ᠸᠠᠩ ᠸᠧᠢ ᠵᠦᠩ ᠬᠢᠨᠠᠨ ᠵᠥᠪᠯᠡᠬᠦ᠌᠎ᠳᠦ ᠣᠷᠣᠯᠴᠠᠪᠠ ᠪᠦᠦ ᠭᠠᠩ ᠦᠭᠡ ᠬᠡᠯᠡᠵᠡᠢ
3 ᠰᠠᠷ᠎ᠠ᠎ᠶ᠋ᠢᠨ 7 ᠤ᠋ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠰᠠᠭᠤᠭ᠎ᠠ ᠭᠠᠵᠠᠷ᠎ᠲᠠᠭᠠᠨ ᠲᠥᠯᠥᠭᠡᠯᠡᠭ᠌ᠴᠢᠳ᠎ᠦᠨ ᠳᠤᠭᠤᠢᠯᠠᠩ ᠬᠤᠪᠢᠶᠠᠭ᠍ᠰᠠᠨ ᠬᠤᠷᠠᠯ ᠬᠢᠵᠦ᠍᠂ ᠲᠥᠯᠥᠪᠯᠡᠭᠡ᠎ᠶ᠋ᠢᠨ ᠮᠡᠳᠡᠭᠦᠯᠦᠯᠲᠡ ᠪᠣᠯᠤᠨ ᠲᠥᠰᠦᠯ᠂ ᠲᠥᠰᠦᠪ᠎ᠦᠨ ᠮᠡᠳᠡᠭᠦᠯᠦᠯᠲᠡ ᠪᠣᠯᠤᠨ ᠲᠥᠰᠦᠯ᠎ᠢ ᠬᠢᠨᠠᠨ ᠪᠠᠢᠴᠠᠭᠠᠪᠠ᠃
ᠲᠥᠯᠥᠭᠡᠯᠡᠭ᠌ᠴᠢᠳ᠎ᠦᠨ ᠪᠦᠯᠬᠦᠮ᠎ᠦᠨ ᠳᠠᠷᠤᠭ᠎ᠠ ᠸᠠᠩ ᠸᠧᠢ ᠵᠦᠩ ᠬᠢᠨᠠᠨ ᠵᠥᠪᠯᠡᠬᠦ᠌᠎ᠳᠦ ᠣᠷᠣᠯᠴᠠᠵᠤ᠂ ᠪᠦᠯᠬᠦᠮ᠎ᠦᠨ ᠳᠡᠳ᠋ ᠳᠠᠷᠤᠭ᠎ᠠ ᠪᠦᠦ ᠭᠠᠩ ᠦᠭᠡ ᠬᠡᠯᠡᠵᠡᠢ᠃ ᠯᠢᠦ ᠱᠤᠸᠠᠩ᠂ ᠵᠠᠩ ᠱᠤᠤ ᠴᠦᠨ᠂ ᠵᠧᠩ ᠬᠣᠩ ᠹᠠᠨ᠂ ᠢᠦᠶ ᠯᠢ ᠱᠢᠨ ᠲᠣᠰ ᠲᠣᠰ ᠦᠳᠡ᠎ᠶ᠋ᠢᠨ ᠡᠮᠦᠨ᠎ᠡ ᠪᠠ ᠦᠳᠡ᠎ᠶ᠋ᠢᠨ ᠬᠣᠢᠨᠠᠬᠢ ᠬᠤᠷᠠᠯ᠎ᠢ ᠡᠷᠭᠢᠯᠡᠪᠡ᠃ ᠲᠥᠷᠥ᠎ᠶ᠋ᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ᠂ ᠤᠯᠤᠰ᠎ᠤᠨ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠡᠳ᠋᠎ᠦᠨ ᠵᠠᠰᠠᠭ᠎ᠤᠨ ᠶᠠᠮᠤᠨ᠂ ᠴᠡᠷᠢᠭ᠎ᠦᠨ ᠠᠯᠪᠠ᠎ᠡᠴᠡ ᠬᠠᠯᠠᠭ᠍ᠳᠠᠭ᠍ᠰᠠᠳ᠎ᠤᠨ ᠶᠠᠪᠤᠳᠠᠯ᠎ᠤᠨ ᠶᠠᠮᠤᠨ᠂ ᠤᠯᠤᠰ᠎ᠤᠨ ᠡᠮ ᠡᠮᠨᠡᠯᠬᠡ ᠵᠢᠨ ᠪᠠᠲᠤᠯᠠᠭ᠎ᠠ᠎ᠶ᠋ᠢᠨ ᠲᠣᠪᠴᠢᠶ᠎ᠠ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠡᠳ᠋᠎ᠦᠨ ᠵᠠᠰᠠᠭ ᠠᠵᠤ ᠠᠬᠤᠶ᠎ᠶ᠋ᠢᠨ ᠵᠥᠪᠯᠡᠯ᠂ ᠶᠡᠬᠡ ᠬᠤᠷᠠᠯ᠎ᠤᠨ ᠪᠢᠴᠢᠭ ᠮᠠᠲ᠋ᠧᠷᠢᠶᠠᠯ ᠲᠣᠪᠴᠢ ᠮᠡᠳᠡᠭᠡ᠎ᠶ᠋ᠢᠨ ᠳᠤᠭᠤᠢᠯᠠᠩ᠎ᠤᠨ ᠬᠣᠯᠪᠣᠭ᠍ᠳᠠᠯ ᠪᠥᠬᠥᠶ ᠨᠥᠬᠥᠳ ᠬᠤᠷᠠᠯ᠎ᠳᠤ ᠣᠷᠣᠯᠴᠠᠵᠤ ᠬᠢᠨᠠᠨ ᠵᠥᠪᠯᠡᠭ᠌ᠰᠡᠨ ᠰᠠᠨᠠᠯ᠎ᠢ ᠰᠣᠨᠣᠰᠪᠠ᠃
ᠪᠦᠦ ᠭᠠᠩ ᠲᠥᠯᠥᠭᠡᠯᠡᠭ᠌ᠴᠢ᠂ ᠲᠥᠯᠥᠪᠯᠡᠭᠡ᠎ᠶ᠋ᠢᠨ ᠮᠡᠳᠡᠭᠦᠯᠦᠯᠲᠡ ᠪᠠ ᠲᠥᠰᠦᠪ᠎ᠦᠨ ᠮᠡᠳᠡᠭᠦᠯᠦᠯᠲᠡ ᠨᠢ ᠶᠡᠬᠡ ᠲᠠᠯ᠎ᠠ᠎ᠳᠤ ᠵᠣᠭ᠍ᠰᠣᠵᠤ᠂ ᠰᠡᠳᠭᠢᠮᠵᠢ ᠨᠢ ᠲᠣᠳᠣᠷᠬᠠᠶ᠂ ᠬᠠᠷᠠᠯᠲᠠ ᠨᠢ ᠱᠢᠨᠵᠢᠯᠡᠬᠦ᠌ ᠤᠬᠠᠭᠠᠨᠴᠢ᠂ ᠠᠷᠭ᠎ᠠ ᠬᠡᠮᠵᠢᠶ᠎ᠡ ᠨᠢ ᠪᠣᠳᠠᠲᠠᠶ᠎ᠶ᠋ᠢ ᠡᠷᠬᠢᠮᠯᠡᠵᠦ᠍᠂ ᠰᠢ ᠵᠢᠨ ᠫᠢᠩ᠎ᠦᠨ ᠠᠵᠤ ᠠᠬᠤᠶ᠎ᠶ᠋ᠢᠨ ᠦᠵᠡᠯ ᠰᠠᠨᠠᠭᠠᠨ᠎ᠤ ᠭᠤᠤᠯ ᠠᠭᠤᠯᠭ᠎ᠠ ᠪᠠ ᠴᠢᠨᠠᠷ ᠰᠠᠢᠲᠠᠶ ᠬᠥᠭ᠌ᠵᠢᠯᠲᠡ ᠭᠡᠬᠦ᠌ ᠡᠨᠡ ᠬᠦ᠌ ᠲᠡᠷᠢᠭᠦᠨ ᠴᠢᠬᠤᠯᠠ ᠡᠭᠦᠷᠭᠡ᠎ᠶ᠋ᠢ ᠭᠦᠶ᠋ᠴᠡᠳ ᠢᠯᠡᠷᠡᠭᠦᠯᠵᠦ᠍᠂ ᠤᠯᠤᠰ᠎ᠤᠨ ᠬᠣᠷᠸ᠎ᠠ ᠲᠥᠷᠥ᠎ᠶ᠋ᠢᠨ ᠪᠣᠳᠣᠯᠭ᠎ᠠ ᠪᠠ ᠠᠵᠤ ᠠᠬᠤᠶ᠎ᠶ᠋ᠢᠨ ᠡᠷᠭᠢᠯᠲᠡ᠎ᠶ᠋ᠢᠨ ᠵᠢᠮ᠎ᠡ ᠶᠣᠰᠣ᠎ᠶ᠋ᠢ ᠣᠨᠣᠪᠴᠢᠲᠠᠶ ᠡᠵᠡᠮᠳᠡᠬᠰᠡᠨᠢ ᠢᠯᠡᠷᠡᠭᠦᠯᠵᠦ᠍᠂ ᠦᠨᠡᠨ᠎ᠡᠴᠡ ᠵᠥᠪ᠎ᠢ ᠡᠷᠢᠬᠦ᠌᠂ ᠬᠢᠬᠦ ᠵᠤᠬᠢᠰᠲᠠᠢ ᠪᠠᠨ ᠬᠢᠵᠦ᠍ ᠦᠯᠦ ᠬᠢᠪᠡᠰᠤ ᠵᠤᠬᠢᠬᠤ ᠵᠦᠢᠯ᠎ᠢ ᠦᠯᠦ ᠬᠢᠬᠦ ᠡᠵᠡᠮᠰᠢᠯ ᠲᠣᠬᠢᠷᠠᠭᠤᠯᠭ᠎ᠠ ᠵᠢᠨ ᠣᠢᠯᠠᠭᠠᠭ᠍ᠳᠠᠬᠤᠨ᠎ᠢ ᠢᠯᠡᠷᠡᠭᠦᠯᠵᠦ᠍᠂ ᠢᠮᠠᠭᠳᠠ 《ᠠᠷᠪᠢᠴᠢ ᠭᠠᠮᠲᠠᠶ ᠠᠮᠢᠳᠤᠷᠠᠬᠤ》 ᠵᠢ ᠲᠤᠭᠤᠰᠢᠯᠠᠭᠤᠯᠬᠤ ᠦᠨᠳᠦᠰᠦᠨ ᠱᠠᠭᠠᠷᠳᠠᠯᠭ᠎ᠠ᠎ᠶ᠋ᠢ ᠢᠯᠡᠷᠡᠭᠦᠯᠪᠡ᠃ ᠥᠪᠥᠷ ᠮᠣᠩᠭᠣᠯ᠎ᠤᠨ ᠬᠢᠨ ᠲᠥᠯᠥᠪᠯᠡᠭᠡ᠎ᠶ᠋ᠢᠨ ᠮᠡᠳᠡᠭᠦᠯᠦᠯᠲᠡ᠂ ᠲᠥᠰᠦᠪ᠎ᠦᠨ ᠮᠡᠳᠡᠭᠦᠯᠦᠯᠲᠡ᠎ᠶ᠋ᠢᠨ ᠡᠯ᠎ᠡ ᠵᠦᠶ᠋ᠯ᠎ᠦᠨ ᠲᠣᠬᠢᠷᠠᠭᠤᠯᠤᠯᠲᠠ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠠᠵᠠ ᠲᠣᠬᠢᠶᠠᠯ᠎ᠢ ᠠᠮᠵᠢᠨ᠂ ᠬᠤᠷᠳᠤᠨ ᠮᠣᠷᠢᠨ᠎ᠳᠤ ᠲᠠᠱᠢᠭᠤᠷ ᠨᠡᠮᠡᠵᠦ᠍ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠤᠨ᠎ᠠ᠃ ᠰᠠᠨᠠᠭᠤᠯᠬᠤ ᠨᠢ᠄ ᠨᠢᠭᠡ᠎ᠳᠦ᠂ ᠱᠢᠨ᠎ᠡ ᠡᠨᠧᠷᠭᠢ ᠡᠯᠪᠡᠭ ᠲᠦᠪᠯᠡᠷᠡᠭᠰᠡᠨ ᠭᠠᠵᠠᠷ ᠣᠷᠣᠨ᠎ᠤ 《ᠡᠯᠡᠰᠦᠨ ᠴᠦᠯ ᠭᠤᠪᠢ ᠴᠦᠯᠯᠡᠷᠬᠡᠭ ᠭᠠᠵᠠᠷ》 ᠤ᠋ᠨ ᠶᠡᠬᠡ ᠰᠠᠭᠤᠷᠢᠨ ᠵᠢᠴᠢ ᠭᠠᠳᠠᠭ᠍ᠰᠢ ᠬᠦᠷᠭᠡᠬᠦ᠌ ᠨᠡᠪᠲᠡᠷᠡᠬᠦ ᠵᠠᠮ᠎ᠤᠨ ᠪᠥᠲᠥᠭᠡᠨ ᠪᠠᠢᠭᠤᠯᠤᠯᠲᠠ᠂ ᠪᠣᠬᠢᠷᠲᠤᠯ ᠥᠬᠡᠶ ᠪᠤᠳᠤᠯᠲᠠ ᠵᠢᠨ ᠬᠦᠴᠦᠨ᠎ᠦ ᠳ᠋ᠠᠢᠲ᠋ᠠ᠎ᠶ᠋ᠢᠨ ᠲᠥᠪ᠎ᠦᠨ ᠪᠥᠲᠥᠭᠡᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠪᠦᠲᠦᠮᠵᠢᠲᠡᠶ ᠪᠠᠯᠠ ᠣᠷᠣᠭᠤᠯᠤᠯᠲᠠ᠎ᠶ᠋ᠢ ᠦᠷᠭᠦᠯᠵᠢᠯᠡᠨ ᠥᠷᠭᠡᠳᠭᠡᠬᠦ᠌᠎ᠶ᠋ᠢ ᠳᠡᠮᠵᠢᠨ᠎ᠡ; ᠬᠣᠶᠠᠷ᠎ᠲᠤ᠂ ᠲᠡᠯᠡᠬᠡᠢ ᠵᠢᠨ ᠪᠠᠢᠳᠠᠯ᠎ᠤᠨ ᠬᠤᠪᠢᠷᠠᠯᠲᠠ᠎ᠶ᠋ᠢ ᠴᠠᠭ ᠲᠤᠬᠠᠶ᠎ᠳᠤᠨᠢ ᠠᠷᠭᠠᠴᠠᠭᠠᠵᠤ᠂ ᠥᠪᠥᠷ ᠮᠣᠩᠭᠣᠯ᠎ᠤᠨ ᠬᠣᠪᠣᠷ ᠱᠢᠷᠣᠶ᠎ᠶ᠋ᠢᠨ ᠮᠠᠲ᠋ᠧᠷᠢᠶᠠᠯ᠂ ᠨᠡᠭᠦᠷᠡᠰᠦ᠎ᠪᠡᠷ ᠲᠣᠰᠣ ᠬᠡᠶ ᠦᠶ᠋ᠯᠡᠳᠬᠦ᠌ ᠠᠵᠤ ᠦᠶ᠋ᠯᠡᠰ᠎ᠢ ᠲᠦᠷᠭᠡᠳᠭᠡᠨ ᠬᠥᠭ᠌ᠵᠢᠭᠦᠯᠬᠦ᠌᠎ᠶ᠋ᠢ ᠳᠡᠮᠵᠢᠵᠦ᠍᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠂ ᠬᠠᠷ᠎ᠠ ᠬᠥᠷᠥᠰᠥ᠎ᠶ᠋ᠢ ᠬᠠᠮᠠᠭᠠᠯᠠᠨ ᠠᠱᠢᠭ᠍ᠯᠠᠬᠤ ᠡᠷᠴᠢᠮ᠎ᠢ ᠤᠯᠠᠮ ᠨᠢᠭᠡ ᠠᠯᠬᠤᠮ ᠴᠢᠩᠭᠠᠷᠠᠭᠤᠯᠵᠤ᠂ ᠤᠯᠤᠰ᠎ᠤᠨ ᠡᠨᠧᠷᠭᠢ᠎ᠶ᠋ᠢᠨ ᠠᠮᠤᠷ ᠲᠦᠪᠱᠢᠨ᠂ ᠠᠮᠤ ᠪᠤᠳᠠᠭᠠᠨ᠎ᠤ ᠠᠮᠤᠷ ᠲᠦᠪᠱᠢᠨ᠂ ᠠᠵᠤ ᠦᠶ᠋ᠯᠡᠰ᠎ᠦᠨ ᠠᠮᠤᠷ ᠲᠦᠪᠱᠢᠨ᠎ᠢ ᠨᠠᠩ ᠰᠠᠢᠲᠤᠷ ᠪᠠᠲᠤᠯᠠᠨ᠎ᠠ; ᠭᠤᠷᠪᠠ᠎ᠳᠤ᠂ ᠳᠤᠮᠳᠠᠳᠤ ᠮᠣᠩᠭᠣᠯ ᠣᠷᠣᠰ᠎ᠤᠨ ᠠᠵᠤ ᠠᠬᠤᠶ᠎ᠶ᠋ᠢᠨ ᠬᠣᠩᠭᠢᠯ᠎ᠤᠨ ᠱᠢᠨ᠎ᠡ ᠨᠡᠪᠳᠡᠷᠡᠬᠦ ᠵᠠᠮ᠎ᠤᠨ ᠪᠥᠲᠥᠭᠡᠨ ᠪᠠᠢᠭᠤᠯᠤᠯᠲᠠ᠎ᠶ᠋ᠢ ᠳᠡᠮᠵᠢᠵᠦ᠍᠂ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠪᠥᠲᠥᠭᠡᠨ ᠪᠠᠢᠭᠤᠯᠬᠤ ᠴᠢᠨᠠᠷ ᠰᠠᠢᠲᠠᠶ ᠬᠥᠭ᠌ᠵᠢᠯᠲᠡ᠎ᠳᠦ ᠨᠠᠩ ᠰᠠᠢᠲᠤᠷ ᠦᠶ᠋ᠯᠡᠴᠢᠯᠡᠵᠦ᠍᠂ ᠲᠦᠷᠢᠮ᠎ᠦᠨ ᠬᠡᠯᠪᠡᠷᠢ᠎ᠶ᠋ᠢᠨ ᠨᠡᠭᠡᠭᠡᠯᠲᠡ᠎ᠶ᠋ᠢ ᠯᠠᠪᠳᠠᠭᠤᠨ᠎ᠢᠶᠠᠷ ᠥᠷᠭᠡᠳᠭᠡᠵᠦ᠍᠂ ᠤᠯᠤᠰ᠎ᠤᠨ ᠠᠵᠤ ᠦᠶ᠋ᠯᠡᠰ᠎ᠦᠨ ᠬᠡᠯᠬᠢᠶ᠎ᠡ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠲᠣᠭ᠍ᠲᠠᠭᠤᠨ᠎ᠢ ᠪᠠᠲᠤᠯᠠᠨ᠎ᠠ ᠭᠡᠵᠡᠢ᠃
ᠲᠡᠡᠭ ᠴᠤᠤ᠂ ᠯᠢ ᠪᠢᠨ᠂ ᠶᠠᠩ ᠵᠢᠨ᠂ ᠯᠢᠦ ᠱᠤᠸᠠᠩ᠂ ᠯᠢᠨ ᠱᠤᠤ ᠴᠦᠨ᠂ ᠵᠧᠩ ᠬᠣᠩ ᠹᠠᠨ᠂ ᠢᠦᠶ ᠯᠢ ᠱᠢᠨ᠂ ᠶᠠᠩ ᠽᠦᠩ ᠷᠧᠨ᠂ ᠯᠢ ᠶᠦᠩ ᠵᠢᠶᠦ᠋ᠨ᠂ ᠭᠦᠩ ᠱᠢᠤᠸᠠᠢ ᠹᠧᠩ ᠂ ᠮᠸᠩ ᠹᠠᠨ ᠶᠢᠩ᠂ ᠵᠢᠦᠢ ᠱᠤ᠌ ᠸᠸᠨ᠂ ᠱ᠌ᠢ ᠢᠦᠶ ᠳ᠋ᠦᠩ᠂ ᠳ᠋ᠦ᠋ ᠬᠣᠶ ᠯᠢᠶᠠᠩ᠂ ᠰᠦᠬᠡ ᠂ ᠵᠤᠸᠠᠩ ᠾᠧ᠂ ᠾᠧ ᠬᠠᠶ ᠳ᠋ᠦᠩ᠂ ᠯᠦᠸᠧ ᠴᠢᠩ᠂ ᠵᠠᠩ ᠵᠢᠶ ᠱᠢᠨ᠂ ᠯᠢ ᠸᠸᠨ ᠯᠢᠩ᠂ ᠭᠦᠩ ᠮᠢᠩ ᠵᠦ᠍᠂ ᠶᠠᠨ ᠬᠣᠩ ᠸᠧᠶ᠂ ᠵᠢᠢ ᠶᠦᠩ ᠴᠢᠶᠠᠨ᠂ ᠯᠢ ᠵᠥᠩ ᠽᠸᠩ᠂ ᠵᠠᠩ ᠷᠦᠢ᠂ ᠭᠦᠸᠧ ᠢᠦᠶ ᠹᠧᠩ᠂ ᠱᠢᠩ ᠵᠢᠶᠧ ᠬᠣᠩ᠂ ᠵᠣᠣ ᠬᠣᠶ ᠵᠢᠶᠧ᠂ ᠰᠦᠨ ᠶᠢᠩ᠂ ᠴᠧᠨ ᠠᠶ ᠱᠢᠤᠸᠠᠢ᠂ ᠱᠢᠤᠸᠠᠢ ᡁᠢ ᠯᠦᠩ᠂ ᠶᠠᠨ ᠬᠣᠩ ᠭᠤᠸᠠᠩ᠂ ᠴᠢ ᠢᠦᠶ ᠴᠢᠨ᠂ ᠬᠤ᠌ ᠬᠠᠢ ᠵᠢᠦᠸᠠᠨ᠂ ᠱᠢᠤᠢ ᠵᠢᠶᠠᠨ ᠱᠢᠩ᠂ ᠤᠤ᠌ ᠬᠣᠶ ᠷᠠᠨ᠂ ᠯᠦ᠍ ᠬᠣᠩ ᠪᠥᠸᠧ᠂ ᠸᠠᠩ ᠵᠣᠣ ᠮᠢᠩ᠂ ᠴᠢ ᠹᠸᠢ ᠶᠦᠨ᠂ ᠵᠢᠨ ᡁᠢ ᠵᠢᠶᠦ᠋ᠨ᠂ ᠮᠸᠩ ᠳ᠋ᠠ ᠶᠢᠩ᠂ ᠸᠠᠩ ᠸᠠᠩ ᠱᠧᠩ᠂ ᠦ᠋ ᠬᠠᠢ ᠵᠢᠶᠦ᠋ᠨ᠂ ᠡᠸ᠋ ᠶᠢᠩ᠂ ᠯᠢᠦ ᠶᠠᠨ ᠪᠢᠩ᠂ ᠾᠧ ᠮᠠᠢᠯᠠᠰᠤ᠂ ᠸᠠᠩ ᠼᠠᠢ ᠶᠦᠨ᠂ ᠸᠠᠩ ᠵᠧᠨ᠂ ᠳ᠋ᠦ᠋ ᠭᠠᠩ ᠵᠡᠷᠭᠡ ᠲᠥᠯᠥᠭᠡᠯᠡᠭ᠌ᠴᠢ ᠦᠭᠡ ᠬᠡᠯᠡᠪᠡ᠃ ᠬᠤᠶᠠᠷ ᠮᠡᠳᠡᠭᠦᠯᠦᠯᠳᠡ ᠪᠠ ᠲᠥᠰᠦᠯ ᠨᠢ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠬᠦᠳᠡ ᠬᠤᠷᠠᠯ ᠪᠠ ᠲᠥᠪ᠎ᠦᠨ ᠠᠵᠤ ᠠᠬᠤᠢ᠎ᠶ᠋ᠢᠨ ᠠᠵᠢᠯ᠎ᠤᠨ ᠬᠤᠷᠠᠯ ᠤ᠋ᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠰᠢᠯᠠᠭᠤᠯᠵᠤ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠲᠠᠢ ᠪᠦᠬᠦ᠌ ᠲᠠᠯ᠎ᠠ ᠪᠡᠷ ᠲᠠᠭᠤᠨ ᠠᠪᠤᠯᠴᠠᠵᠤ ᠵᠤᠯᠭᠠᠭᠤᠯᠤᠨ᠂ ᠠᠮᠵᠢᠯᠲᠠ ᠪᠦᠲᠦᠮᠵᠢ ᠵᠢ ᠳ᠋ᠦᠩᠨᠡᠭᠰᠡᠨ ᠨᠢ ᠪᠤᠰᠤᠳᠴᠢ ᠪᠥᠭᠡᠳ ᠨᠠᠷᠢᠨ ᠪᠣᠳᠠᠲᠠᠶ ᠪᠠᠢᠵᠤ᠂ ᠪᠠᠢᠳᠠᠯ᠎ᠢ ᠭᠦᠨᠵᠡᠭᠡᠶ ᠪᠥᠭᠡᠳ ᠪᠦᠬᠦ᠌ ᠲᠠᠯ᠎ᠠ᠎ᠪᠠᠷ ᠵᠠᠳᠠᠯᠵᠤ᠂ ᠡᠭᠦᠷᠭᠡ ᠵᠢ ᠣᠨᠣᠪᠴᠢᠲᠠᠶ ᠲᠣᠬᠢᠷᠠᠭᠤᠯᠵᠠᠢ᠂ ᠪᠦᠷᠢᠮᠦᠰᠦᠨ ᠵᠥᠪᠱᠢᠶᠡᠷᠡᠵᠤ ᠪᠠᠢᠨ᠎ᠠ ᠭᠡᠵᠤ ᠤᠯᠠᠨ ᠵᠢᠡᠷ ᠵᠢᠡᠨ ᠰᠡᠨᠡᠯ ᠨᠢᠬᠡᠳᠡᠢ ᠦᠵᠡᠵᠡᠭᠡᠪᠠ᠃ ᠲᠥᠯᠥᠭᠡᠯᠡᠭ᠌ᠴᠢᠳ ᠪᠠᠰᠠ ᠲᠣᠰ ᠪᠡᠶ᠎ᠡ᠎ᠶ᠋ᠢᠨ ᠠᠵᠢᠯ᠎ᠤᠨ ᠪᠣᠳᠠᠲᠤ ᠪᠠᠢᠳᠠᠯ ᠪᠠ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠭ᠌ᠰᠡᠨ ᠥᠩᠭᠡᠷᠡᠯᠲᠡ᠎ᠲᠡᠶ᠎ᠪᠡᠨ ᠤᠶᠠᠯᠳᠤᠭᠤᠯᠤᠨ ᠰᠠᠨᠠᠯ ᠰᠠᠨᠠᠭᠤᠯᠭ᠎ᠠ ᠳᠤᠷᠠᠳᠪᠠ᠃