ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠲᠥᠯᠥᠭᠡᠯᠡᠭ᠌ᠴᠢᠳ᠎ᠦᠨ ᠳᠤᠭᠤᠢᠯᠠᠩ ᠬᠤᠪᠢᠶᠠᠭ᠍ᠰᠠᠨ ᠬᠤᠷᠠᠯ ᠬᠢᠵᠦ᠍ ᠠᠮᠢ ᠠᠬᠤᠶ ᠣᠷᠴᠢᠨ ᠲᠣᠭᠣᠷᠢᠨ᠎ᠤ ᠬᠠᠤᠯᠢ᠎ᠶ᠋ᠢᠨ ᠪᠢᠴᠢᠭ᠎ᠦᠨ ᠲᠥᠰᠦᠯ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢᠨ ᠲᠥᠰᠦᠯ ᠪᠣᠯᠤᠨ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠶ᠋ᠢᠨ ᠲᠥᠰᠦᠯ᠎ᠢ ᠬᠢᠨᠠᠨ ᠵᠦᠪᠯᠡᠪᠡ
2026-03-09 09:55:53
ᠵᠣᠬᠢᠶᠠᠭ᠍ᠴᠢ᠄
ᠯᠢ ᠬᠠᠨ ᠵᠠᠩ ᠺᠦᠢ
ᠣᠩᠱᠢᠭ᠍ᠰᠠᠨ ᠣᠳᠠᠭ᠎ᠠ᠄
★★★☆☆

ᠸᠠᠩ ᠸᠧᠶ ᠵᠥᠩ    ᠪᠦᠦ ᠭᠠᠩ    ᠶᠠᠩ ᠵᠧᠨ ᠡᠸ᠋    ᠪᠦ᠋ ᠱᠢᠶᠤᠤ ᠯᠢᠨ ᠦᠭᠡ  ᠬᠡᠯᠡᠵᠡᠢ


ᠰᠤᠷᠪᠤᠯᠵᠢᠯᠠᠭ᠍ᠴᠢ 3 ᠰᠠᠷ᠎ᠠ᠎ᠶ᠋ᠢᠨ 8 ᠤ᠋ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠰᠠᠭᠤᠭ᠎ᠠ ᠭᠠᠵᠠᠷ᠎ᠲᠠᠭᠠᠨ ᠲᠥᠯᠥᠭᠡᠯᠡᠭ᠌ᠴᠢᠳ᠎ᠦᠨ ᠳᠤᠭᠤᠢᠯᠠᠩ ᠬᠤᠪᠢᠶᠠᠭ᠍ᠰᠠᠨ ᠬᠤᠷᠠᠯ ᠬᠢᠵᠦ᠍᠂ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶ᠋ᠢᠨ ᠪᠢᠴᠢᠭ᠎ᠦᠨ ᠲᠥᠰᠦᠯ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢ ᠠᠬᠢᠭᠤᠯᠬᠤ ᠬᠠᠤᠯᠢ᠎ᠶ᠋ᠢᠨ ᠲᠥᠰᠦᠯ ᠪᠣᠯᠤᠨ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠶ᠋ᠢᠨ ᠲᠥᠰᠦᠯ᠎ᠢ ᠬᠢᠨᠠᠨ ᠵᠥᠪᠯᠡᠪᠡ᠃

ᠲᠥᠯᠥᠭᠡᠯᠡᠭ᠌ᠴᠢᠳ᠎ᠦᠨ ᠪᠦᠯᠬᠦᠮ᠎ᠦᠨ ᠳᠠᠷᠤᠭ᠎ᠠ ᠸᠠᠩ ᠸᠧᠶ ᠵᠥᠩ ᠬᠢᠨᠠᠨ ᠵᠥᠪᠯᠡᠬᠦ᠌᠎ᠳᠦ ᠣᠷᠣᠯᠴᠠᠭ᠍ᠰᠠᠨ ᠪᠥᠭᠡᠳ ᠦᠭᠡ ᠬᠡᠯᠡᠵᠦ᠍᠂ ᠪᠦᠦ ᠭᠠᠩ᠂ ᠶᠠᠩ ᠵᠧᠨ ᠡᠸ᠋᠂ ᠪᠦ᠋ ᠱᠢᠶᠤᠤ ᠯᠢᠨ ᠵᠡᠷᠭᠡ ᠲᠥᠯᠥᠭᠡᠯᠡᠭ᠌ᠴᠢ ᠦᠭᠡ ᠬᠡᠯᠡᠵᠦ᠍᠂ ᠯᠢᠦ ᠱᠤᠸᠠᠩ᠂ ᠵᠠᠩ ᠱᠤᠤ ᠴᠦᠨ᠂ ᠵᠧᠩ ᠬᠣᠩ ᠹᠠᠨ᠂ ᠢᠦᠶ ᠯᠢ ᠱᠢᠨ ᠲᠣᠰ ᠲᠣᠰ ᠦᠳᠡ᠎ᠶ᠋ᠢᠨ ᠡᠮᠦᠨᠡᠬᠢ ᠪᠠ ᠦᠳᠡ᠎ᠶ᠋ᠢᠨ ᠬᠣᠢᠨᠠᠬᠢ ᠬᠤᠷᠠᠯ᠎ᠢ ᠡᠷᠭᠢᠯᠡᠭ᠌ᠰᠡᠨ ᠪᠥᠭᠡᠳ ᠦᠭᠡ ᠬᠡᠯᠡᠪᠡ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠬᠠᠤᠯᠢ ᠴᠠᠭᠠᠵᠠ᠎ᠶ᠋ᠢᠨ ᠠᠵᠢᠯ᠎ᠤᠨ ᠵᠥᠪᠯᠡᠯ᠂ ᠶᠡᠬᠡ ᠬᠤᠷᠠᠯ᠎ᠤᠨ ᠬᠠᠤᠯᠢ᠎ᠶ᠋ᠢᠨ ᠲᠥᠰᠦᠯ᠎ᠦᠨ ᠳᠤᠭᠤᠢᠯᠠᠩ᠂ ᠪᠢᠴᠢᠭ ᠮᠠᠲ᠋ᠧᠷᠢᠶᠠᠯ ᠲᠣᠪᠴᠢ ᠮᠡᠳᠡᠭᠡ᠎ᠶ᠋ᠢᠨ ᠳᠤᠭᠤᠢᠯᠠᠩ᠎ᠤᠨ ᠬᠠᠮᠢᠶ᠎ᠠ ᠪᠦᠬᠦᠢ ᠨᠥᠬᠥᠳ ᠬᠤᠷᠠᠯ᠎ᠳᠤ ᠣᠷᠣᠯᠴᠠᠵᠤ ᠬᠢᠨᠠᠨ ᠵᠥᠪᠯᠡᠭ᠌ᠰᠡᠨ ᠰᠠᠨᠠᠯ᠎ᠢ ᠰᠣᠨᠣᠰᠴᠠᠢ᠃

ᠡᠨᠡ ᠡᠳᠦᠷ ᠪᠣᠯ 《3·8》 ᠤ᠋ ᠳᠡᠯᠡᠬᠡᠢ᠎ᠶ᠋ᠢᠨ ᠬᠥᠳᠡᠯᠮᠦᠷᠢᠴᠢᠨ ᠡᠮᠡᠭ᠌ᠲᠡᠢᠴᠦᠳ᠎ᠦᠨ ᠪᠠᠶᠠᠷ᠎ᠤᠨ ᠡᠳᠦᠷ ᠪᠣᠯᠤᠨ᠎ᠠ᠂ ᠸᠠᠩ ᠸᠧᠢ ᠵᠦᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠢ᠎ᠠ᠎ᠶ᠋ᠢ ᠲᠥᠯᠥᠭᠡᠯᠡᠨ᠂ ᠪᠦᠬᠦ᠌ ᠤᠯᠤᠰ᠎ᠤᠨ ᠬᠣᠶᠠᠷ ᠬᠤᠷᠠᠯ᠎ᠳᠤ ᠣᠷᠣᠯᠴᠠᠵᠤ ᠪᠠᠢᠭ᠎ᠠ ᠮᠠᠨ᠎ᠤ ᠣᠷᠣᠨ᠎ᠤ ᠡᠮᠡᠭ᠌ᠲᠡᠢ ᠲᠥᠯᠥᠭᠡᠯᠡᠭ᠌ᠴᠢᠳ᠂ ᠡᠮᠡᠭ᠌ᠲᠡᠢ ᠠᠵᠢᠯᠲᠠᠳ᠎ᠲᠤ ᠪᠠᠶᠠᠷ᠎ᠤᠨ ᠡᠳᠦᠷ᠎ᠦᠨ ᠮᠠᠨᠳᠦᠴᠢᠯᠠᠯ ᠪᠣᠯᠤᠨ ᠰᠠᠢ᠌ᠨ ᠰᠠᠢᠬᠠᠨ ᠵᠥᠩᠨᠡᠯ ᠳᠡᠪᠱᠢᠭᠦᠯᠪᠡ᠃

ᠸᠠᠩ ᠸᠧᠢ ᠵᠦᠩ ᠦᠭᠡ ᠬᠡᠯᠡᠬᠦ᠌᠎ᠳᠡᠭᠡᠨ᠂ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶ᠋ᠢᠨ ᠪᠢᠴᠢᠭ᠎ᠦᠨ ᠲᠥᠰᠦᠯ ᠨᠢ ᠰᠢ ᠵᠢᠨ ᠫᠢᠩ᠎ᠦᠨ ᠠᠮᠢ ᠠᠬᠤᠢ᠎ᠶ᠋ᠢᠨ ᠪᠣᠯᠪᠠᠰᠤᠨ᠎ᠤ ᠦᠵᠡᠯ ᠰᠠᠨᠠᠭ᠎ᠠ ᠪᠣᠯᠤᠨ ᠨᠠᠮ᠎ᠤᠨ ᠲᠥᠪ ᠬᠤᠷᠢᠶ᠎ᠠ ᠵᠢᠨ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠲᠤᠬᠠᠢ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠦᠨᠳᠦᠰᠦᠨ ᠬᠠᠤᠯᠢ᠎ᠶ᠋ᠢᠨ ᠵᠣᠷᠢᠭ ᠰᠠᠨᠠᠭ᠎ᠠ᠎ᠶ᠋ᠢ ᠭᠦᠢᠴᠡᠳ ᠢᠯᠡᠷᠡᠭᠦᠯᠵᠦ᠍᠂ ᠳᠤᠮᠳᠠᠳᠤ ᠤᠯᠤᠰ᠎ᠤᠨ ᠣᠨᠴᠠᠯᠢᠭ᠎ᠲᠠᠶ᠂ ᠴᠠᠭ ᠦᠶ᠎ᠡ᠎ᠶ᠋ᠢᠨ ᠣᠨᠴᠠᠯᠢᠭ᠎ᠢ ᠢᠯᠡᠷᠡᠭᠦᠯᠦᠭ᠌ᠰᠡᠨ᠂ ᠠᠷᠠᠳ ᠲᠦᠮᠡᠨ᠎ᠦ ᠬᠦᠰᠡᠯ ᠰᠠᠨᠠᠭ᠎ᠠ᠎ᠶ᠋ᠢ ᠲᠤᠰᠭᠠᠬ᠍ᠰᠠᠨ᠂ ᠱᠢᠰᠲᠸᠮ ᠲᠠᠢ ᠵᠢᠷᠤᠮᠵᠢᠭ᠍ᠰᠠᠨ ᠵᠣᠬᠢᠴᠠᠩᠭᠤᠢ ᠰᠠᠢ᠌ᠨ ᠬᠠᠤᠯᠢ᠎ᠶ᠋ᠢᠨ ᠪᠢᠴᠢᠭ ᠪᠣᠯᠵᠠᠢ᠃ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢᠨ ᠲᠥᠰᠦᠯ᠎ᠨᠢ ᠨᠠᠮ᠎ᠤᠨ ᠤᠳᠤᠷᠢᠳᠤᠯᠭ᠎ᠠ᠎ᠶ᠋ᠢ ᠢᠯᠡ ᠲᠣᠳᠣ ᠢᠯᠡᠷᠡᠭᠦᠯᠵᠦ᠍᠂ ᠪᠦᠬᠦ ᠠᠭᠤᠯᠭ᠎ᠠ᠎ᠳᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠤᠤᠯ ᠱᠢᠵᠢᠮ᠎ᠢ ᠲᠤᠭᠤᠱᠢᠯᠠᠭᠤᠯᠵᠤ᠂ 《ᠲᠠᠪᠤᠨ ᠬᠠᠮᠲᠤ ᠵᠢᠨ ᠲᠠᠨᠢᠯᠲᠠ》 ᠪᠠ 《ᠲᠠᠪᠤᠨ ᠦᠵᠡᠯᠲᠡ》 ᠶ᠋ᠢᠨ ᠱᠠᠭᠠᠷᠳᠠᠯᠭ᠎ᠠ᠎ᠶ᠋ᠢ ᠲᠣᠳᠣᠷᠬᠠᠢᠯᠠᠵᠤ᠂ ᠦᠨᠳᠦᠰᠦᠲᠡᠨ᠎ᠦ ᠬᠡᠷᠡᠭ ᠶᠠᠪᠤᠳᠠᠯ᠎ᠤᠨ ᠵᠠᠰᠠᠯᠲᠠ᠎ᠶ᠋ᠢᠨ ᠱᠢᠰᠲ᠋ᠧᠮᠲᠦ ᠴᠢᠨᠠᠷ ᠪᠠ ᠪᠦᠬᠦᠯᠢ ᠴᠣᠭ᠍ᠴᠠᠲᠤ ᠴᠢᠨᠠᠷ᠎ᠢ ᠳᠣᠪᠣᠢᠯᠭᠠᠵᠤ᠂ ᠥᠪᠥᠷ ᠮᠣᠩᠭᠣᠯ᠎ᠤᠨ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》 ᠤ᠋ ᠡᠷᠬᠢᠮ ᠳᠡᠭᠡᠳᠦ ᠢᠷᠠᠭᠤ ᠠᠯᠳᠠᠷ᠎ᠢᠶᠠᠨ ᠦᠷᠭᠦᠯᠵᠢᠯᠡᠨ ᠪᠠᠲᠤᠯᠠᠬᠤ᠎ᠳᠤ ᠪᠠᠲᠤ ᠴᠢᠩᠭ᠎ᠠ ᠬᠠᠤᠯᠢ ᠪᠡᠷ ᠵᠠᠰᠠᠬᠤ ᠲᠤᠯᠭᠠᠭᠤᠷᠢᠯᠠᠯ ᠬᠠᠩᠭᠠᠪᠠ᠃ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠶ᠋ᠢᠨ ᠲᠥᠰᠦᠯ ᠨᠢ ᠬᠠᠤᠯᠢ ᠴᠠᠭᠠᠵᠠ᠎ᠶ᠋ᠢᠨ ᠲᠠᠯ᠎ᠠ᠎ᠡᠴᠡ ᠲᠥᠯᠥᠪᠵᠢᠭᠦᠯᠭᠡ᠎ᠶ᠋ᠢᠨ ᠲᠦᠷᠢᠮ᠎ᠦᠨ ᠱᠢᠰᠲ᠋ᠧᠮ᠎ᠢ ᠪᠦᠷᠢᠨᠱᠢᠬᠦᠯᠵᠤ᠂ ᠠᠷᠠᠳᠴᠢ ᠰᠢᠨᠵᠢ ᠴᠢᠨᠡᠷ᠎ᠢ ᠴᠢᠩᠭᠠᠳᠭᠠᠵᠤ᠂ ᠪᠠᠢᠯᠳᠤᠬᠤ ᠪᠤᠳᠤᠯᠭ᠎ᠠ᠎ᠶ᠋ᠢᠨ ᠤᠳᠤᠷᠢᠳᠤᠮᠵᠢ᠎ᠶ᠋ᠢ ᠲᠤᠪᠤᠢ᠌ᠯᠭᠠᠵᠤ᠂ ᠬᠠᠤᠯᠢ᠎ᠪᠠᠷ ᠲᠣᠭ᠍ᠲᠠᠭᠠᠭ᠍ᠰᠠᠨ ᠲᠡᠰ ᠲᠠᠷᠠᠭᠠᠯᠠᠯ᠎ᠢ ᠲᠣᠳᠣᠷᠬᠠᠢᠯᠠᠵᠤ᠂ 《ᠲᠦᠷᠪᠡᠨ ᠠᠱᠢᠭ᠍ᠲᠠᠢ ᠪᠠᠢᠬᠤ》 ᠴᠢᠬᠤᠯᠠ ᠳᠠᠪᠠᠭᠤᠯᠢᠭ᠎ᠢ ᠢᠯᠡᠷᠡᠭᠦᠯᠵᠦ᠍᠂ 《ᠲᠠᠪᠤ᠎ᠶ᠋ᠢ ᠪᠠᠷᠢᠮᠲᠠᠯᠠᠬᠤ》 ᠴᠢᠬᠤᠯᠠ ᠲᠤᠷᠱᠢᠯᠭ᠎ᠠ᠎ᠶ᠋ᠢ ᠢᠯᠡᠷᠡᠭᠦᠯᠵᠦ᠍᠂ ᠲᠥᠯᠥᠪᠵᠢᠭᠦᠯᠭᠡ᠎ᠶ᠋ᠢᠨ ᠵᠢᠷᠤᠭ ᠲᠥᠰᠦᠪ᠎ᠢ ᠡᠴᠦᠰ᠎ᠲᠦᠨᠢ ᠲᠤᠯᠲᠠᠯ᠎ᠠ ᠵᠢᠷᠤᠭ᠍ᠯᠠᠬᠤ᠎ᠳᠤ ᠬᠠᠤᠯᠢ ᠪᠡᠷ ᠵᠠᠰᠠᠬᠤ ᠰᠠᠭᠤᠷᠢ᠎ᠶ᠋ᠢ ᠲᠠᠯᠪᠢᠵᠤ ᠥᠭ᠌ᠴᠡᠢ᠃ ᠬᠠᠤᠯᠢ᠎ᠶ᠋ᠢᠨ ᠪᠢᠴᠢᠭ᠎ᠦᠨ ᠲᠥᠰᠦᠯ ᠪᠣᠯᠤᠨ ᠬᠣᠶᠠᠷ ᠬᠠᠤᠯᠢ᠎ᠶ᠋ᠢᠨ ᠲᠥᠰᠦᠯ᠎ᠢ ᠲᠣᠭ᠍ᠲᠠᠭᠠᠭ᠍ᠰᠠᠨ ᠨᠢ ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠪᠠᠢᠵᠦ᠂ ᠠᠯᠤᠰ ᠬᠡᠳᠤ᠎ᠶ᠋ᠢᠨ ᠨᠥᠯᠥᠭᠡ᠎ᠲᠡᠶ ᠶᠤᠮ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠱᠢᠬᠢ ᠬᠣᠯᠪᠣᠭ᠍ᠳᠠᠯ ᠪᠦᠬᠦᠢ ᠬᠦᠷᠢᠶᠡᠨ ᠎ᠳᠡᠬᠢ ᠠᠮᠵᠢᠯᠲᠠ᠎ᠲᠠᠶ ᠲᠤᠷᠱᠢᠯᠭ᠎ᠠ᠎ᠶ᠋ᠢ ᠳ᠋ᠦᠩᠨᠡᠨ ᠳᠡᠭᠡᠭ᠌ᠰᠢᠯᠡᠭᠦᠯᠦᠭ᠌ᠰᠡᠨ ᠪᠥᠭᠡᠳ ᠤᠯᠤᠰ᠎ᠤᠨ ᠵᠠᠰᠠᠯᠲᠠ᠎ᠶ᠋ᠢᠨ ᠱᠢᠰᠲ᠋ᠧᠮ ᠪᠣᠯᠤᠨ ᠵᠠᠰᠠᠯᠲᠠ᠎ᠶ᠋ᠢᠨ ᠴᠢᠳᠠᠪᠤᠷᠢ᠎ᠶ᠋ᠢᠨ ᠣᠳᠣᠬᠢᠴᠢᠯᠠᠯᠲᠠ᠎ᠶ᠋ᠢ ᠠᠬᠢᠭᠤᠯᠬᠤ ᠴᠢᠬᠤᠯᠠ ᠠᠷᠭ᠎ᠠ ᠬᠡᠮᠵᠢᠢ᠎ᠡ ᠪᠣᠯᠤᠨ᠎ᠠ᠂ ᠪᠢ ᠪᠦᠷᠢᠮᠦᠰᠦᠨ ᠵᠥᠪᠱᠢᠶᠡᠷᠡᠵᠦ ᠪᠠᠢᠨ᠎ᠠ᠃ ᠬᠢᠨᠠᠨ ᠵᠥᠪᠯᠡᠵᠦ᠍ ᠪᠠᠲᠤᠯᠠᠭ᠍ᠰᠠᠨ᠎ᠤ ᠳᠠᠷᠠᠭ᠎ᠠ᠂ ᠪᠢᠳᠡ ᠬᠠᠤᠯᠢ᠎ᠶ᠋ᠢᠨ ᠪᠢᠴᠢᠭ᠎ᠦᠨ ᠬᠡᠷᠡᠭ᠌ᠵᠢᠭᠦᠯᠦᠯᠲᠡ᠎ᠶ᠋ᠢ ᠬᠠᠤᠯᠢ ᠪᠡᠷ ᠵᠠᠰᠠᠬᠤ ᠥᠪᠥᠷ ᠮᠣᠩᠭᠣᠯ᠂ ᠦᠵᠡᠰᠭᠦᠯᠡᠩᠲᠦ ᠰᠠᠢᠬᠠᠨ ᠥᠪᠥᠷ ᠮᠣᠩᠭᠣᠯ᠎ᠤᠨ ᠪᠥᠲᠥᠭᠡᠨ ᠪᠠᠢᠭᠤᠯᠤᠯᠲᠠ᠎ᠶ᠋ᠢᠨ ᠶᠡᠷᠦᠩᠬᠡᠶ ᠪᠠᠢᠷᠢᠯᠠᠭᠤᠯᠤᠯᠲᠠ᠎ᠳ᠋ᠤ ᠣᠷᠣᠭᠤᠯᠵᠤ᠂ ᠬᠠᠤᠯᠢ ᠬᠡᠷᠡᠭ᠌ᠵᠢᠭᠦᠯᠦᠭ᠌ᠰᠡᠨ ᠪᠠᠢᠳᠠᠯ᠎ᠳᠤ ᠬᠢᠨᠠᠯᠲᠠ ᠲᠠᠯᠪᠢᠵᠤ ᠪᠠᠢᠴᠠᠭᠠᠬᠤ᠎ᠶ᠋ᠢ ᠴᠢᠩᠭᠠᠳᠭᠠᠵᠤ᠂ ᠬᠠᠤᠯᠢ ᠵᠢ ᠲᠦᠭᠡᠮᠡᠯᠵᠢᠭᠦᠯᠬᠦ᠌ ᠬᠥᠮᠦᠵᠢᠯ᠎ᠢ ᠴᠢᠩᠭᠠᠳᠭᠠᠵᠤ᠂ ᠵᠦᠶ᠋ᠯ ᠵᠤᠷᠪᠤᠰ ᠨᠢᠬᠡ ᠪᠦᠷᠢ᠎ᠵᠢ ᠪᠣᠳᠠᠲᠠᠢᠵᠢᠭᠤᠯᠤᠨ ᠦᠷ᠎ᠡ ᠪᠦᠲᠦᠮᠵᠢ ᠭᠠᠷᠭᠠᠬᠤ᠎ᠶ᠋ᠢ ᠪᠠᠲᠤᠯᠠᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌᠎ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠵᠠᠮ᠎ᠢᠶᠠᠷ ᠡᠷᠡᠰ ᠭᠤᠢᠪᠢᠰᠢ ᠥᠬᠡᠶ ᠰᠠᠢᠲᠤᠷ ᠵᠠᠮᠨᠠᠬᠤ ᠬᠡᠷᠡᠭ᠌ᠲᠡᠶ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠣᠣᠯ ᠱᠢᠵᠢᠮ᠎ᠦᠨ ᠠᠵᠢᠯ᠎ᠢ ᠲᠤᠭᠤᠱᠢᠯᠠᠭᠤᠯᠬᠤ ᠨᠢᠭᠡ ᠪᠦᠯᠦᠭ ᠪᠣᠳᠠᠲᠠᠢ᠎ᠶ᠋ᠢ ᠡᠷᠬᠢᠮᠯᠡᠭ᠌ᠰᠡᠨ ᠠᠷᠭ᠎ᠠ ᠬᠡᠮᠵᠢᠶ᠎ᠡ᠎ᠶ᠋ᠢ ᠢᠳᠡᠪᠬᠢᠲᠡᠢ ᠰᠦᠪᠡᠭ᠌ᠴᠢᠯᠡᠨ ᠭᠠᠷᠭᠠᠵᠤ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠬᠠᠤᠯᠢ᠎ᠶ᠋ᠢᠨ ᠲᠥᠰᠦᠯ᠎ᠦᠨ ᠱᠠᠭᠠᠷᠳᠠᠯᠭ᠎ᠠ᠎ᠶ᠋ᠢ ᠠᠵᠢᠯ᠎ᠢᠶᠠᠨ ᠠᠬᠢᠭᠤᠯᠬᠤ ᠪᠣᠳᠠᠳᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠨᠢᠳᠤᠨ ᠳ᠋ᠤ ᠦᠵᠡᠭᠳᠡᠵᠤ ᠭᠠᠷ ᠲᠤ᠌ ᠪᠠᠷᠢᠬᠳᠠᠳᠠᠯ᠎ᠠ ᠪᠦᠲᠦᠮᠵᠢᠲᠡᠢ ᠠᠬᠢᠭᠤᠯᠬᠤ ᠬᠡᠷᠡᠭ᠌ᠲᠡᠢ᠃ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠤᠰᠭᠠᠢ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢᠲᠤᠷ ᠠᠳᠭᠤᠵᠤ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶᠢᠨ ᠰᠤᠷᠤᠯᠴᠠᠯᠭ᠎ᠠ ᠬᠥᠮᠦᠵᠢᠯ ᠲᠡᠶ ᠤᠶᠠᠯᠳᠤᠭᠤᠯᠤᠨ᠂ ᠡᠯ᠎ᠡ ᠱᠠᠲᠤᠨ᠎ᠤ ᠺᠠᠳ᠋ᠷᠴᠤᠳ᠎ᠢ ᠬᠦᠳᠦᠯᠦᠨ ᠵᠢᠯᠣᠭᠣᠳᠴᠤ᠌ ᠲᠥᠯᠥᠪᠵᠢᠭᠦᠯᠭᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠨᠠᠢᠷᠠᠭᠤᠯᠤᠨ ᠵᠣᠬᠢᠶᠠᠵᠤ᠂ ᠲᠥᠯᠥᠪᠵᠢᠭᠦᠯᠭᠡ᠎ᠶ᠋ᠢᠨ ᠠᠯᠳᠠᠬᠳᠠᠯ ᠭᠠᠷᠬᠤ ᠪᠠ ᠲᠥᠯᠥᠪᠵᠢᠭᠦᠯᠭᠡ᠎ᠶ᠋ᠢᠨ ᠳᠡᠩᠰᠡᠯᠭᠡᠬᠦ᠌ ᠦᠵᠡᠭᠳᠡᠯ ᠭᠠᠷᠬᠤ᠎ᠶ᠋ᠢ ᠡᠷᠡᠰ ᠬᠣᠷᠢᠭ᠍ᠯᠠᠵᠤ᠂ ᠬᠠᠤᠯᠢ᠎ᠪᠠᠷ ᠲᠣᠭ᠍ᠲᠠᠭᠠᠭ᠍ᠰᠠᠨ ᠲᠡᠰ ᠲᠠᠷᠠᠭᠠᠯᠠᠯ᠎ᠢ ᠵᠢᠷᠤᠮᠯᠠᠨ᠂ ᠬᠠᠤᠯᠢ᠎ᠪᠠᠷ ᠵᠠᠰᠠᠬᠤ ᠵᠣᠷᠢᠭ ᠰᠠᠨᠠᠭ᠎ᠠ᠎ᠶ᠋ᠢ ᠪᠠᠲᠤ ᠰᠠᠬᠢᠵᠤ᠂ ᠱᠢᠨᠵᠢᠯᠡᠬᠦ᠌ ᠤᠬᠠᠭᠠᠨᠴᠢ᠂ ᠠᠷᠠᠳᠴᠢᠯᠠᠯ᠎ᠲᠠᠶ᠂ ᠬᠠᠤᠯᠢ ᠶᠣᠰᠣᠭᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ᠎ᠶ᠋ᠢ ᠪᠡᠶᠡᠯᠡᠭᠦᠯᠬᠦ᠌ ᠬᠡᠷᠡᠭ᠌ᠲᠡᠢ ᠭᠡᠪᠡ᠃

ᠪᠦᠦ ᠭᠠᠩ ᠲᠥᠯᠥᠭᠡᠯᠡᠭ᠌ᠴᠢ᠂ ᠠᠮᠢ ᠠᠬᠤᠶ ᠣᠷᠴᠢᠨ ᠲᠣᠭᠣᠷᠢᠨ᠎ᠤ ᠬᠠᠤᠯᠢ᠎ᠶ᠋ᠢᠨ ᠪᠢᠴᠢᠭ᠎ᠦᠨ ᠲᠥᠰᠦᠯ᠎ᠨᠢ ᠰᠢ ᠵᠢᠨ ᠫᠢᠩ᠎ᠦᠨ ᠠᠮᠢ ᠠᠬᠤᠶ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ ᠴᠢᠨᠠᠷ ᠰᠠᠢᠲᠠᠶ ᠬᠥᠭ᠌ᠵᠢᠯᠲᠡ ᠪᠠ ᠥᠨᠳᠥᠷ ᠲᠦᠪᠱᠢᠨ ᠪᠥᠬᠥᠶ ᠬᠠᠮᠠᠭᠠᠯᠠᠯᠲᠠ᠎ᠶ᠋ᠢᠨ ᠬᠠᠷᠢᠴᠠᠭ᠎ᠠ᠎ᠶ᠋ᠢ ᠨᠢᠭᠡᠳᠦᠯᠲᠡᠶ ᠲᠥᠯᠥᠪᠵᠢᠭᠦᠯᠬᠦ᠌ ᠵᠡᠷᠭᠡ ᠴᠢᠬᠤᠯᠠ ᠶᠡᠬᠡ ᠣᠢᠯᠠᠭᠠᠭ᠍ᠳᠠᠬᠤᠨ ᠪᠠ ᠠᠷᠭ᠎ᠠ ᠬᠡᠮᠵᠢᠶ᠎ᠡ᠎ᠶ᠋ᠢ ᠭᠦᠶ᠋ᠴᠡᠳ ᠢᠯᠡᠷᠡᠭᠦᠯᠵᠦ᠍᠂ ᠠᠷᠠᠳ ᠣᠯᠠᠨ᠎ᠤ ᠠᠩᠬᠠᠷᠤᠯ ᠲᠦᠪᠯᠡᠷᠡᠯ ᠪᠠ ᠬᠦᠰᠡᠯ ᠱᠠᠭᠠᠷᠳᠠᠯᠭ᠎ᠠ᠎ᠳᠤ ᠢᠳᠡᠪᠬᠢᠲᠡᠶ ᠬᠠᠷᠢᠭᠤᠯᠲᠠ ᠥᠭ᠌ᠴᠦ᠂ ᠬᠥᠮᠦᠨ ᠪᠠᠢᠭᠠᠯᠢ ᠡᠶ᠎ᠡ ᠵᠣᠬᠢᠴᠠᠩᠭᠤᠶ᠎ᠪᠠᠷ ᠬᠠᠮᠲᠤ ᠣᠷᠣᠱᠢᠬᠤ᠎ᠶ᠋ᠢ ᠠᠬᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠦ ᠥᠨᠢᠳᠡ᠎ᠶ᠋ᠢᠨ ᠦᠷᠭᠦᠯᠵᠢᠯᠡᠬᠦ᠌ ᠬᠥᠭ᠌ᠵᠢᠯᠲᠡ᠎ᠶ᠋ᠢ ᠠᠬᠢᠭᠤᠯᠬᠤ᠎ᠳᠤ ᠬᠥᠱᠢᠶ᠎ᠡ ᠳᠤᠷᠠᠰᠭᠠᠯ᠎ᠤᠨ ᠠᠴᠢ ᠬᠣᠯᠪᠣᠭ᠍ᠳᠠᠯ᠎ᠲᠠᠶ ᠶᠤᠮ᠃ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢᠨ ᠲᠥᠰᠦᠯ ᠨᠢ ᠶᠡᠷᠦᠩᠬᠡᠢ ᠱᠦᠵᠢ ᠰᠢ ᠵᠢᠨ ᠫᠢᠩ ᠎ᠦᠨ ᠦᠨᠳᠦᠰᠦᠲᠡᠨ ᠎ᠦ ᠠᠵᠢᠯ ᠎ᠢ ᠴᠢᠩᠭᠠᠳᠭᠠᠨ ᠰᠠᠢᠵᠢᠷᠠᠭᠤᠯᠬᠤ  ᠲᠤᠬᠠᠢ ᠴᠢᠬᠤᠯᠠ ᠦᠵᠡᠯ ᠰᠠᠨᠠᠭ᠎ᠠ ᠎ᠶ᠋ᠢ ᠭᠦᠨᠵᠡᠭᠡᠢ  ᠲᠤᠭᠤᠱᠢᠯᠠᠭᠤᠯᠵᠤ ᠂ ᠳᠤᠮᠳᠠᠳᠤ ᠎ᠶ᠋ᠢᠨ ᠦᠨᠳᠦᠰᠦᠲᠡᠨ ᠎ᠦ ᠬᠠᠮᠲᠤ ᠎ᠶ᠋ᠢᠨ  ᠴᠣᠭ᠍ᠴᠠ ᠎ᠶ᠋ᠢᠨ ᠤᠬᠠᠮᠰᠠᠷ ᠎ᠢ ᠪᠠᠲᠤ ᠴᠣᠭ᠍ᠴᠠᠯᠠᠬᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠬᠤ᠎ᠳᠤ ᠬᠠᠤᠯᠢ᠎ᠪᠡᠷ ᠵᠠᠰᠠᠬᠤ ᠰᠠᠭᠤᠷᠢ᠎ᠶ᠋ᠢ ᠪᠡᠬᠢᠵᠢᠭᠦᠯᠵᠦ᠍᠂ ᠦᠨᠳᠦᠰᠦᠲᠡᠨ ᠎ᠦ ᠪᠦᠯᠬᠦᠮᠳᠡᠯ ᠳᠠᠪᠱᠢᠯᠲᠠ ᠎ᠶ᠋ᠢᠨ ᠦᠢᠯᠡᠰ ᠎ᠢ ᠪᠦᠬᠦ᠌ ᠲᠠᠯ᠎ᠠ ᠎ᠪᠠᠷ ᠠᠬᠢᠭᠤᠯᠬᠤ ᠎ᠳᠤ ᠴᠢᠬᠤᠯᠠ  ᠶᠡᠬᠡ  ᠠᠴᠢ ᠬᠣᠯᠪᠣᠭ᠍ᠳᠠᠯ᠎ᠲᠠᠶ ᠶᠤᠮ᠃ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠶ᠋ᠢᠨ ᠲᠥᠰᠦᠯ ᠨᠢ ᠶᠡᠷᠦᠩᠬᠡᠢ ᠱᠦᠵᠢ ᠰᠢ ᠵᠢᠨ ᠫᠢᠩ᠎ᠦᠨ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ ᠪᠠ ᠲᠥᠯᠥᠪᠵᠢᠭᠦᠯᠭᠡ᠎ᠶ᠋ᠢᠨ ᠲᠤᠬᠠᠢ ᠴᠢᠬᠤᠯᠠ ᠥᠭᠦᠯᠡᠯᠲᠡ᠎ᠶ᠋ᠢ ᠭᠦᠨᠵᠡᠭᠡᠢ ᠲᠤᠭᠤᠱᠢᠯᠠᠭᠤᠯᠵᠤ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠱᠢᠰᠲ᠋ᠧᠮ᠎ᠦᠨ ᠪᠦᠬᠦᠯᠢ ᠴᠣᠭ᠍ᠴᠠ᠎ᠶ᠋ᠢᠨ ᠦᠢᠯᠡᠳᠦᠯ ᠴᠢᠳᠠᠪᠬᠢ᠎ᠶ᠋ᠢ ᠪᠦᠲᠦᠮᠵᠢᠲᠡᠢ ᠳᠡᠭᠡᠭ᠌ᠰᠢᠯᠡᠭᠦᠯᠬᠦ᠌ ᠨᠢ ᠪᠠᠢᠭᠤᠯᠤᠯ᠎ᠤᠨ ᠳᠠᠪᠠᠭᠤᠯᠢᠭ᠎ᠢ ᠬᠥᠭ᠌ᠵᠢᠯᠲᠡ᠎ᠶ᠋ᠢᠨ ᠳᠠᠪᠠᠭᠤᠯᠢᠭ ᠪᠣᠯᠭᠠᠨ ᠬᠤᠪᠢᠷᠠᠭᠤᠯᠬᠤ᠎ᠳᠤ ᠠᠱᠢᠭ᠍ᠲᠠᠢ ᠪᠠᠢᠵᠤ᠂ ᠬᠠᠤᠯᠢ᠎ᠪᠡᠷ ᠵᠠᠰᠠᠬᠤ ᠵᠠᠮ ᠳᠡᠭᠡᠷ᠎ᠡ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠨᠠᠢᠷᠠᠭᠤᠯᠤᠨ ᠵᠣᠬᠢᠶᠠᠬᠤ ᠪᠠ ᠪᠦᠲᠦᠮᠵᠢᠲᠡᠢ ᠬᠡᠷᠡᠭ᠌ᠵᠢᠭᠦᠯᠬᠦ᠌᠎ᠳᠦ ᠬᠦᠴᠦᠲᠡᠢ ᠲᠦᠷᠢᠮ᠎ᠦᠨ ᠪᠠᠲᠤᠯᠠᠭ᠎ᠠ ᠬᠠᠩᠭᠠᠬᠤ ᠪᠣᠯᠤᠨ᠎ᠠ᠃  ᠬᠠᠤᠯᠢ ᠎ᠶ᠋ᠢᠨ ᠪᠢᠴᠢᠭ ᠎ᠦᠨ ᠲᠥᠰᠦᠯ  ᠪᠠ ᠬᠣᠶᠠᠷ  ᠬᠠᠤᠯᠢ ᠎ᠶ᠋ᠢᠨ ᠲᠥᠰᠦᠯ ᠎ᠢ ᠪᠦᠷᠢᠮᠦᠰᠦᠨ ᠵᠥᠪᠱᠢᠶᠡᠷᠡᠨ᠎ᠡ ᠃ ᠲᠠᠷᠠᠭᠠᠴᠢ ᠎ᠶ᠋ᠢᠨ ᠠᠯᠬᠤᠮ ᠎ᠳᠤ ᠂ ᠪᠢᠳᠡ  ᠶᠡᠷᠦᠩᠬᠡᠶ  ᠱᠦᠵᠢ  ᠰᠢ ᠵᠢᠨ ᠫᠢᠩ ᠎ᠦᠨ  ᠥᠪᠥᠷ ᠮᠣᠩᠭᠣᠯ᠎ᠳᠤ ᠣᠯᠭᠣᠭ᠍ᠰᠠᠨ ᠮᠠᠨ᠎ᠤ ᠤᠯᠤᠰ᠎ᠤᠨ ᠤᠮᠠᠷᠠᠲᠤ᠎ᠶ᠋ᠢᠨ ᠴᠢᠬᠤᠯᠠ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠪᠥᠲᠥᠭᠡᠨ ᠪᠠᠢᠭᠤᠯᠬᠤ ᠪᠠᠢᠯᠳᠤᠬᠤ ᠪᠣᠳᠣᠯᠭ᠎ᠠ᠎ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ᠎ᠶ᠋ᠢ ᠡᠷᠡᠰ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠮᠢ ᠠᠬᠤᠶ᠎ᠶ᠋ᠢ ᠤᠷᠢᠳ᠎ᠢᠶᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭ᠌ᠵᠢᠭᠦᠯᠬᠦ᠌᠎ᠶ᠋ᠢ ᠪᠠᠷᠢᠮᠲᠠᠯᠠᠵᠤ᠂ ᠥᠪᠥᠷ ᠮᠣᠩᠭᠣᠯ᠎ᠤᠨ ᠨᠣᠮᠢᠨ ᠨᠣᠭᠣᠭᠠᠨ᠂ ᠬᠥᠬᠡᠮᠳᠦᠭ ᠴᠡᠩᠬᠡᠷ᠂ ᠴᠡᠪᠡᠷ ᠠᠷᠢᠭᠤᠨ᠎ᠢ ᠡᠷᠡᠰ ᠰᠠᠬᠢᠨ ᠬᠠᠮᠠᠭᠠᠯᠠᠨ᠎ᠠ; ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠤᠤᠯ ᠱᠢᠵᠢᠮ᠎ᠲᠡᠶ ᠨᠢᠭ᠍ᠲᠠ ᠤᠶᠠᠯᠳᠤᠭᠤᠯᠤᠨ᠂ ᠨᠠᠮ᠎ᠤᠨ ᠦᠨᠳᠦᠰᠦᠲᠡᠨ᠎ᠦ ᠲᠥᠷᠥ᠎ᠶ᠋ᠢᠨ ᠪᠣᠳᠣᠯᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠬᠥᠮᠦᠵᠢᠯ᠎ᠢ ᠭᠦᠨᠵᠡᠭᠡᠢᠷᠡᠭᠦᠯᠦᠨ᠂ ᠦᠨᠳᠦᠰᠦᠲᠡᠨ᠎ᠨᠦᠭᠦᠳ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠵᠦ᠍᠂ ᠱᠢᠨ᠎ᠡ ᠴᠠᠭ ᠦᠶ᠎ᠡ᠎ᠳᠦ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠤ ᠡᠷᠬᠢᠮ ᠳᠡᠭᠡᠳᠦ ᠢᠷᠠᠭᠤ ᠠᠯᠳᠠᠷ᠎ᠢᠶᠠᠨ ᠦᠷᠭᠦᠯᠵᠢᠯᠡᠨ ᠪᠠᠲᠤᠯᠠᠬᠤ᠎ᠶ᠋ᠢ ᠠᠬᠢᠭᠤᠯᠤᠨ᠎ᠠ;  《ᠠᠷᠪᠠᠨ ᠲᠠᠪᠤᠳᠤᠭᠠᠷ ᠲᠠᠪᠤᠨ ᠵᠢᠯ》 ᠦ᠋ᠨ ᠡᠯ᠎ᠡ ᠲᠦᠷᠦᠯ᠎ᠦᠨ ᠲᠥᠯᠥᠪᠵᠢᠭᠦᠯᠭᠡ᠎ᠶ᠋ᠢ ᠰᠠᠢᠲᠤᠷ ᠨᠠᠢᠷᠠᠭᠤᠯᠤᠨ ᠵᠣᠬᠢᠶᠠᠵᠤ ᠬᠡᠷᠡᠭ᠌ᠵᠢᠭᠦᠯᠦᠨ᠂ ᠤᠯᠤᠰ᠎ᠤᠨ ᠲᠥᠯᠥᠪᠵᠢᠭᠦᠯᠭᠡ᠂ ᠪᠦᠬᠦ᠌ ᠤᠯᠤᠰ᠎ᠤᠨ ᠨᠢᠭᠡ ᠬᠦᠯᠭᠡ ᠰᠢᠳᠠᠷ᠎ᠠ᠎ᠳᠦ ᠦᠢᠯᠡᠴᠢᠯᠡᠬᠦ᠎ᠵᠢ ᠨᠢᠭ᠍ᠲᠠ ᠵᠤᠯᠭᠠᠭᠤᠯᠬᠤ ᠮᠥᠷᠲᠡᠭᠡᠨ ᠪᠠᠰᠠ ᠭᠠᠵᠠᠷ ᠣᠷᠣᠨ᠎ᠤ ᠪᠠᠢᠳᠠᠯ᠎ᠳᠤᠨᠢ ᠲᠤᠬᠢᠷᠠᠭᠤᠯᠬᠤ᠎ᠶ᠋ᠢ ᠪᠠᠷᠢᠮᠲᠠᠯᠠᠵᠤ᠂ ᠣᠷᠣᠨ ᠨᠤᠲᠤᠭ᠎ᠤᠨ ᠣᠨᠴᠠᠯᠢᠭ ᠪᠠ ᠬᠠᠷᠢᠴᠠᠭᠤᠯᠤᠭ᠍ᠰᠠᠨ ᠳᠠᠪᠠᠭᠤᠯᠢᠭ᠎ᠢ ᠢᠯᠡᠷᠡᠭᠦᠯᠦᠨ᠂ ᠨᠠᠮ᠎ᠤᠨ ᠲᠥᠪ ᠬᠤᠷᠢᠶ᠎ᠠ ᠵᠢᠨ ᠡᠯ᠎ᠡ ᠵᠦᠢᠯ᠎ᠦᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠪᠦᠲᠦᠭᠡᠯᠴᠢ ᠴᠢᠨᠠᠷᠳᠠᠢ᠎ᠪᠡᠷ ᠰᠠᠢᠲᠤᠷ ᠨᠠᠢᠳᠠᠪᠤᠷᠢᠵᠢᠭᠤᠯᠤᠨ᠎ᠠ ᠭᠡᠪᠡ᠃

ᠶᠠᠩ ᠵᠧᠨ ᠦ᠋ ᠲᠥᠯᠥᠭᠡᠯᠡᠭ᠌ᠴᠢ᠂ ᠭᠤᠷᠪᠠᠨ ᠬᠠᠤᠯᠢ᠎ᠶ᠋ᠢᠨ ᠲᠥᠰᠦᠯ᠎ᠢ ᠪᠦᠷᠢᠮᠦᠰᠦᠨ ᠵᠥᠪᠱᠢᠶᠡᠷᠡᠵᠦ᠍ ᠪᠠᠢᠨ᠎ᠠ᠃ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠶ᠋ᠢᠨ ᠲᠥᠰᠦᠯ ᠨᠢ ᠮᠠᠨ᠎ᠤ ᠤᠯᠤᠰ᠎ᠤᠨ ᠤᠷᠳᠤ ᠬᠤᠭᠤᠴᠠᠭᠠᠨ᠎ᠤ ᠦᠢᠯᠡᠳᠦᠯᠭᠡ᠎ᠶ᠋ᠢᠨ ᠳᠤᠮᠳᠠ ᠬᠤᠷᠠᠮᠳᠤᠭᠤᠯᠤᠭ᠍ᠰᠠᠨ ᠡᠷᠬᠢᠮ ᠨᠠᠨᠳᠢᠨ ᠲᠤᠷᠱᠢᠯᠭ᠎ᠠ᠎ᠶ᠋ᠢ ᠪᠦᠬᠦ᠌ ᠲᠠᠯ᠎ᠠ᠎ᠪᠠᠷ ᠳ᠋ᠦᠩᠨᠡᠵᠦ᠂ ᠪᠦᠲᠦᠮᠵᠢᠲᠡᠶ ᠳᠦᠷᠢᠮ᠎ᠦᠨ ᠲᠣᠬᠢᠷᠠᠭᠤᠯᠤᠯᠲᠠ᠎ᠶ᠋ᠢ ᠬᠠᠤᠯᠢ ᠴᠠᠭᠠᠵᠠ᠎ᠶ᠋ᠢᠨ ᠬᠡᠯᠪᠡᠷᠢ᠎ᠪᠡᠷ ᠲᠣᠭ᠍ᠲᠠᠪᠤᠷᠢᠵᠢᠭᠤᠯᠵᠤ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ᠂ ᠬᠢᠨᠠᠨ ᠪᠠᠢᠴᠠᠭᠠᠬᠤ᠂ ᠵᠥᠪᠱᠢᠶᠡᠷᠡᠬᠦ᠂ ᠬᠡᠷᠡᠭ᠌ᠵᠢᠭᠦᠯᠬᠦ᠌ ᠪᠠ ᠬᠢᠨᠠᠯᠲᠠ ᠲᠠᠯᠪᠢᠬᠤ ᠠᠵᠢᠯ᠎ᠢ ᠱᠢᠰᠲ᠋ᠧᠮ᠎ᠲᠡᠶ ᠵᠢᠷᠤᠮᠵᠢᠭᠤᠯᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠢᠯᠡᠳᠦᠯ᠎ᠢ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ ᠠᠵᠢᠯ᠎ᠢ ᠬᠡᠷᠡᠭ᠌ᠵᠢᠭᠦᠯᠬᠦ᠌ ᠪᠦᠬᠦ᠌ ᠶᠠᠪᠤᠴᠠ᠎ᠳᠤ ᠲᠤᠭᠤᠰᠢᠯᠠᠭᠤᠯᠵᠤ᠂ ᠲᠥᠯᠥᠪᠵᠢᠭᠦᠯᠭᠡ᠎ᠶ᠋ᠢᠨ ᠵᠣᠯᠭᠠᠯᠴᠠᠭ᠎ᠠ᠂ ᠲᠦᠷᠦ᠍᠎ᠶ᠋ᠢᠨ ᠪᠤᠳᠤᠯᠭ᠎ᠠ᠎ᠶ᠋ᠢᠨ ᠬᠠᠮᠵᠢᠯᠴᠠᠭ᠎ᠠ᠂ ᠬᠢᠨᠠᠨ ᠬᠡᠮᠵᠢᠯᠲᠡ ᠦᠨᠡᠯᠡᠨ ᠵᠢᠱ᠌ᠢᠯᠲᠡ ᠵᠡᠷᠭᠡ ᠳᠦᠷᠢᠮ᠎ᠢ ᠲᠣᠳᠣᠷᠬᠠᠢᠯᠠᠵᠤ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠪᠠᠷ ᠲᠣᠭ᠍ᠲᠠᠭᠠᠭ᠍ᠰᠠᠨ ᠴᠢᠨᠠᠷ᠂ ᠡᠷᠬᠡ ᠰᠦᠷᠲᠦ ᠴᠢᠨᠠᠷ ᠢ᠋ ᠭᠦᠶ᠋ᠴᠡᠳ ᠢᠯᠡᠷᠡᠭᠦᠯᠵᠦ᠂ ᠲᠥᠯᠥᠪᠵᠢᠭᠦᠯᠭᠡ᠎ᠶ᠋ᠢᠨ ᠬᠦᠯᠢᠶᠡᠰᠦᠯᠡᠬᠦ  ᠴᠢᠨᠠᠷ᠂ ᠬᠡᠷᠡᠭᠵᠢᠭᠦᠯᠬᠦ ᠴᠢᠨᠠᠷ ᠢ᠋ ᠤᠯᠠᠮ ᠨᠢᠭᠡ ᠠᠯᠬᠤᠮ ᠴᠢᠩᠭᠠᠳᠭᠠᠵᠤ᠂ ᠲᠥᠯᠥᠪᠵᠢᠭᠦᠯᠭᠡ᠎ᠶ᠋ᠢ ᠪᠦᠲᠦᠮᠵᠢᠲᠡᠶ ᠬᠡᠷᠡᠭ᠌ᠵᠢᠭᠦᠯᠬᠦ᠌᠎ᠳᠦ ᠠᠱᠢᠭ᠍ᠲᠠᠶ ᠪᠠᠢᠵᠤ᠂ ᠵᠢᠷᠤᠭ ᠲᠥᠰᠦᠪ᠎ᠢ ᠪᠣᠳᠠᠲᠤ ᠠᠬᠤᠶ ᠪᠣᠯᠭᠠᠬᠤ᠎ᠶ᠋ᠢ ᠪᠠᠲᠤᠯᠠᠬᠤ ᠪᠤᠯᠤᠨ᠎ᠠ᠃ ᠲᠤᠰ ᠤᠳᠠᠭᠠᠨ᠎ᠤ ᠶᠡᠬᠡ ᠬᠤᠷᠠᠯ᠎ᠡᠴᠡ ᠪᠠᠲᠤᠯᠠᠭ᠍ᠰᠠᠨ᠎ᠤ ᠲᠠᠷᠠᠭ᠎ᠠ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠲᠦᠷᠢᠮ᠎ᠢ ᠲᠡᠭᠦᠯᠳᠡᠷᠵᠢᠭᠦᠯᠬᠦ᠌᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠤᠳᠤᠷᠢᠳᠤᠮᠵᠢ᠎ᠶ᠋ᠢᠨ ᠦᠢᠯᠡᠳᠦᠯ᠎ᠢ ᠪᠠᠳᠠᠷᠠᠭᠤᠯᠬᠤ᠂ 《ᠠᠷᠪᠠᠨ ᠲᠠᠪᠤᠳᠤᠭᠠᠷ ᠲᠠᠪᠤᠨ ᠵᠢᠯ》 ᠦ᠋ᠨ ᠲᠥᠯᠥᠪᠵᠢᠭᠦᠯᠭᠡ᠎ᠶ᠋ᠢᠨ ᠬᠡᠷᠡᠭ᠌ᠵᠢᠭᠦᠯᠦᠯᠲᠡ᠎ᠶ᠋ᠢ ᠪᠠᠲᠤᠯᠠᠬᠤ᠎ᠳᠤ ᠪᠠᠲᠤ ᠴᠢᠩᠭ᠎ᠠ ᠬᠠᠤᠯᠢ ᠴᠠᠭᠠᠵᠠ᠎ᠶ᠋ᠢᠨ  ᠲᠤᠯᠭᠠᠭᠤᠷᠢᠯᠠᠯ ᠬᠠᠩᠭᠠᠬᠤ ᠨᠢ ᠯᠠᠪᠲᠠᠢ ᠶᠤᠮ ᠭᠡᠪᠡ᠃

ᠪᠦ ᠰᠢᠶᠣᠣ ᠯᠢᠨ ᠲᠥᠯᠥᠭᠡᠯᠡᠭᠴᠢ᠂ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶᠢᠨ ᠪᠢᠴᠢᠭ᠎ᠦᠨ ᠲᠥᠰᠥᠯ ᠨᠢ ᠰᠢ᠎ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢᠬᠢ ᠮᠠᠨ᠎ᠤ ᠤᠯᠤᠰ᠎ᠤᠨ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢᠨ ᠤᠨᠤᠯ᠂ ᠳᠦᠷᠢᠮ ᠪᠣᠯᠣᠨ ᠦᠢᠯᠡᠳᠦᠯᠭᠡ᠎ᠶᠢᠨ ᠦᠷ᠎ᠡ ᠪᠦᠲᠦᠭᠡᠯ᠎ᠢ ᠭᠦᠢᠴᠡᠳ ᠢᠯᠡᠷᠡᠭᠦᠯᠵᠦ᠂ ᠢᠯᠡ ᠲᠣᠳᠣ᠌ ᠳᠤᠮᠳᠠᠳᠤ ᠤᠯᠤᠰ᠎ᠤᠨ ᠣᠨᠴᠠᠯᠢᠭ᠋᠂ ᠴᠠᠭ ᠦᠶ᠎ᠡ᠎ᠶᠢᠨ ᠣᠨᠴᠠᠯᠢᠭ᠋᠎ᠲᠠᠢ ᠪᠤᠯᠵᠠᠢ᠃ ᠦᠨᠳᠦᠰᠦᠲᠡᠨ᠎ᠦ ᠪᠦᠯᠬᠦᠮᠳᠡᠯ ᠲᠠᠪᠰᠢᠯᠳᠠ᠎ᠶᠢ ᠠᠬᠢᠭᠤᠯᠬᠤ ᠬᠠᠤᠯᠢ᠎ᠶᠢᠨ ᠲᠥᠰᠥᠯ ᠨᠢ ᠶᠡᠷᠦᠩᠬᠡᠢ ᠱᠦᠵᠢ ᠰᠢ᠎ᠶᠢᠨ ᠫᠢᠩ᠎ᠤᠨ ᠦᠨᠳᠦᠰᠦᠲᠡᠨ᠎ᠦ ᠠᠵᠢᠯ᠎ᠢ ᠴᠢᠩᠭᠠᠳᠬᠠᠨ ᠰᠠᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ᠎ᠶᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠭᠴᠠᠯᠠᠬᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠪᠠᠢᠭᠤᠯᠤᠯᠲᠠ᠎ᠶᠢ ᠠᠬᠢᠭᠤᠯᠬᠤ ᠱᠠᠭᠠᠷᠳᠠᠯᠭ᠎ᠠ᠎ᠶᠢ ᠢᠯᠡᠷᠡᠭᠦᠯᠪᠡ᠃ ᠤᠯᠤᠰ᠎ᠤᠨ ᠬᠥᠭᠵᠢᠯᠲᠡ᠎ᠶᠢᠨ ᠲᠥᠯᠦᠪᠵᠢᠭᠦᠯᠭᠡ᠎ᠶᠢᠨ ᠬᠠᠤᠯᠢ᠎ᠶᠢᠨ ᠲᠥᠰᠥᠯ ᠨᠢ ᠤᠯᠤᠰ᠎ᠤᠨ ᠬᠥᠭᠵᠢᠯᠲᠡ᠎ᠶᠢᠨ ᠲᠥᠯᠦᠪᠵᠢᠭᠦᠯᠭᠡ᠎ᠶᠢᠨ ᠠᠵᠢᠯ᠎ᠤᠨ ᠠᠮᠵᠢᠯᠲᠠ ᠲᠠᠢ ᠲᠤᠷᠰᠢᠯᠭ᠎ᠠ᠎ᠶᠢ ᠰᠢᠰᠲᠧᠮ᠎ᠲᠠᠢ ᠳ᠋ᠦᠩᠨᠡᠵᠦ᠂ ᠮᠠᠨ᠎ᠤ ᠤᠯᠤᠰ᠎ᠤᠨ ᠤᠯᠤᠰ᠎ᠤᠨ ᠬᠥᠭᠵᠢᠯᠲᠡ᠎ᠶᠢᠨ ᠲᠥᠯᠦᠪᠵᠢᠭᠦᠯᠭᠡ᠎ᠶᠢ ᠲᠣᠭᠲᠠᠭᠠᠨ ᠬᠡᠷᠡᠭᠵᠢᠭᠦᠯᠬᠦ ᠥᠪᠡᠷᠮᠢᠴᠡ ᠤᠯᠤᠰ ᠲᠦᠷᠦ᠎ᠶᠢᠨ ᠳᠠᠪᠠᠭᠤᠯᠢᠭ᠋᠂ ᠪᠠᠢᠭᠤᠯᠤᠯ᠎ᠤᠨ ᠳᠠᠪᠠᠭᠤᠯᠢᠭ᠋ ᠪᠠ ᠵᠠᠰᠠᠯᠲᠠ᠎ᠶᠢᠨ ᠳᠠᠪᠠᠭᠤᠯᠢᠭ᠋᠎ᠢ ᠬᠠᠤᠯᠢ ᠲᠣᠭᠲᠠᠭᠠᠬᠤ ᠲᠠᠯ᠎ᠠ᠎ᠡᠴᠡ ᠤᠯᠠᠮ ᠨᠢᠭᠡ ᠠᠯᠬᠤᠮ ᠴᠢᠩᠭᠠᠳᠬᠠᠪᠠ᠃ ᠡᠨᠡ ᠭᠤᠷᠪᠠᠨ ᠲᠥᠰᠥᠯ᠎ᠢ ᠪᠦᠷᠢᠮᠦᠰᠦᠨ ᠵᠥᠪᠰᠢᠶᠡᠷᠡᠵᠦ ᠪᠠᠢᠨ᠎ᠠ ᠭᠡᠪᠡ᠃

ᠲᠠᠩ ᠴᠤᠤ᠂ ᠯᠢ ᠪᠢᠨ᠂ ᠶᠠᠩ ᠵᠢᠨ᠂ ᠯᠢᠨ ᠱᠣᠣ ᠴᠦᠨ᠂ ᠶᠠᠩ ᠽᠥᠩ ᠷᠧᠨ᠂ ᠯᠢ ᠶᠦᠩ ᠵᠢᠶᠦ᠋ᠨ᠂ ᠸᠠᠩ ᠸᠠᠩ ᠱᠸᠩ᠂ ᠾᠧ ᠬᠠᠢ ᠳ᠋ᠦᠩ᠂ ᠯᠥᠸᠧ ᠴᠢᠩ᠂ ᠵᠤᠸᠠᠩ ᠾᠧ᠂ ᠵᠣᠣ ᠬᠤᠶ ᠵᠢᠶᠧ᠂ ᠵᠠᠩ ᠵᠢᠢ ᠰᠢᠨ᠂ ᠸᠠᠩ ᠼᠠᠢ ᠶᠦᠨ᠂ ᠯᠢ ᠸᠸᠨ ᠯᠢᠩ᠂ ᠳᠦ ᠬᠤᠢ ᠯᠢᠶᠠᠩ᠂ ᠰᠦᠨ ᠶᠢᠩ᠂ ᠬᠥᠩ ᠰᠢᠦᠸᠠᠢ ᠹᠧᠩ᠂ ᠸᠠᠩ ᠵᠧᠨ᠂ ᠦ᠋ ᠶᠢᠩ᠂ ᠰᠦᠬᠡ᠂ ᠵᠢᠦᠢ ᠱᠥ᠍ ᠸᠸᠨ᠂ ᠦ᠋ ᠬᠠᠢ ᠵᠢᠶᠦ᠋ᠨ᠂ ᠮᠧᠩ ᠳᠡ ᠶᠢᠩ᠂ ᠾᠧ ᠮᠠᠢᠯᠠᠰᠦ᠂ ᠴᠢ ᠹᠧᠢ ᠶᠦᠨ᠂ ᠯᠦ᠍ ᠬᠣᠩ ᠪᠥᠸᠧ᠂ ᠮᠧᠩ ᠹᠠᠨ ᠶᠢᠩ᠂ ᠴᠢ ᠢᠦᠢ ᠴᠢᠨ᠂ ᠬ᠍ᠤ ᠬᠠᠢ ᠵᠢᠦᠸᠠᠨ᠂ ᠴᠧᠨ ᠠᠢ ᠰᠢᠦᠸᠠᠢ᠂ ᠰᠢᠩ ᠵᠢᠶᠧ ᠬᠣᠩ᠂ ᠰᠢᠦᠢ ᠵᠢᠶᠠᠨ ᠰᠢᠩ᠂ ᠶᠠᠨ ᠬᠣᠩ ᠸᠧᠢ᠂ ᠳᠦ ᠭᠠᠩ᠂ ᠯᠢ ᠵᠥᠩ ᠽᠧᠩ᠂ ᠱᠢ ᠢᠦᠢ ᠳ᠋ᠦᠩ᠂ ᠤᠣ ᠬᠣᠶ ᠷᠠᠨ᠂ ᠵᠠᠩ ᠷᠦᠢ᠂ ᠵᠢᠨ ᡁᠢ ᠵᠢᠶᠦ᠋ᠨ᠂ ᠬᠥᠩ ᠮᠢᠩ ᠵᠥ᠍᠂ ᠸᠠᠩ ᠵᠣᠣ ᠮᠢᠩ᠂ ᠵᠢᠢ ᠶᠦᠩ ᠴᠢᠶᠠᠨ᠂ ᠭᠦᠸᠧ ᠢᠦᠢ ᠹᠧᠩ᠂ ᠡᠷᠳᠡᠨᠢᠳᠠᠯᠠᠢ᠂ ᠶᠠᠨ ᠬᠣᠩ ᠭᠤᠸᠠᠩ᠂ ᠰᠢᠦᠸᠠᠢ ᡁᠢ ᠯᠦᠩ ᠵᠡᠷᠭᠡ ᠲᠥᠯᠥᠭᠡᠯᠡᠭᠴᠢ ᠦᠭᠡ ᠬᠡᠯᠡᠵᠦ᠂ ᠡᠨᠡ ᠭᠤᠷᠪᠠᠨ ᠲᠥᠰᠥᠯ᠎ᠢ ᠪᠦᠷᠢᠮᠦᠰᠦᠨ ᠵᠥᠪᠰᠢᠶᠡᠷᠡᠵᠦ ᠪᠠᠢᠬᠤ᠎ᠪᠠᠨ ᠢᠯᠡᠳᠬᠡᠭᠰᠡᠨ᠎ᠤ ᠬᠠᠮᠲᠤ ᠰᠤᠷᠤᠯᠴᠠᠨ ᠤᠬᠠᠭᠤᠯᠬᠤ ᠪᠠ ᠲᠤᠭᠤᠰᠢᠯᠠᠭᠤᠯᠤᠨ ᠬᠡᠷᠡᠭᠵᠢᠭᠦᠯᠬᠦ᠎ᠶᠢ ᠰᠠᠢᠲᠤᠷ ᠠᠳᠬᠤᠬᠤ ᠵᠢᠨ ᠲᠤᠭᠤᠷᠢᠨ᠎ᠳᠦ᠂ ᠲᠤᠰ ᠲᠤᠰ᠎ᠤᠨ ᠠᠵᠢᠯ᠎ᠤᠨ ᠪᠣᠳᠠᠲᠤ ᠪᠠᠢᠳᠠᠯ᠎ᠲᠠᠢ᠎ᠪᠠᠨ ᠤᠶᠠᠯᠳᠤᠭᠤᠯᠤᠨ ᠰᠠᠨᠠᠯ ᠰᠠᠨᠠᠭᠤᠯᠭ᠎ᠠ ᠳᠤᠷᠠᠳᠴᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号