—— ᠶᠡᠷᠦᠩᠬᠡᠶ ᠱᠦᠵᠢ ᠰᠢ ᠵᠢᠨ ᠫᠢᠩ᠎ᠦᠨ ᠤᠯᠤᠰ ᠲᠥᠷᠥ᠎ᠶ᠋ᠢᠨ ᠵᠥᠪᠯᠡᠯᠭᠡᠨ᠎ᠦ ᠳᠤᠭᠤᠢᠯᠠᠩ ᠬᠠᠮᠲᠤᠷᠠᠭ᠍ᠰᠠᠨ ᠬᠤᠷᠠᠯ ᠳᠡᠭᠡᠷᠡᠬᠢ ᠴᠢᠬᠤᠯᠠ ᠶᠠᠷᠢᠶ᠎ᠠ ᠥᠪᠥᠷ ᠮᠣᠩᠭᠣᠯ᠎ᠳᠤ ᠬᠠᠯᠠᠭᠤᠨ ᠲᠤᠰᠭᠠᠯ ᠭᠠᠷᠪᠠ
3 ᠰᠠᠷ᠎ᠠ᠎ᠶ᠋ᠢᠨ 6 ᠤ᠋ ᠡᠳᠦᠷ᠎ᠦᠨ ᠦᠳᠡ᠎ᠶ᠋ᠢᠨ ᠬᠣᠢᠨ᠎ᠠ᠂ ᠶᠡᠷᠦᠩᠬᠡᠶ ᠱᠦᠵᠢ ᠰᠢ ᠵᠢᠨ ᠫᠢᠩ᠎ᠤᠨ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠣᠷᠢᠶ᠎ᠠ᠎ᠶ᠋ᠢᠨ ᠳᠥᠷᠪᠡᠳᠦᠭᠡᠷ ᠬᠤᠷᠠᠯ᠎ᠳᠤ ᠣᠷᠣᠯᠴᠠᠵᠤ ᠪᠠᠢᠭ᠎ᠠ ᠲᠠᠷᠢᠶᠠᠴᠢᠨ ᠠᠵᠢᠯᠴᠢᠨ᠎ᠤ ᠠᠷᠠᠳᠴᠢᠯᠠᠭᠰᠠᠨ ᠨᠠᠮ᠂ 《9·3》 ᠤ᠋ ᠡᠷᠳᠡᠮ ᠱᠢᠨᠵᠢᠯᠡᠭᠡᠨ᠎ᠦ ᠨᠡᠢᠭᠡᠮᠯᠢᠭ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠡᠲᠡᠭᠡᠳ᠂ ᠨᠡᠢᠭᠡᠮ᠎ᠦᠨ ᠠᠰᠠᠷᠠᠮᠵᠢ ᠪᠤᠯᠤᠨ ᠨᠡᠢᠭᠡᠮ᠎ᠦᠨ ᠪᠠᠲᠤᠯᠠᠭ᠎ᠠ᠎ᠶ᠋ᠢᠨ ᠡᠲᠡᠭᠡᠳ᠎ᠦᠨ ᠭᠡᠱᠢᠭᠦᠳ᠎ᠢ ᠡᠷᠬᠢᠨ ᠦᠵᠡᠬᠦ᠌᠎ᠶ᠋ᠢᠨ ᠬᠠᠮᠲᠤ ᠳᠤᠭᠤᠢᠯᠠᠩᠬᠠᠮᠲᠤᠷᠠᠭ᠍ᠰᠠᠨ ᠬᠤᠷᠠᠯ᠎ᠳᠤ ᠣᠷᠣᠯᠴᠠᠬᠤ ᠦᠶ᠎ᠡ᠎ᠳᠦ ᠲᠠᠯᠪᠢᠭ᠍ᠰᠠᠨ ᠴᠢᠬᠤᠯᠠ ᠶᠠᠷᠢᠶ᠎ᠠ ᠥᠪᠥᠷ ᠮᠣᠩᠭᠣᠯ᠎ᠤᠨ ᠥᠷᠭᠡᠨ ᠣᠯᠠᠨ ᠺᠠᠳ᠋ᠷ ᠣᠯᠠᠨ ᠲᠦᠮᠡᠨ᠎ᠦ ᠳᠤᠮᠳᠠ ᠬᠠᠯᠠᠭᠤᠨ ᠲᠤᠰᠭᠠᠯ ᠭᠠᠷᠪᠠ᠃ ᠣᠯᠠᠨ᠎ᠢᠶᠠᠷ᠎ᠢᠶᠠᠨ᠂ ᠳᠠᠪᠠᠭᠤᠯᠢᠭ᠎ᠢᠶᠠᠨ ᠪᠠᠳᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠡᠷᠡᠭᠦᠯ ᠡᠩᠬᠡ ᠳᠤᠮᠳᠠᠳᠤ ᠤᠯᠤᠰ᠎ᠢ ᠪᠠᠢᠭᠤᠯᠬᠤ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠨᠡᠮᠡᠭ᠌ᠳᠡᠭᠦᠯᠬᠦ᠌ ᠠᠮᠢᠳᠤᠯᠢᠭ ᠦᠶ᠋ᠯᠡᠳᠦᠯᠭᠡ᠎ᠳᠦ ᠤᠬᠠᠮᠰᠠᠷ᠎ᠡᠴᠡ᠎ᠪᠠᠨ ᠣᠷᠣᠯᠴᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢ ᠰᠠᠢᠲᠤᠷ ᠡᠬᠢᠯᠡᠭᠦᠯᠬᠦ᠌᠎ᠳᠦ ᠢᠳᠡᠪᠬᠢᠲᠡᠶ ᠬᠤᠪᠢ ᠨᠡᠮᠡᠷᠢ ᠦᠵᠡᠭᠦᠯᠦᠨ᠎ᠡ ᠭᠡᠵᠦ᠍ ᠢᠯᠡᠳᠭᠡᠵᠡᠭᠡᠪᠡ᠃
ᠣᠯᠠᠨ ᠡᠱᠢᠲᠦ ᠬᠡᠷᠡᠭ᠌ᠴᠡᠭᠡ᠎ᠳᠦ ᠬᠠᠷᠢᠭᠤᠯᠲᠠ ᠥᠭ᠌ᠴᠦ ᠠᠷᠠᠳ᠎ᠤᠨ ᠠᠮᠢᠳᠤᠷᠠᠯ᠎ᠤᠨ ᠪᠤᠶᠠᠨ ᠵᠢᠷᠭᠠᠯ᠎ᠢ ᠦᠷᠭᠦᠯᠵᠢᠯᠡᠨ ᠨᠡᠮᠡᠭ᠌ᠳᠡᠭᠦᠯᠦᠨ᠎ᠡ
ᠶᠡᠷᠦᠩᠬᠡᠶ ᠱᠦᠵᠢ ᠰᠢ ᠵᠢᠨ ᠫᠢᠩ᠂ ᠠᠷᠠᠳ ᠣᠯᠠᠨ᠎ᠤ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠣᠯᠠᠨ ᠡᠱᠢᠵᠢᠭ᠌ᠰᠡᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠬᠡᠷᠡᠭ᠌ᠴᠡᠭᠡ ᠱᠠᠭᠠᠷᠳᠠᠯᠭ᠎ᠠ᠎ᠶ᠋ᠢᠨ ᠡᠮᠦᠨ᠎ᠡ ᠡᠷᠬᠡᠪᠰᠢ ᠭᠤᠤᠯᠳᠠᠯᠭ᠎ᠠ᠎ᠪᠠᠨ ᠳᠣᠪᠣᠢᠯᠭᠠᠵᠤ᠂ ᠠᠱᠢᠭ ᠬᠦᠷᠲᠡᠭᠡᠬᠦ᠌ ᠬᠡᠪᠴᠢᠶ᠎ᠡ᠎ᠪᠡᠷ ᠥᠷᠭᠡᠨ᠂ ᠪᠥᠬᠥ᠌ ᠲᠠᠯ᠎ᠠ᠎ᠶ᠋ᠢ ᠨᠥᠯᠥᠭᠡᠯᠡᠬᠦ᠌ ᠲᠡᠳᠡᠭᠡᠷ ᠠᠵᠢᠯ᠎ᠤᠳ᠎ᠢ ᠴᠢᠩᠭ᠎ᠠ ᠠᠳᠭᠤᠵᠤ᠂ ᠣᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠱᠢᠰᠲ᠋ᠧᠮ᠎ᠢ ᠪᠦᠷᠢᠨᠱᠢᠬᠦᠯᠬᠦ᠌᠂ ᠴᠢᠨᠠᠷ ᠰᠠᠢᠲᠠᠶ ᠥᠨᠳᠥᠷ ᠦᠷ᠎ᠡ ᠪᠦᠲᠦᠮᠵᠢᠲᠡᠶ ᠡᠮᠴᠢᠯᠡᠭᠡᠨ᠎ᠦ ᠦᠶ᠋ᠯᠡᠴᠢᠯᠡᠭᠡ᠎ᠶ᠋ᠢᠨ ᠱᠢᠰᠲ᠋ᠧᠮ᠎ᠢ ᠪᠠᠢᠭᠤᠯᠬᠤ᠂ ᠡᠷᠡᠭᠦᠯ ᠪᠦᠭᠡᠳ ᠪᠣᠯᠪᠠᠰᠤᠨ ᠠᠮᠢᠳᠤᠷᠠᠯ᠎ᠤᠨ ᠠᠷᠭ᠎ᠠ ᠮᠠᠶᠢᠭ᠎ᠢ ᠰᠠᠨᠠᠭᠠᠴᠢᠯᠠᠬᠤ ᠵᠡᠷᠭᠡ ᠲᠠᠯ᠎ᠠ᠎ᠪᠠᠷ ᠬᠦᠴᠦ᠍ ᠬᠦᠳᠡᠯᠮᠤᠷᠢ ᠬᠢᠭᠡᠳ ᠡᠬᠢ ᠪᠠᠶᠠᠯᠢᠭ᠎ᠢᠶᠠᠨ ᠲᠥᠪᠯᠡᠷᠡᠭᠦᠯᠬᠦ ᠮᠦᠷᠳᠡᠭᠡᠨ ᠪᠦᠲᠦᠮᠵᠢᠲᠡᠶ ᠠᠷᠭ᠎ᠠ ᠬᠡᠮᠵᠢᠶ᠎ᠡ ᠪᠡᠷ ᠤᠷᠤᠬᠰᠢ ᠠᠬᠢᠭᠤᠯᠵᠤ᠂ ᠲᠠᠰᠤᠷᠠᠯᠲᠠ ᠥᠬᠡᠶ ᠱᠢᠨ᠎ᠡ ᠦᠷ᠎ᠡ ᠪᠦᠲᠦᠮᠵᠢ ᠤᠯᠬᠤ ᠬᠡᠷᠡᠭ᠌ᠲᠡᠶ ᠭᠡᠵᠦ᠍ ᠵᠢᠭᠠᠵᠤ ᠭᠠᠷᠭᠠᠪᠠ᠃
《ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶ᠎ᠠ ᠠᠷᠠᠳ ᠲᠦᠮᠡᠨ᠎ᠦ ᠲᠥᠯᠥᠭᠡ ᠭᠡᠬᠦ᠌ ᠭᠦᠨ ᠵᠤᠵᠠᠭᠠᠨ ᠬᠠᠢᠷ᠎ᠠ ᠰᠡᠳᠭᠢᠯᠭᠡ᠎ᠶ᠋ᠢ ᠢᠯᠡᠷᠡᠭᠦᠯᠵᠦ᠍᠂ ᠡᠷᠡᠭᠦᠯ ᠡᠩᠬᠡ ᠳᠤᠮᠳᠠᠳᠤ ᠤᠯᠤᠰ᠎ᠢ ᠪᠠᠢᠭᠤᠯᠬᠤ᠎ᠳᠤ ᠤᠷᠤᠭ᠍ᠰᠢᠯᠠᠬᠤ ᠴᠢᠭ᠌ᠯᠡᠯ᠎ᠢ ᠲᠣᠳᠣᠷᠬᠠᠢ ᠵᠢᠭᠠᠵᠤ ᠥᠭ᠌ᠴᠡᠢ》 ᠬᠡᠵᠦ ᠳᠤᠮᠳᠠᠳᠤ ᠤᠯᠤᠰ᠎ᠤᠨ ᠲᠠᠷᠢᠶᠠᠴᠢᠨ ᠠᠵᠢᠯᠴᠢᠨ᠎ᠤ ᠠᠷᠠᠳᠴᠢᠯᠠᠭ᠍ᠰᠠᠨ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠷᠢᠶ᠎ᠠ ᠵᠢᠨ ᠡᠷᠬᠢᠯᠡᠭ᠌ᠴᠢ ᠭᠡᠱᠢᠭᠦᠨ ᠯᠢ ᠶᠠᠨ ᠷᠦ᠋ ᠬᠡᠯᠡᠯ᠎ᠠ᠃ ᠲᠡᠷᠡᠪᠡᠷ ᠳᠤᠮᠳᠠᠳᠤ ᠤᠯᠤᠰ᠎ᠤᠨ ᠲᠠᠷᠢᠶᠠᠴᠢᠨ ᠠᠵᠢᠯᠴᠢᠨ᠎ᠤ ᠠᠷᠠᠳᠴᠢᠯᠠᠭ᠍ᠰᠠᠨ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠢ᠎ᠠ ᠵᠢᠨ ᠬᠢᠨ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠰᠤᠷᠤᠯᠴᠠᠨ ᠲᠤᠭᠤᠱᠢᠯᠠᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠭᠣᠣᠯ ᠴᠣᠭ᠍ᠴᠠ᠎ᠶ᠋ᠢᠨ ᠡᠲᠡᠭᠡᠳ ᠢᠯᠭᠠᠯ᠎ᠤᠨ ᠳᠠᠪᠠᠭᠤᠯᠢᠭ᠎ᠲᠤ ᠦᠷᠭᠦᠯᠵᠢᠯᠡᠨ ᠰᠠᠭᠤᠷᠢᠯᠠᠵᠤ᠂ ᠡᠷᠡᠭᠦᠯ ᠡᠩᠬᠡ ᠥᠪᠥᠷ ᠮᠣᠩᠭᠣᠯ᠎ᠤᠨ ᠪᠠᠢᠭᠤᠯᠤᠯᠲᠠ᠎ᠳᠤ ᠬᠦᠴᠦᠨ ᠨᠡᠮᠡᠷᠢᠯᠡᠵᠦ᠍᠂ ᠦᠨᠳᠦᠰᠦᠨ ᠤᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠦᠢᠯᠡᠴᠢᠯᠡᠭᠡ᠎ᠶ᠋ᠢ ᠳᠡᠩᠴᠡᠬᠦᠷᠢᠱᠢᠬᠦᠯᠬᠦ᠌ ᠵᠢ ᠠᠬᠢᠭᠤᠯᠬᠤ᠂ ᠡᠮ ᠡᠮᠨᠡᠯᠭᠡ ᠰᠤᠷᠭᠠᠨ ᠬᠥᠮᠦᠵᠢᠯ᠎ᠦᠨ ᠬᠠᠮᠵᠢᠯᠴᠠᠭ᠎ᠠ᠎ᠶ᠋ᠢ ᠭᠦᠨᠵᠡᠭᠡᠢᠷᠡᠭᠦᠯᠬᠦ᠌᠂ ᠪᠦᠬᠦ᠌ ᠠᠷᠠᠳ᠎ᠤᠨ ᠡᠷᠡᠭᠦᠯ ᠮᠡᠨᠳᠦ᠍᠎ᠶ᠋ᠢᠨ ᠲᠣᠭᠠᠴᠢᠯᠠᠭ᠍ᠰᠠᠨ ᠤᠶᠤᠨᠴᠢᠯᠠᠭᠰᠠᠨ ᠪᠠᠢᠭᠤᠯᠤᠯᠲᠠ ᠵᠢ ᠲᠦᠷᠭᠡᠳᠭᠡᠬᠦ ᠵᠡᠷᠭᠡ ᠲᠠᠯ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍ ᠭᠦᠨᠵᠡᠭᠡᠢ ᠪᠠᠢᠴᠠᠭᠠᠨ ᠰᠤᠳᠤᠯᠤᠯᠲᠠ ᠬᠢᠵᠦ᠍᠂ ᠢᠳᠡᠪᠬᠢᠲᠡᠢ᠎ᠪᠡᠷ ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠵᠤ᠂ ᠠᠷᠠᠳ ᠲᠦᠮᠡᠨ᠎ᠦ ᠡᠷᠡᠭᠦᠯ ᠮᠡᠨᠳᠦ ᠪᠤᠶᠠᠨ ᠵᠢᠷᠭᠠᠯ᠎ᠢ ᠨᠡᠮᠡᠭ᠌ᠳᠡᠭᠦᠯᠬᠦ᠌᠎ᠳᠦ ᠱᠢᠨ᠎ᠡ ᠬᠤᠪᠢ ᠨᠡᠮᠡᠷᠢ ᠦᠵᠡᠭᠦᠯᠤᠨ᠎ᠠ ᠬᠡᠵᠦ ᠢᠯᠡᠳᠭᠡᠪᠡ᠃
ᠠᠷᠠᠳ ᠲᠦᠮᠡᠨ᠎ᠦ ᠡᠷᠡᠭᠦᠯ ᠮᠡᠨᠳᠦ ᠪᠣᠯ ᠠᠷᠠᠳ᠎ᠤᠨ ᠠᠮᠢᠳᠤᠷᠠᠯ᠎ᠤᠨ ᠰᠠᠭᠤᠷᠢ᠂ ᠵᠣᠯ ᠵᠢᠷᠭᠠᠯ᠎ᠤᠨ ᠦᠨᠳᠦᠰᠦ ᠮᠥᠨ᠃ 《 ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ᠎ᠢ ᠤᠨᠳᠤᠤᠱᠢᠭᠤᠯᠤᠨ ᠬᠡᠷᠡᠭ᠌ᠯᠡᠬᠦ᠌᠎ᠶ᠋ᠢ ᠠᠬᠢᠭᠤᠯᠬᠤ᠂ ᠪᠥᠬᠥ᠌ ᠠᠷᠠᠳ᠎ᠤᠨ ᠡᠷᠡᠭᠦᠯ ᠮᠡᠨᠳᠦ᠍᠎ᠶ᠋ᠢᠨ ᠲᠣᠭᠠᠴᠢᠯᠠᠯᠳᠠ ᠤᠶᠤᠨᠴᠢᠯᠠᠯᠳᠠ ᠵᠢᠨ ᠪᠠᠢᠭᠤᠯᠤᠯᠲᠠ᠎ᠶ᠋ᠢ ᠠᠬᠢᠭᠤᠯᠬᠤ ᠵᠡᠷᠭᠡ ᠠᠭᠤᠯᠭ᠎ᠠ᠎ᠶ᠋ᠢᠨ ᠲᠣᠭᠣᠷᠢᠨ᠎ᠳᠤ 〈9·3〉 ᠤ᠋ ᠡᠷᠳᠡᠮ ᠱᠢᠨᠵᠢᠯᠡᠭᠡᠨ᠎ᠦ ᠨᠡᠢᠭᠡᠮᠯᠢᠭ᠎ᠦᠨ ᠪᠤᠭᠤᠲᠤ ᠬᠣᠲᠠ᠎ᠶ᠋ᠢᠨ ᠬᠣᠷᠢᠶ᠎ᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠪᠠ ᠡᠮᠴᠢᠯᠡᠭᠡᠨ᠎ᠦ ᠡᠲᠡᠭᠡᠳ᠎ᠦᠨ ᠭᠡᠱᠢᠭᠦᠳ᠎ᠢ ᠳᠠᠭᠠᠭᠤᠯᠤᠨ ᠢᠳᠡᠪᠬᠢᠲᠡᠶ ᠰᠦᠪᠡᠭ᠌ᠴᠢᠯᠡᠭ᠌ᠰᠡᠨ ᠪᠥᠭᠡᠳ ᠵᠣᠬᠢᠬᠤ ᠦᠷ᠎ᠡ ᠪᠦᠲᠦᠮᠵᠢ ᠤᠯᠪᠠ》 ᠬᠡᠵᠦ ᠪᠤᠭᠤᠲᠤ ᠬᠣᠲᠠ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ ᠵᠢᠨ ᠳᠡᠳ᠋ ᠡᠷᠬᠢᠯᠡᠭ᠌ᠴᠢ᠂ 《9·3》 ᠤ᠋ ᠡᠷᠳᠡᠮ ᠱᠢᠨᠵᠢᠯᠡᠭᠡᠨ᠎ᠦ ᠨᠡᠢᠭᠡᠮᠯᠢᠭ᠎ᠦᠨ ᠪᠤᠭᠤᠲᠤ ᠬᠣᠲᠠ᠎ᠶ᠋ᠢᠨ ᠬᠤᠷᠢᠶ᠎ᠠ ᠵᠢᠨ ᠡᠷᠬᠢᠯᠡᠭ᠌ᠴᠢ ᠭᠡᠱᠢᠭᠦᠨ ᠾᠧᠦ ᡁᠢ ᠱᠢᠤᠸᠠᠢ ᠬᠡᠯᠡᠪᠡ᠃ ᠲᠡᠷᠡᠪᠡᠷ ᠬᠣᠢᠱᠢᠳᠠ ᠥᠷᠭᠡᠨ ᠣᠯᠠᠨ ᠭᠡᠱᠢᠭᠦᠳᠢ᠋ᠢᠡᠨ ᠢᠳᠡᠪᠬᠢᠲᠡᠶ ᠬᠦᠳᠦᠯᠦᠨ ᠳᠠᠭᠠᠭᠤᠯᠵᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ ᠬᠢᠭᠡᠳ ᠡᠮᠴᠢᠯᠡᠭᠡᠨ᠎ᠦ ᠦᠶ᠋ᠯᠡᠳᠦᠯᠭᠡ᠎ᠶ᠋ᠢᠨ ᠭᠦᠨᠵᠡᠭᠡᠶ ᠠᠭᠤᠰᠤᠯᠴᠠᠯ ᠵᠡᠷᠭᠡ ᠬᠤᠯᠪᠤᠭᠳᠠᠯ ᠪᠥᠬᠥᠶ ᠠᠵᠢᠯ᠎ᠢ ᠭᠦᠨᠵᠡᠭᠡᠢ ᠦᠷᠨᠢᠭᠦᠯᠵᠤ᠂ ᠠᠨᠠᠭᠠᠬᠤ ᠤᠬᠠᠭᠠᠨ᠎ᠤ ᠮᠡᠷᠭᠡᠵᠢᠯ᠎ᠦᠨ ᠨᠣᠶᠠᠨ ᠣᠷᠭᠢᠯ᠎ᠳᠤ ᠲᠠᠰᠤᠷᠠᠯᠲᠠ ᠥᠬᠡᠶ ᠭᠠᠷᠬᠤ᠎ᠳᠤ ᠬᠦᠴᠦᠨ ᠨᠡᠮᠡᠷᠢᠯᠡᠵᠦ᠍᠂ ᠠᠷᠠᠳ ᠣᠯᠠᠨ᠎ᠤ ᠡᠷᠡᠭᠦᠯ ᠮᠡᠨᠳᠦ᠍᠎ᠶ᠋ᠢᠨ ᠬᠦᠷᠲᠡᠮᠵᠢ᠎ᠶ᠋ᠢᠨ ᠲᠥᠷᠥᠭ᠌ᠳᠡᠯ᠎ᠢ ᠳᠡᠭᠡᠭ᠌ᠰᠢᠯᠡᠭᠦᠯᠬᠦ᠌᠎ᠳᠦ 《9·3》 ᠤ᠋ ᠡᠷᠳᠡᠮ ᠱᠢᠨᠵᠢᠯᠡᠭᠡᠨ᠎ᠦ ᠨᠡᠢᠭᠡᠮᠯᠢᠭ᠎ᠦᠨ ᠬᠦᠴᠦᠨ ᠴᠢᠳᠠᠯ᠎ᠢᠶᠠᠨ ᠡᠷᠭᠦᠨ᠎ᠡ ᠭᠡᠵᠤ ᠢᠯᠡᠳᠭᠡᠪᠡ᠃
ᠬᠥᠬᠡᠬᠣᠲᠠ᠎ᠶ᠋ᠢᠨ ᠬᠡᠦᠬᠡᠳ᠎ᠦᠨ ᠠᠰᠠᠷᠠᠮᠵᠢ᠎ᠶ᠋ᠢᠨ ᠬᠦᠷᠢᠶᠡᠯᠡᠩ᠎ᠦᠨ ᠳᠠᠷᠤᠭ᠎ᠠ ᠮᠢ ᠬᠣᠩ ᠷᠦᠢ᠂ ᠣᠢᠷ᠎ᠠ᠎ᠶ᠋ᠢᠨ ᠵᠢᠯ᠎ᠳᠦ ᠮᠠᠨ ᠤ᠋ ᠬᠦᠷᠢᠶᠡᠯᠡᠩ ᠲᠤᠰᠭᠠᠶ ᠮᠡᠷᠭᠡᠵᠢᠯ᠎ᠦᠨ ᠴᠢᠳᠠᠮᠵᠢ ᠪᠠᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ 《ᠭᠠᠭᠴᠠᠭᠠᠷᠳᠠᠯ ᠬᠡᠮ ᠲᠡᠶ ᠬᠡᠦᠬᠡᠳ᠎ᠦᠨ ᠡᠷᠡᠭᠦᠯᠵᠢᠯ᠎ᠦᠨ ᠦᠷᠦᠭᠡ》ᠵᠢ ᠪᠦᠲᠦᠭᠡᠨ ᠪᠠᠢᠭᠤᠯᠵᠤ᠂ 《ᠪᠠᠢᠭᠤᠯᠤᠮᠵᠢ + ᠨᠡᠢᠭᠡᠮ ᠲᠣᠭᠣᠷᠢᠭ + ᠬᠡᠷ ᠪᠦᠯᠢ》 ᠭᠤᠷᠪᠠ ᠵᠢ ᠨᠢᠭᠡ ᠴᠣᠭ᠍ᠴᠠᠵᠢᠭᠤᠯᠤᠭ᠍ᠰᠠᠨ ᠦᠶ᠋ᠯᠡᠴᠢᠯᠡᠭᠡᠨ᠎ᠦ ᠲᠤᠤᠷ᠎ᠢ ᠪᠠᠢᠭᠤᠯᠵᠤ᠂ ᠬᠦᠴᠢᠷᠳᠡᠯ᠎ᠳᠦ ᠲᠤᠯᠭᠠᠷᠠᠭ᠍ᠰᠠᠨ ᠬᠡᠦᠬᠡᠳ᠎ᠲᠦ ᠱᠢᠰᠲ᠋ᠧᠮ᠎ᠲᠡᠶ ᠡᠷᠡᠭᠦᠯᠵᠢᠯ᠎ᠦᠨ ᠦᠶ᠋ᠯᠡᠴᠢᠯᠡᠭᠡ ᠬᠠᠩᠭᠠᠪᠠ ᠭᠡᠵᠡᠶ᠃ ᠮᠢ ᠬᠣᠩ ᠷᠦᠢ᠄ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠬᠤᠭᠤᠴᠠᠭᠠᠨ᠎ᠳᠤ᠂ ᠬᠦᠴᠢᠷᠳᠡᠯ᠎ᠳᠦ ᠲᠤᠯᠭᠠᠷᠠᠭ᠍ᠰᠠᠨ ᠬᠡᠦᠬᠡᠳ᠎ᠦᠨ ᠪᠥᠬᠥ᠌ ᠦᠶᠡᠯᠡᠯ᠎ᠦᠨ ᠪᠠᠲᠤᠯᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠰᠤᠷᠭᠠᠨ ᠬᠥᠮᠦᠵᠢᠬᠦᠯᠵᠤ ᠡᠷᠡᠭᠦᠯᠵᠢᠭᠦᠯᠬᠦ ᠵᠢ ᠴᠢᠩᠭᠠᠳᠭᠠᠨ᠂ ᠬᠡᠷ᠎ᠲᠦᠨᠢ ᠬᠦᠷᠴᠦ᠍ ᠦᠶ᠋ᠯᠡᠴᠢᠯᠡᠬᠦ᠌ ᠠᠵᠢᠯ ᠢ᠋ ᠱᠢᠯᠢᠳᠡᠭ᠌ᠵᠢᠭᠦᠯᠵᠦ᠍᠂ ᠦᠨᠳᠦᠰᠦᠨ ᠵᠦᠶ᠋ᠯ᠎ᠢ ᠪᠠᠲᠤᠯᠠᠨ ᠲᠥᠪᠬᠢᠨᠡᠭᠦᠯᠬᠦ᠌ ᠠᠵᠢᠯ᠎ᠢ ᠪᠣᠳᠠᠲᠠᠶ ᠬᠢᠵᠦ᠍᠂ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠶ᠋ᠯᠡᠴᠢᠯᠡᠭᠡ᠎ᠶ᠋ᠢ ᠲᠦᠷᠭᠡᠳᠭᠡᠨ᠂ ᠲᠤᠰᠭᠠᠶ ᠮᠡᠷᠭᠡᠵᠢᠯ᠎ᠢᠶᠡᠷ ᠲᠤᠯᠭᠠᠭᠤᠷᠢᠯᠠᠬᠤ ᠪᠠ ᠰᠡᠳᠭᠢᠯ᠎ᠢ ᠳᠤᠯᠠᠭᠠᠴᠠᠭᠤᠯᠬᠤ ᠦᠶ᠋ᠯᠡᠴᠢᠯᠡᠭᠡ ᠪᠡᠷ ᠬᠡᠦᠬᠡᠳ ᠨᠢᠭᠡᠪᠦᠷᠢ᠎ᠶ᠋ᠢ ᠵᠣᠯ ᠵᠢᠷᠭᠠᠯ᠎ᠲᠠᠶ ᠥᠰᠭᠡᠨ ᠪᠣᠢᠵᠢᠭᠤᠯᠤᠨ᠎ᠠ ᠭᠡᠵᠦ᠍ ᠢᠯᠡᠳᠭᠡᠪᠡ᠃
ᠱᠢᠯᠢᠳᠡᠭ᠌ᠵᠢᠭᠦᠯᠦᠨ ᠲᠡᠭᠦᠯᠳᠡᠷᠵᠢᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍ ᠡᠷᠡᠭᠦᠯ ᠡᠩᠬᠡ ᠳᠤᠮᠳᠠᠳᠤ ᠤᠯᠤᠰ᠎ᠤᠨ ᠪᠠᠢᠭᠤᠯᠤᠯᠲᠠ᠎ᠶ᠋ᠢ ᠠᠬᠢᠭᠤᠯᠤᠨ᠎ᠠ
ᠶᠡᠷᠦᠩᠬᠡᠶ ᠱᠦᠵᠢ ᠰᠢ ᠵᠢᠨ ᠫᠢᠩ᠂ ᠡᠷᠡᠭᠦᠯ ᠡᠩᠬᠡ ᠳᠤᠮᠳᠠᠳᠤ ᠤᠯᠤᠰ᠎ᠢ ᠪᠠᠢᠭᠤᠯᠬᠤ ᠪᠣᠯ ᠨᠢᠭᠡᠨ ᠱᠢᠰᠲ᠋ᠧᠮᠲᠦ ᠢᠨᠵᠧᠨᠧᠷᠢᠩ ᠮᠥᠨ ᠭᠡᠵᠤ ᠵᠢᠭᠠᠵᠤ ᠭᠠᠷᠭᠠᠵᠠᠢ᠃
ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠦᠨ ᠡᠷᠬᠢᠯᠡᠭᠴᠢ ᠯᠢᠦ ᠶᠦᠩ᠂ ᠪᠦᠬᠦ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠰᠢᠰᠲᠧᠮ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠡᠷᠡᠭᠦᠯ ᠮᠡᠨᠳᠦ᠎ᠶᠢ ᠤᠷᠢᠳ ᠵᠢᠡᠷ ᠪᠤᠳᠤᠯᠬᠢᠯᠠᠬᠤ ᠲᠡᠷᠢᠭᠦᠨ᠎ᠤ ᠪᠠᠢᠯᠳᠤᠬᠤ ᠪᠣᠳᠣᠯᠭ᠎ᠠ᠎ᠶᠢ ᠬᠡᠷᠡᠭᠵᠢᠭᠦᠯᠬᠦ᠎ᠶᠢ ᠪᠦᠬᠦ ᠲᠠᠯ᠎ᠠ᠎ᠪᠠᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠲᠠᠢ ᠨᠢᠭ᠍ᠲᠠ ᠤᠶᠠᠯᠳᠤᠭᠤᠯᠵᠤ᠂ ᠣᠯᠠᠨ ᠲᠦᠮᠡᠨ᠎ᠦ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠶᠠᠪᠤᠳᠠᠯ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠡᠮᠴᠢᠯᠡᠭᠡᠨ᠎ᠤ ᠰᠡᠷᠭᠡᠢᠯᠡᠨ ᠵᠠᠰᠠᠬᠤ ᠡᠷᠡᠭᠦᠯ ᠮᠡᠨᠳᠦ᠎ᠶᠢᠨ ᠬᠠᠮᠢᠶᠠᠷᠤᠯᠲᠠ᠎ᠶᠢᠨ ᠦᠢᠯᠡᠴᠢᠯᠡᠭᠡ᠂ ᠦᠷᠡᠵᠢᠯ᠎ᠦᠨ ᠨᠥᠬᠥᠷᠰᠡᠭ ᠬᠡᠯᠪᠡᠷᠢ᠎ᠶᠢᠨ ᠨᠡᠢᠭᠡᠮ᠎ᠦᠨ ᠪᠠᠢᠭᠤᠯᠤᠯᠲᠠ᠎ᠶᠢᠨ ᠬᠣᠶᠠᠷ ᠵᠦᠢᠯ᠎ᠦᠨ ᠠᠷᠠᠳ᠎ᠤᠨ ᠠᠮᠢᠳᠤᠷᠠᠯ᠎ᠤᠨ ᠢᠨᠵᠧᠨᠧᠷᠢᠩ᠎ᠢ ᠯᠠᠪᠳᠠᠭᠤᠨ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠯ᠎ᠤᠨ ᠥᠭᠡᠷᠡᠴᠢᠯᠡᠯᠲᠡ᠎ᠶᠢ ᠭᠦᠨᠵᠡᠭᠡᠢᠷᠡᠭᠦᠯᠵᠦ᠂ ᠡᠮᠴᠢᠯᠡᠭᠡ᠂ ᠡᠮ ᠡᠮᠨᠡᠯᠭᠡ᠎ᠶᠢᠨ ᠳᠠᠭᠠᠳᠬᠠᠯ᠂ ᠡᠮ ᠡᠮᠨᠡᠯᠭᠡ᠎ᠶᠢᠨ ᠬᠠᠮᠵᠢᠯᠴᠠᠨ ᠬᠥᠭᠵᠢᠬᠦ ᠪᠠ ᠵᠠᠰᠠᠬᠤ ᠲᠣᠭᠲᠡᠴᠡ᠎ᠶᠢ ᠲᠡᠭᠦᠯᠳᠡᠷᠵᠢᠭᠦᠯᠵᠦ᠂ ᠠᠯᠪᠠᠨ᠎ᠡᠴᠡ ᠪᠠᠢᠭᠤᠯᠤᠭᠰᠠᠨ ᠡᠮᠨᠡᠯᠭᠡ᠎ᠶᠢᠨ ᠬᠣᠷᠢᠶ᠎ᠡ ᠵᠢᠨ ᠴᠢᠨᠠᠷ ᠰᠠᠢᠲᠠᠢ ᠬᠥᠭᠵᠢᠯᠲᠡ᠎ᠶᠢ ᠲᠦᠷᠭᠡᠳᠬᠡᠨ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ᠎ᠤᠨ ᠰᠠᠭᠤᠷᠢ᠎ᠶᠢ ᠴᠢᠩᠭᠠᠳᠬᠠᠬᠤ ᠢᠨᠵᠧᠨᠧᠷᠢᠩ᠎ᠢ ᠬᠡᠷᠡᠭᠵᠢᠭᠦᠯᠵᠦ᠂ ᠤᠷᠢᠳᠴᠢᠯᠠᠨ ᠰᠡᠷᠭᠡᠢᠯᠡᠬᠦ᠎ᠪᠡᠷ ᠭᠣᠣᠯ ᠪᠣᠯᠭᠠᠭᠰᠠᠨ᠂ ᠰᠡᠷᠭᠡᠢᠯᠡᠨ ᠵᠠᠰᠠᠬᠤ᠎ᠶᠢ ᠤᠶᠠᠯᠳᠤᠭᠤᠯᠤᠭᠰᠠᠨ᠂ ᠬᠢᠲᠠᠳ ᠡᠸᠦ᠋ᠷᠦᠫᠡ ᠡᠮᠨᠡᠯᠭᠡ᠎ᠶᠢ ᠵᠡᠷᠭᠡ ᠪᠡᠷ ᠴᠢᠬᠤᠯᠠᠴᠢᠯᠠᠭᠰᠠᠨ ᠡᠷᠡᠭᠦᠯ ᠮᠡᠨᠳᠦ᠎ᠶᠢᠨ ᠦᠢᠯᠡᠴᠢᠯᠡᠭᠡᠨ᠎ᠦ ᠰᠢᠰᠲᠧᠮ᠎ᠢ ᠪᠠᠢᠭᠤᠯᠵᠤ᠂ ᠡᠷᠡᠭᠦᠯ ᠡᠩᠬᠡ ᠳᠤᠮᠳᠠᠳᠤ ᠤᠯᠤᠰ᠎ᠤᠨ ᠪᠠᠢᠭᠤᠯᠤᠯᠲᠠ᠎ᠳᠤ ᠬᠦᠴᠦᠨ ᠴᠢᠳᠠᠯ᠎ᠢᠶᠠᠨ ᠡᠷᠭᠦᠨ᠎ᠡ ᠭᠡᠵᠤ ᠢᠯᠡᠳᠬᠡᠪᠡ᠃
《ᠪᠢᠳᠡ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠨᠡᠩ ᠪᠣᠳᠠᠲᠠᠢ ᠠᠷᠭ᠎ᠠ ᠬᠡᠮᠵᠢᠶ᠎ᠡ᠂ ᠨᠡᠩ ᠰᠢᠯᠢᠳᠡᠭ ᠰᠤᠷᠲᠠᠯ᠎ᠢᠶᠠᠷ ᠡᠮ ᠡᠮᠨᠡᠯᠭᠡ᠎ᠶᠢᠨ ᠳᠠᠭᠠᠳᠬᠠᠯ᠎ᠤᠨ ᠦᠢᠯᠡᠰ᠎ᠦᠨ ᠰᠢᠨ᠎ᠡ ᠳᠡᠭᠲᠡᠷ᠎ᠲᠦ ᠭᠠᠷᠬᠤ᠎ᠶᠢ ᠠᠬᠢᠭᠤᠯᠤᠨ᠎ᠡ》 ᠬᠡᠵᠦ ᠥᠪᠡᠷᠲᠡᠭᠡᠨ ᠵᠠᠰᠠᠬᠤ ᠣᠷᠣᠨ᠎ᠤ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠶᠢᠨ ᠳᠠᠷᠤᠭ᠎ᠠ ᠴᠠᠩ ᠴᠢᠩ ᠶᠡᠷᠢᠯ᠎ᠠ᠃ ᠲᠡᠷᠡᠪᠡᠷ ᠪᠦᠬᠦ ᠣᠷᠣᠨ᠎ᠤ ᠡᠮ ᠡᠮᠨᠡᠯᠭᠡ᠎ᠶᠢᠨ ᠳᠠᠭᠠᠳᠬᠠᠯ᠎ᠤᠨ ᠰᠠᠯᠠᠭ᠎ᠠ ᠮᠥᠴᠢᠷ ᠶᠡᠷᠦᠩᠬᠡᠢ ᠱᠦᠵᠢ ᠰᠢ᠎ᠶᠢᠨ ᠫᠢᠩ᠎ᠤᠨ ᠬᠦᠰᠡᠯ ᠨᠠᠶ᠋ᠢᠳᠠᠯᠭ᠎ᠠ᠎ᠶᠢ ᠪᠠᠲᠤ ᠴᠡᠭᠡᠵᠢᠯᠡᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠲᠠᠢ ᠨᠢᠭ᠍ᠲᠠ ᠤᠶᠠᠯᠳᠤᠭᠤᠯᠵᠤ᠂ ᠡᠮ ᠡᠮᠨᠡᠯᠭᠡ᠎ᠶᠢᠨ ᠳᠠᠭᠠᠳᠬᠠᠯ᠎ᠤᠨ ᠥᠭᠡᠷᠡᠴᠢᠯᠡᠯᠲᠡ᠎ᠶᠢ ᠦᠷᠭᠦᠯᠵᠢᠯᠡᠨ ᠭᠦᠨᠵᠡᠭᠡᠢᠷᠡᠭᠦᠯᠵᠦ᠂ ᠦᠨᠳᠦᠰᠦᠨ ᠡᠮ ᠡᠮᠨᠡᠯᠭᠡ᠎ᠶᠢᠨ ᠳᠠᠭᠠᠳᠬᠠᠯ᠎ᠤᠨ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠨᠢᠭᠡᠳᠦᠯᠲᠡᠢ ᠲᠥᠯᠥᠪᠵᠢᠭᠦᠯᠬᠦ ᠪᠠ ᠤᠷᠳᠤ ᠬᠤᠭᠤᠴᠠᠭᠠᠨ᠎ᠤ ᠰᠤᠪᠢᠯᠠᠯᠲᠠ᠎ᠶᠢᠨ ᠳᠠᠭᠠᠳᠬᠠᠯ᠎ᠤᠨ ᠳᠦᠷᠢᠮ᠎ᠦᠨ ᠪᠠᠢᠭᠤᠯᠤᠯᠲᠠ᠎ᠶᠢ ᠯᠠᠪᠳᠠᠭᠤᠨ ᠪᠠᠲᠤᠲᠠᠢ ᠠᠬᠢᠭᠤᠯᠤᠨ᠎ᠠ;ᠳᠠᠭᠠᠳᠬᠠᠯ᠎ᠳᠤ ᠣᠷᠣᠯᠴᠠᠭᠰᠠᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠵᠦ᠂ ᠪᠥᠬᠥ ᠠᠷᠠᠳ᠎ᠤᠨ ᠡᠮ ᠡᠮᠨᠡᠯᠭᠡ᠎ᠶᠢᠨ ᠳᠠᠭᠠᠳᠬᠠᠯ᠎ᠤᠨ ᠠᠮᠤᠷ ᠲᠦᠪᠰᠢᠨ᠎ᠦ ᠲᠣᠣᠷ᠎ᠢ ᠨᠢᠭ᠍ᠲᠠ ᠪᠥᠭᠡᠳ ᠪᠠᠲᠤ ᠰᠦᠯᠵᠢᠨ᠎ᠡ; 《ᠡᠮᠴᠢᠯᠡᠭᠡ ᠡᠮ ᠡᠮᠨᠡᠯᠭᠡ ᠵᠢᠨ ᠳᠠᠭᠠᠳᠬᠠᠯ ᠡᠮ ᠡᠮᠨᠡᠯᠭᠡ》 ᠶ᠋ᠢᠨ ᠬᠠᠮᠵᠢᠯᠴᠠᠨ ᠬᠦᠴᠦᠯᠡᠬᠦ᠎ᠶᠢ ᠢᠳᠡᠪᠬᠢᠲᠡᠢ ᠠᠬᠢᠭᠤᠯᠵᠤ᠂ ᠡᠮᠴᠢᠯᠡᠭᠡᠨ᠎ᠦ ᠪᠠᠢᠭᠤᠯᠤᠮᠵᠢ᠎ᠶᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠋᠎ᠢ ᠨᠡᠮᠡᠭᠳᠡᠭᠦᠯᠬᠦ᠎ᠳᠦ ᠬᠦᠴᠦᠨ ᠨᠡᠮᠡᠷᠢᠯᠡᠨ᠎ᠡ;ᠤᠯᠠᠨ ᠲᠡᠰ ᠳᠠᠪᠬᠤᠷᠭ᠎ᠠ᠎ᠶᠢᠨ ᠡᠮᠴᠢᠯᠡᠭᠡᠨ᠎ᠤ ᠪᠠᠲᠤᠯᠠᠭ᠎ᠠ᠎ᠶᠢᠨ ᠰᠢᠰᠲᠧᠮ᠎ᠢ ᠲᠡᠭᠦᠯᠳᠡᠷᠵᠢᠭᠦᠯᠵᠦ᠂ ᠤᠯᠠᠨ ᠲᠦᠮᠡᠨ᠎ᠦ ᠤᠯᠠᠨ ᠡᠰᠢᠴᠢᠯᠡᠭᠰᠡᠨ ᠪᠠᠲᠤᠯᠠᠭ᠎ᠠ᠎ᠶᠢᠨ ᠦᠢᠯᠡᠴᠢᠯᠡᠭᠡ ᠵᠢ ᠬᠠᠨᠭᠭᠠᠨ᠎ᠠ;ᠦᠷᠡᠵᠢᠯ᠎ᠦᠨ ᠳᠠᠭᠠᠳᠬᠠᠯ᠎ᠤᠨ ᠳᠦᠷᠢᠮ᠎ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠭᠡᠷ ᠪᠦᠯᠢ᠎ᠶᠢᠨ ᠦᠷᠡᠵᠢᠯ᠎ᠦᠨ ᠵᠠᠷᠤᠳᠠᠯ᠎ᠤᠨ ᠳᠠᠷᠤᠭᠠᠰᠤ᠎ᠶᠢ ᠦᠨᠡᠨ ᠬᠦ᠌ ᠬᠥᠩᠭᠡᠷᠡᠭᠦᠯᠦᠨ᠎ᠡ ᠭᠡᠵᠤ ᠢᠯᠡᠳᠬᠡᠪᠡ᠃
ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠳᠠᠭᠠᠳᠬᠠᠯ᠎ᠤᠨ ᠦᠢᠯᠡᠰ᠎ᠦᠨ ᠦᠢᠯᠡᠴᠢᠯᠡᠭᠡᠨ᠎ᠦ ᠲᠥᠪ᠎ᠦᠨ ᠡᠷᠬᠢᠯᠡᠭᠴᠢ ᠵᠣᠣ ᠶᠦᠩ ᠭᠠᠩ᠄ 《ᠪᠢᠳᠡ ᠶᠡᠷᠦᠩᠬᠡᠢ ᠱᠦᠵᠢ ᠰᠢ᠎ᠶᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ᠋ ᠰᠠᠨᠠᠭ᠎ᠠ᠎ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠪᠠᠢᠳᠠᠯ ᠳᠣᠣᠷᠠᠬᠢ ᠠᠷᠠᠳ ᠣᠯᠠᠨ᠎ᠤ ᠰᠠᠢᠨ ᠰᠠᠢᠬᠠᠨ ᠠᠮᠢᠳᠤᠷᠠᠯ᠎ᠤᠨ ᠲᠤᠬᠠᠢ ᠰᠢᠨ᠎ᠡ ᠬᠦᠰᠡᠯ ᠡᠷᠡᠮᠡᠯᠵᠡᠯ ᠪᠠ ᠨᠡᠢᠭᠡᠮ᠎ᠦᠨ ᠪᠠᠲᠤᠯᠠᠭ᠎ᠠ᠎ᠶᠢᠨ ᠠᠵᠢᠯ᠎ᠤᠨ ᠰᠢᠨ᠎ᠡ ᠣᠨᠴᠠᠯᠢᠭ᠋᠎ᠢ ᠣᠨᠣᠪᠴᠢᠲᠠᠶ ᠡᠵᠡᠮᠰᠢᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ〈1571〉ᠠᠵᠢᠯ᠎ᠤᠨ ᠪᠠᠢᠷᠢᠯᠠᠭᠤᠯᠤᠯᠲᠠ᠎ᠳᠤ ᠠᠩᠬᠠᠷᠤᠯ᠎ᠢᠶᠠᠨ ᠲᠦᠪᠯᠡᠷᠡᠭᠦᠯᠵᠤ᠂ ᠣᠯᠠᠨ ᠳᠡᠰ ᠳᠠᠪᠬᠤᠷᠭ᠎ᠠ᠂ ᠣᠯᠠᠨ ᠲᠤᠯᠭᠠᠭᠤᠷᠢᠯᠠᠯ᠎ᠤᠨ ᠨᠠᠰᠤᠵᠢᠯ᠎ᠤᠨ ᠠᠰᠠᠷᠠᠮᠵᠢ᠎ᠶᠢᠨ ᠳᠠᠭᠠᠳᠬᠠᠯ᠎ᠤᠨ ᠰᠢᠰᠲᠧᠮ᠎ᠢ ᠲᠦᠷᠭᠡᠳᠬᠡᠨ ᠲᠡᠭᠦᠯᠳᠡᠷᠵᠢᠭᠦᠯᠵᠦ᠂ ᠨᠡᠢᠭᠡᠮ᠎ᠦᠨ ᠳᠠᠭᠠᠳᠬᠠᠯ᠎ᠤᠨ ᠴᠢᠨᠠᠷ ᠰᠠᠢᠲᠠᠢ᠎ᠪᠠᠷ ᠬᠡᠪᠴᠢᠶ᠎ᠡ᠎ᠶᠢ ᠥᠷᠭᠡᠳᠬᠡᠬᠦ ᠲᠤᠰᠬᠠᠢ ᠠᠵᠢᠯᠯᠠᠭ᠎ᠠ᠎ᠶᠢ ᠥᠷᠨᠢᠭᠦᠯᠵᠦ᠂ ᠰᠢᠨ᠎ᠡ᠎ᠪᠡᠷ ᠠᠵᠢᠯ ᠣᠯᠣᠭᠰᠠᠨ ᠬᠠᠮᠲᠤᠯᠢᠭ᠋᠎ᠤᠨ ᠨᠡᠢᠭᠡᠮ᠎ᠦᠨ ᠪᠠᠲᠤᠯᠠᠭ᠎ᠠ᠎ᠶᠢ ᠴᠢᠩᠭᠠᠳᠬᠠᠵᠤ᠂ ᠬᠤᠳᠠ ᠬᠥᠳᠡᠭᠡ᠎ᠶᠢᠨ ᠰᠠᠭᠤᠭᠠᠯᠢ ᠠᠷᠠᠳ᠎ᠤᠨ ᠨᠠᠰᠤᠵᠢᠯ᠎ᠤᠨ ᠳᠠᠭᠠᠳᠬᠠᠯ᠎ᠤᠨ ᠰᠠᠭᠤᠷᠢ ᠨᠠᠰᠤᠵᠢᠯ᠎ᠤᠨ ᠮᠥᠩᠭᠥ᠎ᠶᠢᠨ ᠪᠠᠷᠢᠮᠵᠢᠶ᠎ᠠ᠎ᠶᠢ ᠳᠡᠭᠡᠭᠰᠢᠯᠡᠭᠦᠯᠵᠦ᠂ ᠥᠨᠳᠥᠷ ᠪᠦᠲᠦᠮᠵᠢᠲᠡᠶ ᠳᠥᠭᠥᠮ ᠳᠥᠲᠡ ᠨᠡᠢᠭᠡᠮ᠎ᠦᠨ ᠳᠠᠭᠠᠳᠬᠠᠯ᠎ᠤᠨ ᠰᠢᠯᠵᠢᠭᠦᠯᠦᠨ ᠦᠷᠭᠦᠯᠵᠢᠯᠡᠭᠦᠯᠬᠦ ᠲᠣᠭᠲᠡᠴᠡ᠎ᠶᠢ ᠲᠡᠭᠦᠯᠳᠡᠷᠵᠢᠭᠦᠯᠵᠦ᠂ ᠨᠡᠢᠭᠡᠮ᠎ᠦᠨ ᠪᠠᠲᠤᠯᠠᠭ᠎ᠠ᠎ᠶᠢᠨ ᠦᠷᠭᠦᠯᠵᠢᠯᠡᠬᠦ ᠴᠢᠨᠠᠷ᠂ ᠲᠥᠪ ᠭᠣᠣᠯᠴᠢ ᠪᠥᠭᠡᠳ ᠬᠦᠷᠦᠯᠴᠡᠬᠦᠢᠴᠡ ᠴᠢᠨᠠᠷ᠂ ᠠᠶᠤᠯᠭᠦᠢ ᠴᠢᠨᠠᠷ᠂ ᠳᠥᠭᠥᠮ ᠳᠥᠲᠡ ᠴᠢᠨᠠᠷ᠂ ᠵᠢᠷᠤᠮᠵᠢᠯᠳᠤ ᠴᠢᠨᠠᠷ᠎ᠢ ᠲᠠᠰᠤᠷᠠᠯᠳᠠ ᠦᠭᠡᠢ ᠴᠢᠩᠭᠠᠷᠠᠭᠤᠯᠤᠨ᠎ᠠ》 ᠭᠡᠪᠡ᠃