ᠵᠠᠩ ᠶᠠᠨ ᠺᠦᠨ ᠤᠷᠤᠯᠴᠠᠵᠠᠢ
3 ᠰᠠᠷ᠎ᠠ᠎ᠶ᠋ᠢᠨ 6 ᠤ᠋ ᠦᠳᠡ᠎ᠶ᠋ᠢᠨ ᠬᠣᠢᠨ᠎ᠠ᠂ ᠥᠪᠥᠷ ᠮᠣᠩᠭᠣᠯ ᠳ᠋ᠤ ᠰᠠᠭᠤᠭ᠎ᠠ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠥᠪᠡᠷ ᠥᠪᠡᠷ᠎ᠦᠨ ᠡᠲᠡᠭᠡᠳ ᠢᠯᠭᠠᠯ᠎ᠤᠨ ᠳᠤᠭᠤᠢᠯᠠᠩ᠎ᠳᠠᠭᠠᠨ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭ᠌ᠵᠢᠯᠲᠡ᠎ᠶ᠋ᠢᠨ ᠠᠷᠪᠠᠨ ᠲᠠᠪᠤᠳᠤᠭᠠᠷ ᠲᠠᠪᠤᠨ ᠵᠢᠯ᠎ᠦᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠶ᠋ᠢᠨ ᠲᠥᠰᠦᠯ᠎ᠢ ᠶᠠᠷᠢᠯᠴᠠᠪᠠ᠃ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ ᠶᠠᠷᠢᠯᠴᠠᠯᠭ᠎ᠠ᠎ᠳᠤ ᠣᠷᠣᠯᠴᠠᠪᠠ᠃
ᠭᠡᠱᠢᠭᠦᠳ᠂《ᠠᠷᠪᠡᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭ᠎ᠠ ᠪᠣᠯ ᠮᠠᠨ᠎ᠤ ᠤᠯᠤᠰ᠎ᠤᠨ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠰᠠᠭᠤᠷᠢ᠎ᠶ᠋ᠢ ᠪᠡᠬᠢᠵᠢᠭᠦᠯᠬᠦ᠌᠂ ᠪᠥᠬᠥ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠂ ᠪᠠᠰᠠ ᠴᠤ᠌ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ᠂ ᠱᠢᠨ᠎ᠡ ᠵᠠᠮ᠎ᠢ ᠲᠦᠷᠭᠡᠳᠭᠡᠨ ᠨᠡᠭᠡᠭᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠶ᠋ᠢᠨ ᠲᠥᠰᠦᠯ᠎ᠳᠦ ᠢᠷᠡᠭᠡᠳᠦᠢ᠎ᠶ᠋ᠢᠨ ᠲᠠᠪᠤᠨ ᠵᠢᠯ᠎ᠦᠨ ᠤᠯᠤᠰ᠎ᠤᠨ ᠬᠥᠭ᠌ᠵᠢᠯᠲᠡ᠎ᠶ᠋ᠢᠨ ᠪᠠᠷᠢᠯᠭ᠎ᠠ᠎ᠶ᠋ᠢᠨ ᠵᠢᠷᠤᠭ᠂ ᠵᠠᠮ ᠱᠤᠭᠤᠮ ᠤ᠋ᠨ ᠵᠢᠷᠤᠭ᠎ᠢ ᠳᠤᠷᠠᠳᠤᠭ᠍ᠰᠠᠨ ᠪᠠᠢᠨ᠎ᠠ᠂ ᠮᠦᠨ ᠴᠤ᠌ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠳᠦ ᠤᠷᠤᠭ᠍ᠰᠢᠯᠠᠯᠲᠠ᠎ᠶ᠋ᠢᠨ ᠴᠢᠭ᠌ᠯᠡᠯ ᠪᠠ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ ᠬᠠᠩᠭᠠᠪᠠ᠂ ᠲᠥᠰᠦᠯ᠎ᠢ ᠪᠦᠷᠢᠮᠦᠰᠦᠨ ᠵᠥᠪᠱᠢᠶᠡᠷᠡᠵᠦ᠍ ᠪᠠᠢᠨ᠎ᠠ ᠭᠡᠵᠤ ᠰᠠᠨᠠᠯ ᠨᠢᠭᠡᠳᠠᠢ ᠢᠯᠡᠳᠭᠡᠵᠡᠭᠡᠪᠡ᠃
《ᠲᠥᠰᠦᠯ ᠨᠢ 〈ᠠᠷᠪᠠᠨ ᠲᠠᠪᠤᠳᠤᠭᠠᠷ ᠲᠠᠪᠤᠨ ᠵᠢᠯ〉 ᠤ᠋ᠨ ᠬᠤᠭᠤᠴᠠᠭᠠᠨ᠎ᠳ᠋ᠡᠬᠢ ᠮᠠᠨ᠎ᠤ ᠤᠯᠤᠰ᠎ᠤᠨ ᠢᠷᠡᠭᠡᠳᠦᠢ᠎ᠶ᠋ᠢᠨ ᠲᠠᠪᠤᠨ ᠵᠢᠯ᠎ᠳᠦ ᠪᠡᠶᠡᠯᠡᠭᠦᠯᠬᠦ᠌ ᠭᠣᠣᠯ ᠬᠠᠷᠠᠯᠲᠠ᠎ᠶ᠋ᠢ ᠨᠠᠷᠢᠯᠢᠭ᠍ᠵᠢᠭᠤᠯᠤᠨ ᠬᠡᠮᠵᠢᠶᠡᠵᠢᠭᠦᠯᠵᠦ᠍᠂ ᠡᠷᠴᠢ ᠵᠣᠷᠢᠭ᠎ᠢ ᠢᠯᠡᠷᠡᠭᠦᠯᠦᠭ᠌ᠰᠡᠨ ᠪᠥᠭᠡᠳ ᠪᠠᠰᠠ ᠢᠲᠡᠭᠡᠯ ᠵᠣᠷᠢᠭ᠎ᠢ ᠢᠯᠡᠷᠡᠭᠦᠯᠵᠦ᠍᠂ ᠢᠯᠠᠯᠳᠠ ᠵᠢᠨ ᠡᠷᠴᠢᠨ ᠲᠡᠭᠡᠷ᠎ᠠ ᠪᠡᠨ ᠤᠷᠤᠭ᠍ᠰᠢᠯᠠᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠬᠤ ᠪᠠᠰᠠ ᠨᠢᠭᠡ ᠤᠳᠠᠭ᠎ᠠ᠎ᠶ᠋ᠢᠨ ᠶᠡᠷᠦᠩᠬᠡᠢ ᠲᠠᠢ᠌ᠴᠢᠯᠠᠯᠳᠠ᠂ ᠶᠡᠷᠦᠩᠬᠡᠢ ᠪᠠᠢᠷᠢᠯᠠᠭᠤᠯᠤᠯᠲᠠ ᠪᠣᠯᠤᠨ᠎ᠠ》 ᠭᠡᠵᠦ᠍ ᠼᠤᠤ᠎ᠶ᠋ᠢᠨ ᠱᠠᠨ ᠭᠡᠰᠢᠬᠦᠨ ᠬᠡᠯᠡᠪᠡ᠃
ᠳ᠋ᠦ᠋ ᠮᠢᠩ ᠶᠠᠨ ᠭᠡᠱᠢᠭᠦᠨ᠂ ᠬᠢᠯᠢ᠎ᠶ᠋ᠢᠨ ᠪᠣᠭᠣᠮᠲᠠ᠎ᠶ᠋ᠢᠨ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠳᠤ ᠰᠠᠭᠤᠷᠢᠯᠠᠵᠤ᠂ ᠠᠵᠤ ᠦᠢᠯᠡᠰ᠎ᠦᠨ ᠲᠡᠰ ᠳᠡᠪᠱᠢᠬᠦ᠌᠂ ᠠᠮᠢ ᠠᠬᠤᠢ᠎ᠶ᠋ᠢ ᠬᠠᠮᠠᠭᠠᠯᠠᠬᠤ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠵᠡᠷᠭᠡ ᠵᠠᠩᠭᠢᠯᠠᠭ᠎ᠠ᠎ᠶ᠋ᠢᠨ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠦᠨᠳᠦᠰᠦᠨ ᠱᠠᠲᠤᠨ᠎ᠳᠤ ᠭᠦᠨᠵᠡᠭᠡᠢᠷᠡᠨ ᠪᠠᠢᠴᠠᠭᠠᠨ ᠰᠤᠳᠤᠯᠵᠤ᠂ ᠤᠨᠢᠨ ᠳᠡᠭᠡᠷ᠎ᠡ ᠨᠢ ᠰᠠᠨᠠᠯ ᠵᠦᠪᠯᠡᠯᠭᠡ ᠲᠤᠷᠠᠳᠤᠨ ᠠᠷᠭ᠎ᠠ ᠤᠬᠠᠭᠠᠨ ᠲᠡᠪᠰᠢᠬᠦᠯᠤᠨ᠎ᠠ᠃ ᠣᠷᠣᠨ ᠪᠦᠰᠡ᠎ᠶ᠋ᠢᠨ ᠣᠨᠴᠠᠯᠢᠭ᠎ᠤᠨ ᠳᠠᠪᠠᠭᠤᠯᠢᠭ᠎ᠲᠠᠶ ᠨᠢᠭ᠍ᠲᠠ ᠤᠶᠠᠯᠳᠤᠭᠤᠯᠤᠨ᠂ ᠰᠣᠶᠣᠯ ᠵᠢᠭᠤᠯᠴᠢᠯᠠᠯ᠎ᠤᠨ ᠠᠭᠤᠰᠤᠯᠴᠠᠯ᠂ ᠰᠠᠭᠤᠷᠢ ᠲᠥᠬᠥᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠤᠯᠠᠨ ᠲᠦᠮᠡᠨ᠎ᠦ ᠪᠠᠴᠢᠮᠳᠡᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠤᠳᠠᠯ᠎ᠢ ᠰᠡᠳᠭᠢᠯ ᠲᠠᠯᠪᠢᠨ ᠬᠠᠢᠷ᠎ᠠ ᠰᠡᠳᠬᠢᠯᠭᠡ ᠲᠠᠢ ᠪᠡᠷ ᠱᠢᠢᠳᠪᠦᠷᠢᠯᠡᠵᠦ᠍᠂ ᠳᠡᠭᠡᠳᠦ ᠬᠡᠮᠵᠢᠶᠡᠨ᠎ᠦ ᠤᠯᠤᠰ ᠲᠦᠷᠦ᠍᠎ᠶ᠋ᠢᠨ ᠬᠠᠷᠢᠭᠤᠴᠠᠯᠭᠠᠲᠤ ᠰᠡᠳᠭᠢᠯᠭᠡ᠎ᠪᠡᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠨ᠂ ᠡᠯ᠎ᠡ ᠡᠲᠡᠭᠡᠳ᠎ᠦᠨ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠡᠷ ᠨᠢᠭ᠍ᠲᠠᠷᠠᠭᠤᠯᠵᠤ᠂ ᠲᠥᠯᠥᠪᠵᠢᠭᠦᠯᠭᠡ᠎ᠶ᠋ᠢᠨ ᠵᠢᠷᠤᠭ ᠲᠥᠰᠦᠪ᠎ᠢ ᠬᠥᠭ᠌ᠵᠢᠯᠲᠡ᠎ᠶ᠋ᠢᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠤᠨ᠎ᠠ ᠭᠡᠵᠤ ᠢᠯᠡᠳᠭᠡᠪᠡ᠃
ᠭᠡᠱᠢᠭᠦᠳ᠂ ᠨᠠᠮ ᠪᠣᠯᠤᠨ ᠤᠯᠤᠰ᠎ᠤᠨ ᠭᠤᠤᠯ ᠡᠭᠦᠷᠭᠡ᠎ᠶ᠋ᠢᠨ ᠲᠣᠭᠣᠷᠢᠨ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠭᠦᠨᠵᠡᠭᠡᠶ ᠵᠥᠪᠯᠡᠯᠭᠡ ᠬᠢᠵᠦ᠍ ᠵᠠᠰᠠᠭ ᠤ᠋ᠨ ᠶᠠᠪᠤᠳᠠᠯ᠎ᠢ ᠵᠥᠪᠯᠡᠵᠦ᠍᠂ ᠠᠷᠠᠳᠴᠢᠯᠠᠯ᠎ᠢᠶᠠᠷ ᠬᠢᠨᠠᠯᠲᠠ ᠲᠠᠯᠪᠢᠬᠤ᠎ᠶ᠋ᠢ ᠥᠷᠨᠢᠭᠦᠯᠵᠦ᠍᠂ 《ᠠᠷᠪᠠᠨ ᠲᠠᠪᠤᠳᠤᠭᠠᠷ ᠲᠠᠪᠤᠨ ᠵᠢᠯ》 ᠢ᠋ ᠰᠠᠢᠲᠤᠷ ᠡᠬᠢᠯᠡᠭᠦᠯᠵᠤ᠂ ᠠᠨᠭᠬᠠᠨ ᠤ᠋ ᠠᠯᠬᠤᠮ ᠢ᠋ ᠰᠠᠢᠳᠤᠷ ᠠᠯᠬᠤᠬᠤ ᠳ᠋ᠤ ᠣᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠵᠦ᠍᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠪᠣᠳᠠᠲᠤ ᠠᠵᠢᠯᠯᠠᠭ᠎ᠠ᠎ᠪᠠᠷ᠎ᠢᠶᠠᠨ 《ᠬᠣᠶᠠᠷ᠎ᠢ ᠲᠣᠭ᠍ᠲᠠᠭᠠᠬᠰᠡᠨ》 ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠦᠨ᠎ᠡ ᠭᠡᠵᠦ᠍ ᠢᠯᠡᠳᠭᠡᠵᠡᠭᠡᠪᠡ᠃
ᠥᠪᠥᠷ ᠮᠣᠩᠭᠣᠯ᠎ᠳ᠋ᠤ ᠰᠠᠭᠤᠭ᠎ᠠ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠪᠠᠢ ᠴᠢᠩ ᠶᠤᠸᠠᠨ᠂ ᠬᠦᠦᠳᠠᠭᠤᠯᠠ᠂ ᠰᠦᠨ ᠵᠢᠶᠦ᠋ᠨ ᠴᠢᠩ᠂ ᠠᠨ ᠷᠦᠨ ᠱᠧᠩ᠂ ᠵᠢᠨ ᠵᠤᠸᠠᠩ ᠂ ᠢᠦᠢ ᠷᠧᠨ ᠵᠢᠶᠧ᠎ᠨᠡᠷ ᠲᠤᠰ ᠲᠤᠰ ᠦᠪᠡᠷ ᠤ᠋ᠨ ᠪᠠᠢᠭ᠎ᠠ ᠳᠤᠭᠤᠢᠯᠠᠩ᠎ᠤᠨ ᠶᠠᠷᠢᠯᠴᠠᠬᠤ᠎ᠳᠤ ᠣᠷᠣᠯᠴᠠᠪᠠ᠃