ᠴᠢ ᠢᠦᠶ ᠴᠢᠨ ᠄ ᠪᠥᠬᠥ᠌ ᠤᠯᠤᠰ ᠎ᠤᠨ ᠠᠷᠠᠳ ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠎ᠤᠨ ᠲᠥᠯᠥᠭᠡᠯᠡᠭ᠌ᠴᠢ᠂ ᠣᠷᠳᠣᠰ ᠬᠣᠲᠠ᠎ᠶ᠋ᠢᠨ ᠶᠤᠸᠠᠨ ᠱᠧᠩ ᠬᠡᠷᠡᠯ ᠴᠠᠬᠢᠯᠭᠠᠨ ᠎ᠤ ᠬᠢᠵᠠᠭᠠᠷᠲᠤ ᠺᠣᠮᠫᠠᠨᠢ ᠎ᠶ᠋ᠢᠨ ᠣᠷᠳᠣᠰ ᠣᠷᠣᠨ ᠎ᠤ ᠠᠯᠪᠠᠨ ᠬᠡᠷ᠎ᠦᠨ ᠬᠠᠷᠢᠭᠤᠴᠠᠯᠭᠠᠲᠠᠨ
2026-03-09 10:10:11
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆


微信图片_20260309100015.jpg


ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ᠂ ᠱᠢᠨ᠎ᠡ ᠴᠠᠭ ᠦᠶ᠎ᠡ᠎ᠶ᠋ᠢᠨ《ᠹᠸᠩᠴᠢᠶᠣᠤ ᠎ᠶ᠋ᠢᠨ ᠲᠤᠷᠱᠢᠯᠭ᠎ᠠ》 ᠵᠢ ᠪᠠᠷᠢᠮᠲᠠᠯᠠᠨ ᠬᠥᠭ᠌ᠵᠢᠭᠦᠯᠵᠦ᠍᠂ ᠶᠡᠷᠦᠩᠬᠡᠢᠯᠡᠨ ᠵᠠᠰᠠᠬᠤ ᠲᠥᠪ᠎ᠦᠨ ᠵᠢᠷᠤᠮᠵᠢᠭ᠍ᠰᠠᠨ ᠪᠠᠢᠭᠤᠯᠤᠯᠲᠠ ᠎ᠶ᠋ᠢ ᠠᠬᠢᠭᠤᠯᠵᠤ᠂ ᠨᠡᠢᠭᠡᠮ ᠲᠣᠭᠣᠷᠢᠭ ᠎ᠤᠨ ᠵᠠᠰᠠᠯᠲᠠ᠎ᠶ᠋ᠢ ᠲᠡᠭᠦᠯᠳᠡᠷᠵᠢᠭᠦᠯᠵᠦ᠍᠂ ᠵᠥᠷᠢᠴᠡᠯ ᠵᠠᠭᠤᠷᠠᠯᠳᠤᠭᠠᠨ ᠎ᠢ ᠰᠡᠷᠭᠡᠢᠯᠡᠬᠦ᠌ ᠪᠠ ᠤᠯᠠᠨ ᠡᠱᠢᠴᠢᠯᠡᠨ ᠱᠢᠢᠳᠪᠦᠷᠢᠯᠡᠬᠦ᠌ ᠎ᠶ᠋ᠢ ᠠᠬᠢᠭᠤᠯᠤᠨ᠎ᠠ ᠭᠡᠵᠦ᠍ ᠳᠤᠷᠠᠳᠪᠠ᠃ ᠡᠨᠡ ᠨᠢ ᠮᠠᠨ ᠎ᠤ ᠣᠷᠣᠨ᠎ᠤ ᠨᠡᠩ ᠥᠨᠳᠥᠷ ᠲᠦᠪᠱᠢᠨ ᠪᠦᠬᠦᠢ ᠠᠮᠤᠭᠤᠯᠠᠩᠳᠦ ᠥᠪᠥᠷ ᠮᠣᠩᠭᠣᠯ᠂ ᠬᠠᠤᠯᠢ ᠪᠡᠷ ᠵᠠᠰᠠᠬᠤ ᠥᠪᠥᠷ ᠮᠣᠩᠭᠣᠯ᠎ᠢ ᠴᠢᠷᠮᠠᠢᠨ ᠪᠦᠳᠦᠭᠡᠨ ᠪᠠᠢᠭᠤᠯᠵᠤ᠂ ᠡᠭᠡ ᠤᠯᠤᠰ ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ ᠎ᠤ ᠬᠠᠯᠬᠠᠪᠴᠢ᠎ᠶ᠋ᠢ ᠦᠨᠡᠨ ᠬᠦ᠌ ᠪᠠᠲᠤ ᠴᠣᠭ᠍ᠴᠠᠯᠠᠬᠤ ᠎ᠳᠤ ᠲᠣᠳᠣᠷᠬᠠᠢ ᠵᠢᠯᠣᠭᠣᠳᠤᠮᠵᠢ ᠬᠠᠩᠭᠠᠵᠠᠢ᠃

ᠥᠪᠡᠷ᠎ᠦᠨ ᠲᠤᠱᠢᠶᠠᠯ ᠬᠠᠷᠢᠭᠤᠴᠠᠯᠭ᠎ᠠ ᠪᠠᠨ ᠭᠦᠶ᠋ᠴᠡᠳᠭᠡᠭ᠌ᠰᠡᠨ ᠪᠣᠳᠠᠲᠤ ᠪᠠᠢᠳᠠᠯ ᠪᠣᠯᠤᠨ ᠪᠠᠢᠴᠠᠭᠠᠨ ᠰᠤᠳᠤᠯᠤᠯᠲᠠ᠎ᠶ᠋ᠢᠨ ᠦᠶ᠋ᠯᠡᠳᠦᠯᠭᠡ᠎ᠲᠡᠶ᠎ᠪᠡᠨ ᠤᠶᠠᠯᠳᠤᠭᠤᠯᠵᠦ᠂ ᠪᠢ ᠮᠠᠨ ᠎ᠤ ᠣᠷᠣᠨ᠎ᠤ ᠶᠡᠷᠦᠩᠬᠡᠢᠯᠡᠨ ᠵᠠᠰᠠᠬᠤ ᠲᠥᠪ ᠎ᠦᠨ ᠪᠥᠲᠥᠭᠡᠨ ᠪᠠᠢᠭᠤᠯᠤᠯᠲᠠ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ ᠎ᠢ ᠨᠡᠮᠡᠭ᠌ᠳᠡᠭᠦᠯᠬᠦ᠌᠎ᠶ᠋ᠢ ᠦᠷᠭᠦᠯᠵᠢᠯᠡᠨ ᠠᠬᠢᠭᠤᠯᠵᠤ᠂ 《ᠨᠢᠭᠡ ᠯᠡ ᠡᠭᠦᠳᠡ ᠎ᠪᠡᠷ ᠣᠷᠣᠵᠤ᠂ ᠨᠢᠭᠡ ᠯᠡ ᠭᠠᠵᠠᠷ᠎ᠲᠤ ᠣᠴᠢᠬᠤ》 ᠵᠥᠷᠢᠴᠡᠯ ᠵᠠᠭᠤᠷᠠᠯᠳᠤᠭᠠᠨ᠎ᠢ ᠱᠢᠶ᠋ᠳᠪᠦᠷᠢᠯᠡᠬᠦ᠌ ᠱᠢᠨ᠎ᠡ ᠪᠠᠢᠷᠢᠱᠢᠯ᠎ᠢ ᠴᠢᠷᠮᠠᠢᠨ ᠪᠦᠷᠢᠯᠳᠦᠭᠦᠯᠵᠦ ᠪᠠᠢᠭ᠎ᠠ ᠪᠠᠢᠳᠠᠯ᠎ᠢ ᠬᠦᠨᠵᠡᠬᠡᠢ ᠤᠢᠯᠠᠭᠠᠪᠠ᠂ ᠣᠲᠣ 《ᠵᠥᠷᠢᠴᠡᠯ ᠵᠠᠭᠤᠷᠠᠯᠳᠤᠭᠠᠨ ᠪᠠᠢᠪᠠᠯ ᠶᠡᠷᠦᠩᠬᠡᠢᠯᠡᠨ ᠵᠠᠰᠠᠬᠤ ᠲᠥᠪ᠎ᠢ ᠡᠷᠢᠬᠦ᠌ 》 ᠨᠢ ᠣᠯᠠᠨ ᠲᠦᠮᠡᠨ᠎ᠦ ᠬᠠᠮᠲᠤ᠎ᠶ᠋ᠢᠨ ᠲᠠᠨᠢᠯᠲᠠ ᠪᠣᠯᠵᠠᠶ᠃

ᠠᠷᠠᠳ᠎ᠤᠨ ᠲᠥᠯᠥᠭᠡᠯᠡᠭ᠌ᠴᠢᠳ ᠎ᠦᠨ ᠶᠡᠬᠡ ᠬᠤᠷᠠᠯ ᠎ᠤᠨ ᠲᠥᠯᠥᠭᠡᠯᠡᠭ᠌ᠴᠢᠳ ᠪᠣᠯ ᠵᠠᠰᠠᠭ᠎ᠤᠨ ᠶᠠᠪᠤᠳᠠᠯ᠎ᠢ ᠵᠥᠪᠯᠡᠨ ᠰᠠᠨᠠᠯ ᠵᠥᠪᠯᠡᠯᠭᠡ ᠳᠤᠷᠠᠳᠭᠤ᠎ᠳᠤ ᠣᠷᠣᠯᠴᠠᠭ᠍ᠴᠢ ᠪᠣᠯᠬᠤ᠎ᠪᠠᠷ ᠪᠠᠷᠠᠬᠤ ᠦᠭᠡᠢ᠂ ᠪᠠᠰᠠ ᠴᠤ᠌ ᠦᠨᠳᠦᠰᠦᠨ ᠱᠠᠲᠤᠨ ᠎ᠤ ᠨᠡᠢᠭᠡᠮ ᠎ᠦᠨ ᠵᠠᠰᠠᠯᠲᠠ᠎ᠶ᠋ᠢᠨ ᠦᠢᠯᠡᠳᠦᠯᠭᠡᠵᠢᠭᠦᠯᠦᠭ᠌ᠴᠢ ᠮᠥᠨ᠃ ᠬᠣᠢᠱᠢᠳᠠ ᠪᠢ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠦᠢᠯᠡᠳᠦᠯ ᠵᠢᠡᠨ ᠤᠯᠠᠮ ᠨᠢᠭᠡ ᠠᠯᠬᠤᠮ ᠪᠠᠳᠠᠷᠠᠭᠤᠯᠵᠤ᠂ ᠲᠥᠯᠥᠭᠡᠯᠡᠭ᠌ᠴᠢ᠎ᠵᠢᠨ 《ᠴᠢᠳᠠᠮᠠᠭᠠᠢ ᠠᠵᠢᠯᠯᠠᠭ᠎ᠠ 》 ᠪᠠᠷ ᠦᠨᠳᠦᠰᠦᠨ ᠱᠠᠲᠤᠨ ᠎ᠤ 《ᠴᠢᠳᠠᠮᠠᠭᠠᠢ ᠵᠠᠰᠠᠯᠲᠠ》 ᠶ᠋ᠢ ᠠᠬᠢᠭᠤᠯᠤᠨ᠎ᠠ᠃


ᠵᠤᠬᠢᠶᠠᠯ /  ᠵᠢᠷᠤᠭ᠄ ᠲᠤᠰ ᠰᠣᠨᠢᠨ ᠎ᠤ ᠰᠤᠷᠪᠤᠯᠵᠢᠯᠠᠭ᠍ᠴᠢ ᠸᠠᠩ ᠬᠤᠤ    ᠮᠥᠩᠬᠡᠴᠢᠯᠠᠭᠤ





ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号