ᠯᠢᠦ ᠶᠠᠨ ᠪᠢᠩ᠄ ᠪᠦᠬᠦ᠌ ᠤᠯᠤᠰ᠎ᠤᠨ ᠠᠷᠠᠳ ᠎ᠤᠨ ᠲᠥᠯᠥᠭᠡᠯᠡᠭ᠌ᠴᠢᠳ᠎ᠤᠨ ᠶᠡᠬᠡ ᠬᠤᠷᠠᠯ᠎ᠤᠨ ᠲᠦᠯᠦᠭᠡᠯᠡᠭᠴᠢ᠂ ᠥᠪᠥᠷ ᠮᠣᠩᠭᠣᠯ ᠎ᠤᠨ ᠤᠮᠠᠷᠠᠲᠤ᠎ᠶ᠋ᠢᠨ ᠬᠦᠨᠳᠦ ᠠᠵᠤ ᠦᠢᠯᠡᠳᠪᠦᠷᠢ᠎ᠶ᠋ᠢᠨ ᠪᠦᠯᠦᠭ᠌ᠯᠡᠯ᠎ᠦᠨ ᠬᠢᠵᠠᠭᠠᠷᠲᠤ ᠺᠣᠮᠫᠠᠨᠢ ᠎ᠶ᠋ᠢᠨ ᠲᠣᠭᠠᠴᠢᠯᠠᠭ᠍ᠰᠠᠨ ᠡᠵᠡᠮᠰᠢᠯᠲᠦ ᠮᠠᠱᠢᠨ ᠲᠡᠷᠭᠡᠨ᠎ᠦ ᠠᠵᠢᠯᠴᠢᠨ
2026-03-09 10:02:06
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

微信图片_20260309100026.jpg


ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠌ ᠪᠠ ᠬᠥᠭ᠌ᠵᠢᠯᠲᠡ᠎ᠶ᠋ᠢ ᠠᠬᠢᠭᠤᠯᠬᠤ᠎ᠶ᠋ᠢ ᠨᠢᠭᠡᠳᠦᠯᠲᠡᠢ ᠲᠥᠯᠥᠪᠵᠢᠭᠦᠯᠵᠦ᠂ ᠬᠥᠭ᠌ᠵᠢᠯᠲᠡ᠎ᠶ᠋ᠢᠨ ᠤᠶᠠᠨ ᠬᠠᠳᠠᠨ ᠴᠢᠨᠠᠷ᠎ᠢ ᠴᠢᠨᠠᠭ᠍ᠰᠢᠳᠠ ᠴᠢᠩᠭᠠᠳᠭᠠᠵᠤ᠂ ᠠᠮᠤᠷ ᠲᠦᠪᠱᠢᠨ᠎ᠦ ᠬᠣᠷᠢᠭ᠎ᠠ ᠱᠤᠭᠤᠮ ᠎ᠢ ᠡᠷᠡᠰ ᠰᠠᠬᠢᠵᠤ᠂ ᠨᠡᠢᠭᠡᠮ᠎ᠦᠨ ᠡᠶ᠎ᠡ ᠵᠣᠬᠢᠴᠠᠩᠭᠤᠢ ᠲᠣᠭ᠍ᠲᠠᠭᠤᠨ ᠎ᠢ ᠠᠬᠢᠭᠤᠯᠬᠤ ᠬᠡᠷᠡᠭ᠌ᠲᠡᠢ ᠭᠡᠵᠦ᠍ ᠳᠤᠷᠠᠳᠪᠠ᠃ ᠦᠢᠯᠡᠳᠬᠦ᠌ ᠦᠢᠯᠡᠰ᠎ᠦᠨ ᠨᠢᠭᠡᠳᠦᠭᠡᠷ ᠹᠷᠣᠨᠲ᠎ᠠᠴᠠ ᠢᠷᠡᠭ᠌ᠰᠡᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠪᠣᠯᠤᠭ᠍ᠰᠠᠨ᠎ᠤ ᠬᠤᠪᠢ᠎ᠳᠤ᠂ ᠠᠶᠤᠯᠭᠦᠢ ᠦᠢᠯᠡᠳᠪᠦᠷᠢᠯᠡᠯ ᠪᠣᠯ ᠠᠵᠤ ᠠᠬᠤᠢᠯᠠᠯ᠎ᠤᠨ ᠬᠥᠭ᠌ᠵᠢᠯᠲᠡ᠎ᠶ᠋ᠢᠨ ᠠᠮᠢᠨ ᠰᠤᠳᠠᠰᠤ ᠮᠥᠨ᠂ ᠪᠠᠰᠠ ᠴᠤ᠌ ᠨᠡᠢᠭᠡᠮ᠎ᠦᠨ ᠲᠣᠭ᠍ᠲᠠᠭᠤᠨ᠎ᠤ ᠰᠠᠭᠤᠷᠢ ᠮᠥᠨ ᠭᠡᠳᠡᠭ᠎ᠢ ᠪᠢ ᠭᠦᠨᠵᠡᠭᠡᠢ ᠣᠢᠯᠠᠭᠠᠪᠠ᠃

ᠥᠩᠭᠡᠷᠡᠭ᠌ᠰᠡᠨ ᠨᠢᠭᠡ ᠵᠢᠯ᠎ᠳᠦ᠂ ᠪᠢ ᠲᠤᠬᠠᠢᠯᠠᠭ᠍ᠰᠠᠨ ᠠᠵᠢᠯ᠎ᠤᠨ ᠪᠠᠢᠷᠢ᠎ᠳᠠᠭᠠᠨ ᠰᠠᠭᠤᠷᠢᠯᠠᠵᠤ᠂ ᠠᠵᠢᠯᠴᠢᠨ ᠨᠥᠬᠥᠳ᠎ᠲᠡᠶ᠎ᠪᠡᠨ ᠠᠮᠤᠷ ᠲᠦᠪᠱᠢᠨ᠎ᠦ ᠬᠣᠷᠢᠭ᠎ᠠ ᠱᠤᠭᠤᠮ᠎ᠢ ᠬᠡᠷᠬᠢᠨ ᠰᠠᠬᠢᠬᠤ ᠲᠤᠬᠠᠢ ᠶᠠᠷᠢᠯᠴᠠᠵᠦ᠂ ᠭᠤᠤᠯᠳᠠᠯᠭ᠎ᠠ᠎ᠲᠠᠶ ᠲᠥᠷᠥᠯ ᠵᠦᠶ᠋ᠯ ᠎ᠦᠨ ᠵᠠᠩᠭᠢᠯᠠᠭ᠎ᠠ᠎ᠶ᠋ᠢᠨ ᠠᠵᠢᠯ᠎ᠤᠨ ᠳᠠᠷᠠᠭᠠᠯᠠᠯ᠎ᠢ ᠠᠩᠬᠠᠷᠴᠤ᠌᠂ ᠮᠡᠷᠭᠡᠵᠢᠯ᠎ᠦᠨ ᠱᠢᠨ᠎ᠡ ᠎ᠶ᠋ᠢ ᠡᠭᠦᠳᠬᠦ᠌᠎ᠪᠡᠷ ᠳᠡᠮᠵᠢᠨ ᠬᠡᠮ ᠰᠤᠭᠤᠭ᠎ᠢ ᠬᠡᠷᠬᠢᠨ ᠠᠷᠢᠯᠭᠠᠬᠤ ᠲᠤᠬᠠᠢ ᠪᠣᠳᠣᠯᠬᠢᠯᠠᠵᠦ ᠢᠷᠡᠵᠡᠢ᠃ ᠪᠣᠳᠠᠲᠠᠢ ᠠᠵᠢᠯ᠎ᠤᠨ ᠳᠤᠮᠳᠠ᠂ ᠪᠢᠳᠡ 《ᠠᠮᠤᠷ ᠲᠦᠪᠱᠢᠨ ᠎ᠢ ᠲᠡᠷᠢᠭᠦᠨ᠎ᠳᠦ ᠲᠠᠯᠪᠢᠵᠤ᠂ ᠶᠠᠰᠤ ᠴᠢᠨᠠᠷ᠎ᠢᠶᠠᠷ ᠦᠨᠳᠦᠰᠦ ᠪᠣᠯᠭᠠᠬᠤ》 ᠶ᠋ᠢ  ᠪᠠᠷᠢᠮᠲᠠᠯᠠᠵᠤ᠂ ᠠᠶᠤᠯ ᠲᠦᠭ᠌ᠰᠢᠭᠦᠷᠢ ᠭᠡᠮ ᠰᠣᠭᠣᠭ᠎ᠢ ᠵᠢᠭ᠍ᠰᠠᠭᠠᠨ ᠪᠠᠢᠴᠠᠭᠠᠬᠤ ᠪᠠ ᠪᠦᠬᠦ᠌ ᠶᠠᠪᠤᠴᠠ ᠎ᠶ᠋ᠢ ᠬᠠᠮᠢᠶᠠᠷᠤᠨ ᠡᠵᠡᠮᠳᠡᠬᠦ᠌᠎ᠶ᠋ᠢ ᠴᠢᠩᠭᠠᠳᠭᠠᠵᠤ᠂ ᠨᠡᠩ ᠥᠨᠳᠥᠷ ᠪᠠᠷᠢᠮᠵᠢᠶ᠎ᠠ᠎ᠪᠠᠷ ᠡᠯ᠎ᠡ ᠵᠦᠢᠯ᠎ᠦᠨ ᠠᠵᠢᠯ᠎ᠢᠶᠠᠨ ᠰᠠᠢᠲᠤᠷ ᠬᠢᠪᠡ᠃

ᠡᠭᠦᠨ᠎ᠦ ᠬᠠᠮᠲᠤ᠂ ᠪᠢ ᠪᠠᠰᠠ ᠮᠠᠨ᠎ᠤ ᠣᠷᠣᠨ ᠣᠢᠷ᠎ᠠ᠎ᠶ᠋ᠢᠨ ᠵᠢᠯ ᠡᠴᠡ ᠨᠠᠭᠠᠰᠢᠬᠢ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠲᠠᠯ᠎ᠠ᠎ᠪᠠᠷ ᠦᠷᠭᠦᠯᠵᠢᠯᠡᠨ ᠬᠦᠴᠦᠯᠡᠵᠦ᠍᠂ ᠵᠥᠷᠢᠴᠡᠯ ᠵᠠᠭᠤᠷᠠᠯᠳᠤᠭᠠᠨ᠎ᠢ ᠦᠨᠳᠦᠰᠦᠨ ᠱᠠᠲᠤᠨ ᠎ᠳᠤ ᠱᠢᠶ᠋ᠳᠪᠦᠷᠢᠯᠡᠵᠦ᠍ ᠪᠠᠢᠬᠤ ᠎ᠶ᠋ᠢ ᠠᠩᠬᠠᠷᠴᠤ᠌ ᠤᠯᠪᠠ᠃ ᠠᠷᠠᠳ ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠪᠣᠯᠤᠭ᠍ᠰᠠᠨ᠎ᠤ ᠬᠤᠪᠢ᠎ᠳᠤ᠂ ᠪᠢ ᠦᠷᠭᠦᠯᠵᠢᠯᠡᠨ ᠡᠮᠦᠨ᠎ᠡ ᠹᠷᠣᠨᠲ᠎ᠲᠤ ᠦᠨᠳᠦᠰᠦᠯᠡᠵᠦ᠍᠂ ᠤᠯᠠᠨ ᠲᠦᠮᠡᠨ᠎ᠦ ᠠᠮᠤᠷ ᠠᠮᠤᠭᠤᠯᠠᠩ ᠵᠣᠯ ᠵᠢᠷᠭᠠᠯ᠎ᠳᠤ ᠬᠦᠴᠦᠨ ᠴᠢᠳᠠᠯ᠎ᠢᠶᠠᠨ ᠡᠷᠭᠦᠨ᠎ᠡ᠃


( ᠵᠤᠬᠢᠶᠠᠯ / ᠵᠢᠷᠤᠭ᠄ ᠲᠤᠰ ᠰᠣᠨᠢᠨ᠎ᠤ ᠰᠤᠷᠪᠤᠯᠵᠢᠯᠠᠭ᠍ᠴᠢ ᠰᠥᠩ ᠱᠤᠸᠠᠩ᠂ ᠮᠥᠩᠬᠡᠴᠢᠯᠠᠭᠤ )


ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号