
ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠬᠡᠯ ᠳ᠋ᠦ᠍᠂ ᠠᠭᠤᠯᠠ ᠤᠰᠤ ᠣᠢ ᠮᠤᠳᠤ ᠭᠠᠵᠠᠷ ᠲᠠᠷᠢᠶ᠎ᠠ ᠨᠠᠭᠤᠷ ᠪᠦᠷᠢᠳᠤ ᠨᠤᠳᠤᠭ ᠪᠡᠯᠴᠢᠭᠡᠷ ᠡᠯᠡᠰᠤ ᠮᠠᠩᠬ᠎ᠠ ᠵᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠪᠡᠷ ᠵᠠᠰᠠᠬᠤ ᠵᠢ ᠪᠠᠷᠢᠮᠲᠠᠯᠠᠵᠤ᠂ ᠪᠠᠢᠭᠠᠯᠢ ᠵᠢᠨ ᠬᠠᠮᠠᠭᠠᠯᠠᠯᠲᠠ ᠵᠢᠨ ᠭᠠᠵᠠᠷ ᠢ᠋ ᠨᠡᠢᠳᠭᠡᠨ ᠰᠢᠯᠢᠳᠡᠭᠵᠢᠭᠦᠯᠬᠦ ᠵᠢ ᠬᠡᠷᠡᠭᠵᠢᠭᠦᠯᠦᠨ᠂ ᠤᠯᠤᠰ ᠤ᠋ᠨ ᠴᠡᠴᠡᠷᠯᠢᠭ ᠤ᠋ᠨ ᠪᠦᠳᠦᠭᠡᠨ ᠪᠠᠢᠭᠤᠯᠤᠯᠲᠠ ᠵᠢ ᠠᠬᠢᠭᠤᠯᠵᠤ᠂ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠪᠣᠭᠣᠮᠲᠠ ᠰᠢᠪᠲᠤᠯᠬᠤ ᠳᠠᠢᠯᠠᠯᠳᠤᠭᠠᠨ ᠢ᠋ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠣᠯᠠᠨ ᠤ᠋ ᠳᠡᠷᠭᠡᠳᠡᠬᠢ ᠠᠭᠤᠯᠠ ᠨᠢ ᠨᠡᠩ ᠨᠣᠭᠣᠭᠠᠨ᠂ ᠤᠰᠤ ᠨᠢ ᠨᠡᠩ ᠲᠤᠩᠭᠠᠯᠠᠭ ᠪᠣᠯᠭᠠᠨ᠎ᠠ ᠭᠡᠵᠦ ᠳᠤᠷᠠᠳᠤᠭᠰᠠᠨ ᠢ᠋ ᠰᠤᠨᠤᠰᠤᠭᠠᠳ ᠪᠢ ᠶᠡᠭᠡᠳᠡ ᠤᠷᠮᠠᠰᠢᠪᠠ᠃
ᠣᠢ ᠰᠢᠭᠤᠢ ᠵᠢᠨ ᠳᠤᠬᠠᠢᠯᠠᠭᠰᠠᠨ ᠠᠵᠢᠯ ᠤ᠋ᠨ ᠺᠠᠳ᠋ᠷ ᠪᠣᠯᠤᠭᠰᠠᠨ ᠤ᠋ ᠬᠤᠪᠢ ᠳ᠋ᠤ᠌᠂ ᠣᠢ ᠰᠢᠭᠤᠢ ᠵᠢᠨ ᠠᠵᠢᠯ ᠨᠢ ᠠᠮᠢ ᠠᠬᠤᠢ ᠵᠢᠨ ᠪᠣᠯᠪᠠᠰᠤᠨ ᠤ᠋ ᠪᠠᠢᠭᠤᠯᠤᠯᠲᠠ ᠳ᠋ᠤ᠌ ᠴᠢᠬᠤᠯᠠ ᠡᠭᠦᠷᠭᠡ ᠡᠭᠦᠷᠭᠡᠯᠡᠵᠦ ᠪᠠᠢᠬᠤ ᠵᠢ ᠪᠢ ᠭᠦᠨᠵᠡᠭᠡᠢ ᠤᠢᠯᠠᠭᠠᠵᠤ ᠪᠤᠢ᠃ ᠠᠵᠢᠯ ᠳᠤᠮᠳᠠ ᠪᠠᠨ 《ᠨᠤᠮᠢᠨ ᠤᠰᠤ ᠬᠥᠬᠡᠮᠳᠦᠭ ᠠᠭᠤᠯᠠ ᠪᠣᠯ ᠠᠯᠲᠠᠨ ᠠᠭᠤᠯᠠ ᠮᠥᠩᠭᠥᠨ ᠬᠠᠢᠷᠬᠠᠨ ᠮᠦᠨ》 ᠭᠡᠬᠦ ᠣᠢᠯᠠᠭᠠᠭᠳᠠᠬᠤᠨ ᠢ᠋ ᠪᠣᠢ ᠪᠣᠯᠭᠠᠨ ᠦᠢᠯᠡᠳᠦᠯᠭᠡᠵᠢᠭᠦᠯᠵᠦ᠂ ᠠᠮᠢ ᠠᠬᠤᠢ ᠵᠢᠨ ᠪᠦᠲᠦᠭᠡᠭᠳᠡᠬᠦᠨ ᠤ᠋ ᠥᠷᠲᠡᠭ ᠢ᠋ ᠪᠡᠶᠡᠯᠡᠭᠦᠯᠬᠦ ᠲᠣᠭᠲᠠᠴᠠ ᠵᠢ ᠢᠳᠡᠪᠬᠢᠲᠡᠢ ᠰᠦᠪᠡᠭᠴᠢᠯᠡᠨ᠎ᠠ᠃ ᠦᠨᠳᠦᠰᠦᠲᠡᠨ ᠨᠤᠬᠦᠳ ᠤ᠋ᠨ ᠺᠠᠳ᠋ᠷ ᠣᠯᠠᠨ ᠲᠦᠮᠡᠨ ᠢ᠋ ᠵᠣᠬᠢᠶᠠᠨ ᠪᠠᠢᠭᠤᠯᠤᠨ ᠳᠠᠢᠴᠢᠯᠠᠵᠤ᠂ ᠣᠢ ᠮᠣᠳᠣ ᠲᠠᠷᠢᠵᠤ ᠣᠢᠵᠢᠭᠤᠯᠤᠨ ᠬᠠᠮᠠᠭᠠᠯᠠᠵᠤ᠂ ᠣᠢ ᠰᠢᠭᠤᠢ ᠪᠠ ᠡᠪᠡᠰᠦᠨ ᠤ᠋ ᠠᠵᠤ ᠦᠢᠯᠡᠰ ᠢ᠋ ᠬᠥᠭᠵᠢᠭᠦᠯᠵᠦ᠂ ᠰᠢᠭᠤᠢᠲᠤ ᠣᠷᠣᠨ ᠤ᠋ ᠣᠯᠠᠨ ᠲᠦᠮᠡᠨ ᠢ᠋ ᠨᠤᠮᠢᠨ ᠤᠰᠤ ᠬᠥᠬᠡᠮᠳᠦᠭ ᠠᠭᠤᠯᠠ ᠵᠢᠨ 《ᠠᠮᠢ ᠠᠬᠤᠢ ᠵᠢᠨ ᠠᠶᠠᠭ᠎ᠠ》 ᠪᠡᠷ 《ᠪᠤᠬᠢᠷᠳᠤᠯ ᠦᠭᠡᠢ ᠬᠤᠭᠤᠯᠠ》 ᠢᠳᠡᠭᠦ ᠵᠢ ᠪᠡᠶᠡᠯᠡᠭᠦᠯᠦᠨ᠎ᠡ᠃
ᠡᠯ᠎ᠡ ᠭᠠᠵᠠᠷ ᠣᠷᠣᠨ ᠤ᠋ ᠬᠢᠨᠤ ᠲᠤᠬᠠᠢ ᠵᠢᠨ ᠭᠠᠵᠠᠷ ᠣᠷᠣᠨ ᠤ᠋ ᠪᠠᠢᠳᠠᠯ ᠳ᠋ᠠᠭᠠᠨ ᠲᠣᠬᠢᠷᠠᠭᠤᠯᠤᠨ ᠦᠪᠡᠷᠮᠢᠴᠡ ᠤᠨᠴᠠᠯᠢᠭᠳᠤ ᠣᠢ ᠰᠢᠭᠤᠢ ᠪᠠ ᠡᠪᠡᠰᠦᠨ ᠤ᠋ ᠠᠵᠤ ᠦᠢᠯᠡᠰ ᠢ᠋ ᠬᠥᠭᠵᠢᠭᠦᠯᠬᠦ ᠵᠢ ᠤᠯᠤᠰ ᠤ᠋ᠨ ᠳᠡᠰ ᠳᠠᠪᠬᠤᠷᠭ᠎ᠠ ᠡᠴᠡ ᠳᠡᠮᠵᠢᠵᠦ᠂ ᠦᠨᠳᠦᠰᠦᠲᠡᠨ ᠨᠤᠬᠦᠳ ᠤ᠋ᠨ ᠤᠯᠠᠨ ᠲᠦᠮᠡᠨᠳ᠋ᠤ ᠠᠮᠢ ᠠᠬᠤᠢ ᠵᠢᠨ ᠬᠠᠮᠠᠭᠠᠯᠠᠯᠲᠠ ᠡᠴᠡ ᠨᠡᠩ ᠣᠯᠠᠨ ᠬᠦᠷᠳᠡᠮᠵᠢ ᠵᠢᠨ ᠲᠦᠷᠦᠭᠳᠡᠯ᠂ ᠵᠢᠷᠭᠠᠯᠳᠤ ᠲᠦᠷᠦᠭᠳᠡᠯ ᠤᠯᠭᠤᠪᠠᠯ ᠵᠤᠬᠢᠨ᠎ᠠ᠃