《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠠᠮᠢ ᠠᠬᠤᠶ ᠶ᠋ᠢᠨ ᠪᠥᠲᠥᠭᠡᠨ ᠪᠠᠢᠭᠤᠯᠤᠯᠲᠠ ᠵᠢ ᠨᠡᠢᠲᠡ 1.23 ᠳ᠋ᠦᠩᠱᠢᠭᠤᠷ ᠮᠥ᠍ ᠪᠡᠶᠡᠯᠡᠭᠦᠯᠵᠦ᠍᠂ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠵᠢ ᠵᠠᠰᠠᠭ᠍ᠰᠠᠨ ᠲᠠᠯᠠᠪᠠᠢ 6688 ᠲᠦᠮᠡᠨ ᠮᠥ᠍ᠳᠤ ᠬᠦᠷᠴᠦ᠍᠂ ᠴᠥᠮ ᠪᠥᠬᠥ᠌ ᠤᠯᠤᠰ ᠲᠦ᠍ ᠲᠦᠷᠦᠭᠦᠯᠡᠪᠡ; ᠣᠶ ᠱᠢᠭᠤᠶ ᠶ᠋ᠢᠨ ᠪᠦᠷᠬᠦᠴᠡ ᠶ᠋ᠢᠨ ᠨᠣᠷᠮ᠎ᠠ 22% ᠲᠦ᠍ ᠬᠦᠷᠴᠦ᠂ ᠨᠤᠲᠤᠭ ᠪᠡᠯᠴᠢᠭᠡᠷ ᠤ᠋ᠨ ᠶᠡᠷᠦᠩᠬᠡᠢᠯᠡᠭ᠌ᠰᠡᠨ ᠤᠷᠭᠤᠮᠠᠯ ᠤ᠋ᠨ ᠬᠤᠴᠢᠯᠭ᠎ᠠ ᠶ᠋ᠢᠨ ᠪᠦᠷᠬᠦᠴᠡ 45% ᠡᠴᠡ ᠳᠡᠭᠡᠭ᠌ᠰᠢ ᠳ᠋ᠤ ᠲᠣᠭ᠍ᠲᠠᠪᠤᠷᠢᠵᠢᠪᠠ; ᠱᠢᠯᠢᠳᠡᠭ ᠰᠠᠢᠨ ᠡᠳᠦᠷ ᠤ᠋ᠨ ᠲᠣᠭ᠎ᠠ ᠶ᠋ᠢᠨ ᠬᠠᠷᠢᠴᠠᠯ 90% ᠡᠴᠡ ᠳᠡᠭᠡᠭ᠌ᠰᠢ ᠪᠠᠢᠬᠤ ᠵᠢ ᠪᠠᠲᠤᠯᠠᠵᠤ᠂ ᠬᠠᠲᠤᠨ ᠭᠤᠤᠯ ᠤ᠋ᠨ ᠭᠤᠤᠯ ᠤᠷᠤᠰᠭᠠᠯ ᠤ᠋ᠨ ᠥᠪᠥᠷ ᠮᠣᠩᠭᠣᠯ ᠳ᠋ᠡᠬᠢ ᠬᠡᠰᠡᠭ ᠤ᠋ᠨ ᠤᠰᠤᠨ ᠤ᠋ ᠴᠢᠨᠠᠷ 6 ᠵᠢᠯ ᠳᠠᠷᠠᠭᠠᠯᠠᠨⅡᠲᠦᠷᠦᠯ ᠢ᠋ ᠪᠠᠲᠤᠯᠠᠪᠠ; ᠥᠪᠡᠷᠲᠡᠭᠡᠨ ᠵᠠᠰᠠᠬᠤ ᠣᠷᠣᠨ ᠤ᠋ ᠲᠠᠰ ᠡᠴᠡ ᠳᠡᠭᠡᠭ᠌ᠰᠢᠬᠢ ᠪᠣᠬᠢᠷᠲᠤᠯ ᠥᠬᠡᠶ ᠦᠶ᠋ᠯᠡᠳᠪᠦᠷᠢ 510᠂ ᠪᠣᠬᠢᠷᠲᠤᠯ ᠥᠬᠡᠶ ᠬᠦᠷᠢᠶᠡᠯᠡᠩ ᠲᠣᠭᠣᠷᠢᠭ ᠢ᠋ 32 ᠪᠦᠳᠦᠭᠡᠨ ᠪᠠᠢᠭᠤᠯᠪᠠ ᠁
ᠡᠨᠡ ᠬᠦ᠌ ᠨᠣᠮᠢᠨ ᠨᠣᠭᠣᠭᠠᠨ ᠬᠠᠷᠢᠭᠤᠯᠲᠠ ᠶ᠋ᠢᠨ ᠬᠠᠭᠤᠳᠠᠰᠤ ᠪᠣᠯ 《ᠨᠤᠮᠢᠨ ᠤᠰᠤ ᠬᠦᠬᠡᠮᠳᠦᠭ ᠠᠭᠤᠯᠠ ᠪᠤᠯ ᠠᠯᠲᠠᠨ ᠠᠭᠤᠯᠠ ᠮᠦᠨᠭᠭᠦᠨ ᠬᠠᠢᠷᠬᠠᠨ ᠮᠥᠨ》 ᠭᠡᠬᠦ᠌ ᠣᠢᠯᠠᠭᠠᠭ᠍ᠳᠠᠬᠤᠨ ᠢ᠋ ᠥᠪᠥᠷ ᠮᠣᠩᠭᠣᠯ ᠳ᠋ᠤ ᠭᠦᠨᠵᠡᠭᠡᠢ ᠦᠢᠯᠡᠳᠦᠯᠭᠡᠵᠢᠭᠦᠯᠦᠭ᠌ᠰᠡᠨ ᠦᠢᠯᠡᠳᠦᠯᠭᠡ ᠪᠣᠯᠤᠨ᠎ᠠ᠃
ᠡᠨᠡ ᠵᠢᠯ ᠤ᠋ᠨ ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠭᠡᠯ ᠳ᠋ᠤ᠂ ᠠᠭᠤᠯᠠ ᠤᠰᠤ ᠤᠢ ᠮᠤᠳᠤ ᠭᠠᠵᠠᠷ ᠲᠠᠷᠢᠶ᠎ᠠ ᠨᠠᠭᠤᠷ ᠪᠦᠷᠢᠳᠤ ᠨᠤᠳᠤᠬ ᠪᠡᠯᠴᠢᠭᠡᠷ ᠡᠯᠡᠰᠤ ᠮᠠᠩᠬ᠎ᠠ ᠵᠢ ᠨᠢᠭᠡ ᠴᠤᠭ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ ᠲᠠᠢ ᠪᠠᠷ ᠵᠠᠰᠠᠬᠤ ᠵᠢ ᠪᠠᠷᠢᠮᠲᠠᠯᠠᠵᠤ᠂ ᠪᠠᠢᠭᠠᠯᠢ ᠶ᠋ᠢᠨ ᠬᠠᠮᠠᠭᠠᠯᠠᠯᠲᠠ ᠶ᠋ᠢᠨ ᠭᠠᠵᠠᠷ ᠢ᠋ ᠨᠡᠢᠳᠭᠡᠨ ᠱᠢᠯᠢᠳᠡᠭ᠌ᠵᠢᠭᠦᠯᠬᠦ᠌ ᠵᠢ ᠬᠡᠷᠡᠭ᠌ᠵᠢᠭᠦᠯᠵᠦ᠍᠂ ᠤᠯᠤᠰ ᠤ᠋ᠨ ᠴᠡᠴᠡᠷᠯᠢᠭ ᠤ᠋ᠨ ᠪᠦᠲᠦᠭᠡᠨ ᠪᠠᠢᠭᠤᠯᠤᠯᠲᠠ ᠵᠢ ᠠᠬᠢᠭᠤᠯᠵᠤ᠂ 《ᠤᠮᠠᠷᠠᠲᠤ ᠶ᠋ᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠪᠤᠭᠤᠮᠲᠠ ᠰᠢᠪᠲᠤᠯᠬᠤ ᠳᠠᠢᠯᠠᠯᠳᠤᠭᠠᠨ ᠢ᠋ ᠯᠠᠪᠳᠠᠭᠤᠨ ᠪᠠᠲᠤᠲᠠᠶ ᠠᠬᠢᠭᠤᠯᠵᠤ᠂ ᠠᠷᠠᠳ ᠣᠯᠠᠨ ᠤ᠋ ᠳᠡᠷᠭᠡᠳᠡᠬᠢ ᠠᠭᠤᠯᠠ ᠵᠢ ᠨᠠᠩ ᠨᠣᠭᠤᠭᠠᠨ᠂ ᠤᠰᠤ ᠵᠢ ᠨᠠᠩ ᠲᠤᠩᠭᠠᠯᠠᠭ ᠪᠣᠯᠭᠠᠨ᠎ᠠ ᠭᠡᠵᠦ᠍ ᠳᠤᠷᠠᠳᠪᠠ᠃
ᠮᠠᠨ ᠤ᠋ ᠤᠯᠤᠰ ᠤ᠋ᠨ ᠤᠮᠠᠷᠠᠲᠤ ᠶ᠋ᠢᠨ ᠴᠢᠬᠤᠯᠠ ᠠᠮᠢ ᠠᠬᠤᠢ ᠶ᠋ᠢᠨ ᠠᠮᠤᠷ ᠲᠦᠪᠱᠢᠨ ᠤ᠋ ᠬᠠᠯᠬᠠᠪᠴᠢ ᠪᠣᠯᠤᠭ᠍ᠰᠠᠨ ᠤ᠋ ᠬᠤᠪᠢ ᠳ᠋ᠤ᠂ ᠥᠪᠥᠷ ᠮᠣᠩᠭᠣᠯ ᠬᠦᠰᠡᠯ ᠨᠠᠢᠳᠠᠯᠭ᠎ᠠ ᠵᠢ ᠪᠠᠲᠤ ᠴᠡᠭᠡᠵᠢᠯᠡᠵᠦ᠍᠂ ᠠᠮᠢ ᠠᠬᠤᠢ ᠵᠢ ᠤᠷᠢᠳ ᠢ᠋ᠶ᠋ᠡᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ᠌ ᠪᠡᠷ ᠤᠳᠤᠷᠢᠳᠤᠮᠵᠢ ᠪᠣᠯᠭᠠᠭ᠍ᠰᠠᠨ ᠴᠢᠨᠠᠷ ᠰᠠᠢᠲᠠᠢ ᠬᠥᠭ᠌ᠵᠢᠯᠲᠡ ᠶ᠋ᠢᠨ ᠱᠢᠨ᠎ᠡ ᠵᠠᠮ ᠢ᠋ᠶ᠋ᠡᠷ ᠡᠷᠡᠰ ᠭᠤᠢᠪᠢᠰᠢ ᠦᠭᠡᠢ ᠵᠠᠮᠨᠠᠪᠠ᠃ 《ᠡᠯᠡᠰᠦ ᠤᠷᠤᠭ᠍ᠰᠢᠯᠠᠵᠤ ᠬᠥᠮᠦᠨ ᠤᠬᠤᠷᠢᠬᠰᠠᠨ》 ᠡᠴᠡ 《ᠨᠣᠭᠣᠭᠠᠷᠠᠭᠤᠯᠤᠯᠲᠠ ᠤᠷᠤᠭ᠍ᠰᠢᠯᠠᠵᠤ ᠡᠯᠡᠰᠦ ᠤᠬᠤᠷᠢᠬᠰᠠᠨ》 ᠬᠦᠷᠲᠡᠯ᠎ᠡ᠂ 《ᠠᠭᠤᠯᠠ ᠪᠠᠨ ᠲᠦᠱᠢᠨ ᠠᠮᠢᠳᠤᠷᠠᠵᠤ ᠪᠠᠢᠭᠰᠠᠨ》 ᠡᠴᠡ 《ᠠᠭᠤᠯᠠ ᠵᠢ ᠰᠡᠷᠭᠦᠭᠡᠨ ᠬᠠᠮᠠᠭᠠᠯᠠᠵᠤ ᠠᠰᠢᠬᠯᠠᠬᠰᠠᠨ》 ᠬᠦᠷᠲᠡᠯ᠎ᠡ᠂ 《ᠬᠠᠷ᠎ᠠ ᠨᠡᠭᠦᠷᠡᠰᠦᠨ ᠲᠠᠯᠠᠢ》 ᠡᠴᠡ 《ᠬᠦᠬᠡ ᠬᠡᠷᠡᠯᠴᠢ ᠴᠡᠨᠡᠭ ᠤ᠋ᠨ ᠳᠠᠯᠠᠢ》 ᠬᠦᠷᠲᠡᠯ᠎ᠡ᠂ ᠠᠭᠤᠯᠠ ᠤᠰᠤ ᠨᠣᠭᠣᠭᠠᠷᠠᠵᠤ᠂ ᠭᠣᠣᠯ ᠮᠥᠷᠡᠨ ᠲᠤᠩᠭᠠᠯᠠᠭ᠍ᠰᠢᠵᠤ᠂ ᠰᠢᠨ᠎ᠡ ᠠᠵᠤ ᠦᠢᠯᠡᠰ ᠮᠠᠨᠳᠤᠨ ᠬᠦᠭᠵᠢᠵᠦ᠂ ᠬᠥᠮᠦᠨ ᠪᠠᠢᠭᠠᠯᠢ ᠡᠶ᠎ᠡ ᠵᠣᠬᠢᠴᠠᠩᠭᠤᠢ ᠪᠡᠷ ᠬᠠᠮᠲᠤ ᠣᠷᠣᠱᠢᠬᠤ ᠣᠳᠣᠬᠢᠴᠢᠯᠠᠯᠲᠠ ᠶ᠋ᠢᠨ ᠵᠢᠷᠤᠭ ᠠᠯᠭᠤᠷ ᠢ᠋ᠶ᠋ᠡᠷ ᠳᠡᠯᠭᠡᠭ᠌ᠳᠡᠯᠡ᠃
ᠠᠮᠢ ᠠᠬᠤᠶ ᠵᠢ ᠤᠷᠢᠳ ᠵᠢᠨᠷ ᠪᠤᠳᠤᠯᠬᠢᠯᠠᠵᠤ ᠨᠤᠮᠢᠨ ᠤᠰᠤ ᠬᠥᠬᠡᠮᠳᠦᠭ ᠠᠭᠤᠯᠠ ᠪᠠᠨ ᠰᠠᠬᠢᠨ ᠬᠠᠮᠠᠭᠠᠯᠠᠨ᠎ᠠ
ᠥᠪᠥᠷ ᠮᠣᠩᠭᠣᠯ 《ᠤᠯᠤᠰ ᠤ᠋ᠨ ᠶᠡᠬᠡ ᠶᠠᠪᠤᠳᠠᠯ》 ᠢ᠋ ᠢᠮᠠᠬᠲᠠ ᠪᠠᠲᠤ ᠴᠡᠭᠡᠵᠢᠯᠡᠵᠦ᠂ 《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠵᠢ ᠱᠢᠨᠵᠢᠯᠡᠬᠦ᠌ ᠤᠬᠠᠭᠠᠨᠴᠢ ᠪᠡᠷ ᠠᠬᠢᠭᠤᠯᠵᠤ᠂ ᠭᠤᠤᠯᠳᠠᠯᠭ᠎ᠠ ᠲᠠᠢ ᠭᠤᠤᠯ ᠮᠥᠷᠡᠨ ᠨᠠᠭᠤᠷ ᠴᠥᠭᠥᠷᠥᠮ ᠤ᠋ᠨ ᠠᠮᠢ ᠠᠬᠤᠶ ᠶ᠋ᠢᠨ ᠤᠰᠤ ᠨᠥᠬᠥᠪᠥᠷᠢᠯᠡᠬᠦ᠌ ᠵᠡᠷᠭᠡ ᠢᠨᠵᠧᠨᠧᠷᠢᠩ ᠢ᠋ ᠬᠡᠷᠡᠭ᠌ᠵᠢᠭᠦᠯᠵᠦ᠍᠂ ᠮᠠᠨ ᠤ᠋ ᠤᠯᠤᠰ ᠤ᠋ᠨ ᠤᠮᠠᠷᠠᠲᠤ ᠶ᠋ᠢᠨ ᠴᠢᠬᠤᠯᠠ ᠠᠮᠢ ᠠᠬᠤᠶ ᠶ᠋ᠢᠨ ᠠᠮᠤᠷ ᠲᠦᠪᠱᠢᠨ ᠤ᠋ ᠬᠠᠯᠬᠠᠪᠴᠢ ᠵᠢ ᠦᠷᠭᠦᠯᠵᠢᠯᠡᠨ ᠪᠡᠬᠢᠵᠢᠭᠦᠯᠪᠡ᠃
ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠳᠤᠮᠳᠠ᠂ ᠮᠸᠩ ᠼᠤᠤ ᠪᠦᠯᠦᠭ᠌ᠯᠡᠯ 《ᠤᠮᠠᠷᠠᠲᠤ ᠶ᠋ᠢᠨ ᠭᠤᠷᠪᠠᠨ ᠣᠷᠣᠨ》 ᠤ᠋ ᠢᠨᠵᠧᠨᠧᠷᠢᠩ ᠤ᠋ᠨ ᠪᠣᠭᠣᠮᠲᠠ ᠱᠢᠪᠲᠤᠯᠬᠤ ᠳᠠᠢᠯᠠᠯᠳᠤᠭᠠᠨ ᠳ᠋ᠤ ᠭᠦᠨᠵᠡᠭᠡᠢ ᠣᠷᠣᠯᠴᠠᠵᠤ᠂ ᠡᠪᠡᠰᠦᠨ ᠦᠷ᠎ᠡ ᠶ᠋ᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠢ᠋ ᠠᠰᠢᠬᠯᠠᠨ᠂ ᠭᠠᠵᠠᠷ ᠣᠷᠣᠨ ᠤ᠋ ᠪᠠᠢᠳᠠᠯ ᠳ᠋ᠠᠭᠠᠨ ᠲᠤᠬᠢᠷᠠᠭᠤᠯᠤᠨ ᠱᠢᠢᠳᠪᠦᠷᠢᠯᠡᠬᠦ᠌ ᠲᠥᠰᠦᠯ ᠲᠠᠢ ᠵᠤᠬᠢᠴᠠᠭᠤᠯᠤᠨ᠂ ᠱᠢᠨᠵᠢᠯᠡᠬᠦ᠌ ᠤᠬᠠᠭᠠᠨᠴᠢ᠂ ᠤᠷᠳᠤ ᠬᠤᠭᠤᠴᠠᠭᠠᠨ ᠤ᠋ ᠪᠦᠲᠦᠮᠵᠢᠲᠡᠢ᠂ ᠦᠷᠭᠦᠯᠵᠢᠯᠡᠭᠰᠡᠨ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠵᠢ ᠪᠡᠶᠡᠯᠡᠭᠦᠯᠪᠡ᠃
ᠪᠥᠬᠥ᠌ ᠤᠯᠤᠰ ᠤ᠋ᠨ ᠠᠷᠠᠳ ᠤ᠋ᠨ ᠲᠥᠯᠥᠭᠡᠯᠡᠭ᠌ᠴᠢᠳ ᠤ᠋ᠨ ᠶᠡᠬᠡ ᠬᠤᠷᠠᠯ ᠤ᠋ᠨ ᠲᠥᠯᠥᠭᠡᠯᠡᠭ᠌ᠴᠢ᠂ ᠮᠸᠩ ᠼᠤᠤ ᠪᠦᠯᠦᠭ᠌ᠯᠡᠯ ᠤ᠋ᠨ ᠡᠭᠦᠰᠭᠡᠨ ᠪᠠᠢᠭᠤᠯᠤᠭ᠍ᠴᠢ᠂ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠶᠡᠷᠦᠩᠬᠡᠶ ᠬᠠᠷᠢᠭᠤᠴᠠᠯᠭᠠᠲᠠᠨ ᠸᠠᠩ ᠵᠣᠣ ᠮᠢᠩ ᠤ᠋ᠨ ᠦᠵᠡᠬᠦ᠌ ᠪᠡᠷ᠂ ᠡᠪᠡᠰᠦᠨ ᠤ᠋ ᠠᠮᠢ ᠠᠬᠤᠶ ᠵᠢ ᠵᠠᠰᠠᠨ ᠰᠡᠷᠭᠦᠭᠡᠬᠦ᠌ ᠮᠡᠷᠭᠡᠵᠢᠯ᠂ ᠡᠪᠡᠰᠦ ᠪᠣᠷᠳᠣᠭ᠎ᠠ ᠵᠢ ᠥᠨᠳᠥᠷ ᠪᠦᠲᠦᠮᠵᠢᠲᠡᠶ ᠪᠡᠷ ᠳᠠᠷᠢᠬᠤ ᠮᠡᠷᠭᠡᠵᠢᠯ᠂ ᠡᠪᠡᠰᠦᠨ ᠤ᠋ ᠠᠵᠤ ᠦᠶ᠋ᠯᠡᠰ ᠢ᠋ ᠨᠡᠭᠡᠭᠡᠨ ᠬᠥᠭ᠌ᠵᠢᠭᠦᠯᠬᠦ᠌ ᠮᠡᠷᠭᠡᠵᠢᠯ ᠵᠡᠷᠭᠡ ᠪᠠ ᠡᠪᠡᠰᠦ ᠲᠠᠢ ᠬᠣᠯᠪᠣᠭ᠍ᠳᠠᠬᠰᠠᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠡᠭᠦᠳᠦᠯᠲᠡ ᠪᠣᠯ ᠴᠥᠮ 《ᠤᠮᠠᠷᠠᠳᠤ ᠶ᠋ᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠪᠣᠭᠣᠮᠲᠠ ᠱᠢᠪᠲᠤᠯᠬᠤ ᠳᠠᠢᠯᠠᠯᠳᠤᠭᠠᠨ ᠤ᠋ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠤᠷᠴᠠ ᠵᠡᠪᠰᠡᠭ ᠮᠥᠨ᠃ ᠲᠡᠷᠡ᠄ 《 〈 ᠦᠷ᠎ᠡ᠂ ᠮᠡᠷᠭᠡᠵᠢᠯ᠂ ᠮᠠᠱᠢᠨ᠂ ᠬᠠᠮᠢᠶᠠᠷᠤᠯᠲᠠ〉 ᠳᠥᠷᠪᠡ ᠵᠢ ᠨᠢᠭᠡ ᠴᠣᠭ᠍ᠴᠠᠵᠢᠭᠤᠯᠤᠨ 〈ᠤᠮᠠᠷᠠᠲᠤ ᠶ᠋ᠢᠨ ᠭᠤᠷᠪᠠᠨ ᠣᠷᠣᠨ〉 ᠤ᠋ ᠢᠨᠵᠧᠨᠧᠷᠢᠩ ᠢ᠋ ᠰᠠᠢᠲᠤᠷ ᠬᠢᠵᠦ᠍᠂ ᠨᠤᠲᠤᠭ ᠤ᠋ᠨ ᠤᠷᠭᠤᠮᠠᠯ ᠤ᠋ᠨ ᠦᠷ᠎ᠡ ᠡᠳ᠋ ᠤ᠋ᠨ ᠡᠬᠢ ᠪᠠᠶᠠᠯᠢᠭ ᠢ᠋ ᠬᠠᠮᠠᠭᠠᠯᠠᠨ ᠪᠣᠢᠵᠢᠭᠤᠯᠵᠤ᠂ ᠲᠣᠬᠢᠷᠠᠮᠵᠢᠲᠠᠶ ᠮᠠᠰᠢᠨ ᠮᠧᠬᠠᠨᠢᠭ ᠢ᠋ ᠰᠤᠳᠤᠯᠤᠨ ᠨᠡᠭᠡᠭᠡᠵᠦ᠍᠂ ᠭᠠᠵᠠᠷ ᠣᠷᠣᠨ ᠤ᠋ ᠪᠠᠢᠳᠠᠯ ᠳ᠋ᠠᠭᠠᠨ ᠲᠣᠬᠢᠷᠠᠭᠤᠯᠤᠨ᠂ ᠤᠨᠤᠴᠠᠲᠠᠢ ᠪᠠᠷ ᠡᠯᠡᠰᠦ ᠵᠢ ᠵᠠᠰᠠᠵᠤ᠂ ᠠᠮᠢ ᠠᠬᠤᠶ ᠶ᠋ᠢᠨ ᠬᠢᠨᠠᠨ ᠬᠡᠮᠵᠢᠬᠦ ᠬᠠᠮᠢᠶᠠᠷᠤᠨ ᠬᠠᠮᠠᠭᠠᠯᠠᠬᠤ ᠲᠥᠪ ᠢ᠋ ᠪᠥᠲᠥᠭᠡᠨ ᠪᠠᠢᠭᠤᠯᠵᠤ᠂ ᠵᠠᠰᠠᠨ ᠰᠡᠷᠭᠦᠭᠡᠭ᠌ᠰᠡᠨ ᠦᠷ᠎ᠡ ᠪᠦᠲᠦᠮᠵᠢ ᠵᠢ ᠪᠠᠲᠤ ᠰᠠᠬᠢᠬᠤ ᠭᠡᠷᠡᠭᠳᠡᠢ》 ᠭᠡᠯ᠎ᠠ᠃
3 ᠰᠠᠷ᠎ᠠ ᠶ᠋ᠢᠨ ᠡᠬᠢ ᠪᠡᠷ᠂ ᠤᠯᠠᠭᠠᠨᠰᠤᠬᠠᠢ ᠶ᠋ᠢᠨ ᠨᠤᠭᠤ ᠭᠠᠵᠠᠷ ᠲᠦ᠍ ᠬᠤᠷᠤᠭᠤᠲᠤ ᠬᠤᠨ ᠵᠡᠷᠭᠡ ᠬᠡᠭᠡᠷ᠎ᠡ ᠶ᠋ᠢᠨ ᠱᠢᠪᠠᠭᠤᠳ ᠪᠣᠯᠵᠣᠭ᠎ᠠ ᠶᠣᠰᠣᠭᠠᠷ ᠨᠢᠰᠤᠨ ᠢᠷᠡᠵᠦ᠍ ᠠᠮᠢᠵᠢᠷᠠᠯ ᠤ᠋ᠨ ᠬᠦᠴᠦᠨ ᠨᠠᠮᠡᠷᠢᠯᠡᠨᠠ᠃
ᠪᠥᠬᠥ᠌ ᠰᠠᠪᠠ ᠭᠠᠵᠠᠷ ᠤ᠋ᠨ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠵᠢ ᠱᠢᠰᠲ᠋ᠧᠮ ᠲᠠᠢ ᠵᠠᠰᠠᠭ᠍ᠰᠠᠨ ᠤ᠋ ᠳᠠᠷᠠᠭ᠎ᠠ᠂ ᠤᠯᠠᠭᠠᠨᠰᠤᠬᠠᠢ ᠶ᠋ᠢᠨ ᠪᠦᠬᠦᠯᠢ ᠴᠣᠭ᠍ᠴᠠ ᠶ᠋ᠢᠨ ᠤᠰᠤᠨ ᠤ᠋ ᠴᠢᠨᠠᠷ ᠨᠢ ᠨᠢᠭᠡᠨᠲᠡ ᠴᠢᠨᠠᠷ ᠮᠠᠭᠤ V ᠲᠥᠷᠥᠯ ᠪᠠᠢᠭ᠍ᠰᠠᠨ ᠡᠴᠡ ᠪᠠᠨ ᠳᠡᠭᠡᠭᠰᠢᠯᠡᠭᠡᠳ V ᠲᠥᠷᠥᠯ ᠪᠣᠯᠵᠣ᠂ ᠬᠡᠰᠡᠭ ᠭᠠᠵᠠᠷ ᠨᠢ V ᠲᠥᠷᠥᠯᠡᠴᠡ ᠰᠠᠢᠨ ᠪᠣᠯᠵᠣ᠂ ᠤᠰᠤᠨ ᠴᠣᠭ᠍ᠴᠠ ᠶ᠋ᠢᠨ ᠥᠪᠡᠷ ᠢ᠋ ᠪᠠᠨ ᠴᠡᠪᠡᠷᠱᠢᠭᠦᠯᠬᠦ᠌ ᠴᠢᠳᠠᠪᠤᠷᠢ ᠢᠯᠡᠳᠲᠡ ᠴᠢᠩᠭᠠᠷᠠᠨ᠂ ᠤᠰᠤᠨ ᠤ᠋ ᠭᠠᠳᠠᠷᠭᠤ ᠨᠢ 293 ᠲᠡᠭ᠌ᠰᠢ ᠳᠥᠷᠪᠡᠯᠵᠢᠨ ᠺᠢᠯᠣᠮᠧᠲ᠋ᠷ ᠲᠦ᠍ ᠲᠣᠭ᠍ᠲᠠᠪᠤᠷᠢᠵᠢᠵᠤ᠂ 29 ᠵᠦᠶ᠋ᠯ ᠤ᠋ᠨ ᠵᠢᠭᠠᠰᠤᠨ ᠤ᠋ ᠲᠥᠷᠥᠯ᠂ 263 ᠵᠦᠶ᠋ᠯ ᠤ᠋ᠨ ᠱᠢᠪᠠᠭᠤᠨ ᠤ᠋ ᠲᠥᠷᠥᠯ ᠲᠠᠢ ᠪᠣᠯᠪᠠ᠃
ᠪᠣᠬᠢᠷᠲᠤᠯ ᠦᠭᠡᠢ ᠪᠡᠷ ᠬᠦᠭᠵᠢᠭᠦᠯᠵᠦ ᠬᠡᠯᠪᠡᠷᠢ ᠪᠠᠨ ᠬᠤᠪᠢᠷᠠᠭᠤᠯᠬᠤ ᠬᠥᠳᠡᠯᠭᠡᠬᠦ᠌ ᠡᠨᠧᠷᠭᠢ ᠵᠢ ᠬᠥᠭ᠌ᠵᠢᠭᠡᠨᠠ
ᠣᠢᠷ᠎ᠠ ᠶ᠋ᠢᠨ ᠵᠢᠯ ᠡᠴᠡ ᠨᠠᠭᠠᠰᠢ᠂ ᠥᠪᠥᠷ ᠮᠣᠩᠭᠣᠯ ᠬᠥᠭ᠌ᠵᠢᠯᠲᠡ ᠶ᠋ᠢᠨ ᠠᠷᠭ᠎ᠠ ᠬᠡᠯᠪᠡᠷᠢ ᠪᠠᠨ ᠲᠦᠷᠭᠡᠳᠭᠡᠨ ᠬᠤᠪᠢᠷᠠᠭᠤᠯᠵᠤ᠂ ᠠᠵᠤ ᠦᠶ᠋ᠯᠡᠰ ᠤ᠋ᠨ ᠪᠦᠲᠦᠴᠡ ᠶ᠋ᠢᠨ ᠲᠣᠬᠢᠷᠠᠭᠤᠯᠤᠯᠲᠠ ᠵᠢ ᠲᠦᠷᠭᠡᠳᠭᠡᠨ᠂ ᠪᠣᠬᠢᠷᠲᠤᠯ ᠥᠬᠡᠶ ᠨᠡᠭᠦᠷᠡᠰᠦᠲᠥ᠋ᠷᠥᠭ᠌ᠴᠢ ᠪᠠᠭ᠎ᠠ ᠭᠠᠳᠠᠭᠰᠢᠯᠠᠭᠤᠯᠬᠤ ᠪᠠᠷ ᠣᠨᠴᠠᠯᠢᠭ ᠪᠣᠯᠭᠠᠭ᠍ᠰᠠᠨ ᠱᠢᠨ᠎ᠡ ᠴᠢᠨᠠᠷᠤ᠋ᠨ ᠦᠶ᠋ᠯᠡᠳᠪᠦᠷᠢᠯᠡᠯ ᠤ᠋ᠨ ᠬᠦᠴᠦᠨ ᠢ᠋ ᠶᠡᠬᠡ ᠪᠡᠷ ᠪᠣᠢᠵᠢᠭᠤᠯᠵᠤ᠂ ᠡᠬᠢ ᠪᠠᠶᠠᠯᠢᠭ ᠤ᠋ᠨ ᠬᠣᠷᠣᠭ᠍ᠳᠠᠯ ᠢ᠋ᠶ᠋ᠡᠷ ᠳᠤᠤᠷ᠎ᠠ᠂ ᠣᠷᠴᠢᠨ ᠲᠣᠭᠣᠷᠢᠨ ᠤ᠋ ᠪᠣᠬᠢᠷᠲᠤᠯ ᠢ᠋ᠶ᠋ᠡᠷ ᠪᠠᠭ᠎ᠠ᠂ ᠶᠠᠰᠤ ᠴᠢᠨᠠᠷ ᠦᠷ᠎ᠡ ᠠᠱᠢᠭ ᠢ᠋ᠶ᠋ᠡᠷ ᠥᠨᠳᠥᠷ ᠪᠣᠬᠢᠷᠲᠤᠯ ᠥᠬᠡᠶ ᠦᠶ᠋ᠯᠡᠳᠪᠦᠷᠢᠯᠡᠯ ᠤ᠋ᠨ ᠱᠢᠰᠲ᠋ᠧᠮ ᠢ᠋ ᠪᠥᠬᠥ᠌ ᠬᠦᠴᠦᠨ ᠢ᠋ᠶ᠋ᠡᠷ ᠢ᠋ᠶ᠋ᠡᠨ ᠪᠠᠢᠭᠤᠯᠪᠠ᠃
ᠦᠬᠠᠶ ᠬᠣᠲᠠ ᠶ᠋ᠢᠨ ᠥᠪᠥᠷ ᠮᠣᠩᠭᠣᠯ ᠤ᠋ᠨ ᠭᠤᠸᠠᠩ ᠵᠢᠤᠢ ᠱᠢᠨ᠎ᠡ ᠮᠠᠲ᠋ᠧᠷᠢᠶᠠᠯ ᠤ᠋ᠨ ᠬᠢᠵᠠᠭᠠᠷᠲᠤ ᠺᠣᠮᠫᠠᠨᠢ ᠤᠰᠤ ᠠᠷᠪᠢᠯᠠᠬᠤ ᠮᠡᠷᠭᠡᠵᠢᠯ ᠤ᠋ᠨ ᠥᠭᠡᠷᠡᠴᠢᠯᠡᠯᠲᠡ ᠵᠢ ᠬᠡᠷᠡᠭ᠌ᠵᠢᠭᠦᠯᠵᠦ᠍᠂ ᠤᠷᠢᠳ ᠬᠣᠵᠢᠳ ᠪᠣᠬᠢᠷ ᠤᠰᠤ ᠱᠢᠶ᠋ᠳᠪᠦᠷᠢᠯᠡᠬᠦ᠌ ᠪᠤᠬᠢᠷᠲᠤᠯ ᠪᠤᠳᠠᠰᠢ ᠭᠠᠳᠠᠭ᠍ᠰᠢᠯᠠᠭᠤᠯᠬᠤ ᠥᠬᠡᠶ ᠱᠢᠰᠲ᠋ᠧᠮ᠂ ᠬᠦᠷᠦᠭᠡᠬᠦ ᠰᠤᠪᠤᠷᠭ᠎ᠠ ᠶ᠋ᠢᠨ ᠤᠰᠤ ᠠᠷᠪᠢᠯᠠᠬᠤ ᠮᠡᠷᠭᠡᠵᠢᠯ ᠵᠡᠷᠭᠡ ᠣᠯᠠᠨ ᠵᠦᠶ᠋ᠯ ᠤ᠋ᠨ ᠠᠵᠤ ᠦᠶ᠋ᠯᠡᠳᠪᠦᠷᠢ ᠶ᠋ᠢᠨ ᠤᠰᠤ ᠠᠷᠪᠢᠯᠠᠬᠤ ᠮᠡᠷᠭᠡᠵᠢᠯ ᠢ᠋ ᠡᠭᠦᠳᠦᠨ ᠠᠰᠢᠬᠯᠠᠵᠤ᠂ ᠵᠢᠯ ᠤ᠋ᠨ ᠤᠰᠤ ᠠᠷᠪᠢᠯᠠᠬᠤ ᠶᠡᠷᠦᠩᠬᠡᠶ ᠬᠡᠮᠵᠢᠶ᠎ᠡ ᠨᠢ 430 ᠭᠠᠷᠤᠶ ᠲᠦᠮᠡᠨ ᠪᠣᠰᠣᠭ᠎ᠠ ᠳᠥᠷᠪᠡᠯᠵᠢᠨ ᠮᠧᠲ᠋ᠷ ᠲᠦ᠍ ᠬᠦᠷᠴᠡᠶ᠃
《ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠥᠪᠥᠷ ᠮᠣᠩᠭᠣᠯ ᠤᠰᠤᠨ ᠤ᠋ ᠡᠬᠢ ᠪᠠᠶᠠᠯᠢᠭ ᠤ᠋ᠨ ᠬᠠᠲᠠᠭᠤ ᠬᠢᠵᠠᠭᠠᠷᠯᠠᠯ ᠤ᠋ᠨ ᠤᠯᠠᠭᠠᠨ ᠱᠤᠭᠤᠮ ᠢ᠋ ᠲᠣᠭ᠍ᠲᠠᠭᠠᠵᠤ᠂ ᠤᠰᠤ ᠠᠷᠪᠢᠯᠠᠬᠤ ᠠᠵᠢᠯᠯᠠᠭ᠎ᠠ ᠵᠢ ᠪᠥᠬᠥ᠌ ᠲᠠᠯ᠎ᠠ᠂ ᠪᠥᠬᠥ᠌ ᠬᠦᠷᠢᠶ᠎ᠡ᠂ ᠪᠥᠬᠥ᠌ ᠶᠠᠪᠤᠴᠠ ᠪᠡᠷ ᠠᠬᠢᠭᠤᠯᠪᠠ᠃ ᠪᠥᠬᠥ᠌ ᠣᠷᠣᠨ ᠤ᠋ ᠤᠰᠤ ᠬᠡᠷᠡᠭ᠌ᠯᠡᠬᠦ᠌ ᠶᠡᠷᠦᠩᠬᠡᠶ ᠬᠡᠮᠵᠢᠶ᠎ᠡ ᠵᠢ ᠤᠯᠤᠰ ᠡᠴᠡ ᠪᠠᠭᠤᠯᠭᠠᠭ᠍ᠰᠠᠨ 196.3 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ ᠤ᠋ᠨ ᠳᠣᠲᠣᠷ᠎ᠠ ᠴᠢᠩᠭ᠎ᠠ ᠬᠢᠵᠠᠭᠠᠷᠯᠠᠨ᠂ ᠪᠥᠬᠥ᠌ ᠣᠷᠣᠨ ᠤ᠋ ᠲᠦᠮᠡᠨ ᠲᠥᠭᠥᠷᠢᠭ ᠤ᠋ᠨ ᠤᠯᠤᠰ ᠤ᠋ᠨ ᠳᠣᠲᠣᠭᠠᠳᠤ ᠢ᠋ᠢᠨ ᠦᠶ᠋ᠯᠡᠳᠪᠦᠷᠢᠯᠡᠯ ᠤ᠋ᠨ ᠶᠡᠷᠦᠩᠬᠡᠶ ᠥᠷᠲᠡᠭ ᠢ᠋ ᠪᠠᠶᠠᠯᠠᠭᠦᠯᠬᠦ ᠪᠦᠷᠢ ᠳ᠋ᠤ ᠬᠡᠷᠡᠭ᠌ᠯᠡᠬᠦ᠌ ᠤᠰᠤᠨ ᠤ᠋ ᠬᠡᠮᠵᠢᠶ᠎ᠡ ᠂ ᠲᠦᠮᠡᠨ ᠲᠥᠭᠥᠷᠢᠭ ᠤ᠋ᠨ ᠠᠵᠤ ᠦᠶ᠋ᠯᠡᠳᠪᠦᠷᠢ ᠢ᠋ᠢᠨ ᠨᠡᠮᠡᠭ᠌ᠳᠡᠯ ᠥᠷᠲᠡᠭ ᠢ᠋ ᠪᠠᠶᠠᠯᠠᠭᠦᠯᠬᠦ ᠪᠦᠷᠢ ᠳ᠋ᠤ ᠬᠡᠷᠡᠭ᠌ᠯᠡᠬᠦ᠌ ᠤᠰᠤᠨ ᠤ᠋ ᠬᠡᠮᠵᠢᠶ᠎ᠡ ᠢ᠋ᠢ 2020 ᠣᠨ ᠤ᠋ ᠬᠢ ᠡᠴᠡ ᠲᠣᠰᠪᠤᠷᠢ 14% ᠪᠠ 15% ᠪᠡᠷ ᠪᠠᠭᠤᠷᠠᠭᠤᠯᠪᠠ; ᠱᠢᠨ᠎ᠡ ᠪᠡᠷ ᠨᠡᠮᠡᠭ᠌ᠳᠡᠭ᠌ᠰᠡᠨ ᠲᠠᠷᠢᠶᠠᠯᠠᠩ ᠤ᠋ᠨ ᠤᠰᠤ ᠠᠷᠪᠢᠯᠠᠬᠤ ᠴᠢᠳᠠᠪᠤᠷᠢ 12 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ ᠢ᠋ ᠳᠠᠪᠠᠪᠠ; ᠥᠪᠡᠷᠲᠡᠭᠡᠨ ᠵᠠᠰᠠᠬᠤ ᠣᠷᠣᠨ ᠤ᠋ ᠲᠡᠰ ᠤ᠋ᠨ ᠤᠰᠤ ᠠᠷᠪᠢᠯᠠᠬᠤ ᠬᠡᠯᠪᠡᠷᠢ ᠶ᠋ᠢᠨ ᠠᠵᠤ ᠠᠬᠤᠢᠯᠠᠯ 174᠂ ᠤᠰᠤ ᠠᠷᠪᠢᠯᠠᠬᠤ ᠬᠡᠯᠪᠡᠷᠢ ᠶ᠋ᠢᠨ ᠬᠦᠷᠢᠶᠡᠯᠡᠩ ᠲᠣᠭᠣᠷᠢᠭ ᠢ᠋ 22 ᠪᠦᠳᠦᠭᠡᠨ ᠪᠠᠢᠭᠤᠯᠪᠠ᠃
《ᠣᠳᠣᠬᠢᠴᠢᠯᠠᠬᠤ ᠪᠦᠲᠦᠭᠡᠨ ᠪᠠᠢᠭᠤᠯᠤᠯᠲᠠ ᠵᠢ ᠠᠬᠢᠭᠤᠯᠬᠤ ᠶᠠᠪᠤᠴᠠ ᠳ᠋ᠤ᠂ ᠥᠪᠥᠷ ᠮᠣᠩᠭᠣᠯ ᠡᠷᠬᠡᠪᠰᠢ ᠠᠮᠢ ᠠᠬᠤᠶ ᠵᠢ ᠤᠷᠢᠳ ᠢ᠋ᠶ᠋ᠡᠷ ᠪᠤᠳᠤᠯᠬᠢᠯᠠᠬᠤ᠂ ᠪᠣᠬᠢᠷᠲᠤᠯ ᠦᠭᠡᠶ ᠬᠥᠭ᠌ᠵᠢᠭᠦᠯᠬᠦ᠌ ᠵᠢ ᠪᠠᠷᠢᠮᠲᠠᠯᠠᠨ᠂ ᠤᠰᠤᠨ ᠤ᠋ ᠬᠡᠮᠵᠢᠶ᠎ᠠ ᠪᠡᠷ ᠬᠤᠲᠠ ᠢ᠋ᠢᠨ ᠪᠦᠲᠦᠭᠡᠨ ᠪᠠᠢᠭᠤᠯᠤᠯᠲᠠ ᠢ᠋ᠢ ᠲᠣᠭ᠍ᠲᠠᠭᠠᠬᠤ᠂ ᠤᠰᠤᠨ ᠤ᠋ ᠬᠡᠮᠵᠢᠶ᠎ᠠ ᠪᠡᠷ ᠭᠠᠵᠠᠷ ᠲᠠᠷᠢᠶ᠎ᠠ ᠢ᠋ᠢ ᠲᠣᠭ᠍ᠲᠠᠭᠠᠬᠤ᠂ ᠤᠰᠤᠨ ᠤ᠋ ᠬᠡᠮᠵᠢᠶ᠎ᠠ ᠪᠡᠷ ᠬᠥᠮᠦᠨ ᠠᠮᠠ ᠢ᠋ᠢᠨ ᠳᠠᠭᠠᠭᠠᠴᠠ ᠢ᠋ᠢ ᠲᠣᠭ᠍ᠲᠠᠭᠠᠬᠤ᠂ ᠤᠰᠤᠨ ᠤ᠋ ᠬᠡᠮᠵᠢᠶ᠎ᠠ ᠪᠡᠷ ᠦᠢᠯᠡᠳᠪᠦᠷᠢᠯᠡᠯ ᠢ᠋ ᠲᠣᠭ᠍ᠲᠠᠭᠠᠬᠤ ᠵᠢ ᠡᠷᠡᠰ ᠭᠤᠢᠪᠢᠰᠢ ᠦᠭᠡᠶ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠬᠣᠲᠠ ᠶ᠋ᠢᠨ ᠬᠡᠪᠴᠢᠶ᠎ᠡ᠂ ᠠᠵᠤ ᠦᠢᠯᠡᠰ ᠤ᠋ᠨ ᠪᠦᠲᠦᠴᠡ ᠬᠢᠭᠡᠳ ᠬᠥᠮᠦᠨ ᠠᠮᠠ ᠶ᠋ᠢᠨ ᠪᠠᠢᠷᠢᠱᠢᠭᠤᠯᠤᠯᠲᠠ ᠵᠢ ᠱᠢᠨᠵᠢᠯᠡᠬᠦ᠌ ᠤᠬᠠᠭᠠᠨᠴᠢ ᠪᠡᠷ ᠲᠥᠯᠥᠪᠵᠢᠭᠦᠯᠵᠦ᠍᠂ ᠠᠵᠤ ᠠᠬᠤᠶ ᠨᠡᠢᠭᠡᠮ ᠤ᠋ᠨ ᠬᠥᠭ᠌ᠵᠢᠯᠲᠡ ᠬᠢᠭᠡᠳ ᠤᠰᠤᠨ ᠤ᠋ ᠡᠬᠢ ᠪᠠᠶᠠᠯᠢᠭ ᠤ᠋ᠨ ᠳᠠᠭᠠᠭᠠᠬᠤ ᠴᠢᠳᠠᠪᠤᠷᠢ ᠶ᠋ᠢᠨ ᠬᠠᠷᠢᠯᠴᠠᠨ ᠲᠣᠬᠢᠷᠠᠯᠴᠠᠬᠤ ᠵᠢ ᠦᠨᠡᠨ ᠬᠦ᠌ ᠪᠠᠲᠤᠯᠠᠬᠤ ᠬᠡᠷᠡᠭ᠌ᠲᠡᠶ》 ᠭᠡᠵᠦ ᠪᠦᠬᠦ᠌ ᠤᠯᠤᠰ ᠤ᠋ᠨ ᠤᠯᠤᠰ ᠲᠦᠷᠦ᠍ ᠶ᠋ᠢᠨ ᠵᠥᠪᠯᠡᠯᠭᠡᠨ ᠤ᠋ ᠭᠡᠱᠢᠭᠦᠨ᠂ ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠤᠰᠤᠨ ᠠᠱᠢᠭ᠍ᠯᠠᠯᠲᠠ ᠶ᠋ᠢᠨ ᠲᠢᠩᠬᠢᠮ ᠤ᠋ᠨ ᠳᠡᠳ᠋ ᠳᠠᠷᠤᠭ᠎ᠠ ᠯᠢ ᠪᠢᠨ ᠭᠡᠯᠡᠨ᠎ᠠ᠃
ᠥᠪᠥᠷ ᠮᠣᠩᠭᠣᠯ ᠤᠯᠠᠮᠵᠢᠯᠠᠯᠲᠤ ᠡᠨᠧᠷᠭᠢ ᠶ᠋ᠢᠨ ᠲᠤᠮᠤ ᠣᠷᠣᠨ ᠪᠣᠯᠬᠤ ᠪᠡᠷ ᠪᠠᠷᠠᠬᠤ ᠦᠭᠡᠢ ᠪᠣᠬᠢᠷᠲᠤᠯ ᠦᠭᠡᠢ ᠡᠨᠧᠷᠭᠢ ᠶ᠋ᠢᠨ ᠲᠤᠮᠤ ᠣᠷᠣᠨ ᠪᠣᠯᠤᠨ᠎ᠠ᠃ ᠣᠢᠷ᠎ᠠ ᠶ᠋ᠢᠨ ᠵᠢᠯ ᠡᠴᠡ ᠨᠠᠭᠠᠰᠢ᠂ ᠥᠪᠥᠷ ᠮᠣᠩᠭᠣᠯ ᠪᠣᠬᠢᠷᠲᠤᠯ ᠥᠬᠡᠶ ᠤᠰᠤᠲᠥ᠋ᠷᠥᠭ᠌ᠴᠢ ᠱᠢᠪᠲᠦᠷ ᠮᠸᠲ᠋ᠢᠯ ᠠᠯᠺᠣᠣᠯ ᠤ᠋ᠨ ᠠᠵᠤ ᠦᠶ᠋ᠯᠡᠰ ᠢ᠋ ᠢᠳᠡᠪᠬᠢᠲᠡᠶ ᠪᠠᠢᠷᠢᠱᠢᠭᠤᠯᠵᠤ᠂ ᠪᠤᠬᠢᠷᠲᠤᠯ ᠦᠭᠡᠢ ᠴᠠᠬᠢᠯᠭᠠᠨ ᠭᠠᠷᠭᠠᠯᠲᠠ ᠡᠴᠡ ᠪᠤᠬᠢᠷᠲᠤᠯ ᠦᠭᠡᠢ ᠤᠰᠤᠲᠥ᠋ᠷᠥᠭ᠌ᠴᠢ᠂ ᠪᠤᠬᠢᠷᠲᠤᠯ ᠦᠭᠡᠢ ᠱᠢᠪᠲᠦᠷ᠂ ᠪᠤᠬᠢᠷᠲᠤᠯ ᠦᠭᠡᠢ ᠮᠸᠲ᠋ᠢᠯ ᠠᠯᠺᠣᠣᠯ ᠤ᠋ᠨ ᠠᠵᠤ ᠦᠢᠯᠡᠰ ᠢ᠋ ᠬᠦᠭᠵᠢᠭᠦᠯᠬᠦ ᠲᠡᠢᠰᠢ ᠤᠷᠲᠤᠳᠭᠠᠵᠠᠢ᠃ ᠡᠭᠦᠨ ᠤ᠋ ᠬᠠᠮᠲᠤ ᠪᠥᠬᠥ᠌ ᠤᠯᠤᠰ ᠲᠦ᠍ ᠬᠠᠨᠳᠤᠭᠤᠯᠤᠭ᠍ᠰᠠᠨ ᠪᠤᠬᠢᠷᠲᠤᠯ ᠦᠭᠡᠢ ᠪᠤᠳᠤᠯᠲᠡ ᠶ᠋ᠢᠨ ᠬᠦᠴᠦᠨ ᠤ᠋ ᠪᠠᠲᠤᠯᠠᠭ᠎ᠠ ᠶ᠋ᠢᠨ ᠰᠠᠭᠤᠷᠢᠨ ᠢ᠋ ᠪᠠᠢᠭᠤᠯᠪᠠ᠃
ᠪᠣᠬᠢᠷᠲᠤᠯ ᠦᠭᠡᠢ ᠬᠥᠭ᠌ᠵᠢᠯᠲᠡ ᠶ᠋ᠢᠨ ᠡᠴᠦᠰ ᠤ᠋ᠨ ᠲᠤᠰᠤᠯᠳᠠ ᠪᠣᠯ ᠠᠷᠠᠳ ᠤᠯᠠᠨ ᠳ᠋ᠤ ᠵᠢᠷᠭᠠᠯᠲᠤ ᠠᠮᠢᠳᠤᠷᠠᠯ ᠢ᠋ ᠡᠳ᠋ᠯᠡᠭᠦᠯᠬᠦ ᠪᠤᠯᠤᠨ᠎ᠠ᠃
ᠣᠳᠣᠬᠠᠨ ᠳ᠋ᠤ᠂ ᠥᠪᠥᠷ ᠮᠣᠩᠭᠣᠯ 《ᠬᠣᠶᠠᠷ ᠬᠠᠯᠬᠠᠪᠴᠢ》᠂ 《ᠬᠣᠶᠠᠷ ᠰᠠᠭᠤᠷᠢᠨ》᠂ 《ᠨᠢᠭᠡ ᠪᠡᠬᠢᠯᠡᠯᠲᠡ》 ᠶ᠋ᠢᠨ ᠪᠠᠢᠯᠳᠤᠬᠤ ᠪᠣᠳᠣᠯᠭ᠎ᠠ ᠶ᠋ᠢᠨ ᠪᠠᠢᠷᠢ ᠲᠣᠭ᠍ᠲᠠᠭᠠᠯᠲᠠ ᠪᠠ ᠡᠭᠦᠷᠭᠡ ᠬᠠᠷᠢᠭᠤᠴᠠᠯᠭ᠎ᠠ ᠳ᠋ᠠᠭᠠᠨ ᠰᠠᠭᠤᠷᠢᠯᠠᠨ᠂ ᠱᠢᠨ᠎ᠡ ᠭᠠᠷᠤᠭ᠎ᠠ ᠳ᠋ᠤ ᠵᠣᠭ᠍ᠰᠣᠨ᠂ ᠠᠮᠢ ᠠᠬᠤᠢ ᠵᠢ ᠤᠷᠢᠳ ᠢ᠋ᠶ᠋ᠡᠷ ᠪᠣᠳᠣᠯᠬᠢᠯᠠᠬᠤ᠂ ᠪᠣᠬᠢᠷᠲᠤᠯ ᠦᠭᠡᠢ ᠬᠥᠭ᠌ᠵᠢᠭᠦᠯᠬᠦ᠌ ᠱᠢᠨᠵᠢᠯᠡᠬᠦ᠌ ᠤᠬᠠᠭᠠᠨᠴᠢ ᠵᠢᠯᠣᠭᠣᠳᠣᠯᠭ᠎ᠠ ᠳᠤᠤᠷ᠎ᠠ ᠡᠷᠡᠯᠬᠡᠭ᠌ᠯᠡᠨ ᠤᠷᠤᠭ᠍ᠰᠢᠯᠠᠵᠤ᠂ ᠲᠩᠷᠢ ᠵᠢ ᠨᠠᠩ ᠴᠡᠯᠮᠡᠭ᠂ ᠠᠭᠤᠯᠠ ᠵᠢ ᠨᠠᠩ ᠨᠣᠭᠣᠭᠠᠨ᠂ ᠤᠰᠤ ᠵᠢ ᠨᠠᠩ ᠲᠤᠩᠭᠠᠯᠠᠭ᠂ ᠠᠷᠠᠳ ᠤ᠋ᠨ ᠠᠮᠢᠳᠤᠷᠠᠯ ᠢ᠋ ᠨᠠᠩ ᠵᠣᠯ ᠵᠢᠷᠭᠠᠯ ᠲᠠᠢ ᠪᠣᠯᠭᠠᠬᠤ ᠪᠡᠷ ᠬᠦᠴᠤᠯᠠᠨ ᠴᠢᠷᠮᠠᠢᠵᠤ ᠪᠠᠢᠨ᠎ᠠ!