ᠡᠸ ᠱᠢᠶᠤᠤ ᠮᠧᠢ ᠄ ᠪᠦᠬᠦ᠌ ᠤᠯᠤᠰ ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ ᠎ᠤᠨ ᠶᠡᠬᠡ ᠰᠤᠷᠭᠠᠭᠤᠯᠢ ᠎ᠶ᠋ᠢᠨ ᠬᠠᠤᠯᠢ ᠎ᠶ᠋ᠢᠨ ᠤᠬᠠᠭᠠᠨ ᠎ᠤ ᠳᠡᠭᠡᠳᠦ ᠰᠤᠷᠭᠠᠭᠤᠯᠢ᠎ᠶ᠋ᠢᠨ ᠫᠷᠤᠹᠧᠰᠰᠤᠷ
2026-03-09 10:13:17
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

微信图片_20260309100020.jpg


ᠥᠪᠥᠷ ᠮᠣᠩᠭᠣᠯ ᠡᠬᠡ ᠤᠯᠤᠰ ᠎ᠤᠨ 《ᠤᠮᠠᠷᠠᠲᠦ᠎ᠵᠢᠨ ᠶᠡᠬᠡ ᠬᠠᠭᠠᠯᠭ᠎ᠠ》᠂ ᠨᠡᠢᠰᠯᠡᠯ ᠎ᠦᠨ 《ᠬᠠᠮᠠᠭᠠᠯᠠᠯᠲᠠ᠎ᠵᠢᠨ ᠭᠤᠤᠯ》 ᠪᠣᠯᠤᠭ᠍ᠰᠠᠨ᠎ᠤ ᠬᠤᠪᠢ᠎ᠳᠤ᠂ ᠡᠬᠡ ᠤᠯᠤᠰ ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ ᠎ᠤ ᠬᠠᠯᠬᠠᠪᠴᠢ ᠎ᠶ᠋ᠢ ᠪᠠᠲᠤ ᠴᠣᠭ᠍ᠴᠠᠯᠠᠬᠤ ᠴᠢᠬᠤᠯᠠ ᠶᠡᠬᠡ ᠡᠭᠦᠷᠭᠡ᠎ᠶ᠋ᠢ ᠡᠭᠦᠷᠭᠡᠯᠡᠵᠦ᠍ ᠪᠠᠢᠳᠠᠭ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠬᠡ ᠤᠯᠤᠰ ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠎ᠶ᠋ᠢ ᠠᠬᠢᠭᠤᠯᠬᠤ ᠲᠦᠷᠢᠮ》  ᠢ᠋ ᠭᠦᠨᠵᠡᠭᠡᠶ ᠬᠡᠷᠡᠭ᠌ᠵᠢᠭᠦᠯᠬᠦ᠌ ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠯᠢ᠎ᠶ᠋ᠢᠨ ᠬᠠᠮᠢᠶᠠᠷᠤᠯᠲᠠ᠎ᠶ᠋ᠢᠨ ᠲᠦᠷᠢᠮ》 ᠢ᠋ ᠵᠠᠰᠠᠪᠤᠷᠢ ᠤᠷᠤᠭᠤᠯᠤᠨ ᠨᠠᠢᠳᠠᠪᠤᠷᠢᠵᠢᠭᠤᠯᠬᠤ᠎ᠶ᠋ᠢ ᠳᠠᠭᠠᠯᠳᠤᠨ᠂ ᠮᠠᠨ᠎ᠤ ᠡᠬᠡ ᠤᠯᠤᠰ ᠎ᠤᠨ 《ᠤᠮᠠᠷᠠᠲᠤ ᠵᠢᠨ ᠶᠡᠬᠡ ᠬᠠᠭᠠᠯᠭ᠎ᠠ》 ᠶ᠋ᠢ ᠰᠠᠬᠢᠨ ᠬᠠᠮᠠᠭᠠᠯᠠᠬᠤ ᠬᠠᠥᠯᠢ ᠪᠡᠷ ᠵᠠᠰᠠᠬᠤ ᠰᠠᠭᠤᠷᠢ ᠨᠠᠩ ᠪᠠᠲᠤ ᠪᠠᠬᠢ ᠪᠣᠯᠵᠠᠶ᠃

ᠬᠣᠶᠠᠷ ᠲᠦᠷᠢᠮ ᠎ᠢ ᠨᠡᠢᠲᠡᠯᠡᠨ ᠬᠡᠷᠡᠭ᠌ᠵᠢᠭᠦᠯᠦᠭ᠌ᠰᠡᠨ᠎ᠢᠶᠡᠷ᠂ ᠡᠯ᠎ᠡ ᠲᠠᠯ᠎ᠠ᠎ᠶ᠋ᠢᠨ ᠬᠢᠯᠢ ᠬᠢᠵᠠᠭᠠᠷ᠎ᠢ ᠰᠠᠬᠢᠨ ᠬᠠᠮᠠᠭᠠᠯᠠᠬᠤ ᠬᠠᠷᠢᠭᠤᠴᠠᠯᠭ᠎ᠠ᠎ᠶ᠋ᠢ ᠪᠣᠳᠠᠲᠠᠢᠵᠢᠭᠤᠯᠵᠤ᠂ ᠨᠠᠮ ᠵᠠᠰᠠᠭ ᠴᠡᠷᠢᠭ ᠴᠠᠭ᠍ᠳᠠᠭ᠎ᠠ ᠠᠷᠠᠳ ᠬᠦᠴᠦ᠍᠎ᠪᠡᠨ ᠬᠠᠮᠲᠤᠳᠭᠠᠨ ᠬᠢᠯᠢ ᠬᠢᠵᠠᠭᠠᠷ ᠎ᠢ ᠬᠦᠴᠦᠷᠬᠡᠭ᠌ᠵᠢᠭᠦᠯᠵᠦ᠍ ᠰᠡᠷᠭᠡᠢᠯᠡᠯᠲᠡ ᠶ᠋ᠢ ᠪᠡᠬᠢᠵᠢᠭᠦᠯᠬᠦ᠌ ᠲᠦᠷᠢᠮ᠎ᠦᠨ ᠱᠢᠰᠲ᠋ᠧᠮ ᠎ᠢ ᠪᠠᠢᠭᠤᠯᠵᠤ᠂ ᠬᠢᠯᠢ ᠬᠢᠵᠠᠭᠠᠷ᠎ᠤᠨ ᠶᠡᠬᠡ ᠲᠠᠯ᠎ᠠ ᠎ᠶ᠋ᠢᠨ ᠲᠣᠭ᠍ᠲᠠᠭᠤᠨ ᠎ᠢ ᠪᠠᠲᠤᠯᠠᠪᠠ᠃ ᠪᠢᠳᠡ ᠲᠦᠷᠢᠮ᠎ᠦᠨ ᠱᠠᠭᠠᠷᠳᠠᠯᠭ᠎ᠠ᠎ᠶ᠋ᠢ ᠬᠢᠯᠢ ᠬᠢᠵᠠᠭᠠᠷ ᠎ᠢ ᠰᠠᠬᠢᠵᠤ ᠬᠢᠯᠢ ᠬᠢᠵᠠᠭᠠᠷ ᠎ᠢ ᠲᠤᠬᠲᠠᠪᠤᠷᠢᠵᠢᠭᠤᠯᠬᠤ᠂ ᠬᠢᠯᠢ ᠬᠢᠵᠠᠭᠠᠷ ᠎ᠢ ᠬᠥᠭ᠌ᠵᠢᠭᠦᠯᠵᠦ ᠠᠷᠠᠳ᠎ᠢ ᠪᠠᠶᠠᠵᠢᠭᠤᠯᠬᠤ ᠪᠣᠳᠠᠲᠤ ᠠᠵᠢᠯᠯᠠᠭ᠎ᠠ ᠳᠤᠮᠳᠠ ᠨᠠᠢᠳᠠᠪᠤᠷᠢᠵᠢᠭᠤᠯᠵᠤ᠂ 《ᠬᠦᠮᠦᠨ᠎ᠤ ᠰᠡᠷᠭᠡᠢᠯᠡᠯᠲᠡ᠂ ᠪᠣᠳᠠᠰ ᠎ᠤᠨ ᠰᠡᠷᠭᠡᠢᠯᠡᠯᠲᠡ᠂ ᠮᠡᠷᠭᠡᠵᠢᠯ ᠎ᠦᠨ ᠰᠡᠷᠭᠡᠢᠯᠡᠯᠲᠡ》 ᠶ᠋ᠢᠨ ᠭᠦᠨᠵᠡᠭᠡᠶ ᠠᠭᠤᠰᠤᠯᠴᠠᠯ ᠎ᠢ ᠠᠬᠢᠭᠤᠯᠵᠤ᠂ ᠬᠠᠤᠯᠢ ᠎ᠪᠠᠷ ᠵᠠᠰᠠᠬᠤ ᠪᠠᠷ ᠬᠢᠯᠢ ᠬᠢᠵᠠᠭᠠᠷ ᠎ᠢ ᠲᠤᠬᠲᠠᠪᠤᠷᠢᠵᠢᠭᠤᠯᠵᠦ᠂ ᠤᠯᠤᠰ ᠎ᠤᠨ ᠠᠮᠤᠷ ᠲᠦᠪᠱᠢᠨ ᠪᠠ ᠬᠢᠯᠢ ᠬᠢᠵᠠᠭᠠᠷ᠎ᠤᠨ ᠠᠮᠤᠷ ᠲᠣᠭ᠍ᠲᠠᠭᠤᠨ᠎ᠤ ᠲᠥᠯᠥᠭᠡ ᠥᠪᠥᠷ ᠮᠣᠩᠭᠣᠯ ᠎ᠤᠨ ᠬᠦᠴᠦᠨ ᠴᠢᠳᠠᠯ᠎ᠢᠶᠠᠨ ᠡᠷᠭᠦᠨ᠎ᠡ᠃


(ᠵᠤᠬᠢᠶᠠᠯ   / ᠵᠢᠷᠤᠭ᠄ ᠲᠤᠰ ᠰᠣᠨᠢᠨ᠎ᠤ ᠰᠤᠷᠪᠤᠯᠵᠢᠯᠠᠭ᠍ᠴᠢ ᠪᠠᠢ ᠳ᠋ᠠᠨ     ᠬᠠᠨ ᠴᠢᠩ ᠯᠢ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号