ᠰᠡᠳᠬᠢᠯ ᠨᠢᠭᠡᠳᠤᠨ ᠬᠦᠴᠦ ᠪᠡᠨ ᠬᠠᠮᠲᠤᠳᠬᠠᠵᠤ ᠤᠯᠤᠰ᠎ᠤᠨ ᠪᠠᠲᠤᠯᠠᠨ ᠬᠠᠮᠠᠭᠠᠯᠠᠯᠲᠠ ᠪᠣᠯᠣᠨ ᠴᠡᠷᠢᠭ ᠠᠩᠭᠢ ᠵᠢᠨ ᠣᠳᠣᠬᠢᠴᠢᠯᠠᠯᠲᠠ᠎ᠶᠢᠨ ᠯᠠᠪᠳᠠᠭᠤᠨ᠎ᠢᠶᠠᠷ ᠬᠤᠯᠠ ᠠᠶᠠᠯᠠᠬᠤ᠎ᠶᠢ ᠠᠬᠢᠭᠤᠯᠤᠨ᠎ᠠ
2026-03-09 10:01:04
ᠵᠣᠬᠢᠶᠠᠭ᠍ᠴᠢ᠄
ᠮᠧᠢ ᠱᠢ ᠰᠢᠶᠦᠢ᠍ᠩ ᠮᠧᠢ ᠴᠠᠩ ᠸᠧᠢ ᠯᠢ ᠪᠢᠩ ᠰᠢᠦᠸᠠᠨ
ᠣᠩᠱᠢᠭ᠍ᠰᠠᠨ ᠣᠳᠠᠭ᠎ᠠ᠄
★★★☆☆

— ᠲᠡᠷᠢᠭᠦᠯᠡᠭᠴᠢ ᠰᠢ ᠵᠢᠨ ᠫᠢᠩ᠎ᠤᠨ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ᠎ᠶᠢᠨ ᠴᠡᠷᠢᠭ ᠠᠩᠭᠢ᠎ᠶᠢᠨ ᠲᠥᠯᠥᠭᠡᠯᠡᠭᠴᠢᠳ᠎ᠦᠨ ᠪᠦᠯᠬᠦᠮ᠎ᠦᠨ ᠪᠦᠬᠦᠳᠡ ᠬᠤᠷᠠᠯ ᠳᠡᠭᠡᠷᠡᠬᠢ ᠴᠢᠬᠤᠯᠠ ᠶᠠᠷᠢᠶ᠎ᠠ ᠪᠦᠬᠦ ᠴᠡᠷᠢᠭ᠎ᠦᠨ ᠴᠡᠷᠢᠭ ᠎ᠢ ᠬᠦᠴᠦᠷᠬᠡᠭᠵᠢᠭᠦᠯᠬᠦ ᠵᠠᠮ᠎ᠢᠶᠠᠷ ᠡᠷᠡᠮᠡᠬᠡᠢᠯᠡᠨ ᠤᠷᠤᠭᠰᠢᠯᠠᠵᠤ ᠪᠣᠭᠣᠮᠲᠠ ᠰᠢᠪᠲᠤᠯᠬᠤ ᠳᠠᠢᠯᠠᠯᠳᠤᠭᠠᠨ᠎ᠢ ᠰᠠᠢᠲᠤᠷ ᠬᠢᠬᠦ᠎ᠶᠢ ᠵᠣᠷᠢᠭ᠍ᠵᠢᠭᠤᠯᠪᠠ


3 ᠰᠠᠷ᠎ᠠ᠎ᠶᠢᠨ 7᠎ᠤ᠋ ᠦᠳᠡ᠎ᠶᠢᠨ ᠬᠣᠢᠨ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠡ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠡ ᠵᠢᠨ ᠲᠡᠷᠢᠭᠦᠯᠡᠭᠴᠢ ᠰᠢ᠎ᠶᠢᠨ ᠫᠢᠩ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠴᠢᠯᠦᠭᠡᠯᠡᠬᠦ ᠴᠡᠷᠢᠭ ᠪᠣᠯᠣᠨ ᠵᠡᠪᠰᠡᠭᠲᠦ ᠴᠠᠭᠳᠠᠭ᠎ᠠ᠎ᠶᠢᠨ ᠴᠡᠷᠢᠭ ᠠᠩᠭᠢ᠎ᠶᠢᠨ ᠲᠥᠯᠥᠭᠡᠯᠡᠭᠴᠢᠳ᠎ᠦᠨ ᠪᠦᠯᠬᠦᠮ᠎ᠦᠨ ᠪᠥᠬᠥᠳᠡ ᠬᠤᠷᠠᠯ᠎ᠳᠤ ᠣᠷᠣᠯᠴᠠᠭᠰᠠᠨ ᠪᠦᠭᠡᠳ ᠴᠢᠬᠤᠯᠠ ᠶᠠᠷᠢᠶ᠎ᠠ ᠲᠠᠯᠪᠢᠵᠤ᠂ ᠪᠥᠬᠥ ᠴᠡᠷᠢᠭ ᠠᠩᠭᠢ᠎ᠳᠤ ᠴᠢᠨᠭᠭ᠎ᠠ ᠲᠤᠰᠬᠠᠯ ᠭᠠᠷᠭᠠᠪᠠ᠃ ᠥᠷᠭᠡᠨ ᠤᠯᠠᠨ ᠳᠠᠷᠤᠭ᠎ᠠ ᠪᠠᠢᠯᠳᠤᠭ᠍ᠴᠢᠳ᠂ ᠲᠡᠷᠢᠭᠦᠯᠡᠭᠴᠢ ᠰᠢ᠎ᠶᠢᠨ ᠫᠢᠩ᠎ᠦᠨ ᠴᠢᠬᠤᠯᠠ ᠶᠠᠷᠢᠶ᠎ᠠ ᠨᠢ ᠥᠨᠳᠥᠷ᠎ᠲᠦ ᠵᠣᠭᠰᠣᠨ ᠠᠯᠤᠰ᠎ᠢ ᠪᠠᠷᠠᠯᠠᠵᠦ᠂ ᠦᠵᠡᠯ ᠰᠠᠨᠠᠭ᠎ᠠ ᠭᠦᠨ ᠭᠦᠨᠵᠡᠭᠡᠢ ᠪᠠᠢᠵᠤ᠂ ᠮᠠᠨ᠎ᠤ ᠴᠡᠷᠢᠭ᠎ᠦᠨ ᠪᠦᠲᠦᠭᠡᠨ ᠪᠠᠢᠭᠤᠯᠤᠯᠲᠠ ᠎ᠶᠢᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢᠨ ᠡᠬᠢᠯᠡᠯᠲᠡ᠎ᠶᠢ ᠪᠡᠶᠡᠯᠡᠭᠦᠯᠵᠦ᠂ ᠴᠡᠷᠢᠭ ᠪᠠᠢᠭᠤᠯᠤᠭᠳᠠᠭᠰᠠᠨ ᠵᠠᠭᠤᠨ ᠵᠢᠯ ᠎ᠦᠨ ᠲᠡᠮᠡᠴᠡᠬᠦ ᠬᠠᠷᠠᠯᠲᠠ ᠎ᠶᠢ ᠲᠣᠭᠲᠠᠭᠰᠠᠨ ᠬᠤᠭᠤᠴᠠᠭᠠᠨ ᠎ᠳᠤ ᠪᠡᠶᠡᠯᠡᠭᠦᠯᠬᠦ ᠎ᠳᠦ ᠴᠢᠬᠤᠯᠠ ᠶᠡᠬᠡ ᠠᠴᠢ ᠬᠣᠯᠪᠣᠭᠳᠠᠯ ᠎ᠲᠠᠢ ᠶᠤᠮ᠂ ᠦᠵᠡᠯ ᠰᠠᠨᠠᠭ᠎ᠠ  ᠪᠣᠯᠣᠨ ᠦᠢᠯᠡ ᠠᠵᠢᠯᠯᠠᠭ᠎ᠠ ᠎ᠪᠠᠨ ᠲᠡᠷᠢᠭᠦᠯᠡᠭᠴᠢ ᠰᠢ᠎ᠶᠢᠨ ᠫᠢᠩ ᠎ᠦᠨ ᠰᠢᠢᠳᠪᠦᠷᠢᠲᠦ  ᠪᠣᠳᠣᠯᠭ᠎ᠠ ᠪᠠᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠰᠡᠳᠬᠢᠯ ᠨᠢᠭᠡᠳᠦᠨ ᠬᠦᠴᠦ  ᠪᠡᠨ ᠬᠠᠮᠳᠤᠳᠬᠠᠵᠤ ᠤᠯᠤᠰ ᠎ᠤᠨ  ᠪᠠᠲᠤᠯᠠᠨ ᠬᠠᠮᠠᠭᠠᠯᠠᠯᠲᠠ  ᠪᠣᠯᠣᠨ ᠴᠡᠷᠢᠭ  ᠠᠩᠭᠢ ᠎ᠶᠢᠨ ᠣᠳᠣᠬᠢᠴᠢᠯᠠᠯᠲᠠ ᠎ᠶᠢᠨ  ᠯᠠᠪᠳᠠᠭᠤᠨ ᠎ᠢᠶᠠᠷ  ᠬᠤᠯᠠ ᠠᠶᠠᠯᠠᠬᠤ ᠎ᠶᠢ ᠠᠬᠢᠭᠤᠯᠤᠨ᠎ᠠ ᠭᠡᠵᠤ ᠰᠠᠨᠠᠯ ᠨᠢᠭᠡᠲᠡᠢ ᠦᠵᠡᠵᠡᠭᠡᠪᠡ᠃

ᠮᠠᠨ᠎ᠤ ᠴᠡᠷᠢᠭ᠎ᠦᠨ ᠨᠠᠮ᠎ᠤᠨ ᠤᠳᠤᠷᠢᠳᠤᠯᠭ᠎ᠠ ᠪᠠ ᠨᠠᠮ᠎ᠤᠨ ᠪᠠᠢᠭᠤᠯᠤᠯᠲᠠ᠎ᠶᠢ ᠪᠦᠬᠦ ᠲᠠᠯ᠎ᠠ᠎ᠪᠠᠷ ᠴᠢᠩᠭᠠᠳᠬᠠᠨ᠎ᠠ

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠨᠠᠮ᠎ᠤᠨ ᠲᠥᠪ ᠬᠣᠷᠢᠶ᠎ᠠ ᠠᠷᠠᠳ᠎ᠤᠨ ᠴᠡᠷᠢᠭ ᠠᠩᠭᠢ᠎ᠶᠢ ᠤᠳᠤᠷᠢᠳᠤᠨ ᠤᠷᠢᠳ ᠡᠮᠦᠨ᠎ᠡ ᠪᠠᠢᠭ᠎ᠠ ᠦᠭᠡᠢ ᠡᠷᠡᠰ ᠵᠣᠷᠢᠭ᠋ ᠪᠠ ᠡᠷᠴᠢᠮ᠎ᠢᠶᠡᠷ ᠤᠯᠤᠰ ᠲᠦᠷᠦ᠎ᠶᠢᠨ ᠴᠡᠭᠴᠡᠯᠡᠯᠲᠡ ᠪᠣᠯᠪᠠᠰᠤᠷᠠᠯ᠎ᠢ ᠭᠦᠨᠵᠡᠭᠡᠢᠷᠡᠭᠦᠯᠵᠦ᠂ ᠤᠯᠤᠰ ᠲᠦᠷᠦ᠎ᠪᠡᠷ ᠴᠡᠷᠢᠭ ᠪᠠᠢᠭᠤᠯᠬᠤ ᠵᠢ ᠠᠬᠢᠭᠤᠯᠵᠦ᠂ ᠴᠢᠬᠤᠯᠠ ᠶᠡᠬᠡ ᠦᠷ᠎ᠡ ᠪᠦᠲᠦᠮᠵᠢ ᠣᠯᠪᠠ᠃ ᠪᠥᠬᠥ ᠤᠯᠤᠰ᠎ᠤᠨ ᠬᠣᠶᠠᠷ ᠬᠤᠷᠠᠯ᠎ᠳᠤ ᠣᠷᠣᠯᠴᠠᠵᠦ ᠪᠠᠢᠭ᠎ᠠ ᠴᠡᠷᠢᠭ ᠠᠩᠭᠢ᠎ᠶᠢᠨ ᠲᠥᠯᠥᠭᠡᠯᠡᠭᠴᠢ ᠭᠡᠰᠢᠭᠦᠨ᠂ ᠡᠲᠡᠭᠡᠷ ᠠᠮᠵᠢᠯᠲᠠ ᠪᠦᠲᠦᠮᠵᠢ᠎ᠶᠢ ᠬᠢᠯᠪᠠᠷ ᠪᠤᠰᠤ᠎ᠪᠠᠷ ᠣᠯᠣᠭᠰᠠᠨ ᠶᠤᠮ᠂ ᠡᠭᠦᠨ᠎ᠦ ᠦᠨᠳᠦᠰᠦ ᠨᠢ ᠲᠡᠷᠢᠭᠦᠯᠡᠭᠴᠢ ᠰᠢ᠎ᠶᠢᠨ ᠫᠢᠩ᠎ᠦᠨ ᠠᠶᠠᠯᠠᠯ᠎ᠢ ᠵᠠᠮᠴᠢᠯᠠᠨ ᠵᠠᠯᠠᠭᠤᠷ᠎ᠢ ᠠᠳᠬᠤᠭᠰᠠᠨ᠎ᠳᠤ ᠪᠤᠢ᠂ ᠰᠢ᠎ᠶᠢᠨ ᠫᠢᠩ᠎ᠤᠨ ᠴᠡᠷᠢᠭ᠎ᠢ ᠬᠦᠴᠦᠷᠬᠡᠭᠵᠢᠭᠦᠯᠬᠦ ᠦᠵᠡᠯ ᠰᠠᠨᠠᠭᠠᠨ᠎ᠤ ᠰᠢᠨᠵᠢᠯᠡᠬᠦ ᠤᠬᠠᠭᠠᠨᠴᠢ ᠵᠢᠯᠣᠭᠣᠳᠤᠯᠭ᠎ᠠ᠎ᠳᠤ ᠪᠤᠢ᠃ 《ᠬᠣᠶᠠᠷ᠎ᠢ ᠲᠣᠭᠲᠠᠭᠠᠭᠰᠠᠨ》 ᠪᠣᠯ ᠰᠢᠨ᠎ᠡ ᠴᠠᠭ ᠦᠶ᠎ᠡ᠎ᠶᠢᠨ ᠬᠠᠮᠤᠭ᠎ᠤᠨ ᠴᠢᠬᠤᠯᠠ ᠶᠡᠬᠡ ᠤᠯᠤᠰ ᠲᠦᠷᠦ᠎ᠶᠢᠨ ᠦᠷ᠎ᠡ ᠪᠦᠲᠦᠭᠡᠯ᠂ ᠬᠠᠮᠤᠭ᠎ᠤᠨ ᠡᠷᠬᠢᠮ ᠨᠠᠨᠳᠢᠨ ᠲᠡᠦᠬᠡ᠎ᠶᠢᠨ ᠲᠤᠷᠰᠢᠯᠭ᠎ᠠ᠂ ᠬᠠᠮᠤᠭ᠎ᠤᠨ ᠪᠤᠰᠤᠳᠴᠢ ᠦᠢᠯᠡᠳᠦᠯᠭᠡ ᠎ᠶᠢᠨ ᠳ᠋ᠦᠩᠨᠡᠯᠲᠡ ᠮᠥᠨ ᠭᠡᠳᠡᠭ ᠎ᠢ  ᠦᠢᠯᠡᠳᠦᠯᠭᠡ ᠭᠡᠷᠡᠴᠢᠯᠡᠵᠡᠢ᠂  《ᠬᠣᠶᠠᠷ ᠎ᠢ ᠲᠣᠭᠲᠠᠭᠠᠭᠰᠠᠨ》 ᠤ᠋ ᠰᠢᠢᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ ᠎ᠢ ᠭᠦᠨᠵᠡᠭᠡᠢ ᠣᠢᠯᠠᠭᠠᠵᠤ᠂  《ᠬᠣᠶᠠᠷ ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠵᠦ᠂ ᠴᠡᠷᠢᠭ ᠎ᠦᠨ ᠶᠠᠪᠤᠳᠠᠯ ᠎ᠤᠨ ᠬᠣᠷᠢᠶ᠎ᠡ ᠵᠢᠨ ᠲᠡᠷᠢᠭᠦᠯᠡᠭᠴᠢ ᠵᠢᠨ ᠬᠠᠷᠢᠭᠤᠴᠠᠬᠤ ᠳᠦᠷᠢᠮ ᠎ᠢ ᠲᠤᠭᠤᠰᠢᠯᠠᠭᠤᠯᠵᠤ᠂ ᠲᠡᠷᠢᠭᠦᠯᠡᠭᠴᠢ ᠰᠢ᠎ᠶᠢᠨ ᠫᠢᠩ᠎ᠦᠨ ᠵᠢᠯᠣᠭᠣᠳᠤᠯᠭ᠎ᠠ᠎ᠶᠢ ᠡᠷᠡᠰ ᠰᠣᠨᠣᠰᠴᠤ᠂ ᠲᠡᠷᠢᠭᠦᠯᠡᠭᠴᠢ ᠰᠢ᠎ᠶᠢᠨ ᠫᠢᠩ᠎ᠳᠦ ᠬᠠᠷᠢᠭᠤᠴᠠᠵᠤ᠂ ᠲᠡᠷᠢᠭᠦᠯᠡᠭᠴᠢ ᠰᠢ᠎ᠶᠢᠨ ᠫᠢᠩ᠎ᠢ ᠰᠡᠳᠬᠢᠯ ᠠᠮᠤᠷ ᠪᠠᠢᠯᠭᠠᠬᠤ ᠬᠡᠷᠡᠭᠲᠡᠢ ᠭᠡᠵᠤ ᠦᠵᠡᠵᠡᠭᠡᠪᠡ᠃

ᠥᠷᠭᠡᠨ ᠤᠯᠠᠨ ᠳᠠᠷᠤᠭ᠎ᠠ ᠪᠠᠢᠯᠳᠤᠭ᠍ᠴᠢ᠂ ᠴᠡᠷᠢᠭ ᠠᠩᠭᠢ ᠪᠣᠯ ᠵᠡᠪᠰᠡᠭ᠎ᠢ ᠡᠵᠡᠮᠳᠡᠵᠦ ᠪᠠᠢᠳᠠᠭ ᠶᠤᠮ᠂ ᠴᠡᠷᠢᠭ᠎ᠦᠨ ᠳᠣᠲᠣᠷ᠎ᠠ ᠶᠠᠭᠠᠬᠢᠭ᠍ᠰᠠᠨ ᠴᠤ᠌ ᠨᠠᠮ᠎ᠳᠠᠭᠠᠨ ᠰᠢᠳᠤᠷᠭᠤ ᠦᠭᠡᠢ ᠬᠥᠮᠦᠨ ᠪᠠᠢᠵᠤ ᠪᠣᠯᠬᠤ ᠦᠭᠡᠢ᠂ ᠶᠠᠭᠠᠬᠢᠭ᠍ᠰᠠᠨ ᠴᠤ᠌ ᠢᠯᠵᠢᠷᠠᠮᠠᠯ ᠡᠲᠡᠭᠡᠳ᠎ᠦᠨ ᠪᠡᠶ᠎ᠡ ᠳᠠᠯᠳᠠᠯᠠᠬᠤ ᠭᠠᠵᠠᠷ ᠪᠠᠢᠵᠤ ᠪᠣᠯᠬᠤ ᠦᠭᠡᠢ᠂ ᠡᠷᠬᠡᠪᠰᠢ ᠢᠯᠵᠢᠷᠠᠯ᠎ᠢ ᠡᠰᠡᠷᠭᠦᠴᠡᠬᠦ᠌ ᠲᠡᠮᠡᠴᠡᠯ᠎ᠢ ᠡᠷᠡᠰ ᠭᠤᠢᠪᠢᠰᠢ ᠦᠭᠡᠢ ᠠᠬᠢᠭᠤᠯᠬᠤ ᠬᠡᠷᠡᠭ᠌ᠲᠡᠢ ᠭᠡᠵᠦ ᠰᠠᠨᠠᠯ ᠨᠢᠭᠡᠲᠡᠢ ᠢᠯᠡᠳᠭᠡᠪᠡ᠃

ᠴᠡᠷᠢᠭ᠎ᠢ ᠬᠦᠴᠦᠷᠬᠡᠭ᠌ᠵᠢᠭᠦᠯᠦᠨ ᠴᠡᠷᠢᠭ᠎ᠢ ᠮᠠᠨᠳᠤᠭᠤᠯᠬᠤ᠎ᠶ᠋ᠢᠨ ᠵᠠᠩᠭᠢᠯᠠᠭ᠎ᠠ ᠨᠢ ᠨᠠᠮ᠎ᠳᠤ ᠪᠠᠢᠨ᠎ᠠ᠃ ᠲᠠᠯᠠᠢ᠎ᠶ᠋ᠢᠨ ᠴᠡᠷᠢᠭ᠎ᠦᠨ ᠨᠢᠭᠡᠨ ᠰᠥᠨᠥᠭᠡᠭ᠌ᠴᠢ ᠣᠩᠭᠣᠴᠠ᠎ᠶ᠋ᠢᠨ ᠰᠠᠯᠪᠤᠷᠢ ᠠᠩᠬᠢ᠎ᠶ᠋ᠢᠨ ᠤᠯᠤᠰ ᠲᠦᠷᠦ᠍᠎ᠶ᠋ᠢᠨ ᠠᠵᠢᠯ᠎ᠤᠨ ᠬᠡᠯᠲᠡᠰ᠎ᠦᠨ ᠡᠷᠬᠢᠯᠡᠭ᠌ᠴᠢ ᠴᠢ ᠸᠧᠢ ᠭᠤᠸᠠᠩ ᠲᠦᠯᠦᠭᠡᠯᠡᠭᠴᠢ ᠨᠠᠨᠴᠠᠩ ᠬᠥᠯᠭᠡ ᠣᠩᠭᠣᠴᠠ᠎ᠶ᠋ᠢᠨ ᠺᠤᠮᠢᠰᠰᠠᠷ᠎ᠤᠨ ᠲᠤᠱᠢᠶᠠᠯ᠎ᠢ ᠬᠠᠷᠢᠭᠤᠴᠠᠵᠤ ᠥᠩᠭᠡᠷᠡᠵᠡᠢ᠂ ᠲᠡᠷᠡ ᠬᠥᠯᠭᠡ ᠣᠩᠭᠣᠴᠠ᠎ᠶ᠋ᠢᠨ ᠨᠠᠮ᠎ᠤᠨ ᠬᠤᠷᠢᠶ᠎ᠠ ᠵᠢᠨ ᠪᠠᠭ᠎ᠤᠨ ᠬᠥᠮᠦᠰ᠎ᠲᠡᠶ ᠬᠠᠮᠲᠤ ᠪᠦᠬᠦ᠌ ᠬᠥᠯᠭᠡ ᠣᠩᠭᠣᠴᠠ᠎ᠶ᠋ᠢᠨ ᠳᠠᠷᠤᠭ᠎ᠠ ᠪᠠᠢᠯᠳᠤᠭ᠍ᠴᠢᠳ᠎ᠢ ᠪᠦᠯᠬᠦᠮᠳᠡᠭᠦᠯᠦᠨ ᠳᠠᠭᠠᠭᠤᠯᠵᠤ ᠠᠷᠠᠳ᠎ᠤᠨ ᠲᠠᠯᠠᠢ᠎ᠶ᠋ᠢᠨ ᠴᠡᠷᠢᠭ᠎ᠦᠨ ᠲᠡᠦᠬᠡᠨ ᠳᠡᠭᠡᠷᠡᠬᠢ ᠤᠯᠠᠨ ᠠᠩᠬᠠᠳᠠᠭ᠍ᠴᠢ᠎ᠶ᠋ᠢ ᠡᠭᠦᠳᠴᠡᠢ᠃ 《ᠱᠢᠨ᠎ᠡ ᠴᠠᠭ ᠦᠶ᠎ᠡ ᠱᠢᠨ᠎ᠡ ᠠᠶᠠᠨ᠎ᠳᠤ ᠤᠯᠤᠰ ᠲᠦᠷᠦ᠍᠎ᠪᠡᠷ ᠴᠡᠷᠢᠭ ᠪᠠᠢᠭᠤᠯᠬᠤ᠎ᠶ᠋ᠢ ᠠᠬᠢᠭᠤᠯᠬᠤ᠎ᠳᠤ᠂ ᠭᠠᠭ᠍ᠴᠠ ᠬᠦ᠌ ᠳᠠᠢ᠌ᠨ᠎ᠳᠦ ᠪᠡᠯᠡᠳᠭᠡᠵᠦ᠍ ᠪᠠᠢᠯᠳᠤᠭᠠᠨ ᠬᠢᠬᠦ᠌ ᠭᠣᠣᠯ ᠬᠠᠷᠢᠭᠤᠴᠠᠯᠭ᠎ᠠ ᠭᠣᠣᠯ ᠠᠵᠢᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠮᠠᠨ᠎ᠤ ᠴᠡᠷᠢᠭ᠎ᠦᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠢᠰᠲ᠋ᠧᠮ᠎ᠦᠨ ᠪᠠᠢᠭᠤᠯᠤᠯᠲᠠ᠎ᠶ᠋ᠢ ᠴᠢᠩᠭᠠᠳᠭᠠᠵᠤ᠂ ᠵᠣᠬᠢᠶᠠᠨ ᠪᠠᠢᠭᠤᠯᠤᠯᠲᠠ᠎ᠶ᠋ᠢᠨ ᠴᠢᠳᠠᠮᠵᠢ᠎ᠶ᠋ᠢ ᠭᠦᠢᠴᠡᠳ ᠪᠠᠳᠠᠷᠠᠭᠤᠯᠪᠠᠯ᠂ ᠨᠠᠮ᠎ᠤᠨ ᠤᠳᠤᠷᠢᠳᠤᠯᠭ᠎ᠠ ᠰᠠᠶᠢ ᠤᠷᠤᠭᠰᠢᠲᠠᠢ ᠶᠠᠪᠤᠭᠳᠠᠵᠤ᠂ ᠨᠠᠮ᠎ᠤᠨ ᠤᠳᠤᠷᠢᠳᠭᠤ ᠳᠠᠪᠠᠭᠤᠯᠢᠭ᠎ᠢ ᠬᠥᠭ᠌ᠵᠢᠯᠲᠡ᠎ᠶ᠋ᠢᠨ ᠳᠠᠪᠠᠭᠤᠯᠢᠭ ᠪᠣᠯᠭᠠᠨ ᠬᠤᠪᠢᠷᠠᠭᠤᠯᠵᠤ ᠴᠢᠳᠠᠨ᠎ᠠ》 ᠭᠡᠵᠦ᠍ ᠴᠢ ᠸᠧᠢ ᠭᠤᠸᠠᠩ ᠬᠡᠯᠡᠪᠡ᠃

《ᠬᠠᠮᠤᠭ᠎ᠤᠨ ᠭᠤᠶᠤ ᠱᠢᠨ᠎ᠡ ᠴᠠᠭ ᠦᠶ᠎ᠡ᠎ᠶ᠋ᠢᠨ ᠬᠤᠪᠢᠰᠭᠠᠯᠲᠤ ᠴᠡᠷᠢᠭ》᠂ ᠲᠡᠢ᠌ᠷᠦᠯᠳᠦ ᠰᠤᠮᠤᠨ᠎ᠤ ᠴᠡᠷᠢᠭ᠎ᠦᠨ ᠨᠢᠭᠡᠨ ᠬᠤᠷᠢᠶ᠎ᠠ ᠵᠢᠨ ᠤᠯᠤᠰ ᠲᠦᠷᠦ᠍᠎ᠶ᠋ᠢᠨ ᠠᠵᠢᠯ᠎ᠤᠨ ᠭᠠᠵᠠᠷ᠎ᠤᠨ ᠡᠷᠬᠢᠯᠡᠭ᠌ᠴᠢ ᠵᠠᠩ ᠫᠢᠩ ᠺᠦᠨ ᠲᠥᠯᠥᠭᠡᠯᠡᠭ᠌ᠴᠢ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠪᠣᠯ ᠨᠠᠮ᠎ᠤᠨ ᠪᠠᠢᠭᠤᠯᠤᠮᠵᠢ ᠵᠢᠨ 《ᠮᠡᠳᠡᠷᠡᠯ᠎ᠦᠨ ᠰᠡᠵᠢᠭᠦᠷ》 ᠮᠥᠨ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠴᠣᠭ᠍ᠴᠠᠯᠠᠯᠲᠠ᠎ᠶ᠋ᠢ ᠳᠡᠭᠡᠳᠦ ᠬᠡᠮᠵᠢᠢ᠎ᠡ᠎ᠪᠡᠷ ᠴᠢᠬᠤᠯᠠᠴᠢᠯᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠢᠭᠡ ᠪᠦᠷᠢ᠎ᠶ᠋ᠢ ᠴᠦᠮ ᠪᠠᠲᠤ ᠴᠢᠩᠭ᠎ᠠ ᠲᠠᠢ᠌ᠴᠢᠨ ᠪᠡᠬᠢᠯᠡᠯᠲᠡ ᠪᠣᠯᠭᠠᠨ ᠳᠠᠪᠲᠠᠨ ᠪᠣᠯᠪᠠᠰᠤᠷᠠᠭᠤᠯᠵᠤ᠂ ᠳᠡᠭᠡᠷ᠎ᠠ ᠲᠤᠤᠷ᠎ᠠ ᠱᠠᠳᠤ᠎ᠪᠠᠷ᠎ᠢᠶᠠᠨ ᠨᠡᠪᠲᠡᠷᠡᠯᠴᠡᠭ᠌ᠰᠡᠨ᠂ ᠬᠡᠷᠡᠭ᠌ᠵᠢᠭᠦᠯᠦᠯᠲᠡ ᠨᠢ ᠬᠦᠴᠦᠲᠡᠢ ᠨᠢᠭ᠍ᠲᠠ ᠴᠢᠩᠭ᠎ᠠ ᠵᠣᠬᠢᠶᠠᠨ ᠪᠠᠢᠭᠤᠯᠤᠯᠲᠠ᠎ᠶ᠋ᠢᠨ ᠱᠢᠰᠲᠸᠮ᠎ᠢ ᠪᠦᠷᠢᠯᠳᠦᠭᠦᠯᠵᠦ᠍᠂ ᠨᠠᠮ᠎ᠤᠨ ᠤᠳᠤᠷᠢᠳᠤᠯᠭ᠎ᠠ᠎ᠶ᠋ᠢ ᠨᠡᠩ ᠪᠠᠲᠤ ᠴᠢᠩᠭ᠎ᠠ ᠬᠦᠴᠦᠨ᠎ᠲᠡᠶ ᠪᠣᠯᠭᠠᠬᠤ ᠬᠡᠷᠡᠭ᠌ᠲᠡᠢ ᠭᠡᠵᠦ ᠦᠵᠡᠪᠡ᠃

ᠴᠡᠷᠢᠭ᠎ᠦᠨ ᠶᠠᠪᠤᠳᠠᠯ᠎ᠤᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠶᠡᠬᠡ ᠰᠤᠷᠭᠠᠭᠤᠯᠢ᠂ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠶᠡᠬᠡ ᠰᠤᠷᠭᠠᠭᠤᠯᠢ᠎ᠶ᠋ᠢᠨ ᠲᠤᠰᠭᠠᠢ ᠮᠡᠷᠭᠡᠵᠢᠯᠲᠡᠨ᠂ ᠴᠡᠷᠢᠭ ᠠᠩᠬᠢ᠎ᠶ᠋ᠢᠨ ᠡᠯ᠎ᠡ ᠱᠠᠲᠤᠨ᠎ᠤ ᠨᠠᠮ᠎ᠤᠨ ᠬᠣᠷᠢᠢ᠎ᠠ ᠨᠢ ᠴᠡᠷᠢᠭ ᠠᠩᠬᠢ᠎ᠶ᠋ᠢᠨ ᠪᠦᠲᠦᠭᠡᠨ ᠪᠠᠢᠭᠤᠯᠤᠯᠲᠠ ᠳᠤᠮᠳᠠ ᠭᠣᠣᠯᠯᠠᠬᠤ ᠪᠠᠢᠷᠢᠨ᠎ᠳᠤ ᠣᠷᠣᠱᠢᠵᠤ᠂ ᠵᠠᠩᠭᠢᠯᠠᠭ᠎ᠠ᠎ᠶ᠋ᠢᠨ ᠦᠢᠯᠡᠳᠦᠯ ᠦᠵᠡᠭᠦᠯᠵᠦ᠍᠂ ᠪᠦᠬᠦ᠌ ᠲᠠᠯ᠎ᠠ᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍ ᠪᠠᠢᠳᠠᠭ᠂ ᠢᠯᠠᠩᠭᠤᠶ᠎ᠠ ᠠᠷᠮᠢ᠎ᠶ᠋ᠢᠨ ᠲᠡᠰ᠎ᠡᠴᠡ ᠳᠡᠭᠡᠭ᠌ᠰᠢᠬᠢ ᠳᠡᠭᠡᠳᠦ ᠳᠠᠪᠬᠤᠷᠭ᠎ᠠ᠎ᠶ᠋ᠢᠨ ᠨᠠᠮ᠎ᠤᠨ ᠬᠣᠷᠢᠢ᠎ᠠ ᠨᠢ ᠮᠠᠨ᠎ᠤ ᠴᠡᠷᠢᠭ᠎ᠦᠨ ᠨᠠᠮ᠎ᠤᠨ ᠵᠣᠬᠢᠶᠠᠨ ᠪᠠᠢᠭᠤᠯᠤᠯᠲᠠ᠎ᠶ᠋ᠢᠨ ᠱᠢᠰᠲ᠋ᠧᠮ᠎ᠳᠦ ᠴᠢᠬᠤᠯᠠ ᠪᠠᠢᠷᠢ ᠰᠠᠭᠤᠷᠢ᠎ᠲᠠᠶ ᠶᠤᠮ᠃ ᠳᠡᠭᠡᠳᠦ ᠱᠠᠲᠤᠨ᠎ᠤ ᠨᠠᠮ᠎ᠤᠨ ᠬᠣᠷᠢᠢ᠎ᠠ᠎ᠶ᠋ᠢ ᠴᠢᠩᠭ᠎ᠠ ᠡᠵᠡᠮᠳᠡᠵᠦ᠂ ᠳᠡᠭᠡᠷ᠎ᠠ ᠱᠠᠳᠤ ᠨᠢ ᠳᠤᠤᠷ᠎ᠠ ᠱᠠᠳᠤ᠎ᠪᠠᠨ ᠳᠠᠭᠠᠭᠤᠯᠬᠤ᠂ ᠴᠢᠩᠭ᠎ᠠ ᠱᠠᠭᠠᠷᠳᠠᠬᠤ᠎ᠶ᠋ᠢ ᠪᠠᠷᠢᠮᠲᠠᠯᠠᠵᠤ᠂ ᠤᠯᠤᠰ ᠲᠦᠷᠦ᠍᠎ᠶ᠋ᠢᠨ ᠮᠠᠭᠠᠳᠯᠠᠬᠤ ᠴᠢᠳᠠᠪᠤᠷᠢ᠂ ᠤᠯᠤᠰ ᠲᠦᠷᠦ᠍᠎ᠶ᠋ᠢᠨ ᠤᠬᠠᠪᠦᠷᠢᠯᠠᠬᠤ ᠴᠢᠳᠠᠪᠤᠷᠢ᠂ ᠤᠯᠤᠰ ᠲᠦᠷᠦ᠍᠎ᠶ᠋ᠢᠨ ᠭᠦᠢᠴᠡᠳᠭᠡᠬᠦ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠤᠳᠤᠷᠢᠳᠴᠤ ᠲᠠᠢ᠌ᠨ᠎ᠳᠦ ᠪᠡᠯᠡᠳᠭᠡᠵᠦ᠍ ᠪᠠᠢᠯᠳᠤᠭᠠᠨ ᠬᠢᠬᠦ᠌ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠨᠠᠮ᠎ᠤᠨ ᠬᠤᠷᠢᠶ᠎ᠠ ᠵᠢᠨ ᠤᠳᠤᠷᠢᠳᠭᠤ ᠪᠠᠭ᠎ᠤᠨ ᠲᠤᠰ ᠪᠡᠶ᠎ᠡ᠎ᠶ᠋ᠢᠨ ᠪᠠᠢᠭᠤᠯᠤᠯᠲᠠ᠎ᠶ᠋ᠢ ᠴᠢᠩᠭ᠎ᠠ ᠬᠦᠴᠦᠲᠡᠢ ᠪᠤᠯᠭᠠᠬᠤ ᠬᠡᠷᠡᠭᠲᠡᠢ ᠭᠡᠵᠦ ᠢᠯᠡᠳᠭᠡᠪᠡ᠃

ᠬᠤᠪᠢᠰᠭᠠᠯᠲᠦ ᠲᠤᠰᠭᠠᠢᠵᠢᠭ᠍ᠰᠠᠨ ᠴᠢᠳᠠᠪᠤᠷᠢᠲᠠᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠨ᠎ᠠ

《ᠲᠠᠢ᠌ᠨ᠎ᠳᠦ ᠢᠯᠠᠵᠤ ᠢᠯᠠᠭ᠍ᠳᠠᠬᠤ᠎ᠶ᠋ᠢ ᠲᠣᠭ᠍ᠲᠠᠭᠠᠬᠤ ᠵᠠᠩᠭᠢᠯᠠᠭ᠎ᠠ᠎ᠶ᠋ᠢᠨ ᠡᠯᠧᠮᠧᠨ᠋ᠲ ᠪᠣᠯ ᠬᠥᠮᠦᠨ ᠪᠤᠯᠤᠨ᠎ᠠ᠂ ᠬᠠᠷᠢᠨ ᠪᠣᠳᠠᠰ ᠪᠢᠰᠢ᠃ ᠬᠤᠪᠢᠰᠭᠠᠯᠲᠦ ᠲᠤᠰᠭᠠᠢᠵᠢᠭ᠍ᠰᠠᠨ ᠴᠢᠳᠠᠪᠤᠷᠢᠲᠠᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ ᠬᠠᠮᠤᠭ᠎ᠤᠨ ᠱᠢᠨ᠎ᠡ ᠤᠨᠤᠯ᠎ᠤᠨ ᠦᠷ᠎ᠡ ᠪᠦᠲᠦᠭᠡᠯ᠎ᠢ ᠬᠤᠪᠢᠰᠭᠠᠯᠲᠦ ᠲᠤᠰᠭᠠᠢᠵᠢᠭ᠍ᠰᠠᠨ ᠴᠡᠷᠢᠭ᠎ᠦᠨ ᠶᠠᠪᠤᠳᠠᠯ᠎ᠤᠨ ᠴᠢᠳᠠᠪᠤᠷᠢᠲᠠᠨ᠎ᠢ ᠬᠥᠮᠦᠵᠢᠭᠦᠯᠬᠦ᠌ ᠪᠦᠬᠦ᠌ ᠶᠠᠪᠤᠴᠠ᠎ᠳᠤ ᠠᠭᠤᠰᠤᠯᠴᠠᠭᠤᠯᠵᠤ᠂ ᠨᠠᠮ᠎ᠤᠨ ᠱᠢᠨ᠎ᠡ ᠵᠢ ᠡᠭᠦᠳᠦᠭᠰᠡᠨ ᠤᠨᠤᠯ᠎ᠢᠶᠠᠷ ᠰᠦᠭ ᠰᠦᠨᠡᠰᠦ᠎ᠶ᠋ᠢ ᠱᠤᠭᠤᠵᠤ ᠬᠥᠮᠦᠨ ᠬᠥᠮᠦᠵᠢᠭᠦᠯᠬᠦ᠌᠎ᠶ᠋ᠢ ᠴᠥᠬᠥᠷᠡᠰᠢ ᠦᠭᠡᠢ ᠪᠠᠷᠢᠮᠲᠠᠯᠠᠵᠤ᠂ ᠳᠠᠷᠤᠭ᠎ᠠ ᠪᠠᠢᠯᠳᠤᠭ᠍ᠴᠢᠳ᠎ᠤᠨ ᠨᠠᠮ᠎ᠤᠨ ᠦᠭᠡ᠎ᠶ᠋ᠢ ᠰᠣᠨᠣᠰᠭᠤ᠂ ᠨᠠᠮ᠎ᠢᠶᠠᠨ ᠳᠠᠭᠠᠨ ᠤᠷᠤᠭᠰᠢᠯᠠᠬᠤ ᠦᠵᠡᠯ ᠰᠠᠨᠠᠭᠠᠨ᠎ᠤ ᠰᠠᠭᠤᠷᠢ᠎ᠶ᠋ᠢ ᠪᠡᠬᠢᠵᠢᠭᠦᠯᠵᠦ᠍᠂ ᠨᠠᠮ᠎ᠤᠨ ᠱᠢᠨ᠎ᠡ ᠵᠢ ᠡᠭᠦᠳᠦᠭᠰᠡᠨ  ᠤᠨᠤᠯ᠎ᠢ ᠴᠡᠷᠢᠭ᠎ᠢ ᠬᠦᠴᠦᠷᠬᠡᠭ᠌ᠵᠢᠭᠦᠯᠬᠦ᠌ ᠬᠥᠭ᠌ᠵᠢᠯᠲᠡ᠎ᠶ᠋ᠢ ᠬᠦᠳᠦᠯᠦᠨ ᠳᠠᠭᠠᠭᠤᠯᠬᠤ ᠦᠵᠡᠯ ᠰᠠᠨᠠᠭᠠᠨ᠎ᠤ ᠲᠤᠭ ᠪᠣᠯᠭᠠᠬᠤ ᠬᠡᠷᠡᠭ᠌ᠲᠡᠢ》 ᠭᠡᠵᠦ᠍ ᠬᠠᠭᠤᠷᠠᠢ ᠵᠠᠮ᠎ᠤᠨ ᠴᠡᠷᠢᠭ᠎ᠦᠨ ᠶᠡᠬᠡ ᠰᠤᠷᠭᠠᠭᠤᠯᠢ᠎ᠶ᠋ᠢᠨ ᠫᠷᠤᠹᠸᠰᠰᠤᠷ ᠮᠠᠨ ᠺᠠᠢ ᠬᠣᠩ ᠭᠡᠱᠢᠭᠦᠨ ᠬᠡᠯᠡᠪᠡ᠃

ᠵᠡᠪᠰᠡᠭ᠌ᠲᠦ ᠴᠠᠭ᠍ᠳᠠᠭ᠎ᠠ ᠳᠠᠯᠠᠶ᠎ᠶ᠋ᠢᠨ ᠴᠠᠭ᠍ᠳᠠᠭᠠᠨ᠎ᠤ ᠶᠡᠷᠦᠩᠬᠡᠶ ᠠᠩᠭᠢ᠎ᠶ᠋ᠢᠨ ᠨᠢᠭᠡᠨ ᠰᠠᠯᠪᠤᠷᠢ ᠠᠩᠭᠢ ᠳᠠᠯᠠᠶ ᠳᠡᠭᠡᠷᠡᠬᠢ ᠲᠡᠮᠡᠴᠡᠯ᠎ᠦᠨ ᠨᠢᠭᠡᠳᠦᠭᠡᠷ ᠹᠷᠣᠨᠲ᠎ᠲᠤ ᠪᠠᠢᠷᠢᠯᠠᠵᠤ᠂ ᠲᠡᠳᠡ ᠠᠵᠢᠯ᠎ᠤᠨ ᠪᠠᠢᠷᠢ᠎ᠶ᠋ᠢᠨ ᠪᠣᠯᠪᠠᠰᠤᠷᠠᠯ ᠬᠦᠷᠲᠡᠭᠡᠬᠦ᠌᠂ ᠲᠤᠰᠭᠠᠶ ᠪᠣᠯᠪᠠᠰᠤᠷᠠᠯ ᠬᠦᠷᠲᠡᠭᠡᠬᠦ᠌᠂ ᠰᠤᠷᠭᠠᠭᠤᠯᠢ᠎ᠳᠤ ᠬᠦᠷᠬᠡᠵᠤ ᠪᠣᠯᠪᠠᠰᠤᠷᠠᠯ ᠬᠦᠷᠲᠡᠭᠡᠬᠦ᠌ ᠵᠡᠷᠭᠡ ᠬᠡᠯᠪᠡᠷᠢ᠎ᠪᠡᠷ ᠴᠢᠳᠠᠪᠤᠷᠢᠲᠠᠨ ᠬᠥᠮᠦᠵᠢᠭᠦᠯᠬᠦ᠌᠎ᠶ᠋ᠢ ᠴᠢᠩᠭᠠᠳᠭᠠᠵᠤ᠂ ᠡᠷᠬᠡ᠎ᠪᠡᠨ ᠬᠠᠮᠠᠭᠠᠯᠠᠬᠤ ᠬᠠᠤᠯᠢ ᠬᠡᠷᠡᠭ᠌ᠵᠢᠭᠦᠯᠬᠦ᠌ ᠴᠢᠳᠠᠪᠤᠷᠢ᠎ᠪᠠᠨ ᠳᠡᠭᠡᠭ᠌ᠰᠢᠯᠡᠭᠦᠯᠵᠦ᠍ ᠪᠠᠢᠨ᠎ᠠ᠃ ᠰᠠᠯᠪᠤᠷᠢ ᠠᠩᠭᠢ᠎ᠶ᠋ᠢᠨ ᠤᠯᠤᠰ ᠲᠥᠷᠥ᠎ᠶ᠋ᠢᠨ ᠠᠵᠢᠯ᠎ᠤᠨ ᠬᠡᠯᠲᠡᠰ᠎ᠦᠨ ᠡᠷᠬᠢᠯᠡᠭ᠌ᠴᠢ ᠬᠤᠸᠠᠩ ᠵᠧᠸ᠋ ᠹᠸᠩ᠂ ᠴᠢᠳᠠᠪᠤᠷᠢᠲᠠᠨ᠎ᠢ ᠬᠦᠨᠳᠦᠳᠭᠡᠬᠦ᠌᠂ ᠴᠢᠳᠠᠪᠤᠷᠢᠲᠠᠨ᠎ᠢ ᠬᠠᠢᠷᠠᠯᠠᠬᠤ ᠰᠠᠢᠨ ᠰᠠᠢᠬᠠᠨ ᠠᠭᠤᠷ ᠠᠮᠢᠰᠭᠤᠯ᠎ᠢ ᠢᠳᠡᠪᠬᠢᠲᠡᠶ ᠪᠣᠶ ᠪᠣᠯᠭᠠᠵᠤ᠂ ᠴᠢᠳᠠᠪᠤᠷᠢᠲᠠᠨ᠎ᠤ ᠦᠰᠦᠨ ᠪᠣᠢᠵᠢᠯᠲᠠ᠎ᠶ᠋ᠢᠨ ᠵᠣᠪᠠᠨᠢᠯ᠎ᠢ ᠱᠢᠶ᠋ᠳᠪᠦᠷᠢᠯᠡᠪᠡᠯ ᠰᠠᠶᠢ ᠡᠯ᠎ᠡ ᠲᠥᠷᠥᠯ᠎ᠦᠨ ᠴᠢᠳᠠᠪᠤᠷᠢᠲᠠᠨ᠎ᠤ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ ᠪᠠ ᠳᠠᠯᠳᠠ ᠬᠦᠴᠦᠨ᠎ᠢ ᠬᠥᠭ᠌ᠵᠢᠭᠡᠵᠦ᠍᠂ ᠴᠢᠳᠠᠪᠤᠷᠢᠲᠠᠨ᠎ᠤ ᠮᠢᠨᠭᠭᠠᠨ ᠤᠨᠭᠭᠤᠴᠠ ᠳᠠᠷᠪᠠᠭᠤᠯ ᠬᠡᠢᠰᠭᠡᠨ ᠮᠦᠴᠡᠭᠡᠷᠬᠡᠨ ᠤᠷᠤᠭᠰᠢᠯᠠᠬᠤ ᠠᠮᠢᠳᠤᠯᠢᠭ ᠪᠠᠢᠳᠠᠯ᠎ᠢ ᠪᠣᠶ ᠪᠣᠯᠭᠠᠵᠤ ᠴᠢᠳᠠᠨ᠎ᠠ ᠭᠡᠵᠤ ᠢᠯᠡᠳᠭᠡᠪᠡ᠃

ᠥᠩᠭᠡᠷᠡᠭ᠌ᠰᠡᠨ ᠨᠢᠭᠡ ᠵᠢᠯ᠎ᠳᠦ᠂ ᠲᠠᠯᠠᠢ᠎ᠶ᠋ᠢᠨ ᠴᠡᠷᠢᠭ᠎ᠠᠭᠠᠷ᠎ᠤᠨ ᠴᠡᠷᠢᠭ᠎ᠦᠨ ᠨᠢᠭᠡᠨ ᠬᠣᠷᠢᠶ᠎ᠠ᠎ᠶ᠋ᠢᠨ ᠵᠢᠭᠠᠨ ᠰᠤᠷᠭᠠᠯᠲᠠ᠎ᠶ᠋ᠢᠨ ᠪᠦᠯᠬᠦᠮ᠎ᠦᠨ ᠬᠢᠨ ᠰᠤᠷᠲᠠᠯ᠎ᠢ ᠪᠤᠢ ᠪᠣᠯᠭᠠᠬᠤ᠂ ᠰᠠᠬᠢᠯᠭ᠎ᠠ ᠪᠠᠲᠤ ᠪᠡᠷ  ᠬᠢᠵᠠᠭᠠᠷᠯᠠᠬᠤ ᠵᠢ ᠨᠢᠰᠭᠡᠯ ᠪᠦᠷᠢ᠎ᠶᠢᠨ ᠨᠢᠰᠴᠦ᠍ ᠪᠠᠭᠤᠬᠤ᠂ ᠲᠢᠩᠬᠢᠮ ᠪᠦᠷᠢ᠎ᠶ᠋ᠢᠨ ᠵᠢᠭᠠᠨ ᠰᠤᠷᠭᠠᠯᠲᠠ᠂ ᠪᠣᠯᠪᠠᠰᠤᠷᠠᠯ ᠪᠦᠷᠢ᠎ᠳᠦ ᠠᠭᠤᠰᠤᠯᠴᠠᠭᠤᠯᠵᠤ᠂ ᠠᠷᠢᠭᠤᠨ ᠴᠡᠪᠡᠷ ᠢᠷᠠᠭᠤ ᠠᠯᠳᠠᠷ᠎ᠢ ᠪᠡᠬᠢᠵᠢᠭᠦᠯᠬᠦ᠌᠂ ᠱᠢᠯᠢᠳᠡᠭ ᠤᠯᠠᠮᠵᠢᠯᠠᠯ᠎ᠢᠶᠠᠨ ᠦᠷᠭᠦᠯᠵᠢᠯᠡᠨ ᠵᠠᠯᠭᠠᠮᠵᠢᠯᠠᠬᠤ ᠶ᠋ᠢ ᠴᠢᠳᠠᠪᠤᠷᠢᠲᠠᠨ ᠬᠥᠮᠦᠵᠢᠭᠦᠯᠬᠦ᠌ ᠪᠦᠬᠦ᠌ ᠶᠠᠪᠤᠴᠠ᠎ᠳᠤ ᠠᠭᠤᠰᠤᠯᠴᠠᠭᠤᠯᠪᠠ᠃ ᠨᠢᠰᠦᠯᠲᠡ ᠎ᠶᠢᠨ ᠰᠤᠷᠭᠠᠭ᠍ᠴᠢ᠎ᠶ᠋ᠢᠨ ᠲᠤᠱᠢᠶᠠᠯ᠎ᠢ ᠡᠭᠦᠷᠭᠡᠯᠡᠵᠦ᠍ ᠪᠠᠢᠭ᠎ᠠ ᠬᠤᠷᠢᠶ᠎ᠠ᠎ᠶᠢᠨ ᠱᠲ᠋ᠠᠪ᠎ᠤᠨ ᠳᠠᠷᠤᠭ᠎ᠠ ᠯᠢ ᠵᠤᠤ ᠲᠥᠯᠥᠭᠡᠯᠡᠭ᠌ᠴᠢ᠄ 《ᠪᠢᠳᠠ ᠥᠪᠡᠷ ᠪᠡᠶ᠎ᠡ᠎ᠶᠢᠨ ᠬᠤᠪᠢᠰᠭᠠᠯ ᠬᠢᠬᠦ᠌ ᠵᠣᠷᠢᠭ ᠰᠠᠨᠠᠭ᠎ᠠ᠎ᠪᠠᠷ ᠵᠢᠭᠠᠨ ᠰᠤᠷᠭᠠᠯᠲᠠ᠎ᠶ᠋ᠢᠨ ᠣᠢᠯᠠᠭᠠᠭ᠍ᠳᠠᠬᠤᠨ᠂ ᠪᠣᠯᠪᠠᠰᠤᠷᠠᠯ᠎ᠤᠨ ᠰᠤᠷᠲᠠᠯ᠂ ᠴᠢᠳᠠᠪᠤᠷᠢᠲᠠᠨ᠎ᠢ ᠬᠥᠮᠦᠵᠢᠭᠦᠯᠬᠦ᠌ ᠬᠡᠯᠬᠢᠶᠡᠵᠢᠯ᠎ᠢ ᠪᠦᠬᠦ᠌ ᠲᠠᠯ᠎ᠠ᠎ᠪᠠᠷ ᠪᠠᠢᠴᠠᠭᠠᠨ ᠱᠢᠨᠵᠢᠵᠦ᠍᠂ ᠤᠯᠤᠰ ᠲᠦᠷᠦ᠍᠎ᠶ᠋ᠢᠨ ᠲᠠᠯ᠎ᠠ᠎ᠪᠠᠷ ᠪᠠᠲᠤ ᠴᠢᠩᠭ᠎ᠠ᠂ ᠡᠷᠳᠡᠮ ᠴᠢᠳᠠᠪᠤᠷᠢ ᠰᠠᠢ᠌ᠨ᠂ ᠰᠤᠷᠲᠠᠯ ᠱᠢᠯᠢᠳᠡᠭ ᠨᠢᠭᠡ ᠪᠦᠯᠦᠭ ᠲᠠᠯᠠᠢ ᠠᠭᠠᠷ᠎ᠤᠨ ᠱᠢᠨ᠎ᠡ ᠬᠦᠴᠦᠨ ᠴᠡᠷᠢᠭ᠎ᠢ ᠳᠠᠪᠲᠠᠨ ᠪᠣᠯᠪᠠᠰᠤᠷᠠᠭᠤᠯᠬᠤ ᠬᠡᠷᠡᠭ᠌ᠲᠡᠢ》 ᠭᠡᠪᠡ᠃

ᠠᠭᠠᠷ᠎ᠤᠨ ᠴᠡᠷᠢᠭ ᠠᠭᠠᠷ᠎ᠤᠨ ᠠᠶᠠᠯᠠᠯ᠎ᠤᠨ ᠴᠡᠷᠢᠭ᠎ᠦᠨ ᠨᠢᠭᠡᠨ ᠳ᠋ᠢᠸᠢᠽᠢ᠎ᠶ᠋ᠢᠨ ᠨᠢᠰᠦᠭᠴᠢ ᠴᠧᠨ ᠵᠢᠨ ᠯᠠᠨ ᠲᠥᠯᠥᠭᠡᠯᠡᠭ᠌ᠴᠢ᠂ ᠡᠪ ᠬᠠᠮᠲᠤ ᠨᠠᠮ᠎ᠤᠨ ᠭᠡᠱᠢᠭᠦᠨ᠂ ᠬᠤᠪᠢᠰᠭᠠᠯᠲᠤ ᠴᠡᠷᠢᠭ᠎ᠦᠨ ᠬᠥᠮᠦᠨ᠎ᠳᠦ ᠠᠪᠴᠤ᠌ ᠬᠡᠯᠡᠪᠡᠯ᠂ ᠲᠡᠷᠢᠭᠦᠯᠡᠭ᠌ᠴᠢ ᠰᠢ ᠵᠢᠨ ᠫᠢᠩ᠎ᠦᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ᠎ᠳᠤ ᠡᠷᠡᠰ ᠭᠤᠢᠪᠢᠰᠢ ᠦᠭᠡᠢ᠎ᠪᠡᠷ ᠨᠠᠮ᠎ᠤᠨ ᠦᠭᠡ᠎ᠶ᠋ᠢ ᠰᠣᠨᠣᠰᠴᠤ᠌᠂ ᠨᠠᠮ᠎ᠢᠶᠠᠨ ᠳᠠᠭᠠᠨ ᠤᠷᠤᠭᠰᠢᠯᠠᠬᠤ ᠬᠡᠷᠡᠭ᠌ᠲᠡᠢ᠂ ᠨᠠᠮ ᠶᠠᠭᠤ ᠬᠢ ᠭᠡᠪᠡᠯ ᠶᠠᠭᠤ ᠬᠢᠵᠦ᠍᠂ ᠨᠠᠮ ᠬᠠᠮᠢᠭᠠᠰᠢ᠎ᠪᠠᠨ ᠵᠢᠭᠠᠪᠠᠯ ᠲᠡᠨᠳᠡ ᠬᠦᠷᠲᠡᠯ᠎ᠡ ᠪᠠᠢᠯᠳᠤᠵᠤ᠂ ᠵᠠᠷᠯᠢᠭ ᠴᠠᠭᠠᠵᠠ᠎ᠶ᠋ᠢ ᠳᠠᠭᠠᠬᠤ᠎ᠶ᠋ᠢ ᠦᠨᠡᠡ᠎ᠬᠦ ᠪᠠᠲᠤᠯᠠᠬᠤ ᠬᠡᠷᠡᠭ᠌ᠲᠡᠢ ᠭᠡᠵᠦ ᠢᠯᠡᠳᠭᠡᠪᠡ᠃

ᠮᠡᠳᠡᠭᠡ ᠵᠠᠩᠭᠢ᠎ᠵᠢᠨ ᠲᠤᠰᠠᠯᠠᠬᠤ ᠴᠡᠷᠢᠭ ᠠᠩᠬᠢ᠂ ᠰᠦᠯᠵᠢᠶᠡᠨ᠎ᠦ ᠣᠷᠣᠨ ᠵᠠᠢ᠎ᠶ᠋ᠢᠨ ᠴᠡᠷᠢᠭ ᠠᠩᠬᠢ᠎ᠶ᠋ᠢᠨ ᠲᠥᠯᠥᠭᠡᠯᠡᠭ᠌ᠴᠢᠳ᠂ ᠴᠢᠳᠠᠪᠤᠷᠢᠲᠠᠨ᠎ᠤ ᠥᠨᠳᠥᠷᠯᠢᠭ᠎ᠢ ᠴᠣᠭ᠍ᠴᠠᠯᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠴᠡᠷᠢᠭ᠎ᠦᠨ ᠶᠠᠪᠤᠳᠠᠯ᠎ᠤᠨ ᠬᠡᠷᠡᠭ᠌ᠴᠡᠭᠡ᠎ᠪᠡᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠬᠠᠮᠲᠤᠷᠠᠭ᠍ᠰᠠᠨ ᠪᠠᠢᠯᠳᠤᠭᠠᠨ᠎ᠤ ᠵᠢᠯᠤᠭᠤᠳᠤᠯᠭ᠎ᠠ᠂ ᠱᠢᠨ᠎ᠡ ᠬᠡᠯᠪᠡᠷᠢ᠎ᠶ᠋ᠢᠨ ᠪᠠᠢᠯᠳᠤᠭᠠᠨ᠎ᠤ ᠬᠦᠴᠦᠨ᠂ ᠳᠡᠭᠡᠳᠦ ᠲᠡᠰ ᠳᠠᠪᠬᠤᠷᠭ᠎ᠠ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠡᠭᠦᠳᠦᠯᠲᠡ᠂ ᠥᠨᠳᠥᠷ ᠲᠦᠪᠱᠢᠨ ᠪᠦᠬᠦᠢ ᠪᠠᠢᠯᠳᠤᠬᠤ ᠪᠤᠳᠤᠯᠭ᠎ᠠ᠎ᠶ᠋ᠢᠨ ᠬᠠᠮᠢᠶᠠᠷᠤᠯᠲᠠ ᠵᠡᠷᠭᠡ ᠵᠢᠨ 《ᠲᠦᠷᠪᠡᠨ ᠲᠦᠷᠦᠯ᠎ᠦᠨ ᠴᠢᠳᠠᠪᠤᠷᠢᠲᠠᠨ》᠎ᠢ᠋ ᠬᠥᠮᠦᠵᠢᠭᠦᠯᠬᠦ᠌᠎ᠵᠢ ᠰᠢᠰᠲᠸᠮ ᠲᠠᠢ ᠠᠬᠢᠭᠤᠯᠵᠤ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭ᠌ᠵᠢᠭᠦᠯᠵᠦ᠍ ᠪᠦᠲᠦᠭᠡᠨ ᠪᠠᠢᠭᠤᠯᠤᠯᠲᠠ᠎ᠶ᠋ᠢ ᠠᠳᠭᠤᠵᠤ᠂ ᠪᠦᠬᠦᠯᠢ ᠴᠣᠭ᠍ᠴᠠ᠎ᠪᠠᠷ᠎ᠢᠶᠠᠨ ᠬᠣᠯᠪᠣᠭᠠᠯᠠᠨ ᠦᠷ᠎ᠡ ᠠᠱᠢᠭ᠎ᠢ ᠨᠡᠮᠡᠭ᠌ᠳᠡᠭᠦᠯᠵᠤ᠂ ᠬᠥᠮᠦᠨ᠎ᠦ ᠴᠢᠳᠠᠪᠤᠷᠢ ᠬᠡᠪ ᠪᠣᠯᠪᠠᠰᠤᠷᠠᠯ᠎ᠢ ᠴᠡᠷᠢᠭ᠎ᠢ ᠬᠦᠴᠦᠷᠬᠡᠭ᠌ᠵᠢᠭᠦᠯᠬᠦ᠌ ᠦᠢᠯᠡᠳᠦᠯᠭᠡ᠎ᠲᠡᠶ ᠵᠣᠬᠢᠴᠠᠭᠤᠯᠤᠨ ᠬᠥᠭ᠌ᠵᠢᠭᠦᠯᠬᠦ᠌᠎ᠶ᠋ᠢ ᠪᠡᠶᠡᠯᠡᠭᠦᠯᠬᠦ᠌ ᠬᠡᠷᠡᠭ᠌ᠲᠡᠢ ᠭᠡᠵᠦ᠍ ᠦᠵᠡᠵᠡᠭᠡᠪᠡ᠃

ᠮᠠᠨ᠎ᠤ ᠨᠠᠮ ᠮᠠᠨ᠎ᠤ ᠴᠡᠷᠢᠭ᠎ᠦᠨ ᠱᠢᠯᠢᠳᠡᠭ ᠤᠯᠠᠮᠵᠢᠯᠠᠯ᠎ᠢ ᠶᠡᠬᠡ ᠪᠡᠷ ᠤᠯᠠᠮᠵᠢᠯᠠᠨ ᠪᠠᠳᠠᠷᠠᠭᠤᠯᠤᠨ᠎ᠠ

ᠲᠡᠷᠢᠭᠦᠯᠡᠭ᠌ᠴᠢ ᠰᠢ ᠵᠢᠨ ᠫᠢᠩ᠂ ᠮᠠᠨ᠎ᠤ ᠨᠠᠮ ᠮᠠᠨ᠎ᠤ ᠴᠡᠷᠢᠭ᠎ᠦᠨ ᠱᠢᠯᠢᠳᠡᠭ ᠤᠯᠠᠮᠵᠢᠯᠠᠯ᠎ᠢ ᠶᠡᠬᠡ᠎ᠪᠡᠷ ᠤᠯᠠᠮᠵᠢᠯᠠᠨ ᠪᠠᠳᠠᠷᠠᠭᠤᠯᠵᠤ᠂ ᠱᠢᠨ᠎ᠡ ᠴᠠᠭ ᠦᠶ᠎ᠡ᠎ᠶ᠋ᠢᠨ ᠴᠡᠷᠢᠭ᠎ᠢ ᠬᠦᠴᠦᠷᠬᠡᠭ᠌ᠵᠢᠭᠦᠯᠬᠦ᠌ ᠰᠣᠶᠣᠯ᠎ᠤᠨ ᠪᠠᠢᠭᠤᠯᠤᠯᠲᠠ᠎ᠶ᠋ᠢ ᠠᠬᠢᠭᠤᠯᠵᠤ᠂ ᠲᠡᠷᠢᠭᠦᠨ᠎ᠦ ᠨᠡᠢᠲᠡᠯᠢᠭ ᠵᠢᠱ᠌ᠢᠢ᠎ᠡ᠎ᠶ᠋ᠢ ᠬᠥᠮᠦᠵᠢᠭᠦᠯᠬᠦ᠌ ᠪᠠ ᠤᠷᠮᠠᠱᠢᠭᠤᠯᠤᠨ ᠵᠣᠷᠢᠭ᠍ᠵᠢᠭᠤᠯᠬᠤ᠎ᠶ᠋ᠢ ᠴᠢᠩᠭᠠᠳᠭᠠᠵᠤ᠂ ᠬᠤᠪᠢᠰᠭᠠᠯᠲᠤ ᠤᠳᠤᠮᠱᠢᠯ᠎ᠢ ᠦᠶ᠎ᠡ᠎ᠶ᠋ᠢᠨ ᠦᠶ᠎ᠡ᠎ᠳᠦ ᠤᠯᠠᠮᠵᠢᠯᠠᠵᠤ᠂ ᠱᠢᠨ᠎ᠡ ᠰᠤᠷᠲᠠᠯ ᠲᠥᠪ ᠰᠤᠷᠲᠠᠯ᠎ᠢ ᠨᠡᠩ ᠲᠡᠭᠦᠯᠳᠡᠷ ᠪᠣᠯᠭᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃

《ᠮᠠᠨ᠎ᠤ ᠨᠠᠮ ᠮᠠᠨ᠎ᠤ ᠴᠡᠷᠢᠭ᠎ᠦᠨ ᠱᠢᠯᠢᠳᠡᠭ ᠤᠯᠠᠮᠵᠢᠯᠠᠯ ᠪᠣᠯ ᠠᠬᠠᠮᠠᠳ ᠨᠢᠭᠡ ᠦᠶ᠎ᠡ᠎ᠶ᠋ᠢᠨ ᠬᠤᠪᠢᠰᠭᠠᠯᠴᠢᠳ᠎ᠤᠨ ᠤᠷᠳᠤ ᠬᠤᠭᠤᠴᠠᠭᠠᠨ᠎ᠤ ᠦᠢᠯᠡᠳᠦᠯᠭᠡ᠎ᠶ᠋ᠢᠨ ᠳᠤᠮᠳᠠᠬᠢ ᠲᠤᠷᠱᠢᠯᠭ᠎ᠠ ᠪᠠ ᠤᠶᠤᠨ ᠤᠬᠠᠭᠠᠨ᠎ᠤ ᠤᠬᠢ ᠪᠦᠲᠦᠭᠡᠯ ᠮᠥᠨ᠂ ᠦᠷᠡᠭ᠌ᠳᠡᠭ᠌ᠰᠡᠨ ᠪᠠᠭᠠᠲᠤᠷᠴᠤᠳ᠎ᠤᠨ ᠠᠷᠢᠭᠤᠨ ᠴᠢᠰᠤ ᠪᠠ ᠠᠮᠢ ᠨᠠᠰᠤ᠎ᠪᠠᠷ᠎ᠢᠶᠠᠨ ᠴᠣᠭ᠍ᠴᠠᠯᠠᠭ᠍ᠰᠠᠨ ᠢᠯᠠᠯᠲᠠ ᠤᠯᠬᠤ ᠡᠷᠳᠡᠨᠢ ᠮᠥᠨ᠂ ᠪᠢᠳᠡ ᠤᠯᠠᠮᠵᠢᠯᠠᠨ ᠵᠠᠯᠭᠠᠮᠵᠢᠯᠠᠵᠤ ᠪᠠᠳᠠᠷᠠᠭᠤᠯᠤᠨ ᠳᠡᠯᠭᠡᠷᠡᠭᠦᠯᠵᠦ᠍᠂ ᠠᠷᠠᠳ᠎ᠤᠨ ᠴᠡᠷᠢᠭ ᠠᠩᠬᠢ᠎ᠶ᠋ᠢᠨ ᠨᠠᠮ᠎ᠤᠨ ᠵᠢᠯᠤᠭᠤᠳᠤᠯᠭ᠎ᠠ᠎ᠶ᠋ᠢ ᠥᠨᠢ ᠡᠭᠦᠷᠢᠳᠡ ᠲᠠᠭᠠᠵᠤ᠂ ᠢᠯᠠᠯᠲᠠ ᠤᠯᠬᠤ ᠳᠠᠪᠠᠭᠤᠯᠢᠭ᠎ᠵᠢᠡᠨ ᠥᠨᠢ ᠡᠭᠦᠷᠢᠳᠡ ᠪᠠᠲᠤᠳᠬᠠᠵᠤ᠂ ᠠᠷᠢᠭᠤᠨ ᠴᠡᠪᠡᠷ ᠢᠷᠠᠭᠤ ᠠᠯᠳᠠᠷ᠎ᠵᠢᠡᠨ ᠥᠨᠢ ᠡᠭᠦᠷᠢᠳᠡ ᠬᠠᠳᠠᠭᠠᠯᠠᠬᠤ᠎ᠵᠢ ᠪᠠᠲᠤᠯᠠᠬᠤ ᠬᠡᠷᠡᠭ᠌ᠲᠡᠢ》 ᠭᠡᠵᠦ ᠬᠠᠮᠲᠤᠷᠠᠭ᠍ᠰᠠᠨ ᠠᠷᠤ ᠲᠠᠯ᠎ᠠ᠎ᠶ᠋ᠢᠨ ᠪᠠᠲᠤᠯᠠᠭ᠎ᠠ᠎ᠶ᠋ᠢᠨ ᠴᠡᠷᠢᠭ ᠠᠩᠭᠢ᠎ᠶ᠋ᠢᠨ ᠢᠨᠵᠧᠨᠧᠷᠢᠩ᠎ᠦᠨ ᠶᠡᠬᠡ ᠰᠤᠷᠭᠠᠭᠤᠯᠢ᠎ᠶ᠋ᠢᠨ ᠫᠷᠤᠹᠧᠰᠰᠤᠷ ᠯᠢ ᠫᠧᠩ ᠲᠥᠯᠥᠭᠡᠯᠡᠭ᠌ᠴᠢ ᠬᠡᠯᠡᠪᠡ᠃

ᠪᠠᠷᠠᠭᠤᠨ ᠬᠡᠰᠡᠭ᠎ᠦᠨ ᠬᠢᠯᠢ ᠬᠢᠵᠠᠭᠠᠷ ᠣᠷᠣᠨ᠎ᠳᠤ᠂ ᠱᠢᠨᠵᠢᠶᠠᠩ᠎ᠤᠨ ᠴᠡᠷᠢᠭ᠎ᠦᠨ ᠲᠣᠭᠣᠷᠢᠭ᠎ᠤᠨ ᠨᠢᠭᠡᠨ ᠳ᠋ᠢᠸᠢᠽᠢ᠎ᠶ᠋ᠢᠨ ᠨᠢᠭᠡᠨ ᠨᠡᠢᠯᠡᠮᠡᠯ ᠬᠣᠷᠢᠶᠠᠨ᠎ᠤ 《ᠨᠢᠭᠡᠳᠦᠭᠡᠷ ᠳᠡᠰ᠎ᠤᠨ ᠭᠠᠪᠢᠶᠠᠲᠤ ᠪᠠᠲ᠋ᠯᠢᠶᠣᠨ》 ᠳᠠᠢᠴᠢᠨ ᠬᠦᠴᠦᠨ᠎ᠦ ᠪᠠᠷᠢᠮᠵᠢᠶ᠎ᠠ᠎ᠳᠤ ᠰᠠᠭᠤᠷᠢᠯᠠᠨ᠂ ᠪᠣᠳᠠᠲᠤ ᠪᠠᠢᠯᠳᠤᠭᠠᠨᠴᠢᠯᠠᠭ᠍ᠰᠠᠨ ᠪᠣᠯᠪᠠᠰᠤᠷᠠᠯ᠎ᠢ ᠴᠢᠩᠭ᠎ᠠ ᠥᠷᠨᠢᠭᠦᠯᠪᠡ᠃ 《ᠪᠢᠳᠡ ᠬᠢᠯᠢ᠎ᠶ᠋ᠢᠨ ᠬᠠᠮᠠᠭᠠᠯᠠᠯᠲᠠ᠎ᠶ᠋ᠢ ᠬᠠᠢᠷᠠᠯᠠᠬᠤ᠂ ᠱᠢᠷᠭᠠᠭᠤ ᠬᠠᠲᠠᠭᠤᠵᠢᠯᠲᠠᠢ ᠲᠡᠮᠡᠴᠡᠬᠦ᠌᠂ ᠬᠠᠷᠠᠮ ᠦᠭᠡᠢ ᠵᠣᠷᠢᠭᠤᠯᠬᠤ᠂ ᠡᠷᠡᠯᠬᠡᠭ᠌ᠯᠡᠨ ᠲᠡᠮᠡᠴᠡᠬᠦ᠌ ᠬᠠᠷ᠎ᠠ ᠺᠦᠨᠯᠦᠨ᠎ᠦ ᠵᠣᠷᠢᠭ ᠰᠠᠨᠠᠭ᠎ᠠ᠎ᠶ᠋ᠢ ᠶᠡᠬᠡ᠎ᠪᠡᠷ ᠪᠠᠳᠠᠷᠠᠭᠤᠯᠵᠤ᠂ 〈ᠨᠢᠭᠡᠳᠦᠭᠡᠷ ᠳᠡᠰ᠎ᠤᠨ ᠭᠠᠪᠢᠶᠠᠲᠤ ᠪᠠᠲ᠋ᠯᠢᠶᠣᠨ〉᠂ 〈ᠬᠠᠷ᠎ᠠ ᠺᠦᠨᠯᠦᠨ᠎ᠦ ᠵᠠᠮ ᠵᠠᠰᠠᠬᠤ ᠭᠠᠪᠱᠢᠭᠠᠢ ᠰᠤᠮᠤ〉 ᠵᠡᠷᠭᠡ ᠲᠡᠷᠢᠭᠦᠨ᠎ᠦ ᠨᠡᠢᠲᠡᠯᠢᠭ ᠵᠢᠱ᠌ᠢᠶ᠎ᠡ᠎ᠶ᠋ᠢᠨ ᠬᠦᠲᠦᠯᠦᠨ ᠳᠠᠭᠠᠭᠤᠯᠬᠤ ᠦᠢᠯᠡᠳᠦᠯ᠎ᠢ ᠭᠦᠢᠴᠡᠳ ᠪᠠᠳᠠᠷᠠᠭᠤᠯᠪᠠ᠃ ᠪᠣᠯᠪᠠᠰᠤᠷᠠᠯ᠎ᠤᠨ ᠵᠠᠪᠰᠠᠷ᠎ᠲᠤ᠂ ᠪᠢᠳᠡ ᠠᠬᠠᠮᠠᠳ ᠴᠡᠷᠢᠭ᠎ᠢ ᠤᠷᠢᠵᠤ ᠪᠠᠢᠯᠳᠤᠭᠠᠨ᠎ᠤ ᠪᠠᠢᠷᠢᠨ᠎ᠳᠤ ᠳᠠᠬᠢᠨ ᠪᠤᠴᠠᠭᠤᠯᠵᠤ᠂ ᠬᠤᠶᠠᠭ᠍ᠲᠤ ᠲᠡᠷᠭᠡᠨ᠎ᠳᠦ ᠲᠠᠬᠢᠨ ᠮᠤᠷᠳᠠᠭᠤᠯᠤᠨ᠂ ᠬᠤᠪᠢᠰᠭᠠᠯᠲᠤ ᠤᠳᠤᠮᠱᠢᠯ᠎ᠢ ᠦᠶ᠎ᠡ᠎ᠶ᠋ᠢᠨ ᠦᠶ᠎ᠡ᠎ᠳᠦ ᠤᠯᠠᠮᠵᠢᠯᠠᠪᠠ》 ᠭᠡᠵᠦ᠍ ᠬᠣᠷᠢᠶᠠᠨ᠎ᠤ ᠺᠣᠮᠢᠰᠰᠠᠷ ᠳ᠋ᠦᠩ ᠹᠸᠢ ᠬᠡᠯᠡᠪᠡ᠃

1956 ᠣᠨ᠎ᠳᠤ ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠦᠢᠯᠡᠰ ᠡᠬᠢᠯᠡᠭ᠌ᠰᠡᠨ᠎ᠡᠴᠡ ᠨᠠᠭᠠᠱᠢᠬᠢ 70 ᠵᠢᠯ᠎ᠦᠨ ᠬᠣᠭᠣᠷᠣᠨᠳᠣ᠂ ᠦᠶ᠎ᠡ ᠦᠶ᠎ᠡ᠎ᠶ᠋ᠢᠨ ᠳᠤᠮᠳᠠᠳᠤ ᠤᠯᠤᠰ᠎ᠤᠨ ᠰᠠᠨᠰᠠᠷ᠎ᠤᠨ ᠠᠶᠠᠯᠠᠯ᠎ᠤᠨ ᠠᠵᠢᠯᠲᠠᠳ ᠤᠷᠢ ᠵᠠᠯᠠᠭᠤ ᠨᠠᠰᠤ᠎ᠪᠠᠷ᠎ᠢᠶᠠᠨ ᠡᠬᠡ ᠤᠯᠤᠰ᠎ᠤᠨ ᠰᠠᠨᠰᠠᠷ᠎ᠤᠨ ᠠᠶᠠᠯᠠᠯ᠎ᠤᠨ ᠦᠢᠯᠡᠰ᠎ᠲᠦ ᠣᠷᠣᠯᠴᠠᠵᠤ᠂ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠣᠮᠣᠭ᠍ᠰᠢᠭᠤᠯᠤᠭ᠍ᠰᠠᠨ ᠶᠡᠷᠦ᠍ ᠪᠤᠰᠤ᠎ᠶ᠋ᠢᠨ ᠠᠮᠵᠢᠯᠲᠠ ᠪᠦᠲᠦᠮᠵᠢ᠎ᠶ᠋ᠢ ᠡᠭᠦᠳᠴᠡᠢ᠃ ᠮᠠᠨ᠎ᠤ ᠤᠯᠤᠰ᠎ᠤᠨ ᠠᠩᠬᠠᠳᠠᠭ᠍ᠴᠢ ᠰᠠᠨᠰᠠᠷ ᠲᠦ᠍ ᠭᠠᠷᠤᠭᠰᠠᠨ ᠡᠮᠡᠭᠳᠡᠢ ᠰᠠᠨᠰᠠᠷᠴᠢᠨ ᠯᠢᠦ ᠶᠠᠩ ᠲᠥᠯᠥᠭᠡᠯᠡᠭ᠌ᠴᠢ᠂ 《ᠬᠣᠶᠠᠷ ᠪᠥᠮᠪᠥᠭᠡ ᠨᠢᠭᠡ ᠤᠳᠤ》 ᠵᠢᠨ ᠵᠣᠷᠢᠭ ᠰᠠᠨᠠᠭ᠎ᠠ᠂ ᠬᠥᠮᠦᠨ ᠰᠠᠭᠤᠯᠭᠠᠭᠰᠠᠨ ᠰᠠᠨᠰᠠᠷ᠎ᠤᠨ ᠠᠶᠠᠯᠠᠯ᠎ᠤᠨ ᠵᠣᠷᠢᠭ ᠰᠠᠨᠠᠭ᠎ᠠ᠎ᠶ᠋ᠢ ᠤᠯᠠᠮᠵᠢᠯᠠᠵᠤ᠂ ᠪᠦᠬᠦ᠌ ᠰᠠᠨᠰᠠᠷᠴᠢᠨ ᠡᠬᠡ ᠤᠯᠤᠰ᠎ᠤᠨ᠎ᠢᠶᠠᠨ ᠲᠥᠯᠥᠭᠡ ᠰᠠᠨᠰᠠᠷ᠎ᠢᠶᠠᠷ ᠠᠶᠠᠯᠠᠬᠤ᠎ᠪᠠᠷ ᠴᠠᠭ ᠢᠮᠠᠭ᠍ᠲᠠ ᠪᠡᠯᠡᠬᠡᠨ ᠪᠠᠢᠨ᠎ᠠ᠃ 《ᠦᠯᠦ᠍ ᠮᠡᠳᠡᠬᠦ᠌ ᠰᠠᠨᠰᠠᠷ ᠲᠡᠢᠰᠢ ᠤᠷᠤᠭ᠍ᠰᠢᠯᠠᠬᠤ ᠤᠳᠠᠭ᠎ᠠ ᠪᠦᠷᠢ᠎ᠶ᠋ᠢᠨ ᠠᠶᠠᠯᠠᠯ ᠳᠤᠮᠳᠠ ᠪᠢᠳᠡ ᠯᠠᠪᠲᠠᠢ ᠤᠭ ᠴᠢᠨᠠᠷ᠎ᠢᠶᠠᠨ ᠡᠭᠦᠷᠢᠳᠡ ᠬᠠᠳᠠᠭᠠᠯᠠᠵᠤ᠂ ᠠᠶᠤᠯ ᠲᠦᠭ᠌ᠰᠢᠭᠦᠷᠢ᠎ᠶ᠋ᠢ ᠢᠯᠠᠨ ᠳᠠᠪᠠᠵᠤ᠂ ᠰᠠᠨᠰᠠᠷ᠎ᠤᠨ ᠠᠶᠠᠯᠠᠯ᠎ᠤᠨ ᠬᠦᠴᠦᠷᠬᠡᠭ ᠤᠯᠤᠰ᠎ᠢ ᠪᠦᠲᠦᠭᠡᠨ ᠪᠠᠢᠭᠤᠯᠬᠤ᠂ ᠰᠠᠨᠰᠠᠷ᠎ᠤᠨ ᠠᠶᠠᠯᠠᠯ᠎ᠤᠨ ᠵᠡᠭᠦᠳᠦ᠍᠎ᠶ᠋ᠢ ᠲᠡᠷᠭᠡᠯᠱᠢᠭᠦᠯᠬᠦ᠌᠎ᠳᠦ ᠬᠦᠴᠦᠨ ᠴᠢᠳᠠᠯ᠎ᠢᠶᠠᠨ ᠡᠷᠭᠦᠨ᠎ᠡ》 ᠭᠡᠵᠦ ᠬᠡᠯᠡᠪᠡ᠃

ᠲᠡᠷᠢᠭᠦᠨ᠎ᠦ ᠨᠡᠢᠲᠡᠯᠢᠭ ᠵᠢᠱ᠌ᠢᠢ᠎ᠡ᠎ᠶ᠋ᠢᠨ ᠵᠢᠱ᠌ᠢᠢ᠎ᠡ ᠦᠵᠡᠭᠦᠯᠵᠦ᠍ ᠤᠷᠮᠠᠱᠢᠭᠤᠯᠤᠨ ᠵᠣᠷᠢᠭ᠍ᠵᠢᠭᠤᠯᠬᠤ ᠦᠢᠯᠡᠳᠦᠯ᠎ᠢ ᠴᠢᠬᠤᠯᠠᠴᠢᠯᠠᠨ ᠪᠠᠳᠠᠷᠠᠭᠤᠯᠬᠤ ᠪᠣᠯ ᠮᠠᠨ᠎ᠤ ᠨᠠᠮ ᠮᠠᠨ᠎ᠤ ᠴᠡᠷᠢᠭ᠎ᠦᠨ ᠱᠢᠯᠢᠳᠡᠭ ᠤᠯᠠᠮᠵᠢᠯᠠᠯ ᠪᠠ ᠪᠦᠲᠦᠮᠵᠢᠲᠡᠢ ᠠᠵᠢᠯᠯᠠᠬᠤ ᠠᠷᠭ᠎ᠠ ᠮᠥᠨ᠃ 《ᠬᠠᠳᠠᠨ ᠪᠠᠭᠠᠳᠤᠷ ᠵᠢᠷᠭᠤᠳᠤᠭᠠᠷ ᠰᠤᠮᠤ》 ᠵᠢᠨ 44 ᠳ᠋ᠤᠭᠡᠷ ᠰᠤᠮᠤᠨ ᠳᠠᠷᠤᠭ᠎ᠠ᠎ᠶ᠋ᠢᠨ ᠲᠤᠱᠢᠶᠠᠯ᠎ᠢ ᠡᠭᠦᠷᠭᠡᠯᠡᠵᠦ᠍ ᠥᠩᠭᠡᠷᠡᠭ᠌ᠰᠡᠨ 74 ᠳ᠋ᠤᠭᠡᠷ ᠨᠢᠭᠡᠳᠭᠡᠯ ᠠᠷᠮᠢ᠎ᠶ᠋ᠢᠨ ᠨᠢᠭᠡᠨ ᠨᠡᠢᠯᠡᠮᠡᠯ ᠪᠠᠷᠢᠭᠠᠳᠠ᠎ᠶ᠋ᠢᠨ ᠰᠠᠯᠠᠭᠠᠨ ᠳᠠᠷᠤᠭ᠎ᠠ ᠵᠤᠤ ᠰᠦᠩ ᠲᠥᠯᠥᠭᠡᠯᠡᠭ᠌ᠴᠢ᠄ 《ᠣᠳᠣᠬᠠᠨ᠎ᠳᠤ ᠠᠷᠠᠳ᠎ᠤᠨ ᠴᠡᠷᠢᠭ ᠠᠩᠬᠢ ᠴᠠᠭ ᠦᠶ᠎ᠡ᠎ᠶ᠋ᠢᠨ ᠣᠨᠴᠠᠯᠢᠭ᠎ᠲᠠᠶ ᠲᠡᠷᠢᠭᠦᠨ᠎ᠦ ᠨᠡᠢᠲᠡᠯᠢᠭ ᠵᠢᠱ᠌ᠢᠢ᠎ᠡ᠎ᠪᠡᠷ ᠵᠣᠷᠢᠭ᠍ᠵᠢᠭᠤᠯᠬᠤ᠂ ᠤᠷᠢᠶᠠᠯᠠᠬᠤ ᠪᠠ ᠬᠦᠳᠦᠯᠥᠨ ᠳᠠᠭᠠᠭᠤᠯᠬᠤ᠎ᠶ᠋ᠢ ᠨᠡᠩ ᠱᠠᠭᠠᠷᠳᠠᠵᠤ ᠪᠠᠢᠨ᠎ᠠ᠂ ᠵᠢᠱ᠌ᠢᠢ᠎ᠡ ᠦᠵᠡᠭᠦᠯᠦᠨ ᠵᠣᠷᠢᠭ᠍ᠵᠢᠭᠤᠯᠬᠤ᠎ᠪᠠᠷ ᠲᠠᠮᠵᠢᠨ᠂ ᠲᠠᠢ᠌ᠴᠢᠨ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠡᠷᠡᠯᠬᠡᠭ᠌ᠯᠡᠨ ᠤᠷᠤᠭ᠍ᠰᠢᠯᠠᠬᠤ ᠬᠦᠴᠦᠨ ᠴᠢᠳᠠᠯ᠎ᠢ ᠬᠥᠭ᠌ᠵᠢᠭᠡᠵᠦ᠍᠂ ᠴᠡᠷᠢᠭ᠎ᠢ ᠬᠦᠴᠦᠷᠬᠡᠭ᠌ᠵᠢᠭᠦᠯᠬᠦ᠌ ᠦᠢᠯᠡᠰ᠎ᠲᠦ ᠳᠠᠭᠤᠰᠤᠰᠢ ᠦᠭᠡᠢ ᠤᠶᠤᠨ ᠰᠠᠨᠠᠭᠠᠨ᠎ᠤ ᠬᠦᠴᠦᠨ ᠴᠢᠳᠠᠯ᠎ᠢ ᠬᠠᠩᠭᠠᠨ᠎ᠠ》 ᠭᠡᠵᠦ ᠢᠯᠡᠳᠭᠡᠪᠡ᠃

ᠡᠭᠦᠷᠭᠡ ᠬᠠᠷᠢᠭᠤᠴᠠᠯᠭ᠎ᠠ ᠡᠮᠦᠨ᠎ᠡ ᠲᠠᠯᠪᠢᠭᠳᠠᠵᠤ᠂ ᠤᠷᠤᠭᠰᠢᠯᠠᠯᠲᠠ ᠵᠢᠨ ᠪᠦᠷᠢᠶ᠎ᠡ ᠬᠠᠨᠭᠭᠢᠨᠠᠨ ᠴᠤᠤᠷᠢᠶᠠᠳᠤᠨ᠎ᠠ᠃ ᠥᠷᠭᠡᠨ ᠣᠯᠠᠨ ᠳᠠᠷᠤᠭ᠎ᠠ ᠪᠠᠢᠯᠳᠤᠭ᠍ᠴᠢ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠰᠢ ᠵᠢᠨ ᠫᠢᠩ᠎ᠦᠨ ᠴᠡᠷᠢᠭ᠎ᠢ ᠬᠦᠴᠦᠷᠬᠡᠭ᠌ᠵᠢᠭᠦᠯᠬᠦ᠌ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠱᠢᠯᠠᠭᠤᠯᠵᠤ᠂ 《ᠬᠣᠶᠠᠷ᠎ᠢ ᠲᠣᠭ᠍ᠲᠠᠭᠠᠭᠰᠠᠨ》 ᠤ᠋ ᠱᠢᠶ᠋ᠳᠪᠦᠷᠢᠲᠦ ᠴᠢᠨᠠᠷᠲᠠᠶ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠵᠦ᠍᠂ ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭ᠌ᠴᠢ ᠬᠠᠷᠢᠭᠤᠴᠠᠬᠤ ᠲᠦᠷᠢᠮ᠎ᠢ ᠲᠤᠭᠤᠱᠢᠯᠠᠭᠤᠯᠵᠤ᠂ ᠴᠡᠷᠢᠭ ᠪᠠᠢᠭᠤᠯᠤᠭᠳᠠᠭᠰᠠᠨ ᠵᠠᠭᠤᠨ ᠵᠢᠯ᠎ᠤᠨ ᠬᠠᠷᠠᠯᠳᠠ ᠵᠦᠭ ᠡᠷᠡᠯᠬᠡᠭᠯᠡᠨ ᠲᠡᠮᠡᠴᠡᠵᠦ᠂ ᠴᠡᠷᠢᠭ᠎ᠢ ᠬᠦᠴᠦᠷᠬᠡᠭᠵᠢᠭᠦᠯᠵᠦ ᠲᠡᠷᠢᠭᠦᠨ᠎ᠳᠦ ᠤᠷᠤᠬᠤ ᠎ᠳ᠋ᠦ᠍ ᠠᠩᠬᠠᠷᠤᠯ᠎ᠢᠶᠠᠨ ᠲᠥᠪᠯᠡᠷᠡᠭᠦᠯᠵᠦ᠍᠂ ᠤᠯᠤᠰ ᠲᠥᠷᠥ᠎ᠪᠡᠷ ᠴᠡᠷᠢᠭ ᠪᠠᠢᠭᠤᠯᠬᠤ᠎ᠶ᠋ᠢ ᠭᠦᠨᠵᠡᠭᠡᠶ ᠠᠬᠢᠭᠤᠯᠵᠤ᠂ ᠮᠠᠨ᠎ᠤ ᠨᠠᠮ᠎ᠤᠨ ᠤᠳᠤᠷᠢᠳᠤᠭ᠍ᠰᠠᠨ ᠡᠨᠡ ᠬᠦ᠌ ᠪᠠᠭᠠᠲᠤᠷᠯᠢᠭ ᠴᠡᠷᠢᠭ ᠠᠩᠭᠢ᠎ᠶ᠋ᠢ ᠨᠠᠩ ᠪᠠᠲᠤ ᠴᠢᠩᠭ᠎ᠠ ᠪᠣᠯᠭᠠᠨ ᠪᠣᠯᠪᠠᠰᠤᠷᠠᠭᠤᠯᠵᠤ᠂ ᠤᠯᠤᠰ᠎ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ᠎ᠶ᠋ᠢᠨ ᠣᠳᠣᠬᠢᠴᠢᠯᠠᠯᠲᠠ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠲᠠᠰᠤᠷᠠᠯᠲᠠ ᠥᠬᠡᠶ ᠡᠭᠦᠳᠦᠨ᠎ᠡ ᠭᠡᠵᠦ᠍ ᠰᠠᠨᠠᠯ ᠨᠢᠭᠡᠲᠡᠶ ᠢᠯᠡᠳᠭᠡᠵᠡᠭᠡᠪᠡ᠃

 (ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 8᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号