《ᠡᠮᠡᠭ᠌ᠲᠡᠢᠴᠦᠳ ᠪᠤᠯ ᠲᠦᠷᠦ᠍᠎ᠶ᠋ᠢᠨ ᠬᠠᠭᠠᠰ ᠲᠤᠯᠭᠠᠭᠤᠷᠢ᠃ ᠡᠨᠡ ᠬᠦ᠌ ᠦᠭᠡ ᠵᠢ ᠬᠡᠴᠢᠨᠡᠨ ᠣᠮᠣᠭ ᠲᠡᠭᠦᠯᠳᠡᠷ ᠶᠠᠷᠢᠭᠰᠠᠨ ᠪᠣᠶ!》 ᠶᠡᠷᠦᠩᠬᠡᠢ ᠱᠦᠵᠢ ᠰᠢ ᠵᠢᠨ ᠫᠢᠩ᠎ᠦᠨ ᠰᠡᠳᠭᠢᠯ᠎ᠳᠦ ᠡᠮᠡᠭ᠌ᠲᠡᠢᠴᠦᠳ ᠡᠷᠡᠭᠲᠡᠢᠴᠤᠳ ᠡᠴᠡ ᠲᠤᠳᠠᠬᠤ ᠦᠬᠡᠢ ᠤᠮᠤᠭ ᠵᠤᠷᠢᠭ ᠪᠠ ᠴᠢᠷᠮᠠᠢᠯᠭ᠎ᠠ ᠲᠡᠢ ᠪᠠᠢᠵᠤ᠂ ᠡᠮᠡᠭ᠌ᠲᠡᠢᠴᠦᠳ᠎ᠦᠨ ᠬᠦᠴᠦᠨ ᠪᠤᠯ ᠬᠢᠵᠠᠭᠠᠯᠠᠰᠢ ᠦᠭᠡᠢ ᠪᠠᠢᠳᠠᠭ᠃
3 ᠰᠠᠷ᠎ᠠ᠎ᠶ᠋ᠢᠨ 8 ᠤ᠋ ᠡᠳᠦᠷ᠂ 6.9 ᠳ᠋ᠦᠩᠱᠢᠭᠤᠷ ᠱᠢᠬᠠᠮ ᠳᠤᠮᠳᠠᠳᠤ ᠤᠯᠤᠰ᠎ᠤᠨ ᠡᠮᠡᠭ᠌ᠲᠡᠢᠴᠦᠳ ᠪᠠᠶᠠᠷ᠎ᠤᠨ ᠡᠳᠦᠷ᠎ᠢᠶᠡᠨ ᠤᠭ᠍ᠲᠤᠯ᠎ᠠ᠃
ᠲᠦᠷᠦᠭᠦᠬᠡᠨ᠂ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠳᠤᠭᠤᠢᠯᠠᠩ ᠬᠠᠮᠲᠤᠷᠠᠭ᠍ᠰᠠᠨ ᠬᠤᠷᠠᠯ᠎ᠳᠤ ᠣᠷᠣᠯᠴᠠᠬᠤ ᠦᠶ᠎ᠡ᠎ᠳᠦ᠂ ᠶᠡᠷᠦᠩᠬᠡᠶ ᠱᠦᠵᠢ ᠰᠢ ᠵᠢᠨ ᠫᠢᠩ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠵᠢᠨ ᠡᠮᠦᠨ᠎ᠡ᠎ᠡᠴᠡ ᠪᠥᠬᠥ᠌ ᠤᠯᠤᠰ᠎ᠤᠨ ᠬᠣᠶᠠᠷ ᠬᠤᠷᠠᠯ᠎ᠳᠤ ᠣᠷᠣᠯᠴᠠᠭ᠍ᠰᠠᠨ ᠡᠮᠡᠭ᠌ᠲᠡᠶ ᠲᠥᠯᠥᠭᠡᠯᠡᠭ᠌ᠴᠢ᠂ ᠡᠮᠡᠭ᠌ᠲᠡᠶ ᠭᠡᠱᠢᠭᠦᠨ᠂ ᠡᠮᠡᠭ᠌ᠲᠡᠶ ᠠᠵᠢᠯᠲᠠᠨ᠂ ᠪᠥᠬᠥ᠌ ᠤᠯᠤᠰ᠎ᠤᠨ ᠡᠯ᠎ᠡ ᠦᠨᠳᠦᠰᠦᠲᠡᠨ ᠡᠯ᠎ᠡ ᠡᠲᠡᠭᠡᠳ᠎ᠦᠨ ᠡᠮᠡᠭ᠌ᠲᠡᠢᠴᠦᠳ᠂ ᠱᠢᠶᠠᠩᠭᠠᠩ ᠣᠨᠴᠠᠭᠠᠶ ᠵᠠᠰᠠᠭ ᠵᠠᠬᠢᠷᠭᠠᠨ᠎ᠤ ᠣᠷᠣᠨ᠂ ᠣᠣᠮᠧᠨ ᠣᠨᠴᠠᠭᠠᠶ ᠵᠠᠰᠠᠭ ᠵᠠᠬᠢᠷᠭᠠᠨ᠎ᠤ ᠣᠷᠣᠨ᠂ ᠲᠠᠢᠸᠠᠨ ᠣᠷᠣᠨ᠎ᠤ ᠡᠬᠡᠴᠢ ᠳᠡᠭᠦᠦ᠍᠎ᠨᠡᠷ ᠪᠤᠯᠤᠨ ᠭᠠᠳᠠᠭᠠᠳᠤ᠎ᠳᠤ ᠰᠠᠭᠤᠭ᠎ᠠ ᠡᠮᠡᠭ᠌ᠲᠡᠶ ᠬᠠᠷᠢᠶᠠᠲᠤ ᠨᠡᠷ᠎ᠲᠦ ᠪᠠᠶᠠᠷ᠎ᠤᠨ ᠡᠳᠦᠷ᠎ᠦᠨ ᠮᠡᠨᠳᠦᠴᠢᠯᠡᠯ ᠪᠠ ᠰᠠᠢᠨ ᠰᠠᠢᠬᠠᠨ ᠵᠥᠩᠨᠡᠯ ᠳᠡᠪᠱᠢᠭᠦᠯᠪᠡ᠃
《ᠡᠮᠡᠭ᠌ᠲᠡᠢᠴᠦᠳ ᠪᠣᠯ ᠬᠥᠮᠦᠨ ᠲᠥᠷᠥᠯᠬᠢᠲᠡᠨ᠎ᠦ ᠪᠣᠯᠪᠠᠰᠤᠨ᠎ᠤ ᠴᠢᠬᠤᠯᠠ ᠡᠭᠦᠳᠦᠨ ᠪᠦᠲᠦᠭᠡᠭ᠌ᠴᠢ᠂ ᠠᠬᠢᠭᠤᠯᠤᠭ᠍ᠴᠢ᠂ ᠤᠯᠠᠮᠵᠢᠯᠠᠭ᠍ᠴᠢ ᠮᠥᠨ᠂ ᠡᠮᠡᠭ᠌ᠲᠡᠢᠴᠦᠳ᠎ᠦᠨ ᠦᠢᠯᠡᠰ᠎ᠦᠨ ᠬᠥᠭ᠌ᠵᠢᠯᠲᠡ᠎ᠶ᠋ᠢ ᠠᠬᠢᠭᠤᠯᠬᠤ ᠪᠣᠯ ᠳᠡᠯᠡᠬᠡᠢ ᠨᠡᠢᠭᠡᠮ᠎ᠦᠨ ᠬᠠᠮᠲᠤ᠎ᠶ᠋ᠢᠨ ᠬᠠᠷᠢᠭᠤᠴᠠᠯᠭ᠎ᠠ ᠮᠥᠨ》᠃ ᠨᠢᠳᠤᠨᠤᠨ᠎ᠤ 10 ᠰᠠᠷ᠎ᠠ᠎ᠳᠤ᠂ ᠪᠥᠬᠥ᠌ ᠪᠥᠮᠪᠥᠷᠴᠡᠭ᠎ᠦᠨ ᠡᠮᠡᠭ᠌ᠲᠡᠢᠴᠦᠳ᠎ᠦᠨ ᠲᠦᠷᠦᠭᠦᠴᠦᠳ᠎ᠦᠨ ᠬᠤᠷᠠᠯ ᠪᠡᠭᠡᠵᠢᠩ᠎ᠳᠦ ᠬᠤᠷᠠᠯᠳᠤᠵᠤ᠂ ᠶᠡᠷᠦᠩᠬᠡᠶ ᠱᠦᠵᠢ ᠰᠢ ᠵᠢᠨ ᠫᠢᠩ ᠡᠬᠢᠯᠡᠯᠲᠡ᠎ᠶ᠋ᠢᠨ ᠶᠣᠰᠣᠯᠠᠯ᠎ᠳᠤ ᠣᠷᠣᠯᠴᠠᠭ᠍ᠰᠠᠨ ᠪᠥᠭᠡᠳ ᠭᠤᠤᠯ ᠵᠤᠷᠢᠯᠳᠠᠳᠤ ᠶᠠᠷᠢᠶ᠎ᠠ ᠲᠠᠯᠪᠢᠵᠤ᠂ ᠪᠥᠬᠥ᠌ ᠪᠥᠮᠪᠥᠷᠴᠡᠭ᠎ᠦᠨ ᠬᠦᠶ᠋ᠰᠦ᠎ᠶ᠋ᠢᠨ ᠢᠯᠭᠠᠯ᠎ᠤᠨ ᠡᠷᠬᠡ ᠲᠡᠭ᠌ᠰᠢ ᠪᠠᠢᠬᠤ ᠪᠠ ᠡᠮᠡᠭ᠌ᠲᠡᠢᠴᠦᠳ᠎ᠦᠨ ᠪᠥᠬᠥ᠌ ᠲᠠᠯ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠬᠤ᠎ᠳᠤ ᠱᠢᠨ᠎ᠡ ᠬᠥᠳᠡᠯᠭᠡᠬᠦ᠌ ᠬᠦᠴᠦᠨ ᠨᠡᠮᠡᠷᠢᠯᠡᠪᠡ᠃
1990 ᠣᠨ᠎ᠤ 3 ᠰᠠᠷ᠎ᠠ᠎ᠶ᠋ᠢᠨ 8 ᠤ᠋ ᠡᠳᠦᠷ᠂ ᠨᠢᠩ ᠳ᠋ᠸ ᠲᠤᠰᠭᠠᠢ ᠣᠷᠣᠨ᠎ᠤ ᠨᠠᠮ᠎ᠤᠨ ᠬᠤᠷᠢᠶ᠎ᠠ᠎ᠵᠢᠨ ᠱᠦᠵᠢ ᠪᠠᠢᠭ᠍ᠰᠠᠨ ᠰᠢ ᠵᠢᠨ ᠫᠢᠩ ᠮᠢᠨ ᠳ᠋ᠦᠨᠭ᠎ᠦᠨ ᠰᠣᠨᠢᠨ᠎ᠳᠤ《ᠡᠮᠡᠭ᠌ᠲᠡᠢᠴᠦᠳ ᠪᠣᠯ ᠨᠡᠢᠭᠡᠮ᠎ᠦᠨ ᠬᠥᠭ᠌ᠵᠢᠯᠲᠡ᠎ᠶ᠋ᠢ ᠠᠬᠢᠭᠤᠯᠬᠤ ᠠᠭᠤᠤ ᠶᠡᠬᠡ ᠬᠦᠴᠦᠨ ᠮᠥᠨ — 〈3·8〉᠎ᠤ᠋ ᠳᠡᠯᠡᠬᠡᠢ᠎ᠶ᠋ᠢᠨ ᠬᠥᠳᠡᠯᠮᠦᠷᠢᠴᠢᠨ ᠡᠮᠡᠭ᠌ᠲᠡᠢᠴᠦᠳ᠎ᠦᠨ ᠪᠠᠶᠠᠷᠲᠤ ᠵᠣᠷᠢᠭᠤᠯᠪᠠ》 ᠭᠡᠬᠦ᠌ ᠭᠠᠷᠴᠠᠭ᠎ᠲᠠᠶ ᠵᠣᠬᠢᠶᠠᠯ ᠨᠡᠢᠲᠡᠯᠡᠪᠡ᠃
ᠵᠣᠬᠢᠶᠠᠯ᠎ᠳᠤ᠂ 《ᠬᠥᠮᠦᠨ ᠠᠮᠠ᠎ᠶ᠋ᠢᠨ ᠬᠠᠭᠠᠰ᠎ᠡᠴᠡ ᠳᠡᠭᠡᠭ᠌ᠰᠢᠬᠢ᠎ᠶ᠋ᠢ ᠡᠵᠡᠯᠡᠵᠦ᠍ ᠪᠠᠢᠭ᠎ᠠ ᠥᠷᠭᠡᠨ ᠤᠯᠠᠨ ᠡᠮᠡᠭ᠌ᠲᠡᠢᠴᠦᠳ ᠪᠣᠯ ᠪᠦᠬᠦᠢᠯᠡ ᠨᠡᠢᠭᠡᠮ᠎ᠦᠨ ᠬᠥᠭ᠌ᠵᠢᠯᠲᠡ᠎ᠶ᠋ᠢ ᠠᠬᠢᠭᠤᠯᠬᠤ ᠠᠭᠤᠤ ᠶᠡᠬᠡ ᠬᠦᠴᠦᠨ ᠮᠥᠨ᠃ ᠮᠠᠨ᠎ᠤ ᠠᠵᠢᠯ ᠦᠢᠯᠡᠰ᠎ᠦᠨ ᠢᠯᠠᠯᠲᠠ ᠨᠢᠭᠡ ᠪᠦᠷᠢᠳᠦ ᠴᠥᠮ ᠡᠮᠡᠭ᠌ᠲᠡᠢᠴᠦᠳ᠎ᠦᠨ ᠱᠢᠷᠭᠠᠭᠤ ᠬᠥᠳᠡᠯᠮᠦᠷᠢ ᠪᠠᠭ᠍ᠲᠠᠵᠤ ᠪᠠᠢᠳᠠᠭ》ᠭᠡᠵᠡᠢ᠃ ᠦᠭᠡ ᠥᠭᠦᠯᠡᠪᠦᠷᠢᠪᠤᠯᠭᠠᠨ ᠳ᠋ᠤᠨᠢ᠂ ᠡᠮᠡᠭ᠌ᠲᠡᠢᠴᠦᠳ᠎ᠦᠨ ᠲᠤᠬᠠᠢ ᠮᠠᠭ᠍ᠲᠠᠭᠠᠯ ᠪᠠ ᠵᠣᠷᠢᠭ᠍ᠵᠢᠭᠤᠯᠤᠯ ᠠᠭᠤᠯᠤᠭ᠍ᠳᠠᠵᠤ ᠪᠠᠢᠯ᠎ᠠ᠃
ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠶᠡᠷᠦᠩᠬᠡᠢ ᠱᠦᠵᠢ ᠰᠢ ᠵᠢᠨ ᠫᠢᠩ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠶ᠋ᠢᠨ ᠪᠦᠬᠦ᠌ ᠲᠠᠯ᠎ᠠ᠎ᠡᠴᠡ ᠡᠭᠦᠰᠴᠦ᠍᠂ 《ᠡᠮᠡᠭ᠌ᠲᠡᠢᠴᠦᠳ᠎ᠦᠨ ᠡᠷᠬᠡ ᠠᠱᠢᠭ ᠪᠣᠯ ᠦᠨᠳᠦᠰᠦᠨ ᠬᠥᠮᠦᠨ᠎ᠦ ᠡᠷᠬᠡ ᠮᠥᠨ᠃ ᠪᠢᠳᠡ ᠡᠮᠡᠭ᠌ᠲᠡᠢᠴᠦᠳ᠎ᠦᠨ ᠡᠷᠬᠡ ᠠᠱᠢᠭ᠎ᠢ ᠪᠠᠲᠤᠯᠠᠬᠤ ᠱᠢᠰᠲ᠋ᠧᠮ᠎ᠢ ᠬᠠᠤᠯᠢ ᠴᠠᠭᠠᠵᠠ ᠬᠠᠤᠯᠢ ᠲᠣᠭ᠍ᠲᠠᠭᠠᠯ᠎ᠳᠤ ᠣᠷᠣᠭᠤᠯᠵᠤ᠂ ᠤᠯᠤᠰ᠎ᠤᠨ ᠵᠣᠷᠢᠭ ᠰᠠᠨᠠᠭ᠎ᠠ ᠪᠣᠯᠭᠠᠨ ᠳᠡᠭᠡᠭ᠌ᠰᠢᠯᠡᠭᠦᠯᠵᠦ᠍᠂ ᠳᠣᠲᠣᠭᠠᠳᠤ᠎ᠳᠠᠭᠠᠨ ᠨᠡᠢᠭᠡᠮ᠎ᠦᠨ ᠠᠵᠢᠯᠯᠠᠭᠠᠨ᠎ᠤ ᠵᠢᠷᠤᠮᠵᠢᠯ ᠪᠣᠯᠭᠠᠬᠤ ᠬᠡᠷᠡᠭ᠌ᠲᠡᠢ》 ᠭᠡᠵᠦ ᠲᠤᠳᠤᠷᠬᠠᠢ ᠵᠢᠭᠠᠵᠤ ᠭᠠᠷᠭᠠᠪᠠ᠃
ᠡᠮᠡᠭ᠌ᠲᠡᠢᠴᠦᠳ᠎ᠦᠨ ᠡᠷᠬᠡ ᠠᠱᠢᠭ᠎ᠢ ᠪᠠᠲᠤᠯᠠᠬᠤ ᠬᠠᠤᠯᠢ᠎ᠳᠤ ᠵᠠᠰᠠᠪᠤᠷᠢ ᠣᠷᠣᠭᠤᠯᠵᠤ᠂ ᠭᠡᠷ ᠪᠦᠯᠢ᠎ᠶ᠋ᠢᠨ ᠬᠦᠴᠦᠷᠬᠡᠭ᠌ᠯᠡᠯ᠎ᠢ ᠡᠰᠡᠷᠭᠦᠴᠡᠬᠦ᠌ ᠬᠠᠤᠯᠢ᠎ᠶ᠋ᠢ ᠲᠣᠭ᠍ᠲᠠᠭᠠᠵᠤ᠂ ᠦᠷᠭᠦᠯᠵᠢᠯᠡᠨ ᠲᠡᠭᠦᠯᠳᠡᠷᠵᠢᠭ᠌ᠰᠡᠨ ᠬᠠᠤᠯᠢ ᠴᠠᠭᠠᠵᠠ᠎ᠶ᠋ᠢᠨ ᠱᠢᠰᠲ᠋ᠧᠮ᠎ᠢᠶᠡᠷ ᠡᠮᠡᠭ᠌ᠲᠡᠢᠴᠦᠳ᠎ᠦᠨ ᠡᠷᠬᠡ ᠠᠱᠢᠭ᠎ᠤᠨ ᠬᠠᠤᠯᠢ᠎ᠪᠠᠷ ᠵᠠᠰᠠᠬᠤ ᠪᠠᠲᠤᠯᠠᠭ᠎ᠠ᠎ᠶ᠋ᠢ ᠴᠢᠩᠭᠠᠳᠭᠠᠪᠠ; ᠡᠷᠡᠭ᠌ᠲᠡᠶ ᠡᠮᠡᠭ᠌ᠲᠡᠶ ᠡᠷᠬᠡ ᠲᠡᠭ᠌ᠰᠢ ᠪᠠᠢᠬᠤ᠂ ᠬᠠᠷᠢᠯᠴᠠᠨ ᠬᠦᠨᠳᠦᠳᠭᠡᠬᠦ᠌᠂ ᠡᠷ᠎ᠡ ᠡᠮ᠎ᠡ ᠬᠣᠶᠠᠭᠤᠯᠠ ᠬᠠᠮᠲᠤ ᠪᠡᠷ ᠦᠷ᠎ᠡ ᠬᠡᠤᠬᠡᠳᠵᠢᠡᠨ ᠦᠰᠭᠡᠨ ᠬᠦᠮᠦᠵᠢᠭᠦᠯᠬᠦ ᠵᠡᠷᠭᠡ ᠥᠷᠲᠡᠭ᠎ᠦᠨ ᠤᠢᠯᠠᠭᠠᠭᠳᠠᠬᠤᠨ᠎ᠢ ᠰᠠᠨᠠᠭᠠᠴᠢᠯᠠᠨ᠂ ᠭᠡᠷ ᠪᠦᠯᠢ᠎ᠶ᠋ᠢᠨ ᠬᠥᠭ᠌ᠵᠢᠯᠲᠡ᠎ᠶ᠋ᠢ ᠳᠡᠮᠵᠢᠬᠦ᠌ ᠲᠥᠷᠥ᠎ᠶ᠋ᠢᠨ ᠪᠣᠳᠣᠯᠭ᠎ᠠ᠎ᠶ᠋ᠢ ᠲᠠᠰᠤᠷᠠᠯᠲᠠ ᠤᠢ᠍ᠭᠡᠢ ᠲᠡᠭᠦᠯᠳᠡᠷᠵᠢᠭᠦᠯᠪᠠ; ᠬᠦᠢᠰᠦ ᠢᠯᠭᠠᠯ᠎ᠢ ᠪᠦᠷᠢᠳᠭᠡᠨ ᠬᠢᠨᠠᠨ ᠬᠡᠮᠵᠢᠬᠦ᠌ ᠳᠦᠷᠢᠮ᠎ᠢ ᠪᠠᠢᠭᠤᠯᠵᠤ᠂ ᠡᠮᠡᠭ᠌ᠲᠡᠢᠴᠦᠳ᠎ᠦᠨ ᠡᠷᠬᠡ ᠠᠱᠢᠭ᠎ᠢ ᠨᠥᠯᠥᠭᠡᠯᠡᠭ᠌ᠰᠡᠨ ᠪᠠ ᠬᠥᠨᠥᠭᠡᠭ᠌ᠰᠡᠨ ᠳᠣᠪᠣᠢᠮ᠎ᠠ ᠠᠰᠠᠭᠤᠳᠠᠯ᠎ᠢ ᠱᠢᠶ᠋ᠳᠪᠦᠷᠢᠯᠡᠬᠦ᠌᠎ᠳᠦ ᠱᠢᠨᠵᠢᠯᠡᠬᠦ᠌ ᠤᠬᠠᠭᠠᠨᠴᠢ ᠦᠨᠳᠦᠰᠦᠯᠡᠯ ᠬᠠᠩᠭᠠᠪᠠ; ᠡᠷᠡᠭ᠌ᠲᠡᠢ ᠡᠮᠡᠭ᠌ᠲᠡᠢ ᠡᠷᠬᠡ ᠲᠡᠭ᠌ᠰᠢ ᠪᠠᠢᠬᠤ ᠤᠯᠤᠰ᠎ᠤᠨ ᠦᠨᠳᠦᠰᠦᠨ ᠪᠤᠳᠤᠯᠭ᠎ᠠ᠎ᠶ᠋ᠢ ᠶᠡᠬᠡᠪᠡᠷ ᠤᠬᠠᠭᠤᠯᠵᠤ᠂ ᠪᠦᠬᠦ᠌ ᠲᠠᠯ᠎ᠠ᠎ᠶ᠋ᠢᠨ᠂ ᠤᠯᠠᠨ ᠠᠷᠭ᠎ᠠ ᠵᠠᠮ᠎ᠤᠨ᠂ ᠲᠦᠷᠦᠯ ᠡᠲᠡᠭᠡᠳᠵᠢᠡᠷ ᠬᠤᠪᠢᠶᠠᠭᠰᠠᠨ ᠤᠬᠠᠭᠤᠯᠭ᠎ᠠ ᠬᠥᠮᠦᠵᠢᠯ᠎ᠢ ᠥᠷᠨᠢᠭᠦᠯᠪᠡ ᠁ ᠠᠯᠢ ᠤᠯᠠᠨ ᠬᠦᠴᠦᠲᠡᠢ ᠠᠷᠭ᠎ᠠ ᠬᠡᠮᠵᠢᠶ᠎ᠡ ᠨᠢ ᠥᠷᠭᠡᠨ ᠤᠯᠠᠨ ᠡᠮᠡᠭ᠌ᠲᠡᠢᠴᠦᠳ᠎ᠦᠨ ᠦᠰᠦᠨ ᠪᠣᠢᠵᠢᠵᠤ ᠴᠢᠳᠠᠪᠤᠷᠢᠲᠠᠨ ᠪᠣᠯᠬᠤ᠎ᠳᠤ ᠥᠷᠭᠡᠨ ᠠᠭᠤᠳᠠᠮ ᠣᠷᠣᠨ ᠵᠠᠢ᠎ᠶ᠋ᠢ ᠨᠡᠭᠡᠭᠡᠵᠦ᠍ ᠥᠭ᠌ᠴᠡᠢ᠃
《ᠬᠥᠭ᠌ᠵᠢᠯᠲᠡ ᠨᠢ ᠡᠮᠡᠭ᠌ᠲᠡᠢᠴᠦᠳ᠎ᠡᠴᠡ ᠰᠠᠯᠵᠤ ᠴᠢᠳᠠᠬᠤ ᠥᠬᠡᠶ᠂ ᠬᠥᠭ᠌ᠵᠢᠯᠲᠡ ᠨᠢ ᠡᠮᠡᠭ᠌ᠲᠡᠢᠴᠦᠳ᠎ᠢ ᠪᠠᠭ᠍ᠲᠠᠭᠠᠭ᠍ᠰᠠᠨ ᠪᠥᠬᠥ᠌ ᠠᠷᠠᠳ ᠲᠦᠮᠡᠨ᠎ᠳᠦ ᠠᠱᠢᠭ ᠬᠦᠷᠲᠡᠭᠡᠬᠦ᠌ ᠬᠡᠷᠡᠭ᠌ᠲᠡᠶ》᠃《ᠬᠥᠭ᠌ᠵᠢᠯᠲᠡ᠎ᠶ᠋ᠢᠨ ᠳᠤᠮᠳᠠ ᠡᠮᠡᠭ᠌ᠲᠡᠢᠴᠦᠳ᠎ᠦᠨ ᠡᠷᠬᠡ ᠠᠱᠢᠭ᠎ᠢ ᠪᠠᠲᠤᠯᠠᠬᠤ᠎ᠶ᠋ᠢ ᠪᠠᠷᠢᠮᠲᠠᠯᠠᠵᠤ᠂ ᠬᠥᠭ᠌ᠵᠢᠯᠲᠡ᠎ᠳᠦ ᠲᠦᠱᠢᠭ᠌ᠯᠡᠨ ᠡᠮᠡᠭ᠌ᠲᠡᠢᠴᠦᠳ᠎ᠦᠨ ᠠᠮᠢᠳᠤᠷᠠᠯ᠎ᠢ ᠰᠠᠢᠵᠢᠷᠠᠭᠤᠯᠵᠤ᠂ ᠡᠮᠡᠭ᠌ᠲᠡᠢᠴᠦᠳ᠎ᠦᠨ ᠦᠢᠯᠡᠰ ᠪᠣᠯᠤᠨ ᠠᠵᠤ ᠠᠬᠤᠢ ᠨᠡᠢᠭᠡᠮ᠎ᠦᠨ ᠢᠵᠢᠯ ᠠᠯᠬᠤᠮ᠎ᠢᠶᠠᠷ ᠬᠥᠭ᠌ᠵᠢᠬᠦ᠌᠎ᠶ᠋ᠢ ᠪᠡᠶᠡᠯᠡᠭᠦᠯᠬᠦ᠌ ᠬᠡᠷᠡᠭ᠌ᠲᠡᠢ》᠃ ᠱᠢᠨ᠎ᠡ ᠴᠠᠭ ᠦᠶ᠎ᠡ᠎ᠶ᠋ᠢᠨ ᠡᠮᠡᠭ᠌ᠲᠡᠢᠴᠦᠳ᠎ᠦᠨ ᠦᠢᠯᠡᠰ᠎ᠦᠨ ᠬᠥᠭ᠌ᠵᠢᠯᠲᠡ᠎ᠶ᠋ᠢ ᠢᠮᠠᠭ᠍ᠲᠠ ᠤᠯᠤᠰ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠲᠡᠶ ᠭᠦᠨᠵᠡᠭᠡᠢ ᠤᠶᠠᠯᠳᠤᠭᠤᠯᠵᠤ᠂ ᠠᠳᠠᠯᠢ ᠴᠢᠭ᠌ᠯᠡᠯ ᠠᠳᠠᠯᠢ ᠠᠯᠬᠤᠮ᠎ᠢᠶᠡᠷ ᠤᠷᠤᠭ᠍ᠰᠢᠯᠠᠭᠤᠯᠤᠨ᠎ᠠ᠃
ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠱᠢᠨ᠎ᠡ ᠠᠶᠠᠨ᠎ᠳᠤ᠂ ᠡᠮᠡᠭ᠌ᠲᠡᠢᠴᠦᠳ ᠨᠢᠭᠡ ᠪᠦᠷᠢ ᠴᠥᠮ ᠴᠠᠭ ᠦᠶ᠎ᠡ᠎ᠶ᠋ᠢᠨ ᠪᠢᠴᠢᠭ᠌ᠯᠡᠭ᠌ᠴᠢ᠂ ᠬᠦᠰᠡᠯ ᠵᠡᠭᠦᠳᠦ᠍᠎ᠪᠡᠨ ᠬᠥᠭᠡᠭᠡᠴᠡᠯᠳᠦᠭ᠌ᠴᠢ ᠮᠥᠨ᠃
ᠲᠤᠷᠱᠢᠯᠲᠠ᠎ᠶ᠋ᠢᠨ ᠲᠠᠰᠤᠭ᠎ᠤᠨ ᠴᠠᠬᠢᠮᠢᠯᠳᠠᠰᠤᠵᠢᠨ ᠨᠢᠭᠤᠴᠠ ᠨᠣᠮᠧᠷ᠎ᠢ ᠲᠠᠢᠯᠤᠭ᠍ᠰᠠᠨ ᠡᠮᠡᠭ᠌ᠲᠡᠶ ᠱᠢᠨᠵᠢᠯᠡᠬᠦ᠌ ᠤᠬᠠᠭᠠᠨᠲᠠᠨ᠂ ᠨᠡᠢᠭᠡᠮ ᠲᠣᠭᠣᠷᠢᠭ᠎ᠤᠨ ᠠᠷᠠᠳ᠎ᠤᠨ ᠠᠮᠢᠳᠤᠷᠠᠯ᠎ᠤᠨ ᠬᠠᠯᠠᠭᠤᠨ ᠳᠤᠯᠠᠭᠠᠨ᠎ᠢ ᠰᠠᠬᠢᠨ ᠬᠠᠮᠠᠭᠠᠯᠠᠵᠤ ᠪᠠᠢᠭ᠎ᠠ ᠡᠮᠡᠭ᠌ᠲᠡᠶ ᠲᠤᠤᠷᠵᠢᠭᠤᠯᠤᠭᠰᠠᠠ ᠬᠠᠮᠢᠶᠠᠷᠤᠯᠳᠠ ᠵᠢᠨ ᠠᠵᠢᠯᠳᠠᠨ᠂ ᠲᠠᠷᠢᠶᠠᠨ ᠭᠠᠵᠠᠷ ᠲᠤ᠌ ᠡᠯᠪᠡᠭ ᠬᠤᠷᠢᠶᠠᠯᠲᠠ᠎ᠶ᠋ᠢᠨ ᠬᠦᠰᠡᠯ ᠡᠷᠡᠮᠡᠯᠵᠡᠯ᠎ᠢ 《ᠲᠠᠷᠢᠵᠤ》 ᠪᠤᠢᠵᠢᠭᠤᠯᠤᠭᠰᠠᠨ ᠡᠮᠡᠭ᠌ᠲᠡᠶ ᠲᠠᠷᠢᠶᠠᠴᠢᠨ᠂ ᠰᠠᠨᠰᠠᠷ ᠣᠭ᠍ᠲᠠᠷᠭᠤᠶ᠎ᠪᠠᠷ ᠠᠶᠠᠯᠠᠨ ᠬᠠᠢᠨ ᠰᠦᠪᠡᠭ᠌ᠴᠢᠯᠡᠭᠰᠡᠨ ᠡᠮᠡᠭ᠌ᠲᠡᠶ ᠰᠠᠨᠰᠠᠷᠴᠢᠨ᠁ ᠣᠲᠣ᠂《ᠲᠡᠳᠡᠨᠠᠷ ᠤᠨ ᠬᠦᠴᠦᠨ ᠴᠢᠳᠠᠯ》᠎ᠨᠢ ᠶᠠᠭ ᠴᠠᠭ ᠦᠶ᠎ᠡ᠎ᠶ᠋ᠢᠨ ᠬᠥᠭ᠌ᠵᠢᠯᠲᠡ᠎ᠶ᠋ᠢ ᠳᠠᠢᠴᠢᠯᠠᠬᠤ ᠴᠢᠬᠤᠯᠠ ᠬᠥᠳᠡᠯᠭᠡᠭᠦᠷ ᠪᠣᠯᠵᠣ ᠪᠠᠢᠨ᠎ᠠ᠂ ᠡᠨᠡ ᠨᠢ ᠳᠤᠮᠳᠠᠳᠤ ᠤᠯᠤᠰ᠎ᠤᠨ ᠡᠮᠡᠭ᠌ᠲᠡᠢᠴᠦᠳ᠎ᠦᠨ ᠢᠷᠠᠭᠤ ᠠᠯᠳᠠᠷ ᠪᠣᠯᠬᠤ ᠪᠥᠭᠡᠳ ᠨᠠᠩ ᠴᠤ᠌ ᠤᠯᠤᠰ᠎ᠤᠨ ᠬᠥᠭ᠌ᠵᠢᠯᠲᠡ᠎ᠶ᠋ᠢᠨ ᠬᠦᠴᠦᠨ ᠴᠢᠳᠠᠯ᠎ᠤᠨ ᠡᠬᠢ ᠪᠤᠯᠠᠭ ᠪᠣᠯᠤᠨ᠎ᠠ᠃
《ᠡᠮᠡᠭ᠌ᠲᠡᠢᠴᠦᠳ ᠨᠡᠢᠭᠡᠮ ᠳᠡᠭᠡᠷ᠎ᠡ ᠨᠡᠩ ᠶᠡᠬᠡ ᠦᠢᠯᠡᠳᠦᠯ ᠦᠵᠡᠭᠦᠯᠪᠡᠯ ᠵᠣᠬᠢᠨ᠎ᠠ᠂ ᠭᠡᠷ ᠪᠦᠯᠢ᠎ᠳᠦ ᠨᠡᠩ ᠴᠤ᠌ ᠵᠠᠩᠭᠢᠯᠠᠭ᠎ᠠ᠎ᠶ᠋ᠢᠨ ᠦᠢᠯᠡᠳᠦᠯ ᠦᠵᠡᠭᠦᠯᠪᠡᠯ ᠵᠣᠬᠢᠨ᠎ᠠ》᠃ ᠶᠡᠷᠦᠩᠬᠡᠢ ᠱᠦᠵᠢ ᠰᠢ ᠵᠢᠨ ᠫᠢᠩ ᠡᠮᠡᠭ᠌ᠲᠡᠢᠴᠦᠳ᠎ᠦᠨ ᠳᠤᠮᠳᠠᠳᠤ᠎ᠶ᠋ᠢᠨ ᠦᠨᠳᠦᠰᠦᠲᠡᠨ᠎ᠦ ᠭᠡᠷ ᠪᠦᠯᠢ᠎ᠶ᠋ᠢᠨ ᠰᠠᠢᠬᠠᠨ ᠰᠤᠷᠲᠠᠯ᠎ᠢ ᠪᠠᠳᠠᠷᠠᠭᠤᠯᠬᠤ᠂ ᠰᠠᠢ᠌ᠨ ᠰᠠᠢᠬᠠᠨ ᠭᠡᠷ᠎ᠦᠨ ᠰᠤᠷᠲᠠᠯ᠎ᠢ ᠪᠤᠢ ᠪᠣᠯᠭᠠᠬᠤ ᠲᠠᠯ᠎ᠠ᠎ᠪᠠᠷ ᠬᠢ ᠥᠪᠡᠷᠮᠢᠴᠡ ᠦᠢᠯᠡᠳᠦᠯ᠎ᠢ ᠣᠨᠴᠠᠭᠠᠢᠯᠠᠨ ᠴᠢᠬᠤᠯᠠᠴᠢᠯᠠᠵᠤ᠂ ᠳᠤᠮᠳᠠᠳᠤ᠎ᠶ᠋ᠢᠨ ᠪᠣᠯᠪᠠᠰᠤᠨ᠎ᠤ《ᠤᠯᠤᠰ ᠭᠡᠷ ᠳᠡᠯᠡᠬᠡᠢ ᠳ᠋ᠠᠬᠢᠨ》᠎ᠤ᠋ ᠦᠨᠳᠦᠷᠴᠡ ᠡᠴᠡ ᠡᠮᠡᠭ᠌ᠲᠡᠢᠴᠦᠳ᠎ᠢ ᠬᠦᠳᠦᠯᠦᠨ ᠵᠢᠯᠣᠭᠣᠳᠴᠤ᠌ ᠭᠡᠷ ᠪᠦᠯᠢ᠎ᠶ᠋ᠢᠨ ᠬᠥᠮᠦᠵᠢᠯ ᠭᠡᠷ᠎ᠦᠨ ᠰᠤᠷᠲᠠᠯ᠎ᠤᠨ ᠪᠠᠢᠭᠤᠯᠤᠯᠲᠠ᠎ᠳᠤ ᠢᠳᠡᠪᠬᠢᠲᠡᠢ ᠣᠷᠣᠯᠴᠠᠭᠤᠯᠵᠤ᠂ ᠤᠯᠠᠨ᠎ᠢᠶᠠᠷ᠎ᠢᠶᠠᠨ《ᠨᠡᠢᠭᠡᠮ᠎ᠳᠦ ᠬᠠᠷᠢᠭᠤᠴᠠᠯᠭ᠎ᠠ᠎ᠲᠠᠶ᠂ ᠭᠡᠷ ᠪᠦᠯᠢᠳ᠋ᠡᠭᠡᠨ ᠬᠤᠪᠢ ᠨᠡᠮᠡᠷᠢ ᠦᠵᠡᠭᠦᠯᠦᠭ᠌ᠰᠡᠨ ᠱᠢᠨ᠎ᠡ ᠴᠠᠭ ᠦᠶ᠎ᠡ᠎ᠶ᠋ᠢᠨ ᠡᠮᠡᠭ᠌ᠲᠡᠢᠴᠦᠳ ᠪᠣᠯᠬᠤ》 ᠵᠢ ᠬᠦᠰᠡᠨ ᠨᠠᠢᠳᠠᠪᠠ᠃
ᠨᠠᠮ᠎ᠤᠨ ᠠᠷᠪᠠ ᠶᠢᠰᠦᠳᠦᠭᠡᠷ ᠬᠤᠭᠤᠴᠠᠭᠠᠨ᠎ᠤ ᠲᠥᠪ ᠬᠤᠷᠢᠶ᠎ᠠ᠎ᠵᠢᠨ ᠳᠥᠷᠪᠡᠳᠦᠭᠡᠷ ᠪᠥᠬᠥᠳᠡ ᠬᠤᠷᠠᠯ᠎ᠡᠴᠡ《ᠭᠡᠷ ᠪᠦᠯᠢ᠎ᠶ᠋ᠢᠨ ᠬᠥᠮᠦᠵᠢᠯ ᠭᠡᠷ᠎ᠦᠨ ᠰᠤᠷᠲᠠᠯ᠎ᠤᠨ ᠦᠨᠳᠦᠰᠦᠨ ᠱᠠᠲᠤᠨ᠎ᠤ ᠨᠡᠢᠭᠡᠮ᠎ᠦᠨ ᠵᠠᠰᠠᠯᠲᠠ᠎ᠳᠠᠬᠢ ᠴᠢᠬᠤᠯᠠ ᠦᠶ᠋ᠯᠡᠳᠦᠯ᠎ᠢ ᠴᠢᠬᠤᠯᠠᠴᠢᠯᠠᠨ ᠪᠠᠳᠠᠷᠠᠭᠤᠯᠬᠤ ᠬᠡᠷᠡᠭ᠌ᠲᠡᠶ》 ᠭᠡᠵᠦ᠍ ᠲᠣᠳᠣᠷᠬᠠᠶ ᠳᠤᠷᠠᠳᠤᠭᠰᠠᠨ ᠡᠴᠡ 《ᠭᠡᠷ ᠪᠦᠯᠢ᠎ᠶ᠋ᠢᠨ ᠬᠥᠮᠦᠵᠢᠯ ᠭᠡᠷ᠎ᠦᠨ ᠰᠤᠷᠲᠠᠯ᠎ᠤᠨ ᠪᠠᠢᠭᠤᠯᠤᠯᠲᠠ᠎ᠶ᠋ᠢ ᠴᠢᠬᠤᠯᠠᠴᠢᠯᠠᠬᠤ᠂ ᠡᠮᠡᠭ᠌ᠲᠡᠢᠴᠦᠳ ᠬᠡᠦᠬᠡᠳ᠎ᠦᠨ ᠡᠷᠬᠡ ᠠᠱᠢᠭ᠎ᠢ ᠪᠠᠲᠤᠯᠠᠬᠤ᠎ᠶ᠋ᠢ ᠨᠠᠮ᠎ᠤᠨ ᠭᠤᠷᠪᠠᠳᠤᠭᠠᠷ ᠲᠡᠦᠬᠡ᠎ᠶ᠋ᠢᠨ ᠱᠢᠢᠳᠪᠦᠷᠢᠳᠦ ᠪᠢᠴᠢᠵᠦ᠍ ᠣᠷᠣᠭᠤᠯᠤᠭᠰᠠᠨ ᠡᠴᠡ ᠳᠠᠬᠢᠭᠠᠳ ᠭᠡᠷ ᠪᠦᠯᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠪᠦᠷᠢᠨᠱᠢᠭᠦᠯᠬᠦ᠌᠂ ᠭᠡᠷ ᠪᠦᠯᠢ ᠰᠤᠷᠭᠠᠭᠤᠯᠢ ᠬᠠᠮᠵᠢᠯᠴᠠᠨ ᠬᠥᠮᠦᠨ ᠬᠥᠮᠦᠵᠢᠭᠦᠯᠬᠦ᠂ ᠭᠡᠷ ᠪᠦᠯᠢ᠎ᠶ᠋ᠢᠨ ᠦᠶ᠋ᠯᠡᠴᠢᠯᠡᠭᠡ᠎ᠶ᠋ᠢ ᠪᠦᠲᠦᠮᠵᠢᠲᠡᠶ ᠬᠠᠩᠭᠠᠬᠤ᠂ ᠣᠷᠣᠭ ᠬᠡᠷ ᠪᠦᠯᠢ᠎ᠶ᠋ᠢᠨ ᠵᠥᠷᠢᠴᠡᠯ ᠵᠠᠭᠤᠷᠠᠯᠳᠤᠭᠠᠨ᠎ᠢ ᠱᠢᠶ᠋ᠳᠪᠦᠷᠢᠯᠡᠬᠦ᠌ ᠲᠣᠭ᠍ᠲᠡᠴᠡ ᠬᠦᠷᠲᠡᠯ᠎ᠡ ᠁ ᠲᠥᠷᠥ᠎ᠶ᠋ᠢᠨ ᠪᠣᠳᠣᠯᠭ᠎ᠠ᠎ᠶ᠋ᠢᠨ ᠪᠠᠲᠤᠯᠠᠭ᠎ᠠ ᠬᠠᠮᠠᠭᠠᠯᠠᠯ ᠳᠤᠤᠷ᠎ᠠ᠂ ᠥᠷᠭᠡᠨ ᠣᠯᠠᠨ ᠡᠮᠡᠭ᠌ᠲᠡᠢᠴᠦᠳ ᠦᠭᠡ ᠶᠠᠷᠢᠶ᠎ᠠ ᠦᠢᠯᠡ ᠠᠵᠢᠯᠯᠠᠭ᠎ᠠ᠎ᠪᠠᠷ᠎ᠢᠶᠠᠨ ᠭᠡᠷ᠎ᠦᠨ ᠰᠤᠷᠲᠠᠯ᠎ᠢ ᠳᠡᠯᠭᠡᠷᠡᠭᠦᠯᠵᠦ᠂ ᠡᠷᠬᠢᠮ ᠰᠤᠷᠲᠠᠯ᠎ᠢ ᠳᠠᠮᠵᠢᠭᠤᠯᠵᠤ᠂ ᠨᠡᠢᠭᠡᠮ ᠵᠢᠷᠤᠮ᠎ᠤᠨ ᠭᠤᠤᠯᠯᠠᠬᠤ ᠥᠷᠲᠡᠭ᠎ᠦᠨ ᠦᠵᠡᠯᠲᠡ᠎ᠶ᠋ᠢ ᠡᠳᠦᠷ ᠲᠤᠲᠤᠮ᠎ᠤᠨ ᠠᠮᠢᠳᠤᠷᠠᠯ᠎ᠳᠤ ᠠᠭᠤᠰᠤᠯᠴᠠᠭᠤᠯᠵᠤ᠂ ᠭᠡᠷ ᠪᠦᠯᠢ᠎ᠶ᠋ᠢᠨ ᠬᠥᠮᠦᠵᠢᠯ ᠭᠡᠷ᠎ᠦᠨ ᠰᠤᠷᠲᠠᠯ᠎ᠤᠨ ᠪᠠᠢᠭᠤᠯᠤᠯᠲᠠ᠎ᠶ᠋ᠢᠨ ᠭᠤᠤᠯᠯᠠᠭ᠍ᠴᠢ ᠬᠦᠴᠦᠨ ᠪᠣᠯᠵᠤ ᠪᠠᠢᠨ᠎ᠠ᠃ ᠡᠨᠡ ᠨᠢ ᠭᠡᠷ ᠪᠦᠯᠢ᠎ᠶ᠋ᠢᠨ ᠠᠵᠠ ᠵᠠᠪᠱᠢᠶᠠᠨ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠦᠨᠳᠦᠰᠦᠲᠡᠨ᠎ᠦ ᠵᠣᠷᠢᠭ ᠰᠠᠨᠠᠭᠠᠨ᠎ᠤ ᠤᠯᠠᠮᠵᠢᠯᠠᠯ᠎ᠤᠨ ᠴᠢᠬᠤᠯᠠ ᠲᠤᠯᠭᠠᠭᠤᠷᠢᠯᠠᠯ ᠪᠣᠯᠤᠨ᠎ᠠ᠃
《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠥᠲᠥᠯᠪᠦᠷᠢ᠎ᠶ᠋ᠢᠨ ᠲᠥᠰᠦᠯ᠎ᠳᠦ᠂ ᠡᠮᠡᠭ᠌ᠲᠡᠢᠴᠦᠳ ᠬᠡᠦᠬᠡᠳ ᠪᠠ ᠬᠡᠷ ᠪᠦᠯᠢ᠎ᠶ᠋ᠢᠨ ᠬᠥᠭ᠌ᠵᠢᠯᠲᠡ᠎ᠶ᠋ᠢᠨ ᠲᠤᠬᠠᠶ ᠢᠵᠢᠯ ᠠᠯᠬᠤᠮ᠎ᠢᠶᠠᠷ ᠲᠥᠯᠥᠪᠵᠢᠭᠦᠯᠭᠡ ᠪᠠᠢᠷᠢᠯᠠᠭᠤᠯᠤᠯᠲᠠ ᠬᠢᠵᠦ᠍᠂ ᠡᠷᠡᠭ᠌ᠲᠡᠶ ᠡᠮᠡᠭ᠌ᠲᠡᠶ ᠡᠷᠬᠡ ᠲᠡᠭ᠌ᠰᠢ ᠪᠠᠢᠬᠤ ᠪᠠ ᠡᠮᠡᠭ᠌ᠲᠡᠢᠴᠦᠳ᠎ᠦᠨ ᠪᠥᠬᠥ᠌ ᠲᠠᠯ᠎ᠠ᠎ᠶ᠋ᠢᠨ ᠬᠥᠭ᠌ᠵᠢᠯᠲᠡ᠎ᠶ᠋ᠢ ᠠᠬᠢᠭᠤᠯᠬᠤ᠂ ᠬᠡᠷ ᠪᠦᠯᠢ᠎ᠶ᠋ᠢᠨ ᠬᠥᠭ᠌ᠵᠢᠯᠲᠡ᠎ᠶ᠋ᠢᠨ ᠲᠥᠷᠥ᠎ᠶ᠋ᠢᠨ ᠪᠣᠳᠣᠯᠭ᠎ᠠ ᠪᠠ ᠦᠷᠡᠵᠢᠯ᠎ᠦᠨ ᠨᠥᠬᠥᠷᠰᠡᠭ ᠣᠷᠴᠢᠨ ᠲᠤᠭᠤᠷᠢᠨ᠎ᠢ ᠲᠡᠭᠦᠯᠳᠡᠷᠵᠢᠭᠦᠯᠬᠦ᠌᠂ ᠬᠡᠷ ᠪᠦᠯᠢ᠎ᠶ᠋ᠢᠨ ᠬᠥᠮᠦᠵᠢᠯ ᠬᠡᠷ᠎ᠦᠨ ᠰᠤᠷᠲᠠᠯ᠎ᠤᠨ ᠪᠠᠢᠭᠤᠯᠤᠯᠲᠠ᠎ᠶ᠋ᠢ ᠴᠢᠩᠭᠠᠳᠭᠠᠬᠤ ᠵᠡᠷᠭᠡ᠎ᠳᠦ ᠬᠣᠯᠪᠣᠭ᠍ᠳᠠᠭᠤᠯᠤᠨ᠂ ᠱᠢᠨ᠎ᠡ ᠴᠠᠭ ᠦᠶ᠎ᠡ᠎ᠶ᠋ᠢᠨ ᠡᠮᠡᠭ᠌ᠲᠡᠢᠴᠦᠳ ᠬᠡᠦᠬᠡᠳ᠎ᠦᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠦᠷᠭᠦᠯᠵᠢᠯᠡᠨ ᠠᠬᠢᠭᠤᠯᠪᠠ᠃
ᠵᠠᠯᠠᠭᠤ ᠨᠠᠰᠤᠨ᠎ᠤ ᠬᠢᠯᠪᠠᠭ᠎ᠠ᠂ ᠳᠣᠷᠣᠨ᠎ᠠ᠎ᠶ᠋ᠢᠨ ᠰᠠᠯᠬᠢ᠎ᠶ᠋ᠢ ᠤᠭ᠍ᠲᠤᠨ᠂ ᠬᠡᠷᠡᠯᠲᠤ ᠨᠡᠷᠡᠨ᠎ᠦ ᠳᠤᠤᠷ᠎ᠠ ᠲᠤᠶᠠᠭᠠᠷᠠᠨ ᠰᠠᠴᠤᠷᠠᠨ᠎ᠠ᠃
《ᠡᠮᠡᠭ᠌ᠲᠡᠢᠴᠦᠳ᠎ᠦᠨ ᠬᠦᠴᠦᠨ᠎ᠢ ᠨᠢᠭ᠍ᠲᠠᠷᠠᠭᠤᠯᠵᠤ᠂ ᠡᠮᠡᠭ᠌ᠲᠡᠢᠴᠦᠳ᠎ᠦᠨ ᠤᠶᠤᠨ ᠤᠬᠠᠭᠠᠨ᠎ᠢ ᠲᠥᠪᠯᠡᠷᠡᠭᠦᠯᠵᠦ᠍᠂ ᠡᠮᠡᠭ᠌ᠲᠡᠢᠴᠦᠳ᠎ᠢ ᠬᠦᠨᠳᠦᠳᠭᠡᠨ ᠬᠠᠢᠷᠠᠯᠠᠵᠤ᠂ ᠥᠷᠭᠡᠨ ᠤᠯᠠᠨ ᠡᠮᠡᠭ᠌ᠲᠡᠢᠴᠦᠳ᠎ᠢ ᠬᠦᠳᠦᠯᠥᠨ ᠳᠠᠭᠠᠭᠤᠯᠵᠤ ᠪᠠᠢᠭᠠᠳ ᠱᠢᠨ᠎ᠡ ᠴᠠᠭ ᠦᠶ᠎ᠡ ᠱᠢᠨ᠎ᠡ ᠠᠶᠠᠨ᠎ᠤ ᠠᠭᠤᠤ ᠶᠡᠬᠡ ᠦᠢᠯᠡᠳᠦᠯᠭᠡ᠎ᠳᠦ ᠢᠳᠡᠪᠬᠢᠲᠡᠢ ᠣᠷᠣᠯᠴᠠᠭᠤᠯᠵᠤ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ ᠢ ᠪᠦᠬᠦ᠌ ᠲᠠᠯ᠎ᠠ ᠪᠠᠷ ᠪᠦᠳᠤᠬᠡᠨ ᠪᠠᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠶ᠋ᠢ ᠪᠦᠬᠦ᠌ ᠲᠠᠯ᠎ᠠ ᠪᠠᠷ ᠠᠬᠢᠭᠤᠯᠬᠤ᠎ᠳᠤ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ》᠃ ᠶᠡᠷᠦᠩᠬᠡᠢ ᠱᠦᠵᠢ ᠰᠢ ᠵᠢᠨ ᠫᠢᠩ᠎ᠦᠨ ᠨᠠᠨᠳᠢᠨ ᠬᠦᠰᠡᠯ ᠨᠢ ᠲᠦᠭ ᠲᠦᠮᠡᠨ ᠡᠮᠡᠭ᠌ᠲᠡᠢᠴᠦᠳ᠎ᠦᠨ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ᠌᠎ᠪᠡᠷ ᠤᠷᠤᠭ᠍ᠰᠢᠯᠠᠬᠤ᠎ᠶ᠋ᠢ ᠵᠣᠷᠢᠭ᠍ᠵᠢᠭᠤᠯᠪᠠ᠃
(ᠱᠢᠨᠬᠤᠸᠠ ᠬᠤᠷᠢᠶ᠎ᠠ᠎ᠵᠢᠨ ᠪᠡᠭᠡᠵᠢᠩ᠎ᠦᠨ 3 ᠰᠠᠷ᠎ᠠ᠎ᠶ᠋ᠢᠨ 8 ᠤ᠋ ᠴᠠᠬᠢᠯᠭᠠᠨ ᠮᠡᠳᠡᠭᠡ)