ᠰᠢ ᠵᠢᠨ ᠫᠢᠩ ᠴᠢᠯᠥᠭᠡᠯᠡᠬᠦ᠌ ᠴᠡᠷᠢᠭ ᠪᠣᠯᠤᠨ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠬᠢ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠪᠦᠬᠦᠳᠡ ᠬᠤᠷᠠᠯ᠎ᠳᠤ ᠣᠷᠣᠯᠴᠠᠬᠤ᠎ᠳᠠᠭᠠᠨ ᠴᠢᠬᠤᠯᠠᠴᠢᠯᠠᠭ᠍ᠰᠠᠨ ᠨᠢ ᠤᠯᠤᠰ ᠲᠥᠷᠥ᠎ᠪᠡᠷ ᠴᠡᠷᠢᠭ ᠪᠠᠢᠭᠤᠯᠬᠤ ᠣᠨᠴᠠ ᠳᠠᠪᠠᠭᠤᠯᠢᠭ᠎ᠢ ᠭᠦᠶ᠋ᠴᠡᠳ ᠪᠠᠳᠠᠷᠠᠭᠤᠯᠵᠤ ᠰᠡᠳᠭᠢᠯ᠎ᠨᠢᠭᠡᠳᠤᠨ ᠬᠦᠴᠦ᠍᠎ᠪᠡᠨ ᠬᠠᠮᠲᠤᠳᠭᠠᠵᠤ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠣᠳᠣᠬᠢᠴᠢᠯᠠᠯᠲᠠ᠎ᠶ᠋ᠢᠨ ᠯᠠᠪᠳᠠᠭᠤᠨ᠎ᠢᠶᠠᠷ ᠬᠤᠯᠠ ᠠᠶᠠᠯᠠᠬᠤ᠎ᠶ᠋ᠢ ᠠᠬᠢᠭᠤᠯᠬᠤ ᠭᠡᠷᠡᠭᠳᠠᠢ
2026-03-08 10:52:55
ᠵᠣᠬᠢᠶᠠᠭ᠍ᠴᠢ᠄
ᠱᠢᠨᠬᠤᠸᠠ ᠬᠣᠷᠢᠶ᠎ᠠ ᠵᠢᠨ ᠰᠤᠷᠪᠤᠯᠵᠢᠯᠠᠭ᠍ᠴᠢ ᠮᠧᠢ ᠴᠠᠩ ᠸᠧᠢ
ᠣᠩᠱᠢᠭ᠍ᠰᠠᠨ ᠣᠳᠠᠭ᠎ᠠ᠄
★★★☆☆

ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ 7 ᠤ᠋ ᠦᠳᠡ᠎ᠶ᠋ᠢᠨ ᠬᠣᠢᠨ᠎ᠠ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠳᠤ ᠣᠷᠣᠯᠴᠠᠵᠤ ᠪᠠᠢᠭ᠎ᠠ ᠴᠢᠯᠥᠭᠡᠯᠡᠬᠦ᠌ ᠴᠡᠷᠢᠭ ᠪᠣᠯᠤᠨ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠬᠢ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠪᠦᠬᠦᠳᠡ ᠬᠤᠷᠠᠯ᠎ᠳᠤ ᠣᠷᠣᠯᠴᠠᠬᠤ᠎ᠳᠠᠭᠠᠨ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ ᠴᠡᠷᠢᠭ ᠪᠠᠢᠭᠤᠯᠤᠭ᠍ᠳᠠᠭ᠍ᠰᠠᠨ ᠵᠠᠭᠤᠨ ᠵᠢᠯ᠎ᠦᠨ ᠲᠡᠮᠡᠴᠡᠯ᠎ᠦᠨ ᠬᠠᠷᠠᠯᠲᠠ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠣᠳᠣᠬᠢᠴᠢᠯᠠᠯᠲᠠ᠎ᠶ᠋ᠢ ᠴᠢᠨᠠᠷ ᠰᠠᠢᠲᠠᠶ ᠠᠬᠢᠭᠤᠯᠬᠤ ᠶ᠋ᠢ ᠲᠤᠬᠳᠠᠬᠰᠠᠨ ᠬᠤᠭᠤᠴᠠᠭ᠎ᠠ ᠶᠣᠰᠣᠭᠠᠷ ᠪᠡᠶᠡᠯᠡᠭᠦᠯᠬᠦ ᠳ᠋ᠤ ᠡᠷᠬᠡᠪᠰᠢ ᠤᠯᠤᠰ ᠲᠥᠷᠥ᠎ᠪᠡᠷ ᠴᠡᠷᠢᠭ ᠪᠠᠢᠭᠤᠯᠬᠤ ᠡᠨᠡ ᠬᠦ᠌ ᠴᠢᠬᠤᠯᠠ ᠡᠷᠳᠡᠨᠢ᠎ᠶ᠋ᠢ ᠰᠠᠢᠲᠤᠷ ᠪᠠᠷᠢᠮᠲᠠᠯᠠᠵᠤ᠂ ᠰᠠᠢᠲᠤᠷ ᠬᠡᠷᠡᠭ᠌ᠯᠠᠵᠤ᠂ ᠰᠠᠢᠲᠤᠷ ᠬᠥᠭ᠌ᠵᠢᠭᠦᠯᠵᠤ᠂ ᠴᠡᠷᠢᠭ ᠠᠨᠭᠭᠢ᠎ᠳᠠᠬᠢ ᠨᠠᠮ᠎ᠤᠨ ᠬᠠᠷᠢᠴᠠᠯᠠᠰᠢ ᠦᠭᠡᠢ ᠤᠳᠤᠷᠢᠳᠤᠯᠭ᠎ᠠ᠎ᠶ᠋ᠢ ᠡᠷᠡᠰ ᠭᠤᠢᠪᠢᠰᠢ ᠦᠭᠡᠢ ᠪᠠᠷᠢᠮᠲᠠᠯᠠᠨ ᠴᠢᠩᠭᠠᠳᠭᠠᠵᠤ᠂ ᠤᠯᠤᠰ ᠲᠥᠷᠥ᠎ᠪᠡᠷ ᠴᠡᠷᠢᠭ ᠪᠠᠢᠭᠤᠯᠬᠤ ᠣᠨᠴᠠ ᠳᠠᠪᠠᠭᠤᠯᠢᠭ᠎ᠢ ᠭᠦᠶ᠋ᠴᠡᠳ ᠪᠠᠳᠠᠷᠠᠭᠤᠯᠵᠤ᠂ ᠰᠡᠳᠭᠢᠯ᠎ᠨᠢᠭᠡᠳᠤᠨ ᠬᠦᠴᠦ᠍᠎ᠪᠡᠨ ᠬᠠᠮᠲᠤᠳᠭᠠᠵᠤ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠣᠳᠣᠬᠢᠴᠢᠯᠠᠯᠲᠠ᠎ᠶ᠋ᠢᠨ ᠯᠠᠪᠳᠠᠭᠤᠨ᠎ᠢᠶᠠᠷ ᠬᠤᠯᠠ ᠠᠶᠠᠯᠠᠬᠤ᠎ᠶ᠋ᠢ ᠠᠬᠢᠭᠤᠯᠬᠤ ᠭᠡᠷᠡᠭᠳᠠᠢ ᠭᠡᠵᠤ ᠴᠢᠬᠤᠯᠠᠴᠢᠯᠠᠪᠠ᠃


60a75ffc-3c4e-4948-b49e-d82e742beeb9.png


3 ᠰᠠᠷ᠎ᠠ ᠵᠢᠨ 7᠎ᠤ᠋ ᠦᠳᠡ ᠵᠢᠨ ᠬᠤᠢᠨ᠎ᠠ᠂ ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠳᠤ ᠣᠷᠣᠯᠴᠠᠵᠤ ᠪᠠᠢᠭ᠎ᠠ ᠴᠢᠯᠥᠭᠡᠯᠡᠬᠦ᠌ ᠴᠡᠷᠢᠭ ᠪᠣᠯᠤᠨ ᠵᠡᠪᠰᠡᠭ᠌ᠲᠦ ᠴᠠᠭ᠍ᠳᠠᠭ᠎ᠠ᠎ᠶ᠋ᠢᠨ ᠴᠡᠷᠢᠭ ᠠᠩᠬᠢ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠪᠦᠬᠦᠳᠡ ᠬᠤᠷᠠᠯ᠎ᠳᠤ ᠣᠷᠣᠯᠴᠠᠵᠦ ᠴᠢᠬᠤᠯᠠ ᠶᠠᠷᠢᠶ᠎ᠠ ᠳᠠᠯᠪᠢᠪᠠ᠃ 

ᠰᠢᠨᠬᠤᠸᠠ ᠬᠤᠷᠢᠶ᠎ᠠ ᠵᠢᠨ ᠰᠤᠷᠪᠤᠯᠵᠢᠯᠠᠭᠴᠢ  ᠯᠢ ᠭᠠᠩ ᠰᠡᠬᠦᠳᠡᠷᠯᠡᠪᠡ


ᠬᠤᠷᠠᠯ ᠳᠡᠭᠡᠷ᠎ᠡ ᠰᠦᠨ ᠯᠸᠢ᠂ ᠵᠧᠸ᠋ ᠹᠸᠨ᠂ ᠲᠠᠩ ᠡᠸ᠋ ᠱᠢᠶᠠᠩ᠂ ᠬᠤᠤ ᠵᠢᠩ ᠸᠸᠨ᠂ ᠵᠢᠶᠠᠩ ᠱᠢᠶᠤᠤ ᠳ᠋ᠦᠩ᠂ ᠵᠦ᠍ ᠶᠤᠸᠠᠢ ᠮᠸᠩ ᠵᠡᠷᠭᠡ 6 ᠲᠥᠯᠥᠭᠡᠯᠡᠭ᠌ᠴᠢ ᠤᠷᠢᠳ ᠬᠣᠵᠢᠳ ᠦᠭᠡ ᠬᠡᠯᠡᠵᠦ᠍᠂ ᠲᠣᠰ ᠲᠣᠰ ᠴᠡᠷᠢᠭ ᠠᠩᠭᠢ ᠪᠠ ᠣᠷᠣᠨ ᠨᠤᠲᠤᠭ ᠠᠯᠤᠰᠯᠠᠭ᠍ᠰᠠᠨ ᠬᠠᠤᠯᠢ ᠬᠡᠷᠡᠭ᠌ᠵᠢᠭᠦᠯᠦᠯᠲᠡ᠎ᠶ᠋ᠢᠨ ᠬᠠᠮᠵᠢᠯᠴᠠᠭ᠎ᠠ᠂ ᠨᠠᠮ᠎ᠤᠨ ᠵᠣᠬᠢᠶᠠᠨ ᠪᠠᠢᠭᠤᠯᠤᠯᠲᠠ᠎ᠡᠴᠡ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠣᠭᠣᠮᠲᠠ ᠱᠢᠪᠲᠤᠯᠬᠤ ᠵᠢ ᠤᠳᠤᠷᠢᠳᠬᠤ᠂ ᠴᠡᠷᠢᠭ ᠤ᠋ᠨ ᠲᠦᠷᠦᠬᠦᠴᠢ ᠵᠢᠨ ᠴᠢᠳᠠᠪᠤᠷᠢᠳᠠᠨ ᠢ᠋ ᠬᠥᠮᠦᠵᠢᠭᠦᠯᠬᠦ᠌᠂ ᠱᠢᠨ᠎ᠡ ᠵᠡᠪᠰᠡᠭ ᠲᠣᠨᠣᠭ᠍ᠯᠠᠯ ᠱᠢᠨ᠎ᠡ ᠬᠦᠴᠦᠨ ᠴᠢᠳᠠᠪᠤᠷᠢ᠎ᠶ᠋ᠢ ᠪᠦᠷᠢᠯᠳᠦᠭᠦᠯᠬᠦ᠌ ᠪᠠ ᠬᠡᠷᠡᠭ᠌ᠯᠡᠬᠦ᠌᠂ ᠱᠢᠯᠢᠳᠡᠭ ᠤᠯᠠᠮᠵᠢᠯᠠᠯ᠎ᠢ ᠪᠠᠳᠠᠷᠠᠭᠤᠯᠬᠤ᠂ ᠨᠡᠢᠲᠡᠯᠢᠭ ᠵᠢᠱ᠌ᠢᠶ᠎ᠡ᠎ᠶ᠋ᠢ ᠪᠣᠢᠵᠢᠭᠤᠯᠤᠨ ᠤᠬᠠᠭᠤᠯᠬᠤ ᠪᠠ ᠰᠤᠷᠤᠯᠴᠠᠨ ᠬᠡᠷᠡᠭ᠌ᠯᠡᠬᠦ᠌ ᠵᠡᠷᠭᠡ ᠲᠠᠯ᠎ᠠ᠎ᠪᠠᠷ ᠰᠠᠨᠠᠯ ᠰᠠᠨᠠᠭᠤᠯᠭ᠎ᠠ ᠳᠤᠷᠠᠳᠪᠠ᠃

ᠲᠥᠯᠥᠭᠡᠯᠡᠭ᠌ᠴᠢᠳ᠎ᠦᠨ ᠶᠠᠷᠢᠬᠤ᠎ᠶ᠋ᠢ ᠨᠠᠷᠢᠨ ᠬᠢᠨᠠᠮᠠᠭᠠᠢ ᠰᠣᠨᠣᠰᠤᠭ᠍ᠰᠠᠨ᠎ᠤ ᠳᠠᠷᠠᠭ᠎ᠠ ᠰᠢ ᠵᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ ᠨᠠᠮ᠎ᠤᠨ ᠲᠥᠪ ᠬᠣᠷᠢᠶ᠎ᠠ ᠠᠷᠠᠳ᠎ᠤᠨ ᠴᠡᠷᠢᠭ ᠠᠩᠬᠢ᠎ᠶ᠋ᠢ ᠤᠳᠤᠷᠢᠳᠤᠨ ᠤᠷᠢᠳ ᠡᠮᠦᠨ᠎ᠡ ᠪᠠᠢᠭ᠎ᠠ ᠦᠭᠡᠢ ᠡᠷᠡᠰ ᠵᠣᠷᠢᠭ ᠪᠠ ᠡᠷᠴᠢᠮ᠎ᠢᠶᠡᠷ ᠤᠯᠤᠰ ᠲᠦᠷᠦ᠍᠎ᠶ᠋ᠢᠨ ᠴᠡᠭ᠌ᠴᠡᠯᠡᠨ ᠰᠠᠢᠵᠢᠷᠠᠭᠤᠯᠤᠯᠲᠠ᠎ᠶ᠋ᠢ ᠭᠦᠨᠵᠡᠭᠡᠢᠷᠡᠭᠦᠯᠵᠦ᠍᠂ ᠤᠯᠤᠰ ᠲᠦᠷᠦ᠍᠎ᠪᠡᠷ ᠴᠡᠷᠢᠭ ᠪᠠᠢᠭᠤᠯᠬᠤ᠎ᠶ᠋ᠢ ᠠᠬᠢᠭᠤᠯᠵᠤ᠂ ᠴᠢᠬᠤᠯᠠ ᠶᠡᠬᠡ ᠦᠷ᠎ᠡ ᠪᠦᠲᠦᠮᠵᠢ ᠤᠯᠪᠠ᠃ ᠴᠡᠷᠢᠭ ᠠᠩᠭᠢ ᠪᠣᠯ ᠵᠡᠪᠰᠡᠭ ᠠᠳᠭᠤᠵᠤ ᠪᠠᠢᠳᠠᠭ᠂ ᠴᠡᠷᠢᠭ᠎ᠦᠨ ᠳᠣᠲᠣᠷ᠎ᠠ ᠨᠠᠮ᠎ᠳᠠᠭᠠᠨ ᠬᠣᠶᠠᠷ ᠰᠡᠳᠭᠢᠯ᠎ᠲᠡᠶ ᠬᠥᠮᠦᠨ ᠶᠠᠭᠠᠬᠢᠭ᠍ᠰᠠᠨ ᠴᠤ᠌ ᠪᠠᠢᠵᠤ ᠪᠣᠯᠬᠤ ᠦᠭᠡᠢ᠂ ᠢᠯᠵᠢᠷᠠᠮᠠᠯ ᠡᠲᠡᠭᠡᠳ᠎ᠦᠨ ᠪᠡᠶ᠎ᠡ ᠳᠠᠯᠳᠠᠯᠠᠬᠤ ᠭᠠᠵᠠᠷ ᠶᠠᠭᠠᠬᠢᠭ᠍ᠰᠠᠨ ᠴᠤ᠌ ᠪᠠᠢᠵᠤ ᠪᠣᠯᠬᠤ ᠦᠭᠡᠢ᠂ ᠡᠷᠬᠡᠪᠰᠢ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠢ ᠡᠷᠡᠰ ᠭᠤᠢᠪᠢᠰᠢ ᠦᠭᠡᠢ ᠠᠬᠢᠭᠤᠯᠬᠤ ᠬᠡᠷᠡᠭ᠌ᠲᠡᠢ᠃ 《ᠠᠷᠪᠠᠨ ᠲᠠᠪᠤᠳᠤᠭᠠᠷ ᠲᠠᠪᠤᠨ ᠵᠢᠯ》 ᠡᠬᠢᠯᠡᠮᠡᠭᠴᠡ ᠳᠠᠷᠤᠢ ᠴᠢᠩᠭ᠎ᠠ ᠬᠢᠨᠠᠨ ᠬᠠᠮᠢᠶᠠᠷᠬᠤ ᠬᠠᠲᠠᠭᠤ ᠶᠣᠰᠣ ᠲᠦᠷᠢᠮ᠎ᠢ ᠲᠣᠭ᠍ᠲᠠᠭᠠᠵᠤ᠂ ᠪᠡᠯᠡ ᠮᠥᠩᠭᠥ᠎ᠶ᠋ᠢᠨ ᠭᠦᠢᠯᠭᠡᠭᠡᠨ᠎ᠦ ᠬᠠᠨᠳᠤᠰᠢ᠂ ᠡᠷᠬᠡ᠎ᠶ᠋ᠢᠨ ᠬᠡᠷᠡᠭᠵᠢᠬᠦᠯᠦᠯᠳᠡ ᠪᠠ ᠶᠠᠰᠤ ᠴᠢᠨᠠᠷ᠎ᠤᠨ ᠬᠠᠮᠢᠶᠠᠷᠤᠯᠲᠠ ᠡᠵᠡᠮᠳᠡᠯ ᠵᠡᠷᠭᠡ ᠵᠠᠩᠭᠢᠯᠠᠭ᠎ᠠ᠎ᠶ᠋ᠢᠨ ᠭᠣᠭ᠍ᠴᠣᠭ᠎ᠠ᠎ᠶ᠋ᠢ ᠨᠢᠬᠳᠠ ᠴᠢᠩᠭ᠎ᠠ ᠠᠩᠬᠠᠷᠴᠤ᠌᠂ ᠴᠢᠬᠤᠯᠠ ᠶᠡᠬᠡ ᠲᠦᠷᠦᠯ ᠵᠦᠢᠯ ᠤ᠋ᠨ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠭᠠᠨ᠂ ᠴᠡᠷᠢᠭ ᠠᠩᠭᠢ ᠪᠠ ᠣᠷᠣᠨ ᠨᠤᠲᠤᠭ᠎ᠤᠨ ᠠᠭᠤᠰᠤᠯᠴᠡᠯ᠎ᠳᠤ ᠬᠢᠨᠠᠯᠲᠠ ᠲᠠᠯᠪᠢᠬᠤ᠎ᠶ᠋ᠢ ᠴᠢᠩᠭᠠᠳᠭᠠᠵᠤ᠂ ᠬᠢᠨᠠᠨ ᠬᠠᠮᠢᠶᠠᠷᠤᠭ᠍ᠰᠠᠨ ᠤᠷᠢᠲᠠᠯ ᠳᠣᠣᠷ᠎ᠠ ᠪᠦᠳᠦᠭᠡᠨ ᠪᠠᠢᠭᠤᠯᠤᠯᠲᠠ ᠬᠢᠬᠦ᠌᠎ᠶ᠋ᠢ ᠦᠨᠡᠨ ᠬᠦ᠌ ᠪᠠᠲᠤᠯᠠᠬᠤ ᠬᠡᠷᠡᠭ᠌ᠲᠡᠢ᠃ ᠴᠡᠷᠢᠭ᠎ᠦᠨ ᠵᠠᠷᠤᠳᠠᠯ᠎ᠤᠨ ᠲᠥᠰᠦᠪ᠎ᠦᠨ ᠬᠠᠮᠢᠶᠠᠷᠤᠯᠲᠠ᠎ᠶ᠋ᠢᠨ ᠥᠭᠡᠷᠡᠴᠢᠯᠡᠯᠲᠡ᠎ᠶ᠋ᠢ ᠠᠬᠢᠭᠤᠯᠵᠤ᠂ ᠴᠡᠷᠢᠭ᠎ᠦᠨ ᠵᠠᠷᠤᠳᠠᠯ᠎ᠤᠨ ᠬᠠᠩᠭᠠᠯᠭ᠎ᠠ ᠬᠡᠷᠡᠭ᠌ᠴᠡᠭᠡ᠎ᠶ᠋ᠢᠨ ᠬᠥᠳᠡᠯᠦᠩᠭᠦᠢ ᠲᠡᠩᠴᠡᠭᠦᠷᠢ ᠲᠠᠢ ᠪᠠᠢᠬᠤ᠎ᠶ᠋ᠢ ᠰᠠᠢᠲᠤᠷ ᠠᠳᠬᠤᠵᠦ᠍᠂ ᠵᠠᠷᠤᠳᠠᠯ᠎ᠤᠨ ᠬᠡᠷᠡᠭ᠌ᠯᠡᠯᠲᠡ᠎ᠶ᠋ᠢᠨ ᠪᠦᠬᠦ᠌ ᠬᠡᠯᠬᠢᠶᠡᠨ᠎ᠦ ᠬᠠᠮᠢᠶᠠᠷᠤᠯᠲᠠ ᠡᠵᠡᠮᠳᠡᠯ ᠪᠣᠯᠤᠨ ᠠᠮᠵᠢᠯᠲᠠ ᠪᠦᠲᠦᠮᠵᠢ᠎ᠶ᠋ᠢᠨ ᠦᠨᠡᠯᠡᠯᠲᠡ᠎ᠶ᠋ᠢ ᠴᠢᠩᠭᠠᠳᠭᠠᠵᠤ᠂ ᠨᠢᠬᠡ ᠮᠥᠩᠭᠥ᠌ ᠵᠢ ᠴᠤ᠌ ᠴᠦᠮ ᠵᠠᠩᠭᠢᠯᠠᠭ᠎ᠠ᠎ᠶ᠋ᠢᠨ ᠭᠠᠵᠠᠷ᠎ᠲᠤᠨᠢ ᠬᠡᠷᠡᠭ᠌ᠯᠡᠬᠦ᠌ ᠬᠡᠷᠡᠭ᠌ᠲᠡᠢ ᠭᠡᠵᠤ ᠵᠢᠭᠠᠵᠤ ᠭᠠᠷᠭᠠᠪᠠ᠃

ᠰᠢ ᠵᠢᠨ ᠫᠢᠩ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠤᠯᠤᠰ᠎ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠭᠢ᠎ᠶ᠋ᠢᠨ ᠣᠳᠣᠬᠢᠴᠢᠯᠠᠯᠲᠠ᠎ᠶ᠋ᠢᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌ ᠎ᠳᠦ ᠡᠴᠦᠰ᠎ᠦᠨ ᠡᠴᠦᠰ᠎ᠲᠡᠬᠡᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠤᠳᠤᠷᠢᠳᠬᠤ ᠪᠣᠯᠤᠨ ᠠᠬᠢᠭᠤᠯᠬᠤ᠎ᠳᠤ ᠲᠦᠱᠢᠭ᠌ᠯᠡᠨ᠎ᠡ᠃ ᠮᠠᠨ᠎ᠤ ᠴᠡᠷᠢᠭ᠎ᠦᠨ ᠨᠠᠮ᠎ᠤᠨ ᠤᠳᠤᠷᠢᠳᠤᠯᠭ᠎ᠠ ᠪᠠ ᠨᠠᠮ᠎ᠤᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠴᠢᠩᠭᠠᠳᠭᠠᠵᠤ᠂ ᠳᠡᠭᠡᠳᠦ ᠳᠠᠪᠬᠤᠷᠭ᠎ᠠ᠎ᠶ᠋ᠢᠨ ᠨᠠᠮ᠎ᠤᠨ ᠬᠤᠷᠢᠶ᠎ᠠ᠎ᠵᠢᠨ ᠤᠳᠤᠷᠢᠳᠬᠤ ᠪᠠᠭ᠎ᠢ ᠣᠨᠣᠪᠴᠢᠲᠠᠢ ᠰᠣᠩᠭᠣᠨ ᠰᠢᠯᠢᠳᠡᠭ᠎ᠢ ᠲᠤᠬᠢᠷᠠᠭᠤᠯᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠪᠡᠶ᠎ᠡ᠎ᠪᠡᠨ ᠳᠠᠭᠠᠭᠠᠵᠤ ᠪᠦᠳᠦᠬᠡᠨ ᠪᠠᠢᠭᠤᠯᠤᠯᠲᠠ ᠎ᠶ᠋ᠢ ᠠᠳᠭᠤᠬᠤ ᠴᠢᠳᠠᠪᠤᠷᠢ᠎ᠶ᠋ᠢ ᠴᠢᠨᠭᠭᠠᠳᠬᠠᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠨᠡᠩ ᠪᠠᠲᠤ ᠴᠢᠩᠭ᠎ᠠ ᠬᠦᠴᠦᠨ᠎ᠲᠡᠶ ᠪᠣᠯᠭᠠᠨ ᠪᠠᠢᠭᠤᠯᠬᠤ ᠬᠡᠷᠡᠭ᠌ᠲᠡᠢ᠃ ᠨᠠᠮ᠎ᠡᠴᠡ ᠴᠡᠷᠢᠭ᠎ᠦᠨ ᠶᠠᠪᠤᠳᠠᠯ᠎ᠢ ᠬᠠᠮᠢᠶᠠᠷᠬᠤ᠂ ᠨᠠᠮ᠎ᠡᠴᠡ ᠺᠠᠳ᠋ᠷ᠎ᠢ ᠬᠠᠮᠢᠶᠠᠷᠬᠤ᠂ ᠨᠠᠮ᠎ᠡᠴᠡ ᠠᠵᠢᠯ ᠲᠥᠷᠥᠯ᠎ᠢ ᠬᠠᠮᠢᠶᠠᠷᠬᠤ᠎ᠶ᠋ᠢ ᠪᠠᠷᠢᠮᠲᠠᠯᠠᠵᠤ᠂ ᠱᠢᠨᠵᠢᠯᠡᠬᠦ᠌ ᠤᠬᠠᠭᠠᠨᠴᠢ᠎ᠪᠠᠷ ᠱᠢᠶ᠋ᠳᠪᠦᠷᠢᠲᠦ ᠪᠣᠳᠣᠯᠭ᠎ᠠ ᠲᠣᠭ᠍ᠲᠠᠭᠠᠬᠤ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠴᠢᠬᠤᠯᠠ ᠶᠡᠬᠡ ᠡᠭᠦᠷᠭᠡ ᠵᠢᠨ ᠪᠣᠭᠣᠮᠲᠠ ᠱᠢᠪᠲᠤᠯᠤᠯᠳᠠ᠂ ᠲᠣᠪᠣᠢᠮ᠎ᠠ ᠵᠥᠷᠢᠴᠡᠯ᠎ᠢ ᠱᠢᠶ᠋ᠳᠪᠦᠷᠢᠯᠡᠬᠦ᠌᠂ ᠬᠥᠭ᠌ᠵᠢᠯᠲᠡ᠎ᠶ᠋ᠢᠨ ᠬᠦᠴᠢᠷ ᠠᠰᠠᠭᠤᠳᠠᠯ᠎ᠢ ᠱᠢᠶ᠋ᠳᠪᠦᠷᠢᠯᠡᠬᠦ᠌ ᠶᠠᠪᠤᠴᠠ᠎ᠳᠤ ᠵᠠᠩᠭᠢᠯᠠᠭ᠎ᠠ᠎ᠶ᠋ᠢᠨ ᠦᠶ᠋ᠯᠡᠳᠦᠯ᠎ᠢᠶᠡᠨ ᠪᠠᠳᠠᠷᠠᠭᠤᠯᠵᠤ᠂ ᠨᠠᠮ᠎ᠤᠨ ᠤᠳᠤᠷᠢᠳᠤᠯᠭ᠎ᠠ᠎ᠶ᠋ᠢᠨ ᠳᠠᠪᠠᠭᠤᠯᠢᠭ᠎ᠢ ᠬᠥᠭ᠌ᠵᠢᠯᠲᠡ᠎ᠶ᠋ᠢᠨ ᠳᠠᠪᠠᠭᠤᠯᠢᠭ ᠪᠣᠯᠭᠠᠨ ᠬᠤᠪᠢᠷᠠᠭᠤᠯᠬᠤ ᠬᠡᠷᠡᠭ᠌ᠲᠡᠶ ᠭᠡᠵᠦ ᠴᠢᠬᠤᠯᠠᠴᠢᠯᠠᠪᠠ᠃

ᠰᠢ ᠵᠢᠨ ᠫᠢᠩ᠂ ᠬᠤᠪᠢᠰᠭᠠᠯᠵᠢᠭ᠍ᠰᠠᠨ ᠲᠤᠰᠭᠠᠢᠵᠢᠭ᠍ᠰᠠᠨ ᠴᠢᠳᠠᠪᠤᠷᠢᠲᠠᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠨᠠᠮ᠎ᠤᠨ ᠱᠢᠨ᠎ᠡ᠎ᠡᠭᠦᠳᠦᠯᠳᠠ ᠵᠢᠨ ᠤᠨᠤᠯ᠎ᠢᠶᠠᠷ ᠰᠦᠭ ᠰᠦᠨᠡᠰᠦ᠎ᠶ᠋ᠢ ᠱᠤᠭᠤᠵᠤ ᠬᠥᠮᠦᠨ᠎ᠢ ᠬᠥᠮᠦᠵᠢᠭᠦᠯᠬᠦ᠌᠎ᠶ᠋ᠢ ᠴᠥᠬᠥᠷᠡᠰᠢ ᠦᠭᠡᠢ ᠪᠠᠷᠢᠮᠲᠠᠯᠠᠵᠤ᠂ ᠳᠠᠷᠤᠭ᠎ᠠ ᠪᠠᠢᠯᠳᠤᠭ᠍ᠴᠢᠳ᠎ᠤᠨ ᠨᠠᠮ᠎ᠤᠨ ᠦᠭᠡ᠎ᠶ᠋ᠢ ᠰᠣᠨᠣᠰᠭᠤ᠂ ᠨᠠᠮ᠎ᠢᠶᠠᠨ ᠳᠠᠭᠠᠵᠤ ᠤᠷᠤᠬᠰᠢᠯᠠᠬᠤ ᠦᠵᠡᠯ ᠰᠠᠨᠠᠭᠠᠨ᠎ᠤ ᠰᠠᠭᠤᠷᠢ᠎ᠶ᠋ᠢ ᠪᠡᠬᠢᠵᠢᠭᠦᠯᠵᠦ᠍᠂ ᠣᠳᠣᠬᠢᠴᠢᠯᠠᠭ᠍ᠰᠠᠨ ᠵᠡᠪᠰᠡᠭ ᠲᠣᠨᠣᠭ᠍ᠯᠠᠯ᠎ᠢ ᠬᠤᠪᠢᠰᠭᠠᠯᠵᠢᠭ᠍ᠰᠠᠨ ᠴᠢᠳᠠᠪᠤᠷᠢᠲᠠᠨ᠎ᠤ ᠡᠩᠨᠡᠭᠡ ᠡᠵᠡᠮᠳᠡᠬᠦ᠎ᠶ᠋ᠢ ᠪᠠᠲᠤᠯᠠᠬᠤ ᠬᠡᠷᠡᠭ᠌ᠲᠡᠢ᠃ ᠴᠢᠳᠠᠪᠤᠷᠢᠲᠠᠨ᠎ᠤ ᠬᠥᠭ᠌ᠵᠢᠯᠲᠡ᠎ᠶ᠋ᠢ ᠠᠬᠢᠭᠤᠯᠬᠤ ᠲᠦᠷᠢᠮ ᠪᠣᠯᠤᠨ ᠨᠥᠬᠥᠴᠡᠯ᠎ᠢ ᠲᠡᠭᠦᠯᠳᠡᠷᠵᠢᠭᠦᠯᠵᠦ᠍᠂ ᠬᠠᠮᠲᠤᠷᠠᠭ᠍ᠰᠠᠨ ᠪᠠᠢᠯᠳᠤᠭᠠᠨ᠎ᠤ ᠵᠢᠯᠤᠭᠤᠳᠤᠯᠭ᠎ᠠ᠂ ᠱᠢᠨ᠎ᠡ ᠬᠡᠯᠪᠡᠷᠢ᠎ᠶ᠋ᠢᠨ ᠪᠠᠢᠯᠳᠤᠭᠠᠨ᠎ᠤ ᠬᠦᠴᠦᠨ᠂ ᠳᠡᠭᠡᠳᠦ ᠲᠡᠰ ᠳᠠᠪᠬᠤᠷᠭ᠎ᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠥᠨᠳᠥᠷ ᠲᠦᠪᠱᠢᠨ ᠪᠦᠬᠦᠢ ᠪᠠᠢᠯᠳᠤᠬᠤ ᠪᠤᠳᠤᠯᠭ᠎ᠠ᠎ᠶ᠋ᠢᠨ ᠬᠠᠮᠢᠶᠠᠷᠤᠯᠲᠠ᠎ᠶ᠋ᠢᠨ 《ᠲᠦᠷᠪᠡᠨ ᠲᠦᠷᠦᠯ᠎ᠦᠨ ᠴᠢᠳᠠᠪᠤᠷᠢᠲᠠᠨ》 ᠢ᠋ ᠬᠥᠮᠦᠵᠢᠭᠦᠯᠬᠦ᠌᠎ᠶ᠋ᠢ ᠱᠢᠰᠲᠸᠮ ᠲᠠᠢ ᠠᠬᠢᠭᠤᠯᠵᠤ᠂ ᠬᠥᠮᠦᠨ᠎ᠦ ᠴᠢᠳᠠᠪᠤᠷᠢ ᠬᠡᠪ ᠪᠣᠯᠪᠠᠰᠤᠷᠠᠯ᠎ᠢ ᠴᠡᠷᠢᠭ᠎ᠢ ᠬᠦᠴᠦᠷᠬᠡᠭ᠌ᠵᠢᠭᠦᠯᠬᠦ᠌ ᠦᠢᠯᠡᠳᠦᠯᠭᠡ᠎ᠲᠡᠶ ᠵᠣᠬᠢᠴᠠᠩᠭᠤᠢ᠎ᠪᠠᠷ ᠬᠥᠭ᠌ᠵᠢᠭᠦᠯᠬᠦ᠌᠎ᠶ᠋ᠢ ᠪᠡᠶᠡᠯᠡᠭᠦᠯᠬᠦ᠌ ᠬᠡᠷᠡᠭ᠌ᠲᠡᠢ ᠭᠡᠵᠦ ᠵᠢᠭᠠᠵᠤ ᠭᠠᠷᠭᠠᠪᠠ᠃

ᠰᠢ ᠵᠢᠨ ᠫᠢᠩ᠂ ᠮᠠᠨ᠎ᠤ ᠨᠠᠮ ᠮᠠᠨ᠎ᠤ ᠴᠡᠷᠢᠭ᠎ᠦᠨ ᠱᠢᠯᠢᠳᠡᠭ ᠤᠯᠠᠮᠵᠢᠯᠠᠯ᠎ᠢ ᠶᠡᠬᠡ᠎ᠪᠡᠷ ᠤᠯᠠᠮᠵᠢᠯᠠᠨ ᠪᠠᠳᠠᠷᠠᠭᠤᠯᠵᠤ᠂ ᠱᠢᠨ᠎ᠡ ᠴᠠᠭ ᠦᠶ᠎ᠡ᠎ᠶ᠋ᠢᠨ ᠴᠡᠷᠢᠭ᠎ᠢ ᠬᠦᠴᠦᠷᠬᠡᠭ᠌ᠵᠢᠭᠦᠯᠬᠦ᠌ ᠰᠣᠶᠣᠯ᠎ᠤᠨ ᠪᠠᠢᠭᠤᠯᠤᠯᠲᠠ᠎ᠶ᠋ᠢ ᠠᠬᠢᠭᠤᠯᠵᠤ᠂ ᠲᠡᠷᠢᠭᠦᠨ᠎ᠦ ᠨᠡᠢᠲᠡᠯᠢᠭ ᠵᠢᠱ᠌ᠢᠢ᠎ᠡ᠎ᠶ᠋ᠢ ᠬᠥᠮᠦᠵᠢᠭᠦᠯᠬᠦ᠌ ᠪᠠ ᠤᠷᠮᠠᠱᠢᠭᠤᠯᠤᠨ ᠵᠣᠷᠢᠭ᠍ᠵᠢᠭᠤᠯᠬᠤ᠎ᠶ᠋ᠢ ᠴᠢᠩᠭᠠᠳᠭᠠᠵᠤ᠂ ᠬᠤᠪᠢᠰᠭᠠᠯᠲᠤ ᠤᠳᠤᠮᠱᠢᠯ᠎ᠢ ᠦᠶ᠎ᠡ᠎ᠶ᠋ᠢᠨ ᠦᠶ᠎ᠡ᠎ᠳᠦ ᠤᠯᠠᠮᠵᠢᠯᠠᠵᠤ᠂ ᠱᠢᠨ᠎ᠡ ᠰᠤᠷᠲᠠᠯ ᠲᠥᠪ ᠰᠤᠷᠲᠠᠯ ᠎ᠢ ᠨᠡᠩ ᠲᠡᠭᠦᠰ ᠲᠡᠭᠦᠯᠳᠡᠷ ᠪᠣᠯᠭᠠᠬᠤ ᠬᠡᠷᠡᠭ᠌ᠲᠡᠢ᠃ ᠦᠨᠳᠦᠰᠦᠨ ᠱᠠᠳᠤ᠎ᠶ᠋ᠢ ᠱᠢᠯᠢᠳᠡᠭ ᠤᠯᠠᠮᠵᠢᠯᠠᠯ᠎ᠢ ᠦᠷᠭᠦᠯᠵᠢᠯᠡᠭᠦᠯᠬᠦ᠌ ᠱᠢᠮᠡᠳᠦ ᠬᠥᠷᠥᠰᠥ᠍ ᠪᠣᠯᠭᠠᠵᠤ᠂ ᠱᠢᠨ᠎ᠡ ᠪᠠᠢᠳᠠᠯ ᠳᠣᠣᠷᠠᠬᠢ ᠦᠨᠳᠦᠰᠦᠨ ᠱᠠᠲᠤᠨ᠎ᠤ ᠪᠦᠳᠦᠬᠡᠨ ᠪᠠᠢᠭᠤᠯᠤᠯᠲᠠ᠎ᠶ᠋ᠢᠨ ᠵᠢᠮ᠎ᠡ ᠶᠣᠰᠣ ᠪᠣᠯᠤᠨ ᠠᠱᠢᠭ᠍ᠲᠠᠢ ᠠᠷᠭ᠎ᠠ ᠬᠢᠳᠡᠯ᠎ᠢ ᠢᠳᠡᠪᠬᠢᠲᠡᠢ ᠰᠦᠪᠡᠭ᠌ᠴᠢᠯᠡᠵᠦ᠍᠂ ᠦᠨᠳᠦᠰᠦᠨ ᠵᠦᠢᠯ᠎ᠢ ᠬᠠᠮᠢᠶᠠᠷᠬᠤ᠂ ᠠᠯᠤᠰ ᠬᠡᠳᠤ᠎ᠳᠦ ᠠᠱᠢᠭ᠍ᠲᠠᠢ ᠪᠠᠢᠯᠭᠠᠬᠤ᠂ ᠰᠡᠯᠬᠦᠬᠦ ᠬᠦᠴᠦᠨ᠎ᠢ᠋ ᠨᠡᠮᠡᠭ᠌ᠳᠡᠭᠦᠯᠬᠦ᠌ ᠠᠵᠢᠯ᠎ᠢ ᠴᠢᠬᠤᠯᠠᠴᠢᠯᠠᠨ ᠰᠠᠢᠲᠤᠷ ᠠᠳᠭᠤᠵᠤ᠂ ᠴᠡᠷᠢᠭ ᠠᠩᠭᠢ᠎ᠶ᠋ᠢᠨ ᠪᠦᠳᠦᠬᠡᠨ ᠪᠠᠢᠭᠤᠯᠤᠯᠲᠠ ᠪᠣᠯᠤᠨ ᠳᠠᠢ᠌ᠴᠢᠨ ᠬᠦᠴᠦᠨ᠎ᠦ ᠰᠠᠭᠤᠷᠢ᠎ᠶ᠋ᠢ ᠨᠡᠩ ᠪᠠᠲᠤ ᠪᠡᠬᠢ ᠪᠤᠯᠭᠠᠨ ᠴᠤᠬᠴᠠᠯᠠᠬᠤ ᠬᠡᠷᠡᠭ᠌ᠲᠡᠢ ᠭᠡᠵᠦ ᠴᠢᠬᠤᠯᠠᠴᠢᠯᠠᠪᠠ᠃

ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠵᠢᠨ ᠳᠡᠳ᠋ ᠲᠡᠷᠢᠭᠦᠯᠡᠭ᠌ᠴᠢ ᠵᠠᠩ ᠱᠧᠩ ᠮᠢᠨ ᠬᠤᠷᠠᠯ᠎ᠳᠤ ᠣᠷᠣᠯᠴᠠᠵᠠᠢ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 7 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号