ᠴᠧᠨ ᠠᠢ ᠰᠢᠦᠸᠠᠢ᠄ ᠪᠦᠬᠦ ᠤᠯᠤᠰ ᠤ᠋ᠨ ᠠᠷᠠᠳ ᠤ᠋ᠨ ᠲᠥᠯᠥᠭᠡᠯᠡᠭᠴᠢᠳ ᠤ᠋ᠨ ᠶᠡᠬᠡ ᠬᠤᠷᠠᠯ ᠤ᠋ᠨ ᠲᠥᠯᠥᠭᠡᠯᠡᠭᠴᠢ᠂ ᠥᠪᠥᠷ ᠮᠣᠩᠭᠣᠯ ᠤ᠋ᠨ ᠦᠨᠳᠦᠰᠦᠲᠡᠨ ᠤ᠋ ᠶᠡᠬᠡ ᠰᠤᠷᠭᠠᠭᠤᠯᠢ ᠵᠢᠨ ᠠᠵᠤ ᠠᠬᠤᠢ ᠵᠢᠨ ᠳᠡᠭᠡᠳᠦ ᠰᠤᠷᠭᠠᠭᠤᠯᠢ ᠵᠢᠨ ᠵᠠᠬᠢᠷᠤᠯ
2026-03-09 11:46:58
ᠵᠣᠬᠢᠶᠠᠭ᠍ᠴᠢ᠄
ᠸᠠᠩ ᠬᠣᠣ ᠮᠦᠩᠬᠡᠴᠢᠯᠠᠭᠤ
ᠣᠩᠱᠢᠭ᠍ᠰᠠᠨ ᠣᠳᠠᠭ᠎ᠠ᠄
★★★☆☆


微信图片_20260309114026_197_127.jpg


ᠵᠠᠰᠠᠭ ᠤ᠋ᠨ ᠣᠷᠳᠣᠨ ᠤ᠋ ᠠᠵᠢᠯ ᠤ᠋ᠨ ᠢᠯᠡᠳᠬᠡᠯ ᠳ᠋ᠦ᠍᠂ ᠪᠥᠬᠥ ᠲᠠᠯ᠎ᠠ ᠪᠠᠷ ᠪᠣᠬᠢᠷᠲᠤᠯ ᠦᠭᠡᠢ ᠲᠠᠢᠰᠢ ᠬᠡᠯᠪᠡᠷᠢ ᠪᠡᠨ ᠬᠤᠪᠢᠷᠠᠭᠤᠯᠬᠤ ᠵᠢ ᠲᠦᠷᠭᠡᠳᠭᠡᠨ ᠠᠬᠢᠭᠤᠯᠤᠨ᠎ᠠ᠃ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳ᠋ᠤ ᠬᠦᠷᠬᠦ ᠪᠠ ᠨᠡᠭᠦᠷᠡᠰᠦᠲᠥ᠋ᠷᠥᠭᠴᠢ ᠵᠢ ᠰᠠᠭᠠᠷᠮᠠᠭᠵᠢᠭᠤᠯᠬᠤ ᠪᠡᠷ ᠬᠦᠳᠦᠯᠦᠮᠵᠢ ᠪᠤᠯᠭᠠᠵᠤ᠂ ᠨᠡᠭᠦᠷᠡᠰᠦᠲᠥ᠋ᠷᠥᠭᠴᠢ ᠵᠢᠨ ᠭᠠᠳᠠᠭᠰᠢᠯᠠᠭᠤᠯᠤᠯᠳᠠ ᠵᠢ ᠪᠠᠭᠤᠷᠠᠭᠤᠯᠬᠤ᠂ ᠪᠣᠬᠢᠷᠲᠤᠯ ᠢ᠋ ᠪᠠᠭᠠᠰᠬᠠᠬᠤ᠂ ᠨᠣᠭᠣᠭᠠᠷᠠᠭᠤᠯᠤᠯᠳᠠ ᠵᠢ ᠥᠷᠭᠡᠳᠬᠡᠬᠦ᠂ ᠠᠵᠤ ᠠᠬᠤᠢ ᠵᠢ ᠨᠡᠮᠡᠭᠳᠡᠭᠦᠯᠬᠦ ᠵᠢ ᠬᠠᠮᠵᠢᠯᠴᠠᠭᠤᠯᠤᠨ ᠠᠬᠢᠭᠤᠯᠵᠤ᠂ ᠪᠣᠬᠢᠷᠲᠤᠯ ᠦᠭᠡᠢ ᠬᠥᠭᠵᠢᠯᠲᠡ ᠵᠢᠨ ᠬᠥᠳᠡᠯᠭᠡᠭᠴᠢ ᠡᠨᠧᠷᠭᠢ ᠵᠢ ᠨᠡᠮᠡᠭᠳᠡᠭᠦᠯᠦᠨ᠎ᠡ ᠭᠡᠵᠤ ᠳᠤᠷᠠᠳᠪᠠ᠃ ᠡᠨᠡ ᠨᠢ ᠦᠵᠡᠰᠬᠦᠯᠡᠩᠲᠦ ᠰᠠᠢᠬᠠᠨ ᠥᠪᠥᠷ ᠮᠣᠩᠭᠣᠯ ᠤ᠋ᠨ ᠪᠦᠲᠦᠭᠡᠨ ᠪᠠᠢᠭᠤᠯᠤᠯᠲᠠ ᠵᠢ ᠪᠦᠬᠦ ᠲᠠᠯ᠎ᠠ ᠪᠠᠷ ᠠᠬᠢᠭᠤᠯᠵᠤ᠂ ᠮᠠᠨ ᠤ᠋ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ ᠤ᠋ ᠬᠠᠯᠬᠠᠪᠴᠢ ᠵᠢ ᠪᠠᠳᠤ ᠴᠤᠭᠴᠠᠯᠠᠬᠤ ᠳ᠋ᠦ᠍ ᠴᠢᠭᠯᠡᠯ ᠢ᠋ ᠳᠠᠬᠢᠨᠲᠠ ᠲᠣᠳᠣᠷᠬᠠᠢᠯᠠᠵᠠᠢ᠃

ᠪᠠᠢᠴᠠᠭᠠᠨ ᠰᠤᠳᠤᠯᠤᠯᠲᠠ ᠵᠢᠨ ᠶᠠᠪᠤᠴᠠ ᠳ᠋ᠤ᠌ ᠣᠢᠯᠠᠭᠠᠭᠰᠠᠨ ᠵᠢᠠᠷ᠂ 《ᠠᠷᠪᠠᠨ ᠳᠥᠷᠪᠡᠳᠦᠭᠡᠷ ᠲᠠᠪᠤᠨ ᠵᠢᠯ》 ᠦ᠋ᠨ ᠬᠤᠭᠤᠴᠠᠭᠠᠨ ᠳ᠋ᠤ᠌ ᠦᠪᠦᠷ ᠮᠤᠩᠭᠤᠯ 《ᠤᠮᠠᠷᠠᠲᠤ ᠵᠢᠨ ᠭᠤᠷᠪᠠᠨ ᠤᠷᠤᠨ》 ᠤ᠋ ᠢᠨᠵᠧᠨᠧᠷᠢᠩ ᠤ᠋ᠨ ᠭᠤᠷᠪᠠᠨ ᠶᠡᠬᠡ ᠪᠡᠯᠭᠡ ᠲᠡᠮᠳᠡᠭ ᠤ᠋ᠨ ᠴᠢᠨᠠᠷᠲᠠᠢ ᠳᠠᠢᠯᠠᠯᠳᠤᠭᠠᠨ ᠢ᠋ ᠰᠠᠢᠲᠤᠷ ᠬᠢᠵᠦ᠂ ᠶᠡᠬᠡ ᠬᠡᠮᠵᠢᠶᠡᠨ ᠤ᠋ ᠦᠨᠳᠤᠷ ᠦᠷ᠎ᠡ ᠠᠰᠢᠭ ᠲᠠᠢ ᠠᠵᠢᠯ ᠵᠢᠡᠷ ᠠᠮᠢ ᠠᠬᠤᠢ ᠵᠢᠨ ᠠᠮᠤᠷ ᠲᠦᠪᠰᠢᠨ ᠤ᠋ ᠬᠠᠯᠬᠠᠪᠴᠢ ᠵᠢ ᠴᠢᠨᠠᠭᠰᠢᠳᠠ ᠴᠤᠭᠴᠠᠯᠠᠪᠠ᠃ ᠠᠮᠢ ᠠᠬᠤᠢ ᠵᠢᠨ ᠣᠷᠴᠢᠨ ᠲᠣᠭᠣᠷᠢᠨ ᠢ᠋ ᠰᠠᠢᠵᠢᠷᠠᠭᠤᠯᠬᠤ ᠪᠣᠯ ᠳᠠᠷᠤᠢ ᠦᠢᠯᠡᠳᠪᠦᠷᠢᠯᠡᠯ ᠤ᠋ᠨ ᠬᠦᠴᠦᠨ ᠢ᠋ ᠬᠥᠭᠵᠢᠭᠦᠯᠵᠦ ᠪᠠᠢᠭ᠎ᠠ ᠶᠠᠪᠤᠳᠠᠯ ᠮᠥᠨ᠃ ᠪᠢᠳᠡ ᠥᠪᠥᠷ ᠮᠣᠩᠭᠣᠯ ᠤ᠋ᠨ ᠡᠯᠪᠡᠭ ᠪᠠᠶᠠᠯᠢᠭ ᠪᠠᠢᠭᠠᠯᠢ ᠵᠢᠨ ᠡᠬᠢ ᠪᠠᠶᠠᠯᠢᠭ ᠤ᠋ᠨ ᠳᠠᠪᠠᠭᠤᠯᠢᠭ ᠲᠠᠭᠠᠨ ᠲᠦᠰᠢᠭᠯᠡᠨ᠂ ᠪᠤᠬᠢᠷᠳᠤᠯ ᠦᠭᠡᠢ ᠲᠡᠢᠰᠢ ᠰᠢᠨ᠎ᠡ ᠵᠢ ᠡᠭᠦᠳᠦᠨ ᠬᠥᠭᠵᠢᠭᠦᠯᠵᠦ᠂ ᠭᠣᠣᠯᠳᠠᠯᠭ᠎ᠠ ᠲᠠᠢ ᠬᠦᠷᠢᠶᠡᠨ ᠳ᠋ᠡᠬᠢ ᠪᠣᠬᠢᠷᠲᠤᠯ ᠥᠬᠡᠢ ᠲᠤᠤᠷ᠎ᠠ ᠨᠡᠭᠦᠷᠡᠰᠦᠲᠥ᠋ᠷᠦᠭᠴᠢᠳᠤ ᠬᠥᠭᠵᠢᠯᠲᠡ ᠵᠢ ᠴᠢᠨᠠᠭᠰᠢᠳᠠ ᠠᠬᠢᠭᠤᠯᠵᠤ᠂ ᠠᠵᠤ ᠠᠬᠤᠢ ᠵᠢᠨ ᠬᠥᠭᠵᠢᠯᠲᠡ ᠵᠢᠨ ᠨᠥᠭᠡᠴᠡ ᠬᠦᠴᠦᠨ ᠢ᠋ ᠦᠷᠭᠦᠯᠵᠢᠯᠡᠨ ᠨᠡᠮᠡᠭᠳᠡᠭᠦᠯᠬᠦ ᠬᠡᠷᠡᠭᠲᠡᠢ᠃ ᠪᠢ ᠪᠠᠰᠠ ᠡᠳᠦᠷ ᠲᠤᠲᠤᠮ ᠤ᠋ᠨ ᠵᠢᠭᠠᠨ ᠰᠤᠷᠭᠠᠯᠳᠠ ᠵᠢᠨ ᠶᠠᠪᠤᠴᠠ ᠳ᠋ᠤ᠌ ᠰᠤᠷᠤᠭᠴᠢᠳ ᠲᠠᠭᠠᠨ ᠪᠠᠢᠭᠠᠯᠢ ᠵᠢ ᠬᠦᠨᠳᠦᠳᠬᠡᠬᠦ᠂ ᠠᠮᠢ ᠠᠬᠤᠢ ᠵᠢ ᠬᠠᠮᠠᠭᠠᠯᠠᠬᠤ ᠬᠥᠭᠵᠢᠯᠲᠡ ᠵᠢᠨ ᠤᠢᠯᠠᠭᠠᠭᠳᠠᠬᠤᠨ ᠢ᠋ ᠬᠦᠮᠦᠵᠢᠬᠦᠯᠵᠤ᠂ ᠠᠵᠢᠯᠴᠢ ᠠᠷᠪᠢᠴᠢ᠂ ᠲᠤᠤᠷ᠎ᠠ ᠨᠡᠭᠦᠷᠡᠰᠦᠲᠥ᠋ᠷᠥᠭᠴᠢᠳᠤ ᠣᠷᠴᠢᠨ ᠲᠣᠭᠣᠷᠢᠨ ᠢ᠋ ᠬᠠᠮᠠᠭᠠᠯᠠᠬᠤ ᠠᠮᠢᠳᠤᠷᠠᠯ ᠤ᠋ᠨ ᠳᠠᠳᠬᠠᠯ ᠢ᠋ ᠪᠤᠢ ᠪᠤᠯᠭᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号