ᠯᠦ᠍ ᠴᠢᠤᠸᠠᠨ ᠵᠦᠩ᠄ ᠪᠦᠬᠦ ᠤᠯᠤᠰ ᠤ᠋ᠨ ᠤᠯᠤᠰ ᠲᠥᠷᠥ ᠵᠢᠨ ᠵᠥᠪᠯᠡᠯᠭᠡᠨ ᠤ᠋ ᠭᠡᠰᠢᠭᠦᠨ᠂ ᠥᠪᠥᠷ ᠮᠣᠩᠭᠣᠯ ᠤ᠋ᠨ ᠠᠮᠢ ᠠᠬᠤᠢ ᠣᠷᠴᠢᠨ ᠲᠣᠭᠣᠷᠢᠨ ᠤ᠋ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠬᠦᠷᠢᠶᠡᠯᠡᠩ ᠤ᠋ᠨ ᠳᠡᠭᠡᠳᠦ ᠲᠡᠰ ᠤ᠋ᠨ ᠢᠨᠵᠧᠨᠧᠷ
2026-03-09 11:55:48
ᠵᠣᠬᠢᠶᠠᠭ᠍ᠴᠢ᠄
ᠪᠠᠢ ᠳ᠋ᠠᠨ ᠬᠠᠨ ᠴᠢᠩ ᠯᠢ
ᠣᠩᠱᠢᠭ᠍ᠰᠠᠨ ᠣᠳᠠᠭ᠎ᠠ᠄
★★★☆☆


微信图片_20260309114023_195_127.jpg


ᠵᠠᠰᠠᠭ ᠤ᠋ᠨ ᠤᠷᠳᠤᠨ ᠤ᠋ ᠠᠵᠢᠯ ᠤ᠋ᠨ ᠢᠯᠡᠳᠬᠡᠯ ᠳ᠋ᠦ᠍᠂ ᠡᠬᠢ ᠪᠠᠶᠠᠯᠢᠭ ᠤ᠋ᠨ ᠶᠡᠷᠦᠩᠬᠡᠢ ᠬᠡᠮᠵᠢᠶ᠎ᠡ ᠵᠢ ᠬᠠᠮᠢᠶᠠᠷᠬᠤ ᠪᠠ ᠪᠦᠬᠦ ᠳᠠᠯ᠎ᠠ ᠪᠡᠷ ᠠᠷᠪᠢᠯᠠᠬᠤ ᠲᠦᠷᠢᠮ ᠢ᠋ ᠳᠡᠭᠦᠯᠳᠡᠷᠵᠢᠭᠦᠯᠵᠤ ᠂ ᠳᠠᠬᠢᠨ ᠡᠭᠦᠰᠬᠦ ᠡᠬᠢ ᠪᠠᠶᠠᠯᠢᠭ ᠢ᠋ ᠤᠷᠴᠢᠯᠳᠤᠭᠤᠯᠤᠨ ᠠᠰᠢᠬᠯᠠᠬᠤ ᠵᠢ ᠴᠢᠩᠭᠠᠳᠬᠠᠨ᠎ᠠ ᠭᠡᠵᠤ ᠳᠤᠷᠠᠳᠴᠠᠢ ᠃ ᠠᠮᠢ ᠠᠬᠤᠢ ᠣᠷᠴᠢᠨ ᠲᠣᠭᠣᠷᠢᠨ ᠤ᠋ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠠᠵᠢᠯᠲᠠᠨ ᠪᠣᠯᠤᠭᠰᠠᠨ ᠤ᠋ ᠬᠤᠪᠢ ᠳ᠋ᠤ᠌ ᠪᠢ ᠮᠠᠰᠢ ᠵᠣᠷᠢᠭᠵᠢᠵᠤ ᠪᠠᠢᠨ᠎ᠠ᠃

ᠥᠪᠥᠷ ᠮᠣᠩᠭᠣᠯ ᠤ᠋ᠨ ᠦᠪᠡᠷᠳᠡᠭᠡᠨ ᠵᠠᠰᠠᠬᠤ ᠤᠷᠤᠨ᠎ᠤ ᠪᠣᠬᠢᠷᠳᠤᠯ ᠪᠤᠳᠠᠰ ᠢ᠋ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ ᠤ᠋ ᠳᠦᠷᠢᠮ ᠢ᠋ ᠲᠦᠷᠭᠡᠳᠭᠡᠨ ᠪᠠᠢᠭᠤᠯᠵᠤ ᠲᠡᠭᠦᠯᠳᠡᠷᠵᠢᠭᠦᠯᠪᠠᠯ ᠵᠤᠬᠢᠨ᠎ᠠ᠃ ᠨᠢᠭᠡ ᠳ᠋ᠦ᠍ ᠣᠳᠣ ᠵᠢᠨ ᠪᠠᠢᠭ᠎ᠠ ᠪᠣᠬᠢᠷᠲᠤᠯ ᠪᠤᠳᠠᠰ ᠢ᠋ ᠭᠠᠳᠠᠭᠰᠢᠯᠠᠭᠤᠯᠬᠤ ᠡᠷᠬᠡ ᠵᠢ ᠦᠨ᠎ᠡ ᠲᠥᠯᠥᠪᠦᠷᠢ ᠲᠡᠢ ᠪᠡᠷ ᠬᠡᠷᠡᠭᠯᠡᠬᠦ ᠵᠢ ᠢᠳᠡᠪᠬᠢᠲᠡᠢ ᠬᠡᠷᠡᠭᠵᠢᠭᠦᠯᠵᠦ᠂ ᠪᠣᠬᠢᠷᠲᠤᠯ ᠪᠤᠳᠠᠰ ᠢ᠋ ᠭᠠᠳᠠᠭᠰᠢᠯᠠᠭᠤᠯᠬᠤ ᠡᠷᠬᠡ ᠵᠢᠨ ᠠᠷᠠᠯᠵᠢᠶ᠎ᠠ ᠵᠢ ᠵᠠᠬ᠎ᠠ ᠳᠡᠯᠭᠡᠭᠦᠷᠴᠢᠯᠡᠬᠦ ᠬᠠᠷᠠᠯᠲᠠ ᠵᠢ ᠪᠡᠶᠡᠯᠡᠭᠦᠯᠬᠦ ᠳ᠋ᠦ᠍ ᠰᠠᠭᠤᠷᠢ ᠲᠠᠯᠪᠢᠬᠤ ᠵᠢᠨ ᠬᠠᠮᠲᠤ ᠭᠠᠵᠠᠷ ᠣᠷᠣᠨ ᠠᠯᠤᠰᠯᠠᠭᠰᠠᠨ ᠪᠣᠬᠢᠷᠲᠤᠯ ᠪᠤᠳᠠᠰ ᠢ᠋ ᠭᠠᠳᠠᠭᠰᠢᠯᠠᠭᠤᠯᠬᠤ ᠡᠷᠬᠡ ᠵᠢᠨ ᠠᠷᠠᠯᠵᠢᠶ᠎ᠠ ᠵᠢ ᠢᠳᠡᠪᠬᠢᠲᠡᠢ ᠥᠷᠨᠢᠭᠦᠯᠤᠨ᠎ᠡ ᠃ ᠬᠣᠶᠠᠷ ᠲᠤ᠌ ᠪᠣᠬᠢᠷᠲᠤᠯ ᠪᠤᠳᠠᠰ ᠢ᠋ ᠭᠠᠳᠠᠭᠰᠢᠯᠠᠭᠤᠯᠬᠤ ᠡᠷᠬᠡ ᠵᠢ ᠠᠷᠠᠯᠵᠢᠶᠠᠯᠠᠬᠤ ᠴᠠᠭ ᠢ᠋ ᠰᠢᠯᠢᠳᠡᠭᠵᠢᠭᠦᠯᠵᠦ᠂ ᠪᠣᠬᠢᠷᠲᠤᠯ ᠪᠤᠳᠠᠰ ᠢ᠋ ᠭᠠᠳᠠᠭᠰᠢᠯᠠᠭᠤᠯᠬᠤ ᠡᠷᠬᠡ ᠵᠢ ᠠᠷᠠᠯᠵᠢᠶᠠᠯᠠᠬᠤ ᠴᠠᠭ ᠨᠢ ᠣᠷᠴᠢᠨ ᠲᠣᠭᠣᠷᠢᠨ ᠤ᠋ ᠦᠨᠡᠯᠡᠯᠲᠡ ᠵᠢ ᠬᠢᠨᠠᠨ ᠵᠥᠪᠰᠢᠶᠡᠷᠡᠯ ᠬᠢᠭᠦ᠎ᠡᠴᠡ ᠡᠮᠦᠨ᠎ᠡ ᠪᠠᠢᠭᠰᠠᠨ ᠡᠴᠡ ᠪᠣᠬᠢᠷᠲᠤᠯ ᠪᠤᠳᠠᠰ ᠢ᠋ ᠭᠠᠳᠠᠭᠰᠢᠯᠠᠭᠤᠯᠬᠤ ᠵᠥᠪᠰᠢᠶᠡᠷᠡᠯ ᠤ᠋ᠨ ᠦᠨᠡᠮᠯᠡᠯ ᠢ᠋ ᠭᠤᠶᠤᠴᠢᠯᠠᠨ ᠠᠪᠬᠤ ᠦᠶ᠎ᠡ ᠳ᠋ᠤ ᠠᠷᠠᠯᠵᠢᠶᠠᠯᠠᠬᠤ ᠭᠡᠷᠡᠴᠢ ᠦᠨᠡᠮᠯᠡᠯ ᠢ᠋ ᠲᠤᠰᠢᠶᠠᠨ᠎ᠠ᠃ ᠭᠤᠷᠪᠠ ᠳ᠋ᠤ᠌ ᠪᠣᠬᠢᠷᠲᠤᠯ ᠪᠤᠳᠠᠰ ᠢ᠋ ᠭᠠᠳᠠᠭᠰᠢᠯᠠᠭᠤᠯᠬᠤ ᠵᠥᠪᠰᠢᠶᠡᠷᠡᠯ ᠤ᠋ᠨ ᠦᠨᠡᠮᠯᠡᠯ᠎ᠯᠦ᠍ᠭᠡ ᠭᠦᠢᠴᠡᠳ ᠵᠣᠯᠭᠠᠭᠤᠯᠵᠤ᠂ ᠬᠤᠳᠠᠯᠳᠤᠨ ᠠᠪᠤᠭᠰᠠᠨ ᠪᠣᠬᠢᠷᠲᠤᠯ ᠪᠤᠳᠠᠰ ᠢ᠋ ᠭᠠᠳᠠᠭᠰᠢᠯᠠᠭᠤᠯᠬᠤ ᠡᠷᠬᠡ ᠵᠢᠨ ᠲᠥᠷᠥᠯ ᠵᠦᠢᠯ ᠵᠡᠷᠭᠡ ᠮᠡᠳᠡᠭᠡ ᠵᠠᠩᠭᠢ ᠵᠢ ᠪᠣᠬᠢᠷᠲᠤᠯ ᠪᠤᠳᠠᠰ ᠢ᠋ ᠭᠠᠳᠠᠭᠰᠢᠯᠠᠭᠤᠯᠬᠤ ᠵᠥᠪᠰᠢᠶᠡᠷᠡᠯ ᠤ᠋ᠨ ᠦᠨᠡᠮᠯᠡᠯ ᠳ᠋ᠦ᠍ ᠳᠠᠩᠰᠠᠯᠠᠭᠤᠯᠵᠤ᠂ 《ᠨᠢᠭᠡ ᠦᠨᠡᠮᠯᠡᠯ》 ᠦ᠋ᠨ ᠬᠠᠮᠢᠶᠠᠷᠤᠯᠲᠠ ᠵᠢ ᠪᠡᠶᠡᠯᠡᠭᠦᠯᠤᠨ᠎ᠡ᠃ ᠳᠥᠷᠪᠡ ᠳ᠋ᠦ᠍ ᠦᠪᠦᠷ ᠮᠤᠩᠭᠤᠯ ᠤ᠋ᠨ ᠪᠣᠳᠠᠲᠤ ᠪᠠᠢᠳᠠᠯ ᠢ᠋ ᠦᠨᠳᠦᠰᠦᠯᠡᠨ ᠪᠣᠬᠢᠷᠳᠤᠯ ᠪᠣᠳᠠᠰ ᠢ᠋ ᠠᠷᠠᠯᠵᠢᠶᠠᠯᠠᠬᠤ ᠲᠥᠷᠥᠯ ᠵᠦᠢᠯ ᠢ᠋ ᠵᠣᠬᠢᠰᠲᠠᠢ ᠲᠣᠬᠢᠷᠠᠭᠤᠯᠬᠤ ᠵᠢᠨ ᠬᠠᠮᠲᠤ ᠬᠦᠨᠳᠦ ᠲᠡᠮᠦᠷᠯᠢᠭ ᠤ᠋ᠨ ᠪᠣᠬᠢᠷᠳᠤᠯ ᠪᠣᠳᠠᠰ ᠢ᠋ ᠭᠠᠳᠠᠭᠰᠢᠯᠠᠭᠤᠯᠬᠤ ᠡᠷᠬᠡ ᠵᠢ ᠠᠷᠠᠯᠵᠢᠶᠠᠯᠠᠬᠤ ᠠᠵᠢᠯ ᠢ᠋ ᠲᠦᠷᠭᠡᠳᠬᠡᠨ ᠥᠷᠨᠢᠭᠦᠯᠦᠨ᠎ᠡ᠃ ᠲᠠᠪᠤ ᠳ᠋ᠤ᠌ ᠪᠣᠬᠢᠷᠲᠤᠯ ᠪᠤᠳᠠᠰ ᠢ᠋ ᠭᠠᠳᠠᠭᠰᠢᠯᠠᠭᠤᠯᠬᠤ ᠡᠷᠬᠡ ᠵᠢᠨ ᠲᠣᠭᠠᠴᠠᠭ᠎ᠠ ᠬᠢᠬᠦ ᠪᠠ ᠬᠢᠨᠠᠨ ᠬᠠᠷᠭᠤᠭᠤᠯᠬᠤ ᠲᠣᠭᠲᠠᠴᠠ ᠵᠢ ᠪᠠᠢᠭᠤᠯᠤᠨ ᠲᠡᠭᠦᠯᠳᠡᠷᠵᠢᠭᠦᠯᠤᠨ᠎ᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号