ᠵᠠᠰᠠᠭ ᠤᠨ ᠣᠷᠳᠣᠨ ᠤ ᠠᠵᠢᠯ ᠤᠨ ᠢᠯᠡᠳᠭᠡᠯ ᠳᠦ᠂ 《 ᠭᠣᠣᠯᠳᠠᠯᠭ᠎ᠠ᠎ᠲᠠᠶ ᠬᠦᠷᠢᠶ᠎ᠠ ᠴᠠᠷᠠᠭᠠᠨ ᠳ᠋ᠡᠬᠢ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠬᠤ ᠪᠠ ᠠᠮᠤᠷ ᠲᠦᠪᠱᠢᠨ ᠦ ᠴᠢᠳᠠᠪᠤᠷᠢ᠎ᠶ᠋ᠢᠨ ᠪᠠᠢᠭᠤᠯᠤᠯᠲᠠ ᠶ᠋ᠢ ᠴᠢᠩᠭᠠᠳᠭᠠᠬᠤ ᠬᠡᠷᠡᠭ᠌ᠲᠡᠢ 》᠂ 《ᠠᠶᠤᠯ ᠲᠦᠭ᠌ᠰᠢᠭᠦᠷᠢ᠎ᠶ᠋ᠢ ᠰᠡᠷᠬᠡᠢᠯᠡᠬᠦᠪᠠ ᠬᠥᠭ᠌ᠵᠢᠯᠲᠡ᠎ᠶ᠋ᠢ ᠠᠬᠢᠭᠤᠯᠬᠤ ᠵᠢ ᠨᠢᠭᠡᠳᠦᠯᠲᠡᠢ ᠲᠥᠯᠥᠪᠵᠢᠭᠦᠯᠬᠦ᠌ ᠬᠡᠷᠡᠭ᠌ᠲᠡᠢ》 ᠭᠡᠵᠦ᠍ ᠲᠤᠷᠠᠳᠴᠠᠢ᠃ ᠡᠬᠡ ᠤᠯᠤᠰ ᠤᠨ ᠤᠮᠠᠷᠠᠲᠤ ᠤᠷᠤᠨ᠎ᠳᠤ ᠪᠠᠢᠷᠢᠯᠠᠬᠰᠠᠨ᠂ 4200 ᠭᠠᠷᠤᠢ ᠺᠢᠯᠤᠮᠸᠲᠷ ᠤᠨ ᠬᠢᠯᠢ᠎ᠶ᠋ᠢᠨ ᠱᠤᠭᠤᠮ ᠪᠦᠬᠦᠢ ᠥᠪᠥᠷ ᠮᠣᠩᠭᠣᠯ᠎ᠳᠤ ᠠᠪᠴᠤ᠌ ᠬᠡᠯᠡᠪᠡᠯ᠂ ᠬᠠᠷᠢᠭᠤᠴᠠᠯᠭ᠎ᠠ ᠬᠦᠨᠳᠦ ᠴᠢᠬᠤᠯᠠ᠂ ᠡᠬᠦᠷᠭᠡ ᠬᠠᠳᠠᠭᠤ ᠪᠡᠷᠭᠡᠰᠢᠶᠡᠯᠲᠡᠢ ᠪᠠᠢᠳᠠᠭ᠃
ᠬᠢᠯᠢ ᠬᠢᠵᠠᠭᠠᠷ ᠠᠮᠤᠷ ᠲᠣᠭ᠍ᠲᠠᠭᠤᠨ ᠪᠠᠢᠪᠠᠯ ᠰᠠᠶᠢ ᠬᠥᠭ᠌ᠵᠢᠯᠲᠡ᠎ᠶ᠋ᠢᠨ ᠱᠢᠮᠡᠳᠦ ᠬᠥᠷᠥᠰᠥ᠍ ᠪᠠᠢᠵᠤ ᠴᠢᠳᠠᠨ᠎ᠠ; ᠬᠢᠯᠢ ᠬᠢᠵᠠᠭᠠᠷ ᠪᠠᠳᠦ ᠪᠡᠬᠢ ᠪᠠᠢᠪᠠᠯ ᠰᠠᠶᠢ ᠠᠵᠢᠯ ᠦᠶ᠋ᠯᠡᠰ᠎ᠢᠶᠡᠨ ᠬᠥᠭ᠌ᠵᠢᠭᠦᠯᠬᠦ᠌ ᠢᠲᠡᠭᠡᠯ ᠬᠦᠴᠦᠨ ᠲᠡᠶ ᠪᠣᠯᠵᠣ ᠴᠢᠳᠠᠨ᠎ᠠ᠃ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠱᠤᠭᠤᠮ ᠢ ᠨᠠᠩ ᠨᠢᠭ᠍ᠲᠠ ᠰᠦᠯᠵᠢᠵᠦ᠍᠂ ᠨᠠᠩ ᠪᠠᠲᠤ ᠴᠣᠭ᠍ᠴᠠᠯᠠᠵᠤ᠂ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠠᠮᠤᠷ ᠠᠮᠤᠭᠤᠯᠠᠩ᠎ᠤᠨ ᠰᠠᠭᠤᠷᠢ᠎ᠶ᠋ᠢ ᠵᠢᠷᠤᠭ᠍ᠯᠠᠪᠠᠯ ᠰᠠᠶᠢ ᠴᠢᠨᠠᠷ ᠰᠠᠢᠲᠠᠶ ᠬᠥᠭ᠌ᠵᠢᠯᠲᠡ᠎ᠳᠦ ᠬᠦᠴᠦᠲᠡᠶ ᠪᠠᠲᠤᠯᠠᠭ᠎ᠠ ᠬᠠᠩᠭᠠᠵᠤ ᠴᠢᠳᠠᠨ᠎ᠠ᠃ ᠤᠮᠠᠷᠠᠲᠤ ᠣᠷᠣᠨ᠎ᠤ ᠦᠶᠡᠷ ᠤᠰᠤᠲᠤᠯ ᠢ ᠰᠡᠷᠬᠡᠢᠯᠡᠨ ᠠᠷᠢᠯᠭᠠᠵᠤ ᠭᠠᠮᠱᠢᠭ᠎ᠲᠠᠶ ᠲᠡᠮᠡᠴᠡᠬᠦ᠌ ᠰᠠᠭᠤᠷᠢ ᠲᠥᠬᠥᠭᠡᠷᠦᠮᠵᠢ᠂ ᠪᠠᠴᠢᠮ ᠪᠠᠢᠳᠠᠯ ᠢ ᠠᠷᠭᠠᠴᠠᠭᠠᠨ ᠰᠢᠢᠳᠪᠦᠷᠢᠯᠡᠬᠦ᠌ ᠵᠡᠷᠭᠡ ᠲᠠᠯ᠎ᠠ ᠵᠢᠨ ᠳᠤᠲᠠᠭᠤᠳᠠᠯ᠎ᠢ ᠲᠦᠷᠭᠡᠨ ᠨᠥᠬᠥᠪᠥᠷᠢᠯᠡᠬᠦ᠌᠎ᠡᠴᠡ ᠨᠡᠢᠭᠡᠮ ᠦᠨ ᠵᠠᠰᠠᠯᠲᠠ᠎ᠶ᠋ᠢᠨ ᠱᠢᠰᠲ᠋ᠧᠮ᠎ᠢ ᠲᠡᠭᠦᠯᠳᠡᠷᠵᠢᠭᠦᠯᠬᠦ᠌ ᠬᠦᠷᠲᠡᠯ᠎ᠡ᠂ ᠳᠠᠬᠢᠭᠠᠳ ᠨᠡᠢᠭᠡᠮ ᠦᠨ ᠰᠡᠳᠭᠢᠴᠡ᠎ᠶ᠋ᠢᠨ ᠵᠢᠯᠤᠭᠤᠳᠤᠯᠭ᠎ᠠ᠎ᠶ᠋ᠢ ᠴᠢᠩᠭᠠᠳᠭᠠᠬᠤ ᠬᠦᠷᠲᠡᠯ᠎ᠡ ᠁ ᠡᠨᠡ ᠵᠢᠯ ᠦᠨ ᠪᠦᠬᠦ᠌ ᠤᠯᠤᠰ ᠤᠨ ᠬᠣᠶᠠᠷ ᠬᠤᠷᠠᠯ ᠤᠨ ᠠᠮᠤᠷ ᠲᠦᠪᠱᠢᠨ᠎ᠦ ᠴᠢᠳᠠᠪᠤᠷᠢ᠎ᠶ᠋ᠢᠨ ᠪᠠᠢᠭᠤᠯᠤᠯᠲᠠ᠎ᠶ᠋ᠢᠨ ᠲᠤᠬᠠᠢ ᠠᠯᠢ ᠤᠯᠠᠨ ᠲᠥᠯᠥᠪᠵᠢᠭᠦᠯᠭᠡ ᠪᠠᠢᠷᠢᠯᠠᠭᠤᠯᠤᠯᠲᠠ ᠨᠢ ᠴᠢᠨᠠᠷ ᠰᠠᠢᠲᠠᠢ ᠬᠥᠭ᠌ᠵᠢᠯᠲᠡ᠎ᠶ᠋ᠢᠨ ᠪᠣᠳᠠᠲᠤ ᠬᠡᠷᠡᠭ᠌ᠴᠡᠭᠡ ᠲᠠᠢ ᠣᠨᠣᠪᠴᠢᠲᠠᠢ ᠵᠤᠯᠭᠠᠯᠴᠠᠵᠦ᠂ ᠮᠠᠨ᠎ᠤ ᠣᠷᠣᠨ᠎ᠤ ᠡᠬᠡ ᠤᠯᠤᠰ᠎ᠤᠨ 《ᠤᠮᠠᠷᠠᠲᠦ ᠵᠢᠨ ᠶᠡᠬᠡ ᠬᠠᠭᠠᠯᠭ᠎ᠠ》 ᠵᠢ ᠰᠠᠢᠲᠤᠷ ᠰᠠᠬᠢᠬᠤ᠎ᠳᠤ ᠲᠣᠳᠣᠷᠬᠠᠢ ᠵᠢᠯᠤᠭᠤᠳᠤᠯᠭ᠎ᠠ ᠬᠠᠩᠭᠠᠵᠠᠢ᠃
ᠠᠮᠤᠷ ᠲᠦᠪᠱᠢᠨ ᠪᠣᠯ ᠶᠡᠷᠦ᠍᠎ᠡᠴᠡ ᠤᠬᠲᠠᠷᠭᠤᠢ ᠳᠤᠮᠳᠠᠬᠢ ᠠᠰᠠᠷ ᠲᠠᠭ᠍ᠳᠤ ᠪᠢᠰᠢ᠂ ᠯᠠᠪᠳᠠᠭᠤᠨ ᠪᠠᠲᠤᠲᠠᠢ ᠬᠥᠭ᠌ᠵᠢᠯᠲᠡ᠎ᠶ᠋ᠢᠨ ᠰᠠᠭᠤᠷᠢ ᠪᠤᠯ ᠰᠠᠶᠢ ᠠᠮᠤᠷ ᠲᠦᠪᠱᠢᠨ᠎ᠦ ᠬᠠᠯᠬᠠᠪᠴᠢ᠎ᠶ᠋ᠢᠨ ᠬᠠᠮᠤᠭ᠎ᠤᠨ ᠪᠠᠲᠤ ᠪᠡᠬᠢ ᠠᠷᠤᠭ ᠶᠠᠰᠤ ᠮᠥᠨ᠃ ᠠᠮᠤᠷ ᠲᠣᠭ᠍ᠲᠠᠭᠤᠨ ᠣᠷᠴᠢᠨ ᠨᠥᠬᠥᠴᠡᠯ ᠪᠠᠢᠬᠤ ᠦᠭᠡᠢ ᠪᠣᠯ ᠶᠠᠮᠠᠷ ᠰᠠᠢ᠌ᠨ ᠬᠥᠭ᠌ᠵᠢᠯᠲᠡ ᠶ᠋ᠢᠨ ᠲᠥᠯᠥᠪᠵᠢᠭᠦᠯᠭᠡ᠎ᠶ᠋ᠢ ᠴᠦ᠍ ᠨᠠᠢᠳᠠᠪᠤᠷᠢᠵᠢᠭᠤᠯᠬᠤ᠎ᠶ᠋ᠢᠨ ᠠᠷᠭ᠎ᠠ ᠦᠭᠡᠢ᠂ ᠶᠠᠮᠠᠷ ᠤᠯᠠᠨ ᠬᠥᠭ᠌ᠵᠢᠯᠲᠡ᠎ᠶ᠋ᠢᠨ ᠲᠣᠬᠢᠶᠠᠯ᠎ᠢ ᠴᠤ᠌ ᠠᠯᠳᠠᠬᠤ ᠪᠣᠯᠤᠨ᠎ᠠ᠃ ᠤᠢ᠍ᠢᠷ᠎ᠠ᠎ᠶ᠋ᠢᠨ ᠵᠢᠯ᠎ᠡᠴᠡ ᠨᠠᠭᠠᠰᠢ᠂ ᠥᠪᠥᠷ ᠮᠣᠩᠭᠣᠯ ᠡᠬᠢ ᠪᠠᠶᠠᠯᠢᠭ᠎ᠤᠨ ᠳᠠᠪᠠᠭᠤᠯᠢᠭ ᠪᠣᠯᠤᠨ ᠣᠷᠣᠨ ᠪᠠᠢᠷᠢ᠎ᠶ᠋ᠢᠨ ᠳᠠᠪᠠᠭᠤᠯᠢᠭ᠎ᠲᠠᠭᠠᠨ ᠰᠠᠭᠤᠷᠢᠯᠠᠵᠤ᠂ ᠡᠨᠧᠷᠭᠢ᠂ ᠲᠠᠷᠢᠶᠠᠯᠠᠩ ᠮᠠᠯ ᠠᠵᠤ ᠠᠬᠤᠢ ᠵᠡᠷᠭᠡ ᠤᠨᠴᠠᠯᠢᠬ᠍ᠳᠤ ᠠᠵᠤ ᠦᠢᠯᠡᠰ ᠢ ᠬᠦᠴᠦᠷᠬᠡᠭ᠌ᠵᠢᠭᠦᠯᠵᠦ᠍᠂ ᠠᠵᠤ ᠠᠬᠤᠢ᠎ᠶ᠋ᠢᠨ ᠪᠦᠲᠦᠴᠡ᠎ᠶ᠋ᠢᠨ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠱᠢᠭᠦᠯᠬᠦ᠌᠎ᠶ᠋ᠢ ᠠᠬᠢᠭᠤᠯᠵᠤ᠂ ᠱᠢᠨ᠎ᠡ ᠴᠠᠭ ᠦᠶ᠎ᠡ᠎ᠶ᠋ᠢᠨ ᠬᠢᠯᠢ ᠬᠢᠵᠠᠭᠠᠷ ᠣᠷᠣᠨ ᠢ ᠬᠥᠭ᠌ᠵᠢᠭᠦᠯᠵᠦ᠍ ᠠᠷᠠᠳ᠎ᠢ ᠪᠠᠶᠠᠵᠢᠭᠤᠯᠬᠤ ᠠᠵᠢᠯᠯᠠᠭ᠎ᠠ᠎ᠶ᠋ᠢ ᠭᠦᠨᠵᠡᠭᠡᠢ ᠠᠬᠢᠭᠤᠯᠵᠤ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠢ ᠬᠢᠯᠢ ᠬᠢᠵᠠᠭᠠᠷ ᠣᠷᠣᠨ᠎ᠳᠤ ᠦᠨᠳᠦᠰᠦᠯᠡᠬᠦᠯᠬᠦ ᠵᠡᠷᠭᠡ ᠠᠵᠢᠯᠯᠠᠭ᠎ᠠ ᠥᠷᠨᠢᠭᠦᠯᠵᠦ᠍᠂ ᠦᠨᠳᠦᠰᠦᠲᠡᠨ᠎ᠨᠦᠭᠦᠳ᠎ᠦᠨ ᠤᠯᠠᠨ ᠲᠦᠮᠡᠨ ᠦ ᠠᠮᠢᠳᠤᠷᠠᠯ ᠶᠠᠪᠤᠬᠤ ᠲᠤᠳᠤᠮ ᠰᠠᠢᠵᠢᠷᠠᠪᠠ᠃
ᠤᠯᠤᠰ᠎ᠤᠨ ᠪᠠᠲᠤᠯᠠᠨ ᠬᠠᠮᠠᠭᠠᠯᠠᠯᠲᠠ ᠪᠠᠢᠬᠤ ᠦᠭᠡᠢ ᠪᠣᠯ ᠣᠷᠣᠱᠢᠨ ᠲᠤᠬᠳᠠᠨᠢᠵᠦ ᠴᠢᠳᠠᠬᠤ ᠦᠭᠡᠢ᠂ ᠬᠢᠯᠢ ᠬᠢᠵᠠᠭᠠᠷ ᠬᠠᠮᠠᠭᠠᠯᠠᠯᠲᠠ ᠪᠠᠢᠬᠤ ᠦᠭᠡᠢ ᠪᠣᠯ ᠠᠮᠤᠷ ᠲᠠᠢᠪᠤᠩ ᠪᠠᠢᠵᠤ ᠴᠢᠳᠠᠬᠤ ᠦᠭᠡᠢ᠃ ᠢᠷᠡᠭᠡᠳᠦᠶ ᠵᠢ ᠪᠠᠷᠠᠯᠠᠬᠤᠶ᠎ᠠ᠂ ᠥᠪᠥᠷ ᠮᠣᠩᠭᠣᠯ ᠨᠠᠩ ᠪᠣᠳᠠᠲᠠᠶ᠎ᠶ᠋ᠢ ᠡᠷᠬᠢᠮᠯᠡᠭ᠌ᠰᠡᠨ ᠠᠷᠭ᠎ᠠ ᠬᠡᠮᠵᠢᠶ᠎ᠡ᠂ ᠨᠠᠩ ᠬᠦᠴᠦᠲᠡᠶ ᠠᠵᠢᠯᠯᠠᠭ᠎ᠠ ᠠᠪᠴᠤ᠌᠂ ᠡᠬᠡ ᠤᠯᠤᠰ᠎ᠤᠨ 《ᠤᠮᠠᠷᠠᠲᠤ ᠵᠢᠨ ᠶᠡᠬᠡ ᠬᠠᠭᠠᠯᠭ᠎ᠠ》 ᠶ᠋ᠢ ᠰᠠᠢᠲᠤᠷ ᠰᠠᠬᠢᠵᠤ᠂ ᠨᠡᠢᠰᠯᠡᠯ᠎ᠦᠨ 《ᠬᠠᠮᠠᠭᠠᠯᠠᠯᠲᠠ᠎ᠵᠢᠨ ᠭᠤᠤᠯ 》 ᠢ᠋ ᠰᠠᠢᠲᠤᠷ ᠪᠠᠢᠭᠤᠯᠪᠠᠯ᠂ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠦᠪᠱᠢᠨ ᠲᠣᠭ᠍ᠲᠠᠭᠤᠨ ᠤ ᠬᠠᠯᠬᠠᠪᠴᠢ᠎ᠶ᠋ᠢ ᠨᠠᠩ ᠪᠠᠲᠤ ᠪᠠᠬᠢ ᠴᠣᠭ᠍ᠴᠠᠯᠠᠵᠤ ᠴᠢᠳᠠᠬᠤ ᠨᠢ ᠯᠠᠪᠲᠠᠢ᠃