ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠴᠡᠴᠡᠭᠡᠰ᠎ᠢ ᠦᠨᠢᠳᠡ ᠪᠠᠳᠠᠷᠠᠭᠤᠯᠤᠨ ᠲᠡᠯᠬᠡᠷᠡᠬᠦᠯᠤᠨᠡᠮ
2026-03-09 09:53:20
ᠵᠣᠬᠢᠶᠠᠭ᠍ᠴᠢ᠄
ᠱᠢᠨᠬᠤᠸᠠ ᠬᠤᠷᠢᠶ᠎ᠠ ᠵᠢᠨ ᠰᠤᠷᠪᠤᠯᠵᠢᠯᠠᠭ᠍ᠴᠢ
ᠣᠩᠱᠢᠭ᠍ᠰᠠᠨ ᠣᠳᠠᠭ᠎ᠠ᠄
★★★☆☆

— ᠶᠡᠷᠦᠩᠬᠡᠶ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠬᠦᠲᠦᠯᠦᠨ ᠲᠠᠭᠠᠭᠤᠯᠵᠤ ᠠᠬᠢᠭᠤᠯᠪᠠ


2026 ᠣᠨ᠎ᠤ 3 ᠰᠠᠷ᠎ᠠ᠎ᠶ᠋ᠢᠨ 5᠎ᠤ᠋ ᠦᠳᠡ᠎ᠶ᠋ᠢᠨ ᠡᠮᠦᠨ᠎ᠡ᠂ ᠪᠡᠭᠡᠵᠢᠩ᠎ᠦᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ ᠡᠬᠢᠯᠡᠵᠦ᠍᠂ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ (ᠲᠥᠰᠦᠯ)》 ᠶ᠋ᠢ ᠬᠢᠨᠠᠨ ᠵᠥᠪᠯᠡᠭᠦᠯᠬᠦ᠌᠎ᠪᠡᠷ ᠳᠡᠪᠱᠢᠭᠦᠯᠪᠡ᠃ ᠬᠡᠳᠦᠨ ᠡᠳᠦᠷ᠎ᠦᠨ ᠲᠤᠷᠰᠢ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ 3000 ᠱᠢᠬᠠᠮ ᠲᠥᠯᠥᠭᠡᠯᠡᠭ᠌ᠴᠢ ᠠᠷᠠᠳ ᠲᠦᠮᠡᠨ᠎ᠦ ᠦᠪᠡᠳᠡᠭᠰᠢ ᠲᠠᠩᠬᠢᠮ᠎ᠳᠤ ᠴᠤᠭ᠍ᠯᠠᠷᠠᠵᠤ᠂ ᠬᠠᠤᠯᠢ ᠲᠣᠭ᠍ᠲᠠᠭᠠᠬᠤ᠎ᠳᠤ ᠰᠠᠨᠠᠯ ᠰᠠᠨᠠᠭᠤᠯᠭ᠎ᠠ ᠳᠡᠪᠱᠢᠭᠦᠯᠦᠭᠰᠡᠨ ᠪᠠᠢᠨ᠎ᠠ᠃

ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢ ᠠᠬᠢᠭᠤᠯᠬᠤ ᠬᠠᠤᠯᠢ᠎ᠶ᠋ᠢ ᠲᠣᠭ᠍ᠲᠠᠭᠠᠬᠤ ᠪᠣᠯ ᠶᠡᠷᠦᠩᠬᠡᠢ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠤᠨ ᠨᠠᠮ᠎ᠤᠨ ᠲᠥᠪ ᠬᠤᠷᠢᠶ᠎ᠠ ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠭᠦᠨᠵᠡᠭᠡᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠴᠢᠬᠤᠯᠠ ᠶᠡᠬᠡ ᠠᠷᠭ᠎ᠠ ᠬᠡᠮᠵᠢᠶ᠎ᠠ ᠪᠠᠢᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ᠎ᠳᠤ ᠬᠠᠤᠯᠢ ᠪᠡᠷ ᠵᠠᠰᠠᠬᠤ ᠰᠠᠭᠤᠷᠢ᠎ᠶ᠋ᠢ ᠪᠡᠬᠢᠵᠢᠭᠦᠯᠵᠦ᠍᠂ ᠠᠯᠤᠰ ᠬᠡᠳᠤ᠎ᠶ᠋ᠢᠨ ᠠᠴᠢ ᠬᠣᠯᠪᠣᠭ᠍ᠳᠠᠯ᠎ᠲᠠᠶ ᠶᠤᠮ᠃

《ᠠᠷᠪᠠᠨ ᠲᠠᠪᠤᠳᠤᠭᠠᠷ ᠲᠠᠪᠤᠨ ᠵᠢᠯ》 ᠤ᠋ᠨ ᠶᠡᠬᠡ ᠬᠥᠱᠢᠭᠡ ᠨᠢᠭᠡᠨᠲᠡ ᠨᠡᠭᠡᠭᠡᠭ᠌ᠳᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠨᠡᠩ ᠭᠡᠭᠡᠨ ᠰᠠᠷᠠᠭᠤᠯ ᠢᠷᠡᠭᠡᠳᠦᠶ᠎ᠪᠠᠨ ᠤᠬᠳᠤᠪᠠ᠃ ᠪᠥᠬᠥ᠌ ᠤᠯᠤᠰ᠎ᠤᠨ ᠬᠣᠶᠠᠷ ᠬᠤᠷᠠᠯ᠎ᠳᠤ ᠣᠷᠣᠯᠴᠠᠵᠤ ᠪᠠᠢᠭ᠎ᠠ ᠲᠥᠯᠥᠭᠡᠯᠡᠭ᠌ᠴᠢᠳ ᠭᠡᠱᠢᠭᠦᠳ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢ ᠲᠣᠭ᠍ᠲᠠᠭᠠᠭ᠍ᠰᠠᠨ ᠨᠢ ᠶᠠᠭ ᠴᠠᠭ᠎ᠲᠠᠭᠠᠨ ᠳᠣᠭᠢᠷᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠨᠢᠭ᠍ᠲᠠᠷᠠᠯ᠎ᠤᠨ ᠬᠦᠴᠦᠨ ᠲᠥᠪᠯᠡᠷᠡᠩᠭᠦᠶ ᠬᠦᠴᠦᠨ᠎ᠢ ᠤᠯᠠᠮ ᠨᠢᠭᠡ ᠠᠯᠬᠤᠮ ᠴᠢᠩᠭᠠᠷᠠᠭᠤᠯᠵᠤ᠂ ᠪᠥᠬᠥ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠢ ᠵᠢᠨ ᠫᠢᠩ ᠨᠥᠬᠥᠷ᠎ᠢᠶᠡᠷ ᠭᠤᠤᠯ ᠪᠤᠯᠭᠠᠭᠰᠠᠨ ᠨᠠᠮ᠎ᠤᠨ ᠲᠥᠪ ᠬᠤᠷᠢᠶ᠎ᠠ ᠵᠢᠨ ᠲᠣᠭᠣᠷᠢᠨ᠎ᠳᠤ ᠨᠠᠩ ᠨᠢᠭ᠍ᠲᠠᠷᠠᠨ ᠪᠦᠯᠬᠦᠮᠳᠡᠬᠦ᠌᠎ᠶ᠋ᠢ ᠠᠬᠢᠭᠤᠯᠵᠤ᠂ ᠰᠡᠳᠭᠢᠯ ᠨᠢᠭᠡᠳᠦᠨ ᠳᠤᠮᠳᠠᠳᠤ᠎ᠶ᠋ᠢᠨ ᠵᠡᠭᠦᠳᠦ᠍᠎ᠶ᠋ᠢ ᠬᠠᠮᠲᠤ᠎ᠪᠠᠷ ᠲᠡᠷᠭᠡᠯᠱᠢᠭᠦᠯᠬᠦ᠌ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠤᠨ᠎ᠠ ᠭᠡᠵᠦ ᠰᠠᠨᠠᠯ ᠨᠢᠭᠡᠲᠡᠢ ᠦᠵᠡᠵᠡᠭᠡᠪᠡ᠃

ᠦᠵᠡᠯ ᠰᠠᠨᠠᠭ᠎ᠠ ᠠᠶᠠᠯᠠᠯ᠎ᠢ ᠵᠢᠯᠤᠭᠤᠳᠴᠤ ᠴᠢᠭ᠌ᠯᠡᠯ᠎ᠢ ᠵᠢᠭᠠᠵᠤ ᠦᠭᠪᠡ — 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠭᠤᠤᠯ ᠱᠢᠵᠢᠮ ᠮᠥᠨ᠂ ᠪᠠᠰᠠ ᠴᠤ᠌ ᠦᠨᠳᠦᠰᠦᠲᠡᠨ᠎ᠦ ᠭᠠᠵᠠᠷ ᠣᠷᠣᠨ᠎ᠤ ᠡᠯ᠎ᠡ ᠵᠦᠶ᠋ᠯ᠎ᠦᠨ ᠠᠵᠢᠯ᠎ᠤᠨ ᠭᠤᠤᠯ ᠱᠢᠵᠢᠮ ᠮᠥᠨ》

《ᠶᠡᠷᠦᠩᠬᠡᠢ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯ ᠮᠠᠷᠺᠰ᠎ᠤᠨ ᠦᠵᠡᠯ᠎ᠦᠨ ᠦᠨᠳᠦᠰᠦᠲᠡᠨ᠎ᠦ ᠤᠨᠤᠯ᠎ᠢ ᠳᠤᠮᠳᠠᠳᠤ ᠤᠯᠤᠰᠴᠢᠯᠠᠬᠰᠠᠨ ᠴᠠᠭ ᠦᠶᠡᠴᠢᠯᠡᠭ᠌ᠰᠡᠨ ᠬᠠᠮᠤᠭ᠎ᠤᠨ ᠱᠢᠨ᠎ᠡ ᠦᠷ᠎ᠡ ᠪᠦᠲᠦᠭᠡᠯ ᠪᠣᠯᠤᠨ᠎ᠠ᠃ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢ ᠲᠣᠭ᠍ᠲᠠᠭᠠᠭ᠍ᠰᠠᠨ ᠨᠢ ᠳᠠᠷᠤᠢ ᠬᠠᠤᠯᠢ᠎ᠳᠤ ᠲᠣᠭ᠍ᠲᠠᠭᠠᠭ᠍ᠰᠠᠨ ᠲᠡᠰ ᠲᠠᠷᠠᠭᠠᠯᠠᠯ᠎ᠢᠶᠠᠷ ᠳᠠᠮᠵᠢᠨ᠂ ᠶᠡᠷᠦᠩᠬᠡᠢ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠣᠨᠴᠠᠭᠠᠢᠯᠠᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠡᠬᠦ ᠡᠨᠡ ᠬᠦ᠌ ᠴᠢᠬᠤᠯᠠ ᠶᠡᠬᠡ ᠣᠢᠯᠠᠭᠠᠭ᠍ᠳᠠᠬᠤᠨ᠎ᠢ ᠤᠯᠤᠰ᠎ᠤᠨ ᠵᠣᠷᠢᠭ ᠰᠠᠨᠠᠭ᠎ᠠ ᠪᠣᠯᠭᠠᠨ ᠬᠤᠪᠢᠷᠠᠭᠤᠯᠤᠬᠰᠠᠨ ᠶᠠᠪᠤᠳᠠᠯ ᠪᠣᠯᠤᠨ᠎ᠠ ᠁》

ᠶᠡᠬᠡ ᠬᠤᠷᠠᠯ᠎ᠤᠨ ᠲᠤᠬᠠᠢ᠎ᠶ᠋ᠢᠨ ᠲᠠᠯᠠᠪᠠᠢ᠎ᠳᠤ ᠬᠠᠤᠯᠢ ᠴᠠᠭᠠᠵᠠ᠎ᠶ᠋ᠢᠨ ᠲᠥᠰᠦᠯ᠎ᠦᠨ ᠲᠣᠳᠣᠷᠬᠠᠢᠯᠠᠯᠲᠠ᠎ᠶ᠋ᠢ ᠨᠠᠷᠢᠨ ᠬᠢᠨᠠᠮᠠᠭᠠᠢ ᠰᠣᠨᠣᠰᠤᠭᠠᠳ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠱᠢᠨᠵᠢᠶᠠᠩ ᠶᠡᠬᠡ ᠰᠤᠷᠭᠠᠭᠤᠯᠢ᠎ᠶ᠋ᠢᠨ ᠲᠡᠦᠬᠡ᠎ᠶ᠋ᠢᠨ ᠳᠡᠭᠡᠳᠦ ᠰᠤᠷᠭᠠᠭᠤᠯᠢ᠎ᠶ᠋ᠢᠨ ᠫᠷᠤᠹᠸᠰᠰᠤᠷ ᠮᠸᠩ ᠨᠠᠨ᠄ 《ᠲᠥᠰᠦᠯ ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠢᠯᠠᠩᠭᠤᠶ᠎ᠠ ᠶᠡᠷᠦᠩᠬᠡᠢ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠦᠨᠳᠦᠰᠦᠨ ᠬᠠᠤᠯᠢ᠎ᠶ᠋ᠢᠨ ᠲᠣᠭ᠍ᠲᠠᠭᠠᠯ᠂ ᠵᠠᠷᠴᠢᠮ ᠪᠣᠯᠤᠨ ᠵᠣᠷᠢᠭ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠲᠦᠷᠢᠮ᠎ᠦᠨ ᠲᠠᠯ᠎ᠠ᠎ᠪᠠᠷ᠂ ᠬᠠᠤᠯᠢ ᠴᠠᠭᠠᠵᠠ᠎ᠶ᠋ᠢᠨ ᠲᠠᠯ᠎ᠠ᠎ᠪᠠᠷ ᠨᠠᠮ᠎ᠤᠨ ᠦᠨᠳᠦᠰᠦᠲᠡᠨ᠎ᠦ ᠠᠵᠢᠯ᠎ᠳᠠᠬᠢ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠲᠤᠯᠠᠵᠠᠢ》 ᠭᠡᠵᠦ ᠰᠡᠳᠭᠢᠯ ᠲᠤᠭᠳᠤᠯᠤᠨ ᠬᠡᠯᠡᠪᠡ᠃

ᠮᠠᠨ᠎ᠤ ᠤᠯᠤᠰ ᠪᠣᠯ ᠤᠯᠠᠨ ᠦᠨᠳᠦᠰᠦᠲᠡᠨ᠎ᠲᠡᠶ ᠨᠢᠭᠡᠳᠦᠭ᠌ᠰᠡᠨ ᠤᠯᠤᠰ ᠮᠥᠨ᠃ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌ ᠨᠢ ᠡᠭᠡ ᠣᠷᠣᠨ᠎ᠤ ᠨᠢᠭᠡᠳᠦᠯ ᠪᠠ ᠬᠢᠯᠢ ᠬᠢᠵᠠᠭᠠᠷ᠎ᠢ ᠪᠡᠬᠢᠵᠢᠬᠦᠯᠬᠦ᠎ᠳᠦ ᠬᠣᠯᠪᠣᠭ᠍ᠳᠠᠵᠤ᠂ ᠦᠨᠳᠦᠰᠦᠲᠡᠨ᠎ᠦ ᠪᠦᠯᠬᠦᠮᠳᠡᠯ ᠪᠠ ᠨᠡᠢᠭᠡᠮ᠎ᠦᠨ ᠲᠣᠭ᠍ᠲᠠᠭᠤᠨ ᠪᠠᠢᠳᠠᠯ᠎ᠳᠤ ᠬᠣᠯᠪᠣᠭ᠍ᠳᠠᠵᠤ᠂ ᠤᠯᠤᠰ ᠣᠷᠣᠨ᠎ᠤ ᠥᠨᠢ ᠤᠳᠠᠭᠠᠨ ᠠᠮᠤᠷ ᠲᠦᠪᠱᠢᠨ ᠪᠠᠢᠬᠤ ᠪᠠ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠳᠤ ᠬᠣᠯᠪᠣᠭ᠍ᠳᠠᠵᠤ ᠪᠠᠢᠳᠠᠭ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠢ᠎ᠠ ᠦᠨᠳᠦᠰᠦᠲᠡᠨ᠎ᠦ ᠠᠵᠢᠯ᠎ᠢ ᠳᠡᠭᠡᠳᠦ ᠬᠡᠮᠵᠢᠢ᠎ᠡ᠎ᠪᠡᠷ ᠴᠢᠬᠤᠯᠠᠴᠢᠯᠠᠵᠤ᠂ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ ᠪᠠᠢᠯᠳᠤᠬᠤ ᠪᠤᠳᠤᠯᠭ᠎ᠠ᠎ᠶ᠋ᠢᠨ ᠦᠨᠳᠦᠷᠴᠡ ᠡᠴᠡ ᠡᠭᠦᠰᠴᠦ᠍᠂ 《ᠬᠣᠶᠠᠷ᠎ᠢ ᠤᠶᠠᠯᠳᠤᠭᠤᠯᠬᠤ》 ᠵᠢ ᠪᠠᠷᠢᠮᠲᠠᠯᠠᠵᠤ᠂ ᠮᠠᠷᠺᠰ᠎ᠤᠨ ᠦᠵᠡᠯ᠎ᠦᠨ ᠦᠨᠳᠦᠰᠦᠲᠡᠨ᠎ᠦ ᠤᠨᠤᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ᠌᠎ᠶ᠋ᠢ ᠲᠠᠰᠤᠷᠠᠯᠳᠡ ᠦᠭᠡᠢ ᠠᠬᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠪᠦᠷᠢᠯᠳᠦᠭᠦᠯᠵᠦ᠍᠂ ᠨᠠᠮ᠎ᠤᠨ ᠦᠨᠳᠦᠰᠦᠲᠡᠨ᠎ᠦ ᠠᠵᠢᠯ᠎ᠢ ᠵᠢᠯᠣᠭᠣᠳᠤᠨ ᠲᠡᠦᠬᠡᠲᠦ ᠴᠢᠨᠠᠷᠲᠠᠢ ᠱᠢᠨ᠎ᠡ ᠠᠮᠵᠢᠯᠲᠠ ᠪᠦᠲᠦᠮᠵᠢ ᠤᠯᠪᠠ᠃

《ᠦᠨᠦ᠂ ᠯᠦᠸᠸ ᠰᠦᠨᠭ ᠳᠢ ᠪᠠᠭ᠎ᠠ ᠰᠤᠷᠭᠠᠭᠤᠯᠢ ᠡᠯ᠎ᠡ ᠱᠠᠲᠤᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠂ ᠨᠡᠢᠭᠡᠮ᠎ᠦᠨ ᠡᠯ᠎ᠡ ᠡᠲᠡᠭᠡᠳ᠎ᠦᠨ ᠬᠠᠯᠠᠮᠵᠢᠯᠠᠯ ᠬᠠᠪᠰᠤᠷᠤᠯᠭ᠎ᠠ ᠳᠣᠣᠷ᠎ᠠ᠂ ᠤᠤᠯ᠎ᠤᠨ ᠰᠠᠯᠬᠢ ᠨᠡᠪᠲᠡᠷᠡᠵᠦ ᠪᠤᠷᠤᠭᠠᠨ ᠭᠤᠭᠤᠵᠢᠳᠠᠭ ᠪᠠᠢᠭᠰᠠᠨ ᠡᠪᠳᠡᠷᠬᠡᠢ ᠪᠠᠢᠱᠢᠩ᠎ᠡᠴᠡ ᠥᠨᠥᠳᠦᠷ᠎ᠦᠨ ᠠᠭᠤᠳᠠᠮ ᠰᠠᠷᠠᠭᠤᠯ ᠵᠢᠭᠠᠨ ᠰᠤᠷᠭᠠᠯᠲᠠ᠎ᠶ᠋ᠢᠨ ᠠᠰᠠᠷ ᠲᠠᠢ ᠪᠤᠯᠵᠠᠢ᠃ ᠥᠩᠭᠡᠷᠡᠭ᠌ᠰᠡᠨ᠎ᠳᠦ ᠪᠤᠢ᠌ᠳᠠ ᠪᠥᠭ᠌ᠯᠡᠭᠦᠦ ᠪᠠᠢᠭ᠍ᠰᠠᠨ ᠵᠢᠵᠢᠭ ᠲᠣᠰᠭᠣᠨ ᠨᠢ ᠪᠠᠰᠠ ᠡᠪᠡᠳᠴᠢᠨ ᠡᠮᠭᠡᠭ ᠪᠣᠯᠤᠨ ᠶᠠᠳᠠᠭᠤ ᠬᠦᠴᠢᠷᠳᠡᠯ᠎ᠡᠴᠡ ᠪᠠᠨ ᠠᠩᠭᠢᠵᠢᠷᠠᠵᠤ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠵᠢᠱ᠌ᠢᠢ᠎ᠡ ᠦᠵᠡᠭᠦᠯᠬᠦ᠌ ᠲᠣᠰᠭᠣᠨ ᠪᠣᠯᠵᠠᠢ》᠃

3 ᠰᠠᠷ᠎ᠠ᠎ᠶ᠋ᠢᠨ 5 ᠎ᠤ᠋ ᠦᠳᠡ᠎ᠶ᠋ᠢᠨ ᠡᠮᠦᠨᠡᠬᠢ 8 ᠴᠠᠭ᠎ᠤᠨ ᠦᠶ᠎ᠡ᠎ᠪᠡᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠠᠨᠭᠬᠠᠨ᠎ᠤ 《ᠲᠥᠯᠥᠭᠡᠯᠡᠭ᠌ᠴᠢᠳ᠎ᠦᠨ ᠰᠤᠷᠪᠤᠯᠵᠢᠯᠠᠭ᠎ᠠ ᠬᠦᠯᠢᠶᠡᠬᠦ ᠵᠠᠮ》 ᠳᠡᠭᠡᠷ᠎ᠡ᠂ ᠶᠦᠨᠨᠠᠨ᠎ᠤ ᠸᠸᠨᠱᠠᠨ ᠡᠴᠡ ᠢᠷᠡᠭ᠌ᠰᠡᠨ ᠵᠤᠸᠠᠩ ᠦᠨᠳᠦᠰᠦᠲᠡᠨ᠎ᠦ ᠪᠠᠭ᠍ᠰᠢ ᠨᠦᠩ ᠵᠢᠶᠠ ᠬᠦᠢ ᠲᠥᠯᠥᠭᠡᠯᠡᠭ᠌ᠴᠢ ᠬᠥᠳᠡᠭᠡ ᠲᠣᠰᠭᠣᠨ᠎ᠤ ᠰᠤᠷᠭᠠᠨ ᠬᠥᠮᠦᠵᠢᠯ᠎ᠳᠦ ᠬᠤᠪᠢ ᠨᠡᠮᠡᠷᠢ ᠦᠵᠡᠭᠦᠯᠵᠦ᠍᠂ ᠨᠤᠳᠤᠬ ᠤᠰᠤᠨ᠎ᠤ ᠪᠡᠨ ᠯᠤᠲᠤ ᠶᠡᠬᠡ ᠬᠤᠪᠢᠷᠠᠯᠲᠠ᠎ᠶ᠋ᠢ ᠪᠡᠶ᠎ᠡ᠎ᠪᠡᠷ᠎ᠢᠶᠡᠨ ᠥᠩᠭᠡᠷᠡᠭᠦᠯᠦᠭ᠌ᠰᠡᠨ ᠦᠯᠢᠭᠡᠷ᠎ᠵᠢᠡᠨ ᠰᠠᠢᠬᠠᠨ ᠶᠠᠷᠢᠵᠤ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠱᠢᠬᠢ ᠮᠠᠨ᠎ᠤ ᠤᠯᠤᠰ᠎ᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠦᠢᠯᠡᠰ᠎ᠦᠨ ᠠᠮᠢᠳᠤᠯᠢᠭ ᠪᠠᠢᠳᠠᠯ᠎ᠢ ᠬᠠᠷᠠᠭᠤᠯᠵᠠᠢ᠃

ᠮᠠᠨ᠎ᠤ ᠤᠯᠤᠰ ᠶᠠᠭ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠵᠠᠩᠭᠢᠯᠠᠭ᠎ᠠ᠎ᠶ᠋ᠢᠨ ᠴᠠᠭ ᠦᠶ᠎ᠡ᠎ᠳᠦ ᠣᠷᠣᠱᠢᠵᠤ ᠪᠠᠢᠨ᠎ᠠ᠂ ᠦᠨᠳᠦᠰᠦᠲᠡᠨ᠎ᠦ ᠠᠵᠢᠯ᠎ᠤᠨ ᠱᠢᠨ᠎ᠡ ᠪᠠᠢᠳᠠᠯ᠎ᠢ ᠬᠡᠷᠬᠢᠨ ᠡᠭᠦᠳᠬᠦ ᠪᠤᠢ?

《ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠍᠎ᠶ᠋ᠢ ᠲᠡᠷᠭᠡᠯᠱᠢᠭᠦᠯᠬᠦ᠌᠎ᠳᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠣᠣᠯ ᠱᠢᠵᠢᠮ ᠪᠣᠯᠭᠠᠵᠤ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠦᠢᠯᠡᠰ᠎ᠢ ᠰᠠᠭᠤᠷᠢ ᠴᠢᠨᠠᠷᠲᠠᠢ ᠦᠢᠯᠡᠰ ᠪᠣᠯᠭᠠᠨ ᠴᠢᠩᠭ᠎ᠠ ᠠᠳᠭᠤᠵᠤ ᠰᠠᠢᠲᠤᠷ ᠠᠳᠭᠤᠬᠤ ᠬᠡᠷᠡᠭ᠌ᠲᠡᠢ》᠃ ᠶᠡᠷᠦᠩᠬᠡᠢ ᠱᠦᠵᠢ ᠰᠢ ᠵᠢᠨ ᠫᠢᠩ᠎ᠦᠨ ᠡᠷᠡᠰ ᠪᠠᠲᠤ ᠢᠳᠡ ᠬᠦᠴᠦᠲᠡᠢ ᠦᠭᠡ ᠶᠠᠷᠢᠶᠠᠨ᠎ᠳᠤ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌ ᠲᠤᠬᠠᠢ ᠭᠦᠨᠵᠡᠭᠡᠢ ᠪᠣᠳᠣᠯᠬᠢᠯᠠᠯ ᠠᠭᠤᠯᠤᠭ᠍ᠳᠠᠵᠤ ᠪᠠᠢᠨ᠎ᠠ᠃

2014 ᠣᠨ᠎ᠤ 5 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠬᠣᠶᠠᠳᠤᠭᠠᠷ ᠤᠳᠠᠭ᠎ᠠ᠎ᠶ᠋ᠢᠨ ᠲᠥᠪ᠎ᠦᠨ ᠱᠢᠨᠵᠢᠶᠠᠩ᠎ᠤᠨ ᠠᠵᠢᠯ᠎ᠤᠨ ᠶᠠᠷᠢᠯᠴᠠᠬᠤ ᠬᠤᠷᠠᠯ ᠳᠡᠭᠡᠷ᠎ᠡ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ》 ᠢ᠋ ᠲᠣᠳᠣᠷᠬᠠᠢ ᠳᠤᠷᠠᠳᠴᠤ᠌᠂ ᠲᠤᠰ ᠵᠢᠯ᠎ᠦᠨ 9 ᠰᠠᠷ᠎ᠠ᠎ᠳᠤ ᠬᠤᠷᠠᠯᠳᠤᠭ᠍ᠰᠠᠨ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ ᠳᠡᠭᠡᠷ᠎ᠡ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠦᠵᠡᠯ ᠰᠠᠨᠠᠭᠠᠨ᠎ᠤ ᠰᠠᠭᠤᠷᠢ᠎ᠶ᠋ᠢ ᠪᠠᠲᠤ ᠴᠣᠭ᠍ᠴᠠᠯᠠᠬᠤ᠎ᠶ᠋ᠢ ᠪᠠᠷᠢᠮᠲᠠᠯᠠᠬᠤ ᠬᠡᠷᠡᠭ᠌ᠲᠡᠢ》 ᠭᠡᠵᠦ᠍ ᠴᠢᠨᠠᠭ᠍ᠰᠢᠳᠠ ᠴᠢᠬᠤᠯᠠᠴᠢᠯᠠᠪᠠ᠃

ᠲᠡᠭᠦᠨ᠎ᠡᠴᠡ ᠬᠣᠢᠰᠢ᠂ ᠶᠡᠷᠦᠩᠬᠡᠢ ᠱᠦᠵᠢ ᠰᠢ ᠵᠢᠨ ᠫᠢᠩ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠡᠨᠡ ᠬᠦ᠌ ᠴᠢᠬᠤᠯᠠ ᠶᠡᠬᠡ ᠤᠤᠭᠠᠯ ᠡᠭᠦᠳᠦᠯᠲᠡ᠎ᠶ᠋ᠢᠨ ᠴᠢᠨᠠᠷᠲᠠᠢ ᠨᠤᠲᠠᠯᠠᠯᠲᠠ᠎ᠶ᠋ᠢ ᠤᠯᠠᠨ ᠤᠳᠠᠭ᠎ᠠ ᠲᠣᠳᠣᠷᠬᠠᠢᠯᠠᠨ ᠥᠭᠦᠯᠡᠵᠦ᠍᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ ᠵᠢ ᠠᠬᠢᠭᠤᠯᠪᠠ —

2017 ᠣᠨ᠎ᠳᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠳᠡᠭᠡᠷ᠎ᠡ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ》 ᠵᠢ ᠳᠤᠷᠠᠳᠤᠭ᠍ᠰᠠᠨ ᠪᠥᠭᠡᠳ ᠲᠡᠭᠦᠨ᠎ᠢ ᠨᠠᠮ᠎ᠤᠨ ᠲᠦᠷᠢᠮ᠎ᠳᠦ ᠪᠢᠴᠢᠵᠦ᠍ ᠣᠷᠣᠭᠤᠯᠬᠤ᠎ᠶ᠋ᠢ ᠠᠬᠢᠭᠤᠯᠪᠠ; 2019 ᠣᠨ᠎ᠳᠤ᠂ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠥᠬᠢᠭᠦᠯᠦᠨ ᠰᠠᠢᠱᠢᠶᠠᠬᠤ ᠶᠡᠬᠡ ᠬᠤᠷᠠᠯ ᠳᠡᠭᠡᠷ᠎ᠡ 《ᠳᠥᠷᠪᠡᠨ ᠬᠠᠮᠲᠤ》 ᠳᠤᠮᠳᠠᠳᠤ᠎ᠶ᠋ᠢᠨ ᠦᠨᠳᠦᠰᠦᠲᠡᠨ᠎ᠦ ᠲᠡᠦᠬᠡ᠎ᠶ᠋ᠢᠨ ᠦᠵᠡᠯᠲᠡ᠎ᠶ᠋ᠢ ᠪᠦᠲᠦᠭᠡᠯᠴᠢ ᠪᠡᠷ ᠳᠤᠷᠠᠳᠤᠨ ᠭᠠᠷᠭᠠᠪᠠ; 2021 ᠣᠨ᠎ᠳᠤ᠂ ᠲᠥᠪ᠎ᠦᠨ ᠦᠨᠳᠦᠰᠦᠲᠡᠨ᠎ᠦ ᠠᠵᠢᠯ᠎ᠤᠨ ᠬᠤᠷᠠᠯ ᠳᠡᠭᠡᠷ᠎ᠡ 《ᠡᠷᠬᠡᠪᠰᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠭᠣᠣᠯ ᠱᠢᠵᠢᠮ ᠪᠣᠯᠭᠠᠬᠤ ᠬᠡᠷᠡᠭ᠌ᠲᠡᠢ》 ᠵᠡᠷᠭᠡ 《ᠠᠷᠪᠡᠨ ᠬᠤᠶᠠᠷ ᠡᠷᠭᠡᠪᠰᠢ》 ᠵᠢ ᠲᠣᠳᠣᠷᠬᠠᠢ ᠳᠤᠷᠠᠳᠴᠤ᠌᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌᠎ᠳᠦ ᠦᠨᠳᠦᠰᠦᠨ ᠵᠢᠷᠤᠮᠯᠠᠯ ᠬᠠᠩᠭᠠᠵᠠᠢ; 2023 ᠣᠨ᠎ᠳᠤ᠂ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ᠎ᠳᠠᠭᠠᠨ 《ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠭᠣᠣᠯ ᠱᠢᠵᠢᠮ ᠮᠥᠨ᠂ ᠮᠦᠨ ᠴᠤ᠌ ᠦᠨᠳᠦᠰᠦᠲᠡᠨ᠎ᠦ ᠭᠠᠵᠠᠷ ᠣᠷᠣᠨ᠎ᠤ ᠡᠯ᠎ᠡ ᠵᠦᠢᠯ᠎ᠦᠨ ᠠᠵᠢᠯ᠎ᠤᠨ ᠭᠣᠣᠯ ᠱᠢᠵᠢᠮ ᠮᠥᠨ》 ᠭᠡᠵᠦ᠍ ᠴᠢᠨᠠᠭ᠍ᠰᠢᠳᠠ ᠵᠢᠭᠠᠵᠤ ᠭᠠᠷᠭᠠᠪᠠ; 2024 ᠣᠨ᠎ᠳᠤ᠂ ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠬᠥᠬᠢᠭᠦᠯᠦᠨ ᠰᠠᠢᠱᠢᠶᠠᠬᠤ ᠶᠡᠬᠡ ᠬᠤᠷᠠᠯ ᠳᠡᠭᠡᠷ᠎ᠡ ᠳᠤᠮᠳᠠᠳᠤ᠎ᠶ᠋ᠢᠨ ᠦᠨᠳᠦᠰᠦᠲᠡᠨ᠎ᠦ ᠲᠡᠦᠬᠡ᠎ᠶ᠋ᠢᠨ ᠦᠵᠡᠯᠲᠡ᠎ᠶ᠋ᠢ 《ᠲᠦᠷᠪᠡᠨ ᠬᠠᠮᠲᠤ》 ᠪᠠᠢᠭ᠍ᠰᠠᠨ᠎ᠡᠴᠡ 《ᠲᠠᠪᠤᠨ ᠬᠠᠮᠲᠤ》 ᠪᠣᠯᠭᠠᠨ ᠥᠷᠭᠡᠳᠭᠡᠪᠡ ᠁

ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢ ᠠᠬᠢᠭᠤᠯᠬᠤ ᠬᠠᠤᠯᠢ᠎ᠶ᠋ᠢᠨ ᠲᠥᠰᠦᠯ᠎ᠢ ᠤᠷᠪᠠᠭᠤᠯᠵᠤ ᠦᠵᠡᠪᠡᠯ᠂ ᠦᠭᠡ ᠥᠭᠦᠯᠡᠪᠦᠷᠢ᠎ᠶ᠋ᠢᠨ ᠳᠣᠲᠣᠷ᠎ᠠ ᠶᠡᠷᠦᠩᠬᠡᠢ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭᠠᠨ᠎ᠤ ᠬᠡᠷᠡᠯ ᠭᠢᠯᠪᠠᠭ᠎ᠠ ᠰᠠᠴᠤᠷᠠᠵᠤ᠂ ᠦᠨᠳᠦᠰᠦᠲᠡᠨ᠎ᠦ ᠪᠦᠯᠬᠦᠮᠳᠡᠯ ᠪᠣᠯ ᠮᠠᠨ᠎ᠤ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠠᠮᠢᠨ ᠰᠤᠳᠠᠰᠤ ᠪᠣᠯᠬᠤ᠎ᠶ᠋ᠢ ᠬᠠᠷᠠᠭᠤᠯᠵᠤ᠂ ᠤᠯᠤᠰ᠎ᠤᠨ ᠨᠢᠭᠡᠳᠦᠯ᠎ᠢ ᠬᠠᠮᠠᠭᠠᠯᠠᠬᠤ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢ ᠠᠬᠢᠭᠤᠯᠬᠤ ᠪᠣᠯ ᠪᠦᠬᠦ᠌ ᠳᠤᠮᠳᠠᠳᠤ ᠤᠯᠤᠰ᠎ᠤᠨ ᠠᠷᠠᠳ ᠲᠦᠮᠡᠨ᠎ᠦ ᠬᠠᠮᠲᠤ᠎ᠶ᠋ᠢᠨ ᠬᠠᠷᠢᠭᠤᠴᠠᠯᠭ᠎ᠠ ᠪᠣᠯᠬᠤ᠎ᠶ᠋ᠢ ᠲᠣᠳᠣᠷᠬᠠᠢᠯᠠᠪᠠ᠃

ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢ ᠠᠬᠢᠭᠤᠯᠬᠤ ᠬᠠᠤᠯᠢ᠎ᠶ᠋ᠢ ᠲᠣᠭ᠍ᠲᠠᠭᠠᠬᠤ ᠪᠣᠯ ᠳᠠᠷᠤᠢ ᠳᠤᠮᠳᠠᠳᠤ᠎ᠶ᠋ᠢᠨ ᠦᠨᠳᠦᠰᠦᠲᠡᠨ᠎ᠦ ᠲᠡᠦᠬᠡ᠎ᠡᠴᠡ ᠢᠷᠡᠭᠡᠳᠦᠢ ᠲᠡᠢᠰᠢ ᠤᠷᠤᠭ᠍ᠰᠢᠯᠠᠬᠤ᠂ ᠤᠯᠠᠮᠵᠢᠯᠠᠯ᠎ᠡᠴᠡ ᠤᠳᠤ ᠦᠶ᠎ᠡ ᠲᠡᠢᠰᠢ ᠤᠷᠤᠭ᠍ᠰᠢᠯᠠᠬᠤ᠂ ᠤᠯᠠᠨ ᠡᠱᠢᠵᠢᠯ ᠡᠴᠡ ᠨᠢᠭᠲᠠᠷᠠᠭᠠᠳ ᠨᠢᠭᠡ ᠴᠤᠬ᠍ᠴᠠᠵᠢᠬ᠍ᠰᠡᠨ ᠬᠥᠭ᠌ᠵᠢᠯᠲᠡ᠎ᠪᠤᠯᠬᠤ ᠶᠡᠬᠡ ᠬᠠᠨᠳᠤᠰᠢ᠎ᠶ᠋ᠢ ᠲᠠᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠠᠢᠭᠤᠯᠤᠯ ᠲᠣᠭ᠍ᠲᠡᠴᠡ᠎ᠶ᠋ᠢ ᠪᠦᠷᠢᠨᠱᠢᠬᠦᠯᠤᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠳᠦ ᠵᠢᠨ ᠲᠠᠨᠢᠯᠲᠠ᠎ᠪᠡᠷ ᠨᠡᠩ ᠥᠨᠳᠥᠷ᠂ ᠨᠢᠭ᠍ᠲᠠᠷᠠᠯ᠎ᠤᠨ ᠬᠦᠴᠦᠨ᠎ᠢᠶᠡᠷ ᠨᠡᠩ ᠴᠢᠩᠭ᠎ᠠ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ ᠪᠣᠯᠬᠤ᠎ᠶ᠋ᠢ ᠠᠬᠢᠭᠤᠯᠬᠤ ᠶᠠᠪᠤᠳᠠᠯ ᠪᠣᠯᠤᠨ᠎ᠠ᠃

《ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠵᠢᠨ ᠬᠤᠷᠠᠯ᠎ᠳᠤ ᠬᠣᠶᠠᠷ ᠤᠳᠠᠭ᠎ᠠ ᠳᠡᠪᠱᠢᠭᠦᠯᠵᠦ᠍ ᠬᠢᠨᠠᠨ ᠵᠥᠪᠯᠡᠭᠦᠯᠬᠦ᠌᠎ᠡᠴᠡ ᠡᠨᠡ ᠤᠳᠠᠭ᠎ᠠ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠳᠤ ᠳᠡᠪᠱᠢᠭᠦᠯᠵᠦ᠍ ᠬᠢᠨᠠᠨ ᠵᠥᠪᠯᠡᠭᠦᠯᠬᠦ᠌ ᠬᠦᠷᠲᠡᠯ᠎ᠡ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢ ᠲᠣᠭ᠍ᠲᠠᠭᠠᠬᠤ᠎ᠳᠤ ᠶᠡᠷᠦᠩᠬᠡᠢ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠪᠠᠷ ᠦᠨᠳᠦᠰᠦᠨ ᠵᠢᠷᠤᠮᠯᠠᠯ ᠪᠣᠯᠭᠠᠬᠤ᠎ᠶ᠋ᠢ ᠪᠠᠷᠢᠮᠲᠠᠯᠠᠵᠤ᠂ ᠡᠨᠡ ᠬᠦ᠌ ᠴᠢᠬᠤᠯᠠ ᠦᠵᠡᠯ ᠰᠠᠨᠠᠭ᠎ᠠ᠎ᠳᠠᠬᠢ 〈ᠠᠷᠪᠠᠨ ᠬᠣᠶᠠᠷ ᠡᠷᠬᠡᠪᠰᠢ〉 ᠶ᠋ᠢᠨ ᠱᠠᠭᠠᠷᠳᠠᠯᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠬᠤ ᠨᠢ ᠴᠢᠬᠤᠯᠠ ᠶᠡᠬᠡ ᠪᠥᠭᠡᠳ ᠠᠯᠤᠰ ᠬᠡᠳᠦ᠍᠎ᠶ᠋ᠢᠨ ᠠᠴᠢ ᠬᠣᠯᠪᠣᠭ᠍ᠳᠠᠯ ᠲᠠᠶ ᠶᠤᠮ》 ᠭᠡᠵᠦ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠲᠥᠪᠡᠳ᠎ᠦᠨ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠳᠡᠳ᠋ ᠳᠠᠷᠤᠭ᠎ᠠ ᠪᠢᠮᠪᠠᡀᠮᠦ ᠢᠯᠡᠳᠭᠡᠪᠡ᠃

ᠪᠥᠬᠥ᠌ ᠤᠯᠤᠰ᠎ᠤᠨ ᠬᠣᠶᠠᠷ ᠬᠤᠷᠠᠯ᠎ᠳᠤ ᠣᠷᠣᠯᠴᠠᠭ᠍ᠰᠠᠨ ᠲᠥᠯᠥᠭᠡᠯᠡᠭ᠌ᠴᠢᠳ ᠭᠡᠱᠢᠭᠦᠳ᠂ ᠶᠡᠷᠦᠩᠬᠡᠶ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠣᠭᠣᠳᠣᠯᠭ᠎ᠠ ᠳᠤᠤᠷ᠎ᠠ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠲᠠᠰᠤᠷᠠᠯᠲᠠ ᠥᠬᠡᠶ ᠪᠠᠲᠤ ᠪᠠᠬᠢ ᠪᠣᠯᠵᠣ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ ᠲᠠᠰᠤᠷᠠᠯᠲᠠ ᠥᠬᠡᠶ ᠠᠭᠢᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠦᠶ᠋ᠯᠡᠰ ᠴᠡᠴᠡᠭ᠌ᠯᠡᠨ ᠬᠥᠭ᠌ᠵᠢᠵᠦ᠍᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠦᠨᠳᠦᠰᠦᠲᠡᠨ᠎ᠦ ᠠᠰᠠᠭᠤᠳᠠᠯ᠎ᠢ ᠱᠢᠶ᠋ᠳᠪᠦᠷᠢᠯᠡᠬᠦ᠌ ᠵᠥᠪ ᠵᠠᠮ ᠶᠠᠪᠤᠬᠤ ᠲᠤᠲᠤᠮ ᠰᠠᠷᠠᠭᠤᠯ ᠳᠠᠷᠳᠠᠩ ᠪᠣᠯᠵᠣ ᠪᠠᠢᠨ᠎ᠠ ᠭᠡᠵᠦ ᠦᠵᠡᠵᠡᠭᠡᠪᠡ᠃

ᠵᠢᠷᠤᠭ ᠲᠥᠰᠥᠪ᠎ᠢ ᠵᠢᠷᠤᠭᠯᠠᠨ ᠪᠦᠯᠬᠦᠮᠳᠡᠯ᠎ᠢ ᠠᠬᠢᠭᠤᠯᠪᠠ — 《ᠦᠨᠳᠦᠰᠦᠲᠡᠨ᠎ᠨᠦᠭᠦᠳ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠨᠢᠭ᠍ᠲᠠᠷᠠᠭᠤᠯᠵᠤ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠪᠦᠯᠬᠦᠮᠳᠡᠨ ᠲᠡᠮᠡᠴᠡᠵᠦ᠂ ᠬᠠᠮᠲᠤ᠎ᠪᠠᠷ ᠴᠡᠴᠡᠭᠯᠡᠨ ᠬᠥᠭᠵᠢᠬᠦ᠎ᠶᠢ ᠪᠡᠶᠡᠯᠡᠭᠦᠯᠬᠦ ᠭᠡᠷᠡᠭᠲᠡᠢ》

《ᠪᠦᠦ ᠠᠨ ᠦᠨᠳᠦᠰᠦᠲᠡᠨ᠎ᠦ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠲᠥᠯᠥᠭᠡᠯᠡᠭᠴᠢ ᠪᠣᠯᠤᠭᠰᠠᠨ᠎ᠤ ᠬᠤᠪᠢ᠎ᠳᠤ᠂ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢ ᠠᠬᠢᠭᠤᠯᠬᠤ ᠬᠠᠤᠯᠢ᠎ᠶᠢ ᠲᠣᠭᠲᠠᠭᠠᠭᠰᠠᠨ᠎ᠳᠤ ᠪᠢ ᠶᠡᠬᠡᠳᠡ ᠤᠷᠮᠠᠰᠢᠨ ᠵᠣᠷᠢᠭ᠍ᠵᠢᠵᠤ ᠪᠠᠢᠨ᠎ᠠ》᠃ ᠭᠠᠨᠰᠤ ᠮᠤᠵᠢ᠎ᠶᠢᠨ ᠯᠢᠨᠰᠢᠶᠠ ᠬᠣᠲᠣᠩ ᠦᠨᠳᠦᠰᠦᠲᠡᠨ᠎ᠦ ᠥᠪᠡᠷᠲᠡᠭᠡᠨ ᠵᠠᠰᠠᠬᠤ ᠵᠧᠦ᠎ᠡᠴᠡ ᠢᠷᠡᠭᠰᠡᠨ ᠳ᠋ᠦᠩ ᠼᠠᠢ ᠶᠦᠨ ᠲᠥᠯᠥᠭᠡᠯᠡᠭᠴᠢ ᠲᠥᠰᠥᠯ᠎ᠦᠨ ᠠᠭᠤᠯᠭ᠎ᠠ ᠨᠢᠭᠡ ᠪᠦᠷᠢ᠎ᠶᠢ ᠨᠠᠷᠢᠨ ᠬᠢᠨᠠᠮᠠᠭᠠᠢ ᠰᠤᠳᠤᠯᠤᠨ ᠤᠩᠰᠢᠵᠤ᠂ ᠰᠠᠨᠠᠭ᠎ᠠ ᠪᠤᠳᠤᠯ ᠨᠢ 7 ᠵᠢᠯ᠎ᠦᠨ ᠡᠮᠦᠨ᠎ᠡ  ᠪᠤᠴᠠᠪᠠ  ᠁

《ᠭᠠᠳᠠᠨᠠᠬᠢ ᠲᠡᠢ ᠨᠡᠪᠳᠡᠷᠡᠬᠦ ᠲᠦᠷᠭᠡᠨ᠎ᠤ ᠵᠠᠰᠠᠮᠠᠯ ᠵᠠᠮ ᠳᠤᠳᠠᠵᠤ ᠪᠠᠢᠨ᠎ᠠ》᠂ 2019 ᠣᠨ᠎ᠤ ᠪᠥᠬᠥ ᠤᠯᠤᠰ᠎ᠤᠨ ᠬᠣᠶᠠᠷ ᠬᠤᠷᠠᠯ ᠳᠡᠭᠡᠷ᠎ᠡ᠂ ᠲᠡᠷᠡ ᠦᠨᠳᠦᠰᠦᠨ ᠱᠠᠲᠤᠨ᠎ᠤ ᠬᠦᠰᠡᠯ ᠱᠠᠭᠠᠷᠳᠠᠯᠭ᠎ᠠ ᠵᠢ ᠳᠤᠷᠠᠳᠪᠠ᠃ ᠶᠡᠷᠦᠩᠬᠡᠢ ᠱᠦᠵᠢ ᠰᠢ᠎ᠶᠢᠨ ᠫᠢᠩ ᠬᠤᠷᠠᠯ᠎ᠤᠨ ᠠᠬᠤᠢ ᠲᠠᠯᠠᠪᠠᠶ᠎ᠳᠤ ᠲᠡᠷᠡ ᠳᠠᠷᠤᠢ ᠳ᠋ᠤᠨᠢ᠄ 《ᠡᠯ᠎ᠡ ᠶᠠᠮᠤᠨ ᠵᠦᠪᠯᠡᠯ᠎ᠤᠨ ᠨᠥᠬᠥᠳ ᠪᠦᠷ ᠪᠠᠢᠨ᠎ᠠ᠂ ᠲᠥᠯᠥᠭᠡᠯᠡᠭᠴᠢᠳ᠎ᠦᠨ ᠰᠠᠨᠠᠭᠤᠯᠭ᠎ᠠ᠎ᠶᠢ ᠢᠳᠡᠪᠬᠢᠲᠡᠢ ᠭᠥᠯᠢᠶᠡᠨ ᠠᠪᠴᠤ ᠬᠡᠷᠡᠭᠯᠡᠬᠦ ᠬᠡᠷᠡᠭᠲᠡᠢ》 ᠭᠡᠵᠦ ᠵᠢᠭᠠᠵᠤ ᠭᠠᠷᠭᠠᠪᠠ᠃

ᠲᠤᠬᠠᠢ᠎ᠶᠢᠨ ᠵᠢᠯ᠎ᠳᠦ᠂ ᠯᠢᠨᠰᠢᠶᠠ ᠡᠴᠡ ᠳᠡ ᠾᠸ ᠵᠢᠶᠠ ᠬᠦᠷᠬᠦ ᠲᠦᠷᠭᠡᠨ᠎ᠦ ᠵᠠᠰᠠᠮᠠᠯ ᠵᠠᠮ ᠠᠵᠢᠯ ᠵᠢᠡᠨ ᠡᠬᠢᠯᠡᠭᠦᠯᠪᠡ᠃ 2023 ᠣᠨ᠎ᠤ 11 ᠰᠠᠷ᠎ᠠ᠎ᠳᠤ᠂ ᠯᠢᠨᠰᠢᠶᠠ ᠡᠴᠡ ᠳᠡ ᠾᠸ ᠵᠢᠶᠠ ᠬᠦᠷᠬᠦ ᠲᠦᠷᠭᠡᠨ᠎ᠦ ᠵᠠᠰᠠᠮᠠᠯ ᠵᠠᠮ ᠵᠢᠩᠬᠢᠨᠢ᠎ᠪᠡᠷ ᠲᠡᠷᠭᠡ ᠨᠡᠪᠲᠡᠷᠡᠵᠦ᠂ ᠲᠤᠬᠠᠢ᠎ᠶᠢᠨ ᠭᠠᠵᠠᠷ᠎ᠤᠨ ᠣᠯᠠᠨ ᠲᠦᠮᠡᠨ᠎ᠦ ᠰᠠᠢᠨ ᠰᠠᠢᠬᠠᠨ ᠠᠮᠢᠳᠤᠷᠠᠯ᠎ᠳᠤ ᠬᠦᠷᠬᠦ ᠪᠠᠶᠠᠵᠢᠯ᠎ᠤᠨ ᠵᠠᠮ ᠪᠣᠯᠤᠭᠰᠠᠨ ᠪᠠᠢᠨ᠎ᠠ᠃

ᠲᠥᠰᠥᠯ᠎ᠳᠦ ᠤᠯᠤᠰ᠎ᠡᠴᠡ ᠦᠨᠳᠦᠰᠦᠲᠡᠨ᠎ᠦ ᠭᠠᠵᠠᠷ ᠣᠷᠣᠨ᠎ᠤ ᠴᠢᠨᠠᠷ ᠰᠠᠢᠲᠠᠢ ᠬᠥᠭᠵᠢᠯᠲᠡ᠎ᠶᠢ ᠳᠡᠮᠵᠢᠬᠦ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠴᠡᠴᠡᠭᠯᠡᠨ ᠬᠥᠭᠵᠢᠬᠦ᠎ᠶᠢ ᠠᠬᠢᠭᠤᠯᠬᠤ ᠦᠨᠳᠦᠰᠦᠨ ᠪᠣᠳᠣᠯᠭ᠎ᠠ ᠴᠢᠭᠯᠡᠯᠲᠡ ᠪᠠ ᠭᠣᠣᠯᠳᠠᠯᠭ᠎ᠠ᠎ᠲᠠᠢ ᠡᠭᠦᠷᠭᠡ᠎ᠶᠢ ᠲᠣᠳᠣᠷᠬᠠᠢ ᠲᠣᠭᠲᠠᠭᠠᠪᠠ᠂ ᠡᠨᠡ ᠨᠢ ᠳ᠋ᠦᠩ ᠼᠠᠢ ᠶᠦᠨ᠎ᠤ ᠢᠲᠡᠭᠡᠯ ᠵᠣᠷᠢᠭ᠋᠎ᠢ ᠬᠥᠪᠴᠢᠯᠡᠵᠦ᠄ 《ᠮᠢᠨᠤ ᠨᠤᠲᠤᠭ᠎ᠲᠤ ᠨᠢᠭᠡᠨᠲᠡ ᠲᠡᠭᠷᠢ ᠭᠠᠵᠠᠷ᠎ᠢ ᠳᠣᠩᠰᠣᠯᠭᠠᠮ᠎ᠠ ᠬᠤᠪᠢᠷᠠᠯᠲᠠ ᠭᠠᠷᠴᠠᠢ᠂ ᠥᠷᠭᠡᠨ ᠠᠭᠤᠳᠠᠮ ᠦᠨᠳᠦᠰᠦᠲᠡᠨ᠎ᠦ ᠭᠠᠵᠠᠷ ᠣᠷᠣᠨ᠎ᠳᠤ ᠨᠠᠩ ᠣᠯᠠᠨ ᠰᠠᠷᠠᠭᠤᠯ ᠳᠠᠷᠳᠠᠩ ᠵᠠᠮ ᠲᠡᠪᠢᠰᠦᠭᠳᠡᠨ᠎ᠠ ᠭᠡᠳᠡᠭ ᠲᠦ᠍ ᠢᠲᠡᠭᠡᠵᠦ ᠪᠠᠢᠨ᠎ᠠ》 ᠭᠡᠪᠡ᠃

《ᠠᠷᠠᠳ᠎ᠤᠨ ᠠᠮᠢᠳᠤᠷᠠᠯ ᠠᠮᠤᠷ ᠲᠤᠭᠲᠠᠭᠤᠨ ᠪᠤᠯᠪᠠᠰᠦ ᠠᠭᠤᠤ ᠦᠢᠯᠡᠰ᠎ᠢ ᠪᠦᠲᠦᠭᠡᠵᠦ ᠪᠤᠯᠤᠮᠤᠢ》᠃ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠠᠢᠨ ᠰᠠᠢᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠢ ᠲᠠᠰᠤᠷᠠᠯᠲᠠ ᠦᠭᠡᠢ ᠬᠠᠩᠭᠠᠬᠤ ᠪᠣᠯ ᠶᠡᠷᠦᠩᠬᠡᠢ ᠱᠦᠵᠢ ᠰᠢ᠎ᠶᠢᠨ ᠫᠢᠩ᠎ᠤᠨ ᠰᠡᠳᠬᠢᠯ᠎ᠳᠡᠬᠢ 《ᠤᠯᠤᠰ᠎ᠤᠨ ᠶᠡᠬᠡ ᠶᠠᠪᠤᠳᠠᠯ》 ᠪᠣᠯᠣᠨ᠎ᠠ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ᠎ᠶᠢᠨ ᠫᠢᠩ ᠨᠥᠬᠥᠷ᠎ᠢᠶᠡᠷ ᠭᠣᠣᠯ ᠪᠣᠯᠭᠠᠭᠰᠠᠨ ᠨᠠᠮ᠎ᠤᠨ ᠲᠥᠪ ᠬᠣᠷᠢᠶ᠎ᠡ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ ᠰᠡᠳᠬᠢᠯ ᠨᠢᠭᠡᠳᠦᠨ ᠬᠦᠴᠦᠨ᠎ᠢᠶᠡᠨ ᠬᠠᠮᠲᠤᠳᠬᠠᠵᠤ᠂ ᠭᠠᠷ ᠬᠣᠯᠪᠣᠨ ᠡᠷᠡᠯᠬᠡᠭᠯᠡᠨ ᠤᠷᠤᠭᠰᠢᠯᠠᠵᠤ᠂ ᠦᠨᠳᠦᠰᠦᠲᠡᠨ᠎ᠦ ᠭᠠᠵᠠᠷ ᠣᠷᠣᠨ᠎ᠤ ᠡᠯ᠎ᠡ ᠵᠦᠢᠯ᠎ᠦᠨ ᠠᠵᠢᠯ ᠦᠢᠯᠡᠰ᠎ᠦᠨ ᠬᠥᠭᠵᠢᠯᠲᠡ ᠰᠢᠨ᠎ᠡ ᠠᠮᠵᠢᠯᠲᠠ ᠪᠦᠲᠦᠮᠵᠢ ᠣᠯᠬᠤ᠎ᠶᠢ ᠠᠬᠢᠭᠤᠯᠪᠠ᠃

ᠬᠠᠮᠲᠤ᠎ᠶᠢᠨ ᠤᠶᠤᠨ ᠰᠠᠨᠠᠭᠠᠨ᠎ᠤ ᠭᠡᠷ ᠣᠷᠣᠨ᠎ᠢ ᠪᠠᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠬᠤ᠎ᠳᠤ ᠬᠦᠴᠦᠷᠬᠡᠭ ᠶᠡᠬᠡ ᠤᠶᠤᠨ ᠰᠠᠨᠠᠭ᠎ᠠ ᠰᠣᠶᠣᠯ᠎ᠤᠨ ᠲᠤᠯᠭᠠᠭᠤᠷᠢᠯᠠᠯ ᠬᠠᠩᠭᠠᠪᠠ —

ᠰᠣᠶᠣᠯ ᠪᠣᠯ ᠨᠢᠭᠡ ᠦᠨᠳᠦᠰᠦᠲᠡᠨ᠎ᠦ ᠰᠦᠭ ᠰᠦᠨᠡᠰᠦ ᠮᠥᠨ᠂ ᠰᠣᠶᠣᠯ᠎ᠤᠨ ᠬᠠᠮᠲᠦ᠎ᠶᠢᠨ ᠲᠠᠨᠢᠯᠲᠠ ᠪᠣᠯ ᠦᠨᠳᠦᠰᠦᠲᠡᠨ᠎ᠦ ᠪᠦᠯᠬᠦᠮᠳᠡᠯ᠎ᠦᠨ ᠦᠨᠳᠦᠰᠦ ᠰᠤᠷᠪᠤᠯᠵᠢ ᠮᠥᠨ᠃

ᠶᠡᠷᠦᠩᠬᠡᠢ ᠱᠦᠵᠢ ᠰᠢ᠎ᠶᠢᠨ ᠫᠢᠩ᠄ 《ᠳᠤᠮᠳᠠᠳᠤ᠎ᠶᠢᠨ ᠦᠨᠳᠦᠰᠦᠲᠡᠨ᠎ᠦ ᠶᠡᠬᠡ ᠪᠦᠯᠬᠦᠮᠳᠡᠯ᠎ᠢ ᠴᠢᠩᠭᠠᠳᠬᠠᠬᠤ᠎ᠶᠢᠨ ᠠᠯᠤᠰ ᠭᠡᠳᠤ᠎ᠶᠢᠨ ᠪᠠ ᠦᠨᠳᠦᠰᠦᠨ ᠵᠦᠢᠯ ᠪᠣᠯ ᠰᠣᠶᠣᠯ᠎ᠤᠨ ᠬᠠᠮᠲᠦ ᠵᠢᠨ ᠲᠠᠨᠢᠯᠲᠠ ᠵᠢ ᠨᠡᠮᠡᠭᠳᠡᠭᠦᠯᠬᠦ ᠶᠠᠪᠤᠳᠠᠯ ᠮᠦᠨ》᠂ 《ᠡᠷᠬᠡᠪᠰᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠤᠶᠤᠨ ᠰᠠᠨᠠᠭᠠᠨ᠎ᠤ ᠭᠡᠷ ᠣᠷᠣᠨ᠎ᠢ ᠪᠠᠢᠭᠤᠯᠵᠤ᠂ ᠦᠨᠳᠦᠰᠦᠲᠡᠨ᠎ᠨᠦᠭᠦᠳ᠎ᠦᠨ ᠬᠥᠮᠥᠰ᠎ᠦᠨ ᠰᠡᠳᠬᠢᠯ᠎ᠢ ᠨᠢᠭ᠍ᠲᠠᠷᠠᠭᠤᠯᠤᠨ᠂ ᠤᠶᠤᠨ ᠰᠠᠨᠠᠭ᠎ᠠ ᠪᠡᠷ ᠵᠢᠡᠨ ᠬᠠᠷᠢᠯᠴᠠᠨ ᠲᠦᠰᠢᠯᠴᠠᠵᠤ᠂ ᠬᠥᠮᠥᠰ᠎ᠦᠨ ᠰᠡᠳᠬᠢᠯ᠎ᠢ ᠨᠢᠭ᠍ᠲᠠᠷᠠᠭᠤᠯᠤᠭᠰᠠᠨ᠂ ᠪᠦᠯᠬᠦᠮᠳᠡᠨ ᠲᠡᠮᠡᠴᠡᠭᠰᠡᠨ ᠬᠦᠴᠦᠷᠬᠡᠭ ᠶᠡᠬᠡ ᠤᠶᠤᠨ ᠰᠠᠨᠠᠭᠠᠨ᠎ᠤ ᠬᠦᠭᠦᠷᠭᠡ ᠬᠣᠯᠪᠣᠭᠠᠰᠤ᠎ᠶᠢ ᠪᠦᠷᠢᠯᠳᠦᠭᠦᠯᠬᠦ ᠬᠡᠷᠡᠭᠲᠡᠢ》 ᠭᠡᠵᠦ ᠴᠢᠬᠤᠯᠠᠴᠢᠯᠠᠪᠠ᠃

《ᠰᠢ ᠵᠢᠨ ᠫᠢᠩ᠎ᠤᠨ ᠵᠣᠬᠢᠶᠠᠯ᠎ᠤᠨ ᠰᠣᠩᠭᠣᠮᠠᠯ》᠂《ᠶᠡᠷᠦᠩᠬᠡᠢ ᠱᠦᠵᠢ ᠰᠢ ᠵᠢᠨ ᠫᠢᠩ᠎ᠤᠨ ᠦᠨᠳᠦᠰᠦᠲᠡᠨ᠎ᠤ ᠠᠵᠢᠯ᠎ᠢ ᠴᠢᠩᠭᠠᠳᠬᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶᠢ ᠰᠤᠷᠤᠯᠴᠠᠬᠤ ᠤᠩᠰᠢᠬᠤ ᠪᠢᠴᠢᠭ》 ᠵᠡᠷᠭᠡ ᠴᠢᠬᠤᠯᠠ ᠪᠦᠲᠦᠭᠡᠯ᠎ᠤᠨ ᠦᠨᠳᠦᠰᠦᠲᠡᠨ᠎ᠦ ᠦᠰᠦᠭ ᠪᠢᠴᠢᠭ᠎ᠤᠨ ᠬᠡᠪᠯᠡᠯ᠎ᠢ ᠬᠡᠪᠯᠡᠨ ᠲᠠᠷᠬᠠᠭᠠᠵᠤ᠂ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠤ ᠦᠵᠡᠯ ᠰᠠᠨᠠᠭᠠᠨ᠎ᠤ ᠠᠤᠭ᠎ᠠ ᠬᠦᠴᠦᠨ᠎ᠢ ᠭᠦᠨᠵᠡᠭᠡᠢ ᠣᠢᠯᠠᠭᠠᠬᠤ ᠡᠷᠬᠡ ᠰᠦᠷᠲᠦ ᠤᠩᠰᠢᠬᠤ ᠪᠢᠴᠢᠭ ᠪᠣᠯᠪᠠ; ᠠᠩᠬ᠎ᠠ ᠤᠳᠠᠭ᠎ᠠ ᠨᠠᠮ᠎ᠤᠨ ᠲᠥᠪ ᠬᠣᠷᠢᠶ᠎ᠠ᠂ ᠲᠥᠷᠥ᠎ᠶᠢᠨ ᠶᠠᠪᠤᠳᠠᠯ᠎ᠤᠨ ᠬᠣᠷᠢᠶ᠎ᠡ ᠵᠢᠨ ᠡᠮᠦᠨ᠎ᠡ ᠡᠴᠡ ᠪᠥᠬᠥ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠰᠢᠯᠲᠠ᠎ᠶᠢᠨ ᠵᠢᠱ᠌ᠢᠶᠡᠴᠢ᠎ᠶᠢ ᠬᠥᠬᠢᠭᠦᠯᠦᠨ ᠰᠠᠢᠰᠢᠶᠠᠬᠤ ᠠᠵᠢᠯ᠎ᠢ ᠥᠷᠨᠢᠭᠦᠯᠵᠦ᠂ ᠦᠨᠳᠦᠰᠦᠲᠡᠨ᠎ᠨᠦᠭᠦᠳ᠎ᠦᠨ ᠺᠠᠳ᠋ᠷ ᠣᠯᠠᠨ ᠲᠦᠮᠡᠨ᠎ᠢ ᠬᠥᠲᠥᠯᠥᠨ ᠵᠢᠯᠤᠭᠣᠳᠴᠤ ᠪᠠᠢᠭᠠᠳ 《ᠲᠠᠪᠤᠨ ᠬᠠᠮᠲᠤ ᠵᠢᠨ ᠲᠠᠨᠢᠯᠲᠠ》 ᠵᠢ ᠨᠢ ᠲᠠᠰᠤᠷᠠᠯᠳᠠ ᠦᠭᠡᠢ ᠳᠡᠭᠡᠭᠰᠢᠯᠡᠭᠦᠯᠪᠡ᠋; ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠤᠶᠤᠨ ᠰᠠᠨᠠᠭᠠᠨ᠎ᠤ ᠭᠡᠷ ᠣᠷᠣᠨ᠎ᠤ ᠪᠠᠢᠭᠤᠯᠤᠯᠲᠠ᠎ᠶᠢᠨ ᠭᠣᠣᠯ ᠰᠡᠳᠦᠪᠲᠦ ᠰᠣᠶᠣᠯ᠎ᠤᠨ ᠠᠵᠢᠯᠯᠠᠭ᠎ᠠ ᠵᠧᠵᠢᠶᠠᠩ᠂ ᠯᠢᠶᠣᠤᠨᠢᠩ ᠵᠡᠷᠭᠡ ᠭᠠᠵᠠᠷ᠎ᠲᠤ ᠶᠠᠪᠤᠬᠳᠠᠵᠦ᠂ ᠦᠨᠳᠦᠰᠦᠲᠡᠨ᠎ᠦ ᠵᠣᠷᠢᠭ᠋ ᠰᠠᠨᠠᠭ᠎ᠠ ᠪᠣᠯᠣᠨ ᠴᠠᠭ ᠦᠶ᠎ᠡ᠎ᠶᠢᠨ ᠵᠣᠷᠢᠭ᠋ ᠰᠠᠨᠠᠭ᠎ᠠ᠎ᠶᠢ ᠪᠠᠳᠠᠷᠠᠭᠤᠯᠪᠠ   ᠁

ᠠᠯᠢ ᠤᠯᠠᠨ ᠪᠣᠳᠠᠲᠠᠢ᠎ᠶᠢ ᠡᠷᠬᠢᠮᠯᠡᠭᠰᠡᠨ ᠠᠷᠭ᠎ᠠ ᠬᠡᠮᠵᠢᠶ᠎ᠡ ᠨᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠠᠵᠢᠯ᠎ᠢ ᠨᠡᠩ ᠨᠢᠳᠤᠨ᠎ᠳᠦ ᠦᠵᠡᠭᠳᠡᠮ᠎ᠡ ᠰᠡᠳᠬᠢᠯ᠎ᠳᠦ ᠰᠠᠭᠤᠭᠳᠠᠮ᠎ᠠ ᠭᠠᠷ ᠲᠦ᠍ ᠪᠠᠷᠢᠭᠳᠠᠮ᠎ᠠ ᠪᠤᠯᠭᠠᠬᠤ ᠵᠢ ᠠᠬᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠤᠶᠤᠨ ᠰᠠᠨᠠᠭᠠᠨ᠎ᠤ ᠭᠡᠷ ᠣᠷᠣᠨ᠎ᠢ ᠴᠣᠭᠴᠠᠯᠠᠨ ᠪᠠᠶ᠋ᠢᠭᠤᠯᠵᠠᠢ᠃

ᠪᠡᠭᠡᠵᠢᠩ᠎ᠦᠨ ᠪᠠᠷᠠᠭᠤᠨ ᠴᠠᠩ ᠠᠨ ᠵᠡᠭᠡᠯᠢ᠎ᠳᠦ ᠪᠠᠢᠭ᠎ᠠ ᠦᠨᠳᠦᠰᠦᠲᠡᠨ᠎ᠦ ᠰᠣᠶᠣᠯ᠎ᠤᠨ ᠣᠷᠳᠣᠨ᠎ᠳᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ ᠲᠡᠦᠬᠡ᠎ᠶᠢᠨ ᠳᠤᠷᠠᠰᠬᠠᠯᠲᠤ ᠵᠦᠢᠯᠡᠰ ᠡᠷᠲᠡᠨ᠎ᠦ ᠨᠣᠮ ᠪᠢᠴᠢᠭ᠎ᠦᠨ ᠦᠵᠡᠭᠦᠯᠭᠡ ᠨᠢ ᠨᠠᠢ᠍ᠮᠠᠨ ᠵᠣᠪᠬᠢᠰ᠎ᠤᠨ ᠭᠡᠢᠴᠢᠳ ᠵᠤᠴᠢᠳ᠎ᠤᠨ ᠠᠩᠬᠠᠷᠤᠯ᠎ᠢ ᠲᠠᠲᠠᠪᠠ᠃ ᠦᠵᠡᠭᠦᠯᠭᠡ᠎ᠶᠢᠨ ᠲᠢᠩᠬᠢᠮ᠎ᠳᠡᠬᠢ ᠲᠡᠦᠬᠡ᠎ᠶᠢᠨ ᠳᠤᠷᠠᠰᠬᠠᠯᠲᠤ ᠵᠦᠢᠯᠡᠰ ᠡᠷᠲᠡᠨ᠎ᠦ ᠨᠣᠮ ᠪᠢᠴᠢᠭ ᠮᠢᠩᠭᠠᠨ ᠤᠨ᠎ᠤ ᠭᠡᠷᠡᠯ ᠭᠢᠯᠪᠠᠭ᠎ᠠ ᠵᠢ ᠲᠤᠭᠤᠯᠵᠤ᠂ ᠡᠯ᠎ᠡ ᠦᠨᠳᠦᠰᠦᠲᠡᠨ᠎ᠦ ᠰᠣᠶᠣᠯ ᠦᠪᠡᠷᠮᠢᠴᠡ ᠰᠤᠳᠤᠨ᠂ ᠭᠤᠤ᠎ᠠ ᠰᠠᠢᠬᠠᠨ ᠵᠢᠡᠨ ᠬᠠᠮᠲᠤᠳᠬᠠᠭᠰᠠᠨ ᠪᠠᠶᠠᠯᠢᠭ ᠠᠭᠤᠷ ᠠᠮᠢᠰᠬᠤᠯ᠎ᠢ ᠬᠤᠷᠠᠮᠳᠤᠭᠤᠯᠵᠠᠢ᠃

《ᠳᠤᠮᠳᠠᠳᠤ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠤᠷᠳᠤ ᠬᠤᠭᠤᠴᠠᠭᠠᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠳᠤᠮᠳᠠ᠂ ᠤᠯᠠᠨ ᠦᠨᠳᠦᠰᠦᠲᠡᠨ᠎ᠲᠠᠢ ᠨᠢᠭᠡᠳᠦᠭᠰᠡᠨ ᠤᠯᠤᠰ᠎ᠢ ᠬᠠᠮᠲᠤ ᠪᠠᠷ ᠴᠣᠭᠴᠠᠯᠠᠨ ᠪᠠᠢᠭᠤᠯᠵᠤ᠂ ᠭᠡᠷᠡᠯ ᠰᠠᠴᠤᠷᠠᠩᠭᠤᠢ ᠳᠤᠮᠳᠠᠳᠤ ᠤᠯᠤᠰ᠎ᠤᠨ ᠲᠡᠦᠬᠡ᠎ᠶᠢ ᠬᠠᠮᠲᠤ ᠪᠠᠷ ᠪᠢᠴᠢᠭᠯᠡᠵᠡᠢ》᠃ ᠪᠦᠬᠦ ᠤᠯᠤᠰ᠎ᠤᠨ ᠤᠯᠤᠰ ᠲᠥᠷᠥ᠎ᠶᠢᠨ ᠵᠥᠪᠯᠡᠯᠭᠡᠨ᠎ᠦ ᠭᠡᠰᠢᠭᠦᠨ ᠹᠠ ᠶᠠᠨ᠂ 《ᠲᠥᠰᠥᠯ᠎ᠳᠦ ᠤᠯᠤᠰ᠎ᠡᠴᠡ ᠳᠤᠮᠳᠠᠳᠤ ᠤᠯᠤᠰ᠎ᠤᠨ ᠪᠡᠶ᠎ᠡ᠎ᠪᠡᠨ ᠳᠠᠭᠠᠭᠠᠭᠰᠠᠨ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠲᠡᠦᠬᠡᠨ ᠮᠠᠲᠧᠷᠢᠶᠠᠯ᠎ᠤᠨ ᠰᠢᠰᠲ᠋ᠸᠮ᠂ ᠦᠭᠡ ᠭᠡᠯᠡᠬᠦ ᠰᠢᠰᠲ᠋ᠸᠮ᠂ ᠤᠨᠤᠯ᠎ᠤᠨ ᠰᠢᠰᠲ᠋ᠸᠮ᠎ᠤᠨ ᠪᠠᠢᠭᠤᠯᠤᠯᠲᠠ᠎ᠶᠢ ᠠᠬᠢᠭᠤᠯᠵᠤ᠂ ᠰᠢᠨ᠎ᠡ ᠴᠠᠭ ᠦᠶ᠎ᠡ᠎ᠡᠴᠡ ᠨᠠᠭᠠᠰᠢᠬᠢ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ ᠪᠣᠯᠣᠨ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠦᠢᠯᠡᠰ᠎ᠢ ᠠᠬᠢᠭᠤᠯᠬᠤ ᠲᠠᠯ᠎ᠠ᠎ᠪᠠᠷ ᠬᠢ ᠠᠮᠵᠢᠯᠲᠠ ᠲᠠᠢ ᠲᠤᠷᠰᠢᠯᠭ᠎ᠠ᠎ᠶᠢ ᠬᠠᠤᠯᠢ ᠴᠠᠭᠠᠵᠠ᠎ᠶᠢᠨ ᠲᠣᠭᠲᠠᠭᠠᠯ ᠪᠣᠯᠭᠠᠨ ᠳᠡᠭᠡᠭᠰᠢᠯᠡᠬᠦᠯᠦᠨ᠎ᠡ ᠭᠡᠵᠤ ᠲᠤᠳᠤᠷᠬᠠᠢᠯᠠᠭᠰᠠᠨ ᠨᠢ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠰᠢᠨ᠎ᠡ ᠴᠠᠭ ᠦᠶ᠎ᠡ᠎ᠶᠢᠨ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢᠨ ᠦᠢᠯᠡᠰ᠎ᠢ ᠠᠬᠢᠭᠤᠯᠬᠤ ᠲᠤᠬᠠᠢ ᠬᠠᠮᠲᠤ᠎ᠶᠢᠨ ᠰᠡᠳᠬᠢᠯ᠎ᠦᠨ ᠲᠠᠭᠤᠨ ᠪᠣᠯᠣᠨ ᠬᠠᠯᠠᠭᠤᠨ ᠬᠦᠰᠡᠯ ᠡᠷᠡᠮᠡᠯᠵᠡᠯ᠎ᠢ ᠲᠤᠰᠬᠠᠵᠠᠢ》 ᠭᠡᠪᠡ᠃

ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠦᠨᠳᠦᠰᠦᠲᠡᠨ ᠨᠤᠬᠦᠳ ᠪᠦᠯᠬᠦᠮᠳᠡᠵᠤ ᠨᠢᠭᠡ ᠬᠡᠷ ᠮᠡᠲᠦ ᠳᠣᠲᠣᠨᠣ ᠡᠶ᠎ᠡ ᠵᠣᠬᠢᠴᠠᠩᠭᠤᠶ ᠬᠡᠷ ᠣᠷᠣᠨ᠎ᠢ ᠬᠠᠮᠲᠤ ᠪᠠᠷ ᠪᠥᠲᠥᠭᠡᠨ ᠪᠠᠢᠭᠤᠯᠪᠠ —

ᠤᠷᠢᠬᠠᠨ ᠬᠠᠪᠤᠷ ᠡᠬᠡ ᠲᠡᠯᠡᠬᠡᠢ ᠳ᠋ᠤ ᠰᠠᠭᠠᠲᠠᠬᠤᠶ᠎ᠠ᠂ ᠨᠢᠩᠱᠢᠶᠠ᠎ᠶ᠋ᠢᠨ ᠢᠷᠭᠠᠢ ᠬᠤᠳᠠ᠎ᠶ᠋ᠢᠨ ᠵᠢᠨ ᠹᠸᠩ ᠲᠣᠭᠣᠷᠢᠭ᠎ᠤᠨ ᠴᠠᠩ ᠴᠧᠩ ᠬᠤᠸᠠ ᠶᠤᠸᠠᠨ ᠨᠡᠢᠭᠡᠮ ᠲᠣᠭᠣᠷᠢᠭ᠎ᠲᠦ ᠭᠠᠵᠠᠷ ᠪᠤᠯᠭᠠᠨ ᠳ᠋ᠤ ᠡᠶ᠎ᠡ ᠵᠤᠬᠢᠴᠠᠨᠭᠭᠤᠢ ᠴᠡᠴᠡᠭ᠌ᠯᠡᠨ ᠬᠥᠭ᠌ᠵᠢᠭ᠌ᠰᠡᠨ ᠦᠵᠡᠰᠭᠦᠯᠡᠩᠲᠦ ᠰᠠᠢᠬᠠᠨ ᠦᠵᠡᠮᠵᠢ᠎ᠳᠡᠯᠭᠡᠭᠳᠡᠨ᠎ᠡ᠃ ᠡᠨᠡ ᠬᠦ᠌ ᠤᠯᠠᠨ ᠦᠨᠳᠦᠰᠦᠲᠡᠨ ᠲᠥᠪᠯᠡᠷᠡᠨ ᠰᠠᠭᠤᠭ᠍ᠰᠠᠨ ᠲᠤᠮᠤ ᠬᠡᠯᠪᠡᠷᠢ᠎ᠶ᠋ᠢᠨ ᠨᠡᠢᠭᠡᠮ ᠲᠣᠭᠣᠷᠢᠭ᠎ᠲᠤ ᠬᠢᠲᠠᠳ᠂ ᠬᠣᠲᠣᠩ᠂ ᠮᠠᠨᠵᠤ᠂ ᠮᠣᠩᠭᠣᠯ᠂ ᠲᠥᠪᠡᠳ ᠵᠡᠷᠭᠡ ᠦᠨᠳᠦᠰᠦᠲᠡᠨ᠎ᠨᠦᠭᠦᠳ᠎ᠦᠨ ᠤᠯᠠᠨ ᠲᠦᠮᠡᠨ ᠡᠶ᠎ᠡ ᠨᠠᠢᠷᠲᠠᠢ᠎ᠪᠠᠷ ᠬᠠᠮᠲᠤ ᠣᠷᠣᠱᠢᠵᠤ᠂ ᠨᠢᠭᠡ ᠭᠡᠷ᠎ᠦᠨ ᠬᠥᠮᠦᠨ ᠮᠡᠲᠦ ᠳᠣᠲᠣᠨᠣ ᠪᠠᠢᠳᠠᠭ᠃

《ᠦᠨᠳᠦᠰᠦᠲᠡᠨ᠎ᠨᠦᠭᠦᠳ᠎ᠦᠨ ᠤᠯᠠᠨ ᠲᠦᠮᠡᠨ᠂ ᠡᠷᠦᠬᠡ ᠪᠣᠯᠭᠠᠨ᠎ᠢ ᠴᠦᠮ ᠪᠢ ᠰᠡᠳᠬᠢᠯ ᠳ᠋ᠡᠬᠡᠨ ᠪᠤᠳᠤᠵᠤ ᠪᠠᠢᠳᠠᠭ》᠃ 2024 ᠣᠨ᠎ᠤ 6 ᠰᠠᠷ᠎ᠠ᠎ᠳᠤ᠂ ᠶᠡᠷᠦᠩᠬᠡᠶ ᠱᠦᠵᠢ ᠰᠢ ᠵᠢᠨ ᠫᠢᠩ ᠡᠨᠳᠡ ᠢᠷᠡᠵᠦ᠍᠂ 《ᠳᠤᠮᠳᠠᠳᠤ᠎ᠶ᠋ᠢᠨ ᠦᠨᠳᠦᠰᠦᠲᠡᠨ ᠪᠣᠯ ᠨᠢᠭᠡᠨ ᠲᠣᠮᠣ ᠬᠡᠷ ᠪᠦᠯᠢ ᠮᠥᠨ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠬᠦ᠌ ᠬᠡᠷᠡᠭ᠌ᠲᠡᠶ》 ᠭᠡᠵᠦ ᠭᠦᠨ ᠰᠡᠳᠭᠢᠯᠭᠡ ᠲᠠᠢ᠎ᠪᠡᠷ ᠬᠦᠰᠡᠨ ᠵᠠᠬᠢᠪᠠ᠃

ᠲᠥᠰᠦᠯ᠎ᠳᠦ ᠲᠤᠰᠭᠠᠶ ᠪᠦᠯᠦᠭ᠎ᠦᠨ ᠬᠡᠯᠪᠡᠷᠢ᠎ᠪᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠲᠤᠬᠠᠶ ᠪᠣᠳᠠᠲᠠᠶ ᠲᠣᠭ᠍ᠲᠠᠭᠠᠯ ᠭᠠᠷᠭᠠᠭ᠍ᠰᠠᠨ᠎ᠢ ᠦᠵᠡᠭᠡᠳ᠂ ᠨᠠᠮ᠎ᠤᠨ ᠬᠣᠷᠢᠳᠤᠭᠠᠷ ᠶᠡᠬᠡ ᠬᠤᠷᠠᠯ᠎ᠤᠨ ᠲᠥᠯᠥᠭᠡᠯᠡᠭ᠌ᠴᠢ᠂ ᠴᠠᠩ ᠴᠧᠩ ᠬᠤᠸᠠ ᠶᠤᠸᠠᠨ ᠨᠡᠢᠭᠡᠮ ᠲᠣᠭᠣᠷᠢᠭ᠎ᠤᠨ ᠨᠠᠮ᠎ᠤᠨ ᠬᠣᠷᠢᠶ᠎ᠠ᠎ᠶᠢᠨ ᠱᠦᠵᠢ ᠵᠣᠣ ᠨᠠᠶ ᠱᠢᠶᠠᠩ᠄ 《ᠨᠡᠢᠭᠡᠮ ᠲᠣᠭᠣᠷᠢᠭ᠎ᠤᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢ ᠰᠠᠢᠲᠤᠷ ᠪᠠᠢᠭᠤᠯᠤᠨ ᠬᠦᠴᠦᠷᠬᠡᠭ᠌ᠵᠢᠭᠦᠯᠵᠦ᠍᠂ ᠣᠯᠠᠨ ᠲᠦᠮᠡᠨ᠎ᠳᠦ ᠦᠶ᠋ᠯᠡᠴᠢᠯᠡᠬᠦ᠌ ᠡᠯ᠎ᠡ ᠵᠦᠶ᠋ᠯ᠎ᠦᠨ ᠠᠵᠢᠯ᠎ᠢ ᠭᠦᠨᠵᠡᠭᠡᠶ ᠨᠠᠷᠢᠯᠢᠭ ᠬᠢᠵᠦ᠍ ᠪᠣᠳᠠᠲᠠᠶ ᠨᠠᠢᠳᠠᠪᠤᠷᠢᠵᠢᠭᠤᠯᠪᠠᠯ ᠰᠠᠶᠢ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠦᠷᠲᠡᠮᠵᠢ᠎ᠶ᠋ᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨ᠎ᠦ ᠲᠥᠷᠥᠭ᠌ᠳᠡᠯ᠎ᠢ ᠲᠠᠰᠤᠷᠠᠯᠲᠠ ᠥᠬᠡᠶ ᠨᠡᠮᠡᠭ᠌ᠳᠡᠭᠦᠯᠵᠦ᠍ ᠴᠢᠳᠠᠨ᠎ᠠ》 ᠭᠡᠵᠦ ᠪᠤᠳᠤᠯ ᠨᠢᠭᠡᠲᠡᠢ ᠶᠠᠷᠢᠵᠤ ᠪᠠᠢᠯ᠎ᠠ᠃

ᠲᠠᠪᠢᠨ ᠵᠢᠷᠭᠤᠭᠠᠨ ᠦᠨᠳᠦᠰᠦᠲᠡᠨ ᠬᠠᠮᠳᠤ ᠨᠢᠭᠲᠠᠷᠠᠪᠠᠯ ᠲᠠᠷᠤᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ ᠮᠥᠨ᠃

ᠶᠡᠷᠦᠩᠬᠡᠶ ᠱᠦᠵᠢ ᠰᠢ ᠵᠢᠨ ᠫᠢᠩ᠎ᠦᠨ ᠬᠦᠰᠡᠯ ᠨᠠᠢᠳᠠᠯᠭ᠎ᠠ᠎ᠶ᠋ᠢ ᠪᠠᠲᠤ ᠴᠡᠭᠡᠵᠢᠯᠡᠵᠦ᠍᠂ ᠥᠪᠥᠷ ᠮᠣᠩᠭᠣᠯ ᠦᠨᠳᠦᠰᠦᠲᠡᠨ᠎ᠨᠦᠭᠦᠳ᠎ᠦᠨ ᠬᠠᠷᠢᠯᠴᠠᠨ ᠠᠭᠤᠰᠤᠯᠴᠠᠬᠤ ᠮᠠᠶᠢᠭ᠎ᠤᠨ ᠬᠥᠭ᠌ᠵᠢᠯᠲᠡ᠎ᠶ᠋ᠢᠨ ᠲᠥᠷᠥᠯ ᠲᠡᠮᠳᠡᠭ᠎ᠢ ᠡᠭᠦᠳᠴᠦ᠍᠂ 《ᠲᠠᠪᠤᠨ ᠬᠡᠷ ᠣᠷᠣᠨ》 ᠤ᠋ ᠪᠥᠲᠥᠭᠡᠨ ᠪᠠᠢᠭᠤᠯᠤᠯᠲᠠ᠎ᠶ᠋ᠢ ᠠᠬᠢᠭᠤᠯᠪᠠ; ᠭᠦᠢᠵᠧᠦ᠍᠎ᠶ᠋ᠢᠨ ᠡᠭᠦᠳᠦᠭᠰᠡᠨ 《ᠬᠥᠳᠡᠭᠡ ᠲᠣᠰᠭᠣᠨ᠎ᠤ ᠰᠠᠭᠰᠤᠨ ᠪᠦᠮᠪᠦᠭᠡ᠎ᠶᠢᠨ ᠤᠷᠤᠯᠳᠤᠭᠠᠨ》᠂ 《ᠬᠥᠳᠡᠭᠡ ᠲᠣᠰᠭᠣᠨ᠎ᠤ ᠬᠦᠯ ᠪᠦᠮᠪᠦᠭᠡ᠎ᠶᠢᠨ ᠬᠡᠳᠦ ᠬᠤᠯᠪᠤᠭᠠᠲᠤ ᠤᠷᠤᠯᠳᠤᠭᠠᠨ》 ᠨᠢ ᠤᠯᠠᠨ ᠲᠦᠮᠡᠨ᠎ᠤ ᠬᠦᠷᠢᠶᠡᠯᠡᠯ᠎ᠢ ᠤᠯᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠦᠵᠡᠵᠦ᠍ ᠰᠣᠨᠢᠷᠬᠠᠬᠤ ᠳᠤᠷᠠᠲᠠᠢ ᠠᠵᠢᠯᠯᠠᠭ᠎ᠠ ᠪᠣᠯᠪᠠ; ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠰᠣᠯᠢᠯᠴᠠᠭᠠᠨ᠎ᠤ ᠲᠥᠯᠥᠪᠯᠡᠭᠡ ᠵᠡᠷᠭᠡ᠎ᠶ᠋ᠢ ᠦᠷᠭᠦᠯᠵᠢᠯᠡᠨ ᠥᠷᠨᠢᠭᠦᠯᠵᠦ᠍᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠠᠪᠴᠠᠩ ᠪᠣᠯᠤᠨ ᠠᠴᠢᠶᠠᠯᠠᠪᠤᠷᠢ ᠳᠠᠰᠤᠷᠠᠯᠳᠠ ᠦᠭᠡᠢ ᠪᠠᠶᠠᠯᠢᠭ᠍ᠵᠢᠪᠠ ᠁

ᠬᠠᠮᠲᠤ ᠪᠠᠷ ᠰᠠᠭᠤᠷᠢᠱᠢᠵᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠪᠠᠢᠭᠤᠯᠵᠤ ᠬᠠᠮᠲᠤ ᠪᠠᠷ ᠡᠳ᠋ᠯᠡᠬᠦ᠌᠂ ᠬᠠᠮᠲᠤ ᠪᠠᠷ ᠠᠵᠢᠯᠯᠠᠵᠤ ᠬᠠᠮᠲᠤ ᠳ᠋ᠠᠭᠠᠨ ᠵᠢᠷᠭᠠᠬᠤ ᠣᠷᠴᠢᠨ ᠲᠣᠭᠣᠷᠢᠨ᠎ᠳᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ ᠠᠮᠢᠰᠭᠤᠭ᠎ᠠ ᠨᠢᠬᠡᠳᠡᠢ ᠪᠡᠷ ᠬᠤᠪᠢ ᠵᠠᠶᠠᠭ᠎ᠠ ᠪᠠᠨ ᠬᠠᠮᠲᠤᠳᠭᠠᠨ᠂ ᠰᠡᠳᠭᠢᠯ ᠵᠢᠷᠦᠬᠡ᠎ᠪᠡᠨ ᠬᠣᠯᠪᠣᠵᠤ᠂ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠥᠷᠭᠡᠴᠡ ᠪᠣᠯᠤᠨ ᠭᠦᠨᠴᠡ ᠤᠷᠢᠳ ᠡᠮᠦᠨ᠎ᠡ ᠪᠠᠢᠭ᠎ᠠ ᠦᠭᠡᠢ ᠬᠦᠨᠵᠡᠬᠡᠢᠷᠡᠪᠡ ᠃

ᠬᠠᠮᠲᠤ ᠪᠠᠷ ᠴᠡᠴᠡᠭ᠌ᠯᠡᠨ ᠬᠥᠭ᠌ᠵᠢᠬᠦ᠌᠎ᠶ᠋ᠢ ᠠᠬᠢᠭᠤᠯᠵᠤ᠂ ᠦᠨᠳᠦᠰᠦᠲᠡᠨ ᠨᠤᠬᠦᠳ ᠭᠠᠷ ᠬᠣᠯᠪᠣᠨ ᠨᠡᠢᠭᠡᠮ ᠵᠢᠷᠤᠮ᠎ᠤᠨ ᠣᠳᠣᠬᠢᠴᠢᠯᠠᠯᠲᠠ ᠵᠦᠭ ᠤᠷᠤᠭ᠍ᠰᠢᠯᠠᠪᠠ —

《ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠳᠦ ᠢᠯᠡᠭᠦᠬᠡᠨ ᠰᠠᠢᠨ ᠶᠠᠪᠤᠳᠠᠯ ᠬᠢᠵᠦ᠍᠂ ᠪᠣᠳᠠᠲᠤ ᠶᠠᠪᠤᠳᠠᠯ ᠬᠢᠵᠦ᠍᠂ ᠬᠦᠴᠢᠷ ᠠᠰᠠᠭᠤᠳᠠᠯ᠎ᠢ ᠱᠢᠶ᠋ᠳᠪᠦᠷᠢᠯᠡᠵᠦ᠍᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠬᠠᠮᠲᠤ᠎ᠪᠠᠷ ᠪᠠᠶᠠᠵᠢᠬᠤ᠎ᠶ᠋ᠢ ᠠᠬᠢᠭᠤᠯᠤᠨ᠎ᠠ》᠂ 《ᠦᠨᠳᠦᠰᠦᠲᠡᠨ᠎ᠦ ᠭᠠᠵᠠᠷ ᠣᠷᠣᠨ᠎ᠤ ᠥᠪᠡᠷ᠎ᠢ᠎ᠪᠡᠨ ᠬᠥᠭ᠌ᠵᠢᠭᠦᠯᠬᠦ᠌ ᠴᠢᠳᠠᠪᠤᠷᠢ ᠪᠠ ᠦᠷᠭᠦᠯᠵᠢᠯᠡᠬᠦ᠌ ᠬᠥᠭ᠌ᠵᠢᠯᠲᠡ᠎ᠶ᠋ᠢᠨ ᠴᠢᠳᠠᠪᠤᠷᠢ᠎ᠶ᠋ᠢ ᠨᠡᠮᠡᠭ᠌ᠳᠡᠭᠦᠯᠦᠨ᠎ᠡ》᠂ 《ᠦᠨᠳᠦᠰᠦᠲᠡᠨ᠎ᠦ ᠭᠠᠵᠠᠷ ᠣᠷᠣᠨ᠎ᠤ ᠣᠯᠠᠨ ᠲᠦᠮᠡᠨ᠎ᠳᠦ ᠥᠭᠡᠷᠡᠴᠢᠯᠡᠯᠲᠡ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠬᠠᠮᠲᠤ᠎ᠪᠠᠷ ᠡᠳ᠋ᠯᠡᠭᠦᠯᠦᠨ᠎ᠡ》 ᠁

ᠪᠦᠬᠦ᠌ ᠤᠯᠤᠰ᠎ᠤᠨ ᠬᠣᠶᠠᠷ ᠬᠤᠷᠠᠯ ᠳᠡᠭᠡᠷ᠎ᠡ᠂ ᠶᠡᠷᠦᠩᠬᠡᠢ ᠱᠦᠵᠢ ᠰᠢ ᠵᠢᠨ ᠫᠢᠩ ᠲᠥᠯᠥᠭᠡᠯᠡᠭ᠌ᠴᠢᠳ ᠭᠡᠱᠢᠭᠦᠳ᠎ᠲᠡᠶ ᠬᠠᠮᠲᠤ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠶᠡᠬᠡ ᠪᠤᠳᠤᠯᠭ᠎ᠠ᠎ᠶ᠋ᠢ ᠵᠥᠪᠯᠡᠵᠦ᠍᠂ ᠦᠨᠳᠦᠰᠦᠲᠡᠨ᠎ᠦ ᠭᠠᠵᠠᠷ ᠣᠷᠣᠨ᠎ᠤ ᠬᠥᠭ᠌ᠵᠢᠯᠲᠡ᠎ᠵᠢᠨ ᠲᠦᠯᠦᠬᠡ ᠪᠤᠳᠤᠯᠬᠢᠯᠠᠨ ᠰᠠᠨᠠᠭᠠᠱᠢᠷᠠᠵᠤ ᠪᠠᠢᠯ᠎ᠠ᠃

ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠤᠬᠰᠠᠨ᠎ᠡᠴᠡ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠬᠦᠷᠲᠡᠯ᠎ᠡ᠂ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠦᠭᠰᠡᠨ᠎ᠡᠴᠡ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠵᠤ᠂ ᠬᠠᠮᠲᠤ᠎ᠪᠠᠷ ᠪᠠᠶᠠᠵᠢᠬᠤ᠎ᠶ᠋ᠢ ᠪᠡᠶᠡᠯᠡᠭᠦᠯᠬᠦ᠌ ᠬᠦᠷᠲᠡᠯ᠎ᠡ᠂ ᠶᠡᠷᠦᠩᠬᠡᠢ ᠱᠦᠵᠢ ᠰᠢ ᠵᠢᠨ ᠫᠢᠩ ᠢᠮᠠᠭ᠍ᠲᠠ 《ᠨᠢᠭᠡ ᠦᠨᠳᠦᠰᠦᠲᠡᠨ᠎ᠢ ᠴᠦ᠍ ᠣᠷᠬᠢᠭ᠍ᠳᠠᠭᠤᠯᠵᠤ ᠪᠣᠯᠬᠤ ᠦᠭᠡᠢ》 ᠭᠡᠵᠦ᠍ ᠴᠢᠬᠤᠯᠠᠴᠢᠯᠠᠵᠤ ᠢᠷᠡᠪᠡ᠃

ᠥᠨᠥᠳᠦᠷ᠂ ᠶᠠᠯᠤᠰᠠᠩᠪᠤ ᠮᠥᠷᠡᠨ᠎ᠦ ᠬᠥᠨᠳᠡᠶ᠎ᠪᠡᠷ᠂ ᠯᠾᠠᠰᠠ ᠡᠴᠡ ᠨᠢᠩ ᠤ᠋ᠤᠢ ᠬᠦᠷᠬᠦ ᠲᠡᠮᠦᠷ ᠵᠠᠮ ᠳᠡᠭᠡᠷᠡᠬᠢ ᠰᠡᠷᠭᠦᠨ ᠮᠠᠨᠳᠤᠯᠲᠠ ᠨᠡᠷᠡᠮᠵᠢᠲᠦ ᠭᠠᠯᠲᠤ ᠲᠡᠷᠭᠡ ᠱᠤᠤᠭᠢᠨ ᠲᠠᠪᠬᠢᠨ᠎ᠠ; ᠦᠷᠦᠮᠴᠢ᠎ᠶ᠋ᠢᠨ ᠤᠯᠠᠨ ᠤᠯᠤᠰ᠎ᠤᠨ ᠡᠬᠡ ᠬᠠᠭᠤᠷᠠᠢ᠎ᠶ᠋ᠢᠨ ᠭᠠᠷᠠᠮ᠎ᠤᠨ ᠣᠷᠣᠨ᠎ᠳᠤ᠂ ᠠᠯᠢ ᠤᠯᠠᠨ ᠳᠤᠮᠳᠠᠳᠤ ᠧᠦ᠋ᠷᠣᠫᠠ᠎ᠶ᠋ᠢᠨ ᠵᠢᠱᠢᠶᠠᠨ᠎ᠤ ᠭᠠᠯᠲᠤ ᠲᠡᠷᠭᠡ 《ᠳᠤᠮᠳᠠᠳᠤ ᠤᠯᠤᠰ᠎ᠤᠨ ᠦᠢᠯᠡᠳᠪᠦᠷᠢᠯᠡᠭᠰᠡᠨ ᠪᠠᠷᠠᠭ᠎ᠠ》 ᠵᠢ ᠳᠦᠭᠦᠷᠡᠩ ᠲᠡᠭᠡᠭᠡᠵᠦ ᠪᠠᠷᠠᠭᠤᠨᠰᠢ ᠵᠤᠷᠢᠨ ᠨᠢᠰᠭᠦ ᠮᠡᠲᠦ ᠳᠠᠪᠬᠢᠨ᠎ᠠ ᠁ ᠡᠳᠦᠷ᠎ᠤᠨ ᠮᠢᠨᠭᠭᠠᠨ ᠭᠠᠵᠠᠷ᠎ᠤᠨ ᠳᠠᠪᠠᠯᠲᠠ ᠨᠢ ᠡᠳᠦᠷ᠎ᠡᠴᠡ ᠡᠳᠦᠷ ᠱᠢᠨᠡᠳᠦᠨ ᠬᠤᠪᠢᠷᠠᠵᠤ ᠪᠠᠢᠭ᠎ᠠ ᠬᠥᠭ᠌ᠵᠢᠯᠲᠡ᠎ᠶ᠋ᠢ ᠲᠤᠰᠭᠠᠨ᠎ᠠ᠃

ᠡᠨᠡ ᠪᠣᠯ ᠬᠥᠮᠦᠨ᠎ᠢ ᠰᠣᠴᠢᠭᠠᠮ᠎ᠠ ᠬᠤᠷᠳᠤᠴᠠ — ᠵᠢᠯ ᠪᠦᠷᠢ ᠳᠤᠮᠳᠠᠴᠢ᠎ᠪᠠᠷ 5.6% ᠪᠡᠷ ᠨᠡᠮᠡᠭ᠌ᠳᠡᠪᠠ!

ᠲᠣᠭ᠎ᠠ ᠪᠠᠷᠢᠮᠲᠠ᠎ᠳᠤ ᠬᠠᠷᠠᠭᠤᠯᠤᠭ᠍ᠰᠠᠨ᠎ᠢᠶᠠᠷ᠂ 2020 ᠣᠨ᠎ᠡᠴᠡ 2024 ᠣᠨ ᠪᠣᠯᠲᠠᠯ᠎ᠠ᠂ ᠥᠪᠥᠷ ᠮᠣᠩᠭᠣᠯ᠂ ᠭᠤᠸᠠᠩᠰᠢ᠂ ᠲᠥᠪᠡᠳ᠂ ᠨᠢᠩᠱᠢᠶᠠ᠂ ᠱᠢᠨᠵᠢᠶᠠᠩ ᠵᠡᠷᠭᠡ ᠲᠠᠪᠤᠨ ᠥᠪᠡᠷᠲᠡᠭᠡᠨ ᠵᠠᠰᠠᠬᠤ ᠣᠷᠣᠨ᠎ᠤ ᠭᠠᠵᠠᠷ ᠣᠷᠣᠨ᠎ᠤ ᠦᠢᠯᠡᠳᠪᠦᠷᠢᠯᠡᠯ᠎ᠦᠨ ᠶᠡᠷᠦᠩᠬᠡᠢ ᠦᠷᠳᠡᠭ 60129 ᠳ᠋ᠦᠩᠱᠢᠭᠤᠷ ᠲᠥᠭᠥᠷᠢᠭ ᠪᠠᠢᠭ᠍ᠰᠠᠨ᠎ᠡᠴᠡ᠎ᠪᠠᠨ ᠨᠡᠮᠡᠭ᠌ᠳᠡᠭᠡᠳ 83766 ᠳ᠋ᠦᠩᠱᠢᠭᠤᠷ ᠲᠥᠭᠥᠷᠢᠭ᠎ᠲᠦ ᠬᠦᠷᠴᠡᠢ᠃

ᠥᠪᠥᠷ ᠮᠣᠩᠭᠣᠯ 《ᠨᠢᠭᠡ ᠪᠦᠰᠡ ᠨᠢᠭᠡ ᠵᠠᠮ》 ᠢ᠋ ᠴᠢᠨᠠᠷ ᠰᠠᠢᠲᠠᠶ ᠬᠠᠮᠲᠤ᠎ᠪᠠᠷ ᠪᠥᠲᠥᠭᠡᠨ ᠪᠠᠢᠭᠤᠯᠬᠤ ᠪᠠ ᠳᠤᠮᠳᠠᠳᠤ ᠮᠣᠩᠭᠣᠯ ᠣᠷᠣᠰ᠎ᠤᠨ ᠠᠵᠤ ᠠᠬᠤᠶ᠎ᠶ᠋ᠢᠨ ᠬᠣᠩᠭᠢᠯ᠎ᠤᠨ ᠪᠥᠲᠥᠭᠡᠨ ᠪᠠᠢᠭᠤᠯᠤᠯᠲᠠ᠎ᠶ᠋ᠢ ᠭᠦᠨᠵᠡᠭᠡᠶ ᠠᠬᠢᠭᠤᠯᠵᠤ᠂ ᠭᠤᠸᠠᠩᠰᠢ ᠨᠢ ᠭᠤᠸᠠᠩᠳᠦ᠋ᠩ ᠱᠢᠶᠠᠩᠭᠠᠩ ᠣᠣᠮᠧᠨ᠎ᠦ ᠲᠣᠮᠣ ᠪᠤᠯᠤᠩ᠎ᠤᠨ ᠣᠷᠣᠨ᠎ᠳ᠋ᠤ ᠠᠭᠤᠰᠤᠯᠴᠠᠬᠤ᠌᠎ᠶ᠋ᠢᠨ ᠬᠠᠮᠲᠤ 《ᠵᠡᠭᠦᠨ ᠡᠮᠦᠨᠡᠲᠦ ᠠᠽᠢᠶ᠎ᠠ᠎ᠶ᠋ᠢᠨ ᠤᠯᠤᠰ᠎ᠤᠳ᠎ᠤᠨ ᠬᠣᠯᠪᠣᠭ᠎ᠠ》᠎ᠯᠤᠭ᠎ᠠ ᠢᠳᠡᠪᠬᠢᠲᠡᠶ ᠰᠠᠢᠲᠤᠷ ᠬᠠᠷᠢᠯᠴᠠᠵᠤ᠂ ᠲᠥᠪᠡᠳ᠎ᠦᠨ᠎ᠬᠢᠨ ᠡᠮᠦᠨᠡᠲᠦ ᠠᠽᠢᠶ᠎ᠠ᠎ᠳᠤ ᠬᠠᠨᠳᠤᠭᠤᠯᠤᠭ᠍ᠰᠠᠨ ᠨᠡᠭᠡᠭᠡᠯᠲᠡ ᠬᠢᠬᠦ᠌ ᠴᠢᠬᠤᠯᠠ ᠵᠠᠮ ᠱᠤᠭᠤᠮ᠎ᠢ ᠪᠠᠢᠭᠤᠯᠪᠠ ᠁ ᠦᠨᠳᠦᠰᠦᠲᠡᠨ᠎ᠦ ᠭᠠᠵᠠᠷ ᠣᠷᠣᠨ᠎ᠨᠢ ᠶᠠᠭ ᠱᠢᠨ᠎ᠡ ᠬᠥᠭ᠌ᠵᠢᠯᠲᠡ᠎ᠶ᠋ᠢᠨ ᠪᠠᠢᠷᠢᠱᠢᠯ᠎ᠳᠤ ᠲᠦᠷᠭᠡᠨ ᠠᠭᠤᠰᠤᠯᠴᠠᠵᠤ᠂ ᠴᠢᠨᠠᠷ ᠰᠠᠢᠲᠠᠶ ᠬᠥᠭ᠌ᠵᠢᠯᠲᠡ᠎ᠶ᠋ᠢ ᠬᠦᠴᠦᠯᠡᠨ ᠠᠬᠢᠭᠤᠯᠵᠤ ᠪᠠᠢᠨ᠎ᠠ᠃

ᠬᠥᠭ᠌ᠵᠢᠯᠳᠠ ᠪᠣᠯ ᠦᠨᠳᠦᠰᠦᠲᠡᠨ᠎ᠦ ᠭᠠᠵᠠᠷ ᠣᠷᠣᠨ᠎ᠤ ᠡᠯ᠎ᠡ ᠵᠦᠢᠯ᠎ᠦᠨ ᠠᠰᠠᠭᠤᠳᠠᠯ᠎ᠢ ᠱᠢᠢᠳᠪᠦᠷᠢᠯᠡᠬᠦ᠌᠎ᠶ᠋ᠢᠨ ᠰᠠᠭᠤᠷᠢ ᠮᠥᠨ᠃ ᠲᠥᠰᠦᠯ᠎ᠳᠦ ᠦᠨᠳᠦᠰᠦᠲᠡᠨ᠎ᠨᠦᠭᠦᠳ᠎ᠦᠨ ᠬᠠᠮᠲᠤ᠎ᠪᠠᠷ ᠴᠡᠴᠡᠭ᠌ᠯᠡᠨ ᠬᠥᠭ᠌ᠵᠢᠬᠦ᠌ ᠬᠠᠷᠠᠯᠲᠠ᠎ᠶ᠋ᠢ ᠪᠦᠬᠦ᠌ ᠲᠠᠯ᠎ᠠ᠎ᠪᠠᠷ ᠪᠡᠶᠡᠯᠡᠭᠦᠯᠬᠦ᠌᠎ᠲᠡᠶ ᠤᠶᠠᠯᠳᠤᠭᠤᠯᠤᠨ᠂ ᠰᠠᠭᠤᠷᠢ ᠲᠥᠬᠥᠭᠡᠷᠦᠮᠵᠢ᠎ᠶ᠋ᠢᠨ ᠪᠦᠲᠦᠭᠡᠨ ᠪᠠᠢᠭᠤᠯᠤᠯᠲᠠ᠂ ᠠᠵᠤ ᠦᠢᠯᠡᠰ᠎ᠦᠨ ᠬᠥᠭ᠌ᠵᠢᠯᠲᠡ ᠵᠡᠷᠭᠡ ᠲᠠᠯ᠎ᠠ᠎ᠪᠠᠷ ᠪᠣᠳᠠᠲᠠᠢ ᠲᠣᠭ᠍ᠲᠠᠭᠠᠯ ᠭᠠᠷᠭᠠᠵᠤ᠂ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ᠎ᠢ ᠶᠡᠬᠡᠳᠡ ᠵᠣᠷᠢᠭ᠍ᠵᠢᠭᠤᠯᠪᠠ᠃

ᠲᠩᠷᠢ ᠠᠭᠤᠯᠠ᠎ᠶ᠋ᠢᠨ ᠡᠮᠦᠨ᠎ᠡ ᠤᠮᠠᠷ᠎ᠠ᠎ᠡᠴᠡ ᠴᠠᠰᠤᠲᠤ ᠥᠨᠳᠥᠷᠯᠢᠭ ᠬᠦᠷᠲᠡᠯ᠎ᠡ᠂ ᠠᠷᠤ ᠭᠠᠵᠠᠷ᠎ᠤᠨ ᠲᠠᠯ᠎ᠠ ᠨᠤᠲᠤᠭ᠎ᠡᠴᠡ ᠡᠮᠦᠨᠡᠲᠦ ᠲᠠᠩᠭᠢᠰ᠎ᠤᠨ ᠬᠦᠪᠡᠭᠡ ᠬᠦᠷᠲᠡᠯ᠎ᠡ᠂ ᠶᠡᠷᠦᠩᠬᠡᠢ ᠱᠦᠵᠢ ᠰᠢ ᠵᠢᠨ ᠫᠢᠩ᠎ᠦᠨ ᠵᠢᠷᠤᠭ᠍ᠯᠠᠭ᠍ᠰᠠᠨ ᠰᠠᠢ᠌ᠨ ᠰᠠᠢᠬᠠᠨ ᠵᠢᠷᠤᠭ ᠲᠥᠰᠦᠪ ᠨᠢ ᠪᠣᠳᠠᠲᠤ ᠠᠬᠤᠢ᠎ᠶ᠋ᠢᠨ ᠵᠣᠯ ᠵᠢᠷᠭᠠᠯᠲᠤ ᠠᠮᠢᠳᠤᠷᠠᠯ ᠪᠤᠯᠵᠤ ᠬᠤᠪᠢᠷᠠᠵᠠᠢ᠃

ᠰᠡᠳᠭᠢᠯ ᠨᠢᠭᠡᠲᠦᠨ ᠬᠦᠴᠦ ᠪᠠᠨ ᠬᠠᠮᠳᠤᠳᠬᠠᠵᠦ ᠢᠷᠡᠭᠡᠳᠦᠢ ᠵᠦᠭ ᠤᠷᠤᠭᠰᠢᠯᠠᠨ᠎ᠠ — 《ᠳᠤᠮᠳᠠᠳᠤ᠎ᠶ᠋ᠢᠨ ᠦᠨᠳᠦᠰᠦᠲᠡᠨ᠎ᠦ ᠶᠡᠬᠡ ᠪᠦᠯᠬᠦᠮᠳᠡᠯ᠎ᠢᠶᠡᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠤᠨ᠎ᠠ》

《ᠱᠢᠨ᠎ᠡ ᠴᠠᠭ ᠦᠶ᠎ᠡ ᠱᠢᠨ᠎ᠡ ᠠᠶᠠᠨ᠎ᠳᠤ᠂ ᠨᠠᠮ ᠪᠣᠯᠤᠨ ᠤᠯᠤᠰ᠎ᠤᠨ ᠭᠣᠣᠯ ᠡᠭᠦᠷᠭᠡ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠤᠨ᠎ᠠ᠂ ᠡᠭᠦᠨ᠎ᠳᠦ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠬᠠᠮᠲᠤ᠎ᠪᠠᠷ ᠪᠦᠯᠬᠦᠮᠳᠡᠨ ᠲᠡᠮᠡᠴᠡᠬᠦ᠌ ᠴᠢᠬᠤᠯᠠᠲᠠᠢ》᠃

ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢ ᠠᠬᠢᠭᠤᠯᠬᠤ ᠬᠠᠤᠯᠢ᠎ᠶ᠋ᠢ ᠲᠣᠭ᠍ᠲᠠᠭᠠᠬᠤ ᠪᠣᠯ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠴᠡᠴᠡᠭ᠌ᠯᠡᠨ ᠬᠥᠭ᠌ᠵᠢᠬᠦ᠌᠎ᠶ᠋ᠢ ᠠᠬᠢᠭᠤᠯᠬᠤ᠎ᠶ᠋ᠢᠨ ᠪᠣᠳᠠᠲᠤ ᠬᠡᠷᠡᠭ᠌ᠴᠡᠭᠡ ᠮᠥᠨ᠂ ᠪᠠᠰᠠ ᠴᠤ᠌ ᠳᠡᠯᠡᠬᠡᠢ ᠶᠢᠷᠲᠢᠨᠴᠦ᠍᠎ᠶ᠋ᠢᠨ ᠵᠠᠭᠤᠨ ᠵᠢᠯ᠎ᠳᠦ ᠲᠣᠬᠢᠶᠠᠯᠳᠤᠭ᠎ᠠ ᠦᠭᠡᠢ ᠶᠡᠬᠡ ᠬᠤᠪᠢᠰᠤᠯᠲᠠ᠎ᠶ᠋ᠢ ᠠᠷᠭᠠᠴᠡᠭᠠᠬᠤ᠂ ᠳᠤᠮᠳᠠᠳᠤ᠎ᠶ᠋ᠢᠨ ᠦᠨᠳᠦᠰᠦᠲᠡᠨ᠎ᠦ ᠨᠢᠭ᠍ᠲᠠᠷᠠᠯ᠎ᠤᠨ ᠬᠦᠴᠦᠨ᠎ᠢ ᠴᠢᠩᠭᠠᠷᠠᠭᠤᠯᠬᠤ ᠴᠢᠬᠤᠯᠠ ᠠᠷᠭ᠎ᠠ ᠬᠡᠮᠵᠢᠢ᠎ᠡ ᠮᠥᠨ᠃

ᠲᠥᠰᠦᠯ᠎ᠦᠨ ᠣᠷᠣᠱᠢᠯ᠎ᠳᠠᠬᠢ 《ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠦᠶ᠋ᠯᠡᠰ᠎ᠢ ᠴᠢᠨᠠᠷ ᠰᠠᠢᠲᠠᠶ ᠠᠬᠢᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠶᠡᠬᠡ ᠪᠦᠯᠬᠦᠮᠳᠡᠯ᠎ᠢᠶᠡᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠤᠨ᠎ᠠ》 ᠭᠡᠬᠦ ᠬᠡᠰᠡᠭ᠎ᠢ ᠤᠯᠵᠤ ᠦᠵᠡᠬᠡᠳ ᠭᠦᠶ᠋ᠵᠧᠸ᠋ ᠮᠤᠵᠢ᠎ᠶ᠋ᠢᠨ ᠠᠷᠠᠳ᠎ᠤᠨ ᠪᠠᠢᠴᠠᠭᠠᠬᠤ ᠬᠣᠷᠢᠶ᠎ᠠ᠎ᠵᠢᠨ ᠶᠠᠩ ᠽᠠᠢ ᠲᠤᠤ ᠲᠥᠯᠥᠭᠡᠯᠡᠭ᠌ᠴᠢ ᠡᠨᠡ ᠬᠦ᠌ ᠬᠡᠰᠡᠭ ᠥᠭᠦᠯᠡᠯᠲᠡ᠎ᠵᠢ ᠭᠤᠤᠯᠳᠠᠯᠭ᠎ᠠ᠎ᠲᠠᠶ ᠲᠡᠮᠳᠡᠭ ᠵᠢᠷᠤᠵᠤ ᠲᠠᠯᠪᠢᠵᠠᠶ᠃

2025 ᠣᠨ᠎ᠤ 3 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠭᠦᠢᠵᠧᠦ ᠮᠤᠵᠢ᠎ᠶ᠋ᠢᠨ ᠴᠢᠶᠠᠨ ᠳ᠋ᠦᠩ ᠨᠠᠨ ᠵᠧᠦ᠍᠎ᠶ᠋ᠢᠨ ᠯᠢ ᠫᠢᠩ ᠱᠢᠶᠠᠨ᠎ᠤ ᠵᠤᠤ ᠱᠢᠩ᠎ᠤᠨ ᠳ᠋ᠦᠩ ᠦᠨᠳᠦᠰᠦᠲᠡᠨ᠎ᠤ ᠤᠷᠤᠰᠢᠨ ᠰᠠᠭᠤᠭ᠎ᠠ ᠤᠯᠠᠮᠵᠢᠯᠠᠯᠳᠤ ᠲᠤᠰᠬᠤᠨ ᠳ᠋ᠤ ᠬᠦᠷᠪᠡ᠃ ᠬᠡᠩᠭᠡᠷᠭᠡᠨ ᠠᠰᠠᠷ᠎ᠤᠨ ᠳᠣᠣᠷ᠎ᠠ᠂ ᠬᠡᠳᠦᠨ ᠤᠷᠳᠤ ᠰᠠᠨᠳᠠᠯᠢ ᠳᠡᠭᠡᠷ᠎ᠡ ᠲᠣᠰᠭᠣᠨ᠎ᠤ ᠠᠷᠠᠳ ᠶᠡᠷᠦᠩᠬᠡᠢ ᠱᠦᠵᠢ᠎ᠶ᠋ᠢᠨ ᠳᠡᠷᠭᠡᠲᠡ ᠬᠦᠷᠢᠶᠡᠯᠡᠨ ᠰᠠᠭᠤᠵᠠᠭᠠᠪᠠ᠃

ᠤᠯᠠᠨ᠎ᠤ ᠥᠨᠥᠳᠦᠷ᠎ᠦᠨ ᠰᠠᠢ᠌ᠨ ᠰᠠᠢᠬᠠᠨ ᠠᠮᠢᠳᠤᠷᠠᠯ᠎ᠤᠨ᠎ᠢᠶᠡᠨ ᠲᠤᠬᠠᠢ ᠪᠤᠯᠢᠶᠠᠯᠳᠤᠨ ᠶᠠᠷᠢᠬᠤ᠎ᠶ᠋ᠢ ᠰᠣᠨᠣᠰᠤᠭᠠᠳ᠂ ᠶᠡᠷᠦᠩᠬᠡᠢ ᠱᠦᠵᠢ ᠤᠯᠠᠨ᠎ᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠠᠬᠢᠴᠠ ᠳᠤᠮᠳᠠ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠠᠵᠢᠯ᠎ᠢ ᠨᠡᠩ ᠰᠠᠢᠲᠤᠷ ᠬᠢᠭᠡᠷᠡᠢ ᠭᠡᠵᠦ᠍ ᠵᠣᠷᠢᠭ᠍ᠵᠢᠭᠤᠯᠪᠠ᠃

ᠴᠠᠭ᠎ᠤᠨ ᠬᠦᠷᠳᠤ ᠡᠷᠭᠢᠯᠳᠦᠨ ᠤᠯᠠᠷᠢᠬᠰᠠᠭᠠᠷ ᠪᠤᠯᠪᠠᠴᠤ ᠬᠠᠢᠷ᠎ᠠ ᠰᠡᠳᠭᠢᠯᠭᠡ ᠬᠤᠪᠢᠷᠠᠭ᠎ᠠ ᠦᠭᠡᠢ᠃ ᠪᠦᠬᠦ᠌ ᠤᠯᠤᠰ᠎ᠤᠨ ᠬᠣᠶᠠᠷ ᠬᠤᠷᠠᠯ ᠳᠡᠭᠡᠷᠡᠬᠢ ᠬᠠᠯᠠᠭᠤᠨ ᠳᠤᠯᠠᠭᠠᠨ ᠭᠱᠠᠨ ᠨᠢᠬᠡ ᠪᠦᠷᠢ᠎ᠳᠤ ᠶᠡᠷᠦᠩᠬᠡᠢ ᠱᠦᠵᠢ ᠰᠢ ᠵᠢᠨ ᠫᠢᠩ᠎ᠦᠨ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠤ ᠲᠦᠯᠦᠬᠡ ᠬᠡᠰᠡᠨ ᠭᠦᠨ ᠰᠡᠳᠬᠢᠯᠭᠡ ᠬᠠᠢᠷ᠎ᠠ ᠬᠠᠯᠠᠮᠵᠢᠯᠠᠯ ᠠᠬᠤᠭᠤᠯᠤᠬᠳᠠᠵᠤ ᠪᠤᠢ᠂ ᠦᠨᠳᠦᠰᠦᠲᠡᠨ᠎ᠦ ᠪᠦᠯᠬᠦᠮᠳᠡᠯ ᠳᠠᠪᠱᠢᠯᠳᠠ᠎ᠶ᠋ᠢ ᠠᠬᠢᠭᠤᠯᠬᠤ ᠬᠠᠤᠯᠢ᠎ᠶ᠋ᠢ ᠲᠣᠭ᠍ᠲᠠᠭᠠᠭ᠍ᠰᠠᠨ ᠠᠯᠤᠰ ᠬᠡᠳᠦ᠍᠎ᠶ᠋ᠢᠨ ᠪᠣᠳᠣᠯᠬᠢᠯᠠᠯ᠎ᠢᠯᠡᠷᠡᠵᠤ ᠪᠤᠢ᠃

ᠪᠣᠳᠠᠲᠤ ᠪᠠᠢᠳᠠᠯ᠎ᠢ ᠪᠠᠢᠴᠠᠭᠠᠪᠠ — ᠱᠢᠨᠵᠢᠶᠠᠩ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠺᠦᠷᠪᠠᠨ ᠠᠪᠠᠭ᠎ᠠ᠎ᠶ᠋ᠢᠨ ᠬᠣᠢᠴᠢ ᠦᠶ᠎ᠡ᠎ᠶ᠋ᠢᠨ ᠬᠢᠨ ᠪᠠ ᠨᠤᠲᠤᠭ᠎ᠤᠨ ᠠᠬ᠎ᠠ ᠳᠡᠭᠦᠦ᠍᠎ᠨᠡᠷ᠎ᠦᠨ 《ᠪᠦᠬᠦ᠌ ᠭᠡᠷ᠎ᠦᠨ ᠬᠠᠮᠳᠤ ᠵᠢᠨ ᠰᠡᠭᠦᠳᠡᠷ》᠎ᠢ᠋ ᠨᠠᠷᠢᠨ ᠠᠵᠢᠭ᠍ᠯᠠᠵᠤ᠂ 《ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠰᠠᠨᠠᠭᠠᠱᠢᠷᠠᠵᠤ ᠪᠠᠢᠭ᠎ᠠ ᠠᠰᠠᠭᠤᠳᠠᠯ᠎ᠢ ᠢᠯᠡᠭᠦᠬᠡᠨ ᠱᠢᠢᠳᠪᠦᠷᠢᠯᠡᠵᠦ᠍᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠳᠦ ᠨᠠᠮ᠎ᠤᠨ ᠬᠠᠢᠷ᠎ᠠ ᠬᠠᠯᠠᠮᠵᠢ ᠪᠠ ᠡᠬᠡ ᠤᠯᠤᠰ᠎ᠤᠨ ᠶᠡᠬᠡ ᠭᠡᠷ ᠪᠦᠯᠢ᠎ᠶ᠋ᠢᠨ ᠬᠠᠢᠷ᠎ᠠ ᠬᠠᠯᠠᠮᠵᠢ᠎ᠶ᠋ᠢ ᠦᠨᠡᠨ ᠬᠦ᠌  ᠮᠡᠳᠡᠷᠡᠭᠦᠯᠬᠦ᠌ ᠬᠡᠷᠡᠭ᠌ᠲᠡᠢ》 ᠭᠡᠵᠦ᠍ ᠵᠠᠬᠢᠪᠠ;

ᠰᠠᠢ᠌ᠨ ᠠᠷᠭ᠎ᠠ ᠪᠤᠳᠤᠯᠭ᠎ᠠ ᠵᠢ ᠰᠦᠪᠡᠭᠴᠢᠯᠡᠪᠡ — ᠭᠤᠸᠠᠩᠰᠢ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠦᠪᠡᠷᠮᠢᠴᠡ ᠰᠠᠢᠬᠠᠨ ᠦᠨᠳᠦᠰᠦᠲᠡᠨ᠎ᠦ ᠵᠠᠩ ᠦᠢᠯᠡ᠎ᠵᠢ ᠡᠷᠭᠢᠴᠡᠭᠦᠯᠵᠦ᠍᠂ 《ᠦᠨᠳᠦᠰᠦᠲᠡᠨ᠎ᠦ ᠭᠠᠵᠠᠷ ᠣᠷᠣᠨ᠎ᠤ ᠬᠥᠭ᠌ᠵᠢᠯᠲᠡ᠎ᠶ᠋ᠢ ᠲᠦᠷᠭᠡᠳᠭᠡᠬᠦ᠌᠂ ᠴᠥᠭᠡᠨ ᠲᠣᠭᠠᠲᠤ ᠦᠨᠳᠦᠰᠦᠲᠡᠨ᠎ᠦ ᠤᠯᠠᠨ ᠲᠦᠮᠡᠨ᠎ᠦ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠬᠤ᠎ᠶ᠋ᠢ ᠬᠠᠤᠯᠢ ᠪᠡᠷ ᠵᠠᠰᠠᠬᠤ ᠵᠠᠮ᠎ᠳᠤ ᠣᠷᠣᠭᠤᠯᠬᠤ ᠬᠡᠷᠡᠭ᠌ᠲᠡᠢ》 ᠭᠡᠵᠦ᠍ ᠴᠢᠬᠤᠯᠠᠴᠢᠯᠠᠪᠠ;

ᠬᠦᠰᠡᠯ ᠨᠠᠢᠳᠠᠯᠭ᠎ᠠ᠎ᠲᠠᠯᠪᠢᠪᠠ — ᠬᠠᠷᠠᠮᠥ᠋ᠷᠡᠨ᠎ᠦ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ ᠾᠧᠵᠧ ᠦᠨᠳᠦᠰᠦᠲᠡᠨ᠎ᠦ ᠣᠯᠠᠨ ᠲᠦᠮᠡᠨ ᠵᠣᠯ ᠵᠢᠷᠭᠠᠯᠲᠤ ᠰᠠᠢᠨ ᠰᠠᠢᠬᠠᠨ ᠠᠮᠢᠳᠤᠷᠠᠯ᠎ᠢ ᠡᠳ᠋ᠯᠡᠵᠦ᠍ ᠪᠠᠢᠬᠤ᠎ᠶ᠋ᠢ ᠰᠣᠨᠣᠰᠤᠭᠠᠳ᠂ 《ᠬᠥᠭ᠌ᠵᠢᠯᠲᠡ᠎ᠶ᠋ᠢᠨ ᠵᠠᠮ ᠳᠡᠭᠡᠷ᠎ᠡ ᠪᠠᠢᠭᠤᠯᠤᠯ᠎ᠤᠨ ᠳᠠᠪᠠᠭᠤᠯᠢᠭ᠎ᠢ ᠰᠠᠢᠲᠤᠷ ᠪᠠᠳᠠᠷᠠᠭᠤᠯᠵᠤ᠂ ᠬᠥᠮᠦᠨ ᠠᠮᠠ᠎ᠪᠠᠷ ᠴᠥᠭᠡᠪᠲᠦᠷ ᠦᠨᠳᠦᠰᠦᠲᠡᠨ ᠴᠦ᠍ ᠴᠢᠨᠡᠭᠡᠯᠢᠭ ᠨᠡᠢᠭᠡᠮ᠎ᠳᠦ ᠣᠷᠣᠬᠤ ᠬᠡᠷᠡᠭ᠌ᠲᠡᠶ᠂ ᠨᠢᠭᠡ᠎ᠶ᠋ᠢ ᠴᠦ᠍ ᠣᠷᠬᠢᠭ᠍ᠳᠠᠭᠤᠯᠵᠤ ᠪᠣᠯᠬᠤ ᠥᠬᠡᠶ》 ᠭᠡᠵᠦ᠍ ᠵᠢᠭᠠᠵᠤ ᠭᠠᠷᠭᠠᠪᠠ ᠁

ᠴᠢᠩ ᠰᠡᠳᠭᠢᠯ᠎ᠦᠨ ᠬᠦᠰᠡᠯ ᠨᠠᠢᠳᠠᠯᠭ᠎ᠠ ᠨᠢ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ᠎ᠤᠨ ᠰᠡᠳᠭᠢᠯ᠎ᠨᠢᠭᠡᠳᠦᠨ ᠬᠦᠴᠦ ᠪᠠᠨ ᠬᠠᠮᠲᠤᠳᠬᠠᠵᠤ᠂ ᠢᠷᠡᠭᠡᠳᠦᠢ ᠵᠦᠭ ᠬᠠᠮᠲᠤ᠎ᠪᠠᠷ ᠤᠷᠤᠭ᠍ᠰᠢᠯᠠᠬᠤ ᠵᠢ ᠤᠷᠮᠠᠱᠢᠭᠤᠯᠤᠨ ᠵᠣᠷᠢᠭ᠍ᠵᠢᠭᠤᠯᠪᠠ᠂᠃

ᠱᠢᠨ᠎ᠡ ᠠᠶᠠᠨ᠎ᠳᠤ᠂ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠴᠢᠩᠭᠠᠳᠭᠠᠨ ᠲᠡᠭᠦᠯᠳᠡᠷᠵᠢᠭᠦᠯᠬᠦ᠌ ᠪᠣᠯ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠢ ᠰᠠᠢᠲᠤᠷ ᠬᠢᠬᠦ᠌  ᠦᠨᠳᠦᠰᠦᠨ ᠤᠯᠤᠰ ᠲᠦᠷᠦ᠍᠎ᠶ᠋ᠢᠨ ᠪᠠᠲᠤᠯᠠᠭ᠎ᠠ ᠪᠣᠯᠤᠨ᠎ᠠ᠃

ᠴᠣᠩᠬᠣᠨ᠎ᠠ ᠤᠯᠠᠯᠵᠠᠬᠤ ᠴᠠᠭᠠᠰᠤᠨ ᠬᠠᠢᠴᠢᠯᠠᠮᠠᠯ ᠦᠯᠵᠠᠢ ᠪᠠᠶᠠᠷ ᠨᠡᠮᠡᠷᠢᠯᠡᠵᠦ᠂ ᠤᠯᠠᠭᠠᠨ ᠳ᠋ᠧᠩᠯᠦ᠍ ᠲᠤᠸᠠᠯᠠᠨ ᠰᠠᠴᠤᠷᠠᠨ᠎ᠠ᠃ ᠭᠤᠸᠠᠩᠰᠢ᠎ᠶ᠋ᠢᠨ ᠪᠢᠨᠶᠠᠩ ᠱᠢᠶᠠᠨ᠎ᠤ ᠸᠠᠩ ᠯᠢᠩ ᠪᠠᠯᠭᠠᠰᠤ᠎ᠶ᠋ᠢᠨ ᠴᠢ ᠱᠢᠨ ᠲᠣᠰᠭᠣᠨ᠂ ᠥᠩᠭᠡᠷᠡᠭ᠌ᠰᠡᠨ᠎ᠳᠦ ᠶᠠᠳᠠᠭᠤ ᠬᠦᠴᠢᠷᠳᠡᠯᠲᠡᠢ ᠲᠣᠰᠭᠣᠨ ᠪᠠᠢᠭᠰᠠᠨ ᠡᠴᠡ ᠪᠠᠨ ᠤᠳᠤ ᠪᠠᠶᠠᠨ ᠴᠢᠨᠡᠬᠡᠯᠢᠭ ᠲᠣᠰᠭᠣᠨ ᠪᠤᠯᠵᠤ᠂ ᠨᠤᠲᠤᠭ᠎ᠤᠨ ᠠᠬ᠎ᠠ ᠳᠡᠭᠦᠦ᠍᠎ᠨᠡᠷ᠎ᠦᠨ ᠴᠢᠷᠠᠢ᠎ᠳᠤ ᠪᠠᠶᠠᠷ ᠪᠠᠶᠠᠰᠤᠯ ᠪᠢᠯᠬᠠᠨ᠎ᠠ᠃

《ᠪᠢ ᠡᠨᠡ ᠬᠦ᠌ ᠬᠠᠤᠯᠢ᠎ᠶ᠋ᠢᠨ ᠲᠥᠰᠦᠯ᠎ᠦᠨ ᠠᠴᠢ ᠬᠣᠯᠪᠣᠭ᠍ᠳᠠᠯ᠎ᠢ ᠲᠣᠰᠭᠣᠨ᠎ᠤ ᠠᠬᠠᠮᠠᠳ ᠨᠠᠮ᠎ᠤᠨ ᠭᠡᠱᠢᠭᠦᠨ ᠪᠣᠯᠤᠨ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠳᠦ ᠶᠠᠷᠢᠵᠤ ᠥᠭ᠌ᠬᠦᠯ᠎ᠡ᠂ ᠤᠯᠠᠨ᠎ᠤ ᠡᠷᠴᠢ ᠵᠣᠷᠢᠭ ᠨᠡᠩ ᠭᠦᠢᠴᠡᠳ ᠪᠣᠯᠵᠠᠢ》᠃ ᠴᠢ ᠱᠢᠨ ᠲᠣᠰᠭᠣᠨ᠎ᠤ ᠨᠠᠮ᠎ᠤᠨ ᠶᠡᠷᠦᠩᠬᠡᠢ ᠡᠭᠦᠷ᠎ᠦᠨ ᠱᠦᠵᠢ ᠴᠢᠨ ᠴᠦᠨ ᠹᠸᠨ ᠲᠥᠯᠥᠭᠡᠯᠡᠭ᠌ᠴᠢ᠂ ᠪᠢᠳᠡ ᠱᠢᠷᠭᠠᠭᠤ ᠬᠠᠲᠠᠭᠤᠵᠢᠯᠲᠠᠢ ᠠᠵᠢᠯᠯᠠᠵᠤ᠂ ᠦᠷᠭᠦᠯᠵᠢᠯᠡᠨ ᠲᠡᠮᠡᠴᠡᠵᠦ᠍᠂ ᠰᠧᠯᠧᠨ ᠡᠯᠪᠡᠭ  ᠠᠭᠤᠯᠤᠬᠰᠠᠨ ᠠᠩᠬᠢᠯᠤᠮ᠎ᠠ ᠲᠤᠳᠤᠷᠭ᠎ᠠ ᠵᠡᠷᠭᠡ ᠠᠵᠤ ᠦᠢᠯᠡᠰ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠵᠦ᠍᠂ ᠨᠤᠲᠤᠭ᠎ᠤᠨ ᠠᠬ᠎ᠠ ᠳᠡᠭᠦᠦ᠍᠎ᠨᠡᠷ᠎ᠢᠶᠡᠨ ᠳᠠᠭᠠᠭᠤᠯᠤᠨ ᠠᠮᠢᠳᠤᠷᠠᠯ᠎ᠢᠶᠠᠨ ᠤᠯᠠᠮ ᠥᠭᠡᠳᠡᠯᠡᠭᠦᠯᠦᠨ᠎ᠠ ᠭᠡᠪᠡ᠃

ᠶᠡᠷᠦᠩᠬᠡᠢ ᠱᠦᠵᠢ ᠰᠢ ᠵᠢᠨ ᠫᠢᠩ᠂ ᠳᠤᠮᠳᠠᠳᠤ ᠤᠯᠤᠰ᠎ᠤᠨ ᠡᠪ ᠬᠠᠮᠲᠤ ᠨᠠᠮ ᠪᠣᠯ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠢᠯᠡᠰ᠎ᠦᠨ ᠤᠳᠤᠷᠢᠳᠭᠤ ᠭᠣᠣᠯᠯᠠᠭ᠍ᠴᠢ ᠮᠥᠨ᠂ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠤᠭ᠎ᠤᠨ ᠨᠠᠢᠳᠠᠪᠤᠷᠢᠲᠠᠢ ᠲᠦᠱᠢᠭ ᠲᠤᠯᠭᠠᠭᠤᠷᠢ ᠮᠥᠨ ᠭᠡᠵᠦ ᠵᠢᠭᠠᠵᠤ ᠭᠠᠷᠭᠠᠪᠠ᠃

ᠶᠦᠨᠨᠠᠨ᠎ᠳᠤ ᠬᠦᠷᠴᠦ᠍ ᠱᠢᠨᠵᠢᠯᠡᠨ ᠪᠠᠢᠴᠠᠭᠠᠬᠤ᠎ᠳᠠᠭᠠᠨ᠂ 《ᠨᠠᠮ᠎ᠤᠨ ᠤᠳᠤᠷᠢᠳᠭᠤ ᠲᠦᠷᠢᠮ᠎ᠢ ᠲᠡᠭᠦᠯᠳᠡᠷᠵᠢᠭᠦᠯᠬᠦ᠌᠎ᠳᠦ᠂ ᠭᠤᠯᠳᠤ᠎ᠪᠠᠷ ᠡᠴᠦᠰ᠎ᠲᠦᠨᠢ ᠲᠤᠯᠲᠠᠯ᠎ᠠ᠂ ᠬᠥᠨᠳᠡᠯᠡᠨ᠎ᠢᠶᠡᠷ ᠬᠥᠪᠡᠭᠡ ᠵᠠᠬ᠎ᠠ ᠬᠦᠷᠲᠡᠯ᠎ᠡ ᠬᠢᠬᠦ᠌ ᠬᠡᠷᠡᠭ᠌ᠲᠡᠢ》 ᠭᠡᠵᠦ᠍ ᠴᠢᠬᠤᠯᠠᠴᠢᠯᠠᠪᠠ; ᠱᠢᠨᠵᠢᠶᠠᠩ᠎ᠤᠨ ᠱᠤ᠌ ᠹᠦ᠋ ᠱᠢᠶᠠᠨ᠎ᠤ ᠤᠢᠭᠤᠷ ᠦᠨᠳᠦᠰᠦᠲᠡᠨ᠎ᠦ ᠲᠣᠰᠭᠣᠨ᠎ᠤ ᠠᠷᠠᠳ᠎ᠤᠨ ᠭᠡᠷ᠎ᠲᠦ ᠠᠢᠯᠴᠢᠯᠠᠵᠤ᠂ 《ᠠᠷᠠᠳ ᠤᠯᠠᠨ᠎ᠤ ᠬᠦᠰᠡᠯ ᠡᠷᠡᠮᠡᠯᠵᠡᠯ᠎ᠳᠦ ᠨᠡᠢᠴᠡᠬᠦ᠌ ᠶᠠᠪᠤᠳᠠᠯ ᠪᠦᠬᠦᠨ ᠪᠣᠯ ᠮᠠᠨ᠎ᠤ ᠨᠠᠮ᠎ᠤᠨ ᠲᠡᠮᠡᠴᠡᠬᠦ᠌ ᠬᠠᠷᠠᠯᠲᠠ ᠮᠥᠨ》 ᠭᠡᠵᠦ᠍ ᠢᠯᠡᠳᠭᠡᠪᠡ; ᠬᠠᠷᠢᠭᠤ ᠵᠠᠬᠢᠳᠠᠯ᠎ᠳᠠᠭᠠᠨ ᠲᠥᠪᠡᠳ᠎ᠦᠨ ᠨᠢᠩ᠎ᠤ᠋ᠤᠢ᠎ᠵᠢᠨ ᠭᠠᠯᠠ ᠲᠣᠰᠭᠣᠨ᠎ᠤ ᠪᠥᠬᠥ᠌ ᠲᠣᠰᠭᠣᠨ᠎ᠤ ᠠᠷᠠᠳ᠎ᠢ 《ᠳᠣᠬᠢᠭᠤᠷ ᠲᠤᠯᠤᠭᠠᠨ ᠣᠲᠣ ᠵᠢ ᠬᠠᠷᠠᠵᠤ ᠶᠠᠪᠤᠪᠠᠯ ᠲᠥᠭᠡᠷᠢᠬᠦ᠌ ᠥᠬᠡᠶ᠂ ᠡᠪ ᠬᠠᠮᠲᠤ ᠨᠠᠮ᠎ᠢᠶᠡᠨ ᠳᠠᠭᠠᠪᠠᠯ ᠵᠣᠯ ᠵᠢᠷᠭᠠᠯ᠎ᠢ᠎ᠡᠳ᠋ᠯᠡᠨ᠎ᠡ》 ᠭᠡᠵᠦ᠍ ᠵᠣᠷᠢᠭ᠍ᠵᠢᠭᠤᠯᠪᠠ ᠁

ᠭᠠᠭ᠍ᠴᠠ ᠬᠦ᠌ ᠳᠤᠮᠳᠠᠳᠤ ᠤᠯᠤᠰ᠎ᠤᠨ ᠡᠪ ᠬᠠᠮᠲᠤ ᠨᠠᠮ ᠰᠠᠶᠢ ᠳᠤᠮᠳᠠᠳᠤ᠎ᠶ᠋ᠢᠨ ᠦᠨᠳᠦᠰᠦᠲᠡᠨ᠎ᠦ ᠶᠡᠬᠡ ᠪᠦᠯᠬᠦᠮᠳᠡᠯ᠎ᠢ ᠪᠡᠶᠡᠯᠡᠭᠦᠯᠵᠦ᠍ ᠴᠢᠳᠠᠨ᠎ᠠ᠂ ᠭᠠᠭ᠍ᠴᠠ ᠬᠦ᠌ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ ᠰᠠᠶᠢ ᠦᠨᠳᠦᠰᠦᠲᠡᠨ᠎ᠨᠦᠭᠦᠳ᠎ᠢ ᠨᠢᠭ᠍ᠲᠠᠷᠠᠭᠤᠯᠵᠤ᠂ ᠦᠨᠳᠦᠰᠦᠲᠡᠨ᠎ᠨᠦᠭᠦᠳ᠎ᠢ ᠬᠥᠭ᠌ᠵᠢᠭᠦᠯᠵᠦ᠍᠂ ᠦᠨᠳᠦᠰᠦᠲᠡᠨ᠎ᠨᠦᠭᠦᠳ᠎ᠢ ᠴᠡᠴᠡᠭ᠌ᠯᠡᠭᠦᠯᠵᠦ᠍ ᠴᠢᠳᠠᠨ᠎ᠠ ᠭᠡᠳᠡᠭ᠎ᠢ ᠦᠢᠯᠡᠳᠦᠯᠭᠡ ᠭᠦᠢᠴᠡᠳ ᠭᠡᠷᠡᠴᠢᠯᠡᠵᠡᠢ᠃

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ᠎ᠪᠦᠬᠦᠢ ᠦᠨᠳᠦᠰᠦᠲᠡᠨ᠎ᠦ ᠠᠰᠠᠭᠤᠳᠠᠯ᠎ᠢ ᠱᠢᠢᠳᠪᠦᠷᠢᠯᠡᠬᠦ᠌ ᠵᠥᠪ ᠵᠠᠮ᠎ᠢᠶᠠᠷ ᠵᠠᠮᠨᠠᠵᠤ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠦᠢᠯᠡᠰ᠎ᠦᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ ᠵᠢ ᠢᠷᠡᠭᠡᠳᠦᠢ ᠤᠷᠢᠶᠠᠯᠠᠨ ᠲᠠᠭᠤᠳᠠᠵᠤ ᠪᠠᠢᠨ᠎ᠠ᠃

ᠱᠢᠨ᠎ᠡ ᠠᠶᠠᠨ᠎ᠳᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠣᠯ ᠨᠠᠮ᠎ᠤᠨ ᠦᠨᠳᠦᠰᠦᠲᠡᠨ᠎ᠦ ᠠᠵᠢᠯ᠎ᠤᠨ ᠱᠢᠨ᠎ᠡ ᠪᠠᠢᠳᠠᠯ᠎ᠢ ᠡᠭᠦᠳᠬᠦ᠌  ᠵᠠᠢᠯᠠᠰᠢ ᠦᠭᠡᠢ ᠱᠠᠭᠠᠷᠳᠠᠯᠭ᠎ᠠ ᠮᠥᠨ᠃

ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠪᠣᠯ ᠦᠨᠳᠦᠰᠦᠲᠡᠨ᠎ᠦ ᠪᠦᠯᠬᠦᠮᠳᠡᠯ᠎ᠦᠨ ᠦᠨᠳᠦᠰᠦ ᠮᠥᠨ᠃ ᠶᠡᠷᠦᠩᠬᠡᠢ ᠱᠦᠵᠢ ᠰᠢ ᠵᠢᠨ ᠫᠢᠩ᠎ᠦᠨ ᠬᠠᠯᠠᠮᠵᠢᠯᠠᠯ ᠠᠬᠢᠭᠤᠯᠤᠯ ᠳᠣᠣᠷ᠎ᠠ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠠᠮᠢᠳᠤᠯᠢᠭ ᠵᠢᠷᠤᠭ ᠳᠦᠷᠰᠦ ᠥᠷᠭᠡᠨ ᠠᠭᠤᠳᠠᠮ ᠳᠤᠮᠳᠠᠳᠤ᠎ᠶ᠋ᠢᠨ ᠡᠬᠡ ᠭᠠᠵᠠᠷ᠎ᠲᠤ ᠳᠡᠯᠭᠡᠭ᠌ᠳᠡᠪᠡ —

ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠤᠯᠠᠮᠵᠢᠯᠠᠨ ᠬᠥᠭ᠌ᠵᠢᠭᠦᠯᠬᠦ᠌ ᠢᠨᠵᠧᠨᠧᠷᠢᠩ᠎ᠢ ᠬᠡᠷᠡᠭ᠌ᠵᠢᠭᠦᠯᠵᠦ᠍᠂ ᠪᠦᠬᠦ᠌ ᠤᠯᠤᠰ᠎ᠤᠨ ᠴᠥᠭᠡᠨ ᠲᠣᠭᠠᠲᠤ ᠦᠨᠳᠦᠰᠦᠲᠡᠨ᠎ᠦ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠂ ᠪᠦᠬᠦ᠌ ᠤᠯᠤᠰ᠎ᠤᠨ ᠴᠥᠭᠡᠨ ᠲᠣᠭᠠᠲᠤ ᠦᠨᠳᠦᠰᠦᠲᠡᠨ᠎ᠦ ᠤᠷᠠᠨ ᠰᠠᠢᠬᠠᠨ᠎ᠤ ᠬᠠᠮᠲᠤᠷᠠᠭ᠍ᠰᠠᠨ ᠲᠣᠭ᠍ᠯᠠᠯᠲᠠ ᠵᠡᠷᠭᠡ ᠠᠵᠢᠯᠯᠠᠭ᠎ᠠ᠎ᠶ᠋ᠢ ᠡᠷᠬᠢᠯᠡᠪᠡ ᠁ ᠲᠠᠪᠢᠨ ᠵᠢᠷᠭᠤᠭᠠᠨ ᠦᠨᠳᠦᠰᠦᠲᠡᠨ ᠨᠢᠭ᠍ᠲᠠᠷᠠᠨ ᠪᠦᠯᠬᠦᠮᠳᠡᠵᠤ ᠪᠦᠷᠢᠯᠳᠦᠬᠦᠯᠦᠭᠰᠡᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ ᠨᠡᠩ ᠴᠤᠴᠠᠷᠠᠰᠢ ᠦᠬᠡᠢ ᠪᠠᠲᠤ ᠪᠡᠬᠢ ᠪᠣᠯᠪᠠ᠃

《ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢᠨ ᠲᠥᠰᠦᠯ᠎ᠳᠦ᠂ ᠪᠥᠬᠥ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ ᠴᠥᠮ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ᠎ᠶ᠋ᠢ ᠬᠠᠮᠲᠤ᠎ᠶ᠋ᠢᠨ ᠡᠭᠦᠷᠭᠡ ᠪᠣᠯᠭᠠᠬᠤ ᠬᠡᠷᠡᠭ᠌ᠲᠡᠶ ᠬᠡᠵᠤ ᠲᠤᠷᠠᠳᠪᠠ᠂ ᠪᠢᠳᠡ ᠡᠮᠦᠨ᠎ᠡ᠎ᠨᠢ ᠶᠠᠪᠤᠵᠤ᠂ ᠵᠢᠱ᠌ᠢᠶ᠎ᠡ ᠦᠵᠡᠭᠦᠯᠬᠦ᠌᠎ᠪᠡᠷ ᠴᠢᠷᠮᠠᠢᠨ᠎ᠠ》᠃ ᠰᠠᠷ᠎ᠠ ᠭᠠᠷᠤᠶ᠎ᠶ᠋ᠢᠨ ᠡᠮᠦᠨᠡᠬᠢ 《ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠣᠷᠣᠨ》 ᠤ᠋ ᠫᠠᠢᠰᠠ ᠢᠯᠡᠷᠬᠡᠢᠯᠡᠯ᠎ᠢ ᠲᠣᠰᠤᠨ ᠠᠪᠬᠤ ᠦᠶ᠎ᠡ᠎ᠶ᠋ᠢᠨ ᠪᠠᠢᠳᠠᠯ᠎ᠢᠶᠡᠨ ᠡᠷᠭᠢᠴᠡᠭᠦᠯᠵᠤ᠂ ᠥᠪᠥᠷ ᠮᠣᠩᠭᠣᠯ᠎ᠤᠨ ᠱᠢᠯᠢ᠎ᠶ᠋ᠢᠨ ᠭᠤᠤᠯ ᠠᠢᠮᠠᠭ᠎ᠤᠨ ᠳᠠᠷᠤᠭ᠎ᠠ ᠭᠦᠸᠧ ᠢᠦᠶ ᠹᠧᠩ ᠲᠥᠯᠥᠭᠡᠯᠡᠭ᠌ᠴᠢ 《ᠪᠢᠳᠡ ᠡᠨᠡ ᠢᠷᠠᠭᠤ ᠠᠯᠳᠠᠷ᠎ᠢᠶᠡᠷ ᠱᠢᠨ᠎ᠡ ᠭᠠᠷᠤᠭ᠎ᠠ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢᠨ ᠬᠣᠱᠢᠭᠤᠴᠢ ᠣᠷᠣᠨ᠎ᠢ ᠲᠦᠷᠭᠡᠳᠭᠡᠨ ᠪᠠᠢᠭᠤᠯᠤᠨ᠎ᠠ》 ᠭᠡᠵᠦ ᠣᠮᠣᠭ ᠲᠡᠭᠦᠯᠳᠡᠷ᠎ᠬᠡᠯᠡᠪᠡ᠃

《ᠡᠨᠡ ᠢᠵᠢ ᠬᠠᠤᠯᠢ ᠴᠠᠭᠠᠵᠠ ᠨᠢ ᠨᠡᠢᠭᠡᠮ ᠵᠢᠷᠤᠮ᠎ᠤᠨ ᠭᠣᠣᠯᠯᠠᠭ᠍ᠴᠢ ᠦᠷᠲᠡᠭ᠎ᠦᠨ ᠦᠵᠡᠯᠲᠡ᠎ᠪᠡᠷ ᠬᠦᠲᠦᠯᠦᠨ ᠳᠠᠭᠠᠭᠤᠯᠬᠤ᠎ᠶ᠋ᠢ ᠤᠯᠠᠮ ᠨᠢᠭᠡ ᠠᠯᠬᠤᠮ ᠠᠬᠢᠭᠤᠯᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠢ ᠬᠦᠲᠦᠯᠦᠨ ᠳᠠᠭᠠᠭᠤᠯᠵᠤ ᠵᠢᠷᠭᠠᠯ ᠵᠣᠪᠠᠯᠠᠩ᠎ᠢᠶᠠᠨ ᠬᠠᠮᠲᠤᠳᠭᠠᠬᠤ᠂ ᠠᠯᠳᠠᠷ ᠭᠤᠳᠤᠮᠰᠢᠭ᠎ᠢᠶᠠᠨ ᠬᠠᠮᠲᠤᠳᠭᠠᠬᠤ᠂ ᠦᠬᠦᠵᠦ᠍ ᠰᠡᠭᠡᠬᠦ᠌᠎ᠪᠡᠨ ᠬᠠᠮᠲᠤᠳᠭᠠᠬᠤ᠂ ᠬᠤᠪᠢ ᠵᠠᠶᠠᠭ᠎ᠠ᠎ᠪᠠᠨ ᠬᠠᠮᠲᠤᠳᠭᠠᠬᠤ ᠬᠠᠮᠲᠤ᠎ᠶ᠋ᠢᠨ ᠴᠣᠭ᠍ᠴᠠ᠎ᠶ᠋ᠢᠨ ᠤᠢ᠍ᠢᠯᠠᠭᠠᠭ᠍ᠳᠠᠬᠤᠨ᠎ᠢ ᠪᠠᠲᠤ ᠪᠤᠢ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠨᠢᠭ᠍ᠲᠠᠷᠠᠯ᠎ᠤᠨ ᠬᠦᠴᠦᠨ᠎ᠢ ᠴᠢᠩᠭᠠᠳᠭᠠᠬᠤ ᠪᠣᠯᠤᠨ᠎ᠠ》᠃ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠭᠡᠱᠢᠭᠦᠨ᠂ ᠱᠠᠨᠳᠦ᠋ᠩ ᠶᠡᠬᠡ ᠰᠤᠷᠭᠠᠭᠤᠯᠢ᠎ᠶ᠋ᠢᠨ ᠺᠦᠨᠭᠽᠢ ᠵᠢᠨ ᠰᠤᠷᠭᠠᠯ᠎ᠤᠨ ᠳᠡᠭᠡᠳᠦ ᠵᠡᠷᠭᠡ᠎ᠶ᠋ᠢᠨ ᠰᠤᠳᠤᠯᠭᠠᠨ᠎ᠤ ᠬᠦᠷᠢᠶᠡᠯᠡᠩ᠎ᠦᠨ ᠳᠠᠷᠤᠭ᠎ᠠ ᠸᠠᠩ ᠱᠢᠤᠸᠠᠢ ᠳ᠋ᠢᠶᠠᠨ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠴᠢᠬᠤᠯᠠ ᠶᠡᠬᠡ ᠰᠠᠭᠤᠷᠢ ᠴᠢᠨᠠᠷᠲᠠᠶ ᠠᠰᠠᠭᠤᠳᠠᠯ᠎ᠤᠨ ᠲᠤᠬᠠᠶ ᠰᠤᠳᠤᠯᠭᠠᠨ᠎ᠢ ᠤᠯᠠᠮ ᠨᠢᠭᠡ ᠠᠯᠬᠤᠮ ᠴᠢᠩᠭᠠᠳᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠪᠦᠷᠢᠯᠳᠦᠨ ᠬᠥᠭ᠌ᠵᠢᠬᠰᠡᠨ ᠶᠣᠰᠣ ᠤᠴᠢᠷ᠂ ᠶᠣᠰᠣ ᠵᠦᠶ᠂ ᠭᠦᠨ ᠶᠣᠰᠣ᠎ᠶ᠋ᠢ ᠱᠢᠨᠵᠢᠯᠡᠬᠦ᠌ ᠤᠬᠠᠭᠠᠨᠴᠢ᠎ᠪᠠᠷ ᠢᠯᠡᠷᠡᠭᠦᠯᠬᠦ᠌ ᠬᠡᠷᠡᠭ᠌ᠲᠡᠶ ᠭᠡᠵᠦ ᠢᠯᠡᠳᠭᠡᠪᠡ᠃

ᠱᠢᠨ᠎ᠡ ᠠᠶᠠᠨ᠎ᠳᠤ᠂ ᠡᠷᠬᠡᠪᠰᠢ ᠦᠨᠳᠦᠰᠦᠲᠡᠨ᠎ᠨᠦᠭᠦᠳ᠎ᠦᠨ ᠬᠠᠮᠲᠤ᠎ᠪᠠᠷ ᠪᠦᠯᠬᠦᠮᠳᠡᠨ ᠲᠡᠮᠡᠴᠡᠬᠦ᠌᠎ᠶ᠋ᠢ ᠶᠡᠬᠡ᠎ᠪᠡᠷ ᠠᠬᠢᠭᠤᠯᠵᠤ᠂ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠠᠤᠭ᠎ᠠ ᠶᠡᠬᠡ ᠬᠦᠴᠦᠨ᠎ᠢ ᠨᠢᠭ᠍ᠲᠠᠷᠠᠭᠤᠯᠬᠤ ᠬᠡᠷᠡᠭ᠌ᠲᠡᠢ᠃

《ᠦᠨᠳᠦᠰᠦᠲᠡᠨ᠎ᠦ ᠪᠦᠯᠬᠦᠮᠳᠡᠯ ᠪᠣᠯ ᠤᠷᠢᠶ᠎ᠠ ᠲᠡᠳᠦᠢ ᠪᠢᠰᠢ᠂ ᠦᠨᠳᠦᠰᠦᠲᠡᠨ᠎ᠦ ᠭᠠᠵᠠᠷ ᠣᠷᠣᠨ᠎ᠤ ᠬᠥᠭ᠌ᠵᠢᠯᠲᠡ ᠨᠢ ᠲᠣᠭ᠍ᠲᠠᠭᠤᠨ ᠪᠥᠭᠡᠳ ᠡᠶ᠎ᠡ ᠵᠣᠬᠢᠴᠠᠩᠭᠤᠢ ᠣᠷᠴᠢᠨ ᠲᠣᠭᠣᠷᠢᠨ᠎ᠡᠴᠡ ᠰᠠᠯᠵᠤ ᠴᠢᠳᠠᠬᠤ ᠦᠭᠡᠢ ᠶᠤᠮ᠂ ᠭᠡᠬᠦ᠌᠎ᠳᠡᠭᠡᠨ ᠡᠢᠮᠦᠷᠬᠦᠦ ᠣᠷᠴᠢᠨ ᠲᠣᠭᠣᠷᠢᠨ᠎ᠢ ᠬᠠᠤᠯᠢ᠎ᠪᠠᠷ ᠵᠠᠰᠠᠬᠤ᠎ᠪᠠᠷ ᠬᠠᠮᠠᠭᠠᠯᠠᠬᠤ ᠴᠢᠬᠤᠯᠠᠲᠠᠢ ᠶᠤᠮ》᠃ ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠵᠢᠱ᠌ᠢᠶᠡᠴᠢ ᠬᠤᠪᠢ ᠬᠥᠮᠦᠨ᠂ ᠯᠠᠨᠵᠧᠦ᠍᠎ᠶ᠋ᠢᠨ ᠱᠢᠨ ᠶᠤᠸᠠᠨ ᠤᠳᠤ ᠦᠶ᠎ᠡ᠎ᠶ᠋ᠢᠨ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠨᠡᠭᠡᠭᠡᠨ ᠬᠥᠭ᠌ᠵᠢᠭᠦᠯᠦᠯᠲᠡ᠎ᠶ᠋ᠢᠨ ᠬᠢᠵᠠᠭᠠᠷᠲᠤ ᠺᠣᠮᠫᠠᠨᠢ᠎ᠶ᠋ᠢᠨ ᠬᠡᠷᠡᠭ ᠮᠡᠳᠡᠭ᠌ᠴᠢᠳ᠎ᠦᠨ ᠳᠠᠷᠤᠭ᠎ᠠ᠎ᠶ᠌ᠢᠨ ᠵᠢᠶᠠᠨ ᠮᠢᠨ ᠲᠥᠯᠥᠭᠡᠯᠡᠭ᠌ᠴᠢ᠎ᠶ᠋ᠢᠨ ᠦᠵᠡᠬᠦ᠌᠎ᠪᠡᠷ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢ ᠠᠬᠢᠭᠤᠯᠬᠤ ᠬᠠᠤᠯᠢ᠎ᠶ᠋ᠢᠨ ᠲᠥᠰᠦᠯ ᠨᠢ ᠦᠨᠳᠦᠰᠦᠲᠡᠨ᠎ᠦ ᠭᠠᠵᠠᠷ ᠣᠷᠣᠨ᠎ᠤ ᠠᠵᠤ ᠦᠢᠯᠡᠰ᠎ᠦᠨ ᠬᠥᠭ᠌ᠵᠢᠯᠲᠡ᠂ ᠴᠢᠳᠠᠪᠤᠷᠢᠲᠠᠨ᠎ᠢ ᠬᠥᠮᠦᠵᠢᠭᠦᠯᠬᠦ᠌ ᠵᠡᠷᠭᠡ᠎ᠳᠦ ᠬᠠᠤᠯᠢ ᠴᠠᠭᠠᠵᠠ᠎ᠶ᠋ᠢᠨ ᠲᠤᠯᠭᠠᠭᠤᠷᠢᠯᠠᠯ ᠬᠠᠩᠭᠠᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠠᠵᠢᠯ ᠬᠢᠵᠦ᠍ ᠦᠢᠯᠡᠰ ᠪᠤᠰᠭᠠᠬᠤ᠎ᠳᠤ ᠨᠡᠩ ᠢᠳᠡ ᠬᠦᠴᠦᠨ ᠨᠡᠮᠡᠷᠢᠯᠡᠬᠦ ᠪᠤᠯᠤᠨ᠎ᠠ᠃

ᠲᠥᠯᠥᠭᠡᠯᠡᠭ᠌ᠴᠢᠳ ᠭᠡᠱᠢᠭᠦᠳ᠎ᠦᠨ ᠦᠵᠡᠬᠦ᠌᠎ᠪᠡᠷ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢ ᠲᠣᠭ᠍ᠲᠠᠭᠠᠵᠤ᠂ ᠲᠦᠷᠢᠮ᠎ᠦᠨ ᠬᠡᠯᠪᠡᠷᠢ᠎ᠪᠡᠷ ᠦᠨᠳᠦᠰᠦᠲᠡᠨ᠎ᠦ ᠭᠠᠵᠠᠷ ᠣᠷᠣᠨ᠎ᠤ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠲᠦᠷᠭᠡᠪᠴᠢᠯᠡᠨ ᠠᠭᠤᠰᠤᠯᠴᠠᠬᠤ᠎ᠶ᠋ᠢ ᠳᠡᠮᠵᠢᠬᠦ᠌ ᠨᠢ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ᠎ᠦᠨ ᠣᠶᠤᠨ ᠤᠬᠠᠭᠠᠨ ᠪᠠ ᠬᠦᠴᠦᠨ ᠴᠢᠳᠠᠯ᠎ᠢ ᠤᠯᠠᠮ ᠨᠢᠭᠡ ᠠᠯᠬᠤᠮ ᠨᠢᠭ᠍ᠲᠠᠷᠠᠭᠤᠯᠬᠤ᠎ᠳᠤ ᠠᠱᠢᠭ᠍ᠲᠠᠶ ᠶᠤᠮ᠃

ᠲᠤᠮᠳᠠᠳᠤ ᠵᠢᠨ ᠡᠬᠡ ᠭᠠᠵᠠᠷ᠎ᠢ ᠪᠠᠷᠠᠯᠠᠬᠤᠶ᠎ᠠ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠴᠡᠴᠡᠭᠡᠰ ᠭᠠᠵᠠᠷ ᠪᠦᠬᠦᠨ᠎ᠳᠦ ᠮᠢᠷᠠᠯᠵᠠᠨ ᠳᠡᠯᠭᠡᠷᠡᠪᠡ —

ᠱᠢᠨ᠎ᠡ ᠴᠠᠭ ᠦᠶ᠎ᠡ᠎ᠳᠦ ᠬᠢᠯᠢ ᠬᠢᠵᠠᠭᠠᠷ ᠣᠷᠣᠨ᠎ᠢ ᠬᠥᠭ᠌ᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶ᠋ᠢ ᠭᠦᠨᠵᠡᠭᠡᠢ ᠠᠬᠢᠭᠤᠯᠵᠤ᠂ ᠬᠢᠯᠢ ᠬᠢᠵᠠᠭᠠᠷ ᠣᠷᠣᠨ᠎ᠤ ᠰᠠᠭᠤᠷᠢ ᠲᠥᠬᠥᠭᠡᠷᠦᠮᠵᠢ ᠪᠠ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠲᠥᠬᠥᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠲᠠᠰᠤᠷᠠᠯᠳᠠ ᠦᠭᠡᠢ ᠴᠢᠩᠭᠠᠳᠭᠠᠨ᠂ ᠬᠢᠯᠢ᠎ᠬᠢᠵᠠᠭᠠᠷ᠎ᠤᠨ ᠠᠷᠠᠳ᠎ᠢ ᠪᠠᠶᠠᠵᠢᠭᠤᠯᠬᠤ᠂ ᠬᠢᠯᠢ᠎ᠶ᠋ᠢᠨ ᠪᠣᠭᠣᠮᠲᠠ᠎ᠶ᠋ᠢ ᠭᠤᠶᠤᠵᠢᠭᠤᠯᠬᠤ᠂ ᠬᠢᠯᠢ ᠬᠢᠵᠠᠭᠠᠷ᠎ᠢ ᠲᠣᠭ᠍ᠲᠠᠭᠤᠨ ᠪᠠᠢᠯᠭᠠᠬᠤ᠂ ᠬᠢᠯᠢ᠎ᠶ᠋ᠢᠨ ᠬᠠᠮᠠᠭᠠᠯᠠᠯᠲᠠ᠎ᠶ᠋ᠢ ᠪᠡᠬᠢᠵᠢᠭᠦᠯᠬᠦ᠌ ᠰᠠᠢ᠌ᠨ ᠰᠠᠢᠬᠠᠨ ᠪᠠᠢᠳᠠᠯ᠎ᠢ ᠶᠠᠭ ᠲᠦᠷᠭᠡᠯᠡᠨ ᠪᠤᠢ ᠪᠣᠯᠭᠠᠵᠤ ᠪᠤᠢ︔

ᠦᠨᠳᠦᠰᠦᠲᠡᠨ᠎ᠦ ᠭᠠᠵᠠᠷ ᠣᠷᠣᠨ᠎ᠤ ᠦᠨᠳᠦᠰᠦᠲᠡᠨ᠎ᠨᠦᠭᠦᠳ᠎ᠦᠨ ᠤᠯᠠᠨ ᠲᠦᠮᠡᠨ ᠵᠡᠭᠦᠨ ᠳᠤᠮᠳᠠ ᠬᠡᠰᠡᠭ᠎ᠦᠨ ᠭᠠᠵᠠᠷ ᠣᠷᠣᠨ᠎ᠳᠤ ᠬᠦᠷᠴᠦ᠍ ᠠᠵᠢᠯ ᠣᠯᠵᠤ ᠦᠢᠯᠡᠰ ᠪᠤᠰᠬᠠᠬᠤ᠂ ᠠᠮᠤᠭᠤᠯᠠᠩ ᠤᠷᠤᠰᠢᠨ ᠰᠠᠭᠤᠷᠢᠱᠢᠵᠤ᠂ ᠵᠡᠭᠦᠨ ᠳᠤᠮᠳᠠ ᠬᠡᠰᠡᠭ᠎ᠦᠨ ᠭᠠᠵᠠᠷ ᠣᠷᠣᠨ᠎ᠤ ᠤᠯᠠᠨ ᠲᠦᠮᠡᠨ ᠦᠨᠳᠦᠰᠦᠲᠡᠨ᠎ᠦ ᠭᠠᠵᠠᠷ ᠣᠷᠣᠨ ᠢᠯᠠᠩᠭᠤᠶ᠎ᠠ ᠬᠢᠯᠢ ᠬᠢᠵᠠᠭᠠᠷ ᠣᠷᠣᠨ᠎ᠳᠤ ᠣᠴᠢᠵᠤ ᠪᠡᠯᠡ ᠣᠷᠣᠭᠤᠯᠤᠨ ᠠᠵᠢᠯ ᠦᠢᠯᠡᠰ᠎ᠢᠶᠡᠨ ᠬᠥᠭ᠌ᠵᠢᠭᠦᠯᠵᠦ᠍᠂ ᠠᠮᠤᠷ ᠵᠢᠮᠤᠷ ᠠᠵᠤ ᠲᠦᠷᠦᠨ ᠠᠮᠢᠳᠤᠷᠠᠵᠤ᠂ ᠦᠨᠳᠦᠰᠦᠲᠡᠨ᠎ᠨᠦᠭᠦᠳ᠎ᠦᠨ ᠶᠠᠪᠤᠯᠴᠠᠭ᠎ᠠ᠎ᠶ᠋ᠢᠨ ᠠᠷᠭ᠎ᠠ ᠵᠠᠮ᠎ᠢ ᠲᠠᠰᠤᠷᠠᠯᠳᠠ ᠦᠭᠡᠢ ᠥᠷᠭᠡᠳᠭᠡᠪᠡ ︔

ᠳᠦᠷᠪᠡᠨ ᠵᠦᠭ ᠨᠠᠢ᠍ᠮᠠᠨ ᠵᠣᠪᠬᠢᠰ᠎ᠡᠴᠡ ᠢᠷᠡᠭ᠌ᠰᠡᠨ ᠲᠥᠪᠡᠳ᠎ᠢ ᠲᠤᠰᠠᠯᠠᠬᠤ ᠱᠢᠨᠵᠢᠶᠠᠩ᠎ᠢ ᠲᠤᠰᠠᠯᠠᠬᠤ ᠬᠥᠬᠡᠨᠠᠭᠤᠷ᠎ᠢ ᠲᠤᠰᠠᠯᠠᠬᠤ ᠺᠠᠳ᠋ᠷ᠎ᠤᠨ ᠤᠭ ᠰᠠᠨᠠᠭ᠎ᠠ ᠬᠤᠪᠢᠷᠠᠰᠢ ᠦᠬᠡᠢ ᠬᠠᠳᠠᠨ ᠪᠠᠲᠤ ᠪᠠᠢᠵᠤ᠂ ᠱᠢᠷᠭᠠᠭᠤ ᠠᠵᠢᠯᠯᠠᠵᠤ ᠪᠣᠳᠠᠲᠠᠢ ᠠᠵᠢᠯᠯᠠᠵᠤ᠂ ᠲᠤᠬᠠᠢ᠎ᠶ᠋ᠢᠨ ᠭᠠᠵᠠᠷ᠎ᠤᠨ ᠺᠠᠳ᠋ᠷ ᠤᠯᠠᠨ ᠲᠦᠮᠡᠨ᠎ᠲᠡᠶ ᠬᠠᠮᠲᠤ᠎ᠪᠠᠷ ᠲᠡᠮᠡᠴᠡᠵᠦ᠍᠂ ᠡᠯ᠎ᠡ ᠵᠦᠢᠯ᠎ᠦᠨ ᠠᠵᠢᠯ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠪᠠ ︔

ᠨᠠᠩ ᠣᠯᠠᠨ ᠵᠠᠯᠠᠭᠤᠴᠤᠳ 《ᠪᠠᠷᠠᠭᠤᠨ ᠣᠷᠣᠨ᠎ᠤ ᠲᠥᠯᠥᠪᠯᠡᠭᠡ》 ᠶ᠋ᠢᠨ ᠤᠷᠢᠶᠠᠯᠠᠭ᠎ᠠ᠎ᠶ᠋ᠢ ᠴᠤᠤᠷᠢᠶᠠᠲᠤᠨ ᠳᠠᠭᠠᠵᠤ᠂ ᠦᠨᠳᠦᠰᠦᠨ ᠱᠠᠲᠤᠨ᠎ᠳᠤ ᠦᠶ᠋ᠯᠡᠴᠢᠯᠡᠨ ᠬᠤᠪᠢ ᠨᠡᠮᠡᠷᠢ ᠦᠵᠡᠭᠦᠯᠵᠦ᠍᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ᠎ᠳᠤ ᠵᠤᠷᠢᠭᠳᠠᠢ ᠪᠡᠷ ᠬᠠᠷᠢᠭᠤᠴᠠᠯᠭ᠎ᠠ ᠡᠭᠦᠷᠭᠡᠯᠡᠵᠦ᠍ ᠪᠠᠢᠨ᠎ᠠ︔

᠁᠁

ᠦᠨᠳᠦᠰᠦᠲᠡᠨ᠎ᠨᠦᠭᠦᠳ ᠬᠠᠮᠲᠤ᠎ᠪᠠᠷ ᠪᠦᠯᠬᠦᠮᠳᠡᠨ ᠲᠠᠪᠱᠢᠵᠤ᠂ ᠬᠠᠮᠲᠤ᠎ᠪᠠᠷ ᠴᠡᠴᠡᠭ᠌ᠯᠡᠨ ᠬᠥᠭ᠌ᠵᠢᠬᠦ᠌ ᠪᠣᠯ ᠶᠠᠭ ᠳᠤᠮᠳᠠᠳᠤ᠎ᠶ᠋ᠢᠨ ᠦᠨᠳᠦᠰᠦᠲᠡᠨ᠎ᠦ ᠠᠮᠢ ᠨᠠᠰᠤ᠂ ᠬᠦᠴᠦᠨ ᠴᠢᠳᠠᠯ᠂ ᠬᠦᠰᠡᠯ ᠡᠷᠡᠮᠡᠯᠵᠡᠯ ᠮᠥᠨ᠃

ᠳᠤᠮᠳᠠᠳᠤ᠎ᠶ᠋ᠢᠨ ᠦᠨᠳᠦᠰᠦᠲᠡᠨ ᠨᠢᠭᠡ ᠭᠡᠷ ᠎ᠦᠨ ᠬᠦᠮᠦᠨ ᠮᠡᠲᠦ ᠳᠣᠲᠣᠨᠣ ᠪᠠᠢᠵᠤ᠂ ᠰᠡᠳᠭᠢᠯ ᠨᠢᠭᠡᠳᠦᠨ ᠳᠤᠮᠳᠠᠳᠤ᠎ᠶ᠋ᠢᠨ ᠵᠡᠭᠦᠳᠦ᠍᠎ᠶ᠋ᠢ ᠬᠠᠮᠲᠤ ᠪᠠᠷ ᠲᠡᠷᠭᠡᠯᠱᠢᠭᠦᠯᠦᠨ᠎ᠡ᠃ 《ᠠᠷᠪᠠᠨ ᠲᠠᠪᠤᠳᠤᠭᠠᠷ ᠲᠠᠪᠤᠨ ᠵᠢᠯ》 ᠦ᠋ᠨ ᠵᠢᠷᠤᠭ ᠲᠥᠰᠦᠪ ᠵᠢᠷᠤᠬᠯᠠᠬᠳᠠᠯ᠎ᠠ᠂ ᠦᠨᠳᠦᠰᠦᠲᠡᠨ᠎ᠨᠦᠭᠦᠳ᠎ᠦᠨ ᠬᠥᠪᠡᠭᠦᠳ ᠥᠬᠢᠳ ᠰᠢ ᠵᠢᠨ ᠫᠢᠩ ᠨᠥᠬᠥᠷ᠎ᠢᠶᠡᠷ ᠭᠤᠤᠯ ᠪᠤᠯᠭᠠᠭᠰᠠᠨ ᠨᠠᠮ᠎ᠤᠨ ᠲᠥᠪ ᠬᠤᠷᠢᠶ᠎ᠠ ᠵᠢᠨ ᠲᠣᠭᠣᠷᠢᠨ᠎ᠳᠤ ᠨᠡᠩ ᠨᠢᠭ᠍ᠲᠠᠷᠠᠨ ᠪᠦᠯᠬᠦᠮᠳᠡᠵᠦ᠍᠂ ᠭᠠᠷ ᠭᠠᠷ᠎ᠢᠶᠠᠨ ᠬᠣᠯᠪᠣᠯᠴᠠᠨ᠂ ᠮᠥᠷᠥ᠍ ᠵᠡᠷᠭᠡᠴᠡᠨ ᠤᠷᠤᠭ᠍ᠰᠢᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠰᠠᠢ᠌ᠨ ᠰᠠᠢᠬᠠᠨ ᠢᠷᠡᠭᠡᠳᠦᠢ᠎ᠶ᠋ᠢ ᠬᠠᠮᠲᠤ᠎ᠪᠠᠷ ᠴᠣᠭ᠍ᠴᠠᠯᠠᠨ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠶᠡᠬᠡ ᠢᠷᠠᠭᠤ ᠠᠯᠳᠠᠷ᠎ᠢ ᠬᠠᠮᠲᠤ᠎ᠪᠠᠷ ᠡᠳ᠋ᠯᠡᠨ᠎ᠡ᠃

(ᠰᠤᠷᠪᠤᠯᠵᠢᠯᠠᠭ᠍ᠴᠢ  ᠱ᠌ᠢ ᠵᠢᠩ ᠨᠠᠨ     ᠹᠠᠨ ᠰᠧ ᠱᠢᠶᠠᠩ    ᠲᠠᠩ ᠵᠢᠶᠠᠨ ᠬᠤᠢ   ᠸᠠᠩ ᠮᠢᠩ ᠢᠦᠢ

 (ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 8᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号