᠠᠯᠠᠭᠰᠠᠨ》 ᠠᠵᠤ ᠦᠢᠯᠡᠰ᠎ᠦᠨ ᠬᠡᠯᠬᠢᠢ᠎ᠡ ᠣᠬᠣᠷ ᠪᠠᠢᠭ᠎ᠠ ᠪᠣᠭᠣᠮᠢ᠎ᠶ᠋ᠢ ᠡᠪᠳᠡᠵᠦ᠍᠂ ᠡᠭᠦᠨ᠎ᠦ ᠤᠯᠠᠮ᠎ᠢᠶᠠᠷ ᠨᠡᠩ ᠤᠯᠠᠨ ᠬᠥᠳᠡᠯᠮᠦᠷᠢ ᠬᠦᠴᠦ᠍᠎ᠶ᠋ᠢ ᠲᠠᠢ᠌ᠴᠢᠯᠠᠨ ᠭᠡᠷ᠎ᠦᠨ ᠬᠢᠨᠢ ᠤᠢᠷᠠᠯᠴᠠᠭ᠎ᠠ ᠠᠵᠢᠯ ᠣᠯᠭᠣᠵᠤ ᠣᠷᠣᠯᠭ᠎ᠠ᠎ᠶ᠋ᠢ ᠨᠢ ᠨᠡᠮᠡᠭ᠌ᠳᠡᠭᠦᠯᠵᠦ᠍᠂ ᠮᠠᠨ᠎ᠤ ᠲᠣᠰᠭᠣᠨ ᠴᠤ᠌ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ 《ᠪᠠᠲᠤ ᠴᠢᠩᠭ᠎ᠠ ᠪᠡᠬᠢᠯᠡᠯᠲᠡ᠎ᠶ᠋ᠢᠨ ᠵᠢᠱ᠌ᠢᠶᠡᠴᠢ ᠨᠠᠮ᠎ᠤᠨ ᠡᠭᠦᠷ》 ᠵᠢᠡᠷ ᠦᠨᠡᠯᠡᠭ᠌ᠳᠡᠪᠡ᠃ ᠣᠲᠣ ᠪᠢᠳᠡ ᠪᠡᠭᠡᠵᠢᠩ᠎ᠦᠨ ᠲᠦᠩ ᠷᠧᠨ ᠲᠠᠩ᠎ᠲᠠᠶ ᠬᠠᠮᠲᠤᠷᠠᠯᠴᠠᠭᠠᠨ᠎ᠤ ᠰᠠᠨᠠᠮᠵᠢ ᠲᠣᠭ᠍ᠲᠠᠵᠤ᠂ ᠢᠷᠡᠭᠡᠳᠦᠶ᠎ᠳᠦ 《ᠵᠠᠬᠢᠶᠠᠯᠠᠭ᠎ᠠ᠎ᠶ᠋ᠢᠨ ᠮᠠᠶᠢᠭ᠎ᠤᠨ ᠲᠠᠷᠢᠮᠠᠯ᠂ ᠰᠠᠨᠠᠮᠵᠢᠴᠢᠯᠠᠭ᠍ᠰᠠᠨ ᠪᠣᠷᠣᠯᠠᠭᠤᠯᠭ᠎ᠠ》 ᠶ᠋ᠢᠨ ᠵᠠᠭ᠍ᠪᠤᠷ᠎ᠨᠢ ᠪᠢᠳᠡᠨ᠎ᠦ ᠨᠠᠩ ᠰᠠᠢᠨ ᠬᠥᠭ᠌ᠵᠢᠯᠲᠡ᠎ᠳᠦ ᠬᠦᠴᠦᠨ ᠨᠡᠮᠡᠷᠢᠯᠡᠬᠦ᠌ ᠪᠣᠯᠤᠨ᠎ᠠ᠃

ᠲᠤᠬᠠᠢ᠎ᠶ᠋ᠢᠨ ᠵᠢᠯ᠎ᠦᠨ 《ᠬᠤᠯᠤᠤᠪᠠᠩ᠎ᠤᠨ ᠪᠣᠷᠣᠯᠠᠭᠤᠯᠭ᠎ᠠ ᠵᠣᠭ᠍ᠰᠣᠩᠭᠢᠷᠠᠭ᠍ᠰᠠᠨ》 ᠡᠴᠡ ᠤᠳᠤ᠎ᠶ᠋ᠢᠨ 《ᠡᠮ᠎ᠦᠨ ᠮᠠᠲ᠋ᠧᠷᠢᠶᠠᠯ᠎ᠤᠨ ᠪᠤᠷᠤᠯᠠᠭᠤᠯᠭ᠎ᠠ ᠬᠦᠭᠵᠢᠭᠰᠡᠨ》 ᠬᠦᠷᠲᠡᠯ᠎ᠡ᠂ ᠵᠠᠯᠠᠭᠤᠴᠤᠳ᠎ᠤᠨ 《ᠭᠠᠳᠠᠭ᠍ᠰᠢ ᠭᠠᠷᠴᠤ᠌ ᠬᠥᠯᠥᠰᠥᠨ ᠠᠵᠢᠯ ᠬᠢᠭ᠌ᠰᠡᠨ》 ᠡᠴᠡ 《ᠨᠤᠲᠤᠭ᠎ᠲᠠᠭᠠᠨ ᠪᠤᠴᠠᠵᠤ ᠦᠢᠯᠡᠰ ᠪᠤᠰᠭᠠᠬ᠍ᠰᠠᠨ》 ᠬᠦᠷᠲᠡᠯ᠎ᠡ᠂ 《ᠲᠩᠷᠢ᠎ᠶ᠋ᠢᠨ ᠴᠢᠷᠠᠢ᠎ᠶ᠋ᠢ ᠬᠠᠷᠠᠵᠤ ᠠᠮᠢᠳᠤᠷᠠᠭᠰᠠᠨ》 ᠡᠴᠡ 《ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢᠶᠡᠷ ᠬᠦᠴᠦᠨ ᠤᠯᠭᠤᠭᠰᠠᠨ》 ᠬᠦᠷᠲᠡᠯ᠎ᠡ ᠪᠤᠢ ᠪᠦᠬᠦᠢ ᠬᠤᠪᠢᠷᠠᠯᠲᠠ ᠨᠢ ᠴᠥᠮ ᠪᠢᠳᠡᠨ᠎ᠦ ᠮᠢᠩᠭᠠᠨ ᠣᠨ᠎ᠳᠤ ᠬᠣᠪᠣᠷ ᠲᠣᠬᠢᠶᠠᠯᠳᠤᠬᠤ ᠰᠠᠢ᠌ᠨ ᠴᠠᠭ ᠦᠶ᠎ᠡ᠎ᠶ᠋ᠢ ᠬᠥᠭᠡᠭᠡᠵᠦ᠍ ᠭᠦᠢᠴᠡᠭ᠌ᠰᠡᠨ᠎ᠡᠴᠡ ᠪᠣᠯᠤᠭ᠍ᠰᠠᠨ ᠶᠤᠮ᠃ ᠲᠡᠢᠮᠦ᠍ ᠣᠯᠠᠨ ᠰᠠᠢᠨ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ ᠨᠢ ᠰᠢᠶᠤᠤ ᠮᠢᠶᠤᠤ ᠽᠢ ᠲᠣᠰᠭᠣᠨ ᠱᠢᠭ᠋ ᠬᠥᠳᠡᠭᠡ ᠲᠣᠰᠭᠣᠨ᠎ᠳᠤ ᠲᠩᠷᠢ ᠭᠠᠵᠠᠷ᠎ᠢ ᠳᠣᠩᠰᠣᠯᠭᠠᠮ᠎ᠠ ᠬᠤᠪᠢᠷᠠᠯᠲᠠ ᠵᠢ ᠠᠪᠴᠢᠷᠠᠵᠠᠢ᠃

ᠡᠨᠡ ᠵᠢᠯ ᠪᠣᠯ 《ᠠᠷᠪᠠᠨ ᠲᠠᠪᠤᠳᠤᠭᠠᠷ ᠲᠠᠪᠤᠨ ᠵᠢᠯ》 ᠦ᠋ᠨ ᠡᠬᠢᠯᠡᠯᠲᠡ᠎ᠶ᠋ᠢᠨ ᠵᠢᠯ ᠮᠥᠨ᠂ ᠲᠥᠪ᠎ᠦᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠨᠢ ᠪᠠᠰᠠ ᠮᠠᠨ᠎ᠤ ᠬᠥᠭ᠌ᠵᠢᠯᠲᠡ᠎ᠳᠦ ᠨᠡᠩ ᠤᠯᠠᠨ ᠲᠦᠷᠦ᠍᠎ᠶ᠋ᠢᠨ ᠪᠤᠳᠤᠯᠭ᠎ᠠ᠎ᠶ᠋ᠢᠨ ᠳᠡᠮᠵᠢᠯᠭᠡ ᠬᠠᠩᠭᠠᠭ᠍ᠰᠠᠨ ᠪᠣᠯᠬᠣᠷ ᠮᠠᠨ᠎ᠤ ᠬᠥᠭ᠌ᠵᠢᠯᠲᠡ᠎ᠶ᠋ᠢᠨ ᠣᠷᠣᠨ ᠵᠠᠢ ᠨᠡᠩ ᠥᠷᠭᠡᠨ ᠠᠭᠤᠳᠠᠮ ᠪᠣᠯᠬᠤ ᠶᠤᠮ᠃ ᠢᠷᠡᠭᠡᠳᠦᠢ᠎ᠳᠦ᠂ ᠪᠢᠳᠡ ᠨᠠᠮ᠎ᠤᠨ ᠪᠠᠢᠭᠤᠯᠤᠯᠲᠠ᠎ᠶ᠋ᠢᠨ ᠬᠦᠳᠦᠯᠦᠨ ᠳᠠᠭᠠᠭᠤᠯᠬᠤ ᠦᠢᠯᠡᠳᠦᠯ᠎ᠢ ᠦᠷᠭᠦᠯᠵᠢᠯᠡᠨ ᠪᠠᠳᠠᠷᠠᠭᠤᠯᠵᠤ᠂ ᠲᠦᠷᠦ᠍᠎ᠶ᠋ᠢᠨ ᠪᠤᠳᠤᠯᠭ᠎ᠠ᠎ᠶ᠋ᠢᠨ ᠠᠵᠠ ᠲᠣᠬᠢᠶᠠᠯ᠎ᠢ ᠠᠮᠵᠢᠵᠤ᠂ ᠨᠤᠲᠤᠭ᠎ᠤᠨ ᠤᠯᠠᠨ ᠲᠦᠮᠡᠨ᠎ᠢᠶᠡᠨ ᠳᠠᠭᠠᠭᠤᠯᠤᠨ ᠤᠨᠴᠠᠯᠢᠬ᠍ᠳᠤ ᠠᠵᠤ ᠦᠢᠯᠡᠰ᠎ᠢ ᠰᠠᠢᠲᠤᠷ ᠬᠥᠭ᠌ᠵᠢᠭᠦᠯᠵᠦ᠍᠂ ᠬᠥᠳᠡᠭᠡ ᠲᠣᠰᠭᠣᠨ᠎ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ ᠵᠠᠮ᠎ᠢᠶᠠᠷ ᠯᠠᠪᠳᠠᠭᠤᠨ ᠪᠠᠲᠤᠲᠠᠢ ᠰᠠᠢᠲᠤᠷ ᠵᠠᠮᠨᠠᠨ᠎ᠠ᠃ ᠣᠯᠠᠨ᠎ᠳᠤ ᠪᠠᠶᠠᠷᠯᠠᠯ᠎ᠠ!

ᠱᠢᠶᠠᠩᠭᠠᠩ᠎ᠤᠨ ᠳ᠋ᠠ ᠭᠦᠩ ᠸᠸᠨ ᠬᠤᠢ ᠵᠠᠭᠤᠴᠢᠯᠠᠭᠤᠷ᠎ᠤᠨ ᠪᠦᠯᠦᠭ᠌ᠯᠡᠯ᠎ᠦᠨ ᠰᠤᠷᠪᠤᠯᠵᠢᠯᠠᠭ᠍ᠴᠢ᠄ ᠥᠪᠥᠷ ᠮᠣᠩᠭᠣᠯ ᠪᠣᠯ ᠤᠯᠤᠰ᠎ᠤᠨ《ᠵᠡᠭᠦᠨᠳᠡᠬᠢ ᠲᠤᠭ᠎ᠠ ᠪᠠᠷᠢᠮᠳᠠ ᠵᠢ ᠪᠠᠷᠠᠭᠤᠨ᠎ᠳᠦ ᠪᠤᠳᠤᠬᠤ》 ᠬᠦᠢᠰᠦ ᠵᠠᠩᠭᠢᠯᠠᠭ᠎ᠠ ᠵᠢᠨ ᠭᠠᠵᠠᠷ ᠪᠣᠯᠤᠨ᠎ᠠ᠂ ᠬᠣᠷᠢᠨᠭᠡᠷ ᠪᠦᠯᠦᠭᠵᠢᠯ ᠪᠣᠯ ᠠᠷᠪᠠᠨ ᠶᠡᠬᠡ ᠪᠦᠯᠦᠭᠵᠢᠯ᠎ᠦᠨ ᠨᠢᠭᠡ ᠪᠣᠯᠤᠨ᠎ᠠ᠂ ᠪᠢᠳᠠ ᠡᠨᠡ ᠬᠡᠳᠦᠨ ᠵᠢᠯ᠎ᠳᠦ ᠬᠣᠷᠢᠨᠭᠡᠷ ᠪᠦᠯᠦᠭᠵᠢᠯ᠎ᠦᠨ ᠲᠤᠭᠠᠴᠢᠯᠠᠭᠰᠠᠨ ᠪᠤᠳᠤᠯᠳᠠ᠎ᠶ᠋ᠢᠨ ᠠᠵᠤ ᠦᠢᠯᠡᠰ᠎ᠦᠨ ᠬᠥᠭ᠌ᠵᠢᠯᠲᠡ ᠲᠦᠷᠭᠡᠨ᠂ ᠪᠠᠢᠳᠠᠯ ᠮᠠᠰᠢ ᠲᠦᠷᠭᠡᠨ ᠪᠠᠢᠬᠤ᠎ᠶ᠋ᠢ ᠠᠩᠬᠠᠷᠴᠤ᠌ ᠤᠯᠪᠠ᠂ ᠬᠣᠷᠢᠨᠭᠡᠷ ᠪᠦᠯᠦᠭᠵᠢᠯ ᠲᠤᠭᠠᠴᠢᠯᠠᠭᠰᠠᠨ ᠪᠤᠳᠤᠯᠲᠠ᠎ᠶ᠋ᠢᠨ ᠠᠵᠤ ᠦᠢᠯᠡᠰ ᠣᠨᠴᠠᠭᠠᠢᠯᠠᠨ ᠪᠣᠬᠢᠷᠲᠤᠯ ᠦᠭᠡᠢ ᠲᠤᠭᠠᠴᠢᠯᠠᠭᠰᠠᠨ ᠪᠤᠳᠤᠯᠲᠠ᠎ᠶ᠋ᠢᠨ ᠠᠵᠤ ᠦᠢᠯᠡᠰ᠎ᠦᠨ ᠲᠣᠭᠣᠷᠢᠨ᠎ᠳᠤ ᠬᠡᠷᠬᠢᠨ ᠲᠥᠯᠥᠪᠵᠢᠭᠦᠯᠦᠨ ᠠᠬᠢᠭᠤᠯᠵᠤ ᠪᠠᠢᠬᠤ᠎ᠶ᠋ᠢ ᠲᠠᠨᠢᠯᠴᠠᠭᠤᠯᠤᠭᠠᠳ ᠥᠭ᠌ᠭᠦᠨ᠎ᠡ ᠦᠦ? ᠳᠠᠷᠠᠭ᠎ᠠ ᠠᠯᠬᠤᠮ᠎ᠳᠤ ᠶᠠᠮᠠᠷ ᠲᠥᠯᠥᠪᠯᠡᠭᠡ᠎ᠲᠡᠶ ᠪᠤᠢ?

ᠾᠧ ᠬᠠᠶ ᠳ᠋ᠦᠩ ᠲᠥᠯᠥᠭᠡᠯᠡᠭ᠌ᠴᠢ᠄ ᠰᠤᠷᠪᠤᠯᠵᠢᠯᠠᠭ᠍ᠴᠢ ᠨᠠᠢᠵᠠ᠎ᠨᠠᠷ᠎ᠤᠨ ᠠᠰᠠᠭᠤᠯᠲᠠ᠎ᠳᠤ ᠲᠠᠯᠠᠷᠬᠠᠵᠤ ᠪᠠᠢᠬᠤ ᠪᠥᠭᠡᠳ ᠥᠪᠥᠷ ᠮᠣᠩᠭᠣᠯ᠎ᠤᠨ ᠪᠤᠳᠤᠯᠲᠠ᠎ᠶ᠋ᠢᠨ ᠠᠵᠤ ᠦᠶ᠋ᠯᠡᠰ᠎ᠦᠨ ᠲᠤᠬᠠᠶ ᠣᠯᠠᠨ᠎ᠤ ᠬᠠᠯᠠᠮᠵᠢᠯᠠᠯ᠎ᠳᠤ ᠲᠠᠯᠠᠷᠬᠠᠵᠤ ᠪᠠᠢᠨ᠎ᠠ᠃

ᠶᠡᠷᠦᠩᠬᠡᠢ ᠱᠦᠵᠢ ᠰᠢ ᠵᠢᠨ ᠫᠢᠩ᠂ ᠲᠣᠭᠠᠴᠢᠯᠠᠭ᠍ᠰᠠᠨ ᠳᠤᠮᠳᠠᠳᠤ ᠤᠯᠤᠰ᠎ᠢ ᠲᠦᠷᠭᠡᠳᠭᠡᠨ ᠪᠦᠳᠦᠬᠡᠨ ᠪᠠᠢᠭᠤᠯᠵᠤ᠂ ᠪᠤᠳᠤᠯᠲᠠ ᠵᠢᠨ ᠬᠦᠴᠦᠨ᠎ᠦ ᠰᠠᠭᠤᠷᠢ ᠲᠥᠬᠥᠭᠡᠷᠦᠮᠵᠢ᠎ᠶ᠋ᠢᠨ ᠪᠦᠳᠦᠬᠡᠨ ᠪᠠᠢᠭᠤᠯᠤᠯᠲᠠ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠦᠬᠦ᠌ ᠤᠯᠤᠰ᠎ᠤᠨ ᠪᠤᠳᠤᠯᠲᠠ ᠵᠢᠨ ᠬᠦᠴᠦᠨ᠎ᠦ ᠵᠠᠩᠭᠢᠯᠠᠭ᠎ᠠ᠎ᠶ᠋ᠢᠨ ᠪᠠᠢᠷᠢᠱᠢᠭᠤᠯᠤᠯᠲᠠ᠎ᠶ᠋ᠢ ᠱᠢᠯᠢᠳᠡᠭ᠌ᠵᠢᠭᠦᠯᠬᠦ᠌ ᠬᠡᠷᠡᠭ᠌ᠲᠡᠢ ᠭᠡᠵᠦ᠍ ᠴᠢᠬᠤᠯᠠᠴᠢᠯᠠᠪᠠ᠃ ᠥᠪᠥᠷ ᠮᠣᠩᠭᠣᠯ ᠪᠣᠯ ᠤᠯᠤᠰ᠎ᠤᠨ ᠲᠦᠷᠦᠭᠦᠦ ᠪᠦᠯᠦᠭ᠎ᠦᠨ 《ᠵᠡᠭᠦᠨᠳᠡᠬᠢ ᠲᠤᠭ᠎ᠠ ᠪᠠᠷᠢᠮᠳᠠ ᠵᠢ ᠪᠠᠷᠠᠭᠤᠨ᠎ᠳᠦ ᠪᠤᠳᠤᠬᠤ》 ᠢᠨᠵᠧᠨᠧᠷᠢᠩ᠎ᠦᠨ ᠨᠠᠶ᠋ᠮᠠᠨ ᠶᠡᠬᠡ ᠬᠦᠢᠰᠦ ᠵᠠᠩᠭᠢᠯᠠᠭ᠎ᠠ᠎ᠶ᠋ᠢᠨ ᠭᠠᠵᠠᠷ᠎ᠤᠨ ᠨᠢᠭᠡ ᠮᠥᠨ᠂ ᠬᠥᠬᠡᠬᠣᠲᠠ᠎ᠶ᠋ᠢᠨ ᠬᠣᠷᠢᠨᠭᠡᠷ ᠪᠦᠯᠦᠭᠵᠢᠯ ᠪᠣᠯ ᠪᠠᠰᠠ ᠴᠤ᠌ ᠪᠥᠬᠥ᠌ ᠤᠯᠤᠰ᠎ᠤᠨ ᠠᠷᠪᠠᠨ ᠲᠣᠮᠣ ᠲᠤᠭ᠎ᠠ ᠪᠠᠷᠢᠮᠳᠠ ᠶ᠋ᠢᠨ ᠲᠥᠪ᠎ᠦᠨ ᠪᠦᠯᠦᠭᠵᠢᠯ᠎ᠦᠨ ᠨᠢᠭᠡ ᠮᠥᠨ᠃ ᠣᠢᠷ᠎ᠠ᠎ᠶ᠋ᠢᠨ ᠬᠡᠳᠦᠨ ᠵᠢᠯ᠎ᠳᠦ᠂ ᠪᠢᠳᠡ ᠶᠡᠷᠦᠩᠬᠡᠶ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠢᠮᠠᠭ᠍ᠲᠠ ᠪᠠᠲᠤ ᠴᠡᠭᠡᠵᠢᠯᠡᠵᠦ᠍᠂ ᠪᠤᠳᠤᠯᠲᠠ ᠵᠢᠨ ᠬᠦᠴᠦᠨ᠎ᠦ ᠠᠵᠤ ᠦᠶ᠋ᠯᠡᠰ᠎ᠢ 《ᠱᠢᠨ᠎ᠡ ᠴᠢᠨᠠᠷ᠎ᠤᠨ ᠦᠶ᠋ᠯᠡᠳᠪᠦᠷᠢᠯᠡᠯ᠎ᠦᠨ ᠬᠦᠴᠦᠨ》 ᠢ᠋ ᠪᠣᠢᠵᠢᠭᠤᠯᠬᠤ ᠴᠢᠬᠤᠯᠠ ᠭᠠᠷᠳᠠᠴᠠ ᠪᠣᠯᠭᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠪᠠᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠬᠣᠷᠢᠨᠭᠡᠷ ᠱᠢᠨ᠎ᠡ ᠲᠣᠭᠣᠷᠢᠭ᠎ᠢᠶᠠᠷ ᠭᠤᠤᠯ ᠲᠡᠢᠯᠠᠯᠳᠤᠭᠠᠨ᠎ᠦ ᠲᠠᠯᠠᠪᠤᠷ ᠪᠣᠯᠭᠠᠵᠤ᠂ ᠬᠥᠬᠡᠬᠣᠲᠠ᠎ᠶ᠋ᠢ ᠪᠥᠬᠥ᠌ ᠤᠯᠤᠰ᠎ᠤᠨ ᠲᠡᠷᠢᠭᠦᠨ᠎ᠦ ᠪᠣᠬᠢᠷᠲᠤᠯ ᠥᠬᠡᠶ ᠪᠤᠳᠤᠯᠲᠠ ᠵᠢᠨ ᠬᠦᠴᠦᠨ ᠪᠠ ᠲᠣᠭ᠎ᠠ ᠪᠠᠷᠢᠮᠲᠠ᠎ᠶ᠋ᠢᠨ ᠠᠵᠤ ᠦᠶ᠋ᠯᠡᠰ᠎ᠦᠨ ᠲᠥᠪᠯᠡᠷᠡᠯ᠎ᠦᠨ ᠣᠷᠣᠨ ᠪᠣᠯᠭᠠᠨ ᠪᠥᠲᠥᠭᠡᠨ ᠪᠠᠢᠭᠤᠯᠪᠠ᠃

ᠪᠤᠳᠤᠯᠲᠠ ᠵᠢᠨ ᠬᠦᠴᠦᠨ᠎ᠦ ᠠᠵᠤ ᠦᠶ᠋ᠯᠡᠰ᠎ᠢ ᠬᠥᠭ᠌ᠵᠢᠭᠦᠯᠬᠦ᠌᠎ᠳᠦ᠂ ᠪᠢᠳᠡ 4 ᠶᠡᠬᠡ ᠳᠠᠪᠠᠭᠤᠯᠢᠭ᠎ᠲᠠᠶ᠂ ᠨᠢᠭᠡ᠎ᠳᠦ᠂ ᠡᠨᠧᠷᠭᠢ᠎ᠶ᠋ᠢᠨ ᠳᠠᠪᠠᠭᠤᠯᠢᠭ᠎ᠲᠠᠶ᠂ ᠥᠪᠥᠷ ᠮᠣᠩᠭᠣᠯ᠎ᠤᠨ ᠴᠠᠬᠢᠯᠭᠠᠨ ᠭᠠᠷᠭᠠᠬᠤ ᠬᠡᠮᠵᠢᠶ᠎ᠡ᠂ ᠢᠯᠠᠩᠭᠤᠶ᠎ᠠ ᠱᠢᠨ᠎ᠡ ᠡᠨᠧᠷᠭᠢ᠎ᠶ᠋ᠢᠨ ᠴᠠᠬᠢᠯᠭᠠᠨ ᠭᠠᠷᠭᠠᠬᠤ ᠬᠡᠮᠵᠢᠶ᠎ᠡ ᠨᠢ ᠪᠥᠬᠥ᠌ ᠤᠯᠤᠰ᠎ᠲᠤ ᠲᠦᠷᠦᠭᠦᠯᠡᠵᠦ ᠪᠠᠢᠨ᠎ᠠ᠂ ᠴᠠᠬᠢᠯᠭᠠᠨ ᠬᠦᠴᠦᠨ᠎ᠦ ᠬᠠᠩᠭᠠᠯᠭ᠎ᠠ᠎ᠶ᠋ᠢᠨ ᠬᠡᠮᠵᠢᠶ᠎ᠡ ᠨᠢ ᠭᠦᠶ᠋ᠴᠡᠳ᠂ ᠦᠨ᠎ᠡ ᠨᠢ ᠳᠤᠤᠷ᠎ᠠ᠂ ᠲᠣᠭ᠍ᠲᠠᠭᠤᠨ ᠪᠠᠢᠵᠤ᠂ ᠲᠤᠭ᠎ᠠ ᠪᠠᠷᠢᠮᠳᠠ᠎ᠶ᠋ᠢᠨ ᠲᠥᠪ᠎ᠦᠨ ᠪᠤᠬᠢᠷᠳᠤᠯ ᠦᠭᠡᠢ ᠴᠠᠬᠢᠯᠭᠠᠨ᠎ᠤ ᠡᠵᠡᠯᠡᠬᠦ᠌ ᠬᠠᠷᠢᠴᠠᠯ ᠨᠢ 85%᠎ᠶ᠋ᠢ ᠳᠠᠪᠠᠵᠤ᠂ ᠪᠣᠬᠢᠷᠲᠤᠯ ᠥᠬᠡᠶ ᠪᠤᠳᠤᠯᠲᠠ ᠵᠢᠨ ᠬᠦᠴᠦᠨ᠎ᠤ ᠢᠯᠡᠳᠭᠡᠭ᠌ᠴᠢ ᠲᠣᠭ᠎ᠠ ᠨᠢ ᠪᠥᠬᠥ᠌ ᠤᠯᠤᠰ᠎ᠲᠤ ᠲᠦᠷᠦᠭᠦᠯᠡᠵᠦ ᠪᠠᠢᠨ᠎ᠠ᠃ ᠬᠣᠶᠠᠷ᠎ᠲᠤ᠂ ᠣᠷᠣᠨ ᠪᠠᠢᠷᠢ᠎ᠶ᠋ᠢᠨ ᠳᠠᠪᠠᠭᠤᠯᠢᠭ ᠲᠠᠢ᠂ ᠬᠥᠬᠡᠬᠣᠲᠠ ᠳᠡᠯᠡᠬᠡᠶ ᠨᠡᠢᠲᠡ᠎ᠳᠦ ᠮᠡᠳᠡᠷᠡᠭ᠌ᠳᠡᠭ᠌ᠰᠡᠨ ᠪᠤᠳᠤᠯᠲᠠ ᠵᠢᠨ ᠬᠦᠴᠦᠨ᠎ᠦ ᠠᠵᠤ ᠦᠶ᠋ᠯᠡᠰ᠎ᠦᠨ 《ᠱᠢᠵᠢᠷ ᠠᠯᠲᠠᠨ ᠥᠷᠭᠡᠷᠢᠭ᠎ᠦᠨ ᠣᠷᠣᠨ》 ᠳ᠋ᠤ ᠪᠠᠢᠷᠢᠯᠠᠵᠤ᠂ ᠵᠢᠯ᠎ᠦᠨ ᠳᠤᠮᠳᠠᠴᠢ ᠠᠭᠠᠷ᠎ᠤᠨ ᠳᠤᠯᠠᠭᠠᠨ ᠨᠢ 7°C ᠣᠷᠴᠢᠮ ᠪᠠᠢᠵᠤ᠂ ᠲᠤᠭ᠎ᠠ ᠪᠠᠷᠢᠮᠳᠠ᠎ᠶ᠋ᠢᠨ ᠲᠥᠪ᠎ᠦᠨ ᠠᠶᠠᠨᠳᠠᠭᠠᠨ ᠬᠦᠶ᠋ᠲᠡᠷᠡᠬᠦ᠌ ᠳᠤᠯᠠᠭᠠᠨ ᠨᠢ ᠳᠠᠷᠤᠶ 20% ᠵᠢᠨ ᠴᠠᠬᠢᠯᠭᠠᠨ ᠬᠡᠷᠡᠭ᠌ᠯᠡᠬᠦ᠌ ᠥᠪᠡᠷ᠎ᠦᠨ ᠥᠷᠲᠡᠭ᠎ᠢ ᠠᠷᠪᠢᠯᠠᠵᠤ ᠴᠢᠳᠠᠨ᠎ᠠ᠃ ᠭᠤᠷᠪᠠ᠎ᠳᠤ᠂ ᠳᠠᠮᠵᠢᠭᠤᠯᠭ᠎ᠠ ᠵᠢᠨ ᠳᠠᠪᠠᠭᠤᠯᠢᠭ ᠲᠠᠢ᠂ ᠪᠢᠳᠡ ᠣᠯᠠᠨ ᠤᠯᠤᠰ᠎ᠤᠨ ᠢᠨᠲ᠋ᠧᠷ ᠰᠦᠯᠵᠢᠶᠡᠨ᠎ᠦ ᠲᠣᠭ᠎ᠠ ᠪᠠᠷᠢᠮᠲᠠ᠎ᠶ᠋ᠢᠨ ᠲᠤᠰᠭᠠᠶ ᠨᠡᠪᠲᠡᠷᠡᠬᠦ᠌ ᠵᠠᠮ᠎ᠢ ᠨᠡᠭᠡᠭᠡᠵᠦ᠍᠂ ᠤᠯᠤᠰ᠎ᠤᠨ ᠢᠨᠲ᠋ᠧᠷ ᠰᠦᠯᠵᠢᠶᠡᠨ᠎ᠦ ᠱᠢᠭᠤᠳ ᠬᠠᠷᠢᠯᠴᠠᠬᠤ ᠭᠤᠤᠯᠯᠠᠭ᠍ᠴᠢ ᠴᠡᠭ ᠪᠣᠯᠵᠣ᠂ ᠤᠯᠤᠰ᠎ᠤᠨ ᠲᠦᠮᠡᠨ ᠮᠧᠭ᠎ᠠ ᠵᠢᠨ ᠭᠡᠷᠡᠯᠯᠢᠭ ᠰᠦᠯᠵᠢᠶᠡᠨ᠎ᠦ ᠲᠤᠷᠱᠢᠯᠲᠠ᠎ᠶ᠋ᠢᠨ ᠴᠡᠭ᠎ᠦᠨ ᠬᠦᠷᠢᠶᠡᠨ᠎ᠳᠦ ᠣᠷᠣᠵᠤ᠂ ᠪᠤᠳᠤᠯᠲᠠ ᠵᠢᠨ ᠬᠦᠴᠦᠨ᠎ᠦ ᠰᠦᠯᠵᠢᠶ᠎ᠡ ᠪᠥᠬᠥ᠌ ᠤᠯᠤᠰ᠎ᠲᠤ ᠨᠡᠪᠲᠡᠷᠡᠪᠡ᠃ ᠳᠥᠷᠪᠡ᠎ᠳᠦ᠂ ᠲᠥᠷᠥ᠎ᠶ᠋ᠢᠨ ᠪᠣᠳᠣᠯᠭ᠎ᠠ᠎ᠶ᠋ᠢᠨ ᠳᠠᠪᠠᠭᠤᠯᠢᠭ᠎ᠲᠠᠶ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠣᠲᠠ ᠭᠤᠷᠪᠠᠨ ᠱᠠᠲᠤᠨ᠎ᠤ ᠲᠥᠷᠥ᠎ᠶ᠋ᠢᠨ ᠪᠣᠳᠣᠯᠭ᠎ᠠ᠎ᠶ᠋ᠢᠨ ᠳᠠᠪᠬᠤᠷ ᠠᠱᠢᠭ ᠲᠠᠢ ᠪᠠᠢᠵᠤ᠂ ᠠᠵᠤ ᠦᠶ᠋ᠯᠡᠰ᠎ᠦᠨ ᠰᠠᠭᠤᠷᠢ ᠮᠥᠩᠭᠥ᠌᠂ ᠬᠥᠮᠦᠨ᠎ᠦ ᠬᠦᠴᠦᠨ᠎ᠦ ᠡᠬᠢ ᠪᠠᠶᠠᠯᠢᠭ᠂ ᠡᠯᠧᠮᠧᠨ᠋ᠲ᠎ᠦᠨ ᠬᠠᠩᠭᠠᠯᠭ᠎ᠠ ᠵᠡᠷᠭᠡ ᠪᠥᠬᠥ᠌ ᠲᠠᠯ᠎ᠠ᠎ᠶ᠋ᠢᠨ ᠪᠠᠲᠤᠯᠠᠭ᠎ᠠ ᠬᠠᠩᠭᠠᠵᠤ ᠪᠣᠯᠤᠨ᠎ᠠ᠃ᠣᠢᠷ᠎ᠠ᠎ᠶ᠋ᠢᠨ ᠵᠢᠯ᠎ᠦᠳ᠎ᠲᠦ᠂ ᠥᠪᠡᠷᠮᠢᠴᠡ ᠳᠠᠪᠠᠭᠤᠯᠢᠭ᠎ᠲᠠᠭᠠᠨ ᠲᠦᠱᠢᠭ᠌ᠯᠡᠨ᠂ ᠭᠤᠷᠪᠠᠨ ᠲᠣᠮᠣ ᠡᠵᠡᠩᠨᠡᠯᠲᠡ᠎ᠶ᠋ᠢᠨ ᠬᠤᠳᠠᠯᠳᠤᠭᠠᠴᠢᠨ᠂ 16 ᠮᠥᠩᠭᠥᠨ ᠭᠦᠶ᠋ᠯᠭᠡᠭᠡᠨ᠎ᠦ ᠪᠠᠢᠭᠤᠯᠤᠮᠵᠢ ᠪᠠ ᠬᠤᠸᠠ ᠸᠧᠶ᠂ ᠺᠧ ᠳᠠ ᠱᠢᠶᠦ᠋ᠨ ᠹᠸᠢ ᠬᠤᠪᠢᠴᠠᠭᠠᠳᠤ ᠺᠤᠮᠫᠠᠨᠢ᠂ ᠴᠤᠤᠷᠢᠶ᠎ᠠ ᠵᠡᠷᠭᠡ ᠨᠢᠭᠡ ᠪᠦᠯᠦᠭ ᠲᠠᠭᠠᠭᠤᠯᠤᠭᠴᠢ ᠠᠵᠤ ᠠᠬᠤᠢᠯᠠᠯ᠎ᠤᠨ ᠲᠤᠭ᠎ᠠ ᠪᠠᠷᠢᠮᠳᠠ᠎ᠶ᠋ᠢᠨ ᠲᠥᠪ᠎ᠨᠤᠲᠤᠭ᠍ᠰᠢᠵᠤ᠂ ᠣᠳᠣᠬᠠᠨ᠎ᠳᠤ ᠪᠦᠯᠦᠭᠵᠢᠯ᠎ᠤᠨ ᠣᠶᠤᠨᠴᠢᠯᠠᠭᠰᠠᠨ ᠲᠤᠭᠠᠴᠢᠯᠠᠭᠰᠠᠨ ᠪᠤᠳᠤᠯᠲᠠ ᠵᠢᠨ ᠬᠦᠴᠦᠨ᠎ᠤ ᠬᠡᠪᠴᠢᠶ᠎ᠡ᠎ᠨᠢ 22 ᠲᠦᠮᠡᠨ P ᠎ᠶ᠋ᠢ ᠳᠠᠪᠠᠵᠤ᠂ ᠣᠶᠤᠨᠴᠢᠯᠠᠭᠰᠠᠨ ᠪᠣᠳᠣᠯᠲᠠ᠎ᠶ᠋ᠢᠨ ᠡᠵᠡᠯᠡᠬᠦ᠌ ᠬᠠᠷᠢᠴᠠᠯ᠎ᠨᠢ 95% ᠡᠴᠡ ᠳᠡᠭᠡᠭ᠌ᠰᠢ ᠪᠣᠯᠵᠠᠶ; ᠥᠪᠥᠷ ᠮᠣᠩᠭᠣᠯ᠎ᠤᠨ ᠲᠣᠭ᠎ᠠ ᠪᠠᠷᠢᠮᠲᠠ᠎ᠶ᠋ᠢᠨ ᠡᠯᠧᠮᠧᠨ᠋ᠲ᠎ᠦᠨ ᠠᠵᠤ ᠦᠶ᠋ᠯᠡᠰ᠎ᠦᠨ ᠬᠦᠷᠢᠶᠡᠯᠡᠩ᠂ ᠬᠣᠷᠢᠨᠭᠡᠷ᠎ᠤᠨ ᠮᠥᠩᠭᠥᠨ ᠭᠦᠶ᠋ᠯᠭᠡᠭᠡᠨ᠎ᠦ ᠲᠣᠭ᠎ᠠ ᠪᠠᠷᠢᠮᠲᠠ᠎ᠶ᠋ᠢᠨ ᠠᠵᠤ ᠦᠶ᠋ᠯᠡᠰ᠎ᠦᠨ ᠬᠦᠷᠢᠶᠡᠯᠡᠩ᠎ᠢ ᠪᠥᠲᠥᠭᠡᠨ ᠪᠠᠢᠭᠤᠯᠵᠤ᠂ 12 ᠠᠵᠢᠯ ᠲᠥᠷᠥᠯ᠎ᠳᠦ ᠲᠦᠷᠦᠭᠦᠯᠡᠭ᠌ᠰᠡᠨ ᠨᠡᠢᠳᠡᠮ ᠬᠡᠷᠡᠭ᠌ᠯᠡᠭᠡᠨ᠎ᠦ ᠲᠣᠮᠣ ᠵᠠᠭ᠍ᠪᠤᠷ᠎ᠢ ᠣᠷᠣᠭᠤᠯᠤᠨ ᠠᠪᠴᠢᠷᠠᠵᠤ᠂ ᠶᠡᠷᠦᠩᠬᠡᠶ ᠪᠣᠯᠪᠠᠰᠤᠷᠠᠯ᠎ᠤᠨ ᠲᠣᠭ᠎ᠠ ᠬᠡᠮᠵᠢᠶ᠎ᠡ ᠲᠦᠮᠡᠨ ᠳ᠋ᠦᠩᠱᠢᠭᠤᠷ᠎ᠢ ᠳᠠᠪᠠᠵᠤ᠂ ᠪᠢᠳᠡ ᠪᠠᠰᠠ ᠪᠣᠳᠣᠯᠲᠠ᠎ᠶ᠋ᠢᠨ ᠬᠦᠴᠦᠨ᠎ᠦ ᠡᠬᠢ ᠪᠠᠶᠠᠯᠢᠭ᠎ᠢ ᠬᠢᠨᠠᠨ ᠬᠡᠮᠵᠢᠵᠦ᠍ ᠲᠣᠬᠢᠷᠠᠭᠤᠯᠬᠤ ᠲᠠᠪᠴᠠᠩ᠎ᠢ ᠪᠠᠢᠭᠤᠯᠪᠠ; ᠤᠯᠤᠰ᠎ᠤᠨ ᠲᠦᠷᠦᠭᠦᠦ ᠪᠦᠯᠦᠭ ᠬᠣᠲᠠ᠎ᠶ᠋ᠢᠨ ᠢᠲᠡᠭᠡᠮᠵᠢᠲᠦ ᠲᠣᠭ᠎ᠠ ᠪᠠᠷᠢᠮᠲᠠ᠎ᠶ᠋ᠢᠨ ᠣᠷᠣᠨ ᠵᠠᠶ᠎ᠶ᠋ᠢᠨ ᠱᠢᠨ᠎ᠡ᠎ᠶ᠋ᠢ ᠡᠭᠦᠳᠬᠦ᠌ ᠬᠥᠭ᠌ᠵᠢᠯᠲᠡ᠎ᠶ᠋ᠢᠨ ᠲᠤᠷᠱᠢᠯᠲᠠ᠎ᠶ᠋ᠢᠨ ᠴᠡᠭ᠂ ᠤᠯᠤᠰ᠎ᠤᠨ ᠲᠠᠰ᠎ᠤᠨ ᠲᠣᠭ᠎ᠠ ᠪᠠᠷᠢᠮᠲᠠ᠎ᠶ᠋ᠢᠨ ᠠᠵᠤ ᠦᠶ᠋ᠯᠡᠰ᠎ᠦᠨ ᠲᠥᠪᠯᠡᠷᠡᠯ᠎ᠦᠨ ᠣᠷᠣᠨ᠎ᠤ ᠲᠤᠷᠱᠢᠯᠲᠠ᠎ᠶ᠋ᠢᠨ ᠴᠡᠭ᠂ ᠤᠯᠤᠰ᠎ᠤᠨ ᠪᠤᠳᠤᠯᠲᠠ ᠵᠢᠨ ᠬᠦᠴᠦᠨ ᠪᠠ ᠴᠠᠬᠢᠯᠭᠠᠨ ᠬᠦᠴᠦᠨ ᠬᠠᠮᠵᠢᠯᠴᠠᠭᠰᠠᠨ ᠲᠤᠷᠱᠢᠯᠲᠠ᠎ᠶ᠋ᠢᠨ ᠴᠡᠭ᠎ᠢᠶᠡᠷ ᠰᠣᠩᠭᠣᠭ᠍ᠳᠠᠵᠤ᠂ 《ᠳᠤᠮᠳᠠᠳᠤ ᠤᠯᠤᠰ᠎ᠤᠨ ᠡᠭᠦᠯᠡᠨ ᠬᠥᠨᠳᠡᠶ》 ᠴᠣᠯᠠ ᠭᠥᠷᠳᠡᠪᠡ᠃

ᠲᠠᠷᠠᠭᠠᠴᠢ᠎ᠶ᠋ᠢᠨ ᠠᠯᠬᠤᠮ᠎ᠳᠤ ᠪᠢᠳᠡ 3 ᠭᠤᠤᠯᠳᠠᠯᠭ᠎ᠠ᠎ᠶ᠋ᠢ ᠰᠠᠢᠲᠤᠷ ᠠᠳᠭᠤᠨ᠎ᠠ᠃ ᠬᠠᠮᠤᠭ ᠲᠡᠷᠢᠭᠦᠨ᠎ᠳᠦ᠂ ᠪᠤᠳᠤᠯᠲᠠ ᠵᠢᠨ ᠬᠦᠴᠦᠨ᠎ᠤ ᠰᠠᠭᠤᠷᠢ᠎ᠶ᠋ᠢ ᠶᠡᠬᠡᠰᠭᠡᠨ᠎ᠡ᠃ ᠪᠠᠢᠯᠳᠤᠬᠤ ᠪᠣᠳᠣᠯᠭ᠎ᠠ᠎ᠶ᠋ᠢᠨ ᠲᠠᠰ᠂ ᠶᠡᠷᠦᠩᠬᠡᠶ ᠬᠡᠯᠲᠡᠰ᠎ᠦᠨ ᠲᠠᠰ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠠᠰ ᠵᠡᠷᠭᠡ ᠥᠨᠳᠥᠷ ᠨᠠᠢᠳᠠᠪᠤᠷᠢᠲᠠᠶ ᠪᠣᠬᠢᠷᠲᠤᠯ ᠥᠬᠡᠶ ᠪᠤᠳᠤᠯᠲᠠ ᠵᠢᠨ ᠬᠦᠴᠦᠨ᠎ᠢ ᠭᠤᠤᠯᠳᠠᠯᠭ᠎ᠠ᠎ᠲᠠᠶ ᠪᠠᠢᠷᠢᠱᠢᠭᠤᠯᠵᠤ᠂ ᠺᠸᠠᠨ᠋ᠲ ᠪᠤᠳᠤᠯᠲᠠ᠂ ᠳᠠᠭᠠᠭᠤᠯᠢ ᠣᠲᠣ᠎ᠵᠢᠨ ᠪᠤᠳᠤᠯᠲᠠ ᠵᠢ ᠲᠦᠷᠭᠡᠳᠭᠡᠨ ᠪᠠᠢᠷᠢᠱᠢᠭᠤᠯᠵᠤ᠂ 《ᠲᠠᠪᠤᠨ ᠪᠤᠳᠤᠯᠲᠠ ᠵᠢ ᠠᠭᠤᠰᠤᠯᠴᠠᠭᠤᠯᠬᠤ》 ᠬᠦᠢᠰᠦ ᠵᠠᠩᠭᠢᠯᠠᠭ᠎ᠠ ᠵᠢ ᠪᠣᠶ ᠪᠣᠯᠭᠠᠵᠤ᠂ ᠨᠢᠭᠡ ᠪᠦᠯᠦᠭ GW ᠲᠠᠰ᠎ᠤᠨ ᠪᠤᠳᠤᠯᠲᠠ ᠵᠢᠨ ᠬᠦᠴᠦᠨ᠎ᠤ ᠬᠦᠷᠢᠶᠡᠯᠡᠩ ᠲᠣᠭᠣᠷᠢᠭ᠎ᠤᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠤᠯᠤᠰ᠎ᠤᠨ ᠬᠡᠲᠦ ᠶᠡᠬᠡ ᠬᠡᠪᠴᠢᠶᠡᠨ᠎ᠦ ᠪᠤᠳᠤᠯᠲᠠ ᠵᠢᠨ ᠬᠦᠴᠦᠨ᠎ᠦ ᠰᠠᠭᠤᠷᠢᠨ᠎ᠢ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠡᠨᠡ ᠵᠢᠯ᠎ᠦᠨ ᠡᠴᠦᠰ᠎ᠲᠦ ᠪᠤᠳᠤᠯᠲᠠ ᠵᠢᠨ ᠬᠦᠴᠦᠨ᠎ᠤ ᠶᠡᠷᠦᠩᠬᠡᠶ ᠬᠡᠪᠴᠢᠶ᠎ᠡ᠎ᠶ᠋ᠢ 50 ᠲᠦᠮᠡᠨ P ᠎ᠳ᠋ᠤ ᠬᠦᠷᠭᠡᠵᠦ᠍᠂ 2030 ᠣᠨ᠎ᠳᠤ ᠨᠠᠩ ᠶᠡᠬᠡ ᠳᠠᠪᠠᠯᠲᠠ᠎ᠲᠠᠶ ᠪᠣᠯᠭᠠᠬᠤ᠎ᠪᠠᠷ ᠴᠢᠷᠮᠠᠢᠨ᠎ᠠ᠃

ᠬᠣᠶᠠᠷ᠎ᠲᠤ᠂ ᠠᠵᠤ ᠦᠢᠯᠡᠰ᠎ᠦᠨ ᠬᠡᠯᠬᠢᠶ᠎ᠡ᠎ᠶ᠋ᠢ ᠱᠢᠯᠢᠳᠡᠭ᠌ᠵᠢᠭᠦᠯᠦᠨ᠎ᠡ᠃ 《ᠡᠬᠢᠨ᠎ᠤ ᠬᠡᠯᠬᠢᠶ᠎ᠡ》᠎ᠳ᠋ᠤ ᠳᠥᠷᠪᠡᠳᠦᠭᠡᠷ ᠦᠶ᠎ᠡ᠎ᠶ᠋ᠢᠨ ᠬᠠᠭᠠᠰ ᠳᠠᠮᠵᠢᠭᠤᠯᠤᠭ᠍ᠴᠢ᠂ ᠡᠯᠧᠺᠲ᠋ᠷᠣᠨ ᠣᠨᠴᠠᠭᠠᠢ ᠬᠡᠶ ᠪᠡᠶᠡᠲᠦ᠂ ᠴᠠᠬᠢᠮ ᠢᠯᠳᠠᠰᠤ ᠵᠢᠷᠤᠵᠤ ᠲᠥᠯᠥᠪᠯᠡᠬᠦ᠌᠂ ᠪᠢᠲᠡᠭᠦᠮᠵᠢᠯᠡᠨ ᠤᠭ᠍ᠰᠠᠷᠠᠬᠤ᠂ ᠪᠠᠢᠴᠠᠭᠠᠨ ᠬᠡᠮᠵᠢᠬᠦ᠌ ᠵᠡᠷᠭᠡ ᠲᠥᠷᠥᠯ ᠵᠦᠶ᠋ᠯ᠎ᠢ ᠢᠳᠡᠪᠬᠢᠲᠡᠶ ᠣᠷᠣᠭᠤᠯᠤᠨ ᠠᠪᠴᠢᠷᠠᠵᠤ᠂ ᠦᠢᠯᠡᠴᠢᠯᠡᠭᠦᠷ᠂ ᠰᠦᠯᠵᠢᠶᠡᠨ᠎ᠦ ᠲᠥᠬᠥᠭᠡᠷᠦᠮᠵᠢ᠂ ᠡᠭᠡᠭᠦᠯᠦᠨ ᠬᠣᠷᠢᠶᠠᠨ ᠠᠪᠴᠤ᠌ ᠠᠱᠢᠭ᠍ᠯᠠᠬᠤ ᠵᠡᠷᠭᠡ ᠠᠵᠤ ᠦᠶ᠋ᠯᠡᠰ᠎ᠢ ᠪᠠᠢᠷᠢᠱᠢᠭᠤᠯᠤᠨ᠂ ᠤᠯᠤᠰ᠎ᠤᠨ ᠲᠠᠰ᠎ᠤᠨ ᠪᠣᠬᠢᠷᠲᠤᠯ ᠥᠬᠡᠶ ᠪᠤᠳᠤᠯᠲᠠ ᠵᠢᠨ ᠬᠦᠴᠦᠨ᠎ᠦ ᠲᠡᠷᠢᠭᠦᠨ᠎ᠦ ᠦᠶ᠋ᠯᠡᠳᠬᠦ᠌ ᠦᠶ᠋ᠯᠡᠰ᠎ᠦᠨ ᠪᠦᠯᠦᠭᠵᠢᠯ᠎ᠢ ᠪᠥᠬᠥ᠌ ᠬᠦᠴᠦᠨ᠎ᠢᠶᠡᠷ᠎ᠢᠶᠡᠨ ᠴᠢᠷᠮᠠᠢᠨ ᠡᠭᠦᠳᠦᠨ᠎ᠡ᠃ 《ᠡᠴᠦᠰ᠎ᠤᠨ ᠬᠡᠯᠬᠢᠶ᠎ᠡ》 ᠳ᠋ᠦ᠍ ᠲᠣᠭ᠎ᠠ ᠪᠠᠷᠢᠮᠲᠠ᠂ ᠪᠤᠳᠤᠯᠲᠠ ᠵᠢᠨ ᠬᠦᠴᠦᠨ᠂ ᠪᠤᠳᠤᠯᠲᠠ ᠵᠢᠨ ᠠᠷᠭ᠎ᠠ᠂ ᠠᠮᠤᠷ ᠲᠦᠪᠱᠢᠨ ᠵᠢᠡᠷ ᠬᠠᠮᠵᠢᠯᠴᠠᠨ ᠬᠥᠭ᠌ᠵᠢᠬᠦ᠌᠎ᠶ᠋ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠥᠨᠳᠥᠷ ᠲᠦᠪᠱᠢᠨ ᠪᠥᠬᠥᠶ ᠲᠣᠭ᠎ᠠ ᠪᠠᠷᠢᠮᠲᠠ᠎ᠶ᠋ᠢᠨ ᠲᠤᠳᠤᠷᠬᠠᠢᠯᠠᠯᠲᠠ᠎ᠶ᠋ᠢ ᠴᠢᠩᠭᠠᠳᠭᠠᠨ᠂ ᠠᠵᠢᠯ ᠲᠥᠷᠥᠯ᠎ᠦᠨ ᠲᠣᠮᠣ ᠵᠠᠭ᠍ᠪᠤᠷ᠎ᠤᠨ ᠪᠤᠯᠪᠠᠰᠤᠷᠠᠯ ᠪᠠ ᠬᠡᠷᠡᠭ᠌ᠯᠡᠯᠲᠡ᠎ᠶ᠋ᠢ ᠪᠠᠢᠷᠢᠱᠢᠭᠤᠯᠵᠤ᠂ 《ᠵᠣᠬᠢᠶᠠᠮᠠᠯ ᠣᠶᠤᠨ ᠴᠢᠳᠠᠪᠤᠷᠢ +》 ᠠᠵᠢᠯᠯᠠᠭ᠎ᠠ᠎ᠶ᠋ᠢ ᠪᠥᠬᠥ᠌ ᠲᠠᠯ᠎ᠠ᠎ᠪᠠᠷ ᠥᠷᠨᠢᠭᠦᠯᠦᠨ᠂ ᠮᠥᠩᠭᠥᠨ ᠭᠦᠶ᠋ᠯᠭᠡᠭᠡᠨ᠎ᠦ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠂ ᠣᠶᠤᠨᠴᠢ ᠵᠢᠯᠣᠭᠣᠳᠭᠤ᠂ ᠣᠶᠤᠨᠴᠢ ᠡᠮᠴᠢᠯᠡᠭᠡ᠂ ᠠᠵᠤ ᠦᠶ᠋ᠯᠡᠳᠪᠦᠷᠢ᠎ᠶ᠋ᠢᠨ ᠢᠨᠲ᠋ᠧᠷ ᠰᠦᠯᠵᠢᠶ᠎ᠡ ᠵᠡᠷᠭᠡ ᠬᠡᠷᠡᠭ᠌ᠯᠡᠭᠡᠨ᠎ᠦ ᠬᠦᠷᠢᠶ᠎ᠡ᠎ᠶ᠋ᠢ ᠭᠦᠨᠵᠡᠭᠡᠶ ᠥᠷᠭᠡᠳᠭᠡᠨ᠎ᠡ᠃

ᠭᠤᠷᠪᠠ᠎ᠳᠤ᠂ ᠣᠷᠣᠨ ᠪᠦᠰᠡ᠎ᠶ᠋ᠢᠨ ᠬᠠᠮᠵᠢᠯᠴᠠᠭ᠎ᠠ᠎ᠶ᠋ᠢ ᠭᠦᠨᠵᠡᠭᠡᠢᠷᠡᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠨᠢᠭᠡᠳᠦᠯᠲᠡᠶ ᠪᠠᠢᠷᠢᠯᠠᠭᠤᠯᠤᠯᠲᠠ ᠶᠣᠰᠣᠭᠠᠷ᠂ ᠪᠢᠳᠡ ᠤᠯᠠᠭᠠᠨᠴᠠᠪ᠎ᠯᠤᠭ᠎ᠠ ᠪᠥᠬᠥ᠌ ᠲᠠᠯ᠎ᠠ᠎ᠶ᠋ᠢᠨ ᠬᠠᠮᠲᠤᠷᠠᠯᠴᠠᠭ᠎ᠠ ᠥᠷᠨᠢᠭᠦᠯᠵᠦ᠍᠂ ᠴᠢᠬᠤᠯᠠ ᠡᠯᠧᠮᠧᠨ᠋ᠲ ᠵᠢᠡᠷ ᠬᠠᠷᠢᠯᠴᠠᠨ ᠲᠤᠰᠠᠯᠠᠬᠤ᠂ ᠳᠠᠪᠠᠭᠤᠯᠢᠭ᠎ᠢᠶᠠᠨ ᠬᠠᠷᠢᠯᠴᠠᠨ ᠨᠥᠬᠥᠪᠥᠷᠢᠯᠡᠬᠦ᠌᠂ ᠬᠠᠮᠵᠢᠯᠴᠠᠨ ᠬᠥᠭ᠌ᠵᠢᠬᠦ᠌᠎ᠶ᠋ᠢ ᠲᠦᠷᠭᠡᠳᠭᠡᠨ ᠠᠬᠢᠭᠤᠯᠵᠤ᠂ ᠪᠣᠬᠢᠷᠲᠤᠯ ᠥᠬᠡᠶ ᠪᠤᠳᠤᠯᠲᠠ ᠵᠢᠨ ᠬᠦᠴᠦᠨ᠎ᠦ ᠠᠵᠤ ᠦᠶ᠋ᠯᠡᠰ᠎ᠢ ᠬᠠᠮᠲᠤ᠎ᠪᠠᠷ ᠪᠠᠢᠭᠤᠯᠤᠨ ᠬᠦᠴᠦᠷᠬᠡᠭ᠌ᠵᠢᠭᠦᠯᠦᠨ᠎ᠡ᠃ ᠡᠭᠦᠨ᠎ᠦ ᠬᠠᠮᠲᠤ᠂ ᠳ᠋ᠡᠢᠲ᠋ᠠ᠎ᠶ᠋ᠢᠨ ᠠᠷᠠᠯᠵᠢᠶᠠᠨ᠎ᠤ ᠲᠥᠪ᠎ᠢ ᠲᠠᠰ ᠳᠡᠪᠱᠢᠭᠦᠯᠵᠦ᠍᠂ ᠪᠤᠳᠤᠯᠲᠠ ᠵᠢᠨ ᠬᠦᠴᠦᠨ᠎ᠤ ᠲᠣᠬᠢᠷᠠᠭᠤᠯᠬᠤ ᠲᠠᠪᠴᠠᠩ᠎ᠤᠨ ᠴᠢᠳᠠᠮᠵᠢ᠎ᠶ᠋ᠢ ᠱᠢᠯᠢᠳᠡᠭ᠌ᠵᠢᠭᠦᠯᠵᠦ᠍᠂ ᠪᠣᠬᠢᠷᠲᠤᠯ ᠥᠬᠡᠶ ᠪᠤᠳᠤᠯᠲᠠ ᠵᠢᠨ ᠬᠦᠴᠦᠨ᠎ᠤ 《ᠪᠡᠭᠡᠵᠢᠩ᠎ᠱᠠᠨᠭᠬᠠᠢ᠎ᠲᠤᠮᠤ ᠪᠤᠯᠤᠩ᠎ᠤᠨ ᠤᠷᠤᠨ᠎ᠳᠦ ᠤᠷᠤᠬᠤ》 ᠶ᠋ᠢ ᠠᠬᠢᠭᠤᠯᠵᠤ᠂ ᠪᠥᠬᠥ᠌ ᠤᠯᠤᠰ᠎ᠤᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠳᠦ ᠭᠦᠨᠵᠡᠭᠡᠶ ᠠᠭᠤᠰᠤᠯᠴᠠᠬᠤ ᠪᠠ ᠦᠶ᠋ᠯᠡᠴᠢᠯᠡᠬᠦ᠌᠎ᠳᠦ ᠪᠣᠬᠢᠷᠲᠤᠯ ᠥᠬᠡᠶ ᠪᠤᠳᠤᠯᠲᠠ ᠵᠢᠨ ᠬᠦᠴᠦᠨ᠎ᠦ ᠬᠦᠴᠦ ᠨᠡᠮᠡᠷᠢᠯᠡᠨ᠎ᠡ᠃

ᠡᠴᠦᠰ᠎ᠲᠦ᠂ ᠰᠤᠷᠪᠤᠯᠵᠢᠯᠠᠭ᠍ᠴᠢ ᠨᠠᠢᠵᠠ᠎ᠨᠠᠷ᠎ᠦᠨ ᠥᠪᠥᠷ ᠮᠣᠩᠭᠣᠯ᠎ᠤᠨ ᠪᠤᠳᠤᠯᠲᠠ ᠵᠢᠨ ᠬᠦᠴᠦᠨ᠎ᠦ ᠠᠵᠤ ᠦᠶ᠋ᠯᠡᠰ᠎ᠦᠨ ᠬᠥᠭ᠌ᠵᠢᠯᠲᠡ᠎ᠶ᠋ᠢ ᠦᠷᠭᠦᠯᠵᠢᠯᠡᠨ ᠠᠩᠬᠠᠷᠤᠨ ᠳᠡᠮᠵᠢᠬᠦ᠌᠎ᠶ᠋ᠢ ᠬᠦᠰᠡᠵᠦ᠍ ᠪᠠᠢᠨ᠎ᠠ᠃


QQ截图20260209113408.png


ᠠᠬᠤᠢ ᠲᠠᠯᠠᠪᠠᠢ ᠳ᠋ᠤ ᠰᠤᠷᠪᠤᠯᠵᠢᠯᠠᠵᠦ ᠰᠡᠬᠦᠳᠡᠷᠯᠡᠨ᠎ᠠ

ᠰᠤᠷᠪᠤᠯᠵᠢᠯᠠᠬᠴᠢ  ᠮᠦᠩᠬᠡᠴᠢᠯᠠᠭᠤ  ᠰᠡᠬᠦᠳᠡᠷᠯᠡᠪᠡ


ᠭᠤᠸᠠᠩᠮᠢᠩ ᠡᠳᠦᠷ᠎ᠦᠨ ᠰᠣᠨᠢᠨ᠎ᠤ ᠰᠤᠷᠪᠤᠯᠵᠢᠯᠠᠭ᠍ᠴᠢ᠄ ᠥᠪᠥᠷ ᠮᠣᠩᠭᠣᠯ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠬᠡᠮᠡᠭ᠌ᠳᠡᠵᠦ᠍᠂ ᠦᠨᠳᠦᠰᠦᠲᠡᠨ᠎ᠦ ᠪᠦᠯᠬᠦᠮᠳᠡᠯ᠎ᠦᠨ ᠢᠷᠠᠭᠤ ᠠᠯᠳᠠᠷᠲᠤ ᠤᠯᠠᠮᠵᠢᠯᠠᠯ᠎ᠲᠠᠶ ᠶᠤᠮ᠂ ᠱᠢᠨ᠎ᠡ ᠴᠠᠭ ᠦᠶ᠎ᠡ᠎ᠳᠦ᠂ ᠥᠪᠥᠷ ᠮᠣᠩᠭᠣᠯ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠲᠠᠯ᠎ᠠ᠎ᠪᠠᠷ ᠶᠠᠮᠠᠷᠱᠢᠤ ᠲᠤᠷᠱᠢᠯᠭ᠎ᠠ ᠪᠠ ᠠᠷᠭ᠎ᠠ ᠬᠢᠳᠡᠯ ᠪᠠᠢᠬᠤ ᠪᠤᠢ? ᠪᠢᠳᠡᠨ᠎ᠳᠦ ᠦᠨᠳᠦᠰᠦᠨ ᠱᠠᠲᠤᠨ᠎ᠤ ᠪᠠᠢᠳᠠᠯ᠎ᠢ ᠲᠠᠨᠢᠯᠴᠠᠭᠤᠯᠵᠤ ᠥᠭ᠌ᠴᠦ ᠪᠣᠯᠤᠨ᠎ᠠ ᠦᠦ?

ᠤᠣ ᠬᠣᠶ ᠷᠠᠨ ᠲᠥᠯᠥᠭᠡᠯᠡᠭ᠌ᠴᠢ᠄ ᠭᠤᠸᠠᠩᠮᠢᠩ ᠡᠳᠦᠷ᠎ᠦᠨ ᠰᠣᠨᠢᠨ᠎ᠤ ᠰᠤᠷᠪᠤᠯᠵᠢᠯᠠᠭ᠍ᠴᠢ᠎ᠶ᠋ᠢᠨ ᠠᠰᠠᠭᠤᠯᠲᠠ᠎ᠳᠤ ᠲᠠᠯᠠᠷᠬᠠᠵᠤ ᠪᠠᠢᠨ᠎ᠠ᠃ ᠰᠠᠢᠨ ᠪᠠᠢᠵᠠᠭᠠᠨ᠎ᠠ ᠦᠦ! ᠨᠠᠮ᠎ᠠ ᠵᠢ ᠤᠣ ᠬᠣᠶ ᠷᠠᠨ ᠭᠡᠳᠡᠭ᠂ ᠬᠥᠯᠥᠨ ᠪᠣᠢᠷ ᠬᠣᠲᠠ᠎ᠶ᠋ᠢᠨ ᠡᠸᠡᠩᠬᠢ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤ ᠪᠠᠷ ᠨᠤᠳᠤᠭᠳᠠᠢ᠂ ᠣᠲᠣ ᠬᠣᠱᠢᠭᠤᠨ᠎ᠤ ᠨᠠᠮ᠎ᠤᠨ ᠬᠤᠷᠢᠶ᠎ᠠ ᠵᠢᠨ ᠳᠡᠳ᠋ ᠱᠦᠵᠢ᠂ ᠵᠠᠰᠠᠭ᠎ᠤᠨ ᠣᠷᠳᠣᠨ᠎ᠤ ᠬᠣᠱᠢᠭᠤᠨ ᠳᠠᠷᠤᠭ᠎ᠠ ᠵᠢᠨ ᠲᠤᠰᠢᠶᠠᠯ᠎ᠢ ᠬᠠᠷᠢᠭᠤᠴᠠᠵᠤ ᠪᠠᠢᠨ᠎ᠠ᠃ ᠮᠢᠨᠦ᠍ ᠨᠤᠲᠤᠭ ᠡᠸᠡᠩᠬᠢ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤ ᠪᠣᠯ ᠪᠦᠬᠦ᠌ ᠤᠯᠤᠰ᠎ᠤᠨ ᠭᠤᠷᠪᠠᠨ ᠴᠥᠭᠡᠨ ᠲᠣᠭᠠᠲᠤ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤᠨ᠎ᠤ ᠨᠢᠭᠡ ᠪᠣᠯᠤᠨ᠎ᠠ᠂ ᠬᠢᠲᠠᠳ ᠦᠨᠳᠦᠰᠦᠲᠡᠨ᠂ ᠮᠣᠩᠭᠣᠯ ᠦᠨᠳᠦᠰᠦᠲᠡᠨ᠂ ᠳᠠᠭᠤᠷ ᠦᠨᠳᠦᠰᠦᠲᠡᠨ᠂ ᠡᠸᠡᠩᠬᠢ ᠦᠨᠳᠦᠰᠦᠲᠡᠨ ᠵᠡᠷᠭᠡ ᠦᠨᠳᠦᠰᠦᠲᠡᠨ᠎ᠨᠦᠭᠦᠳ᠎ᠦᠨ ᠠᠬ᠎ᠠ ᠳᠡᠭᠦᠦ᠍᠎ᠨᠡᠷ ᠲᠥᠪᠯᠡᠷᠡᠨ ᠰᠠᠭᠤᠷᠢᠱᠢᠵᠤ᠂ ᠦᠶ᠎ᠡ ᠦᠶ᠎ᠡ᠎ᠶ᠋ᠢᠨ ᠬᠥᠮᠦᠰ ᠶᠡᠬᠡ ᠬᠢᠩᠭᠠᠨ ᠳᠠᠪᠠᠭ᠎ᠠ᠎ᠶ᠋ᠢᠨ ᠬᠣᠷᠮᠣᠢ᠎ᠳᠤ ᠬᠠᠷᠢᠯᠴᠠᠨ ᠲᠦᠱᠢᠭ᠌ᠯᠡᠯᠴᠡᠵᠦ᠍᠂ ᠢᠮᠢᠨ ᠭᠣᠣᠯ᠎ᠤᠨ ᠬᠦᠪᠡᠬᠡ᠎ᠳᠦ ᠶᠠᠭ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠵᠦ᠍᠂ ᠬᠠᠷᠢᠯᠴᠠᠨ ᠢᠯᠭᠠᠵᠤ ᠦᠵᠡᠬᠦ ᠦᠭᠡᠢ ᠰᠠᠢᠬᠠᠨ ᠪᠠᠢᠳᠠᠭ᠃ ᠮᠢᠨᠦ᠍ ᠬᠡᠷ ᠪᠦᠯᠢ᠎ᠪᠡᠷ ᠵᠢᠱ᠌ᠢᠶᠡᠯᠡᠪᠡᠯ᠂ ᠠᠪᠤ ᠪᠢᠳᠡ ᠬᠣᠶᠠᠷ ᠪᠣᠯ ᠡᠸᠡᠩᠬᠢ ᠦᠨᠳᠦᠰᠦᠲᠡᠨ᠂ ᠡᠵᠢ ᠪᠣᠯᠤᠨ ᠮᠢᠨᠦ᠍ ᠬᠠᠨᠢ ᠨᠦᠬᠦᠷ ᠪᠣᠯ ᠳᠠᠭᠤᠷ ᠦᠨᠳᠦᠰᠦᠲᠡᠨ᠂ ᠬᠠᠳᠠᠮ ᠡᠵᠢ ᠪᠣᠯ ᠮᠣᠩᠭᠣᠯ ᠦᠨᠳᠦᠰᠦᠲᠡᠨ᠂ ᠮᠢᠨᠦ᠍ ᠥᠬᠢᠨ᠎ᠦ ᠪᠡᠶ᠎ᠡ ᠳᠡᠭᠡᠷ᠎ᠡ ᠭᠤᠷᠪᠠᠨ ᠦᠨᠳᠦᠰᠦᠲᠡᠨ᠎ᠦ ᠴᠢᠰᠤ ᠤᠷᠤᠰᠴᠤ᠌ ᠪᠠᠢᠨ᠎ᠠ᠂ ᠬᠣᠶᠠᠷ ᠲᠡᠭᠦᠦ ᠬᠦᠷᠭᠡᠨ ᠪᠤᠯ ᠬᠢᠲᠠᠳ ᠦᠨᠳᠦᠰᠦᠲᠡᠨ᠃ ᠳᠥᠷᠪᠡᠨ ᠦᠨᠳᠦᠰᠦᠲᠡᠨ᠎ᠢᠶᠡᠷ ᠪᠦᠷᠢᠯᠳᠦᠭ᠌ᠰᠡᠨ ᠶᠡᠬᠡ ᠭᠡᠷ ᠪᠦᠯᠢ᠂ ᠪᠠᠶᠠᠷ ᠳᠤᠷᠠᠰᠭᠠᠯ ᠤ᠋ᠨ ᠡᠳᠦᠷ ᠪᠣᠯᠭᠠᠨ ᠬᠠᠮᠲᠤ ᠪᠠᠩᠰᠢ ᠪᠠᠷᠢᠨ ᠮᠢᠬ᠎ᠠ ᠴᠢᠨᠠᠵᠤ᠂ ᠠᠮᠢᠳᠤᠷᠠᠯ ᠮᠠᠰᠢ ᠬᠥᠷ ᠬᠥᠭ᠌ᠵᠢᠶᠡᠨ᠎ᠲᠡᠶ᠃ ᠮᠠᠨ᠎ᠤ ᠡᠸᠡᠩᠬᠢ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤᠨ᠎ᠳᠤ᠂ ᠡᠢᠮᠦᠷᠬᠦᠤ ᠣᠯᠠᠨ ᠦᠨᠳᠦᠰᠦᠲᠡᠨ᠎ᠲᠡᠶ ᠬᠡᠷ ᠪᠦᠯᠢ ᠮᠠᠰᠢ ᠣᠯᠠᠨ ᠪᠠᠢᠵᠤ᠂ ᠨᠢᠭᠡᠨᠲᠡ 《ᠳᠤᠮᠳᠠᠳᠤ᠎ᠶ᠋ᠢᠨ ᠦᠨᠳᠦᠰᠦᠲᠡᠨ ᠨᠢᠭᠡ ᠬᠡᠷ᠎ᠪᠦᠯᠢ ᠮᠡᠳᠦ ᠳᠣᠲᠣᠨᠣ》᠎ᠪᠠᠢᠳᠠᠭ᠎ᠢ ᠴᠢᠰᠤᠨ ᠰᠤᠳᠠᠯ᠎ᠳᠠᠭᠠᠨ ᠠᠭᠤᠰᠭᠠᠨ᠂ ᠰᠡᠳᠭᠢᠯ ᠵᠢᠷᠦᠬᠡᠨ᠎ᠳᠡᠭᠡᠨ ᠬᠠᠳᠠᠩᠱᠢᠭᠤᠯᠵᠤ᠂ ᠠᠯᠢ ᠡᠷᠲᠡ᠎ᠡᠴᠡ ᠵᠢᠷᠭᠠᠯ ᠵᠣᠪᠠᠯᠠᠩ᠎ᠢᠶᠠᠨ ᠬᠠᠮᠲᠤᠳᠭᠠᠬᠤ᠂ ᠠᠯᠳᠠᠷ ᠭᠤᠳᠤᠮᠰᠢᠭ ᠵᠢᠡᠨ ᠬᠠᠮᠲᠤᠳᠭᠠᠬᠤ᠂ ᠥᠭᠦᠵᠦ᠍ ᠰᠡᠭᠡᠬᠦ᠌᠎ᠪᠡᠨ ᠬᠠᠮᠲᠤᠳᠭᠠᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ ᠬᠠᠮᠲᠤ᠎ᠶ᠋ᠢᠨ ᠴᠣᠭ᠍ᠴᠠ ᠪᠣᠯᠵᠠᠶ᠃

ᠰᠠᠶᠢᠬᠠᠨ ᠥᠩᠭᠡᠷᠡᠭ᠌ᠰᠡᠨ ᠪᠢᠲᠡᠭᠦᠨ᠎ᠦ ᠰᠥᠨᠢ᠂ ᠮᠠᠨ᠎ᠤ ᠬᠣᠱᠢᠭᠤᠨ᠎ᠤ ᠡᠸᠡᠩᠬᠢ ᠦᠨᠳᠦᠰᠦᠲᠡᠨ᠎ᠦ ᠤᠷᠠᠯᠢᠭ᠍ᠴᠢᠨ ᠤᠷᠠᠨ᠎ᠠ 《ᠣᠪᠣᠭᠠᠨ ᠳᠡᠭᠡᠷᠡᠬᠢ ᠠᠭᠤᠯᠵᠠᠯᠲᠠ》 ᠪᠠ 《ᠴᠢᠨᠳᠠᠮᠤᠨᠢ ᠡᠷᠳᠡᠨᠢ》᠎ᠶ᠋ᠢᠨ ᠳᠠᠷᠠᠭ᠎ᠠ᠂ ᠭᠤᠷᠪᠠᠳᠠᠬᠢ ᠤᠳᠠᠭ᠎ᠠ ᠲᠦᠪ ᠲᠸᠯᠸᠢᠰ᠎ᠦᠨ ᠴᠠᠭᠠᠨ ᠰᠠᠷ᠎ᠠ᠎ᠶ᠋ᠢᠨ ᠦᠳᠡᠱᠢᠯᠡᠭᠡ᠎ᠶ᠋ᠢᠨ ᠲᠠᠢᠰᠠᠨ᠎ᠳᠤ ᠭᠠᠷᠴᠤ᠌᠂ 95 ᠤᠯᠠᠭᠠᠨᠮᠥ᠋ᠴᠢᠷ᠎ᠦᠨ ᠡᠯ᠎ᠡ ᠦᠨᠳᠦᠰᠦᠲᠡᠨ᠎ᠦ ᠭᠡᠱᠢᠭᠦᠳ᠎ᠢ ᠳᠠᠭᠠᠭᠤᠯᠤᠨ᠂ 《ᠳᠦᠷᠪᠡᠨ ᠨᠠᠰᠤᠲᠠᠢ ᠬᠠᠯᠢᠭᠤᠨ》 ᠭᠡᠬᠦ᠌ ᠳᠠᠭᠤᠤ᠎ᠶ᠋ᠢ ᠳᠠᠭᠤᠯᠠᠵᠤ᠂ ᠲᠠᠯ᠎ᠠ ᠨᠤᠲᠤᠭ᠎ᠤᠨ ᠬᠥᠪᠡᠭᠦᠳ ᠥᠬᠢᠳ᠎ᠦᠨ ᠤᠷᠭᠢᠯᠦᠮ᠎ᠠ ᠬᠠᠯᠠᠭᠤᠨ ᠣᠭ ᠰᠠᠨᠠᠭ᠎ᠠ ᠪᠥᠬᠥ᠌ ᠤᠯᠤᠰ᠎ᠤᠨ ᠲᠣᠭ᠎ᠠ ᠲᠣᠮᠰᠢ ᠥᠬᠡᠶ ᠦᠵᠡᠭ᠌ᠴᠢᠳ᠎ᠤᠨ ᠰᠡᠳᠭᠢᠯ᠎ᠢ ᠳᠤᠭᠳᠤᠯᠤᠭᠤᠯᠪᠠ᠃ ᠤᠯᠠᠭᠠᠨᠮᠥ᠋ᠴᠢᠷ᠎ᠢ ᠬᠡᠯᠡᠪᠡᠯ᠂ 《ᠤᠯᠠᠭᠠᠨ ᠥᠨᠭᠭᠡ᠎ᠲᠠᠢ ᠨᠠᠬᠢᠶ᠎ᠠ》 ᠭᠡᠰᠡᠨ ᠤᠳᠭ᠎ᠠ᠎ᠲᠠᠶ᠂ ᠡᠨᠡ ᠬᠦ᠌ 《ᠨᠢᠯᠬ᠎ᠠ ᠨᠠᠬᠢᠶ᠎ᠠ》 ᠨᠢ 20 ᠳ᠋ᠤᠭᠠᠷ ᠵᠠᠭᠤᠨ᠎ᠤ ᠲᠠᠪᠢᠭᠠᠳ ᠣᠨ᠎ᠳᠤ ᠥᠪᠥᠷ ᠮᠣᠩᠭᠣᠯ᠎ᠤᠨ ᠲᠠᠯ᠎ᠠ ᠨᠤᠲᠤᠭ᠎ᠲᠤ ᠪᠤᠢ ᠪᠤᠯᠵᠤ᠂ ᠭᠡᠱᠢᠭᠦᠳ ᠮᠤᠷᠢᠨ ᠲᠡᠷᠭᠡ ᠭᠡᠯᠢᠵᠦ᠍᠂ ᠲᠦᠬᠦᠮ ᠬᠦᠭ᠌ᠵᠢᠮᠳᠡᠬᠦᠷ ᠠᠪᠴᠤ᠌᠂ ᠰᠠᠯᠬᠢ ᠱᠢᠭᠤᠷᠭᠠᠨ᠎ᠢ ᠰᠦᠷᠦᠨ᠂ ᠬᠦᠢᠳᠡᠨ ᠬᠠᠯᠠᠭᠤᠨ᠎ᠢ ᠳᠡᠰᠪᠦᠷᠢᠯᠡᠨ᠂ ᠲᠠᠯ᠎ᠠ ᠨᠤᠲᠤᠭ᠂ ᠬᠦᠳᠡᠬᠡ ᠲᠤᠰᠬᠤᠨ ᠵᠢᠠᠷ ᠬᠦᠨᠵᠡᠬᠡᠢᠷᠡᠵᠤ᠂ ᠠᠯᠢ ᠤᠯᠠᠨ ᠮᠠᠭ᠍ᠲᠠᠭᠠᠯ ᠳᠠᠭᠤᠤ᠎ᠪᠠᠷ᠂ ᠤᠯᠠᠨ ᠦᠵᠡᠭ᠌ᠳᠡᠯ᠎ᠢ ᠲᠣᠭ᠍ᠯᠠᠵᠤ᠂ ᠦᠨᠳᠦᠰᠦᠲᠡᠨ᠎ᠦ ᠪᠦᠯᠬᠦᠮᠳᠡᠯ᠎ᠦᠨ ᠦᠷ᠎ᠡ᠎ᠶ᠋ᠢ ᠲᠠᠯ᠎ᠠ ᠨᠤᠲᠤᠭ᠎ᠤᠨ ᠥᠨᠴᠥᠭ ᠪᠤᠯᠤᠩ ᠪᠦᠷᠢ᠎ᠳᠦ ᠰᠠᠴᠤᠵᠠᠢ᠃

ᠣᠢᠷ᠎ᠠ᠎ᠶ᠋ᠢᠨ ᠵᠢᠯ᠎ᠦᠨ ᠲᠤᠷᠰᠢ᠂ ᠪᠢᠳᠡ ᠮᠠᠯᠵᠢᠬᠤ ᠣᠷᠣᠨ᠎ᠤ 《ᠭᠤᠷᠪᠠ᠎ᠶ᠋ᠢ ᠬᠤᠪᠢᠷᠠᠭᠤᠯᠬᠤ》 ᠥᠭᠡᠷᠡᠴᠢᠯᠡᠯᠲᠡ᠎ᠶ᠋ᠢ ᠭᠦᠨᠵᠡᠭᠡᠶ ᠠᠬᠢᠭᠤᠯᠵᠤ᠂ ᠮᠠᠯᠵᠢᠬᠤ ᠣᠷᠣᠨ᠎ᠤ ᠡᠬᠢ ᠪᠠᠶᠠᠯᠢᠭ᠂ ᠪᠡᠯᠡ ᠮᠥᠩᠭᠥ᠌ ᠪᠣᠯᠤᠨ ᠮᠠᠯᠴᠢᠳ᠎ᠢ ᠡᠳ᠋ ᠬᠥᠷᠥᠩᠭᠡ᠂ ᠬᠤᠪᠢ ᠣᠷᠣᠭᠤᠯᠤᠭ᠍ᠰᠠᠨ ᠮᠥᠩᠭᠥ᠌ ᠪᠣᠯᠤᠨ ᠬᠤᠪᠢ ᠣᠷᠣᠭᠤᠯᠤᠭ᠍ᠴᠢ ᠪᠣᠯᠭᠠᠨ ᠬᠤᠪᠢᠷᠠᠭᠤᠯᠪᠠ᠃ ᠨᠢᠭᠡ ᠪᠦᠯᠦᠭ ᠵᠠᠯᠠᠭᠤ ᠮᠠᠯᠴᠢᠳ ᠲᠠᠯ᠎ᠠ ᠨᠤᠲᠤᠭ᠎ᠲᠤ ᠦᠨᠳᠦᠰᠦᠯᠡᠵᠦ᠍᠂ ᠱᠢᠨ᠎ᠡ᠎ᠶ᠋ᠢ ᠡᠭᠦᠳᠦᠨ ᠦᠶ᠋ᠯᠡᠰ ᠪᠤᠰᠭᠠᠵᠤ᠂ ᠵᠠᠷᠢᠮ ᠨᠢ ᠨᠤᠲᠤᠭ᠎ᠲᠠᠭᠠᠨ ᠪᠤᠴᠠᠵᠤ ᠠᠮᠢ ᠠᠬᠤᠶ᠎ᠶ᠋ᠢᠨ ᠲᠡᠵᠢᠭᠡᠨ ᠦᠷᠡᠵᠢᠭᠦᠯᠬᠦ᠌ ᠦᠶ᠋ᠯᠡᠰ᠎ᠢ ᠬᠥᠭ᠌ᠵᠢᠭᠦᠯᠵᠦ᠍᠂ ᠣᠶᠤᠨᠴᠢ ᠮᠠᠯᠵᠢᠯ᠎ᠤᠨ ᠲᠠᠯᠠᠪᠠᠶ᠎ᠶ᠋ᠢ ᠪᠠᠢᠭᠤᠯᠪᠠ; ᠵᠠᠷᠢᠮ ᠨᠢ ᠡᠸᠡᠩᠬᠢ ᠦᠨᠳᠦᠰᠦᠲᠡᠨ᠎ᠦ ᠪᠣᠳᠠᠰ᠎ᠤᠨ ᠪᠤᠰᠤ ᠰᠣᠶᠣᠯ᠎ᠤᠨ ᠥᠪ᠎ᠢ ᠤᠯᠠᠮᠵᠢᠯᠠᠨ ᠵᠠᠯᠭᠠᠮᠵᠢᠯᠠᠵᠤ᠂ ᠨᠡᠷᠡᠨ ᠬᠤᠸᠠᠷ ᠵᠡᠷᠭᠡ ᠦᠨᠳᠦᠰᠦᠲᠡᠨ᠎ᠦ ᠭᠠᠷ ᠤᠷᠠᠯᠠᠯ᠎ᠤᠨ ᠪᠦᠲᠦᠭᠡᠭ᠌ᠳᠡᠬᠦᠨ᠎ᠢ ᠪᠦᠬᠦ᠌ ᠤᠯᠤᠰ᠎ᠲᠤ ᠳᠡᠯᠭᠡᠷᠡᠭᠦᠯᠵᠦ᠍ ᠪᠠᠢᠨ᠎ᠠ; ᠵᠠᠷᠢᠮ ᠨᠢ ᠢᠨᠲ᠋ᠸᠷ ᠰᠦᠯᠵᠢᠶ᠎ᠡ᠎ᠶ᠋ᠢ ᠠᠱᠢᠭ᠍ᠯᠠᠨ ᠴᠢᠨᠠᠷ ᠰᠠᠢᠲᠠᠢ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠪᠣᠷᠣᠯᠠᠭᠤᠯᠭ᠎ᠠ᠎ᠶ᠋ᠢ ᠥᠷᠭᠡᠳᠭᠡᠵᠦ᠍᠂ ᠵᠠᠯᠠᠭᠤ ᠨᠠᠰᠤᠨ᠎ᠤ ᠢᠳᠡ ᠬᠦᠴᠦᠨ᠎ᠢᠶᠡᠷ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠳᠤ ᠬᠦᠴᠦ᠍ᠨ ᠨᠡᠮᠡᠷᠢᠯᠡᠵᠦ᠍ ᠪᠠᠢᠨ᠎ᠠ᠃ ᠡᠳᠦᠭᠡ᠂ ᠮᠠᠨ᠎ᠤ ᠬᠣᠱᠢᠭᠤᠨ᠎ᠳᠤ᠂ ᠡᠢᠮᠦᠷᠬᠦᠦ ᠵᠠᠯᠠᠭᠤ ᠦᠶ᠋ᠯᠡᠰ ᠪᠣᠰᠭᠠᠭ᠍ᠴᠢᠳ᠂ ᠪᠠᠶᠠᠵᠢᠯ᠎ᠤᠨ ᠳᠠᠭᠠᠭᠤᠯᠤᠭ᠍ᠴᠢ ᠲᠠᠰᠤᠷᠠᠯᠲᠠ ᠥᠬᠡᠶ ᠴᠣᠯᠭᠣᠷᠠᠨ ᠭᠠᠷᠴᠤ᠌᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠠᠮᠢᠳᠤᠷᠠᠯ ᠡᠳᠦᠷ᠎ᠡᠴᠡ ᠡᠳᠦᠷ ᠰᠠᠢᠵᠢᠷᠠᠵᠤ᠂ ᠢᠷᠡᠭᠡᠳᠦᠶ᠎ᠳᠦ ᠤᠯᠠᠮ᠎ᠡᠴᠡ ᠤᠯᠠᠮ ᠢᠲᠡᠭᠡᠯ ᠲᠡᠶ ᠪᠣᠯᠪᠠ᠃ ᠣᠳᠣᠬᠢᠴᠢᠯᠠᠯᠲᠠ᠎ᠶ᠋ᠢ ᠪᠦᠬᠦ᠌ ᠲᠠᠯ᠎ᠠ᠎ᠪᠠᠷ ᠪᠡᠶᠡᠯᠡᠭᠦᠯᠬᠦ᠌᠎ᠳᠦ ᠨᠢᠭᠡ ᠦᠨᠳᠦᠰᠦᠲᠡᠨ᠎ᠢ ᠴᠦ᠍ ᠣᠷᠬᠢᠭ᠍ᠳᠠᠭᠤᠯᠵᠤ ᠪᠣᠯᠬᠤ ᠦᠭᠡᠢ! ᠬᠡᠳᠡᠭ᠎ᠢ ᠪᠢᠳᠠ ᠰᠡᠳᠭᠢᠯ ᠲᠠᠯᠪᠢᠨ ᠦᠢᠯᠡᠳᠦᠯᠭᠡᠵᠢᠭᠦᠯᠵᠦ᠍ ᠪᠠᠢᠨ᠎ᠠ᠃

ᠡᠮᠦᠨᠡᠬᠡᠨ᠂ ᠡᠸᠡᠩᠬᠢ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤ ᠳᠠᠬᠢᠨᠲᠠ ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠵᠢᠱ᠌ᠢᠢ᠎ᠡ ᠦᠵᠡᠭᠦᠯᠬᠦ᠌ ᠣᠷᠣᠨ᠎ᠢᠶᠠᠷ ᠦᠨᠡᠯᠡᠭ᠌ᠳᠡᠪᠡ᠂ ᠡᠨᠡ ᠪᠣᠯ ᠤᠯᠤᠰ᠎ᠡᠴᠡ ᠮᠠᠨ᠎ᠤ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠠᠵᠢᠯ᠎ᠢ ᠭᠦᠢᠴᠡᠳ ᠨᠤᠲᠠᠯᠠᠭ᠍ᠰᠠᠨ ᠪᠥᠭᠡᠳ ᠲᠤᠢᠯ᠎ᠤᠨ ᠶᠡᠬᠡ ᠵᠣᠷᠢᠭ᠍ᠵᠢᠭᠤᠯᠤᠯ ᠪᠣᠯᠤᠨ᠎ᠠ᠃ ᠬᠣᠱᠢᠭᠤᠨ ᠳᠠᠷᠤᠭ᠎ᠠ ᠪᠣᠯᠤᠭ᠍ᠰᠠᠨ᠎ᠤ ᠬᠤᠪᠢ᠎ᠳᠤ᠂ ᠪᠢ ᠦᠷᠭᠦᠯᠵᠢᠯᠡᠨ ᠪᠦᠬᠦ᠌ ᠬᠣᠱᠢᠭᠤᠨ᠎ᠤ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠢ ᠳᠠᠭᠠᠭᠤᠯᠤᠨ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠦᠨᠳᠦᠰᠦᠲᠡᠨ᠎ᠦ ᠪᠦᠯᠬᠦᠮᠳᠡᠯ᠎ᠦᠨ ᠴᠡᠴᠡᠭᠡᠰ᠎ᠢ ᠲᠠᠯ᠎ᠠ ᠨᠤᠲᠤᠭ᠎ᠲᠤ ᠡᠭᠦᠷᠢᠳᠡ ᠳᠡᠯᠭᠡᠷᠡᠭᠦᠯᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠭᠴᠠᠯᠠᠬᠤ᠎ᠵᠢ ᠣᠯᠠᠨ ᠲᠦᠮᠡᠨ ᠨᠢᠭᠡᠪᠦᠷᠢ᠎ᠶ᠋ᠢᠨ ᠰᠡᠳᠭᠢᠯ᠎ᠳᠦ ᠭᠦᠨ ᠬᠠᠳᠠᠩᠱᠢᠭᠤᠯᠵᠤ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠪᠦᠯᠬᠦᠮᠳᠡᠨ ᠲᠡᠮᠡᠴᠡᠵᠦ᠍᠂ ᠬᠠᠮᠲᠤ᠎ᠪᠠᠷ ᠴᠡᠴᠡᠭ᠌ᠯᠡᠨ ᠬᠥᠭ᠌ᠵᠢᠭ᠌ᠰᠡᠨ ᠱᠢᠨ᠎ᠡ ᠬᠠᠭᠤᠳᠠᠰᠤ᠎ᠶ᠋ᠢ ᠭᠠᠷ ᠬᠣᠯᠪᠣᠨ ᠪᠢᠴᠢᠭ᠌ᠯᠡᠨ᠎ᠡ!

ᠬᠠᠮᠤᠭ ᠰᠡᠬᠦᠯ᠎ᠳᠦ᠂ ᠪᠢ ᠲᠠ ᠨᠠᠷ᠎ᠢ ᠮᠢᠨᠦ᠍ ᠨᠤᠲᠤᠭ ᠬᠥᠯᠥᠨ ᠪᠤᠢ᠌ᠷ᠎ᠤᠨ ᠲᠠᠯ᠎ᠠ ᠨᠤᠲᠤᠭ᠎ᠲᠤ ᠬᠦᠷᠴᠦ᠍᠂ ᠡᠬᠡ ᠤᠯᠤᠰ᠎ᠤᠨ ᠬᠢᠯᠢ ᠬᠢᠵᠠᠭᠠᠷ᠎ᠤᠨ ᠥᠷᠭᠡᠨ ᠠᠭᠤᠳᠠᠮ ᠦᠵᠡᠰᠭᠦᠯᠡᠩᠲᠦ ᠰᠠᠢᠬᠠᠨ ᠪᠣᠯᠤᠨ ᠦᠨᠳᠦᠰᠦᠲᠡᠨ᠎ᠨᠦᠭᠦᠳ ᠠᠨᠠᠷ᠎ᠤᠨ ᠦᠷ᠎ᠡ ᠱᠢᠭ ᠪᠦᠯᠬᠦᠮᠳᠡᠨ ᠨᠢᠭ᠍ᠲᠠᠷᠠᠵᠤ᠂ ᠬᠠᠮᠲᠤ᠎ᠪᠠᠷ ᠣᠷᠣᠱᠢᠨ ᠠᠮᠢᠳᠤᠷᠠᠵᠤ ᠬᠠᠮᠲᠤ᠎ᠪᠠᠷ ᠴᠡᠴᠡᠭ᠌ᠯᠡᠨ ᠬᠥᠭ᠌ᠵᠢᠭ᠌ᠰᠡᠨ ᠠᠮᠢᠳᠤᠷᠠᠯ᠎ᠤᠨ ᠥᠨᠥᠷ ᠠᠮᠲᠠ᠂ ᠬᠠᠯᠠᠭᠤᠨ ᠰᠡᠳᠭᠢᠯᠭᠡ᠎ᠶ᠋ᠢ ᠪᠡᠶᠡᠴᠢᠯᠡᠨ ᠣᠢᠯᠠᠭᠠᠵᠤ᠂ ᠲᠠᠯ᠎ᠠ ᠨᠤᠲᠤᠭ᠎ᠤᠨ ᠬᠥᠪᠡᠭᠦᠳ ᠥᠬᠢᠳ᠎ᠦᠨ ᠱᠢᠨ᠎ᠡ ᠠᠶᠠᠨ᠎ᠳᠤ ᠡᠷᠡᠯᠬᠡᠭᠯᠡᠨ ᠤᠷᠤᠭ᠍ᠰᠢᠯᠠᠵᠤ᠂ ᠱᠢᠨ᠎ᠡ ᠴᠠᠭ ᠦᠶ᠎ᠡ᠎ᠳᠦ ᠭᠠᠪᠢᠶ᠎ᠠ ᠪᠠᠢᠭᠤᠯᠬᠤ ᠤᠷᠮ᠎ᠠ ᠵᠤᠷᠢᠭ᠎ᠢ ᠤᠢᠯᠠᠭᠠᠨ ᠮᠡᠳᠡᠷᠡᠬᠦ᠎ᠵᠢ ᠦᠨᠡᠨ ᠰᠡᠳᠭᠢᠯ᠎ᠡᠴᠡ᠎ᠪᠡᠨ ᠤᠷᠢᠵᠤ ᠪᠤᠢ!

ᠹᠧᠩ ᠬᠤᠸᠠᠩ ᠣᠳᠣᠨ ᠲᠧᠯᠸᠢᠰ᠎ᠦᠨ ᠰᠤᠷᠪᠤᠯᠵᠢᠯᠠᠭ᠍ᠴᠢ᠄ ᠮᠠᠨ᠎ᠤ ᠮᠡᠳᠡᠭᠡᠵᠢ᠎ᠪᠡᠷ᠂ ᠥᠪᠥᠷ ᠮᠣᠩᠭᠣᠯ᠎ᠤᠨ ᠲᠡᠦᠬᠡ᠎ᠶ᠋ᠢᠨ ᠰᠠᠭᠤᠷᠢ ᠵᠤᠵᠠᠭᠠᠨ᠂ ᠰᠣᠶᠣᠯ᠎ᠤᠨ ᠠᠭᠤᠯᠭ᠎ᠠ ᠡᠯᠪᠡᠭ ᠪᠠᠶᠠᠯᠢᠭ ᠪᠠᠢᠵᠤ᠂ ᠪᠠᠰᠠ ᠲᠠᠯ᠎ᠠ ᠨᠤᠲᠤᠭ᠂ ᠣᠶ ᠱᠢᠭᠤᠶ᠂ ᠭᠤᠤᠯ ᠮᠥᠷᠡᠨ ᠨᠠᠭᠤᠷ ᠴᠥᠭᠥᠷᠥᠮ᠂ ᠡᠯᠡᠰᠦᠨ ᠴᠥᠯ᠂ ᠮᠥᠰᠥ᠍ ᠴᠠᠰᠤ ᠵᠡᠷᠭᠡ ᠣᠯᠠᠨ ᠵᠦᠶ᠋ᠯ᠎ᠦᠨ ᠪᠠᠢᠭᠠᠯᠢ᠎ᠶ᠋ᠢᠨ ᠦᠵᠡᠮᠵᠢ᠎ᠲᠡᠶ ᠶᠤᠮ᠃ ᠲᠠᠷᠠᠭᠠᠴᠢ᠎ᠶ᠋ᠢᠨ ᠠᠯᠬᠤᠮ᠎ᠳᠤ ᠥᠪᠥᠷ ᠮᠣᠩᠭᠣᠯ ᠬᠡᠷᠬᠢᠨ ᠲᠡᠦᠬᠡ ᠰᠣᠶᠣᠯ ᠪᠠ ᠪᠠᠢᠭᠠᠯᠢ᠎ᠶ᠋ᠢᠨ ᠥᠩᠭᠡ ᠦᠵᠡᠮᠵᠢ᠎ᠶ᠋ᠢ ᠤᠶᠠᠯᠳᠤᠭᠤᠯᠵᠤ᠂ ᠵᠢᠭᠤᠯᠴᠢᠯᠠᠭᠰᠠᠳ᠎ᠢ ᠨᠠᠩ ᠰᠠᠢᠨ ᠪᠡᠶᠡᠴᠢᠯᠡᠨ ᠣᠢᠯᠠᠭᠠᠬᠤ ᠲᠥᠷᠥᠭ᠌ᠳᠡᠯ᠎ᠲᠡᠶ ᠪᠣᠯᠭᠠᠬᠤ ᠪᠣᠶ?

ᠰᠦᠬᠡ ᠲᠥᠯᠥᠭᠡᠯᠡᠭ᠌ᠴᠢ᠄ ᠡᠩ ᠲᠡᠷᠢᠭᠦᠨ᠎ᠳᠦ᠂ ᠰᠤᠷᠪᠤᠯᠵᠢᠯᠠᠭ᠍ᠴᠢ ᠨᠠᠢᠵᠠ᠎ᠨᠠᠷ᠎ᠤᠨ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠠᠵᠤ ᠦᠶ᠋ᠯᠡᠰ᠎ᠲᠤ ᠠᠩᠬᠠᠷᠤᠯ ᠲᠠᠯᠪᠢᠵᠤ᠎ᠪᠠᠢᠭ᠎ᠠ᠎ᠳᠤ ᠲᠠᠯᠠᠷᠬᠠᠵᠤ ᠪᠠᠢᠨ᠎ᠠ᠃ ᠥᠪᠥᠷ ᠮᠣᠩᠭᠣᠯ ᠪᠣᠯ ᠨᠢᠭᠡᠨ ᠰᠠᠢᠬᠠᠨ ᠭᠠᠵᠠᠷ ᠶᠤᠮ᠂ 118 ᠲᠦᠮᠡᠨ ᠲᠡᠭ᠌ᠰᠢ ᠳᠥᠷᠪᠡᠯᠵᠢᠨ ᠺᠢᠯᠣᠮᠧᠲ᠋ᠷ ᠥᠷᠭᠡᠨ ᠠᠭᠤᠳᠠᠮ ᠡᠬᠡ ᠭᠠᠵᠠᠷ ᠳᠡᠭᠡᠷ᠎ᠡ᠂ ᠲᠠᠯ᠎ᠠ ᠨᠤᠲᠤᠭ᠂  ᠣᠶ ᠱᠢᠭᠤᠶ᠂  ᠡᠯᠡᠰᠦ ᠮᠠᠩᠬ᠎ᠠ᠂ ᠭᠤᠤᠯ ᠮᠥᠷᠡᠨ ᠨᠠᠭᠤᠷ ᠴᠥᠭᠥᠷᠥᠮ᠂ ᠮᠥᠰᠥ᠍ ᠴᠠᠰᠤ ᠵᠡᠷᠭᠡ ᠪᠠᠢᠭᠠᠯᠢ᠎ᠶ᠋ᠢᠨ ᠡᠬᠢ ᠪᠠᠶᠠᠯᠢᠭ᠎ᠤᠨ ᠥᠩᠭᠡ ᠦᠵᠡᠮᠵᠢ ᠰᠦᠷᠯᠢᠭ ᠰᠠᠢᠬᠠᠨ᠂ ᠲᠡᠦᠬᠡ ᠰᠣᠶᠣᠯ ᠥᠨᠢ ᠤᠳᠠᠭᠠᠨ ᠪᠥᠭᠡᠳ ᠭᠦᠨ ᠵᠤᠵᠠᠭᠠᠨ ᠪᠠᠢᠵᠤ᠂ ᠦᠨᠳᠦᠰᠦᠲᠡᠨ᠎ᠦ ᠵᠠᠩ ᠰᠤᠶᠤᠯ ᠪᠠᠶᠠᠯᠢᠭ ᠰᠠᠢᠬᠠᠨ ᠪᠠᠢᠳᠠᠭ᠂ ᠥᠪᠥᠷ ᠮᠣᠩᠭᠣᠯ ᠪᠣᠯ ᠵᠡᠭᠦᠨ᠎ᠡᠴᠡ ᠪᠠᠷᠠᠭᠤᠨᠰᠢ᠎ᠪᠠᠨ ᠴᠥᠮ ᠮᠠᠰᠢ ᠭᠣᠶᠣ ᠪᠠᠢᠵᠤ᠂ ᠵᠢᠯ᠎ᠦᠨ ᠳᠥᠷᠪᠡᠨ ᠤᠯᠠᠷᠢᠯ᠎ᠳᠤ ᠴᠥᠮ ᠲᠣᠭᠣᠷᠢᠨ ᠵᠢᠭᠤᠯᠴᠢᠯᠠᠵᠤ ᠪᠣᠯᠤᠨ᠎ᠠ᠃ ᠡᠭᠦᠨ᠎ᠦ ᠬᠠᠮᠲᠤ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ ᠳᠥᠷᠪᠡᠨ ᠵᠦᠭ ᠨᠠᠢ᠍ᠮᠠᠨ ᠵᠤᠪᠬᠢᠰ᠎ᠤᠨ ᠬᠡᠢᠴᠢᠨ ᠵᠣᠴᠢᠳ ᠨᠠᠢᠵᠠ᠎ᠨᠦ᠋ᠬᠦᠳ᠎ᠤᠨ 《ᠲᠠᠯ᠎ᠠ ᠨᠤᠲᠤᠭ᠎ᠤᠨ ᠪᠣᠯᠵᠣᠭ᠎ᠠ》᠎ᠳ᠋ᠤ ᠬᠠᠮᠲᠤ᠎ᠪᠠᠷ ᠣᠷᠣᠯᠴᠠᠬᠤ᠎ᠶ᠋ᠢ ᠪᠠᠶᠠᠷᠯᠠᠨ ᠤᠭ᠍ᠲᠤᠵᠤ ᠪᠠᠢᠨ᠎ᠠ᠃ ᠣᠢᠷ᠎ᠠ᠎ᠶ᠋ᠢᠨ ᠵᠢᠯ᠎ᠦᠨ ᠲᠤᠷᠰᠢ᠂ ᠥᠪᠥᠷ ᠮᠣᠩᠭᠣᠯ ᠶᠡᠷᠦᠩᠬᠡᠶ ᠱᠦᠵᠢ ᠰᠢ ᠵᠢᠨ ᠫᠢᠩ᠎ᠦᠨ ᠰᠣᠶᠣᠯ ᠵᠢᠭᠤᠯᠴᠢᠯᠠᠯ᠎ᠤᠨ ᠠᠭᠤᠰᠤᠯᠴᠠᠯ᠎ᠤᠨ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠰᠣᠶᠣᠯ᠎ᠢᠶᠠᠷ ᠵᠢᠭᠤᠯᠴᠢᠯᠠᠯ᠎ᠢ ᠱᠤᠭᠤᠬᠤ᠂ ᠵᠢᠭᠤᠯᠴᠢᠯᠠᠯ᠎ᠢᠶᠠᠷ ᠰᠣᠶᠣᠯ᠎ᠢ ᠢᠯᠡᠷᠡᠭᠦᠯᠬᠦ᠌᠎ᠶ᠋ᠢ ᠪᠠᠷᠢᠮᠲᠠᠯᠠᠵᠤ᠂ ᠳᠠᠯᠳᠠ ᠬᠦᠴᠦᠨ᠎ᠢ ᠠᠭᠤᠳᠠᠯᠤᠨ ᠬᠦᠴᠦᠨ ᠣᠯᠭᠣᠬᠤ᠂ ᠬᠠᠩᠭᠠᠯᠭ᠎ᠠ᠎ᠶ᠋ᠢ ᠪᠠᠶᠠᠯᠢᠭ᠍ᠵᠢᠭᠤᠯᠬᠤ᠂ ᠡᠵᠡᠩᠨᠡᠯᠲᠡ᠎ᠶ᠋ᠢᠨ ᠬᠡᠯᠪᠡᠷᠢ᠎ᠶ᠋ᠢ ᠪᠣᠢᠵᠢᠭᠤᠯᠬᠤ᠎ᠪᠠᠷ ᠭᠤᠤᠯ ᠪᠤᠯᠭᠠᠵᠤ᠂ ᠰᠣᠶᠣᠯ ᠵᠢᠭᠤᠯᠴᠢᠯᠠᠯ᠎ᠤᠨ ᠠᠯᠲᠠᠨ ᠱᠤᠰᠢᠭ᠎ᠠ ᠶᠠᠪᠤᠬᠤ ᠲᠤᠲᠤᠮ ᠭᠢᠯᠠᠯᠵᠠᠮ᠎ᠠ ᠪᠣᠯᠵᠣ ᠪᠠᠢᠨ᠎ᠠ᠃ ᠪᠦᠬᠦ᠌ ᠣᠷᠣᠨ᠎ᠤ A ᠲᠡᠰ᠎ᠤᠨ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ 566 ᠎ᠳ᠋ᠤ ᠬᠦᠷᠴᠦ᠍᠂ ᠡᠭᠦᠨ᠎ᠳᠦ 5A ᠲᠡᠰ᠎ᠤᠨ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ 8 ᠪᠣᠯᠤᠨ ᠨᠡᠮᠡᠭ᠌ᠳᠡᠵᠦ᠍᠂ 2025 ᠣᠨ᠎ᠳᠤ ᠵᠢᠭᠤᠯᠴᠢᠯᠠᠭᠰᠡᠳ᠎ᠢ 3 ᠳ᠋ᠦᠩᠱᠢᠭᠤᠷ ᠬᠥᠮᠦᠨ ᠤᠳᠠᠭ᠎ᠠ ᠬᠦᠯᠢᠶᠡᠨ ᠠᠪᠴᠤ᠌᠂ ᠤᠯᠤᠰ᠎ᠤᠨ ᠳᠣᠲᠣᠭᠠᠳᠤ᠎ᠶ᠋ᠢᠨ ᠵᠢᠭᠤᠯᠴᠢᠯᠠᠭ᠍ᠰᠠᠳ᠎ᠤᠨ ᠶᠡᠷᠦᠩᠬᠡᠢ ᠵᠠᠷᠤᠳᠠᠯ 4500 ᠳ᠋ᠦᠩᠱᠢᠭᠤᠷ ᠲᠥᠭᠥᠷᠢᠭ᠎ᠢ ᠪᠡᠶᠡᠯᠡᠭᠦᠯᠵᠦ᠍᠂ 9% ᠱᠢᠬᠠᠮ ᠨᠡᠮᠡᠭ᠌ᠳᠡᠪᠡ᠃

ᠠᠭᠤᠯᠠ᠎ᠲᠠᠶ᠂ ᠤᠰᠤ᠎ᠲᠠᠶ᠂ ᠬᠢᠩᠭᠠᠨ ᠠᠢᠮᠠᠭ᠃ ᠬᠢᠩᠭᠠᠨ ᠠᠢᠮᠠᠭ ᠪᠣᠯ ᠥᠪᠥᠷ ᠮᠣᠩᠭᠣᠯ᠎ᠤᠨ ᠵᠢᠭᠤᠯᠴᠢᠯᠠᠯ᠎ᠤᠨ ᠶᠡᠬᠡ ᠠᠢᠮᠠᠭ ᠪᠣᠯᠤᠨ᠎ᠠ᠃ 12 ᠵᠢᠯ᠎ᠦᠨ ᠡᠮᠦᠨᠡᠬᠢ ᠪᠢᠯᠢᠭ᠎ᠦᠨ ᠤᠯᠠᠷᠢᠯ᠎ᠤᠨ ᠮᠣᠷᠢᠨ ᠵᠢᠯ᠎ᠦᠨ ᠴᠠᠭᠠᠨ ᠰᠠᠷ᠎ᠠ᠎ᠡᠴᠡ ᠡᠮᠦᠨᠡᠬᠡᠨ᠂ ᠶᠡᠷᠦᠩᠬᠡᠶ ᠱᠦᠵᠢ ᠰᠢ ᠵᠢᠨ ᠫᠢᠩ ᠬᠢᠩᠭᠠᠨ ᠠᠢᠮᠠᠭ᠎ᠲᠤ ᠱᠢᠨᠵᠢᠯᠡᠨ ᠪᠠᠢᠴᠠᠭᠠᠬᠤ᠎ᠳᠠᠭᠠᠨ᠂ 《ᠷᠠᠱᠢᠶᠠᠨ᠎ᠤ ᠪᠠᠢᠭᠠᠯᠢ᠎ᠶ᠋ᠢᠨ ᠥᠩᠭᠡ ᠦᠵᠡᠮᠵᠢ ᠳᠥᠷᠪᠡᠨ ᠤᠯᠠᠷᠢᠯ᠎ᠳᠤ ᠴᠥᠮ ᠮᠠᠰᠢ ᠭᠣᠶᠣ ᠪᠠᠢᠨ᠎ᠠ》 ᠭᠡᠵᠦ᠍ ᠭᠦᠨ ᠰᠡᠳᠭᠢᠯᠭᠡ᠎ᠲᠡᠶ᠎ᠪᠡᠷ ᠮᠠᠭ᠍ᠲᠠᠨ ᠰᠠᠢᠱᠢᠶᠠᠵᠤ᠂ 《ᠷᠠᠱᠢᠶᠠᠨ᠎ᠤ ᠵᠢᠭᠤᠯᠴᠢᠯᠠᠯ ᠯᠠᠪᠲᠠᠶ ᠬᠥᠭ᠌ᠵᠢᠨ᠎ᠡ》 ᠭᠡᠵᠦ᠍ ᠱᠢᠨᠵᠢᠯᠡᠬᠦ᠌ ᠤᠬᠠᠭᠠᠨᠴᠢ᠎ᠪᠠᠷ ᠮᠠᠭᠠᠳᠯᠠᠪᠠ᠃ ᠪᠢᠳᠡ ᠶᠡᠷᠦᠩᠬᠡᠶ ᠱᠦᠵᠢ᠎ᠶ᠋ᠢᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠰᠣᠶᠣᠯ ᠵᠢᠭᠤᠯᠴᠢᠯᠠᠯ᠎ᠤᠨ ᠠᠵᠤ ᠦᠶ᠋ᠯᠡᠰ᠎ᠢ ᠠᠷᠠᠳ᠎ᠢᠶᠠᠨ ᠪᠠᠶᠠᠵᠢᠭᠤᠯᠵᠤ ᠠᠢᠮᠠᠭ᠎ᠢᠶᠠᠨ ᠬᠦᠴᠦᠷᠬᠡᠭ᠌ᠵᠢᠭᠦᠯᠬᠦ᠌ ᠲᠤᠯᠭᠠᠭᠤᠷᠢ ᠠᠵᠤ ᠦᠶ᠋ᠯᠡᠰ ᠪᠣᠯᠭᠠᠨ ᠪᠣᠢᠵᠢᠭᠤᠯᠵᠤ᠂ ᠰᠣᠶᠣᠯ ᠵᠢᠭᠤᠯᠴᠢᠯᠠᠯ᠎ᠤᠨ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠪᠠ᠃ ᠭᠣᠣᠯᠳᠠᠭᠤ 《ᠪᠦᠬᠦ᠌ ᠣᠷᠣᠨ ᠪᠦᠰᠡ》᠂ 《ᠪᠦᠬᠦ᠌ ᠤᠯᠠᠷᠢᠯ》᠂ 《ᠠᠭᠤᠰᠤᠯᠴᠠᠯ》 ᠭᠡᠬᠦ᠌ ᠭᠤᠷᠪᠠᠨ ᠲᠠᠯ᠎ᠠ᠎ᠪᠠᠷ ᠢᠯᠡᠷᠡᠵᠦ᠍ ᠪᠤᠢ᠄ 

ᠨᠢᠭᠡᠳᠦᠭᠡᠷ ᠲᠠᠯ᠎ᠠ᠎ᠪᠠᠷ᠂ ᠪᠥᠬᠥ᠌ ᠣᠷᠣᠨ ᠪᠦᠰᠡ᠄ ᠪᠥᠬᠥ᠌ ᠣᠷᠣᠨ ᠪᠦᠰᠡ᠎ᠶ᠋ᠢᠨ ᠵᠢᠭᠤᠯᠴᠢᠯᠠᠯ᠎ᠢ ᠠᠬᠢᠭᠤᠯᠵᠤ᠂ ᠨᠢᠭᠡ ᠣᠷᠣᠨ ᠪᠦᠰᠡ᠎ᠶ᠋ᠢᠨ 《ᠬᠦᠭᠵᠢᠯᠲᠡ》᠎ᠪᠡᠷ ᠪᠥᠬᠥ᠌ ᠣᠷᠣᠨ ᠪᠦᠰᠡ᠎ᠶ᠋ᠢᠨ 《ᠬᠦᠭᠵᠢᠯᠲᠡ》 ᠵᠢ ᠳᠠᠢᠴᠢᠯᠠᠨ ᠪᠡᠶᠡᠯᠡᠭᠦᠯᠪᠡ᠃ ᠬᠢᠩᠭᠠᠨ ᠠᠢᠮᠠᠭ᠎ᠤᠨ ᠵᠢᠭᠤᠯᠴᠢᠯᠠᠯ᠎ᠤᠨ ᠡᠬᠢ ᠪᠠᠶᠠᠯᠢᠭ ᠡᠯᠪᠡᠭ᠂ ᠨᠡᠢᠯᠡᠮᠡᠯ᠎ᠦᠨ ᠬᠡᠮᠵᠢᠶ᠎ᠡ ᠨᠢ ᠥᠨᠳᠥᠷ᠂ ᠤᠯᠤᠰ᠎ᠤᠨ ᠨᠤᠲᠤᠭ ᠳᠡᠪᠢᠰᠭᠡᠷ᠎ᠦᠨ ᠲᠠᠯᠠᠪᠠᠶ᠎ᠶ᠋ᠢᠨ 1 / 3 ᠨᠢ ᠲᠠᠯ᠎ᠠ ᠨᠤᠲᠤᠭ᠂ 1 / 3 ᠨᠢ ᠣᠶ ᠱᠢᠭᠤᠶ᠂ 1 / 3 ᠨᠢ ᠲᠠᠷᠢᠶᠠᠨ ᠭᠠᠵᠠᠷ ᠪᠠᠢᠵᠤ᠂ ᠡᠯ᠎ᠡ ᠱᠠᠲᠤᠨ᠎ᠤ ᠪᠠᠢᠭᠠᠯᠢ᠎ᠶ᠋ᠢᠨ ᠬᠠᠮᠠᠭᠠᠯᠠᠯᠲᠠ᠎ᠶ᠋ᠢᠨ ᠭᠠᠵᠠᠷ 18 ᠪᠠᠢᠨ᠎ᠠ᠃ ᠪᠢᠳᠡ ᠤᠷᠤᠨ ᠪᠦᠰᠡ᠎ᠶᠢᠨ ᠲᠦᠷᠦᠯ ᠲᠡᠮᠳᠡᠭ᠎ᠤᠨ ᠳᠦᠷᠢ ᠳᠦᠷᠬᠦ᠎ᠵᠢ ᠨᠡᠢᠲᠡᠯᠡᠵᠦ᠂ 《ᠬᠢᠩᠭᠠᠨ ᠳᠠᠪᠠᠭᠠᠨ ᠳᠡᠭᠡᠷᠡᠬᠢ ᠬᠢᠩᠭᠠᠨ ᠠᠢᠮᠠᠭ》 ᠢ᠋ ᠪᠥᠬᠥ᠌ ᠤᠯᠤᠰ᠎ᠤᠨ ᠵᠢᠭᠤᠯᠴᠢᠯᠠᠭᠰᠠᠳ᠎ᠤᠨ ᠬᠠᠷᠠᠭᠠᠨ᠎ᠳᠤ ᠣᠷᠣᠭᠤᠯᠤᠭ᠍ᠰᠠᠨ ᠪᠥᠭᠡᠳ ᠷᠠᠱᠢᠶᠠᠨ᠎ᠢ ᠤᠯᠤᠰ᠎ᠤᠨ ᠲᠠᠰ᠎ᠤᠨ ᠵᠢᠭᠤᠯᠴᠢᠯᠠᠯ ᠠᠮᠠᠷᠠᠯᠲᠠ᠎ᠶ᠋ᠢᠨ ᠣᠷᠣᠨ ᠪᠣᠯᠭᠠᠬᠤ᠎ᠪᠠᠷ ᠠᠵᠠ ᠲᠣᠬᠢᠶᠠᠯ ᠪᠣᠯᠭᠠᠵᠤ᠂ ᠪᠤᠰᠤᠳ 5 ᠬᠣᠱᠢᠭᠤ ᠱᠢᠶᠠᠨ ᠬᠣᠲᠠ᠎ᠶ᠋ᠢᠨ ᠦᠵᠡᠮᠵᠢ᠎ᠶ᠋ᠢᠨ ᠣᠷᠣᠨ᠎ᠤ ᠠᠭᠤᠰᠤᠯᠴᠠᠯ᠎ᠢ ᠳᠠᠢᠴᠢᠯᠠᠨ ᠴᠢᠩᠭᠠᠳᠭᠠᠵᠤ᠂ 《ᠬᠤᠪᠢᠰᠭᠠᠯ᠎ᠤᠨ ᠬᠣᠲᠠ ᠤᠯᠠᠭᠠᠨᠬᠣᠲᠠ》᠂ 《ᠬᠤᠪᠢᠯᠭᠠᠨ ᠠᠭᠤᠯᠠ᠎ᠶ᠋ᠢᠨ ᠬᠣᠪᠣᠷ ᠱᠢᠪᠠᠭᠤ ᠵᠠᠯᠠᠢᠳ ᠬᠣᠱᠢᠭᠤ》᠂ 《ᠬᠠᠩᠭᠠᠶ᠎ᠶᠢᠨ ᠲᠠᠯ᠎ᠠ ᠨᠤᠲᠤᠭᠲᠦ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤ》᠂ 《ᠬᠠᠪᠤᠷ᠎ᠤᠨ ᠡᠷᠲᠡᠨ᠎ᠦ ᠬᠣᠲᠠ ᠲᠦᠴᠢᠦᠸᠠᠨ ᠱᠢᠶᠠᠨ》᠂ 《ᠬᠠᠢᠷ᠎ᠠ ᠬᠠᠢᠷ᠎ᠠ᠎ᠶᠢᠨ ᠪᠠᠲᠤᠴᠠᠭᠠᠨ᠎ᠤ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤ》ᠵᠡᠷᠭᠡ ᠲᠥᠷᠥᠯ ᠲᠡᠮᠳᠡᠭ ᠤ᠋ᠨ ᠠᠯᠳᠠᠷᠱᠢᠯ᠎ᠢ ᠢᠯᠡᠳᠲᠡ ᠳᠡᠭᠡᠭ᠌ᠰᠢᠯᠡᠭᠦᠯᠵᠦ᠍᠂ ᠤᠯᠠᠭᠠᠨᠮᠣᠳᠣ᠎ᠶ᠋ᠢᠨ 《ᠲᠠᠯ᠎ᠠ ᠨᠤᠲᠤᠭ᠎ᠤᠨ ᠴᠤᠭ᠍ᠯᠠᠷᠠᠯ》᠎ᠢ᠋ 《ᠦᠵᠡᠭ᠌ᠳᠡᠯ᠎ᠦᠨ ᠲᠠᠰ》᠎ᠤ᠋ᠨ ᠲᠠᠯ᠎ᠠ ᠨᠤᠲᠤᠭ᠎ᠤᠨ ᠵᠢᠭᠤᠯᠴᠢᠯᠠᠯ᠎ᠤᠨ ᠵᠣᠷᠢᠭ᠍ᠰᠠᠨ ᠭᠠᠵᠠᠷ ᠪᠣᠯᠭᠠᠪᠠ᠃

ᠬᠣᠶᠠᠳᠤᠭᠠᠷ ᠲᠠᠯ᠎ᠠ᠎ᠪᠡᠷ᠂ ᠪᠥᠬᠥ᠌ ᠤᠯᠠᠷᠢᠯ᠄ ᠳᠥᠷᠪᠡᠨ ᠤᠯᠠᠷᠢᠯ᠎ᠤᠨ ᠵᠢᠭᠤᠯᠴᠢᠯᠠᠯ᠎ᠢ ᠳᠡᠯᠭᠡᠷᠡᠭᠦᠯᠵᠦ᠍᠂ ᠨᠢᠭᠡ ᠤᠯᠠᠷᠢᠯ᠎ᠤᠨ 《ᠬᠠᠯᠠᠮᠱᠢᠯ》᠎ᠢ᠋ᠢᠡᠷ ᠪᠥᠬᠥ᠌ ᠵᠢᠯ᠎ᠦᠨ 《ᠬᠠᠯᠠᠮᠱᠢᠯ》 ᠢ᠋ ᠳᠠᠢᠴᠢᠯᠠᠨ ᠪᠡᠶᠡᠯᠡᠭᠦᠯᠪᠡ᠃ ᠬᠢᠩᠭᠠᠨ ᠠᠢᠮᠠᠭ ᠪᠥᠬᠥ᠌ ᠤᠯᠤᠰ᠎ᠤᠨ ᠠᠩᠬᠠᠳᠠᠭ᠍ᠴᠢ ᠪᠦᠯᠦᠭ 《ᠵᠤᠰᠠᠯᠠᠩ᠎ᠤᠨ ᠵᠢᠭᠤᠯᠴᠢᠯᠠᠯ᠎ᠤᠨ ᠵᠣᠷᠢᠭ᠍ᠰᠠᠨ ᠭᠠᠵᠠᠷ》᠎ᠢ᠋ᠢᠡᠷ ᠦᠨᠡᠯᠡᠭ᠌ᠳᠡᠪᠡ᠂ ᠢᠯᠠᠩᠭᠤᠶ᠎ᠠ ᠷᠠᠱᠢᠶᠠᠨ᠎ᠤ ᠵᠣᠨ᠎ᠤ ᠤᠯᠠᠷᠢᠯ ᠨᠢ 22°C ᠎ᠤᠨ ᠰᠡᠷᠢᠭᠦᠨ ᠲᠠᠭᠠᠯᠠᠮᠵᠢᠲᠠᠶ ᠠᠭᠤᠷ ᠠᠮᠢᠰᠬᠤᠯ ᠵᠢᠡᠷ ᠪᠥᠬᠥ᠌ ᠤᠯᠤᠰ᠎ᠤᠨ ᠵᠢᠭᠤᠯᠴᠢᠯᠠᠭ᠍ᠰᠡᠳ᠎ᠤᠨ ᠠᠩᠬᠠᠷᠤᠯ᠎ᠢ ᠲᠠᠲᠠᠵᠤ᠂ ᠡᠨᠳᠡ ᠢᠷᠡᠵᠦ᠍ ᠰᠡᠯᠡᠭᠦᠴᠡᠨ ᠠᠮᠠᠷᠠᠬᠤ ᠭᠠᠵᠠᠷ ᠪᠤᠯᠵᠠᠢ᠃ ᠪᠦᠬᠦ᠌ ᠤᠯᠠᠷᠢᠯ᠎ᠤᠨ ᠵᠢᠭᠤᠯᠴᠢᠯᠠᠯ᠎ᠳᠤ ᠠᠩᠬᠠᠷᠤᠯ᠎ᠢᠶᠠᠨ ᠬᠠᠨᠳᠤᠭᠤᠯᠵᠤ᠂ ᠪᠢᠳᠡ ᠨᠤᠮᠢᠨ ᠤᠰᠤ ᠬᠥᠬᠡᠮᠳᠦᠭ ᠠᠭᠤᠯᠠ᠂ ᠮᠥᠰᠥ᠍ ᠴᠠᠰᠤᠨ᠎ᠳᠤ ᠬᠤᠴᠢᠭ᠍ᠳᠠᠭ᠍ᠰᠠᠨ ᠭᠠᠵᠠᠷ ᠵᠡᠷᠭᠡ ᠡᠬᠢ ᠪᠠᠶᠠᠯᠢᠭ᠎ᠢ ᠭᠦᠨ ᠠᠭᠤᠳᠠᠯᠵᠤ᠂ ᠬᠠᠪᠤᠷ᠎ᠤᠨ ᠤᠯᠠᠷᠢᠯ᠎ᠳᠤ ᠬᠤᠷᠴᠠ ᠤᠯᠠᠭᠠᠨ ᠴᠡᠴᠡᠭ ᠰᠣᠨᠢᠷᠬᠠᠬᠤ᠂ ᠵᠤᠨ᠎ᠤ ᠤᠯᠠᠷᠢᠯ᠎ᠳᠤ ᠵᠤᠰᠠᠬᠤ᠂ ᠨᠠᠮᠤᠷ᠎ᠤᠨ ᠤᠯᠠᠷᠢᠯ᠎ᠳᠤ ᠪᠠᠲᠤᠴᠠᠭᠠᠨ᠎ᠤ ᠨᠠᠪᠴᠢ ᠰᠣᠨᠢᠷᠬᠠᠬᠤ᠂ ᠡᠪᠦᠯ᠎ᠦᠨ ᠤᠯᠠᠷᠢᠯ᠎ᠳᠤ ᠴᠠᠰᠤᠨ᠎ᠳᠤ ᠨᠠᠭᠠᠳᠬᠤ 《ᠬᠠᠯᠠᠭᠤᠷᠠᠯ》 ᠦᠢᠯᠡᠳᠬᠦᠨ᠎ᠢ ᠨᠠᠷᠢᠯᠢᠭ ᠡᠭᠦᠳᠴᠦ᠍᠂ 《ᠮᠥᠰᠥ᠍ ᠴᠠᠰᠤᠨ᠎ᠤ ᠨᠠᠭᠠᠳᠤᠮ》 ᠨᠢ ᠪᠦᠬᠦ᠌ ᠤᠯᠤᠰ᠎ᠤᠨ 《ᠮᠥᠰᠥ᠍ ᠴᠠᠰᠤᠨ᠎ᠤ ᠵᠢᠭᠤᠯᠴᠢᠯᠠᠯ᠎ᠤᠨ ᠱᠢᠨ᠎ᠡ ᠡᠭᠦᠳᠦᠯᠲᠡ᠎ᠶ᠋ᠢᠨ ᠵᠢᠱ᠌ᠢᠶ᠎ᠡ》 ᠳ᠋ᠤ ᠰᠣᠩᠭᠣᠭ᠍ᠳᠠᠵᠤ᠂ 《ᠪᠠᠭ᠎ᠠ ᠰᠤᠷᠭᠠᠭᠤᠯᠢ᠎ᠶ᠋ᠢᠨ ᠬᠢᠴᠢᠶᠡᠯ᠎ᠦᠨ ᠪᠢᠴᠢᠭ ᠳᠡᠭᠡᠷᠡᠬᠢ ᠶᠡᠬᠡ ᠬᠢᠩᠭᠠᠨ ᠳᠠᠪᠠᠭ᠎ᠠ》 ᠨᠢ 《ᠨᠠᠮᠤᠷ᠎ᠤᠨ ᠡᠳᠦᠷ᠎ᠤᠨ ᠤᠨᠴᠠ ᠲᠤᠭᠲᠠᠭᠰᠠᠨ ᠦᠵᠡᠮᠵᠢ》 ᠪᠤᠯᠵᠤ᠂ ᠨᠢᠳᠤᠨᠤᠨ᠎ᠤ 《ᠠᠷᠪᠠᠨ ᠰᠠᠷ᠎ᠠ᠎ᠶ᠋ᠢᠨ ᠨᠢᠭᠡᠨ》 ᠤ᠋ ᠦᠶ᠎ᠡ ᠪᠡᠷ ᠷᠠᠱᠢᠶᠠᠨ ᠤᠯᠤᠰ᠎ᠤᠨ ᠳᠣᠲᠣᠭᠠᠳᠤ᠎ᠶ᠋ᠢᠨ ᠬᠠᠯᠠᠮᠱᠢᠯ ᠵᠢᠭᠤᠯᠴᠢᠯᠠᠯ᠎ᠤᠨ ᠡᠷᠳᠡᠨᠢᠲᠦ ᠬᠤᠳᠠ᠎ᠶ᠋ᠢᠨ ᠲᠡᠷᠢᠭᠦᠨ᠎ᠳᠦ ᠣᠷᠣᠪᠠ᠃

ᠭᠤᠷᠪᠠᠳᠤᠭᠠᠷ ᠲᠠᠯ᠎ᠠ᠎ᠪᠠᠷ᠂ ᠠᠭᠤᠰᠤᠯᠴᠠᠯ᠄ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠵᠤ᠂ ᠨᠢᠭᠡ ᠦᠢᠯᠡᠰ᠎ᠦᠨ ᠮᠠᠨᠳᠤᠯ᠎ᠢᠶᠠᠷ ᠠᠯᠢᠪᠠ ᠦᠢᠯᠡᠰ᠎ᠦᠨ ᠬᠥᠭ᠌ᠵᠢᠯ ᠪᠠᠳᠠᠷᠠᠯ᠎ᠢ ᠳᠠᠢᠴᠢᠯᠠᠨ ᠪᠡᠶᠡᠯᠡᠭᠦᠯᠪᠡ᠃ 《ᠵᠢᠭᠤᠯᠴᠢᠯᠠᠯ + ᠰᠣᠶᠣᠯ ᠪᠡᠶ᠎ᠡ᠎ᠶ᠋ᠢᠨ ᠲᠠᠮᠢᠷ》᠎ᠤ᠋ᠨ ᠲᠣᠭᠣᠷᠢᠨ᠎ᠳᠤ᠂ ᠳᠤᠮᠳᠠᠳᠤ ᠤᠯᠤᠰ (ᠷᠠᠱᠢᠶᠠᠨ)᠎ᠤ᠋ᠨ ᠵᠢᠭᠤᠯᠴᠢᠯᠠᠯ᠎ᠤᠨ ᠶᠡᠬᠡ ᠬᠤᠷᠠᠯ᠂ ᠷᠠᠱᠢᠶᠠᠨ᠎ᠤ ᠣᠯᠠᠨ ᠤᠯᠤᠰ᠎ᠤᠨ ᠮᠠᠷᠠᠽᠤᠨ ᠵᠡᠷᠭᠡ ᠠᠵᠢᠯᠯᠠᠭ᠎ᠠ᠎ᠶ᠋ᠢ ᠡᠷᠭᠢᠯᠡᠵᠦ᠍᠂ 《ᠬᠢᠯᠢ᠎ᠶ᠋ᠢᠨ ᠠᠶᠠᠨ᠎ᠤ ᠮᠣᠷᠢᠨ ᠴᠤᠪᠤᠭ᠎ᠠ》 ᠵᠡᠷᠭᠡ ᠵᠦᠴᠦᠭᠡ᠎ᠶ᠋ᠢ ᠲᠣᠭ᠍ᠯᠠᠵᠤ᠂ ᠤᠯᠠᠭᠠᠨᠮᠥ᠋ᠴᠢᠷ᠎ᠦᠨ ᠭᠡᠱᠢᠭᠦᠳ᠎ᠢ ᠵᠣᠬᠢᠶᠠᠨ ᠪᠠᠢᠭᠤᠯᠵᠤ ᠪᠠᠢᠭᠠᠳ ᠵᠢᠭᠤᠯᠴᠢᠯᠠᠯ᠎ᠤᠨ ᠭᠠᠯᠲᠤ ᠲᠡᠷᠭᠡᠨ ᠳᠡᠭᠡᠷ᠎ᠡ ᠲᠠᠯ᠎ᠠ ᠨᠤᠲᠤᠭ᠎ᠤᠨ ᠳᠠᠭᠤᠤ᠎ᠶ᠋ᠢ ᠳᠠᠭᠤᠯᠠᠭᠤᠯᠵᠤ᠂ ᠮᠣᠷᠢᠨ ᠬᠤᠭᠤᠷ ᠵᠡᠷᠭᠡ᠎ᠶ᠋ᠢ ᠬᠥᠭ᠌ᠵᠢᠮᠳᠡᠭᠦᠯᠵᠦ᠍᠂ ᠵᠢᠭᠤᠯᠴᠢᠯᠠᠭ᠍ᠰᠡᠳ᠎ᠢ 《ᠨᠢᠭᠡ ᠵᠠᠮ ᠳᠠᠭᠤᠤ ᠳᠠᠭᠤᠯᠠᠭᠤᠯᠵᠤ᠂ ᠨᠢᠭᠡ ᠵᠠᠮ ᠪᠠᠶᠠᠷ ᠬᠥᠷ᠎ᠲᠡᠶ ᠪᠠᠢᠯᠭᠠᠪᠠ》᠃ 《ᠵᠢᠭᠤᠯᠴᠢᠯᠠᠯ + ᠦᠨᠳᠦᠰᠦᠲᠡᠨ᠎ᠦ ᠪᠦᠯᠬᠦᠮᠳᠡᠯ》᠎ᠤ᠋ᠨ ᠲᠣᠭᠣᠷᠢᠨ᠎ᠳᠤ᠂ ᠪᠥᠬᠥ᠌ ᠤᠯᠤᠰ᠎ᠤᠨ ᠲᠦᠷᠦᠭᠦᠦ ᠪᠦᠯᠦᠭ᠎ᠦᠨ 《ᠵᠢᠭᠤᠯᠴᠢᠯᠠᠯ᠎ᠢᠶᠠᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ》 ᠲᠤᠷᠱᠢᠯᠲᠠ᠎ᠶᠢᠨ ᠴᠡᠭ᠎ᠢ᠎ᠰᠠᠢᠲᠤᠷ ᠠᠳᠭᠤᠵᠤ᠂ 5 ᠦᠨᠳᠦᠰᠦᠲᠡᠨ᠎ᠦ ᠪᠦᠯᠬᠦᠮᠳᠡᠯ᠎ᠦᠨ ᠭᠤᠤᠯ ᠰᠡᠳᠦᠪᠲᠦ ᠱᠤᠭᠤᠮ᠎ᠢ ᠪᠣᠶ ᠪᠣᠯᠭᠠᠵᠤ᠂ ᠬᠢᠯᠢ ᠬᠢᠵᠠᠭᠠᠷ᠎ᠤᠨ ᠮᠠᠯᠵᠢᠬᠤ ᠲᠠᠷᠢᠶᠠᠯᠠᠬᠤ ᠡᠷᠦᠬᠡ᠎ᠳᠦ ᠬᠦᠷᠴᠦ᠍ ᠤᠯᠤᠰ᠎ᠤᠨ ᠲᠣᠭ ᠮᠠᠨᠳᠤᠭᠤᠯᠬᠤ᠎ᠨᠢ ᠡᠬᠡ ᠤᠯᠤᠰ᠎ᠤᠨ ᠤᠮᠠᠷᠠᠲᠤ ᠶ᠋ᠢᠨ ᠨᠢᠭᠡᠨ ᠦᠵᠡᠰᠭᠦᠯᠡᠩᠲᠦ ᠰᠠᠢᠬᠠᠨ ᠦᠵᠡᠮᠵᠢ ᠪᠣᠯᠵᠠᠶ᠃ 《ᠵᠢᠭᠤᠯᠴᠢᠯᠠᠯ + ᠬᠥᠳᠡᠭᠡ ᠲᠣᠰᠭᠣᠨ》 ᠤ᠋ ᠲᠣᠭᠣᠷᠢᠨ᠎ᠳᠤ᠂ ᠤᠨᠴᠠᠯᠢᠬ᠍ᠳᠤ ᠲᠣᠰᠭᠣᠨ ᠵᠡᠷᠭᠡ ᠤᠢ᠍ᠢᠷ᠎ᠠ ᠲᠡᠭᠦᠷᠭᠡ᠎ᠶ᠋ᠢᠨ ᠵᠢᠭᠤᠯᠴᠢᠯᠠᠯ᠎ᠤᠨ ᠲᠦᠷᠦᠯ ᠲᠡᠮᠳᠡᠭ᠎ᠢ ᠡᠭᠦᠳᠴᠦ᠍᠂ ᠡᠩ᠎ᠦᠨ ᠲᠣᠰᠭᠣᠨ᠎ᠤ ᠭᠡᠷ ᠪᠠᠢᠱᠢᠩ᠎ᠢ ᠤᠷᠠᠯᠢᠭ᠎ᠤᠨ ᠬᠦᠴᠦᠨ ᠤᠯᠭᠤᠯᠲᠠ ᠳᠣᠣᠷ᠎ᠠ ᠭᠤᠶᠤ ᠦᠵᠡᠮᠵᠢ ᠪᠣᠯᠭᠠᠨ ᠬᠤᠪᠢᠷᠠᠭᠤᠯᠵᠤ᠂ ᠲᠦᠮᠡᠨ ᠮᠦ᠍ ᠲᠤᠲᠤᠷᠭ᠎ᠠ᠎ᠶ᠋ᠢᠨ ᠲᠠᠷᠢᠶ᠎ᠠ᠎ᠶ᠋ᠢ ᠨᠠᠷᠢᠯᠢᠭ ᠴᠢᠮᠡᠭ᠌ᠯᠡᠭ᠌ᠰᠡᠨ 3D ᠤᠷᠠᠯᠢᠭ᠎ᠤᠨ ᠵᠢᠷᠤᠭ ᠪᠣᠯᠭᠠᠨ ᠬᠤᠪᠢᠷᠠᠭᠤᠯᠪᠠ᠃ 《ᠵᠢᠭᠤᠯᠴᠢᠯᠠᠯ + ᠦᠨᠡᠨᠴᠢ ᠢᠲᠡᠭᠡᠮᠵᠢ》᠎ᠶ᠋ᠢᠨ ᠲᠣᠭᠣᠷᠢᠨ᠎ᠳᠤ᠂ ᠵᠢᠭᠤᠯᠴᠢᠯᠠᠯ᠎ᠤᠨ ᠦᠨᠡᠨᠴᠢ ᠢᠲᠡᠭᠡᠮᠵᠢ᠎ᠶ᠋ᠢ ᠰᠠᠭᠤᠷᠢ ᠴᠢᠨᠠᠷᠲᠠᠶ ᠠᠵᠢᠯ ᠪᠣᠯᠭᠠᠨ ᠠᠳᠭᠤᠵᠤ᠂ ᠷᠠᠱᠢᠶᠠᠨ᠎ᠳᠤ 《ᠨᠢᠭᠡ ᠲᠥᠭᠥᠷᠢᠭ》᠎ᠤ᠋ᠨ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ ᠵᠡᠷᠭᠡ 15 ᠵᠦᠶ᠋ᠯ᠎ᠦᠨ ᠠᠱᠢᠭ ᠬᠦᠷᠲᠡᠭᠡᠬᠦ᠌ ᠵᠢᠭᠤᠯᠴᠢᠯᠠᠯ᠎ᠤᠨ ᠠᠷᠭ᠎ᠠ ᠬᠡᠮᠵᠢᠶ᠎ᠡ᠎ᠶ᠋ᠢ ᠭᠠᠷᠭᠠᠵᠤ᠂ 《ᠤᠯᠠᠭᠠᠨ ᠬᠠᠷ᠎ᠠ ᠰᠠᠮᠪᠠᠷ᠎ᠠ》᠎ᠶ᠋ᠢᠨ ᠲᠣᠭ᠍ᠲᠡᠴᠡ᠎ᠶ᠋ᠢ ᠪᠠᠢᠭᠤᠯᠤᠨ᠂ ᠬᠡᠷᠡᠭ᠌ᠯᠡᠭᠡ᠎ᠶ᠋ᠢᠨ ᠵᠢᠯᠣᠭᠣᠳᠭᠤ ᠦᠨ᠎ᠡ ᠬᠠᠩᠰᠢ᠎ᠶ᠋ᠢ ᠢᠯᠡ ᠪᠣᠯᠭᠠᠵᠤ᠂ ᠪᠥᠬᠥ᠌ ᠤᠯᠤᠰ᠎ᠤᠨ ᠵᠢᠭᠤᠯᠴᠢᠯᠠᠭ᠍ᠰᠡᠳ᠎ᠤᠨ ᠮᠠᠭ᠍ᠲᠠᠭᠠᠯ ᠰᠠᠢᠱᠢᠶᠠᠯ᠎ᠢ ᠤᠯᠪᠠ᠃

ᠲᠠᠷᠠᠭᠠᠴᠢ᠎ᠶ᠋ᠢᠨ ᠠᠯᠬᠤᠮ᠎ᠳᠤ᠂ ᠪᠢᠳᠡ 《ᠠᠮᠢ ᠠᠬᠤᠶ᠎ᠶ᠋ᠢᠨ ᠰᠣᠶᠣᠯ ᠵᠢᠭᠤᠯᠴᠢᠯᠠᠯ᠎ᠤᠨ ᠦᠶ᠋ᠯᠡᠰ》᠎ᠤ᠋ᠨ ᠪᠠᠢᠷᠢ ᠲᠣᠭ᠍ᠲᠠᠭᠠᠯᠲᠠ᠎ᠲᠠᠶ ᠨᠢᠭ᠍ᠲᠠ ᠤᠶᠠᠯᠳᠤᠭᠤᠯᠤᠨ᠂ ᠠᠷᠭ᠎ᠠ ᠬᠡᠮᠵᠢᠶ᠎ᠡ᠎ᠪᠡᠨ ᠨᠠᠷᠢᠯᠢᠬ᠍ᠵᠢᠭᠤᠯᠵᠤ᠂ ᠡᠨᠡ ᠵᠢᠯ᠎ᠦᠨ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠲᠣᠳᠣᠷᠬᠠᠶ ᠳᠤᠷᠠᠳᠤᠭ᠍ᠰᠠᠨ 《ᠰᠣᠶᠣᠯ ᠵᠢᠭᠤᠯᠴᠢᠯᠠᠯ᠎ᠤᠨ ᠦᠶ᠋ᠯᠡᠰ᠎ᠢ ᠴᠢᠨᠠᠷ ᠰᠠᠢᠲᠠᠶ ᠬᠥᠭ᠌ᠵᠢᠭᠦᠯᠬᠦ᠌᠂ ᠰᠣᠶᠣᠯ ᠵᠢᠭᠤᠯᠴᠢᠯᠠᠯ ᠪᠡᠶ᠎ᠡ᠎ᠶ᠋ᠢᠨ ᠲᠠᠮᠢᠷ ᠬᠤᠳᠠᠯᠳᠤᠭ᠎ᠠ ᠵᠡᠷᠭᠡ ᠠᠭᠤᠰᠤᠯᠴᠠᠭ᠍ᠰᠠᠨ ᠡᠵᠡᠩᠨᠡᠯᠲᠡ᠎ᠶ᠋ᠢᠨ ᠬᠡᠯᠪᠡᠷᠢ᠎ᠶ᠋ᠢ ᠪᠠᠶᠠᠯᠢᠭ᠍ᠵᠢᠭᠤᠯᠬᠤ》 ᠡᠨᠡ ᠬᠦ᠌ ᠶᠡᠷᠦᠩᠬᠡᠶ ᠱᠠᠭᠠᠷᠳᠠᠯᠭ᠎ᠠ᠎ᠶ᠋ᠢ ᠦᠨᠡᠨ ᠬᠦ᠌ ᠪᠣᠳᠠᠲᠠᠶ᠎ᠳᠤ ᠨᠠᠢᠳᠠᠪᠤᠷᠢᠵᠢᠭᠤᠯᠵᠤ᠂ ᠠᠷᠠᠳ᠎ᠢ ᠪᠠᠶᠠᠵᠢᠭᠤᠯᠤᠨ ᠠᠢᠮᠠᠭ᠎ᠢᠶᠠᠨ ᠬᠦᠴᠦᠷᠬᠡᠭ᠌ᠵᠢᠭᠦᠯᠬᠦ᠌ ᠠᠯᠬᠤᠴᠠ᠎ᠶ᠋ᠢ ᠲᠦᠷᠭᠡᠳᠭᠡᠨ᠎ᠡ᠃

ᠡᠨᠡ ᠬᠦ᠌ ᠬᠢᠩᠭᠠᠨ ᠠᠢᠮᠠᠭ ᠱᠢᠨ᠎ᠡ ᠳᠦᠷᠰᠦ ᠪᠠᠢᠳᠠᠯ᠎ᠢᠶᠠᠨ ᠳᠡᠯᠭᠡᠨ ᠦᠵᠡᠭᠦᠯᠦᠭᠰᠡᠡ ᠰᠠᠢᠨ ᠰᠠᠢᠬᠠᠨ ᠤᠯᠠᠷᠢᠯ᠎ᠳᠤ᠂ ᠰᠤᠷᠪᠤᠯᠵᠢᠯᠠᠭ᠍ᠴᠢ ᠨᠠᠢᠵᠠ᠎ᠨᠠᠷ᠎ᠢ ᠥᠪᠥᠷ ᠮᠣᠩᠭᠣᠯ᠎ᠳᠤ ᠢᠷᠡᠵᠦ᠍ ᠮᠠᠲ᠋ᠧᠷᠢᠶᠠᠯ ᠴᠤᠭ᠍ᠯᠠᠭᠤᠯᠤᠨ ᠵᠣᠬᠢᠶᠠᠨ ᠪᠦᠲᠦᠭᠡᠬᠦ᠌᠎ᠶ᠋ᠢ ᠴᠢᠩ ᠰᠡᠳᠭᠢᠯ᠎ᠡᠴᠡ᠎ᠪᠡᠨ ᠤᠷᠢᠵᠤ᠂ ᠪᠦᠬᠦ᠌ ᠤᠯᠤᠰ᠎ᠤᠨ ᠵᠢᠭᠤᠯᠴᠢᠯᠠᠭᠰᠠᠳ᠎ᠢ 《ᠠᠭᠤᠯᠠ ᠲᠠᠢ᠂ ᠤᠰᠤ ᠲᠠᠢ᠂ ᠬᠢᠩᠭᠠᠨ ᠠᠢᠮᠠᠭ》᠎ᠤ᠋ᠨ ᠰᠠᠢ᠌ᠨ ᠰᠠᠢᠬᠠᠨ ᠪᠣᠯᠵᠣᠭ᠎ᠠ᠎ᠳᠤ ᠬᠠᠮᠲᠤ᠎ᠪᠠᠷ ᠣᠷᠣᠯᠴᠠᠬᠤ᠎ᠶ᠋ᠢ ᠴᠢᠩ ᠰᠡᠳᠭᠢᠯ᠎ᠡᠴᠡ᠎ᠪᠡᠨ ᠤᠷᠢᠵᠤ ᠪᠠᠢᠨ᠎ᠠ᠃ ᠡᠨᠳᠡ᠂ ᠰᠤᠷᠪᠤᠯᠵᠢᠯᠠᠭ᠍ᠴᠢ ᠨᠠᠢᠵᠠ᠎ᠨᠠᠷ᠎ᠤᠨ᠂ ᠬᠢᠩᠭᠠᠨ ᠠᠢᠮᠠᠭ᠎ᠤᠨ ᠭᠠᠵᠠᠷ᠎ᠤᠨ ᠨᠡᠷ᠎ᠡ᠎ᠲᠡᠶ ᠠᠳᠠᠯᠢ᠎ᠪᠠᠷ ᠬᠥᠭ᠌ᠵᠢᠨ ᠮᠠᠨᠳᠤᠵᠤ᠂ ᠠᠮᠤᠷ ᠠᠮᠤᠭᠤᠯᠠᠩ ᠵᠣᠯ ᠵᠢᠷᠭᠠᠯ᠎ᠲᠠᠶ ᠪᠠᠢᠬᠤ᠎ᠶ᠋ᠢ ᠴᠢᠩ ᠰᠡᠳᠭᠢᠯ᠎ᠡᠴᠡ ᠪᠡᠨ ᠬᠦᠰᠡᠨ ᠵᠥᠩᠨᠡᠵᠦ᠍ ᠪᠠᠢᠨ᠎ᠠ! ᠣᠯᠠᠨ᠎ᠳᠤ ᠪᠠᠶᠠᠷᠯᠠᠯ᠎ᠠ!

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号