ᠶᠠᠷᠦᠡᠭᠭᠡᠢᠯᠡᠨ ᠵᠠᠰᠠᠬᠤ ᠲᠦᠪ ᠤ᠋ᠨ ᠵᠢᠷᠤᠮᠵᠢᠭᠤᠯᠬᠤ ᠪᠠᠢᠭᠤᠯᠤᠯᠳᠠ ᠵᠢ ᠠᠬᠢᠭᠤᠯᠬᠤ ᠦᠢᠯᠡᠳᠦᠯᠭᠡ ᠵᠢᠨ ᠰᠢᠷᠢᠰ ᠮᠡᠳᠡᠭᠡᠯᠡᠯ③
ᠣᠢᠷ᠎ᠠ᠎ᠶ᠋ᠢᠨ ᠵᠢᠯ᠎ᠦᠨ ᠲᠤᠷᠰᠢ᠂ ᠣᠷᠳᠣᠰ ᠬᠣᠲᠠ ᠨᠡᠢᠭᠡᠮ ᠤ᠋ᠨ ᠠᠮᠤᠷ ᠢ᠋ ᠬᠠᠮᠠᠭᠠᠯᠠᠬᠤ ᠶᠡᠷᠦᠩᠬᠡᠢᠯᠡᠨ ᠵᠠᠰᠠᠬᠤ ᠲᠥᠪ᠎ᠢ ᠵᠢᠷᠤᠮᠵᠢᠭᠤᠯᠬᠤ ᠪᠠᠢᠭᠤᠯᠤᠯᠳᠠ᠎ᠪᠠᠷ ᠬᠥᠲᠥᠯᠦᠮᠵᠢ ᠪᠣᠯᠭᠠᠵᠤ᠂ ᠵᠥᠷᠢᠴᠡᠯ ᠵᠠᠭᠤᠷᠠᠯᠳᠤᠭᠠᠨ᠎ᠢ ᠭᠥᠯᠢᠶᠡᠨ ᠠᠪᠴᠤ᠌ ᠱᠢᠶ᠋ᠳᠪᠦᠷᠢᠯᠡᠬᠦ᠌ ᠠᠷᠭ᠎ᠠ ᠵᠠᠮ᠎ᠢ ᠱᠢᠯᠤᠭᠤᠳᠭᠠᠵᠤ᠂ ᠣᠨᠣᠴᠠᠲᠠᠶ᠎ᠪᠠᠷ ᠰᠠᠯᠭᠠᠨ ᠬᠤᠪᠢᠶᠠᠷᠢᠯᠠᠵᠤ ᠲᠣᠬᠢᠷᠠᠭᠤᠯᠤᠨ᠂ ᠣᠯᠠᠨ ᠡᠱᠢᠲᠦ ᠬᠠᠮᠵᠢᠯᠴᠠᠭ᠎ᠠ᠎ᠶ᠋ᠢ ᠴᠢᠩᠭᠠᠳᠭᠠᠵᠤ᠂ 《ᠳᠤᠯᠠᠭᠠᠨ ᠬᠣᠲᠠ᠎ᠶ᠋ᠢᠨ ᠴᠢᠳᠠᠮᠠᠭᠠᠢ ᠵᠠᠰᠠᠯᠲᠠ》 ᠶ᠋ᠢᠨ ᠲᠥᠷᠥᠯ ᠲᠡᠮᠳᠡᠭ᠌ ᠢ᠋ ᠪᠥᠬᠥ᠌ ᠬᠦᠴᠦᠨ᠎ᠢᠶᠡᠷ᠎ᠢᠶᠡᠨ ᠴᠤᠬᠴᠠᠯᠠᠪᠠ᠃ ᠪᠦᠷᠢᠳᠭᠡᠯ ᠢ᠋ ᠦᠨᠳᠦᠰᠦᠯᠡᠪᠡᠯ᠂ ᠨᠢᠳᠤᠨᠤᠨ ᠤ᠋ 10 ᠰᠠᠷ᠎ᠠ᠎ᠶ᠋ᠢᠨ ᠰᠡᠭᠦᠯᠴᠢ ᠪᠣᠯᠲᠠᠯ᠎ᠠ᠂ ᠡᠯ᠎ᠡ ᠱᠠᠲᠤᠨ᠎ᠤ ᠶᠡᠷᠦᠩᠬᠡᠢᠯᠡᠨ ᠵᠠᠰᠠᠬᠤ ᠲᠥᠪ ᠡᠯ᠎ᠡ ᠲᠥᠷᠥᠯ᠎ᠦᠨ ᠵᠥᠷᠢᠴᠡᠯ ᠵᠠᠭᠤᠷᠠᠯᠳᠤᠭᠠᠨ᠎ᠢ ᠨᠡᠢᠲᠡ 24046 ᠬᠤᠪᠢ ᠭᠥᠯᠢᠶᠡᠨ ᠠᠪᠴᠤ᠌ ᠱᠢᠶ᠋ᠳᠪᠦᠷᠢᠯᠡᠨ᠂ 23163 ᠬᠤᠪᠢ᠎ᠶ᠋ᠢ ᠨᠢ ᠱᠢᠶ᠋ᠳᠪᠦᠷᠢᠯᠡᠵᠦ᠍᠂ ᠱᠢᠶ᠋ᠳᠪᠦᠷᠢᠯᠡᠭ᠌ᠰᠡᠨ ᠨᠣᠷᠮ᠎ᠠ ᠨᠢ 96.3% ᠳ᠋ᠤ ᠬᠦᠷᠴᠡᠶ᠃

ᠣᠯᠠᠨ ᠠᠷᠭ᠎ᠠ ᠵᠠᠮ ᠢᠶᠠᠷ ᠬᠦᠰᠡᠯ ᠱᠠᠭᠠᠷᠳᠠᠯᠭ᠎ᠠ ᠵᠢ ᠬᠦᠯᠢᠶᠡᠨ ᠠᠪᠤᠪᠠ
《ᠴᠠᠯᠢᠩ ᠵᠢᠡᠨ ᠨᠡᠬᠡᠨ ᠠᠪᠴᠢᠷᠠᠬᠤ᠎ᠳᠦ ᠬᠦᠴᠢᠷᠲᠡᠶ ᠭᠡᠵᠦ᠍ ᠪᠣᠳᠣᠵᠤ ᠪᠠᠢᠭ᠍ᠰᠠᠨ᠂ ᠰᠠᠨᠠᠭᠠᠨ ᠡᠴᠨ ᠭᠠᠳᠠᠨ᠎ᠠ ᠶᠡᠷᠦᠩᠬᠡᠢᠯᠡᠨ ᠵᠠᠰᠠᠬᠤ ᠲᠥᠪ ᠮᠠᠰᠢ ᠲᠦᠷᠭᠡᠨ ᠱᠢᠶ᠋ᠳᠪᠦᠷᠢᠯᠡᠵᠦ ᠦᠭᠪᠡ》 ᠭᠡᠵᠦ ᠰᠸᠴᠤᠸᠠᠨ᠎ᠠᠴᠠ ᠢᠷᠡᠭ᠌ᠰᠡᠨ ᠬᠥᠯᠥᠰᠥᠨ ᠠᠵᠢᠯᠴᠢᠨ ᠲᠠᠨ ᠣᠪᠣᠭ᠍ᠲᠤ ᠰᠡᠳᠬᠢᠯ ᠲᠤᠬᠳᠤᠯᠤᠨ ᠬᠡᠯᠡᠨ᠎ᠠ᠃ ᠡᠭᠦᠨ᠎ᠡᠴᠡ ᠡᠮᠦᠨ᠎ᠡ᠂ ᠲᠡᠷᠡ ᠴᠠᠯᠢᠩ᠎ᠤᠨ ᠵᠠᠭᠤᠷᠠᠯᠳᠤᠭᠠᠨ᠎ᠠᠴᠠ ᠪᠣᠯᠵᠣ ᠬᠠᠩᠭᠢᠨ ᠬᠣᠱᠢᠭᠤᠨ᠎ᠤ ᠶᠡᠷᠦᠩᠬᠡᠢᠯᠡᠨ ᠵᠠᠰᠠᠬᠤ ᠲᠥᠪ᠎ᠲᠦ ᠬᠦᠷᠴᠦ᠍ ᠲᠤᠰᠠᠯᠠᠮᠵᠢ ᠭᠤᠶᠤᠴᠢᠯᠠᠭ᠍ᠰᠠᠨ᠎ᠳᠤ᠂ ᠠᠵᠢᠯᠲᠠᠳ ᠬᠡᠷᠡᠭ ᠤ᠋ᠨ ᠪᠠᠢᠳᠠᠯ ᠢ᠋ ᠨᠠᠷᠢᠨ ᠲᠡᠮᠳᠡᠭ᠌ᠯᠡᠭ᠌ᠦ ᠵᠢᠨ ᠬᠠᠮᠳᠤ ᠡᠶᠡᠳᠡᠭᠦᠯᠬᠦ᠌ ᠳᠠᠷᠠᠭᠠᠯᠠᠯ᠎ᠢ ᠡᠬᠢᠯᠡᠭᠦᠯᠵᠦ᠍᠂ ᠬᠣᠶᠠᠷᠬᠠᠨ ᠡᠳᠦᠷ᠎ᠦᠨ ᠴᠠᠭ ᠵᠠᠷᠤᠴᠠᠭᠤᠯᠤᠨ ᠲᠡᠭᠦᠨ᠎ᠢ ᠬᠠᠪᠰᠤᠷᠤᠨ ᠴᠠᠯᠢᠩ᠎ᠢ᠎ᠨᠢ ᠨᠡᠬᠡᠵᠦ᠍ ᠠᠪᠴᠢᠷᠠᠭ᠍ᠰᠠᠨ ᠪᠠᠢᠨ᠎ᠠ᠃
ᠣᠯᠠᠨ ᠲᠦᠮᠡᠨ᠎ᠦ ᠬᠦᠰᠡᠯ ᠱᠠᠭᠠᠷᠳᠠᠯᠭ᠎ᠠ ᠪᠥᠬᠦᠨ᠎ᠢ ᠭᠥᠯᠢᠶᠡᠨ ᠠᠪᠴᠤ᠌ ᠱᠢᠶ᠋ᠳᠪᠦᠷᠢᠯᠡᠬᠦ᠌᠎ᠶ᠋ᠢᠨ ᠲᠥᠯᠥᠭᠡ᠂ ᠣᠷᠳᠣᠰ ᠬᠣᠲᠠ᠎ᠶ᠋ᠢᠨ ᠡᠯ᠎ᠡ ᠱᠠᠲᠤᠨ᠎ᠤ ᠶᠡᠷᠦᠩᠬᠡᠢᠯᠡᠨ ᠵᠠᠰᠠᠬᠤ ᠲᠥᠪ 《ᠨᠢᠭᠡ ᠴᠣᠩᠬᠤᠪᠴᠢ ᠮᠠᠶᠢᠭ》 ᠵᠢᠡᠷ ᠵᠥᠷᠢᠴᠡᠯ ᠵᠠᠭᠤᠷᠠᠯᠳᠤᠭᠠᠨ᠎ᠢ ᠭᠥᠯᠢᠶᠡᠨ ᠠᠪᠴᠤ᠌ ᠱᠢᠶ᠋ᠳᠪᠦᠷᠢᠯᠡᠵᠦ᠂ 《ᠬᠡᠨ ᠭᠤᠤᠯᠴᠢᠯᠠᠨ ᠬᠠᠮᠢᠶᠠᠷᠪᠠᠯ ᠬᠡᠨ ᠬᠠᠷᠢᠭᠤᠴᠠᠬᠤ᠂ ᠬᠡᠨ ᠭᠦᠶ᠋ᠴᠡᠳᠭᠡᠪᠡᠯ ᠬᠡᠨ ᠬᠠᠷᠢᠭᠤᠴᠠᠬᠤ》 ᠵᠠᠷᠴᠢᠮ ᠶᠣᠰᠣᠭᠠᠷ᠂ 《ᠵᠠᠭᠠᠯᠳᠤᠯᠭ᠎ᠠ᠎ᠶ᠋ᠢ ᠭᠥᠯᠢᠶᠡᠨ ᠠᠪᠤᠬᠰᠠᠨ ᠲᠠᠷᠤᠢ ᠳ᠋ᠤᠨᠢ ᠭᠦᠶ᠋ᠴᠡᠳᠭᠡᠬᠦ᠌》ᠠᠵᠢᠯ᠎ᠤᠨ ᠲᠦᠷᠢᠮ᠎ᠢ ᠭᠠᠷᠭᠠᠵᠤ᠂《ᠠᠩᠬ᠎ᠠ ᠬᠦᠯᠢᠶᠡᠨ ᠠᠪᠤᠬᠰᠠᠨ᠎ᠨᠢ ᠬᠠᠷᠢᠭᠤᠴᠠᠬᠤ ᠲᠦᠷᠢᠮ》 ᠢ᠋ ᠨᠠᠢᠳᠠᠪᠤᠷᠢᠵᠢᠭᠤᠯᠤᠨ᠂ ᠠᠩᠬ᠎ᠠ ᠰᠤᠷᠪᠤᠯᠵᠢᠯᠠᠬᠰᠠᠨᠵᠠᠬᠢᠳᠠᠯ ᠰᠤᠷᠪᠤᠯᠵᠢᠯᠠᠯ᠎ᠤᠨ ᠬᠡᠷᠡᠭ᠎ᠢ《ᠰᠠᠷ᠎ᠠ᠎ᠪᠠᠷ ᠰᠢᠢᠳᠪᠤᠷᠢᠯᠡᠨ ᠳᠠᠭᠤᠰᠭᠠᠬᠤ》 ᠲᠣᠭ᠍ᠲᠠᠴᠠ᠎ᠶ᠋ᠢ ᠪᠠᠢᠭᠤᠯᠵᠤ᠂ ᠡᠯ᠎ᠡ ᠲᠥᠷᠥᠯ᠎ᠦᠨ ᠬᠦᠰᠡᠯ ᠱᠠᠭᠠᠷᠳᠠᠯᠭ᠎ᠠ᠎ᠶ᠋ᠢ ᠭᠥᠯᠢᠶᠡᠨ ᠠᠪᠤᠬᠰᠠᠨ ᠲᠠᠷᠤᠢ ᠳ᠋ᠤᠨᠢ ᠭᠦᠶ᠋ᠴᠡᠳᠭᠡᠬᠦ᠌᠎ᠶ᠋ᠢ ᠠᠬᠢᠭᠤᠯᠪᠠ᠃
ᠡᠭᠦᠨ᠎ᠦ ᠬᠠᠮᠲᠤ᠂ ᠲᠤᠬᠠᠶ᠎ᠶ᠋ᠢᠨ ᠭᠠᠵᠠᠷ᠎ᠤᠨ ᠨᠤᠲᠤᠭ ᠳᠡᠪᠢᠰᠭᠡᠷ ᠥᠷᠭᠡᠨ ᠠᠭᠤᠳᠠᠮ᠂ ᠣᠯᠠᠨ ᠲᠦᠮᠡᠨ᠎ᠦ ᠶᠠᠪᠤᠵᠤ ᠰᠠᠭᠤᠬᠤ᠎ᠳᠤ ᠳᠥᠭᠥᠮ ᠦᠭᠡᠢ ᠪᠠᠢᠳᠠᠯ᠎ᠳᠤ ᠴᠢᠭ᠌ᠯᠡᠭᠦᠯᠦᠨ᠂ ᠣᠷᠳᠣᠰ ᠬᠣᠲᠠ 《ᠵᠥᠷᠢᠴᠡᠯ ᠵᠠᠭᠤᠷᠠᠯᠳᠤᠭᠠᠨᠢ᠋ ᠺᠣᠳ᠋ ᠰᠢᠷᠪᠢᠨ ᠭᠦᠶ᠋ᠴᠡᠳᠭᠡᠬᠦ᠌》 ᠶ᠋ᠢ ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍᠂ ᠣᠯᠠᠨ ᠲᠦᠮᠡᠨ ᠬᠣᠶᠠᠷ ᠬᠡᠮᠵᠢᠯᠳᠦ ᠺᠣᠳ᠋᠎ᠢ ᠱᠢᠷᠪᠢᠪᠡᠯ ᠳᠠᠷᠤᠶ ᠬᠦᠰᠡᠯ ᠱᠠᠭᠠᠷᠳᠠᠯᠭ᠎ᠠ᠎ᠪᠠᠨ ᠲᠤᠰᠭᠠᠵᠤ᠂ ᠵᠦᠷᠢᠴᠡᠯ ᠵᠠᠭᠤᠷᠠᠯᠳᠤᠭᠠᠨ᠎ᠢ ᠡᠶᠡᠳᠡᠭᠦᠯᠬᠦ᠌᠎ᠪᠡᠷ ᠭᠤᠶᠤᠴᠢᠯᠠᠵᠤ᠂ ᠶᠡᠷᠦᠩᠬᠡᠢᠯᠡᠨ ᠵᠠᠰᠠᠬᠤ ᠲᠥᠪ ᠴᠠᠭ ᠲᠤᠬᠠᠶ᠎ᠳᠤᠨᠢ ᠱᠢᠶ᠋ᠳᠪᠦᠷᠢᠯᠡᠵᠦ᠍ ᠂ ᠣᠯᠠᠨ ᠲᠦᠮᠡᠨ᠎ᠦ ᠬᠦᠰᠡᠯ ᠱᠠᠭᠠᠷᠳᠠᠯᠭ᠎ᠠ᠎ᠶ᠋ᠢ ᠲᠤᠰᠭᠠᠬᠤ ᠠᠷᠭ᠎ᠠ ᠵᠠᠮ᠎ᠢ ᠤᠯᠠᠮ ᠨᠢᠭᠡ ᠠᠯᠬᠤᠮ ᠱᠢᠯᠤᠭᠤᠳᠭᠠᠵᠤ᠂ 《ᠲᠣᠭ᠎ᠠ ᠪᠠᠷᠢᠮᠲᠠ᠎ᠶ᠋ᠢ ᠢᠯᠡᠭᠦᠬᠡᠨ ᠬᠦᠶᠦᠯᠭᠡᠵᠦ᠂ ᠣᠯᠠᠨ ᠲᠦᠮᠡᠨ᠎ᠢ ᠳᠤᠲᠠᠭᠤ ᠭᠦᠶᠦᠯᠭᠡᠬᠦ᠌ 》 ᠶ᠋ᠢ ᠪᠡᠶᠡᠯᠡᠭᠦᠯᠪᠡ᠃
《ᠮᠠᠨ᠎ᠤ ᠬᠣᠷᠢᠶᠠᠯᠠᠯ ᠤ᠋ᠨ ᠰᠠᠭᠤᠭᠠᠯᠢ ᠠᠷᠠᠳ ᠴᠠᠬᠢᠯᠭᠠᠨ ᠴᠡᠨᠡᠭ᠌ᠯᠡᠬᠦ᠌ ᠪᠠᠭᠠᠨ᠎ᠠ ᠤᠭ᠍ᠰᠠᠷᠠᠬᠤ ᠠᠰᠠᠭᠤᠳᠠᠯ᠎ᠠᠴᠠ ᠪᠣᠯᠵᠤ ᠵᠥᠷᠢᠴᠡᠯ ᠡᠭᠦᠰᠪᠡ᠂ ᠲᠠ᠎ᠨᠠᠷ ᠢᠷᠡᠵᠦ᠍ ᠦᠵᠡᠭᠡᠷᠡᠶ》᠃ ᠣᠢᠷ᠎ᠠ᠎ᠳᠤ᠂ ᠡᠵᠡᠨ ᠬᠣᠷᠣᠭ᠎ᠠ ᠬᠣᠱᠢᠭᠤᠨ᠎ᠤ ᠨᠠᠷᠢᠨ ᠲᠣᠬᠣᠶ ᠪᠠᠯᠭᠠᠰᠤᠨ᠎ᠤ ᠲᠤᠤᠷᠵᠢᠯ ᠤ᠋ᠨ ᠠᠵᠢᠯᠳᠠᠨ ᠬᠠᠷᠢᠶ᠎ᠠ ᠣᠷᠣᠨ᠎ᠤ ᠬᠣᠯᠪᠣᠭᠠᠲᠤ ᠡᠷᠦᠬᠡ᠎ᠶ᠋ᠢᠨ ᠳᠠᠷᠤᠭ᠎ᠠ᠎ᠶ᠋ᠢᠨ ᠢᠷᠡᠭᠦᠯᠦᠭ᠌ᠰᠡᠨ ᠮᠡᠳᠡᠭᠡ ᠵᠠᠩᠭᠢ᠎ᠶ᠋ᠢ ᠤᠯᠪᠠ᠃
ᠬᠠᠷᠢᠶ᠎ᠠ ᠣᠷᠣᠨ᠎ᠤ ᠴᠠᠬᠢᠯᠭᠠᠨ ᠴᠡᠨᠡᠭ᠌ᠯᠡᠬᠦ᠌ ᠱᠣᠩ ᠤᠭ᠍ᠰᠠᠷᠠᠬᠤ ᠪᠠᠢᠷᠢ ᠨᠢ ᠰᠠᠭᠤᠭᠠᠯᠢ ᠠᠷᠠᠳ᠎ᠤᠨ ᠠᠰᠠᠷ᠎ᠲᠠᠶ ᠣᠢᠷᠠᠳᠴᠤ᠌᠂ ᠭᠠᠯ᠎ᠤᠨ ᠭᠠᠮᠱᠢᠭ᠎ᠤᠨ ᠬᠡᠮ ᠰᠣᠭᠣᠭ ᠣᠷᠣᠱᠢᠵᠤ ᠪᠠᠢᠬᠤ᠎ᠠᠴᠠ ᠪᠣᠯᠵᠣ᠂ ᠰᠠᠭᠤᠭᠠᠯᠢ ᠲᠣᠭᠣᠷᠢᠭ᠎ᠤᠨ ᠥᠮᠴᠢᠲᠡᠨ ᠨᠡᠢᠳᠡᠮ᠎ᠳᠡᠭᠡᠨ ᠡᠰᠡᠷᠭᠦᠴᠡᠪᠡ᠃ ᠬᠣᠯᠪᠣᠭᠠᠲᠤ ᠡᠷᠦᠬᠡ᠎ᠶ᠋ᠢᠨ ᠳᠠᠷᠤᠭ᠎ᠠ ᠠᠰᠠᠭᠤᠳᠠᠯ᠎ᠢ ᠨᠡᠢᠭᠡᠮ ᠲᠣᠭᠣᠷᠢᠭ ᠲᠸ᠋ ᠮᠡᠳᠡᠬᠦᠯᠵᠦ᠂ ᠨᠡᠢᠭᠡᠮ ᠲᠣᠭᠣᠷᠢᠭ᠎ᠠᠴᠠ ᠠᠵᠢᠯᠲᠠᠨ ᠲᠣᠮᠢᠯᠠᠨ ᠲᠤᠬᠠᠶ᠎ᠶ᠋ᠢᠨ ᠲᠠᠯᠠᠪᠤᠷ᠎ᠲᠤ ᠵᠣᠬᠢᠴᠠᠭᠤᠯᠵᠤ᠂ ᠣᠯᠠᠨ ᠲᠦᠮᠡᠨ᠎ᠦ ᠠᠱᠢᠭ ᠲᠤᠰᠠ᠎ᠳᠤ ᠬᠣᠯᠪᠣᠭ᠍ᠳᠠᠭ᠍ᠰᠠᠨ ᠵᠥᠷᠢᠴᠡᠯ ᠵᠠᠭᠤᠷᠠᠯᠳᠤᠭᠠᠨ᠎ᠢ ᠴᠤᠬᠤᠢᠯᠳᠠ ᠵᠢᠨ ᠬᠤᠭᠤᠴᠠᠭᠠᠨ ᠳ᠋ᠤ ᠱᠢᠶ᠋ᠳᠪᠦᠷᠢᠯᠡᠵᠦ᠍᠂ ᠬᠣᠶᠠᠷ ᠲᠠᠯ᠎ᠠ᠎ᠪᠠᠷ᠎ᠢᠶᠠᠨ ᠰᠡᠳᠭᠢᠯ ᠬᠠᠨᠤᠮᠵᠢᠲᠠᠶ ᠦᠷ᠎ᠡ ᠳ᠋ᠦᠩ ᠣᠯᠵᠠᠶ᠃
ᠰᠤᠮᠤ ᠱᠢᠶᠠᠩ ᠪᠠᠯᠭᠠᠰᠤ (ᠵᠡᠭᠡᠯᠢ ᠭᠤᠳᠤᠮᠵᠢ)᠂ ᠭᠠᠴᠠᠭ᠎ᠠ ᠲᠣᠰᠭᠣᠨ (ᠨᠡᠢᠭᠡᠮ ᠲᠣᠭᠣᠷᠢᠭ) ᠤ᠋ ᠵᠦᠷᠢᠴᠡᠯ ᠵᠠᠭᠤᠷᠠᠯᠳᠤᠭᠠᠨ ᠢ᠋ ᠡᠬᠢ ᠡᠭᠦᠰᠦᠯ᠎ᠡᠴᠡ᠎ᠨᠢ ᠵᠠᠰᠠᠬᠤ᠎ᠶ᠋ᠢ ᠴᠢᠩᠭᠠᠳᠭᠠᠬᠤ᠎ᠶ᠋ᠢᠨ ᠲᠥᠯᠥᠭᠡ᠂ ᠣᠷᠳᠣᠰ ᠬᠣᠲᠠ 《ᠨᠠᠮ᠎ᠤᠨ ᠳᠤᠭᠤᠢᠯᠠᠩ + ᠲᠤᠤᠷᠵᠢᠯ ᠤ᠋ᠨ ᠬᠠᠮᠢᠶᠠᠷᠤᠯᠲᠠ᠎ᠶ᠋ᠢᠨ ᠠᠵᠢᠯᠲᠠᠨ + ᠠᠰᠠᠷ (ᠲᠠᠰᠤᠭ᠂ ᠬᠣᠯᠪᠣᠭ᠎ᠠ᠎ᠳᠤ ᠡᠷᠦᠬᠡ) ᠤ᠋ᠨ ᠳᠠᠷᠤᠭ᠎ᠠ》 ᠦᠨᠳᠦᠰᠦᠨ ᠱᠠᠲᠤᠨ᠎ᠤ ᠪᠢᠴᠢᠯ ᠵᠠᠰᠠᠯᠲᠠ᠎ᠶ᠋ᠢᠨ ᠵᠠᠭ᠍ᠪᠤᠷ᠎ᠢ ᠭᠦᠨᠵᠡᠭᠡᠶ ᠬᠡᠷᠡᠭ᠌ᠵᠢᠭᠦᠯᠵᠦ᠍᠂ ᠲᠤᠤᠷᠵᠢᠯ ᠤ᠋ᠨ ᠨᠠᠮ᠎ᠤᠨ ᠳᠤᠭᠤᠢᠯᠠᠩ (ᠨᠠᠮ᠎ᠤᠨ ᠡᠭᠦᠷ)᠎ᠢ᠋ 4986 ᠵᠣᠬᠢᠶᠠᠨ ᠪᠠᠢᠭᠤᠯᠵᠤ᠂ ᠪᠢᠴᠢᠯ ᠲᠤᠤᠷᠵᠢᠯ ᠢ᠋ 3411 ᠬᠤᠪᠢᠶᠠᠷᠢᠯᠠᠨ᠂ ᠠᠰᠠᠷ (ᠲᠠᠰᠤᠭ᠂ ᠬᠣᠯᠪᠣᠭ᠎ᠠ᠎ᠳᠤ ᠡᠷᠦᠬᠡ) ᠤ᠋ᠨ ᠳᠠᠷᠤᠭ᠎ᠠ ᠵᠢ 37117 ᠰᠣᠩᠭᠣᠨ ᠲᠣᠬᠢᠷᠠᠭᠤᠯᠵᠤ᠂ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ᠎ᠶ᠋ᠢ ᠴᠤᠭ᠍ᠯᠠᠭᠤᠯᠬᠤ᠎ᠶ᠋ᠢᠨ ᠬᠠᠮᠲᠤ ᠬᠡᠮ ᠰᠤᠭᠤᠭ᠎ᠢ ᠴᠠᠭ ᠲᠤᠬᠠᠶ᠎ᠳᠤᠨᠢ ᠢᠯᠡᠷᠡᠭᠦᠯᠵᠦ᠍᠂ 《ᠡᠮᠦᠨ᠎ᠠ ᠹᠷᠤᠨᠲ ᠤ᠋ᠨ ᠰᠡᠷᠭᠡᠢᠯᠡᠯᠲᠡ᠎ᠶ᠋ᠢᠨ ᠱᠤᠭᠤᠮ》 ᠢ᠋ ᠪᠡᠬᠢᠵᠢᠬᠦᠯᠪᠡ᠃
ᠲᠠᠰ ᠲᠥᠷᠥᠯ ᠬᠤᠪᠢᠶᠠᠨ ᠵᠦᠷᠢᠴᠡᠯ ᠵᠠᠭᠤᠷᠠᠯᠳᠤᠭᠠᠨ ᠢ᠋ ᠰᠢᠢᠳᠪᠤᠷᠢᠯᠡᠪᠡ
ᠡᠯ᠎ᠡ ᠲᠥᠷᠥᠯ᠎ᠦᠨ ᠵᠥᠷᠢᠴᠡᠯ ᠵᠠᠭᠤᠷᠠᠯᠳᠤᠭᠠᠨ᠎ᠢ ᠦᠨᠡᠨ ᠬᠦ᠌ ᠦᠨᠳᠦᠰᠦᠨ ᠱᠠᠲᠤᠨ᠎ᠳᠤ ᠱᠢᠶ᠋ᠳᠪᠦᠷᠢᠯᠡᠬᠦ᠌᠎ᠶ᠋ᠢᠨ ᠲᠥᠯᠥᠭᠡ᠂ ᠣᠷᠳᠣᠰ ᠬᠣᠲᠠ《ᠵᠥᠷᠢᠴᠡᠯ ᠵᠠᠭᠤᠷᠠᠯᠳᠤᠭᠠᠨ᠎ᠢ ᠲᠠᠰ ᠲᠥᠷᠥᠯ ᠬᠤᠪᠢᠶᠠᠨ ᠣᠯᠠᠨ ᠡᠱᠢᠵᠢᠬᠦᠯᠦᠨ ᠱᠢᠶ᠋ᠳᠪᠦᠷᠢᠯᠡᠬᠦ᠌ ᠵᠢᠷᠤᠮᠵᠢᠯ》 ᠢ᠋ ᠲᠣᠭ᠍ᠲᠠᠭᠠᠨ ᠨᠡᠢᠲᠡᠯᠡᠵᠦ᠍᠂ ᠲᠥᠬᠥᠮ ᠵᠥᠷᠢᠴᠡᠯ᠎ᠢ 《ᠰᠠᠯᠭᠠᠨ ᠳᠣᠭᠢᠷᠠᠭᠤᠯᠵᠤ ᠬᠤᠪᠢᠶᠠᠷᠢᠯᠡᠨ ᠭᠦᠶ᠋ᠴᠡᠳᠭᠡᠬᠦ᠌》᠂ ᠡᠩ᠎ᠦᠨ ᠵᠥᠷᠢᠴᠡᠯ ᠢ 《ᠨᠡᠢᠯᠡᠭᠦᠯᠦᠨ ᠱᠢᠶ᠋ᠳᠪᠦᠷᠢᠯᠡᠵᠦ᠍ ᠬᠠᠮᠲᠤᠷᠠᠨ ᠭᠦᠶ᠋ᠴᠡᠳᠭᠡᠬᠦ᠌》 ᠂ ᠪᠤᠳᠤᠯᠢᠶᠠᠨᠲᠠᠶ ᠵᠥᠷᠢᠴᠡᠯ᠎ᠢ 《ᠲᠤᠰᠭᠠᠶ ᠬᠦᠴᠦᠨ ᠬᠠᠮᠲᠤᠷᠠᠨ ᠭᠦᠶ᠋ᠴᠡᠳᠭᠡᠬᠦ᠌》᠂ ᠬᠦᠴᠢᠷ ᠲᠦᠪᠡᠭ᠌ᠲᠡᠶ ᠵᠥᠷᠢᠴᠡᠯ ᠢ 《ᠤᠳᠤᠷᠢᠳᠤᠯᠭ᠎ᠠ ᠬᠢᠨᠠᠨ ᠱᠢᠶ᠋ᠳᠪᠦᠷᠢᠯᠡᠬᠦ᠌》 ᠶ᠋ᠢ ᠬᠡᠷᠡᠭ᠌ᠵᠢᠭᠦᠯᠪᠡ᠃
ᠣᠢᠯᠠᠭᠠᠭ᠍ᠰᠠᠨ᠎ᠢᠶᠠᠷ᠂ ᠪᠥᠬᠥ᠌ ᠬᠣᠲᠠ᠎ᠶ᠋ᠢᠨ 9 ᠬᠣᠱᠢᠭᠤ ᠲᠣᠭᠣᠷᠢᠭ᠎ᠤᠨ ᠶᠡᠷᠦᠩᠬᠡᠢᠯᠡᠨ ᠵᠠᠰᠠᠬᠤ ᠲᠥᠪ ᠲᠸ᠋ ᠳᠣᠲᠣᠭᠠᠳᠤ᠎ᠶ᠋ᠢ ᠬᠠᠮᠠᠭᠠᠯᠠᠬᠤ᠂ ᠬᠠᠤᠯᠢ ᠴᠠᠭᠠᠵᠠ᠂ ᠵᠠᠬᠢᠳᠠᠯ ᠰᠤᠷᠪᠤᠯᠵᠢᠯᠠᠯ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠂ ᠵᠠᠮ ᠬᠠᠷᠢᠯᠴᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠂ ᠪᠠᠢᠭᠠᠯᠢ᠎ᠶ᠋ᠢᠨ ᠡᠬᠢ ᠪᠠᠶᠠᠯᠢᠭ᠂ ᠠᠷᠠᠳ᠎ᠤᠨ ᠶᠠᠪᠤᠳᠠᠯ᠂ ᠰᠤᠷᠭᠠᠨ ᠬᠥᠮᠦᠵᠢᠯ ᠵᠡᠷᠭᠡ ᠰᠠᠯᠠᠭ᠎ᠠ ᠮᠥᠴᠢᠷ᠎ᠦᠨ ᠣᠷᠣᠵᠤ ᠰᠠᠭᠤᠬᠤ᠎ᠶ᠋ᠢ ᠪᠡᠶᠡᠯᠡᠭᠦᠯᠵᠦ᠍᠂ ᠡᠯ᠎ᠡ ᠲᠥᠷᠥᠯ᠎ᠦᠨ ᠵᠥᠷᠢᠴᠡᠯ ᠵᠠᠭᠤᠷᠠᠯᠳᠤᠭᠠᠨ᠎ᠢ 《ᠶᠡᠷᠦᠡᠭᠭᠡᠢᠯᠡᠨ ᠵᠠᠰᠠᠬᠤ ᠲᠦᠪ ᠬᠤᠪᠢᠶᠠᠷᠢᠯᠡᠨ ᠰᠠᠯᠭᠠᠵᠤ᠂ ᠰᠠᠯᠠᠭ᠎ᠠ ᠮᠥᠴᠢᠷ᠎ᠦᠨ ᠬᠢᠨ ᠲᠠᠨᠢᠵᠤ ᠠᠪᠬᠤ》 ᠶ᠋ᠢ ᠬᠡᠷᠡᠭ᠌ᠵᠢᠭᠦᠯᠦᠨ᠂ ᠲᠡᠷᠡ ᠳᠤᠤᠷ᠎ᠠ ᠨᠢ ᠭᠦᠶ᠋ᠴᠡᠳᠭᠡᠬᠦ᠌ ᠂ ᠬᠤᠪᠢᠶᠠᠨ ᠱᠢᠯᠵᠢᠭᠦᠯᠵᠦ᠍ ᠭᠦᠶ᠋ᠴᠡᠳᠭᠡᠬᠦ᠌᠂ ᠪᠥᠬᠥ᠌ ᠶᠠᠪᠤᠴᠠ᠎ᠳᠤ᠎ᠨᠢ ᠱᠠᠯᠠᠪᠳᠠᠨ ᠱᠢᠶ᠋ᠳᠪᠦᠷᠢᠯᠡᠬᠦ᠌᠎ᠶ᠋ᠢ ᠪᠡᠶᠡᠯᠡᠭᠦᠯᠪᠡ᠃
《 ᠪᠠᠯᠭᠠᠰᠤᠨ᠎ᠤ ᠶᠡᠷᠦᠩᠬᠡᠢᠯᠡᠨ ᠵᠠᠰᠠᠬᠤ ᠲᠥᠪ᠎ᠲᠦ ᠲᠠᠯᠠᠷᠬᠠᠵᠤ ᠪᠠᠢᠨ᠎ᠠ᠂ ᠮᠢᠨᠤ ᠰᠡᠳᠭᠢᠯ᠎ᠦᠨ ᠵᠠᠩᠭᠢᠷᠠᠭ᠎ᠠ᠎ᠵᠢ ᠠᠯᠳᠠᠷᠠᠭᠠᠯᠠ》᠃ ᠡᠵᠡᠨ ᠬᠣᠷᠣᠭ᠎ᠠ ᠬᠣᠱᠢᠭᠤᠨ᠎ᠤ ᠰᠤᠪᠤᠷᠭ᠎ᠠ ᠪᠠᠯᠭᠠᠰᠤᠨ᠎ᠤ ᠠᠷᠠᠳ ᠳ᠋ᠢᠩ ᠣᠪᠣᠭ᠍ᠲᠤ ᠡᠶᠡᠳᠡᠭᠦᠯᠭᠦ ᠪᠢᠴᠢᠭ᠎ᠢ ᠣᠯᠤᠭ᠍ᠰᠠᠨ᠎ᠤ ᠳᠠᠷᠠᠭ᠎ᠠ ᠠᠵᠢᠯᠲᠠᠨ᠎ᠳᠤ ᠲᠠᠯᠠᠷᠬᠠᠵᠤ ᠪᠠᠢᠬᠤ᠎ᠪᠠᠨ ᠢᠯᠡᠳᠭᠡᠪᠡ᠃ ᠳ᠋ᠢᠩ ᠣᠪᠣᠭ᠍ᠲᠤ ᠦᠪᠡᠷ ᠤ᠋ᠨ ᠠᠪᠠᠭ᠎ᠠ ᠲᠠᠢ ᠪᠠᠨ ᠪᠡᠯᠴᠢᠭᠡᠷ᠎ᠦᠨ ᠳᠠᠭᠠᠭᠠᠴᠢᠯᠠᠨ ᠡᠵᠡᠩᠨᠡᠬᠦ᠌ ᠡᠷᠬᠡ ᠡᠴᠨ ᠪᠤᠯᠵᠦ ᠵᠠᠭᠤᠷᠠᠯᠳᠤᠭᠠᠨ ᠡᠬᠦᠰᠴᠤ᠂ ᠬᠣᠶᠠᠷ ᠬᠡᠷ᠎ᠢᠶᠡᠷ᠎ᠢᠶᠡᠨ ᠶᠡᠷᠦᠩᠬᠡᠢᠯᠡᠨ ᠵᠠᠰᠠᠬᠤ ᠲᠥᠪ᠎ᠲᠦ ᠬᠦᠷᠴᠦ᠍ ᠡᠶᠡᠳᠡᠭᠦᠯᠬᠦ᠌᠎ᠪᠡᠷ ᠭᠤᠶᠤᠴᠢᠯᠠᠪᠠ᠃
ᠰᠠᠳᠤᠨ ᠲᠦᠷᠦᠯ᠎ᠤᠨ ᠬᠣᠭᠣᠷᠣᠨᠳᠣᠬᠢ ᠵᠠᠭᠤᠷᠠᠯᠳᠤᠭᠠᠨ᠎ᠳᠤ ᠴᠢᠭ᠌ᠯᠡᠭᠦᠯᠦᠨ᠂ ᠰᠤᠪᠤᠷᠭ᠎ᠠ ᠪᠠᠯᠭᠠᠰᠤᠨ᠎ᠤ ᠶᠡᠷᠦᠩᠬᠡᠢᠯᠡᠨ ᠵᠠᠰᠠᠬᠤ ᠲᠥᠪ᠎ᠦᠨ ᠲᠤᠰᠭᠠᠢ ᠡᠶᠡᠳᠡᠭᠦᠯᠦᠭ᠌ᠴᠢ ᠠᠢᠯ ᠡᠷᠦᠭᠡ ᠪᠡᠷ ᠭᠦᠨᠵᠡᠭᠡᠢᠷᠡᠨ᠂ ᠪᠣᠳᠠᠲᠤ ᠪᠠᠢᠳᠠᠯ᠎ᠢ ᠣᠢᠯᠠᠭᠠᠭ᠍ᠰᠠᠨ ᠤ᠋ ᠰᠠᠭᠤᠷᠢᠨ ᠳᠡᠭᠡᠷ᠎ᠡ᠂ ᠬᠤᠶᠠᠷ ᠲᠠᠯ᠎ᠠ ᠲᠠᠢ ᠲᠤᠰ ᠲᠤᠰ ᠶᠠᠷᠢᠯᠴᠠᠵᠤ᠂ ᠡᠴᠦᠰ᠎ᠲᠡᠬᠡᠨ ᠳ᠋ᠢᠩ ᠣᠪᠣᠭ᠍ᠲᠤ ᠵᠢᠨ ᠠᠰᠠᠭᠤᠳᠠᠯ ᠢ᠋ ᠲᠤᠬᠢᠳᠠᠢ ᠰᠢᠢᠳᠪᠤᠷᠢᠯᠡᠪᠡ᠃
ᠰᠤᠪᠤᠷᠭ᠎ᠠ ᠪᠠᠯᠭᠠᠰᠤᠨ᠎ᠤ ᠨᠡᠢᠭᠡᠮ᠎ᠦᠨ ᠵᠠᠰᠠᠯᠲᠠ᠎ᠶ᠋ᠢᠨ ᠠᠯᠪᠠᠨ ᠬᠡᠷ᠎ᠦᠨ ᠬᠠᠷᠢᠭᠤᠴᠠᠯᠭᠠᠳᠠᠨ ᠲᠠᠨᠢᠯᠴᠠᠭᠤᠯᠬᠤ᠎ᠳᠠᠭᠠᠨ᠄《ᠪᠢᠳᠡ ᠭᠠᠵᠠᠷ ᠱᠢᠷᠣᠶ᠎ᠶ᠋ᠢᠨ ᠳᠠᠭᠠᠭᠠᠴᠢᠯᠠᠯᠲᠠ᠎ᠶ᠋ᠢᠨ ᠬᠥᠨᠳᠡᠯᠡᠨ᠎ᠡᠴᠡ ᠲᠠᠰᠤᠯᠤᠭ᠍ᠴᠢᠶ᠋ᠢ ᠪᠠᠯᠭᠠᠰᠤᠨ᠎ᠤ ᠲᠤᠰᠭᠠᠶ ᠡᠶᠡᠳᠡᠭᠦᠯᠦᠭ᠌ᠴᠢ᠎ᠶ᠋ᠢᠨ ᠡᠩᠨᠡᠭᠡᠨ᠎ᠳᠦ ᠣᠷᠣᠭᠤᠯᠵᠤ᠂ ᠭᠠᠵᠠᠷ ᠱᠢᠷᠣᠶ ᠳᠠᠭᠠᠭᠠᠴᠢᠯᠠᠨ ᠡᠵᠡᠩᠨᠡᠬᠦ᠌ ᠡᠷᠬᠡ᠎ᠶ᠋ᠢᠨ ᠵᠠᠭᠤᠷᠠᠯᠳᠤᠭᠠᠨ᠎ᠢ ᠨᠠᠮᠳᠠᠭᠤᠯᠵᠤ ᠬᠥᠨᠳᠡᠯᠡᠨ᠎ᠡᠴᠡ ᠲᠠᠰᠤᠯᠬᠤ ᠲᠠᠰ ᠳᠠᠷᠠᠭᠠᠯᠠᠯ᠎ᠤᠨ〈ᠲᠦᠷᠭᠡᠨ ᠤ᠋ ᠵᠠᠮ〉 ᠢ᠋ ᠨᠡᠪᠲᠡᠷᠡᠭᠦᠯᠵᠦ᠍᠂ ᠠᠵᠢᠯᠲᠠᠨ᠎ᠤ ᠡᠩᠨᠡᠭᠡ᠎ᠶ᠋ᠢ ᠨᠥᠬᠥᠪᠥᠷᠢᠯᠡᠬᠦ᠌᠂ ᠲᠣᠭ᠍ᠲᠠᠴᠠ᠎ᠶ᠋ᠢ ᠵᠠᠪᠰᠠᠷ ᠥᠬᠡᠶ ᠵᠣᠯᠭᠠᠭᠤᠯᠬᠤ᠂ ᠵᠠᠭᠤᠷᠠᠯᠳᠤᠭᠠᠨ᠎ᠢ ᠡᠶᠡᠳᠡᠬᠦᠯᠦᠨ ᠰᠢᠢᠳᠪᠤᠷᠢᠯᠡᠬᠦ ᠦᠷ᠎ᠡ ᠪᠦᠲᠦᠮᠵᠢ ᠳ᠋ᠤ ᠬᠦᠷᠪᠡ》 ᠭᠡᠵᠡᠢ᠃
ᠣᠢᠯᠠᠭᠠᠭ᠍ᠰᠠᠨ᠎ᠢᠶᠠᠷ᠂ ᠣᠷᠳᠣᠰ ᠬᠣᠲᠠ ᠠᠷᠠᠳ᠎ᠤᠨ ᠡᠶᠡᠳᠡᠭᠦᠯᠬᠦ ᠵᠣᠬᠢᠶᠠᠨ ᠪᠠᠢᠭᠤᠯᠤᠯᠲᠠ ᠵᠢ 78᠂ ᠲᠤᠰᠭᠠᠶ ᠮᠡᠷᠭᠡᠵᠢᠯ᠎ᠦᠨ ᠴᠢᠨᠠᠷᠲᠠᠶ᠂ ᠠᠵᠢᠯ ᠲᠥᠷᠥᠯ᠎ᠦᠨ ᠴᠢᠨᠠᠷᠲᠠᠶ ᠡᠶᠡᠳᠡᠭᠦᠯᠬᠦ᠌ ᠺᠣᠮᠢᠰ ᠢ᠋ 46᠂ 《ᠲᠥᠯᠥᠭᠡᠯᠡᠭ᠌ᠴᠢ ᠭᠡᠱᠢᠭᠦᠳ᠎ᠦᠨ ᠡᠶᠡᠳᠡᠭᠦᠯᠬᠦ᠌ ᠠᠵᠢᠯ᠎ᠤᠨ ᠲᠠᠰᠤᠭ》 ᠢ᠋ 15᠂ ᠲᠦᠷᠭᠡᠨ ᠲᠠᠰᠤᠯᠤᠯᠲᠠ᠎ᠶ᠋ᠢᠨ ᠪᠦᠯᠬᠦᠮ ᠨᠡᠢᠲᠡ ᠵᠢ 9 ᠰᠣᠩᠭᠣᠨ ᠭᠤᠷᠪᠠᠨ ᠱᠠᠳᠤᠨ᠎ᠤ ᠶᠡᠷᠦᠩᠬᠡᠢᠯᠡᠨ ᠵᠠᠰᠠᠬᠤ ᠲᠥᠪ᠎ᠲᠦ ᠰᠠᠭᠤᠯᠭᠠᠵᠤ᠂ ᠡᠶᠡᠳᠡᠭᠦᠯᠬᠦ᠌᠂ ᠬᠥᠨᠳᠡᠯᠡᠨ᠎ᠡᠴᠡ ᠲᠠᠰᠤᠯᠬᠤ᠂ ᠵᠠᠰᠠᠭ ᠵᠠᠬᠢᠷᠭᠠᠨ᠎ᠤ ᠲᠠᠰᠤᠯᠤᠯᠲᠠ ᠬᠢᠬᠦ᠌᠂ ᠵᠠᠰᠠᠭ ᠵᠠᠬᠢᠷᠭᠠᠨ᠎ᠤ ᠳᠠᠬᠢᠨ ᠵᠥᠪᠯᠡᠬᠦ᠌᠂ ᠵᠠᠷᠭᠤ᠎ᠶ᠋ᠢᠨ ᠲᠠᠰᠤᠯᠤᠯᠲᠠ ᠵᠡᠷᠭᠡ ᠠᠷᠭ᠎ᠠ ᠵᠠᠮ ᠢᠶᠠᠷ ᠳᠠᠮᠵᠢᠭᠤᠯᠤᠨ᠂ ᠵᠥᠷᠢᠴᠡᠯ ᠵᠠᠭᠤᠷᠠᠯᠳᠤᠭᠠᠨ᠎ᠢ ᠲᠠᠰ ᠲᠠᠰ᠎ᠢᠶᠠᠷ ᠬᠤᠪᠢᠶᠠᠷᠢᠯᠠᠨ ᠱᠢᠶ᠋ᠳᠪᠦᠷᠢᠯᠡᠬᠦ᠌᠎ᠶ᠋ᠢ ᠠᠬᠢᠭᠤᠯᠪᠠ᠃
ᠤᠨᠴᠠᠯᠢᠭ ᠲᠤᠨᠢ ᠲᠤᠬᠢᠷᠠᠭᠤᠯᠤᠨ ᠤᠨᠤᠴᠠᠳᠠᠢ ᠦᠶ᠋ᠯᠡᠴᠢᠯᠡᠭᠡ ᠬᠠᠩᠭᠠᠪᠠ
《ᠲᠣᠬᠢᠷᠠᠮᠵᠢᠲᠠᠶ ᠴᠠᠭ ᠢ᠋ ᠰᠣᠩᠭᠣᠵᠦ ᠨᠤᠷᠠᠭᠠᠨ᠎ᠠ》᠃ ᠣᠢᠷ᠎ᠠ᠎ᠳᠤ ᠂ ᠵᠡᠭᠦᠨᠭᠠᠷ ᠬᠣᠱᠢᠭᠤᠨ᠎ᠤ ᠸᠧᠶ ᠵᠢᠶᠠ ᠮᠤᠤ ᠪᠠᠯᠭᠠᠰᠤᠨ᠎ᠤ ᠲᠣᠰᠭᠣᠨ᠎ᠤ ᠠᠷᠠᠳ ᠡᠶᠡᠳᠡᠭᠦᠯᠭᠦ ᠬᠡᠯᠡᠯᠴᠡᠭᠡᠷ ᠤ᠋ᠨ ᠪᠢᠴᠢᠭ᠎ᠢ ᠭᠠᠷᠳᠠᠨ ᠬᠡᠯᠡᠨ᠎ᠠ᠃ ᠡᠶᠡᠳᠡᠭᠦᠯᠬᠦ᠌ ᠲᠠᠰᠤᠭ᠎ᠤᠨ ᠭᠠᠳᠠᠨ᠎ᠠ᠂ ᠠᠭᠤᠷᠬᠠᠶ᠎ᠶ᠋ᠢᠨ ᠣᠷᠣᠨ᠎ᠤ ᠵᠠᠭᠤᠷᠠᠯᠳᠤᠭᠠᠨ᠎ᠤ ᠬᠠᠮᠲᠤᠷᠠᠨ ᠵᠥᠪᠯᠡᠬᠦ᠌ ᠲᠢᠩᠬᠢᠮ᠎ᠦᠨ ᠱᠢᠭᠦᠭ᠌ᠴᠢ ᠶᠠᠭ ᠪᠠᠯᠭᠠᠰᠤᠨ᠎ᠤ ᠵᠠᠰᠠᠭ᠎ᠤᠨ ᠣᠷᠳᠣᠨ᠎ᠤ ᠠᠵᠢᠯᠲᠠᠨ᠎ᠲᠠᠶ ᠬᠡᠯᠡᠯᠴᠡᠭᠡᠷ ᠤ᠋ᠨ ᠨᠠᠷᠢᠨ ᠵᠤᠢᠯᠡᠰ ᠢ᠋ ᠬᠠᠷᠭᠤᠭᠤᠯᠦᠨᠠ᠃ ᠵᠦᠵᠢᠶᠠᠩ ᠨᠡᠭᠦᠷᠡᠰᠦᠨ ᠠᠭᠤᠷᠬᠠᠶ ᠬᠢᠬᠡᠳ ᠲᠣᠰᠭᠣᠨ᠎ᠤ ᠠᠷᠠᠳ᠎ᠤ᠋ᠨ ᠬᠤᠭᠤᠷᠤᠨᠳᠤᠬᠢ 3 ᠵᠢᠯ᠎ᠦᠨ ᠭᠠᠵᠠᠷ ᠱᠢᠷᠣᠶ ᠲᠠᠲᠠᠪᠤᠷᠢᠯᠠᠨ ᠨᠤᠷᠠᠭᠠᠵᠤ ᠨᠡᠭᠦᠯᠭᠡᠬᠦ᠌ ᠵᠠᠭᠤᠷᠠᠯᠳᠤᠭᠠᠨ ᠨᠢ ᠬᠣᠱᠢᠭᠤᠨ᠎ᠤ ᠶᠡᠷᠦᠩᠬᠡᠢᠯᠡᠨ ᠵᠠᠰᠠᠬᠤ ᠲᠥᠪ᠎ᠦᠨ ᠡᠶᠡᠳᠡᠭᠦᠯᠭᠡ ᠳᠤᠤᠷ᠎ᠠ᠂ 5 ᠴᠠᠭ᠎ᠤᠨ ᠵᠦᠪᠳᠡᠨ ᠶᠠᠷᠢᠯᠴᠠᠬᠤ᠎ᠪᠠᠷ ᠲᠠᠮᠵᠢᠨ ᠠᠮᠵᠢᠯᠲᠠ ᠲᠠᠶ ᠱᠢᠶ᠋ᠳᠪᠦᠷᠢᠯᠡᠪᠡ᠃
ᠲᠤᠬᠠᠶ᠎ᠶ᠋ᠢᠨ ᠭᠠᠵᠠᠷ᠎ᠤᠨ ᠠᠭᠤᠷᠬᠠᠶ᠎ᠶ᠋ᠢᠨ ᠣᠷᠣᠨ᠎ᠢ ᠲᠠᠲᠠᠪᠤᠷᠢᠯᠠᠨ ᠨᠤᠷᠠᠭᠠᠵᠤ ᠨᠡᠭᠦᠯᠭᠡᠬᠦ᠌ ᠵᠠᠭᠤᠷᠠᠯᠳᠤᠭᠠᠨ᠎ᠤ ᠪᠣᠳᠠᠲᠤ ᠪᠠᠢᠳᠠᠯ᠎ᠢ ᠦᠨᠳᠦᠰᠦᠯᠡᠨ᠂ ᠵᠡᠭᠦᠨᠭᠠᠷ ᠬᠣᠱᠢᠭᠤ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ ᠠᠭᠤᠷᠬᠠᠶ᠎ᠶ᠋ᠢᠨ ᠣᠷᠣᠨ᠎ᠤ ᠵᠠᠭᠤᠷᠠᠯᠳᠤᠭᠠᠨ᠎ᠤ ᠬᠠᠮᠲᠤᠷᠠᠨ ᠵᠥᠪᠯᠡᠬᠦ᠌ ᠲᠢᠩᠬᠢᠮ᠎ᠢ ᠪᠠᠢᠭᠤᠯᠵᠤ᠂ ᠡᠯ᠎ᠡ ᠲᠥᠷᠥᠯ᠎ᠦᠨ ᠠᠭᠤᠷᠬᠠᠶ᠎ᠶ᠋ᠢᠨ ᠣᠷᠣᠨ᠎ᠢ ᠲᠠᠲᠠᠪᠤᠷᠢᠯᠠᠨ ᠨᠤᠷᠠᠭᠠᠵᠤ ᠨᠡᠭᠦᠯᠭᠡᠬᠦ᠌ ᠵᠠᠭᠤᠷᠠᠯᠳᠤᠭᠠᠨ᠎ᠢ ᠱᠢᠶ᠋ᠳᠪᠦᠷᠢᠯᠡᠬᠦ᠌᠎ᠶ᠋ᠢ ᠲᠤᠰᠭᠠᠶ ᠬᠠᠷᠢᠭᠤᠴᠠᠪᠠ᠃ 2025 ᠣᠨ᠎ᠠᠴᠠ ᠨᠠᠭᠠᠰᠢ᠂ ᠬᠠᠮᠲᠤᠷᠠᠨ ᠵᠥᠪᠯᠡᠬᠦ᠌ ᠲᠢᠩᠬᠢᠮ ᠠᠭᠤᠷᠬᠠᠶ᠎ᠶ᠋ᠢᠨ ᠣᠷᠣᠨ᠎ᠳᠤ ᠬᠣᠯᠪᠣᠭ᠍ᠳᠠᠭ᠍ᠰᠠᠨ ᠭᠠᠵᠠᠷ ᠱᠢᠷᠣᠶ᠎ᠶ᠋ᠢᠨ ᠵᠠᠭᠤᠷᠠᠯᠳᠤᠭᠠᠨ᠎ᠤ ᠬᠡᠷᠡᠭ ᠢ 89 ᠬᠤᠪᠢ ᠡᠶᠡᠳᠡᠭᠦᠯᠪᠡ᠃
ᠣᠷᠳᠣᠰ ᠬᠣᠲᠠ ᠭᠠᠵᠠᠷ ᠤᠷᠤᠨ ᠤ᠋ ᠣᠨᠴᠠᠯᠢᠭ ᠪᠠ ᠵᠥᠷᠢᠴᠡᠯ ᠵᠠᠭᠤᠷᠠᠯᠳᠤᠭᠠᠨ ᠲᠥᠪᠯᠡᠷᠡᠭ᠌ᠰᠡᠨ ᠲᠥᠷᠥᠯ ᠬᠡᠯᠪᠡᠷᠢ᠎ᠶ᠋ᠢ ᠦᠨᠳᠦᠰᠦᠯᠡᠨ᠂ ᠭᠠᠵᠠᠷ ᠱᠢᠷᠣᠶ᠂ ᠮᠥᠩᠭᠥᠨ ᠭᠦᠶ᠋ᠯᠭᠡᠭᠡ᠂ ᠨᠤᠲᠤᠭ ᠪᠡᠯᠴᠢᠭᠡᠷ᠎ᠦᠨ ᠵᠠᠭᠤᠷᠠᠯᠳᠤᠭᠠᠨ ᠵᠡᠷᠭᠡ ᠲᠤᠰᠭᠠᠶ ᠮᠡᠷᠭᠡᠵᠢᠯ᠎ᠦᠨ ᠴᠢᠨᠠᠷᠲᠠᠶ᠂ ᠠᠵᠢᠯ ᠲᠥᠷᠥᠯ᠎ᠦᠨ ᠴᠢᠨᠠᠷᠲᠠᠶ ᠬᠠᠮᠲᠤᠷᠠᠨ ᠵᠥᠪᠯᠡᠬᠦ᠌ ᠲᠢᠩᠬᠢᠮ᠎ᠢ 15 ᠪᠠᠢᠭᠤᠯᠵᠤ᠂ ᠬᠠᠤᠯᠢ᠎ᠪᠠᠷ ᠵᠠᠰᠠᠬᠤ ᠬᠦᠴᠦᠨ᠎ᠢ ᠮᠠᠯᠵᠢᠬᠤ ᠣᠷᠣᠨ᠂ ᠠᠭᠤᠷᠬᠠᠶ᠎ᠶ᠋ᠢᠨ ᠣᠷᠣᠨ ᠪᠠ ᠲᠠᠷᠢᠶᠠᠨ ᠭᠠᠵᠠᠷ ᠬᠦᠷᠲᠡᠯ᠎ᠡ ᠤᠷᠲᠤᠳᠭᠠᠬᠤ᠎ᠶ᠋ᠢᠨ ᠬᠠᠮᠲᠤ ᠲᠤᠰᠭᠠᠢᠵᠢᠭ᠍ᠰᠠᠨ᠂ ᠥᠨᠳᠥᠷ ᠪᠦᠲᠦᠮᠵᠢᠲᠡᠶ ᠵᠠᠭᠤᠷᠠᠯᠳᠤᠭᠠᠨ᠎ᠢ ᠱᠢᠶ᠋ᠳᠪᠦᠷᠢᠯᠡᠬᠦ᠌ ᠠᠷᠭ᠎ᠠ ᠵᠠᠮ᠎ᠢ ᠪᠠᠢᠭᠤᠯᠵᠤ᠂ ᠵᠥᠷᠢᠴᠡᠯ ᠵᠠᠭᠤᠷᠠᠯᠳᠤᠭᠠᠨ᠎ᠢ ᠨᠠᠮᠳᠠᠭᠤᠯᠬᠤ᠎ᠳᠤ ᠬᠠᠤᠯᠢ ᠴᠠᠭᠠᠵᠠ᠎ᠶ᠋ᠢᠨ ᠲᠤᠯᠭᠠᠭᠤᠷᠢᠯᠠᠯ ᠬᠠᠩᠭᠠᠪᠠ᠃
ᠡᠭᠦᠨ᠎ᠡᠴᠡ ᠭᠠᠳᠠᠨ᠎ᠠ᠂ ᠣᠷᠳᠣᠰ ᠬᠣᠲᠠ ᠶᠡᠷᠦᠩᠬᠡᠢᠯᠡᠨ ᠵᠠᠰᠠᠬᠤ ᠪᠠ ᠰᠦᠯᠵᠢᠶᠡᠨ ᠤ᠋ ᠮᠡᠳᠡᠭᠡ ᠵᠠᠩᠭᠢ᠎ᠶ᠋ᠢᠨ ᠲᠠᠪᠴᠠᠩ᠎ᠳᠤ ᠲᠦᠱᠢᠭ᠌ᠯᠡᠨ᠂ ᠱᠢᠭᠦᠬᠦ᠌ ᠬᠣᠷᠢᠶ᠎ᠠ᠂ ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠦᠨ ᠵᠠᠭᠤᠷᠠᠯᠳᠤᠭᠠᠨ᠎ᠢ ᠱᠢᠶ᠋ᠳᠪᠦᠷᠢᠯᠡᠬᠦ᠌ ᠲᠤᠬᠠᠢᠯᠠᠭ᠍ᠰᠠᠨ ᠠᠵᠢᠯ᠎ᠤᠨ ᠱᠢᠰᠲ᠋ᠧᠮ᠎ᠢ ᠪᠠᠢᠭᠤᠯᠵᠤ ᠂ ᠵᠥᠷᠢᠴᠡᠯ ᠵᠠᠭᠤᠷᠠᠯᠳᠤᠭᠠᠨ᠎ᠢ ᠭᠥᠯᠢᠶᠡᠨ ᠠᠪᠴᠤ᠌ ᠱᠢᠶ᠋ᠳᠪᠦᠷᠢᠯᠡᠬᠦ᠌᠂ ᠱᠢᠯᠵᠢᠭᠦᠯᠬᠦ᠌᠂ ᠬᠠᠤᠯᠢ ᠴᠠᠭᠠᠵᠠ᠎ᠶ᠋ᠢᠨ ᠨᠤᠲᠠᠯᠠᠯᠲᠠ ᠬᠢᠬᠦ᠌᠎ᠶ᠋ᠢ ᠨᠢᠭᠡ ᠰᠦᠯᠵᠢᠶ᠎ᠡ᠎ᠪᠡᠷ ᠨᠡᠢᠳᠡᠮ ᠭᠦᠶ᠋ᠴᠡᠳᠭᠡᠬᠦ᠌᠎ᠶ᠋ᠢ ᠪᠡᠶᠡᠯᠡᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠵᠦᠷᠢᠴᠡᠯ ᠵᠠᠭᠤᠷᠠᠯᠳᠤᠭᠠᠨ᠎ᠢ ᠱᠢᠶ᠋ᠳᠪᠦᠷᠢᠯᠡᠬᠦ ᠳ᠋ᠤ ᠬᠦᠴᠦᠨ ᠨᠡᠮᠡᠷᠢᠯᠡᠵᠦ᠂ ᠡᠯ᠎ᠡ ᠲᠥᠷᠥᠯ᠎ᠦᠨ ᠮᠡᠳᠡᠭᠡ ᠵᠠᠩᠭᠢ᠎ᠶ᠋ᠢ ᠴᠤᠭ᠍ᠯᠠᠭᠤᠯᠤᠨ ᠡᠮᠬᠢᠳᠭᠡᠵᠦ᠍ ᠂ ᠵᠠᠳᠠᠯᠤᠨ ᠰᠤᠳᠤᠯᠵᠤ ᠮᠠᠭᠠᠳᠯᠠᠬᠤ᠎ᠳᠤ ᠲᠣᠭ᠎ᠠ ᠪᠠᠷᠢᠮᠲᠠ᠎ᠶ᠋ᠢᠨ ᠲᠤᠯᠭᠠᠭᠤᠷᠢᠯᠠᠯ ᠬᠠᠩᠭᠠᠪᠠ᠃
ᠬᠥᠯᠥᠰᠥᠨ ᠠᠵᠢᠯᠴᠢᠨ ᠴᠠᠯᠢᠩ ᠵᠢᠡᠨ ᠣᠯᠤᠭᠠᠳ ᠰᠡᠳᠭᠢᠯ ᠬᠠᠨᠤᠮᠵᠢᠲᠠᠶ ᠪᠣᠯᠤᠭ᠍ᠰᠠᠨ᠂ ᠠᠭᠤᠷᠬᠠᠶ᠎ᠶ᠋ᠢᠨ ᠣᠷᠣᠨ᠎ᠤ ᠲᠣᠰᠭᠣᠨ᠎ᠤ ᠠᠷᠠᠳ ᠨᠤᠷᠠᠭᠠᠵᠤ ᠨᠡᠭᠦᠯᠭᠡᠬᠦ᠌ ᠬᠡᠯᠡᠯᠴᠡᠭᠡᠷ᠎ᠢ ᠭᠠᠷᠳᠠᠵᠤ ᠰᠠᠨᠠᠭ᠎ᠠ ᠠᠮᠤᠷᠤᠬᠰᠠᠨ᠂ ᠡᠲᠡᠭᠡᠷ ᠬᠠᠤᠯᠢ᠎ᠪᠠᠷ ᠵᠠᠰᠠᠬᠤ ᠬᠡᠷᠡᠭ ᠨᠢ ᠱᠢᠨ᠎ᠡ ᠴᠠᠭ ᠦᠶ᠎ᠡ᠎ᠶ᠋ᠢᠨ 《ᠹᠸᠩ ᠴᠢᠶᠤᠤ᠎ᠶ᠋ᠢᠨ ᠲᠤᠷᠱᠢᠯᠭ᠎ᠠ》 ᠶ᠋ᠢᠨ ᠣᠷᠳᠣᠰ᠎ᠲᠠᠬᠢ ᠠᠮᠢᠳᠤᠯᠢᠭ ᠦᠶ᠋ᠯᠡᠳᠦᠯᠭᠡ ᠪᠣᠯᠵᠣ᠂ 《 ᠵᠥᠷᠢᠴᠡᠯ ᠵᠠᠭᠤᠷᠠᠯᠳᠤᠭᠠᠨ᠎ᠲᠠᠶ ᠪᠤᠯ ᠶᠡᠷᠦᠩᠬᠡᠢᠯᠡᠨ ᠵᠠᠰᠠᠬᠤ ᠲᠥᠪ ᠢ᠋ ᠡᠷᠢᠬᠦ》 ᠨᠢ ᠨᠢᠭᠡᠨᠳᠡ ᠨᠡᠢᠭᠡᠮ᠎ᠦᠨ ᠬᠠᠮᠲᠤ᠎ᠶ᠋ᠢᠨ ᠲᠠᠨᠢᠯᠲᠠ ᠪᠣᠯᠵᠤ᠂ 《ᠳᠤᠯᠠᠭᠠᠨ ᠬᠤᠳᠠ ᠵᠢᠨ ᠴᠢᠳᠠᠮᠠᠭᠠᠶ ᠵᠠᠰᠠᠯᠳᠠ》 ᠨᠢ ᠵᠢᠷᠭᠠᠯᠳᠤ ᠠᠮᠢᠳᠤᠷᠠᠯ ᠤ᠋ᠨ ᠢᠯᠡ ᠲᠣᠳᠣ ᠲᠡᠪᠢᠰᠬᠡᠷ ᠦᠡᠭᠬᠡ ᠪᠤᠯᠤᠯ᠎ᠠ᠃