
ᠵᠠᠰᠠᠭ ᠤ᠋ᠨ ᠤᠷᠳᠤᠨ ᠤ᠋ ᠠᠵᠢᠯ ᠤ᠋ᠨ ᠢᠯᠡᠳᠬᠡᠯ ᠳ᠋ᠦ᠍ ᠪᠣᠬᠢᠷᠳᠤᠯ ᠦᠭᠡᠢ ᠳᠤᠤᠷ᠎ᠠ ᠨᠡᠭᠦᠷᠡᠰᠦᠲᠥ᠋ᠷᠥᠭᠴᠢᠳᠤ ᠠᠵᠤ ᠠᠬᠤᠢ ᠵᠢ ᠶᠡᠭᠡ ᠪᠡᠷ ᠬᠥᠭᠵᠢᠭᠦᠯᠦᠨ᠎ᠡ ᠭᠡᠵᠦ ᠳᠤᠷᠠᠳᠪᠠ᠃ ᠣᠢᠷ᠎ᠠ ᠵᠢᠨ ᠵᠢᠯᠡᠴᠡ ᠨᠡᠭᠠᠰᠢ᠂ ᠥᠪᠥᠷ ᠮᠣᠩᠭᠣᠯ ᠤ᠋ᠨ ᠪᠣᠬᠢᠷᠲᠤᠯ ᠦᠭᠡᠢ ᠬᠡᠯᠪᠡᠷᠢ ᠪᠠᠨ ᠬᠤᠪᠢᠷᠠᠭᠤᠯᠤᠭᠰᠠᠨ ᠦᠷ᠎ᠡ ᠪᠦᠳᠦᠮᠵᠢ ᠢᠯᠡᠳᠳᠡ ᠪᠣᠯᠪᠠᠴᠤ ᠠᠮᠢ ᠠᠬᠤᠢ ᠵᠢᠨ ᠳᠠᠪᠠᠭᠤᠯᠢᠭ ᠢ᠋ ᠬᠥᠭᠵᠢᠯᠲᠡ ᠵᠢᠨ ᠳᠠᠪᠠᠭᠤᠯᠢᠭ ᠪᠣᠯᠭᠠᠨ ᠥᠨᠳᠥᠷ ᠦᠷ᠎ᠡ ᠠᠰᠢᠭ ᠲᠠᠢ ᠬᠤᠪᠢᠷᠠᠭᠤᠯᠬᠤ᠂ ᠪᠣᠬᠢᠷᠲᠤᠯ ᠦᠭᠡᠢ ᠰᠢᠨ᠎ᠡ ᠴᠢᠨᠠᠷ ᠤ᠋ᠨ ᠦᠢᠯᠡᠳᠪᠦᠷᠢᠯᠡᠯ ᠤ᠋ᠨ ᠬᠦᠴᠦᠨ ᠢ᠋ ᠪᠣᠢᠵᠢᠭᠤᠯᠬᠤ ᠲᠠᠯ᠎ᠠ ᠪᠠᠷ ᠶᠡᠭᠡ ᠣᠷᠣᠨ ᠵᠠᠢ ᠪᠤᠢ᠃
ᠮᠢᠨᠦ ᠦᠵᠡᠭᠦ ᠪᠡᠷ᠂ ᠪᠦᠬᠦ ᠤᠯᠤᠰ ᠤ᠋ᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤ᠋ᠨ ᠪᠠᠢᠭᠤᠯᠤᠯᠲᠠ ᠵᠢ ᠠᠬᠢᠭᠤᠯᠵᠤ᠂ ᠵᠠᠬ᠎ᠠ ᠳᠡᠯᠭᠡᠭᠦᠷ ᠤ᠋ᠨ ᠪᠦᠲᠦᠮᠵᠢᠲᠡᠢ ᠥᠷᠢᠰᠦᠯᠳᠦᠭᠡᠨ ᠵᠢᠡᠷ ᠪᠣᠬᠢᠷᠲᠤᠯ ᠦᠭᠡᠢ ᠲᠠᠢᠰᠢ ᠬᠡᠯᠪᠡᠷᠢ ᠪᠠᠨ ᠬᠤᠪᠢᠷᠠᠭᠤᠯᠬᠤ ᠵᠢᠨ ᠳᠣᠲᠣᠭᠠᠳᠤ ᠬᠥᠳᠡᠯᠭᠡᠬᠦ ᠬᠦᠴᠦᠨ ᠢ᠋ ᠬᠥᠭᠵᠢᠭᠡᠵᠦ᠂ 《ᠢᠳᠡᠪᠬᠢ ᠪᠤᠰᠤ ᠪᠡᠷ ᠭᠠᠳᠠᠭᠰᠢᠯᠠᠭᠤᠯᠤᠯᠳᠠ ᠵᠢ ᠪᠠᠭᠤᠷᠠᠭᠤᠯᠬᠤ》 ᠠ᠋ᠴᠡ 《ᠰᠠᠨᠠᠭᠠᠴᠢᠯᠠᠭᠠᠠ᠋ᠴᠠ ᠪᠠᠨ ᠵᠠᠰᠠᠬᠤ》 ᠳᠠᠪᠠᠯᠲᠠ ᠵᠢ ᠪᠡᠶᠡᠯᠡᠭᠦᠯᠬᠦ ᠬᠡᠷᠡᠭᠳᠡᠢ᠃ ᠨᠢᠭᠡ ᠳ᠋ᠦ᠍ ᠠᠮᠢ ᠠᠬᠤᠢ ᠵᠢᠨ ᠪᠦᠲᠦᠭᠡᠭᠳᠡᠬᠦᠨ ᠤ᠋ ᠥᠷᠲᠡᠭ ᠢ᠋ ᠪᠡᠶᠡᠯᠡᠭᠦᠯᠬᠦ ᠳᠤᠭᠳᠠᠴᠠ ᠵᠢ ᠪᠦᠷᠢᠡᠰᠢᠬᠦᠯᠵᠤ᠂ ᠠᠮᠢ ᠠᠬᠤᠢ ᠵᠢᠨ ᠪᠦᠲᠦᠭᠡᠭᠳᠡᠬᠦᠨ ᠤ᠋ ᠡᠷᠬᠡ ᠠᠰᠢᠭ ᠢ᠋ ᠭᠡᠷᠡᠴᠢᠯᠡᠬᠦ ᠰᠢᠰᠲ᠋ᠧᠮ ᠢ᠋ ᠪᠠᠢᠭᠤᠯᠵᠤ᠂ ᠪᠤᠬᠢᠷᠳᠤᠯ ᠦᠭᠡᠢ ᠠᠰᠢᠭ ᠲᠤᠰᠠ ᠵᠢᠨ ᠠᠭᠤᠯᠤᠭᠳᠠᠴᠠ ᠵᠢ ᠳᠡᠭᠡᠭᠰᠢᠯᠡᠭᠦᠯᠵᠦ᠂ 《ᠨᠤᠮᠢᠨ ᠤᠰᠤ ᠬᠥᠬᠡᠮᠳᠦᠭ ᠠᠭᠤᠯᠠ》 ᠶ᠋ᠢᠨ ᠥᠷᠲᠡᠭ ᠢ᠋ 《ᠠᠯᠲᠠᠨ ᠠᠭᠤᠯᠠ ᠮᠥᠩᠭᠥᠨ ᠬᠠᠢᠷᠬᠠᠨ》 ᠪᠣᠯᠭᠠᠨ ᠬᠤᠪᠢᠷᠠᠭᠤᠯᠤᠨ᠎ᠠ᠃ ᠬᠣᠶᠠᠷ ᠲᠤ᠌ ᠡᠬᠢ ᠪᠠᠶᠠᠯᠢᠭ ᠣᠷᠴᠢᠨ ᠳᠤᠭᠤᠷᠢᠨ ᠤ᠋ ᠡᠯᠧᠮᠧᠨ᠋ᠲᠤᠨ ᠠᠷᠠᠯᠵᠢᠶᠠᠯᠠᠬᠤ ᠳᠦᠷᠢᠮ ᠢ᠋ ᠲᠡᠭᠦᠯᠳᠡᠷᠵᠢᠭᠦᠯᠵᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠵᠢ ᠪᠦᠷᠢᠳᠬᠡᠨ ᠬᠢᠨᠠᠨ ᠪᠣᠳᠣᠬᠤ ᠰᠢᠰᠲ᠋ᠸᠮ ᠢ᠋ ᠲᠡᠭᠦᠯᠳᠡᠷᠵᠢᠭᠦᠯᠵᠦ᠂ ᠰᠠᠢᠨ ᠳᠤᠷ᠎ᠠ ᠵᠢᠨ ᠨᠡᠭᠦᠷᠡᠰᠦᠲᠥ᠋ᠷᠥᠭᠴᠢ ᠵᠢᠨ ᠵᠠᠬ᠎ᠠ ᠳᠡᠯᠭᠡᠭᠦᠷ ᠪᠣᠯᠤᠨ ᠠᠮᠢ ᠠᠬᠤᠢ ᠵᠢᠨ ᠪᠦᠳᠦᠭᠡᠭᠳᠡᠭᠦᠨ ᠤ᠋ ᠵᠠᠬ᠎ᠠ ᠳᠡᠯᠭᠡᠭᠦᠷ ᠤ᠋ᠨ ᠭᠦᠨᠵᠡᠭᠡᠢ ᠬᠣᠯᠪᠣᠭᠠᠯᠠᠨ ᠬᠥᠳᠡᠯᠦᠯᠴᠡᠬᠦ ᠵᠢ ᠠᠬᠢᠭᠤᠯᠤᠨ᠎ᠠ᠃ ᠭᠤᠷᠪᠠ ᠳ᠋ᠤ᠌ ᠠᠮᠢ ᠠᠬᠤᠢ ᠵᠢᠨ ᠪᠦᠳᠦᠭᠡᠭᠳᠡᠭᠦᠨ ᠤ᠋ ᠥᠷᠲᠡᠭ ᠢ᠋ ᠣᠷᠣᠨ ᠨᠤᠲᠤᠭ ᠤ᠋ᠨ ᠠᠵᠤ ᠠᠬᠤᠢ ᠨᠡᠢᠭᠡᠮ ᠤ᠋ᠨ ᠬᠥᠭᠵᠢᠯᠲᠡ ᠵᠢᠨ ᠶᠡᠷᠦᠩᠬᠡᠢᠯᠡᠭᠰᠡᠨ ᠦᠨᠡᠯᠡᠯᠲᠡ ᠳ᠋ᠦ᠍ ᠣᠷᠣᠭᠤᠯᠵᠤ᠂ ᠣᠷᠣᠨ ᠨᠤᠲᠤᠭ ᠤ᠋ᠨ ᠠᠮᠢ ᠠᠬᠤᠢ ᠵᠢᠨ ᠬᠠᠮᠠᠭᠠᠯᠠᠯᠲᠠ ᠵᠢᠨ ᠢᠳᠡᠪᠬᠢᠵᠢᠯ ᠢ᠋ ᠳᠠᠢᠴᠢᠯᠠᠨ᠂ ᠴᠢᠨᠠᠷ ᠰᠠᠢᠲᠠᠢ ᠬᠥᠭᠵᠢᠯᠲᠡ ᠬᠢᠭᠡᠳ ᠥᠨᠳᠥᠷ ᠬᠢᠷᠢ ᠲᠦᠪᠰᠢᠨ ᠪᠦᠬᠦᠢ ᠬᠠᠮᠠᠭᠠᠯᠠᠯᠲᠠ ᠵᠢ ᠵᠡᠷᠭᠡ ᠪᠡᠷ ᠶᠠᠪᠤᠭᠳᠠᠭᠤᠯᠬᠤ ᠰᠢᠨ᠎ᠡ ᠪᠠᠢᠷᠢᠰᠢᠯ ᠢ᠋ ᠲᠦᠷᠭᠡᠳᠬᠡᠨ ᠪᠣᠢ ᠪᠣᠯᠭᠠᠨ᠎ᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号