ᠵᠠᠩ ᠶᠠᠨ ᠺᠦᠨ ᠬᠤᠷᠠᠯ ᠢ᠋ ᠡᠷᠭᠢᠯᠡᠵᠠᠢ
3 ᠰᠠᠷ᠎ᠠ᠎ᠶ᠋ᠢᠨ 6 ᠤ᠋ ᠤᠷᠤᠢ᠂ ᠥᠪᠥᠷ ᠮᠣᠩᠭᠣᠯ ᠳ᠋ᠤ ᠰᠠᠭᠤᠭ᠎ᠠ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ᠎ᠦᠨ ᠰᠤᠷᠤᠯᠴᠠᠯᠭ᠎ᠠ᠎ᠶ᠋ᠢᠨ ᠶᠠᠷᠢᠯᠴᠠᠬᠤ ᠬᠤᠷᠠᠯ ᠬᠤᠷᠠᠯᠳᠤᠵᠤ᠂ ᠶᠡᠷᠦᠩᠬᠡᠢ ᠱᠦᠵᠢ ᠰᠢ ᠵᠢᠨ ᠫᠢᠩ᠎ᠦᠨ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ ᠦᠶ᠎ᠠ ᠵᠢᠨ ᠪᠠ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ᠎ᠳᠤ ᠣᠷᠣᠯᠴᠠᠵᠤ ᠪᠠᠢᠭ᠎ᠠ ᠲᠠᠷᠢᠶᠠᠴᠢᠨ ᠠᠵᠢᠯᠴᠢᠨ᠎ᠤ ᠨᠠᠮ᠂ 《9·3》 ᠤ᠋ ᠡᠷᠳᠡᠮ ᠱᠢᠨᠵᠢᠯᠡᠭᠡᠨ᠎ᠦ ᠨᠡᠢᠭᠡᠮᠯᠢᠭ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠡᠲᠡᠭᠡᠳ᠂ ᠨᠡᠢᠭᠡᠮ᠎ᠦᠨ ᠠᠰᠠᠷᠠᠮᠵᠢ ᠪᠠ ᠨᠡᠢᠭᠡᠮ᠎ᠦᠨ ᠪᠠᠲᠤᠯᠠᠭ᠎ᠠ᠎ᠶ᠋ᠢᠨ ᠡᠲᠡᠭᠡᠳ᠎ᠦᠨ ᠭᠡᠱᠢᠭᠦᠳ᠎ᠢ ᠡᠷᠬᠢᠨ ᠦᠵᠡᠬᠦ᠌᠎ᠶ᠋ᠢᠨ ᠬᠠᠮᠲᠤ ᠳᠤᠭᠤᠢᠯᠠᠩ ᠬᠠᠮᠲᠤᠷᠠᠭ᠍ᠰᠠᠨ ᠬᠤᠷᠠᠯ᠎ᠳᠤ ᠣᠷᠣᠯᠴᠠᠬᠤ ᠦᠶ᠎ᠡ᠎ᠶ᠋ᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠬᠠᠮᠲᠤ᠎ᠪᠠᠷ ᠰᠤᠷᠤᠯᠴᠠᠵᠤ᠂ 《ᠬᠣᠶᠠᠷ᠎ᠢ ᠲᠣᠭ᠍ᠲᠠᠭᠠᠭᠰᠠᠨ》 ᠤ᠋ ᠱᠢᠢᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠢ ᠣᠢᠯᠠᠭᠠᠵᠤ᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠪᠡ᠃
ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ ᠬᠤᠷᠠᠯ᠎ᠢ ᠡᠷᠭᠢᠯᠡᠪᠡ᠃ ᠥᠪᠥᠷ ᠮᠣᠩᠭᠣᠯ ᠳ᠋ᠤ ᠰᠠᠭᠤᠭ᠎ᠠ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ ᠪᠠᠶ ᠴᠢᠩ ᠶᠤᠸᠠᠨ᠂ ᠬᠦᠦᠳᠠᠭᠤᠯᠠ ᠲᠣᠰ ᠲᠣᠰ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠤᠯᠠᠮᠵᠢᠯᠠᠵᠤ᠂ ᠰᠦᠨ ᠵᠢᠶᠦ᠋ᠨ ᠴᠢᠩ᠂ ᠠᠨ ᠷᠦᠨ ᠱᠧᠩ᠂ ᠵᠢᠨ ᠵᠤᠸᠠᠩ᠂ ᠢᠦᠶ ᠷᠧᠨ ᠵᠢᠶᠧ ᠬᠤᠷᠠᠯ᠎ᠳᠤ ᠣᠷᠣᠯᠴᠠᠪᠠ᠃
ᠭᠡᠱᠢᠭᠦᠳ᠂ ᠤᠯᠤᠰ ᠲᠥᠷᠥ᠎ᠶ᠋ᠢᠨ ᠵᠣᠭ᠍ᠰᠣᠴᠠ᠎ᠪᠠᠨ ᠳᠡᠭᠡᠭ᠌ᠰᠢᠯᠡᠭᠦᠯᠵᠤ᠂ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠶᠡᠷᠦᠩᠬᠡᠶ ᠱᠦᠵᠢ ᠰᠢ ᠵᠢᠨ ᠫᠢᠩ᠎ᠦᠨ ᠠᠷᠠᠳ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠂ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠲᠠᠢ ᠤᠶᠠᠯᠳᠤᠭᠤᠯᠵᠤ ᠂ ᠨᠢᠭᠡ ᠴᠣᠭ᠍ᠴᠠᠵᠢᠭᠤᠯᠤᠨ ᠰᠤᠷᠤᠯᠴᠠᠨ ᠣᠢᠯᠠᠭᠠᠵᠤ᠂ ᠭᠦᠨᠵᠡᠭᠡᠶ ᠲᠤᠭᠤᠰᠢᠯᠠᠭᠤᠯᠤᠨ ᠨᠠᠢᠳᠠᠪᠤᠷᠢᠵᠢᠭᠤᠯᠵᠤ ᠂ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠦᠨᠡᠨ ᠬᠦ᠌ ᠡᠯ᠎ᠡ ᠵᠦᠢᠯ᠎ᠦᠨ ᠠᠵᠢᠯ᠎ᠵᠢᠡᠨ ᠤᠯᠠᠮ ᠰᠠᠢᠲᠤᠷ ᠬᠢᠬᠦ᠌ ᠬᠦᠴᠦᠷᠬᠡᠭ ᠶᠡᠬᠡ ᠬᠥᠳᠡᠯᠭᠡᠬᠦ᠌ ᠬᠦᠴᠦ ᠪᠣᠯᠭᠠᠨ ᠬᠤᠪᠢᠷᠠᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠬᠠᠷᠠᠯᠲᠠ᠎ᠳᠤ ᠠᠩᠬᠠᠷᠤᠯ᠎ᠢᠶᠠᠨ ᠲᠥᠪᠯᠡᠷᠡᠭᠦᠯᠦᠨ ᠭᠦᠨᠵᠡᠭᠡᠢ ᠪᠠᠢᠴᠠᠭᠠᠨ ᠰᠤᠳᠤᠯᠤᠨ ᠵᠥᠪᠯᠡᠯᠭᠡ ᠬᠢᠵᠤ᠂ ᠢᠳᠡᠪᠬᠢᠲᠡᠶ᠎ᠪᠡᠷ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠳᠡᠪᠰᠢᠭᠦᠯᠵᠤ᠂ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠡᠷ ᠨᠢᠭ᠍ᠲᠠᠷᠠᠭᠤᠯᠵᠤ᠂ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠦᠶ᠋ᠯᠡᠳᠦᠯᠭᠡ ᠳᠤᠮᠳᠠ ᠤᠯᠤᠰ ᠲᠥᠷᠥ᠎ᠶ᠋ᠢᠨ ᠵᠥᠪᠯᠡᠯᠭᠡᠨ᠎ᠦ ᠵᠢᠳᠬᠦᠯ ᠴᠢᠷᠮᠠᠢᠯᠭ᠎ᠠ᠎ᠶ᠋ᠢ ᠢᠯᠡᠷᠡᠭᠦᠯᠵᠤ᠂ ᠤᠯᠤᠰ ᠲᠥᠷᠥ᠎ᠶ᠋ᠢᠨ ᠵᠥᠪᠯᠡᠯᠭᠡᠨ᠎ᠦ ᠬᠦᠴᠦᠨ ᠴᠢᠳᠠᠯ᠎ᠢᠶᠠᠨ ᠡᠷᠭᠦᠨ᠎ᠠ ᠭᠡᠵᠤ ᠢᠯᠡᠳᠭᠡᠵᠡᠭᠡᠵᠠᠢ᠃