ᠸᠠᠩ ᠬᠣ᠌ ᠨᠢᠩ ᠬᠤᠷᠠᠯ᠎ᠳᠤ ᠣᠷᠣᠯᠴᠠᠪᠠ ᠤᠯᠤᠰ ᠲᠦᠷᠦ᠍᠎ᠶ᠋ᠢᠨ ᠵᠥᠪᠯᠡᠯᠭᠡᠨ᠎ᠦ 14 ᠭᠡᠱᠢᠭᠦᠨ ᠶᠡᠬᠡ ᠬᠤᠷᠠᠯ ᠳᠡᠭᠡᠷ᠎ᠡ ᠦᠭᠡ ᠬᠡᠯᠡᠵᠡᠢ
ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠳᠥᠷᠪᠡᠳᠦᠭᠡᠷ ᠬᠤᠭᠤᠴᠠᠭᠠᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ 8 ᠤ᠋ ᠦᠳᠡ᠎ᠶ᠋ᠢᠨ ᠬᠣᠢᠨ᠎ᠠ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠭᠤᠷᠪᠠᠳᠤᠭᠠᠷ ᠪᠦᠭᠦᠳᠡ ᠬᠤᠷᠠᠯ ᠬᠢᠪᠠ᠃ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠪᠠᠢᠩᠭᠤ᠎ᠶ᠋ᠢᠨ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠸᠠᠩ ᠬᠣ᠌ ᠨᠢᠩ ᠬᠤᠷᠠᠯ᠎ᠳᠤ ᠣᠷᠣᠯᠴᠠᠪᠠ᠃ ᠤᠯᠤᠰ ᠲᠦᠷᠦ᠍᠎ᠶ᠋ᠢᠨ ᠵᠥᠪᠯᠡᠯᠭᠡᠨ᠎ᠦ 14 ᠭᠡᠱᠢᠭᠦᠨ ᠶᠡᠬᠡ ᠬᠤᠷᠠᠯ ᠳᠡᠭᠡᠷ᠎ᠡ ᠦᠭᠡ ᠬᠡᠯᠡᠵᠡᠢ᠃
ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠭᠡᠱᠢᠭᠦᠨ᠂ ᠲᠥᠪ᠎ᠦᠨ ᠤᠬᠠᠭᠤᠯᠬᠤ ᠬᠡᠯᠲᠡᠰ᠎ᠦᠨ ᠳᠠᠷᠤᠭ᠎ᠠ ᠯᠢ ᠱᠣ᠌ ᠯᠸᠢ᠂ ᠲᠦᠷᠦ᠍᠎ᠶ᠋ᠢᠨ ᠶᠠᠪᠤᠳᠠᠯ᠎ᠤᠨ ᠭᠡᠱᠢᠭᠦᠨ ᠱᠧᠨ ᠢ ᠴᠢᠨ ᠵᠢᠴᠢ ᠲᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠢ᠎ᠠ᠂ ᠲᠦᠷᠦ᠍᠎ᠶ᠋ᠢᠨ ᠶᠠᠪᠤᠳᠠᠯ᠎ᠤᠨ ᠬᠤᠷᠢᠶ᠎ᠠ ᠵᠢᠨ ᠬᠣᠯᠪᠣᠭ᠍ᠳᠠᠯ ᠪᠦᠬᠦᠢ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠨᠥᠬᠥᠳ ᠤᠷᠢᠯᠭ᠎ᠠ᠎ᠪᠠᠷ ᠬᠤᠷᠠᠯ᠎ᠳᠤ ᠣᠷᠣᠯᠴᠠᠵᠤ ᠦᠭᠡ ᠬᠡᠯᠡᠬᠦ᠎ᠶ᠋ᠢ ᠰᠣᠨᠣᠰᠴᠠᠢ᠃
ᠯᠢᠶᠠᠨ ᠢ ᠮᠢᠨ ᠭᠡᠱᠢᠭᠦᠨ ᠦᠭᠡ ᠬᠡᠯᠡᠬᠦ᠌᠎ᠳᠡᠭᠡᠨ᠂《ᠮᠢᠩᠭ᠎ᠠ ᠲᠦᠮᠡ᠎ᠶ᠋ᠢᠨ ᠢᠨᠵᠧᠨᠧᠷᠢᠩ》ᠵᠢᠡᠷ ᠬᠣᠲᠠ ᠬᠥᠳᠡᠭᠡ᠎ᠶ᠋ᠢᠨ ᠠᠭᠤᠰᠤᠯᠴᠠᠨ ᠬᠥᠭ᠌ᠵᠢᠬᠦ᠌᠎ᠶ᠋ᠢ ᠬᠥᠲᠥᠯᠥᠨ ᠳᠠᠭᠠᠭᠤᠯᠵᠤ᠂ ᠱᠢᠶᠠᠨ᠎ᠤ ᠬᠣᠲᠠ᠎ᠪᠠᠷ ᠴᠢᠬᠤᠯᠠ ᠠᠴᠢᠶᠠᠯᠠᠪᠤᠷᠢ ᠪᠣᠯᠭᠠᠭ᠍ᠰᠠᠨ ᠱᠢᠨ᠎ᠡ ᠬᠡᠯᠪᠡᠷᠢ᠎ᠶ᠋ᠢᠨ ᠬᠣᠲᠠ ᠪᠠᠯᠭᠠᠰᠤᠵᠢᠯᠲᠠ᠎ᠶ᠋ᠢ ᠠᠬᠢᠭᠤᠯᠵᠤ᠂《ᠲᠣᠰᠭᠣᠨ᠎ᠢ ᠬᠥᠭ᠌ᠵᠢᠭᠦᠯᠬᠦ᠌》 ᠪᠠᠷ ᠳᠣᠲᠣᠭᠠᠳᠤ ᠬᠥᠭ᠌ᠵᠢᠯᠲᠡ᠎ᠶ᠋ᠢᠨ ᠬᠥᠳᠡᠯᠭᠡᠬᠦ᠌ ᠡᠨᠧᠷᠭᠢ᠎ᠶ᠋ᠢ ᠬᠥᠭ᠌ᠵᠢᠭᠡᠵᠦ᠍᠂ 《ᠠᠭᠤᠰᠤᠯᠴᠠᠯ》 ᠵᠢᠡᠷ ᠬᠣᠲᠠ ᠬᠥᠳᠡᠭᠡ᠎ᠶ᠋ᠢᠨ ᠨᠢᠭᠡ ᠴᠤᠭ᠍ᠴᠠᠵᠢᠭ᠍ᠰᠠᠨ ᠬᠥᠭ᠌ᠵᠢᠯᠲᠡ ᠵᠢ ᠠᠬᠢᠭᠤᠯᠵᠤ᠂ ᠱᠠᠲᠤᠯᠢᠭ ᠪᠠᠢᠷᠢᠱᠢᠭᠤᠯᠵᠤ᠂ ᠨᠠᠷᠢᠯᠢᠭ ᠣᠨᠣᠪᠴᠢᠲᠠᠶ ᠨᠠᠢᠳᠠᠪᠤᠷᠢᠵᠢᠭᠤᠯᠵᠤ᠂ ᠪᠥᠬᠥ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ ᠠᠵᠢᠯ᠎ᠤᠨ ᠯᠠᠪᠳᠠᠭᠤᠨ ᠪᠠᠲᠤᠲᠠᠶ ᠠᠯᠬᠤᠮᠵᠢᠡᠷ ᠠᠯᠬᠤᠬᠤ ᠵᠢ ᠠᠬᠢᠭᠤᠯᠪᠠᠯ ᠵᠤᠬᠢᠨ᠎ᠠ ᠭᠡᠪᠡ᠃
ᠴᠧᠨ ᠱᠢᠩ ᠶᠢᠩ ᠭᠡᠱᠢᠭᠦᠨ ᠳᠤᠮᠳᠠᠳᠤ ᠤᠯᠤᠰ ᠤᠨ ᠭᠣᠮᠢᠨᠳᠠᠩ᠎ᠤᠨ ᠬᠤᠪᠢᠰᠭᠠᠯᠲᠤ ᠬᠣᠷᠢᠢ᠎ᠠ᠎ᠶ᠋ᠢᠨ ᠲᠥᠪ ᠬᠣᠷᠢᠢ᠎ᠠ᠎ᠶ᠋ᠢ ᠲᠥᠯᠥᠭᠡᠯᠡᠨ ᠦᠭᠡ ᠬᠡᠯᠡᠬᠦ᠌᠎ᠳᠡᠭᠡᠨ᠂ 《ᠲᠠᠢᠸᠠᠨ᠎ᠢ ᠲᠤᠰᠠᠭᠠᠷ ᠲᠣᠭ᠍ᠲᠠᠨᠢᠭᠤᠯᠬᠤ》 ᠬᠦᠴᠦᠨ ᠪᠣᠯ ᠲᠡᠷᠡ ᠴᠢᠭ᠎ᠢᠶᠡᠷ᠎ᠢᠶᠡᠨ《ᠨᠠᠢᠷᠠᠮᠳᠠᠯᠢ ᠡᠪᠳᠡᠭ᠌ᠴᠢ》᠂《ᠬᠢᠮᠤᠷᠠᠯ᠎ᠢ ᠡᠭᠦᠰᠭᠡᠭᠴᠢ》᠂《ᠲᠠᠢ᠌ᠨ᠎ᠢ ᠥᠳᠥᠭᠡᠭ᠌ᠴᠢ》 ᠮᠦᠨ᠂ ᠲᠠᠢᠸᠠᠨ ᠬᠣᠭᠣᠯᠠᠢ᠎ᠶ᠋ᠢᠨ ᠬᠣᠶᠠᠷ ᠬᠦᠪᠡᠭᠡᠨ᠎ᠤ ᠠᠬ᠎ᠠ ᠳᠡᠭᠦᠦ᠍᠎ᠨᠡᠷ ᠡᠷᠬᠡᠪᠰᠢ ᠳᠡᠭᠡᠳᠦ ᠬᠡᠮᠵᠢᠢ᠎ᠡ᠎ᠪᠡᠷ ᠰᠡᠷᠡᠮᠵᠢᠯᠡᠬᠦ᠌ ᠬᠡᠷᠡᠭ᠌ᠲᠡᠢ᠃ ᠲᠠᠢᠸᠠᠨ᠎ᠤ ᠢᠷᠡᠭᠡᠳᠦᠢ ᠨᠢ ᠤᠯᠤᠰ ᠣᠷᠣᠨ᠎ᠤ ᠨᠢᠭᠡᠳᠦᠯ᠎ᠳᠦ ᠪᠤᠢ᠂ ᠲᠠᠢᠸᠠᠨ᠎ᠤ ᠠᠬ᠎ᠠ ᠳᠡᠭᠦᠦ᠍᠎ᠨᠡᠷ᠎ᠦᠨ ᠪᠤᠶᠠᠨ ᠵᠢᠷᠭᠠᠯ ᠨᠢ ᠦᠨᠳᠦᠰᠦᠲᠡᠨ᠎ᠦ ᠰᠡᠷᠭᠦᠨ ᠮᠠᠨᠳᠤᠯᠲᠠ ᠲᠠᠢ ᠬᠤᠯᠪᠤᠭᠳᠠᠨ᠎ᠠ᠃ ᠲᠠᠢᠸᠠᠨ ᠬᠣᠭᠣᠯᠠᠢ᠎ᠶ᠋ᠢᠨ ᠬᠣᠶᠠᠷ ᠬᠦᠪᠡᠭᠡᠨ᠎ᠤ ᠬᠠᠷᠢᠴᠠᠭᠠᠪᠠ ᠨᠠᠢᠷᠠᠮᠳᠠᠯ᠎ᠢᠶᠠᠷ ᠬᠥᠭ᠌ᠵᠢᠭᠦᠯᠬᠦ᠌ ᠶᠡᠬᠡ ᠲᠠᠯ᠎ᠠ᠎ᠶ᠋ᠢ ᠬᠠᠮᠲᠤ᠎ᠪᠠᠷ ᠬᠠᠮᠠᠭᠠᠯᠠᠵᠤ᠂ ᠲᠠᠢᠸᠠᠨ ᠬᠣᠭᠣᠯᠠᠢ᠎ᠶ᠋ᠢᠨ ᠬᠣᠶᠠᠷ ᠬᠦᠪᠡᠭᠡᠨ᠎ᠤ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠵᠤ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠶᠡᠬᠡ ᠢᠷᠠᠭᠤ ᠠᠯᠳᠠᠷ᠎ᠢ ᠬᠠᠮᠲᠤ᠎ᠪᠠᠷ ᠡᠳ᠋ᠯᠡᠪᠡᠯ ᠵᠤᠬᠢᠨ᠎ᠠ ᠭᠡᠵᠡᠢ᠃
ᠶᠠᠩ ᠮᠢᠩ ᠵᠢᠶ᠍ᠸ ᠭᠡᠱᠢᠭᠦᠨ ᠦᠭᠡ ᠬᠡᠯᠡᠬᠦ᠎ᠳᠡᠭᠡᠨ᠂ ᠶᠠᠮᠠᠷ ᠶᠠᠩᠵᠤ᠎ᠶ᠋ᠢᠨ ᠳᠡᠯᠡᠬᠡᠢ ᠶᠢᠷᠲᠢᠨᠴᠦ᠍᠎ᠶ᠋ᠢ ᠪᠠᠢᠭᠤᠯᠬᠤ᠂ ᠡᠨᠡ ᠬᠦ᠌ ᠳᠡᠯᠡᠬᠡᠢ ᠶᠢᠷᠲᠢᠨᠴᠦ᠍᠎ᠶ᠋ᠢ ᠬᠡᠷᠬᠢᠨ ᠪᠠᠢᠭᠤᠯᠬᠤ ᠪᠣᠯ ᠬᠥᠮᠦᠨ ᠲᠥᠷᠥᠯᠬᠢᠲᠡᠨ᠎ᠦ ᠢᠷᠡᠭᠡᠳᠦᠢ ᠬᠤᠪᠢ ᠵᠠᠶᠠᠭ᠎ᠠ᠎ᠲᠠᠶ ᠬᠣᠯᠪᠣᠭ᠍ᠳᠠᠬᠤ ᠴᠢᠬᠤᠯᠠ ᠶᠡᠬᠡ ᠠᠰᠠᠭᠤᠳᠠᠯ ᠪᠣᠯᠤᠨ᠎ᠠ᠃ ᠲᠦᠷᠪᠡᠨ ᠶᠡᠬᠡ ᠪᠦᠬᠦ᠌ ᠪᠥᠮᠪᠥᠷᠴᠡᠭ᠎ᠦᠨ ᠰᠠᠨᠠᠭᠠᠴᠢᠯᠠᠭ᠎ᠠ᠎ᠶ᠋ᠢ ᠢᠳᠡᠪᠬᠢᠲᠡᠢ ᠨᠠᠢᠳᠠᠪᠤᠷᠢᠵᠢᠭᠤᠯᠵᠤ᠂ ᠬᠥᠮᠦᠨ ᠲᠥᠷᠥᠯᠬᠢᠲᠡᠨ᠎ᠦ ᠬᠤᠪᠢ ᠵᠠᠶᠠᠭᠠᠨ᠎ᠤ ᠬᠠᠮᠲᠤ᠎ᠶ᠋ᠢᠨ ᠴᠣᠭ᠍ᠴᠠ᠎ᠶ᠋ᠢ ᠪᠠᠢᠭᠤᠯᠬᠤ᠎ᠶ᠋ᠢ ᠠᠬᠢᠭᠤᠯᠵᠤ᠂ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶ᠋ᠢᠨ ᠪᠠᠢᠷᠢ ᠰᠠᠭᠤᠷᠢ ᠪᠠ ᠡᠷᠬᠡ ᠰᠦᠷ᠎ᠢ ᠡᠷᠡᠰ ᠬᠠᠮᠠᠭᠠᠯᠠᠵᠤ᠂ ᠭᠠᠳᠠᠭᠠᠳᠤ᠎ᠳᠤ ᠬᠣᠯᠪᠣᠭ᠍ᠳᠠᠬᠤ ᠬᠠᠥᠯᠢᠵᠢᠯ ᠤᠨ ᠪᠠᠢᠭᠤᠯᠤᠯᠲᠠ᠎ᠶ᠋ᠢ ᠶᠡᠬᠡᠪᠡᠷ ᠴᠢᠩᠭᠠᠳᠭᠠᠵᠤ᠂ ᠤᠯᠠᠨ ᠤᠯᠤᠰ᠎ᠤᠨ ᠡᠮᠬᠢ ᠳᠢᠭ᠌ᠯᠢᠮ᠎ᠦᠨ ᠨᠡᠩ ᠲᠥᠪ ᠭᠣᠣᠯᠴᠢ ᠵᠦᠢ ᠵᠣᠬᠢᠰᠲᠠᠢ ᠴᠢᠭ᠌ᠯᠡᠯ ᠲᠡᠢᠰᠢ ᠬᠥᠭ᠌ᠵᠢᠬᠦ᠌᠎ᠶ᠋ᠢ ᠠᠬᠢᠭᠤᠯᠪᠠᠯ ᠵᠤᠬᠢᠨ᠎ᠠ ᠭᠡᠵᠡᠢ᠃
ᠵᠠᠩ ᠧᠨ ᠳ᠋ᠢ ᠭᠡᠱᠢᠭᠦᠨ ᠳᠤᠮᠳᠠᠳᠤ ᠤᠯᠤᠰ᠎ᠤᠨ ᡁᠢᠬᠦ᠋ᠩᠳ᠋ᠠᠩ ᠨᠠᠮ᠎ᠤᠨ ᠲᠥᠪ ᠬᠣᠷᠢᠶ᠎ᠠ᠎ᠶ᠋ᠢ ᠲᠥᠯᠥᠭᠡᠯᠡᠨ ᠦᠭᠡ ᠬᠡᠯᠡᠬᠦ᠎ᠳᠡᠭᠡᠨ᠂ ᠲᠦᠷᠢᠮ᠎ᠦᠨ ᠬᠡᠯᠪᠡᠷᠢ᠎ᠶ᠋ᠢᠨ ᠨᠡᠭᠡᠭᠡᠯᠲᠡ᠎ᠪᠡᠷ ᠵᠢᠯᠣᠭᠣᠳᠤᠮᠵᠢ ᠪᠣᠯᠭᠠᠵᠤ᠂ ᠵᠠᠬ᠎ᠠ ᠳᠡᠯᠭᠡᠭᠦᠷᠴᠢᠯᠡᠭ᠌ᠰᠡᠨ᠂ ᠬᠠᠤᠯᠢᠵᠢᠭ᠍ᠰᠠᠨ᠂ ᠳᠡᠯᠡᠬᠡᠢᠵᠢᠭ᠌ᠰᠡᠨ ᠲᠡᠷᠢᠭᠦᠨ ᠵᠡᠷᠭᠡ᠎ᠶ᠋ᠢᠨ ᠬᠤᠳᠠᠯᠳᠤᠭ᠎ᠠ ᠡᠷᠬᠢᠯᠡᠬᠦ᠌ ᠣᠷᠴᠢᠨ ᠨᠥᠬᠥᠴᠡᠯ᠎ᠢ ᠪᠤᠢ ᠪᠣᠯᠭᠠᠵᠤ᠂ ᠡᠯ᠎ᠡ ᠲᠦᠷᠦᠯ᠎ᠦᠨ ᠡᠵᠡᠩᠨᠡᠯᠲᠡ᠎ᠶ᠋ᠢᠨ ᠭᠤᠤᠯ ᠴᠣᠭ᠍ᠴᠠ᠎ᠳᠤ ᠢᠯᠡ ᠲᠣᠳᠣ᠂ ᠲᠣᠭ᠍ᠲᠠᠭᠤᠨ᠂ ᠵᠢᠱ᠌ᠢᠵᠦ᠍ ᠪᠣᠯᠬᠤᠢᠴᠠ ᠲᠦᠷᠢᠮ᠎ᠦᠨ ᠣᠷᠴᠢᠨ ᠨᠥᠬᠥᠴᠡᠯ᠎ᠢ ᠬᠠᠩᠭᠠᠵᠤ᠂ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠬᠥᠳᠡᠯᠭᠡᠭ᠌ᠴᠢ ᠡᠨᠧᠷᠭᠢ᠎ᠶ᠋ᠢ ᠤᠯᠠᠮ ᠨᠢᠭᠡ ᠠᠯᠬᠤᠮ ᠬᠥᠭ᠌ᠵᠢᠭᠡᠵᠦ᠍᠂ ᠨᠡᠭᠡᠭᠡᠯᠲᠡ᠎ᠪᠡᠷ ᠥᠭᠡᠷᠡᠴᠢᠯᠡᠯᠲᠡ᠎ᠶ᠋ᠢ ᠠᠬᠢᠭᠤᠯᠵᠤ ᠬᠥᠭ᠌ᠵᠢᠯᠲᠡ᠎ᠶ᠋ᠢ ᠠᠬᠢᠭᠤᠯᠪᠠᠯ ᠵᠤᠬᠢᠨ᠎ᠠ ᠭᠡᠪᠡ᠃
ᠱ᠌ᠢ ᠷᠦᠩ ᠬᠤᠸᠠᠢ ᠭᠡᠱᠢᠭᠦᠨ ᠦᠭᠡ ᠬᠡᠯᠡᠬᠦ᠌᠎ᠳᠡᠭᠡᠨ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶᠢᠨ ᠠᠵᠠ ᠲᠣᠬᠢᠶᠠᠯ᠎ᠢ ᠪᠠᠲᠤ ᠡᠵᠡᠮᠳᠡᠵᠦ᠍᠂ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠭᠦᠨᠵᠡᠭᠡᠢ ᠠᠭᠤᠰᠤᠯᠴᠠᠬᠤ ᠪᠠ ᠦᠢᠯᠡᠴᠢᠯᠡᠵᠦ᠍᠂ ᠱᠢᠶᠠᠩᠭᠠᠩ ᠪᠣᠯᠤᠨ ᠤᠯᠤᠰ᠎ᠤᠨ ᠬᠠᠮᠲᠤ᠎ᠶ᠋ᠢᠨ ᠬᠥᠭ᠌ᠵᠢᠯ ᠮᠠᠨᠳᠤᠯ᠎ᠤᠨ ᠰᠠᠭᠤᠷᠢ᠎ᠶ᠋ᠢ ᠪᠡᠬᠢᠵᠢᠭᠦᠯᠬᠦ᠌ ᠪᠣᠯ《ᠤᠯᠤᠰ᠎ᠢᠶᠠᠨ ᠬᠠᠢᠷᠠᠯᠠᠭ᠍ᠴᠢᠳᠱᠢᠶᠠᠩᠭᠠᠩᠢᠶᠡᠨ ᠵᠠᠰᠠᠬᠤ》ᠵᠢ ᠦᠢᠯᠡᠳᠦᠯᠭᠡᠵᠢᠭᠦᠯᠬᠦ᠌ ᠵᠠᠢᠯᠠᠰᠢ ᠦᠭᠡᠢ ᠱᠠᠭᠠᠷᠳᠠᠯᠭ᠎ᠠ ᠪᠣᠯᠤᠨ᠎ᠠ᠃ ᠤᠯᠤᠰ᠎ᠤᠨ ᠡᠷᠬᠡ ᠮᠡᠳᠡᠯ᠂ ᠠᠮᠤᠷ ᠲᠦᠪᠱᠢᠨ᠂ ᠬᠥᠭ᠌ᠵᠢᠯᠲᠡ᠎ᠶ᠋ᠢᠨ ᠠᠱᠢᠭ ᠲᠤᠰᠠ᠎ᠶ᠋ᠢ ᠡᠷᠡᠰ ᠬᠠᠮᠠᠭᠠᠯᠠᠵᠤ᠂ ᠬᠠᠭᠠᠴᠠᠭᠤᠯᠬᠤ ᠠᠵᠢᠯᠯᠠᠭ᠎ᠠ᠎ᠶ᠋ᠢ ᠡᠰᠡᠷᠭᠦᠴᠡᠵᠦ᠍᠂《ᠨᠢᠭᠡ ᠤᠯᠤᠰ᠎ᠲᠤ ᠬᠣᠶᠠᠷ ᠪᠠᠢᠭᠤᠯᠤᠯ᠎ᠢ ᠬᠡᠷᠡᠭ᠌ᠵᠢᠭᠦᠯᠬᠦ᠌》ᠰᠠᠭᠤᠷᠢ᠎ᠶ᠋ᠢ ᠪᠠᠲᠤ ᠴᠣᠭ᠍ᠴᠠᠯᠠᠵᠤ᠂ ᠨᠡᠢᠭᠡᠮ᠎ᠦᠨ ᠵᠠᠰᠠᠯᠲᠠ᠎ᠶ᠋ᠢ ᠲᠡᠭᠦᠯᠳᠡᠷᠵᠢᠭᠦᠯᠵᠦ᠍᠂ ᠠᠷᠠᠳ᠎ᠤᠨ ᠠᠮᠢᠳᠤᠷᠠᠯ᠎ᠤᠨ ᠠᠩᠬᠠᠷᠴᠤ᠌ ᠪᠠᠢᠭ᠎ᠠ ᠠᠰᠠᠭᠤᠳᠠᠯ᠎ᠢ ᠱᠢᠢᠳᠪᠦᠷᠢᠯᠡᠵᠦ᠍᠂ ᠬᠥᠭ᠌ᠵᠢᠯᠲᠡ᠎ᠶ᠋ᠢ ᠬᠠᠮᠲᠤ᠎ᠪᠠᠷ ᠠᠬᠢᠭᠤᠯᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭ᠍ᠲᠠᠷᠠᠭᠤᠯᠪᠠᠯ ᠵᠤᠬᠢᠨ᠎ᠠ ᠭᠡᠪᠡ᠃
ᠡᡁᠸ ᠷᠦᠨ ᠱᠧᠩ ᠭᠡᠱᠢᠭᠦᠨ ᠦᠭᠡ ᠬᠡᠯᠡᠬᠦ᠌᠎ᠳᠡᠭᠡᠨ᠂ ᠣᠣᠮᠧᠨ᠎ᠨᠢ ᠡᠬᠡ ᠤᠯᠤᠰ᠎ᠲᠠᠭᠠᠨ ᠲᠦᠱᠢᠭ᠌ᠯᠡᠵᠦ᠍᠂ ᠳᠡᠯᠡᠬᠡᠶ ᠳ᠋ᠠᠬᠢᠨ᠎ᠲᠠᠶ ᠨᠡᠪᠲᠡᠷᠡᠯᠴᠡᠭ᠌ᠰᠡᠨ ᠳᠠᠪᠠᠭᠤᠯᠢᠭ᠎ᠢᠶᠠᠨ ᠪᠠᠳᠠᠷᠠᠭᠤᠯᠵᠤ᠂ ᠤᠯᠤᠰ᠎ᠤᠨ ᠲᠥᠯᠥᠭᠡ ᠭᠠᠳᠠᠭᠠᠳᠤ᠎ᠶᠢᠨ ᠣᠶᠤᠨᠪᠢᠯᠢᠭᠢ ᠣᠷᠣᠭᠤᠯᠵᠤ ᠠᠪᠴᠢᠷᠠᠬᠤ᠂ ᠤᠯᠤᠰ᠎ᠤᠨ ᠲᠥᠯᠥᠭᠡ ᠴᠢᠳᠠᠪᠤᠷᠢᠲᠠᠨ ᠨᠥᠭᠡᠴᠡᠯᠡᠬᠦ᠌ ᠲᠠᠯ᠎ᠠ᠎ᠪᠠᠷ ᠢᠳᠡᠪᠬᠢᠲᠡᠶ ᠵᠢᠳᠬᠦᠯ ᠴᠢᠷᠮᠠᠢᠯᠭ᠎ᠠ ᠭᠠᠷᠭᠠᠵᠤ᠂ ᠴᠢᠳᠠᠪᠤᠷᠢᠲᠠᠨ᠎ᠤ ᠪᠡᠶ᠎ᠡ᠎ᠪᠡᠨ ᠳᠠᠭᠠᠭᠠᠵᠤ ᠬᠥᠮᠦᠵᠢᠭᠦᠯᠬᠦ᠌ ᠲᠦᠪᠱᠢᠨ᠎ᠢ ᠳᠡᠭᠡᠭ᠌ᠰᠢᠯᠡᠭᠦᠯᠵᠦ᠍᠂ ᠣᠨᠴᠠᠯᠢᠭᠲᠦ ᠴᠢᠳᠠᠪᠤᠷᠢᠲᠠᠨ ᠣᠷᠣᠭᠤᠯᠵᠤ ᠴᠢᠳᠠᠪᠤᠷᠢᠲᠠᠨ ᠴᠤᠭ᠍ᠯᠠᠭᠤᠯᠬᠤ ᠲᠠᠪᠴᠠᠩ᠎ᠢ ᠪᠠᠢᠭᠤᠯᠵᠤ᠂ ᠴᠢᠳᠠᠪᠤᠷᠢᠲᠠᠨ᠎ᠤ ᠦᠶ᠋ᠯᠡᠴᠢᠯᠡᠭᠡ ᠪᠠᠲᠤᠯᠠᠭ᠎ᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠵᠦ᠍᠂ ᠭᠤᠸᠠᠩᠳᠦ᠋ᠩ ᠱᠢᠶᠠᠩᠭᠠᠩ ᠣᠣᠮᠧᠨ᠎ᠦ ᠴᠢᠳᠠᠪᠤᠷᠢᠲᠠᠨ᠎ᠤ ᠬᠠᠮᠵᠢᠯᠴᠠᠨ ᠬᠥᠭ᠌ᠵᠢᠬᠦ᠌᠎ᠶ᠋ᠢ ᠠᠬᠢᠭᠤᠯᠵᠤ᠂ ᠳᠡᠯᠡᠬᠡᠶ᠎ᠶ᠋ᠢᠨ ᠳᠡᠭᠡᠳᠦ ᠲᠠᠰ᠎ᠤᠨ ᠴᠢᠳᠠᠪᠤᠷᠢᠲᠠᠨ᠎ᠢ ᠣᠷᠣᠭᠤᠯᠤᠨ ᠠᠪᠴᠢᠷᠠᠵᠤ ᠴᠤᠭ᠍ᠯᠠᠷᠠᠭᠤᠯᠵᠤ᠂ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠨᠠᠩ ᠰᠠᠢᠲᠤᠷ ᠠᠭᠤᠰᠤᠯᠴᠠᠨ ᠦᠶ᠋ᠯᠡᠴᠢᠯᠡᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠦᠴᠦᠷᠬᠡᠭ ᠤᠯᠤᠰ᠂ ᠴᠢᠳᠠᠪᠤᠷᠢᠲᠠᠨ᠎ᠤ ᠬᠦᠴᠦᠷᠬᠡᠭ ᠤᠯᠤᠰ᠎ᠤᠨ ᠪᠥᠲᠥᠭᠡᠨ ᠪᠠᠢᠭᠤᠯᠤᠯᠲᠠ᠎ᠳᠤ ᠣᠣᠮᠧᠨ᠎ᠦ ᠬᠦᠴᠦᠨ ᠴᠢᠳᠠᠯ᠎ᠢᠶᠠᠨ ᠡᠷᠭᠦᠪᠡᠯ ᠵᠣᠬᠢᠨ᠎ᠠ ᠭᠡᠪᠡ᠃
ᠪᠠᠨᠴᠢᠠᠡᠷᠳᠡᠨᠢ·ᠴᠤᠢ᠌ᠵᠢᠵᠠᠯᠪᠤ ᠭᠡᠱᠢᠭᠦᠨ ᠦᠭᠡ ᠬᠡᠯᠡᠬᠦ᠌᠎ᠳᠡᠭᠡᠨ᠂ ᠤᠯᠤᠰ᠎ᠤᠨ ᠴᠡᠴᠡᠭ᠌ᠯᠡᠯ ᠬᠥᠭ᠌ᠵᠢᠯ ᠪᠠ ᠲᠣᠭ᠍ᠲᠠᠭᠤᠨ ᠪᠠᠢᠳᠠᠯ ᠪᠣᠯ ᠱᠠᠱᠢᠨ ᠰᠤᠷᠲᠠᠬᠤᠨ᠎ᠢ ᠡᠷᠡᠭᠦᠯ᠎ᠢᠶᠡᠷ ᠤᠯᠠᠮᠵᠢᠯᠠᠨ ᠵᠠᠯᠭᠠᠮᠵᠢᠯᠠᠬᠤ᠎ᠶ᠋ᠢᠨ ᠦᠨᠳᠦᠰᠦᠨ ᠪᠠᠲᠤᠯᠠᠭ᠎ᠠ ᠮᠥᠨ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ ᠪᠣᠯ ᠱᠠᠱᠢᠨ ᠱᠢᠲᠦᠳᠡᠭ ᠤᠯᠠᠨ ᠲᠦᠮᠡᠨ ᠪᠠ ᠱᠠᠱᠢᠨ ᠦᠯᠦ ᠱᠢᠲᠦᠳᠡᠭ ᠤᠯᠠᠨ ᠲᠦᠮᠡᠨ᠎ᠦ ᠬᠠᠮᠲᠤ᠎ᠶ᠋ᠢᠨ ᠪᠤᠶᠠᠨ ᠵᠢᠷᠭᠠᠯ ᠮᠥᠨ᠃ ᠲᠥᠪᠡᠳ᠎ᠦᠨ ᠪᠤᠳ᠋ᠳ᠋ᠾᠠ᠎ᠶ᠋ᠢᠨ ᠱᠠᠱᠢᠨ᠎ᠤ ᠡᠲᠡᠭᠡᠳ᠎ᠦᠨ ᠬᠢᠨ ᠤᠯᠤᠰ᠎ᠤᠨ ᠬᠥᠭ᠌ᠵᠢᠯᠲᠡ᠎ᠶ᠋ᠢᠨ ᠶᠡᠬᠡ ᠲᠠᠯ᠎ᠠ᠎ᠳᠤ ᠨᠡᠩ ᠤᠬᠠᠮᠰᠠᠷ᠎ᠡᠴᠡ᠎ᠪᠠᠨ ᠠᠭᠤᠰᠤᠯᠴᠠᠵᠤ᠂ ᠱᠠᠱᠢᠨ ᠰᠤᠷᠲᠠᠬᠤᠨ᠎ᠢ ᠨᠡᠢᠭᠡᠮ ᠵᠢᠷᠤᠮᠲᠤ ᠨᠡᠢᠭᠡᠮ᠎ᠯᠦᠭᠡ ᠵᠣᠬᠢᠴᠠᠭᠤᠯᠬᠤ᠎ᠶ᠋ᠢ ᠢᠳᠡᠪᠬᠢᠲᠡᠢ ᠠᠬᠢᠭᠤᠯᠵᠤ᠂ ᠤᠯᠤᠰ᠎ᠢᠶᠠᠨ ᠬᠠᠢᠷᠠᠯᠠᠬᠤ ᠦᠵᠡᠯ᠎ᠦᠨ ᠡᠷᠡᠰ ᠪᠠᠲᠤ ᠦᠢᠯᠡᠳᠦᠯᠭᠡᠵᠢᠭᠦᠯᠦᠭ᠌ᠴᠢ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠦᠨᠡᠨᠴᠢ ᠱᠢᠳᠤᠷᠭᠤ ᠵᠠᠯᠭᠠᠮᠵᠢᠯᠠᠭ᠍ᠴᠢ ᠪᠠ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠢᠳᠡᠪᠬᠢᠲᠡᠢ ᠪᠦᠳᠦᠭᠡᠨ ᠪᠠᠢᠭᠤᠯᠤᠭ᠍ᠴᠢ ᠪᠣᠯᠬᠤ᠎ᠪᠠᠷ ᠴᠢᠷᠮᠠᠢᠨ᠎ᠠ ᠭᠡᠵᠡᠢ᠃
ᠢᠯᠢᠵᠠᠲ᠋ᠢ·ᠠᠢ᠌ᡁᠸᠮᠠᠢ᠌ᠲ᠋ᠢᠵᠢᠶᠠᠩ ᠭᠡᠱᠢᠭᠦᠨ ᠦᠭᠡ ᠬᠡᠯᠡᠬᠦ᠌ ᠳᠡᠭᠡᠨ᠂ ᠦᠨᠳᠦᠰᠦᠲᠡᠨ᠎ᠨᠦᠭᠦᠳ᠎ᠦᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠴᠢᠨᠠᠭ᠍ᠰᠢᠳᠠ ᠠᠬᠢᠭᠤᠯᠵᠤ᠂ ᠪᠠᠢᠭᠤᠯᠤᠯ ᠲᠣᠭ᠍ᠲᠡᠴᠡ᠎ᠶ᠋ᠢ ᠪᠦᠷᠢᠨᠱᠢᠬᠦᠯᠦᠨ ᠲᠡᠭᠦᠯᠳᠡᠷᠵᠢᠭᠦᠯᠵᠦ᠍᠂ ᠰᠣᠶᠣᠯ ᠪᠡᠶ᠎ᠡ᠎ᠶ᠋ᠢᠨ ᠲᠠᠮᠢᠷ᠎ᠤᠨ ᠠᠵᠢᠯᠯᠠᠭ᠎ᠠ᠎ᠶ᠋ᠢᠨ ᠬᠣᠣᠰ ᠴᠢᠭ᠌ᠯᠡᠯ᠎ᠦᠨ ᠰᠣᠯᠢᠯᠴᠠᠭ᠎ᠠ᠎ᠶ᠋ᠢ ᠠᠬᠢᠭᠤᠯᠬᠤ ᠦᠯᠦ᠍ ᠮᠡᠳᠡᠭ᠌ᠳᠡᠮ᠎ᠡ ᠨᠦᠯᠦᠭᠡᠯᠡᠬᠦ ᠦᠢᠯᠡᠳᠦᠯ᠎ᠢ ᠨᠡᠩ ᠰᠠᠢᠲᠤᠷ ᠪᠠᠳᠠᠷᠠᠭᠤᠯᠵᠤ᠂ ᠱᠢᠨᠵᠢᠶᠠᠩ᠎ᠤᠨ ᠦᠨᠳᠦᠰᠦᠲᠡᠨ᠎ᠨᠦᠭᠦᠳ᠎ᠦᠨ ᠴᠢᠰᠤ ᠮᠢᠬᠠᠨ᠎ᠤ ᠪᠠᠷᠢᠯᠳᠤᠯᠭ᠎ᠠ ᠲᠠᠢ ᠪᠤᠯᠬᠤ᠂ ᠢᠲᠡᠭᠡᠯ ᠪᠢᠱᠢᠷᠡᠯ ᠠᠳᠠᠯᠢ ᠪᠤᠯᠬᠤ᠂ ᠰᠣᠶᠣᠯ ᠬᠠᠷᠢᠯᠴᠠᠨ ᠨᠡᠪᠲᠡᠷᠡᠯᠴᠡᠬᠦ᠌᠂ ᠠᠵᠤ ᠠᠬᠤᠢ ᠬᠠᠷᠢᠯᠴᠠᠨ ᠲᠦᠱᠢᠯᠴᠡᠬᠦ᠌᠂ ᠳᠣᠲᠣᠨᠣ ᠬᠠᠢᠷ᠎ᠠ ᠰᠡᠳᠭᠢᠯᠭᠡ ᠲᠠᠢ ᠪᠤᠯᠬᠤ ᠵᠢ ᠠᠬᠢᠭᠤᠯᠵᠤ᠂ ᠨᠡᠩ ᠰᠠᠢᠲᠤᠷ ᠵᠢᠡᠷ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ᠎ᠶ᠋ᠢ ᠠᠬᠢᠭᠤᠯᠪᠠᠯ ᠵᠤᠬᠢᠨ᠎ᠠ ᠭᠡᠪᠠ᠃
ᠦ᠋ ᠸᠧᠢ ᠱᠠᠨ ᠭᠡᠱᠢᠭᠦᠨ ᠦᠭᠡ ᠬᠡᠯᠡᠬᠦ᠌᠎ᠳᠡᠭᠡᠨ᠂ ᠴᠠᠭ ᠦᠶ᠎ᠡ᠎ᠶ᠋ᠢᠨ ᠪᠠᠢᠳᠠᠯ᠎ᠢ ᠴᠢᠩᠭ᠎ᠠ ᠡᠵᠡᠮᠳᠡᠵᠦ᠍᠂ ᠳᠤᠮᠳᠠᠳᠤ ᠤᠯᠤᠰ᠎ᠤᠨ ᠵᠣᠷᠢᠭ ᠰᠠᠨᠠᠭ᠎ᠠ ᠪᠣᠯᠤᠨ ᠴᠠᠭ ᠦᠶ᠎ᠡ᠎ᠶ᠋ᠢᠨ ᠭᠤᠤ᠎ᠠ ᠲᠠᠭᠠᠱᠢᠶᠠᠯ᠎ᠢ ᠢᠯᠡᠷᠡᠭᠦᠯᠦᠭ᠌ᠰᠡᠨ ᠤᠷᠠᠯᠢᠭ᠎ᠤᠨ ᠰᠣᠳᠣᠨ ᠪᠦᠲᠦᠭᠡᠯ᠎ᠢ ᠵᠣᠬᠢᠶᠠᠨ ᠪᠦᠲᠦᠭᠡᠵᠦ᠍᠂ ᠪᠣᠯᠪᠠᠰᠤᠨ᠎ᠤ ᠰᠣᠯᠢᠯᠴᠠᠭ᠎ᠠ ᠪᠣᠯᠤᠨ ᠬᠠᠢᠷ᠎ᠠ ᠰᠡᠳᠭᠢᠯᠭᠡ᠎ᠶ᠋ᠢᠨ ᠬᠣᠯᠪᠣᠭᠠᠨ᠎ᠤ ᠵᠦᠷᠢᠯᠢᠭ ᠬᠥᠭᠥᠷᠭᠡ᠎ᠶ᠋ᠢ ᠪᠠᠢᠭᠤᠯᠵᠤ᠂ ᠤᠯᠠᠨ ᠲᠠᠯ᠎ᠠ᠎ᠶ᠋ᠢᠨ ᠣᠷᠣᠯᠴᠠᠭ᠍ᠰᠠᠨ ᠪᠠ ᠮᠡᠷᠭᠡᠵᠢᠯ᠎ᠵᠢᠡᠷ ᠡᠨ᠋ᠸᠷᠬᠢ ᠣᠯᠭᠣᠭ᠍ᠰᠠᠨ ᠳᠠᠮᠵᠢᠭᠤᠯᠭ᠎ᠠ᠎ᠶ᠋ᠢᠨ ᠪᠠᠢᠷᠢᠱᠢᠯ᠎ᠢ ᠪᠠᠢᠭᠤᠯᠵᠤ᠂ ᠤᠷᠠᠯᠢᠭ᠎ᠤᠨ ᠥᠪᠡᠷᠮᠢᠴᠡ ᠬᠦᠴᠦᠨ᠎ᠢ ᠬᠡᠷᠡᠭ᠌ᠯᠡᠨ ᠳᠡᠯᠡᠬᠡᠢ᠎ᠶ᠋ᠢᠨ ᠦᠨᠳᠦᠰᠦᠲᠡᠨ᠎ᠨᠦᠭᠦᠳ᠎ᠦᠨ ᠪᠣᠯᠪᠠᠰᠤᠨ᠎ᠲᠠᠶ ᠴᠢᠩ ᠦᠨᠡᠨᠴᠢ ᠶᠠᠷᠢᠯᠴᠠᠭ᠎ᠠ ᠥᠷᠨᠢᠭᠦᠯᠵᠦ᠍᠂ ᠳᠤᠮᠳᠠᠳᠤ᠎ᠶ᠋ᠢᠨ ᠪᠣᠯᠪᠠᠰᠤᠨ᠎ᠤ ᠳᠠᠮᠵᠢᠭᠤᠯᠭ᠎ᠠ᠎ᠶ᠋ᠢᠨ ᠬᠦᠴᠦᠨ ᠨᠥᠯᠥᠭᠡᠯᠡᠬᠦ᠌ ᠬᠦᠴᠦᠨ᠎ᠢ ᠲᠠᠰᠤᠷᠠᠯᠲᠠ ᠦᠭᠡᠢ ᠴᠢᠩᠭᠠᠳᠭᠠᠪᠠᠯ ᠵᠤᠬᠢᠨ᠎ᠠ ᠭᠡᠪᠠ᠃
ᠫᠠᠨ ᠵᠢᠶᠠᠨ ᠸᠧᠢ ᠭᠡᠱᠢᠭᠦᠨ 《9·3》 ᠤ᠋ ᠡᠷᠳᠡᠮ ᠱᠢᠨᠵᠢᠯᠡᠭᠡᠨ᠎ᠦ ᠨᠡᠢᠭᠡᠮᠯᠢᠭ᠎ᠦᠨ ᠲᠥᠪ ᠬᠣᠷᠢᠶ᠎ᠠ᠎ᠶ᠋ᠢ ᠲᠥᠯᠥᠭᠡᠯᠡᠨ ᠦᠭᠡ ᠬᠡᠯᠡᠬᠦ᠌᠎ᠳᠡᠭᠡᠨ᠂ ᠰᠤᠷᠭᠠᠨ ᠬᠥᠮᠦᠵᠢᠯ᠎ᠦᠨ ᠬᠡᠪ ᠵᠠᠭ᠍ᠪᠤᠷ᠎ᠢ ᠮᠡᠳᠡᠯᠭᠡ ᠤᠯᠠᠮᠵᠢᠯᠠᠬᠤ᠎ᠡᠴᠡ ᠬᠡᠪ ᠪᠣᠯᠪᠠᠰᠤᠷᠠᠯ ᠲᠠᠢ ᠪᠤᠯᠭᠠᠬᠤ ᠲᠡᠢᠰᠢ ᠱᠢᠯᠵᠢᠭᠦᠯᠬᠦ᠌᠎ᠶ᠋ᠢ ᠠᠬᠢᠭᠤᠯᠵᠤ᠂ ᠰᠤᠷᠤᠭ᠍ᠴᠢᠳ᠎ᠤᠨ ᠱᠢᠨᠵᠢᠯᠡᠬᠦ᠌ ᠤᠬᠠᠭᠠᠨᠴᠢ ᠰᠡᠳᠭᠢᠬᠦᠢ ᠪᠣᠯᠤᠨ ᠬᠠᠢᠨ ᠰᠦᠪᠡᠭ᠌ᠴᠢᠯᠡᠬᠦ᠌ ᠴᠢᠳᠠᠪᠤᠷᠢ᠎ᠶ᠋ᠢ ᠱᠢᠰᠲ᠋ᠧᠮ᠎ᠲᠡᠶ ᠬᠥᠮᠦᠵᠢᠭᠦᠯᠵᠦ᠍᠂ ᠥᠭᠡᠷᠡᠴᠢᠯᠡᠯᠲᠡ᠎ᠶ᠋ᠢ ᠦᠨᠡᠯᠡᠬᠦ᠌᠎ᠪᠡᠷ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢ ᠪᠠᠳᠠᠷᠠᠭᠤᠯᠵᠤ᠂ ᠲᠦᠷᠢᠮ᠎ᠦᠨ ᠵᠢᠷᠤᠭ ᠲᠥᠯᠥᠪᠯᠡᠭᠡ᠎ᠪᠡᠷ ᠬᠠᠢᠨ ᠰᠦᠪᠡᠭ᠌ᠴᠢᠯᠡᠯᠳᠡ᠎ᠶ᠋ᠢᠨ ᠢᠯᠠᠭ᠍ᠳᠠᠯ᠎ᠢ ᠪᠠᠭ᠍ᠲᠠᠭᠠᠵᠤ᠂ ᠰᠣᠶᠣᠯ᠎ᠢ ᠤᠯᠠᠮᠵᠢᠯᠠᠬᠤ᠎ᠪᠠᠷ ᠱᠢᠨ᠎ᠡ᠎ᠶ᠋ᠢ ᠡᠭᠦᠳᠬᠦ᠌ ᠤᠶᠤᠨ ᠤᠬᠠᠭᠠᠨ᠎ᠢ ᠱᠢᠩᠭᠡᠭᠡᠵᠦ᠍᠂ ᠪᠣᠯᠪᠠᠰᠤᠨ᠎ᠢᠶᠠᠨ ᠬᠠᠷᠢᠯᠴᠠᠨ ᠲᠤᠯᠢ ᠪᠤᠯᠭᠠᠬᠤ᠎ᠪᠠᠷ ᠱᠢᠨ᠎ᠡ᠎ᠶ᠋ᠢ ᠡᠭᠦᠳᠬᠦ᠌ ᠰᠣᠶᠣᠯ᠎ᠢ ᠱᠢᠮᠡᠵᠢᠭᠦᠯᠵᠦ᠍᠂ ᠱᠢᠨᠵᠢᠯᠡᠬᠦ᠌ ᠤᠬᠠᠭᠠᠨ᠎ᠢ ᠡᠷᠬᠢᠮᠯᠡᠬᠦ᠌᠂ ᠱᠢᠨ᠎ᠡ᠎ᠶ᠋ᠢ ᠡᠭᠦᠳᠬᠦ᠌᠎ᠶ᠋ᠢ ᠬᠥᠭᠡᠭᠡᠴᠡᠯᠳᠦᠬᠦ᠌᠎ᠪᠡᠷ ᠬᠡᠪ ᠵᠠᠩᠱᠢᠯ ᠪᠣᠯᠭᠠᠪᠠᠯ ᠵᠤᠬᠢᠨ᠎ᠠ ᠭᠡᠪᠡ᠃
ᠲᠢᠶᠠᠨ ᠴᠢᠨ ᠱᠢᠨ ᠭᠡᠱᠢᠭᠦᠨ ᠦᠭᠡ ᠬᠡᠯᠡᠬᠦ᠌᠎ᠳᠡᠭᠡᠨ᠂ ᠱᠢᠨ᠎ᠡ ᠴᠠᠭ ᠦᠶ᠎ᠡ ᠱᠢᠨ᠎ᠡ ᠠᠶᠠᠨ᠎ᠳᠤ᠂ ᠨᠡᠢᠭᠡᠮ ᠵᠢᠷᠤᠮ᠎ᠤᠨ ᠤᠳᠭ᠎ᠠ ᠤᠷᠠᠯᠢᠭ᠎ᠤᠨ ᠴᠡᠴᠡᠭ᠌ᠯᠡᠯ ᠬᠥᠭ᠌ᠵᠢᠯ᠎ᠢ ᠠᠬᠢᠭᠤᠯᠬᠤ᠎ᠳᠤ᠂ ᠡᠷᠬᠡᠪᠰᠢ ᠤᠳᠭ᠎ᠠ ᠤᠷᠠᠯᠢᠭ᠎ᠤᠨ ᠤᠬ ᠰᠠᠨᠠᠭ᠎ᠠ᠎ᠶ᠋ᠢ ᠵᠠᠯᠭᠠᠮᠵᠢᠯᠠᠵᠤ᠂ ᠠᠷᠠᠳ ᠲᠦᠮᠡᠨ᠎ᠦ ᠵᠣᠭ᠍ᠰᠣᠯᠲᠠ᠎ᠶ᠋ᠢ ᠪᠠᠲᠤ ᠰᠠᠬᠢᠬᠤ᠎ᠶ᠋ᠢ ᠢᠮᠠᠭ᠍ᠲᠠ ᠲᠤᠭᠤᠱᠢᠯᠠᠭᠤᠯᠪᠠᠯ ᠵᠤᠬᠢᠨ᠎ᠠ᠃ ᠮᠠᠷᠺᠰ᠎ᠤᠨ ᠦᠵᠡᠯ᠎ᠦᠨ ᠤᠳᠭ᠎ᠠ ᠤᠷᠠᠯᠢᠭ᠎ᠤᠨ ᠦᠵᠡᠯᠲᠡ᠎ᠶ᠋ᠢᠨ ᠰᠠᠭᠤᠷᠢ᠎ᠶ᠋ᠢ ᠲᠠᠰᠤᠷᠠᠯᠲᠠ ᠦᠭᠡᠢ ᠪᠡᠬᠢᠵᠢᠭᠦᠯᠵᠦ᠍᠂ ᠵᠣᠬᠢᠶᠠᠨ ᠪᠦᠲᠦᠭᠡᠭ᠌ᠴᠢ᠎ᠶ᠋ᠢᠨ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠭᠦᠨᠵᠡᠭᠡᠢᠷᠡᠵᠦ᠍᠂ ᠳᠤᠮᠳᠠᠳᠤ ᠤᠯᠤᠰ᠎ᠤᠨ ᠠᠷᠠᠳ ᠲᠦᠮᠡᠨ᠎ᠦ ᠠᠭᠤᠤ ᠶᠡᠬᠡ ᠦᠢᠯᠡᠳᠦᠯᠭᠡ ᠳᠤᠮᠳᠠ᠎ᠡᠴᠡ ᠡᠯᠪᠡᠭ ᠪᠠᠶᠠᠯᠢᠭ ᠱᠢᠮ᠎ᠡ ᠲᠡᠵᠢᠭᠡᠯ ᠬᠦᠷᠲᠡᠵᠦ᠍᠂ ᠦᠵᠡᠯ ᠰᠠᠨᠠᠭ᠎ᠠ ᠭᠦᠨᠵᠡᠭᠡᠢ᠂ ᠤᠷᠠᠯᠢᠭ ᠭᠦᠨ ᠨᠠᠷᠢᠨ᠂ ᠵᠣᠬᠢᠶᠠᠨ ᠪᠦᠲᠦᠭᠡᠯᠭᠡ ᠨᠠᠷᠢᠯᠢᠭ᠂ ᠳᠤᠮᠳᠠᠳᠤ ᠤᠯᠤᠰ᠎ᠤᠨ ᠵᠣᠷᠢᠭ ᠰᠠᠨᠠᠭ᠎ᠠ᠂ ᠴᠠᠭ ᠦᠶ᠎ᠡ᠎ᠶ᠋ᠢᠨ ᠰᠦᠷ ᠵᠢᠪᠬᠤᠭ᠎ᠠ᠎ᠶ᠋ᠢ ᠢᠯᠡᠷᠡᠭᠦᠯᠦᠭ᠌ᠰᠡᠨ ᠨᠡᠩ ᠤᠯᠠᠨ ᠱᠢᠨ᠎ᠡ ᠪᠦᠲᠦᠭᠡᠯ ᠭᠠᠷᠭᠠᠬᠤ᠎ᠶ᠋ᠢ ᠵᠣᠷᠢᠭ᠍ᠵᠢᠭᠤᠯᠪᠠᠯ ᠵᠤᠬᠢᠨ᠎ᠠ ᠭᠡᠵᠡᠢ᠃
ᠱᠢᠤᠢ ᠱᠢᠨ ᠷᠦᠩ ᠭᠡᠱᠢᠭᠦᠨ ᠦᠭᠡ ᠬᠡᠯᠡᠬᠦ᠌᠎ᠳᠡᠭᠡᠨ᠂ ᠰᠢ ᠵᠢᠨ ᠫᠢᠩ᠎ᠦᠨ ᠠᠮᠢ ᠠᠬᠤᠶ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠨᠤᠮᠢᠨ ᠤᠰᠤ ᠬᠥᠬᠡᠮᠳᠦᠭ ᠠᠭᠤᠯᠠ ᠪᠣᠯ ᠠᠯᠲᠠ ᠠᠭᠤᠯᠠ ᠮᠦᠨᠭᠭᠦᠨ ᠬᠠᠢᠷᠬᠠᠨ ᠮᠥᠨ ᠭᠡᠬᠦ᠌ ᠣᠢᠯᠠᠭᠠᠭ᠍ᠳᠠᠬᠤᠨ᠎ᠢ ᠪᠠᠲᠤ ᠪᠣᠶ ᠪᠣᠯᠭᠠᠨ ᠦᠶ᠋ᠯᠡᠳᠦᠯᠭᠡᠵᠢᠭᠦᠯᠵᠦ᠍᠂ ᠨᠡᠮᠡᠭ᠌ᠳᠡᠯ᠎ᠦᠨ ᠠᠷᠭ᠎ᠠ ᠬᠡᠯᠪᠡᠷᠢ᠎ᠶ᠋ᠢᠨ ᠱᠢᠨ᠎ᠡ᠎ᠶ᠋ᠢ ᠡᠭᠦᠳᠴᠦ᠍᠂ ᠵᠠᠰᠠᠯᠲᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠦᠨ᠂ ᠠᠮᠢ ᠠᠬᠤᠶ᠎ᠪᠠᠷ ᠠᠷᠠᠳ᠎ᠢ ᠪᠠᠶᠠᠵᠢᠭᠤᠯᠬᠤ ᠠᠷᠭ᠎ᠠ ᠵᠠᠮ᠎ᠢ ᠥᠷᠭᠡᠳᠭᠡᠵᠦ᠍᠂ ᠴᠢᠨᠠᠷ ᠰᠠᠢᠲᠠᠶ ᠠᠮᠢ ᠠᠬᠤᠶ ᠣᠷᠴᠢᠨ ᠲᠣᠭᠣᠷᠢᠨ᠎ᠢᠶᠠᠷ ᠴᠢᠨᠠᠷ ᠰᠠᠢᠲᠠᠶ ᠬᠥᠭ᠌ᠵᠢᠯᠲᠡ᠎ᠶ᠋ᠢ ᠲᠤᠯᠭᠠᠭᠤᠷᠢᠯᠠᠵᠤ᠂ ᠠᠷᠠᠳ ᠤᠯᠠᠨ ᠪᠠᠶᠠᠨ ᠴᠢᠨᠡᠭᠡᠯᠢᠭ᠂ ᠠᠮᠢ ᠠᠬᠤᠶ ᠦᠵᠡᠰᠭᠦᠯᠡᠩᠲᠦ ᠰᠠᠢᠬᠠᠨ ᠪᠠᠢᠬᠤ᠎ᠶ᠋ᠢᠨ ᠣᠷᠭᠠᠨᠢᠭ ᠨᠢᠭᠡᠳᠦᠯ᠎ᠢ ᠪᠡᠶᠡᠯᠡᠭᠦᠯᠪᠡᠯ ᠵᠤᠬᠢᠨ᠎ᠠ ᠭᠡᠪᠡ᠃
ᠸᠠᠩ ᠵᠢᠨ ᠨᠠᠨ ᠭᠡᠱᠢᠭᠦᠨ ᠳᠤᠮᠳᠠᠳᠤ ᠤᠯᠤᠰ᠎ᠤᠨ ᠲᠠᠷᠢᠶᠠᠴᠢᠨ ᠠᠵᠢᠯᠴᠢᠨ᠎ᠤ ᠠᠷᠠᠳᠴᠢᠯᠠᠭ᠍ᠰᠠᠨ ᠨᠠᠮ᠎ᠤᠨ ᠲᠥᠪ ᠬᠣᠷᠢᠶ᠎ᠠ᠎ᠵᠢ ᠲᠦᠯᠦᠭᠡᠯᠡᠨ ᠡᠴᠡ ᠦᠭᠡ ᠬᠡᠯᠡᠬᠦ᠌᠎ᠳᠡᠭᠡᠨ᠂ 《ᠠᠷᠪᠠᠨ ᠲᠠᠪᠤᠳᠤᠭᠠᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠱᠢᠰᠲ᠋ᠧᠮ᠎ᠦᠨ ᠦᠵᠡᠯᠲᠡ᠎ᠶ᠋ᠢ ᠪᠠᠷᠢᠮᠲᠠᠯᠠᠨ᠂ ᠪᠥᠬᠥ᠌ ᠲᠠᠯ᠎ᠠ᠎ᠶ᠋ᠢ ᠪᠣᠳᠣᠯᠬᠢᠯᠠᠵᠤ᠂ ᠭᠤᠤᠯᠳᠠᠯᠭ᠎ᠠ᠎ᠶ᠋ᠢ ᠳᠣᠪᠣᠢᠯᠭᠠᠨ᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠪᠥᠬᠥ᠌ ᠲᠠᠯ᠎ᠠ᠎ᠪᠠᠷ ᠪᠣᠬᠢᠷᠲᠤᠯ ᠥᠬᠡᠶ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠶ᠋ᠢ ᠲᠦᠷᠭᠡᠳᠭᠡᠵᠦ᠍᠂ ᠪᠣᠬᠢᠷᠲᠤᠯ᠎ᠢ ᠰᠡᠷᠭᠡᠢᠯᠡᠨ ᠵᠠᠰᠠᠬᠤ ᠪᠣᠭᠣᠮᠲᠠ ᠱᠢᠪᠲᠤᠯᠬᠤ ᠪᠠ ᠠᠮᠢ ᠠᠬᠤᠶ᠎ᠶ᠋ᠢᠨ ᠱᠢᠰᠲ᠋ᠧᠮ᠎ᠢ ᠱᠢᠯᠢᠳᠡᠭ᠌ᠵᠢᠭᠦᠯᠬᠦ᠌᠎ᠶ᠋ᠢ ᠬᠠᠮᠵᠢᠯᠴᠠᠨ ᠠᠬᠢᠭᠤᠯᠵᠤ᠂ ᠪᠣᠬᠢᠷᠲᠤᠯ ᠥᠬᠡᠶ ᠦᠶ᠋ᠯᠡᠳᠪᠦᠷᠢᠯᠡᠯ ᠠᠮᠢᠳᠤᠷᠠᠯ᠎ᠤᠨ ᠠᠷᠭ᠎ᠠ ᠬᠡᠯᠪᠡᠷᠢ᠎ᠶ᠋ᠢ ᠰᠠᠨᠠᠭᠠᠴᠢᠯᠠᠬᠤ᠎ᠵᠢ ᠵᠤᠷᠢᠭᠵᠢᠭᠤᠯᠵᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠢ ᠪᠥᠲᠥᠭᠡᠨ ᠪᠠᠢᠭᠤᠯᠪᠠᠯ ᠵᠤᠬᠢᠨ᠎ᠠ ᠭᠡᠪᠠ᠃
ᠸᠧᠨ ᠱᠤ᠌ ᠭᠠᠩ ᠭᠡᠱᠢᠭᠦᠨ ᠦᠭᠡ ᠬᠡᠯᠡᠬᠦ᠌᠎ᠳᠡᠭᠡᠨ᠂ ᠴᠢᠯᠠᠭᠤᠵᠢᠮᠠᠯ ᠪᠤᠰᠤ ᠡᠨᠧᠷᠭᠢ᠎ᠪᠡᠷ ᠬᠠᠩᠭᠠᠯᠭ᠎ᠠ᠎ᠶ᠋ᠢᠨ ᠭᠤᠤᠯ ᠴᠣᠭ᠍ᠴᠠ ᠪᠣᠯᠭᠠᠬᠤ᠂ ᠴᠢᠯᠠᠭᠤᠵᠢᠮᠠᠯ ᠡᠨᠧᠷᠭᠢ᠎ᠪᠡᠷ ᠦᠨᠳᠦᠰᠦᠨ ᠵᠦᠶ᠋ᠯ᠎ᠢ ᠪᠠᠲᠤᠯᠠᠬᠤ ᠪᠠᠲᠤᠯᠠᠭ᠎ᠠ ᠪᠣᠯᠭᠠᠬᠤ᠂ ᠱᠢᠨ᠎ᠡ ᠬᠡᠯᠪᠡᠷᠢ᠎ᠶ᠋ᠢᠨ ᠴᠠᠬᠢᠯᠭᠠᠨ ᠬᠦᠴᠦᠨ᠎ᠦ ᠱᠢᠰᠲ᠋ᠧᠮ᠎ᠢᠶᠡᠷ ᠵᠠᠩᠭᠢᠯᠠᠭ᠎ᠠ᠎ᠶ᠋ᠢᠨ ᠲᠤᠯᠭᠠᠭᠤᠷᠢᠯᠠᠯ ᠪᠣᠯᠭᠠᠬᠤ᠂ ᠪᠣᠬᠢᠷᠲᠤᠯ ᠥᠬᠡᠶ ᠣᠶᠤᠨᠴᠢ ᠠᠷᠪᠢᠯᠠᠯᠲᠠ᠎ᠪᠠᠷ ᠡᠨ᠋ᠸᠷᠬᠢ ᠬᠡᠷᠡᠭᠯᠡᠬᠦ ᠤᠳᠤᠷᠢᠳᠤᠮᠵᠢ ᠪᠣᠯᠭᠠᠬᠤ ᠱᠢᠨ᠎ᠡ ᠬᠡᠯᠪᠡᠷᠢ᠎ᠶ᠋ᠢᠨ ᠡᠨᠧᠷᠭᠢ᠎ᠶ᠋ᠢᠨ ᠱᠢᠰᠲ᠋ᠧᠮ᠎ᠢ ᠠᠯᠬᠤᠮ ᠠᠯᠬᠤᠮ᠎ᠢᠶᠠᠷ ᠪᠠᠢᠭᠤᠯᠵᠤ᠂ ᠱᠢᠨ᠎ᠡ ᠡᠨᠧᠷᠭᠢ ᠪᠣᠯᠤᠨ ᠤᠯᠠᠮᠵᠢᠯᠠᠯᠲᠤ ᠡᠨᠧᠷᠭᠢ᠎ᠶ᠋ᠢ ᠬᠠᠮᠵᠢᠯᠴᠠᠭᠤᠯᠬᠤ᠂ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠣᠯᠤᠨ ᠠᠵᠤ ᠦᠶ᠋ᠯᠡᠰ᠎ᠦᠨ ᠲᠠᠰ ᠳᠡᠪᠱᠢᠬᠦ᠌᠎ᠶ᠋ᠢ ᠬᠠᠮᠵᠢᠯᠴᠠᠭᠤᠯᠬᠤ᠎ᠶ᠋ᠢ ᠪᠠᠷᠢᠮᠲᠠᠯᠠᠵᠤ᠂ ᠡᠨᠧᠷᠭᠢ᠎ᠶ᠋ᠢᠨ ᠡᠬᠢ ᠪᠠᠶᠠᠯᠢᠭ᠎ᠤᠨ ᠠᠮᠤᠷ ᠲᠦᠪᠱᠢᠨ᠎ᠢ ᠪᠠᠲᠤᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠪᠡᠯ ᠵᠤᠬᠢᠨ᠎ᠠ ᠭᠡᠪᠠ᠃
ᠬᠤᠷᠠᠯ᠎ᠢ ᠪᠦᠬᠦ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠱᠣᠣ ᠬᠣᠩ ᠡᠷᠭᠢᠯᠡᠪᠡ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠵᠢᠨ ᠤᠯᠤᠰ ᠲᠦᠷᠦ᠍᠎ᠶ᠋ᠢᠨ ᠲᠣᠪᠴᠢᠶᠠᠨ᠎ᠤ ᠭᠡᠱᠢᠭᠦᠨ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠱ᠌ᠢ᠎ᠲᠡᠶ ᠹᠸᠩ᠂ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ ᠬᠤ᠌ ᠴᠦᠨ ᠬᠤᠸᠠ᠂ ᠱᠸᠨ ᠶᠤᠸᠠᠢ ᠶᠤᠸᠠᠢ᠂ ᠸᠠᠩ ᠶᠦᠩ᠂ ᠵᠧᠦ ᠴᠢᠶᠠᠩ᠂ ᠾᠧ ᠾᠧᠦ ᠬᠤᠸᠠ᠂ ᠯᠢᠶᠠᠩ ᠵᠧᠨ ᠶᠢᠩ᠂ ᠪᠠᠭᠠᠲᠤᠷ᠂ ᠰᠤ᠌ ᠬᠤᠢ᠂ ᠭᠤᠤ ᠶᠦᠨ ᠯᠦᠩ᠂ ᠮᠣ᠌ ᠬᠣᠩ᠂ ᠱᠢᠶᠠᠨ ᠬᠤᠢ᠂ ᠸᠠᠩ ᠳ᠋ᠦᠩ ᠹᠸᠩ᠂ ᠵᠢᠶᠠᠩ ᠱᠢᠨ ᡁᠢ᠂ ᠵᠢᠶᠠᠩ ᠽᠦᠸᠧ ᠵᠢᠶᠦ᠋ᠨ᠂ ᠾᠧ ᠪᠦᠦ ᠱᠢᠶᠠᠩ᠂ ᠸᠠᠩ ᠭᠤᠸᠠᠩ ᠴᠢᠶᠠᠨ᠂ ᠴᠢᠨ ᠪᠥᠸᠧ ᠶᠦᠩ᠂ ᠵᠦ᠍ ᠶᠦᠩ ᠱᠢᠨ᠂ ᠶᠠᠩ ᠵᠧᠨ ᠬᠤᠷᠠᠯ᠎ᠳᠤ ᠣᠷᠣᠯᠴᠠᠵᠠᠢ᠃