ᠥᠯᠵᠡᠢᠲᠦ ᠡᠳᠦᠷ᠎ᠢᠶᠡᠨ ᠥᠩᠭᠡ ᠥᠩᠭᠡ᠎ᠪᠡᠷ ᠲᠡᠮᠳᠡᠭᠯᠡᠯ᠎ᠡ
2026-03-09 11:40:12
ᠵᠣᠬᠢᠶᠠᠭ᠍ᠴᠢ᠄
ᠰᠠᠷᠠᠭᠤᠯᠬᠠᠨ
ᠣᠩᠱᠢᠭ᠍ᠰᠠᠨ ᠣᠳᠠᠭ᠎ᠠ᠄
★★★☆☆

2026 ᠣᠨ᠎ᠤ ᠪᠢᠯᠢᠭ᠎ᠦᠨ ᠤᠯᠠᠷᠢᠯ᠎ᠤᠨ ᠴᠠᠭᠠᠨ ᠰᠠᠷ᠎ᠠ᠎ᠶᠢᠨ ᠠᠷᠪᠠᠨ ᠲᠠᠪᠤᠨ᠂ ᠤᠯᠠᠭᠠᠨ ᠮᠣᠷᠢᠨ ᠵᠢᠯ᠎ᠦᠨ ᠥᠯᠵᠡᠢᠲᠦ ᠡᠳᠦᠷ ᠎ᠤᠨ ᠪᠠᠶᠠᠷ᠂ ᠥᠪᠥᠷ ᠮᠣᠩᠭᠣᠯ᠎ᠤᠨ ᠡᠯ᠎ᠡ ᠭᠠᠵᠠᠷ᠎ᠤᠨ ᠬᠢᠨ ᠡᠯᠪᠡᠭ ᠪᠠᠶᠠᠯᠢᠭ᠋ ᠥᠪᠡᠷᠮᠢᠴᠡ ᠣᠨᠴᠠᠯᠢᠭ᠋᠎ᠲᠠᠢ ᠵᠠᠩ ᠦᠢᠯᠡ᠎ᠶᠢᠨ ᠰᠣᠶᠣᠯ᠎ᠤᠨ ᠠᠵᠢᠯᠯᠠᠭ᠎ᠠ ᠥᠷᠨᠢᠭᠦᠯᠵᠦ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ ᠬᠠᠮᠲᠤ ᠪᠠᠷ ᠤᠯᠠᠮᠵᠢᠯᠠᠯᠲᠤ  ᠪᠠᠶᠠᠷ᠎ᠢᠶᠠᠨ ᠤᠳᠬ᠎ᠠ ᠲᠡᠭᠦᠯᠳᠡᠷ ᠲᠡᠮᠳᠡᠭᠯᠡᠯ᠎ᠡ᠃


3cbb2171-dbaf-4d46-abf7-8d403e1d475b.png


ᠦᠩᠭᠡᠲᠤ ᠳ᠋ᠸᠩ ᠰᠤᠨᠢᠷᠬᠠᠨ᠎ᠠ      ᠳ᠋ᠢᠩ ᠭᠧᠨ ᠾᠧᠦ ᠰᠡᠭᠦᠳᠡᠷᠯᠡᠪᠡ


ᠪᠦᠬᠦ ᠣᠷᠣᠨ᠎ᠤ ᠭᠣᠣᠯ ᠲᠠᠯᠠᠪᠤᠷ᠎ᠤᠨ ᠠᠵᠢᠯᠯᠠᠭ᠎ᠠ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠳᠤ ᠶᠠᠪᠤᠭᠳᠠᠵᠤ᠂ ᠳ᠋ᠧᠩᠯᠦ᠎ᠶᠢᠨ ᠴᠤᠭᠯᠠᠭᠠᠨ᠂ ᠵᠠᠩ ᠦᠢᠯᠡ᠎ᠶᠢ  ᠪᠡᠶᠡᠴᠢᠯᠡᠨ ᠣᠢᠯᠠᠭᠠᠬᠤ᠂ ᠤᠷᠠᠨ ᠰᠠᠢᠬᠠᠨ᠎ᠤ ᠦᠵᠡᠭᠦᠯᠭᠡ᠎ᠶᠢᠨ ᠲᠣᠭᠯᠠᠯᠲᠠ᠂ ᠠᠷᠠᠳ᠎ᠲᠤ ᠲᠦᠬᠦᠮ ᠦᠵᠡᠭᠦᠯᠬᠦ ᠴᠤᠭᠯᠠᠭ᠎ᠠ ᠮᠠᠢᠮᠠᠢ ᠵᠡᠷᠭᠡ ᠠᠭᠤᠯᠭ᠎ᠠ᠎ᠪᠠᠷ ᠶᠠᠪᠤᠬ᠍ᠳᠠᠯ᠎ᠠ; ᠬᠥᠬᠡᠬᠣᠲᠠ᠎ᠶᠢᠨ ᠶᠡᠭᠡ  ᠵᠤᠤ ᠬᠡᠢᠳ᠎ᠦᠨ ᠠᠭᠤᠳᠠᠮ ᠲᠠᠯᠠᠪᠠᠢ᠎ᠳᠤ᠂ ᠯᠣᠣ ᠠᠷᠰᠯᠠᠨ ᠲᠤᠬ᠍ᠯᠠᠬᠤ᠂ ᠶᠠᠩᠭᠠᠷ ᠪᠥᠵᠢᠭᠯᠡᠬᠦ ᠵᠡᠷᠭᠡ ᠭᠤᠴᠤ ᠲᠣᠭᠯᠠᠯᠲᠠ ᠭᠠᠷᠭᠠᠪᠠ; ᠤᠪᠤᠭ᠎ᠠ ᠲᠣᠰᠬᠣᠨ᠎ᠤ ᠬᠢᠨ ᠴᠠᠭᠠᠨ ᠰᠠᠷ᠎ᠠ᠎ᠶᠢᠨ ᠠᠷᠪᠠᠨ ᠲᠠᠪᠤᠨ᠎ᠤ ᠠᠮᠳᠠᠳᠤ ᠢᠳᠡᠭᠡᠨ  ᠪᠡᠯᠡᠳᠬᠡᠨ᠂ ᠤᠯᠠᠭᠠᠨᠮᠥ᠋ᠴᠢᠷ᠎ᠦᠨ  ᠬᠢᠨ ᠲᠣᠭᠯᠠᠯᠲᠠ ᠭᠠᠷᠭᠠᠵᠤ᠂ ᠵᠢᠯ ᠴᠠᠭᠠᠨ ᠰᠠᠷ᠎ᠠ᠎ᠶᠢᠨ ᠠᠭᠤᠷ ᠠᠮᠢᠰᠬᠤᠯ᠎ᠢᠶᠠᠷ ᠪᠢᠯᠬᠠᠮ᠎ᠠ ᠪᠠᠢᠯ᠎ᠠ᠃  ᠣᠯᠠᠨ ᠭᠠᠵᠠᠷ᠎ᠤᠨ ᠬᠢᠨ ᠪᠠᠰᠠ ᠣᠨᠢᠰᠤᠭ᠎ᠠ ᠳᠠᠭᠠᠬᠤ᠂ ᠪᠣᠳᠠᠰ᠎ᠤᠨ ᠪᠤᠰᠤ ᠰᠣᠶᠣᠯ᠎ᠤᠨ ᠥᠪ᠎ᠦᠨ ᠭᠠᠷ ᠤᠷᠠᠯᠠᠯ ᠬᠢᠬᠦ᠂ ᠵᠢᠯᠣᠭᠣᠴᠢ ᠦᠭᠡᠢ ᠨᠢᠰᠬᠡᠯ᠎ᠦᠨ ᠦᠵᠡᠭᠦᠯᠭᠡ᠂ ᠬᠤᠸᠠᠷ ᠫᠤᠤᠵᠢᠩ᠎ᠤᠨ ᠦᠵᠡᠭᠦᠯᠭᠡ ᠵᠡᠷᠭᠡ᠎ᠶᠢ ᠲᠤᠬᠢᠷᠠᠭᠤᠯᠵᠤ᠂ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠵᠢᠨ ᠬᠥᠮᠥᠰ᠎ᠦᠨ ᠠᠩᠬᠠᠷᠤᠯ᠎ᠢ ᠶᠡᠬᠡᠳᠡ ᠲᠠᠳᠠᠯ᠎ᠠ᠃


aed412c7-be79-413e-9ce8-26f1e2f3a458.png


ᠵᠢᠭᠠᠰᠤᠨ ᠳ᠋ᠧᠩ᠎ᠦᠨ ᠦᠵᠡᠭᠦᠯᠭᠡ᠎ᠶᠢᠨ ᠲᠣᠬ᠍ᠯᠠᠯᠳᠡ              

ᠳ᠋ᠢᠩ ᠭᠧᠨ ᠾᠧᠦ  ᠰᠡᠭᠦᠳᠡᠷᠯᠡᠪᠡ


ᠲᠤᠰ ᠤᠳᠠᠭ᠎ᠠ᠎ᠶᠢᠨ ᠠᠵᠢᠯᠯᠠᠭ᠎ᠠ ᠨᠢ ᠤᠯᠠᠮᠵᠢᠯᠠᠯᠲᠤ ᠰᠣᠶᠣᠯ᠎ᠤᠨ ᠷᠢᠳᠢ ᠰᠢᠳᠢ᠎ᠶᠢ ᠬᠠᠷᠠᠭᠤᠯᠵᠤ᠂ ᠤᠯᠠᠨ ᠲᠦᠮᠡᠨ᠎ᠦ ᠤᠶᠤᠨ᠎ᠤ ᠠᠮᠢᠳᠤᠷᠠᠯ᠎ᠢ ᠪᠠᠶᠠᠯᠢᠭ᠍ᠵᠢᠭᠤᠯᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠪᠦᠯᠬᠦᠮᠳᠡᠨ ᠲᠡᠮᠡᠴᠡᠬᠦ᠂ ᠥᠭᠡᠳᠡᠯᠡᠨ ᠲᠠᠪᠰᠢᠬᠤ ᠤᠶᠤᠨ ᠰᠠᠨᠠᠭᠠᠨ᠎ᠤ ᠳᠦᠷᠰᠦ ᠪᠠᠢᠳᠠᠯ᠎ᠢ ᠢᠯᠡᠷᠡᠭᠦᠯᠵᠦ᠂ ᠥᠯᠵᠡᠢᠲᠦ ᠡᠳᠦᠷ᠎ᠦᠨ ᠪᠠᠶᠠᠷ᠎ᠢ ᠨᠡᠩ ᠢᠯᠡᠭᠦᠦ ᠬᠠᠯᠠᠭᠤᠨ ᠳᠤᠯᠠᠭᠠᠨ ᠪᠥᠭᠡᠳ ᠠᠮᠢᠵᠢᠷᠠᠯ᠎ᠤᠨ ᠬᠦᠴᠦᠨ᠎ᠲᠠᠢ ᠪᠣᠯᠭᠠᠪᠠ᠃ 


56fd1ff6-2e76-40b0-8d1e-e8206e8cb316.png


ᠠᠷᠠᠳ᠎ᠤᠨ ᠤᠷᠠᠯᠢᠭ᠍ᠴᠢᠨ ᠬᠠᠢᠴᠢᠨᠭᠰᠢᠪᠠᠭᠤ᠎ᠶᠢᠨ 《ᠬᠤᠷᠴᠢᠨ ᠵᠢᠷᠤᠭ᠎ᠠ》 ᠲᠣᠬ᠍ᠯᠠᠯᠳᠡ      

ᠸᠠᠩ ᠵᠧᠩ  ᠰᠡᠭᠦᠳᠡᠷᠯᠡᠪᠡ


487e36ca-7ec7-4519-8567-0116e82ce9a6.png


ᠤᠷᠳᠤᠰ ᠬᠤᠷᠢᠮ᠎ᠤᠨ ᠦᠵᠡᠭᠦᠯᠭᠡ     ᠵᠣᠣ  ᠱᠤᠸᠠᠩ ᠰᠡᠭᠦᠳᠡᠷᠯᠡᠪᠡ 


ded022b5-049b-4445-86c5-cf306bc7eb11.png


《ᠥᠯᠵᠡᠢᠲᠦ ᠡᠳᠦᠷ᠎ᠦᠨ ᠪᠠᠶᠠᠷ》᠎ᠤᠨ ᠠᠵᠢᠯᠯᠠᠭ᠎ᠠ      ᠸᠠᠩ ᠵᠧᠩ  ᠰᠡᠭᠦᠳᠡᠷᠯᠡᠪᠡ


c52d750a-58cb-46d8-b7f9-466e028cc9a9.png


ᠴᠠᠭᠠᠰᠤᠨ ᠬᠠᠢᠴᠢᠯᠠᠮᠠᠯ ᠲᠠᠨᠢᠯᠴᠠᠭᠤᠯᠤᠨ᠎ᠠ   ᠪᠡᠬᠢ  ᠰᠡᠭᠦᠳᠡᠷᠯᠡᠪᠡ 


b1c95677-f793-4623-bd1c-9a2c4aaca658.png


ᠳ᠋ᠸᠩᠯᠦ᠎ᠶᠢᠨ ᠪᠦᠵᠢᠭ      ᠸᠠᠩ  ᠵᠸᠩ  ᠰᠡᠭᠦᠳᠡᠷᠯᠡᠪᠡ


d00047be-3129-4658-bd7c-a1b29f58398a.png


ᠱᠣᠭ ᠶᠠᠷᠢᠶ᠎ᠠ 《ᠦᠪᠥᠷ  ᠮᠤᠩᠭᠤᠯ᠎ᠳᠤ ᠮᠤᠷᠢᠯᠠᠨ ᠰᠠᠭᠠᠳᠠᠭᠠᠷᠠᠢ》    

ᠸᠠᠩ  ᠵᠸᠩ  ᠰᠡᠭᠦᠳᠡᠷᠯᠡᠪᠡ 


5438118d-05de-4978-a27a-a02ab7bbc8c7.png


ᠲᠤᠬᠠᠯᠠᠭ᠍ᠴᠢᠳ      ᠳ᠋ᠢᠩ ᠭᠧᠨ ᠾᠧᠦ   ᠰᠡᠭᠦᠳᠡᠷᠯᠡᠪᠡ


2c0d84f9-e7ea-495f-b058-fca39f36fadc.png


ᠰᠠᠪᠬᠠᠨ ᠪᠦᠵᠢᠭ      ᠸᠠᠩ  ᠵᠸᠩ  ᠰᠡᠭᠦᠳᠡᠷᠯᠡᠪᠡ


d03e9508-640d-48a5-b9c7-74b47cd7450d.png


ᠶᠠᠩᠭᠠᠷ ᠪᠦᠵᠢᠭ       ᠸᠠᠩ ᠵᠧᠩ  ᠰᠡᠭᠦᠳᠡᠷᠯᠡᠪᠡ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号