3 ᠰᠠᠷ᠎ᠠ᠎ᠶ᠋ᠢᠨ 6᠎ᠤ᠋ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠡ ᠵᠢᠨ ᠱᠦᠵᠢ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠡ ᠵᠢᠨ ᠡᠷᠬᠢᠯᠡᠭ᠌ᠴᠢ ᠸᠠᠩ ᠸᠧᠶ ᠵᠥᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠡ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠰᠠᠭᠤᠭ᠎ᠠ ᠭᠠᠵᠠᠷ᠎ᠲᠤ ᠪᠥᠬᠥ᠌ ᠤᠯᠤᠰ᠎ᠤᠨ ᠬᠣᠶᠠᠷ ᠬᠤᠷᠠᠯ᠎ᠤᠨ ᠮᠡᠳᠡᠭᠡᠯᠡᠯ᠎ᠳᠦ ᠣᠷᠣᠯᠴᠠᠭ᠍ᠰᠠᠨ ᠥᠪᠡᠷᠲᠡᠭᠡᠨ ᠵᠠᠰᠠᠬᠤ ᠣᠷᠣᠨ᠎ᠤ ᠵᠠᠭᠤᠴᠢᠯᠠᠭᠤᠷ᠎ᠤᠨ ᠰᠤᠷᠪᠤᠯᠵᠢᠯᠠᠭ᠍ᠴᠢᠳᠢ ᠡᠷᠬᠢᠨ ᠦᠵᠡᠵᠦ ᠲᠣᠬᠣᠨᠢᠭᠤᠯᠪᠠ᠃
ᠡᠨᠡ ᠵᠢᠯ᠎ᠦᠨ ᠪᠥᠬᠥ᠌ ᠤᠯᠤᠰ᠎ᠤᠨ ᠬᠣᠶᠠᠷ ᠬᠤᠷᠠᠯ᠎ᠳᠦ ᠥᠪᠡᠷᠲᠡᠭᠡᠨ ᠵᠠᠰᠠᠬᠤ ᠣᠷᠣᠨ᠎ᠤ ᠤᠬᠠᠭᠤᠯᠭ᠎ᠠ᠎ᠶ᠋ᠢᠨ ᠠᠵᠢᠯ᠎ᠢ ᠡᠷᠴᠢᠮᠲᠡᠶ ᠥᠷᠨᠢᠭᠦᠯᠵᠦ᠍᠂ ᠥᠪᠥᠷ ᠮᠣᠩᠭᠣᠯ᠎ᠤᠨ ᠡᠳᠦᠷ᠎ᠦᠨ ᠰᠣᠨᠢᠨ᠎ᠤ ᠬᠣᠷᠢᠶ᠎ᠠ᠂ ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠠ ᠬᠤᠷᠴᠠ ᠴᠢᠳᠠᠪᠤᠷᠢᠯᠢᠭ ᠬᠦᠴᠦᠨ ᠵᠢᠡᠨ ᠲᠣᠮᠢᠯᠠᠵᠤ᠂ ᠮᠡᠳᠡᠭᠡᠯᠡᠬᠦ ᠰᠡᠳᠦᠪ ᠵᠢᠡᠨ ᠨᠢᠮᠪᠠᠶ ᠲᠥᠰᠦᠪᠯᠡᠨ ᠰᠣᠩᠭᠣᠵᠤ᠂ ᠮᠡᠳᠡᠭᠡᠯᠡᠬᠦ᠌ ᠬᠡᠯᠪᠡᠷᠢ᠎ᠶ᠋ᠢᠨ ᠱᠢᠨ᠎ᠡ᠎ᠶ᠋ᠢ ᠡᠭᠦᠳᠴᠦ᠍᠂ ᠴᠥᠭᠡᠨ ᠪᠤᠰᠤ ᠱᠢᠯᠢᠳᠡᠭ ᠪᠦᠲᠦᠭᠡᠯ ᠭᠠᠷᠭᠠᠵᠤ᠂ ᠰᠠᠢᠨ ᠰᠠᠢᠬᠠᠨ ᠶᠠᠷᠢᠶ᠎ᠠ ᠬᠡᠯᠡᠯᠴᠡᠭᠡᠨ᠎ᠦ ᠠᠭᠤᠷ ᠠᠮᠢᠰᠭᠤᠯ᠎ᠢ ᠪᠣᠶ ᠪᠣᠯᠭᠠᠪᠠ᠃ ᠸᠠᠩ ᠸᠧᠢ ᠵᠦᠩ᠂ ᠪᠦᠦ ᠭᠠᠩ ᠤᠷᠢᠳ ᠬᠣᠵᠢᠳ ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶ᠎ᠡ ᠵᠢᠨ ᠬᠣᠶᠠᠷ ᠬᠤᠷᠠᠯ᠎ᠤᠨ ᠬᠠᠮ ᠵᠠᠭᠤᠴᠢᠯᠠᠭᠤᠷ᠎ᠤᠨ ᠨᠠᠢᠷᠠᠭᠤᠯᠤᠨ ᠵᠣᠬᠢᠶᠠᠬᠤ᠂ ᠳᠠᠮᠵᠢᠭᠤᠯᠬᠤ᠂ ᠹᠢᠯᠢᠮ ᠬᠢᠨᠠᠬᠤ᠎ᠶ᠋ᠢ ᠨᠢᠭᠡ ᠴᠤᠬ᠍ᠴᠠᠵᠢᠭᠤᠯᠤᠬ᠍ᠰᠠᠨ ᠠᠵᠢᠯ᠎ᠤᠨ ᠲᠠᠰᠤᠭ᠂ ᠬᠡᠢᠰᠪᠦᠷᠢᠯᠡᠯ + ᠪᠣᠳᠠᠲᠤ ᠦᠵᠡᠮᠵᠢ᠎ᠶ᠋ᠢᠨ ᠨᠡᠪᠲᠡᠷᠡᠭᠦᠯᠭᠡ᠎ᠶ᠋ᠢᠨ ᠲᠠᠰᠤᠭ ᠪᠣᠯᠤᠨ ᠥᠪᠥᠷ ᠮᠣᠩᠭᠣᠯ᠎ᠤᠨ ᠡᠳᠦᠷ᠎ᠦᠨ ᠰᠣᠨᠢᠨ᠎ᠤ ᠬᠤᠷᠢᠶ᠎ᠠ ᠵᠢᠨ ᠬᠣᠶᠠᠷ ᠬᠤᠷᠠᠯ᠎ᠤᠨ ᠮᠡᠳᠡᠭᠡᠯᠡᠯ᠎ᠦᠨ ᠠᠵᠢᠯ᠎ᠤᠨ ᠲᠠᠰᠤᠭ᠎ᠲᠤ ᠬᠦᠷᠴᠦ᠍᠂ ᠬᠠᠮ ᠵᠠᠭᠤᠴᠢᠯᠠᠭᠤᠷ᠎ᠤᠨ ᠳᠠᠮᠵᠢᠭᠤᠯᠭ᠎ᠠ ᠵᠢᠨ ᠪᠦᠲᠦᠭᠡᠯ᠎ᠦᠨ ᠦᠵᠡᠭᠦᠯᠭᠡ᠎ᠶ᠋ᠢ ᠰᠣᠨᠢᠷᠬᠠᠵᠤ᠂ ᠰᠤᠷᠪᠤᠯᠵᠢᠯᠠᠭ᠍ᠴᠢ ᠵᠢᠨ ᠲᠥᠯᠥᠭᠡᠯᠡᠭ᠌ᠴᠢᠳ᠎ᠲᠡᠶ ᠳᠣᠲᠣᠨᠣ᠎ᠪᠠᠷ ᠶᠠᠷᠢᠯᠴᠠᠵᠤ᠂ ᠤᠬᠠᠭᠤᠯᠤᠨ ᠮᠡᠳᠡᠭᠡᠯᠡᠬᠦ ᠪᠠᠢᠳᠠᠯ᠎ᠢ ᠨᠠᠷᠢᠨ ᠣᠢᠯᠠᠭᠠᠵᠤ᠂ ᠰᠣᠨᠢᠨ ᠮᠡᠳᠡᠭᠡᠨ᠎ᠦ ᠵᠠᠭᠤᠴᠢᠯᠠᠭᠤᠷ᠎ᠤᠨ ᠠᠵᠢᠯ᠎ᠢ ᠭᠦᠢᠴᠡᠳ ᠨᠤᠲᠠᠯᠠᠵᠤ᠂ ᠤᠯᠠᠨ᠎ᠢᠶᠠᠷ᠎ᠢᠶᠠᠨ ᠴᠢᠷᠮᠠᠢᠭ᠍ᠰᠠᠨ ᠳᠡᠭᠡᠷ᠎ᠡ ᠨᠢ ᠴᠢᠷᠮᠠᠢᠵᠤ᠂ ᠦᠷᠭᠦᠯᠵᠢᠯᠡᠨ ᠬᠡᠬᠦᠳᠡᠭ ᠳᠦᠭᠦᠷᠡᠩ ᠤᠯᠤᠰ ᠲᠦᠷᠦ᠍᠎ᠶ᠋ᠢᠨ ᠬᠠᠯᠠᠭᠤᠨ ᠰᠡᠳᠭᠢᠯᠭᠡ ᠪᠣᠯᠤᠨ ᠱᠢᠯᠢᠳᠡᠭ ᠰᠠᠢᠨ ᠠᠵᠢᠯ᠎ᠤᠨ ᠰᠤᠷᠲᠠᠯ᠎ᠢᠶᠠᠷ ᠪᠦᠬᠦ᠌ ᠤᠯᠤᠰ᠎ᠤᠨ ᠬᠣᠶᠠᠷ ᠬᠤᠷᠠᠯ᠎ᠤᠨ ᠡᠯ᠎ᠡ ᠵᠦᠢᠯ᠎ᠦᠨ ᠮᠡᠳᠡᠭᠡᠯᠡᠬᠦ᠌ ᠡᠭᠦᠷᠭᠡ᠎ᠶ᠋ᠢ ᠴᠢᠨᠠᠷ ᠰᠠᠢᠲᠠᠢ ᠪᠡᠶᠡᠯᠡᠭᠦᠯᠬᠦ᠌᠎ᠶ᠋ᠢ ᠬᠦᠰᠡᠪᠡ᠃
ᠸᠠᠩ ᠸᠧᠢ ᠵᠦᠩ᠂ ᠡᠨᠡ ᠵᠢᠯ᠎ᠦᠨ ᠪᠦᠬᠦ᠌ ᠤᠯᠤᠰ᠎ᠤᠨ ᠬᠣᠶᠠᠷ ᠬᠤᠷᠠᠯ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠠᠩᠭᠢᠯᠠᠭ᠎ᠠ᠎ᠶ᠋ᠢᠨ ᠬᠤᠭᠤᠴᠠᠭᠠᠨ᠎ᠳᠤ ᠬᠤᠷᠠᠯᠳᠤᠭ᠍ᠰᠠᠨ ᠨᠢᠭᠡ ᠤᠳᠠᠭ᠎ᠠ᠎ᠶ᠋ᠢᠨ ᠲᠤᠢᠯ᠎ᠤᠨ ᠴᠢᠬᠤᠯᠠ ᠬᠤᠷᠠᠯ ᠪᠠᠢᠵᠦ᠂ ᠤᠯᠤᠰ ᠳᠠᠶᠠᠭᠠᠷ᠎ᠢᠶᠠᠨ ᠠᠩᠬᠠᠷᠴᠤ᠌᠂ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠪᠠ᠃ ᠶᠡᠬᠡ ᠬᠤᠷᠠᠯ᠎ᠤᠨ ᠭᠤᠤᠯ ᠰᠡᠳᠦᠪ ᠪᠠ ᠵᠥᠪᠯᠡᠬᠦ᠌ ᠵᠦᠶ᠋ᠯ᠎ᠲᠡᠶ ᠨᠢᠭ᠍ᠲᠠ ᠤᠶᠠᠯᠳᠤᠭᠤᠯᠤᠨ᠂ ᠨᠠᠷᠢᠨ ᠬᠢᠨᠠᠮᠠᠭᠠᠢ ᠵᠣᠬᠢᠶᠠᠨ ᠪᠠᠢᠭᠤᠯᠵᠤ᠂ ᠨᠠᠷᠢᠨ ᠨᠢᠮᠪᠠᠶ ᠪᠠᠢᠷᠢᠯᠠᠭᠤᠯᠤᠨ᠂ ᠤᠬᠠᠭᠤᠯᠭ᠎ᠠ᠎ᠶ᠋ᠢᠨ ᠭᠤᠤᠯᠳᠠᠯᠭ᠎ᠠ᠎ᠶ᠋ᠢ ᠪᠠᠲᠤ ᠡᠵᠡᠮᠳᠡᠵᠦ᠍᠂ ᠶᠡᠬᠡ ᠬᠤᠷᠠᠯ᠎ᠤᠨ ᠦᠪᠡᠳᠡᠭ᠌ᠰᠢ ᠪᠠᠢᠳᠠᠯ ᠪᠠ ᠮᠠᠨ᠎ᠤ ᠣᠷᠣᠨ᠎ᠤ ᠲᠥᠯᠥᠭᠡᠯᠡᠭ᠌ᠴᠢᠳ ᠭᠡᠱᠢᠭᠦᠳ᠎ᠦᠨ ᠲᠥᠷᠥ᠎ᠶ᠋ᠢᠨ ᠶᠠᠪᠤᠳᠠᠯ᠎ᠳᠤ ᠣᠷᠣᠯᠴᠠᠨ ᠲᠥᠷᠥ᠎ᠶ᠋ᠢᠨ ᠶᠠᠪᠤᠳᠠᠯ᠎ᠢ ᠵᠥᠪᠯᠡᠬᠦ᠌᠂ ᠤᠯᠤᠰ᠎ᠤᠨ ᠶᠡᠬᠡ ᠶᠠᠪᠤᠳᠠᠯ᠎ᠢ ᠬᠠᠮᠲᠤ᠎ᠪᠠᠷ ᠵᠥᠪᠳᠡᠯᠴᠡᠬᠦ᠌ ᠰᠠᠢᠨ ᠰᠠᠢᠬᠠᠨ ᠳᠦᠷᠰᠦ ᠪᠠᠢᠳᠠᠯ᠎ᠢ ᠪᠥᠬᠥ᠌ ᠲᠠᠯ᠎ᠠ᠎ᠪᠠᠷ ᠳᠡᠯᠭᠡᠨ ᠦᠵᠡᠭᠦᠯᠵᠦ᠍᠂ ᠨᠠᠩ ᠭᠠᠢᠬᠠᠮ᠎ᠠ ᠰᠠᠢᠬᠠᠨ ᠰᠣᠨᠢᠨ ᠮᠡᠳᠡᠭᠡᠯᠡᠯ᠎ᠢᠶᠡᠷ ᠢᠲᠡᠭᠡᠯ ᠵᠣᠷᠢᠭ ᠪᠠ ᠬᠦᠴᠦᠨ ᠴᠢᠳᠠᠯ᠎ᠢ ᠳᠠᠮᠵᠢᠭᠤᠯᠬᠤ ᠬᠡᠷᠡᠭ᠌ᠲᠡᠶ᠃ ᠭᠤᠤᠯ ᠵᠠᠭᠤᠴᠢᠯᠠᠭᠤᠷ᠎ᠤᠨ ᠬᠥᠲᠥᠯᠥᠨ ᠵᠢᠯᠣᠭᠣᠳᠭᠤ ᠦᠶ᠋ᠯᠡᠳᠦᠯ᠎ᠢ ᠢᠳᠡᠪᠬᠢᠲᠡᠶ ᠪᠠᠳᠠᠷᠠᠭᠤᠯᠵᠤ᠂ ᠤᠬᠠᠭᠤᠯᠤᠨ ᠲᠠᠢᠯᠪᠤᠷᠢᠯᠠᠬᠤ ᠠᠵᠢᠯ᠎ᠢ ᠦᠷᠭᠦᠯᠵᠢᠯᠡᠨ ᠭᠦᠨᠵᠡᠭᠡᠶ ᠰᠠᠢᠲᠤᠷ ᠬᠢᠵᠦ᠍᠂ ᠪᠥᠬᠥ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠲᠦᠭ ᠲᠦᠮᠡᠨ ᠠᠢᠯ ᠡᠷᠦᠬᠡ᠎ᠳᠦ ᠳᠠᠮᠵᠢᠭᠤᠯᠵᠤ᠂ ᠨᠠᠮ᠎ᠤᠨ ᠲᠥᠪ ᠬᠤᠷᠢᠶ᠎ᠠ᠎ᠶᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ ᠪᠣᠯᠤᠨ ᠪᠥᠬᠥ᠌ ᠤᠯᠤᠰ᠎ᠤᠨ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠥᠪᠥᠷ ᠮᠣᠩᠭᠣᠯ᠎ᠳᠤ ᠪᠣᠳᠠᠲᠠᠢᠵᠢᠭᠤᠯᠤᠨ ᠨᠠᠢᠳᠠᠪᠤᠷᠢᠵᠢᠭᠤᠯᠬᠤ᠎ᠶ᠋ᠢ ᠠᠬᠢᠭᠤᠯᠬᠤ ᠬᠡᠷᠡᠭ᠌ᠲᠡᠶ᠃ ᠭᠤᠤᠯ ᠵᠠᠭᠤᠴᠢᠯᠠᠭᠤᠷ᠎ᠤᠨ ᠱᠢᠰᠲ᠋ᠧᠮ᠎ᠦᠨ ᠴᠢᠨᠠᠷᠲᠠᠶ ᠬᠤᠪᠢᠰᠤᠯᠲᠠ᠎ᠶ᠋ᠢ ᠭᠦᠨᠵᠡᠭᠡᠶ ᠠᠬᠢᠭᠤᠯᠵᠤ᠂ ᠮᠡᠷᠭᠡᠵᠢᠯ᠎ᠢᠶᠡᠷ ᠬᠦᠴᠦᠨ ᠴᠢᠳᠠᠯ ᠣᠯᠭᠣᠬᠤ᠎ᠶ᠋ᠢ ᠴᠢᠩᠭᠠᠳᠭᠠᠨ᠂ ᠢᠯᠡᠳᠭᠡᠬᠦ᠌ ᠠᠷᠭ᠎ᠠ ᠬᠡᠯᠪᠡᠷᠢ᠎ᠶ᠋ᠢᠨ ᠱᠢᠨ᠎ᠡ᠎ᠶ᠋ᠢ ᠡᠭᠦᠳᠴᠦ᠍᠂ ᠶᠠᠷᠢᠶ᠎ᠠ ᠬᠡᠯᠡᠯᠴᠡᠭᠡ᠎ᠶ᠋ᠢ ᠬᠥᠲᠥᠯᠥᠨ ᠵᠢᠯᠣᠭᠣᠳᠴᠤ᠌ ᠪᠣᠶ ᠪᠣᠯᠭᠠᠬᠤ ᠴᠢᠳᠠᠪᠤᠷᠢ᠎ᠪᠠᠨ ᠤᠯᠠᠮ ᠳᠡᠭᠡᠭ᠌ᠰᠢᠯᠡᠭᠦᠯᠵᠦ᠍᠂ ᠬᠣᠶᠠᠷ ᠬᠤᠷᠠᠯ᠎ᠤᠨ ᠥᠯᠢᠭᠡᠷ᠂ ᠥᠪᠥᠷ ᠮᠣᠩᠭᠣᠯ᠎ᠤᠨ ᠥᠯᠢᠭᠡᠷ᠎ᠢ ᠠᠮᠢᠳᠤᠯᠢᠭ ᠰᠠᠢᠬᠠᠨ ᠶᠠᠷᠢᠵᠤ᠂ ᠥᠪᠥᠷ ᠮᠣᠩᠭᠣᠯ᠎ᠤᠨ ᠲᠠᠭᠤᠨ᠎ᠢ ᠳᠠᠮᠵᠢᠭᠤᠯᠵᠤ᠂ ᠱᠢᠨ᠎ᠡ ᠠᠶᠠᠨ᠎ᠳᠤ ᠡᠷᠡᠯᠬᠡᠭ᠌ᠯᠡᠨ ᠤᠷᠤᠭ᠍ᠰᠢᠯᠠᠬᠤ᠂ ᠱᠢᠨ᠎ᠡ ᠴᠠᠭ ᠦᠶ᠎ᠡ᠎ᠳᠦ ᠭᠠᠪᠢᠶ᠎ᠠ ᠪᠠᠢᠭᠤᠯᠬᠤ ᠬᠦᠴᠦᠷᠬᠡᠭ ᠶᠡᠬᠡ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠶ ᠭᠡᠵᠦ ᠵᠢᠭᠠᠵᠤ ᠭᠠᠷᠭᠠᠪᠠ᠃
ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠪᠦᠦ ᠱᠢᠶᠠᠨ ᠬᠤᠸᠠ᠂ ᠢᠦᠶ ᠯᠢ ᠱᠢᠨ ᠣᠷᠣᠯᠴᠠᠪᠠ᠃