2025 ᠣᠨ᠎ᠳᠤ᠂ ᠦᠪᠦᠷ ᠮᠤᠡᠭᠭᠤᠯ ᠣᠶ ᠱᠢᠭᠤᠶ ᠨᠤᠲᠤᠭ ᠪᠡᠯᠴᠢᠭᠡᠷ᠎ᠢ ᠡᠪᠳᠡᠵᠦ ᠰᠦᠢᠳᠭᠡᠭᠰᠡᠨ ᠬᠠᠤᠯᠢ ᠲᠣᠭ᠍ᠲᠠᠭᠠᠯ᠎ᠠᠴᠠ ᠵᠥᠷᠢᠴᠡᠭ᠌ᠰᠡᠨ ᠦᠶ᠋ᠯᠡ ᠠᠵᠢᠯᠯᠠᠭ᠎ᠠ᠎ᠶ᠋ᠢ ᠲᠥᠪᠯᠡᠷᠡᠭᠦᠯᠦᠨ ᠴᠡᠭ᠌ᠴᠡᠯᠡᠨ ᠵᠠᠰᠠᠬᠤ ᠠᠵᠢᠯ᠎ᠢ ᠥᠷᠨᠢᠭᠦᠯᠵᠦ᠍᠂ ᠤᠯᠤᠰ ᠲᠦᠷᠦ ᠬᠠᠤᠯᠢ ᠴᠠᠭᠠᠵᠠ ᠵᠢᠨ ᠰᠠᠯᠠᠭ᠎ᠠ ᠮᠦᠴᠢᠷ ᠣᠶ ᠱᠢᠭᠤᠶ ᠨᠤᠲᠤᠭ ᠪᠡᠯᠴᠢᠭᠡᠷ᠎ᠦᠨ ᠡᠬᠢ ᠪᠠᠶᠠᠯᠢᠭ᠎ᠢ ᠡᠪᠳᠡᠵᠦ ᠰᠦᠢᠳᠭᠡᠭᠰᠡᠨ ᠬᠠᠤᠯᠢ ᠲᠤᠬᠳᠠᠭᠠᠯ᠎ᠠᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠶ᠋ᠢ ᠵᠠᠯᠬᠠᠭᠠᠨ ᠱᠢᠢᠳᠭᠡᠵᠦ᠂ ᠣᠶ ᠱᠢᠭᠤᠶ ᠨᠤᠲᠤᠭ ᠪᠡᠯᠴᠢᠭᠡᠷ᠎ᠢ ᠡᠪᠳᠡᠵᠦ ᠰᠦᠢᠳᠭᠡᠭᠰᠡᠨ ᠱᠢᠨ᠎ᠡ᠎ᠪᠡᠷ ᠨᠡᠮᠡᠭ᠌ᠳᠡᠭ᠌ᠰᠡᠨ ᠡᠷᠡᠭᠦᠦ᠍᠎ᠶ᠋ᠢᠨ ᠬᠡᠷᠡᠭ ᠠᠳᠠᠯᠢ ᠬᠤᠭᠤᠴᠠᠭᠠᠨ᠎ᠤ᠎ᠬᠢ᠎ᠡᠴᠡ 73.1% ᠪᠠᠷ ᠪᠠᠭᠤᠷᠠᠵᠤ᠂ ᠣᠢ ᠱᠢᠭᠤᠢ ᠡᠪᠡᠰᠦ ᠪᠡᠯᠴᠢᠭᠡᠷ᠎ᠢ ᠡᠪᠳᠡᠵᠦ ᠰᠦᠢᠳᠭᠡᠭᠰᠡᠨ ᠬᠠᠤᠯᠢ ᠡᠴᠡ ᠵᠥᠷᠢᠴᠡᠭ᠌ᠰᠡᠨ ᠶᠠᠯᠠᠲᠤ ᠠᠵᠢᠯᠯᠠᠭ᠎ᠠ᠎ᠶ᠋ᠢ ᠪᠦᠲᠦᠮᠵᠢᠲᠡᠢ ᠬᠣᠷᠢᠭ᠍ᠯᠠᠪᠠ᠃
ᠪᠥᠬᠥ᠌ ᠣᠷᠣᠨ᠎ᠤ ᠪᠠᠢᠴᠠᠭᠠᠬᠤ ᠪᠠᠢᠭᠤᠯᠭ᠎ᠠ ᠵᠢᠨ ᠬᠢᠨ ᠠᠭᠤᠴᠢᠯᠠᠨ ᠱᠢᠢᠳᠭᠡᠬᠦ᠌ ᠪᠠ ᠴᠢᠩᠭ᠎ᠠ ᠱᠢᠢᠳᠭᠡᠬᠦ᠌᠎ᠶ᠋ᠢ ᠬᠤᠤᠰᠯᠠᠭᠤᠯᠬᠤ ᠡᠷᠡᠭᠦᠦ᠍᠎ᠶ᠋ᠢᠨ ᠬᠡᠷᠡᠭ᠎ᠦᠨ ᠲᠥᠷᠥ᠎ᠶ᠋ᠢᠨ ᠪᠣᠳᠣᠯᠭ᠎ᠠ᠎ᠶ᠋ᠢ ᠨᠠᠢᠳᠠᠪᠤᠷᠢᠵᠢᠭᠤᠯᠵᠤ᠂ ᠵᠠᠭᠠᠯᠳᠤᠯᠭ᠎ᠠ᠎ᠶ᠋ᠢ ᠭᠥᠯᠢᠶᠡᠨ ᠠᠪᠴᠤ᠌ ᠬᠢᠨᠠᠨ ᠪᠠᠢᠴᠠᠭᠠᠭ᠍ᠰᠠᠨ ᠲᠣᠭ᠎ᠠ ᠬᠡᠮᠵᠢᠶ᠎ᠡ ᠠᠳᠠᠯᠢ ᠬᠤᠭᠤᠴᠠᠭᠠᠨ᠎ᠤ᠎ᠬᠢ᠎ᠡᠴᠡ 330.95 % ᠪᠠᠷ ᠨᠡᠮᠡᠭ᠌ᠳᠡᠵᠦ᠍ ᠂ ᠣᠶ ᠱᠢᠭᠤᠶ ᠨᠤᠳᠤᠭ ᠪᠡᠯᠴᠢᠭᠡᠷ᠎ᠢ ᠡᠪᠳᠡᠵᠦ ᠰᠦᠶ᠋ᠳᠭᠡᠭ᠌ᠰᠡᠨ ᠨᠢᠭᠡ ᠪᠦᠯᠦᠭ ᠶᠠᠯᠠᠲᠤ ᠠᠵᠢᠯᠯᠠᠭ᠎ᠠ᠎ᠶ᠋ᠢ ᠬᠠᠤᠯᠢ ᠶᠣᠰᠣᠭᠠᠷ ᠴᠢᠩᠭ᠎ᠠ ᠱᠢᠢᠳᠭᠡᠪᠡ᠃ ᠡᠷᠡᠭᠦᠦ᠍᠎ᠶ᠋ᠢᠨ ᠬᠡᠷᠡᠭ᠂ ᠨᠡᠢᠲᠡ᠎ᠶ᠋ᠢᠨ ᠠᠰᠠᠷᠠᠮᠵᠢ᠎ᠶ᠋ᠢᠨ ᠵᠠᠷᠭᠤ᠂ ᠢᠷᠭᠡᠨ᠎ᠦ ᠬᠡᠷᠡᠭ᠂ ᠵᠠᠰᠠᠭ ᠵᠠᠬᠢᠷᠭᠠᠨ᠎ᠤ ᠪᠠᠢᠴᠠᠭᠠᠬᠤ ᠠᠵᠢᠯ ᠬᠠᠮᠵᠢᠯᠴᠠᠨ ᠬᠦᠴᠦᠯᠡᠵᠦ᠍᠂ ᠬᠠᠤᠯᠢ᠎ᠠᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠶ᠋ᠢ ᠬᠠᠤᠯᠢ ᠶᠣᠰᠣᠭᠠᠷ ᠵᠠᠯᠬᠠᠭᠠᠨ ᠱᠢᠢᠳᠭᠡᠵᠦ᠍᠂ ᠠᠮᠢ ᠠᠬᠤᠢ᠎ᠶ᠋ᠢ ᠰᠡᠷᠭᠦᠭᠡᠬᠦ᠌ ᠬᠠᠷᠢᠭᠤᠴᠠᠯᠭ᠎ᠠ᠎ᠶ᠋ᠢ ᠨᠠᠢᠳᠠᠪᠤᠷᠢᠵᠢᠭᠤᠯᠤᠨ ᠂ ᠵᠠᠰᠠᠭ ᠵᠠᠬᠢᠷᠭᠠᠨ᠎ᠤ ᠪᠠᠢᠭᠤᠯᠭ᠎ᠠ᠎ᠶ᠋ᠢᠨ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠳᠦ ᠬᠢᠨᠠᠯᠲᠠ ᠲᠠᠯᠪᠢᠵᠠᠢ᠃
ᠪᠦᠬᠦ᠌ ᠣᠷᠣᠨ᠎ᠤ ᠱᠢᠭᠦᠬᠦ᠌ ᠬᠣᠷᠢᠢ᠎ᠠ ᠵᠢᠨ ᠰᠢᠰᠲᠸᠮ 《ᠰᠠᠭᠠᠳ ᠦᠭᠡᠢ ᠱᠢᠭᠦᠨ ᠲᠠᠰᠤᠯᠬᠤ ᠵᠠᠮ》 ᠂ 《ᠲᠦᠷᠭᠡᠨ ᠳᠠᠩᠰᠠᠯᠠᠵᠤ ᠲᠦᠷᠭᠡᠨ ᠱᠢᠭᠦᠨ ᠲᠦᠷᠭᠡᠨ ᠳᠠᠭᠤᠰᠭᠠᠬᠤ》᠂ ᠲᠣᠭᠣᠷᠢᠨ ᠱᠢᠭᠦᠨ ᠲᠠᠰᠤᠯᠬᠤ᠂ ᠲᠥᠪᠯᠡᠷᠡᠭᠦᠯᠦᠨ ᠲᠢᠩᠬᠢᠮ ᠨᠡᠭᠡᠭᠡᠬᠦ᠌ ᠵᠡᠷᠭᠡ ᠲᠣᠭ᠍ᠲᠠᠴᠠ᠎ᠶ᠋ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠢ ᠱᠢᠭᠤᠢ ᠨᠤᠲᠤᠭ ᠪᠡᠯᠴᠢᠭᠡᠷ᠎ᠢ ᠡᠪᠳᠡᠵᠦ ᠰᠦᠢᠳᠭᠡᠭᠰᠡᠨ ᠡᠯ᠎ᠡ ᠲᠦᠷᠦᠯ᠎ᠦᠨ ᠬᠡᠷᠡᠭ᠎ᠢ ᠪᠦᠲᠦᠮᠵᠢᠲᠡᠢ ᠱᠢᠭᠦᠨ ᠱᠢᠢᠳᠪᠦᠷᠢᠯᠡᠪᠡ᠃ ᠬᠠᠤᠯᠢ ᠴᠠᠭᠠᠵᠠ᠎ᠶ᠋ᠢᠨ ᠱᠢᠭᠦᠨ ᠲᠠᠰᠤᠯᠤᠯᠲᠠ ᠪᠠ ᠬᠠᠤᠯᠢ ᠲᠦᠭᠡᠮᠡᠯᠵᠢᠭᠦᠯᠬᠦ᠌ ᠤᠬᠠᠭᠤᠯᠭ᠎ᠠ᠎ᠶ᠋ᠢ ᠤᠶᠠᠯᠳᠤᠭᠤᠯᠬᠤ᠎ᠶ᠋ᠢ ᠴᠢᠬᠤᠯᠠᠴᠢᠯᠠᠵᠤ᠂《ᠬᠠᠤᠯᠢ᠎ᠪᠠᠷ ᠵᠠᠰᠠᠬᠤ ᠱᠢᠯᠵᠢᠮᠡᠯ ᠬᠢᠴᠢᠶᠡᠯ᠎ᠦᠨ ᠲᠠᠩᠬᠢᠮ》 ᠢ᠋ ᠨᠡᠭᠡᠭᠡᠵᠦ᠂ ᠬᠠᠤᠯᠢ ᠲᠦᠭᠡᠮᠡᠯᠵᠢᠭᠦᠯᠬᠦ᠌ ᠬᠥᠮᠦᠵᠢᠯᠦᠷᠨᠢᠬᠦᠯᠪᠡ᠃ ᠬᠠᠤᠯᠢ᠎ᠠᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭ᠌ᠬᠦ᠎ᠶ᠋ᠢᠨ ᠬᠠᠮᠲᠤ᠂ ᠨᠥᠬᠥᠵᠦ᠍ ᠳᠠᠷᠢᠵᠤ ᠨᠣᠭᠣᠭᠠᠷᠠᠭᠤᠯᠬᠤ᠂ ᠵᠠᠰᠠᠨ ᠰᠡᠷᠭᠦᠭᠡᠬᠦ᠌ ᠵᠡᠷᠭᠡ ᠣᠯᠠᠨ ᠡᠱᠢᠵᠢᠭ᠌ᠰᠡᠨ ᠠᠮᠢ ᠠᠬᠤᠶ᠎ᠶ᠋ᠢ ᠵᠠᠰᠠᠨ ᠰᠡᠷᠭᠦᠭᠡᠬᠦ᠌ ᠵᠠᠭ᠍ᠪᠤᠷ᠎ᠢ ᠢᠳᠡᠪᠬᠢᠲᠡᠶ ᠰᠦᠪᠡᠭ᠌ᠴᠢᠯᠡᠵᠦ᠍᠂ ᠬᠡᠷᠡᠭ᠎ᠢ ᠱᠢᠭᠦᠨ ᠱᠢᠶ᠋ᠳᠪᠦᠷᠢᠯᠡᠬᠦ᠌᠎ᠪᠡᠷ ᠠᠮᠢ ᠠᠬᠤᠶ᠎ᠶ᠋ᠢᠨ ᠵᠠᠰᠠᠯᠲᠠ᠎ᠶ᠋ᠢ ᠠᠬᠢᠭᠤᠯᠪᠠ᠃
ᠪᠦᠬᠦ ᠤᠷᠤᠨ ᠤ᠋ ᠳᠣᠲᠣᠭᠠᠳᠤ᠎ᠶ᠋ᠢ ᠬᠠᠮᠠᠭᠠᠯᠠᠬᠤ ᠪᠠᠢᠭᠤᠯᠭ᠎ᠠ ᠵᠢᠨ ᠬᠢᠨ 《ᠲᠤᠰᠭᠠᠶ ᠮᠡᠷᠭᠡᠵᠢᠯ + ᠲᠣᠭ᠍ᠲᠠᠴᠠ + ᠲᠣᠮᠣ ᠳ᠋ᠠᠢᠲ᠋ᠠ》 ᠶ᠋ᠢᠨ ᠱᠢᠨ᠎ᠡ ᠬᠡᠯᠪᠡᠷᠢ᠎ᠶ᠋ᠢᠨ ᠴᠠᠭ᠍ᠳᠠᠭᠠᠨ᠎ᠤ ᠶᠠᠪᠤᠳᠠᠯ᠎ᠤᠨ ᠠᠵᠢᠯᠯᠠᠭᠠᠨ᠎ᠤ ᠵᠠᠭ᠍ᠪᠤᠷ᠎ᠢ ᠲᠡᠭᠦᠯᠳᠡᠷᠵᠢᠭᠦᠯᠵᠦ᠍᠂ ᠣᠶᠤᠨᠴᠢ ᠲᠠᠡᠭᠨᠠᠨ ᠪᠠᠢᠴᠠᠭᠠᠬᠤ ᠲᠦᠪᠱᠢᠨ ᠵᠢᠡᠨ ᠳᠡᠭᠡᠭ᠌ᠰᠢᠯᠡᠭᠦᠯᠵᠦ᠂ 《ᠬᠡᠷᠡᠭ᠎ᠢ ᠪᠠᠷᠢᠨ ᠪᠠᠢᠴᠠᠭᠠᠵᠤ ᠪᠠᠷᠢᠨ ᠱᠢᠶ᠋ᠳᠪᠦᠷᠢᠯᠡᠵᠦ᠍᠂ ᠳᠠᠷᠤᠭ᠍ᠳᠠᠮᠠᠯ ᠬᠡᠷᠡᠭ᠎ᠢ ᠪᠤᠭᠤᠮᠳᠠ ᠰᠢᠪᠳᠤᠯᠤᠨ ᠱᠢᠶ᠋ᠳᠪᠦᠷᠢᠯᠡᠵᠦ᠍》᠂ 《ᠪᠥᠬᠥ᠌ ᠭᠣᠭ᠍ᠴᠣᠭ᠎ᠠ᠂ ᠪᠥᠬᠥ᠌ ᠬᠦᠴᠦᠨ ᠵᠦᠶ᠋ᠯ᠂ ᠪᠥᠬᠥ᠌ ᠬᠡᠯᠬᠢᠶ᠎ᠡ》 ᠪᠡᠷ ᠴᠣᠬᠢᠯᠲᠠ ᠥᠭ᠌ᠪᠡ᠃ ᠴᠣᠬᠢᠯᠲᠠ ᠥᠭ᠌ᠬᠦ ᠪᠠ ᠰᠡᠷᠭᠡᠢᠯᠡᠬᠦ᠌ ᠵᠢ ᠬᠠᠮᠵᠢᠯᠴᠠᠭᠤᠯᠬᠤ ᠠᠮᠢ ᠠᠬᠤᠶ᠎ᠶ᠋ᠢᠨ ᠴᠠᠭ᠍ᠳᠠᠭᠠᠨ᠎ᠤ ᠶᠠᠪᠤᠳᠠᠯ᠎ᠤᠨ ᠲᠣᠭ᠍ᠲᠠᠴᠠ᠎ᠶ᠋ᠢ ᠭᠦᠨᠵᠡᠭᠡᠢᠷᠡᠭᠦᠯᠵᠦ᠍᠂ ᠣᠶ ᠱᠢᠭᠤᠶ ᠨᠤᠲᠤᠭ ᠪᠡᠯᠴᠢᠭᠡᠷ᠎ᠢ ᠡᠪᠳᠡᠵᠦ ᠰᠦᠶ᠋ᠳᠭᠡᠬᠰᠡᠨ ᠠᠰᠠᠭᠤᠳᠠᠯ ᠲᠣᠪᠣᠢᠮ᠎ᠠ ᠪᠠᠢᠭ᠎ᠠ ᠭᠠᠵᠠᠷ ᠣᠷᠣᠨ᠎ᠳᠤ ᠬᠠᠮᠲᠤᠷᠠᠨ ᠬᠠᠤᠯᠢ ᠬᠡᠷᠡᠭ᠌ᠵᠢᠭᠦᠯᠵᠦ᠍᠂ ᠣᠶ ᠱᠢᠭᠤᠶ ᠨᠤᠲᠤᠭ ᠪᠡᠯᠴᠢᠭᠡᠷ᠎ᠢ ᠡᠪᠳᠡᠵᠦ ᠰᠦᠶ᠋ᠳᠭᠡᠬᠦ᠌ ᠠᠶᠤᠯ ᠲᠦᠭ᠌ᠰᠢᠭᠦᠷᠢ᠎ᠶ᠋ᠢᠨ ᠬᠡᠮ ᠰᠤᠭᠤᠭ᠎ᠢ ᠪᠥᠬᠥ᠌ ᠬᠦᠴᠦᠨ᠎ᠢᠶᠡᠷ᠎ᠢᠶᠡᠨ ᠰᠡᠷᠭᠡᠢᠯᠡᠪᠡ᠃ ᠬᠡᠷᠡᠭ ᠱᠢᠢᠳᠪᠦᠷᠢᠯᠡᠬᠦ᠌ ᠶᠠᠰᠤ ᠴᠢᠨᠠᠷ᠂ ᠬᠡᠷᠡᠭ ᠱᠢᠢᠳᠪᠦᠷᠢᠯᠡᠬᠦ᠌ ᠬᠤᠷᠳᠤᠴᠠ᠂ ᠬᠡᠷᠡᠭ ᠱᠢᠢᠳᠪᠦᠷᠢᠯᠡᠬᠦ᠌ ᠦᠷ᠎ᠡ ᠪᠦᠲᠦᠮᠵᠢ᠎ᠶ᠋ᠢ ᠵᠡᠷᠭᠡ᠎ᠪᠡᠷ ᠴᠢᠬᠤᠯᠠᠴᠢᠯᠠᠬᠤ᠎ᠶ᠋ᠢ ᠪᠠᠷᠢᠮᠲᠠᠯᠠᠵᠤ᠂ ᠬᠡᠷᠡᠭ ᠱᠢᠢᠳᠪᠦᠷᠢᠯᠡᠬᠦ᠌ ᠵᠢᠷᠤᠮ᠎ᠢ ᠴᠢᠩᠭ᠎ᠠ ᠵᠢᠷᠤᠮᠵᠢᠭᠤᠯᠵᠤ᠂ ᠰᠦᠪᠡᠭ᠌ᠴᠢ᠎ᠶ᠋ᠢ ᠬᠡᠷᠡᠭ ᠪᠤᠯᠭᠠᠨ ᠬᠤᠪᠢᠷᠠᠭᠤᠯᠬᠤ ᠠᠵᠢᠯ᠎ᠤᠨ ᠶᠠᠰᠤ ᠴᠢᠨᠠᠷ᠎ᠢ ᠭᠦᠢᠴᠡᠳ ᠪᠠᠲᠤᠯᠠᠪᠠ᠃
ᠡᠯ᠎ᠡ ᠭᠠᠵᠠᠷ᠎ᠤᠨ ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ ᠣᠶ ᠱᠢᠭᠤᠶ ᠨᠤᠲᠤᠭ ᠪᠡᠯᠴᠢᠭᠡᠷ᠂ ᠳᠣᠲᠣᠭᠠᠳᠤ᠎ᠶ᠋ᠢ ᠬᠠᠮᠠᠭᠠᠯᠠᠬᠤ᠂ ᠲᠠᠷᠢᠶᠠᠯᠠᠩ ᠮᠠᠯ ᠠᠵᠤ ᠠᠬᠤᠶ ᠵᠡᠷᠭᠡ ᠰᠠᠯᠠᠭ᠎ᠠ ᠮᠥᠴᠢᠷ᠎ᠲᠡᠶ ᠬᠠᠮᠲᠤᠷᠠᠨ᠂ ᠮᠠᠯᠵᠢᠬᠤ ᠲᠠᠷᠢᠶᠠᠯᠠᠬᠤ ᠣᠷᠣᠨ ᠂ ᠨᠡᠢᠭᠡᠮ ᠲᠣᠭᠣᠷᠢᠭ ᠵᠡᠷᠭᠡ ᠭᠠᠵᠠᠷ᠎ᠲᠤ ᠭᠦᠨᠵᠡᠭᠡᠢᠷᠡᠵᠦ᠍ ᠂ ᠬᠠᠤᠯᠢ ᠲᠦᠭᠡᠮᠡᠯᠵᠢᠭᠦᠯᠬᠦ᠌ ᠤᠬᠠᠭᠤᠯᠭ᠎ᠠ᠎ᠶ᠋ᠢᠨ ᠠᠵᠢᠯᠯᠠᠭ᠎ᠠ ᠥᠷᠨᠢᠭᠦᠯᠪᠡ᠃ ᠪᠥᠬᠥ᠌ ᠣᠷᠣᠨ᠎ᠤ ᠬᠠᠤᠯᠢ ᠴᠠᠭᠠᠵᠠ᠎ᠶ᠋ᠢᠨ ᠭᠠᠵᠠᠷ ᠪᠠ ᠥᠷᠭᠡᠨ ᠣᠯᠠᠨ ᠠᠷᠠᠳ᠎ᠤᠨ ᠡᠶᠡᠳᠡᠭᠦᠯᠦᠭ᠌ᠴᠢ ᠪᠠᠯᠭᠠᠰᠤ ᠲᠣᠰᠭᠣᠨ ᠬᠣᠶᠠᠷ ᠱᠠᠲᠤᠨ᠎ᠤ ᠺᠠᠳ᠋ᠷ᠎ᠲᠠᠶ ᠬᠣᠯᠪᠣᠭᠠᠯᠠᠨ᠂ ᠣᠯᠠᠨ ᠲᠦᠮᠡᠨ᠎ᠳᠦ ᠣᠶ ᠱᠢᠭᠤᠶ ᠨᠤᠲᠤᠭ ᠪᠡᠯᠴᠢᠭᠡᠷ᠎ᠦᠨ ᠡᠬᠢ ᠪᠠᠶᠠᠯᠢᠭ᠎ᠢ ᠬᠠᠮᠠᠭᠠᠯᠠᠬᠤ ᠬᠠᠮᠢᠶ᠎ᠠ ᠪᠥᠬᠥᠶ ᠬᠠᠤᠯᠢ ᠲᠣᠭ᠍ᠲᠠᠭᠠᠯ᠎ᠢ ᠤᠬᠠᠭᠤᠯᠵᠤ᠂ 2025 ᠣᠨ᠎ᠳᠤ᠂ ᠪᠥᠬᠥ᠌ ᠣᠷᠣᠨ᠎ᠤ ᠬᠠᠤᠯᠢ ᠴᠠᠭᠠᠵᠠ᠎ᠶ᠋ᠢᠨ ᠭᠠᠵᠠᠷ ᠬᠠᠤᠯᠢ᠎ᠪᠠᠷ ᠵᠠᠰᠠᠬᠤ ᠤᠬᠠᠭᠤᠯᠭ᠎ᠠ᠎ᠶ᠋ᠢᠨ ᠠᠵᠢᠯᠯᠠᠭ᠎ᠠ᠎ᠶ᠋ᠢ ᠨᠡᠢᠲᠡ 1.2 ᠲᠦᠮᠡ ᠭᠠᠷᠤᠶ ᠤᠳᠠᠭ᠎ᠠ ᠥᠷᠨᠢᠭᠦᠯᠵᠦ᠍᠂ 232 ᠲᠦᠮᠡ ᠭᠠᠷᠤᠶ ᠬᠥᠮᠦᠨ᠎ᠳᠦ ᠬᠥᠮᠦᠵᠢᠯ ᠬᠦᠷᠲᠡᠭᠡᠪᠡ᠃
ᠡᠨᠡ ᠵᠢᠯ᠂ ᠤᠯᠤᠰ ᠲᠥᠷᠥ᠍ ᠬᠠᠤᠯᠢ ᠴᠠᠭᠠᠵᠠ᠎ᠶ᠋ᠢᠨ ᠪᠠᠢᠭᠤᠯᠭ᠎ᠠ ᠵᠢᠨ ᠬᠢᠨ ᠣᠶ ᠱᠢᠭᠤᠶ ᠨᠤᠲᠤᠭ ᠪᠡᠯᠴᠢᠭᠡᠷ ᠢ ᠡᠪᠳᠡᠵᠦ ᠰᠦᠢᠳᠭᠡᠭᠰᠡᠨ ᠬᠠᠤᠯᠢ᠎ᠠᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭ᠌ᠬᠦ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠠᠷᠠᠳ ᠣᠯᠠᠨ᠎ᠤ ᠲᠤᠰᠭᠠᠯ ᠴᠢᠩᠭ᠎ᠠ᠂ ᠠᠮᠢ ᠠᠬᠤᠶ ᠣᠷᠴᠢᠨ ᠲᠣᠭᠣᠷᠢᠨ᠎ᠢ ᠡᠪᠳᠡᠬᠦ᠌ ᠬᠤᠤᠷ ᠬᠥᠨᠥᠭᠡᠯ᠎ᠢᠶᠡᠷ ᠶᠡᠬᠡ ᠪᠠᠢᠭ᠎ᠠ ᠲᠣᠪᠣᠢᠮ᠎ᠠ ᠠᠰᠠᠭᠤᠳᠠᠯ᠎ᠢ ᠴᠢᠩᠭ᠎ᠠ ᠠᠩᠬᠠᠷᠴᠤ᠌᠂ ᠬᠠᠤᠯᠢ ᠴᠠᠭᠠᠵᠠ᠎ᠶ᠋ᠢᠨ ᠵᠡᠪᠰᠡᠭ᠎ᠢ ᠭᠦᠶ᠋ᠴᠡᠳ ᠰᠠᠢᠲᠤᠷ ᠬᠡᠷᠡᠭ᠌ᠯᠡᠵᠦ᠍᠂ ᠬᠠᠤᠯᠢ᠎ᠠᠴᠠ ᠵᠥᠷᠢᠴᠡᠭ᠌ᠰᠡᠨ ᠶᠠᠯᠠᠲᠤ ᠡᠲᠡᠭᠡᠳ᠎ᠦᠨ ᠡᠷᠡᠭᠦᠦ᠍᠎ᠶ᠋ᠢᠨ ᠬᠠᠷᠢᠭᠤᠴᠠᠯᠭ᠎ᠠ᠎ᠶ᠋ᠢ ᠬᠠᠤᠯᠢ ᠶᠣᠰᠣᠭᠠᠷ ᠨᠡᠬᠡᠮᠵᠢᠯᠡᠵᠦ᠍᠂ ᠰᠦᠪᠡᠭ᠌ᠴᠢ᠎ᠶ᠋ᠢ ᠪᠠᠢᠴᠠᠭᠠᠨ ᠳᠣᠲᠣᠯᠠᠬᠤ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠍᠂ ᠲᠤᠰᠭᠠᠶ ᠬᠡᠷᠡᠭ᠎ᠦᠨ ᠪᠣᠭᠣᠮᠲᠠ ᠱᠢᠪᠲᠤᠯᠬᠤ᠎ᠶ᠋ᠢ ᠴᠢᠩᠭᠠᠳᠭᠠᠵᠤ᠂ ᠴᠢᠬᠤᠯᠠ ᠶᠡᠬᠡ ᠬᠡᠷᠡᠭ᠎ᠢ ᠫᠠᠢᠰᠠ ᠡᠯᠭᠦᠨ ᠱᠠᠯᠠᠪᠳᠠᠭᠤᠯᠤᠨ ᠱᠢᠶ᠋ᠳᠪᠦᠷᠢᠯᠡᠵᠦ᠍᠂ ᠬᠠᠤᠯᠢ ᠬᠡᠷᠡᠭ᠌ᠵᠢᠭᠦᠯᠬᠦ᠌ ᠬᠠᠤᠯᠢ ᠶᠠᠪᠤᠭᠤᠯᠬᠤ ᠪᠠᠷᠢᠮᠵᠢᠶ᠎ᠠ᠎ᠶ᠋ᠢ ᠨᠢᠭᠡᠳᠭᠡᠵᠦ᠍᠂ ᠭᠦᠨᠵᠡᠭᠡᠢ ᠲᠤᠢᠯᠪᠤᠷᠢᠲᠠᠶ ᠴᠣᠬᠢᠯᠲᠠ ᠥᠭ᠌ᠬᠦ᠎ᠶ᠋ᠢ ᠪᠠᠲᠤᠯᠠᠨ᠎ᠠ᠃ ᠡᠬᠢ ᠡᠭᠦᠰᠦᠯ᠎ᠡᠴᠡ ᠨᠢ ᠰᠡᠷᠭᠡᠢᠯᠡᠨ ᠵᠠᠰᠠᠬᠤ᠎ᠶ᠋ᠢ ᠴᠢᠩᠭᠠᠷᠠᠭᠤᠯᠵᠤ᠂ ᠴᠣᠬᠢᠯᠲᠠ ᠥᠭ᠌ᠬᠦ ᠪᠠ ᠰᠡᠷᠭᠡᠢᠯᠡᠨ ᠵᠠᠰᠠᠬᠤ᠎ᠶ᠋ᠢ ᠬᠠᠷᠢᠯᠴᠠᠨ ᠤᠶᠠᠯᠳᠤᠭᠤᠯᠬᠤ᠎ᠶ᠋ᠢ ᠪᠠᠷᠢᠮᠲᠠᠯᠠᠨ᠂ ᠬᠡᠷᠡᠭ ᠱᠢᠶ᠋ᠳᠪᠦᠷᠢᠯᠡᠬᠦ᠌ ᠳᠤᠮᠳᠠ ᠣᠯᠵᠤ ᠮᠡᠳᠡᠭ᠌ᠰᠡᠨ ᠲᠦᠭ᠌ᠰᠢᠭᠦᠷᠢ᠎ᠶ᠋ᠢᠨ ᠭᠡᠮ ᠰᠤᠭᠤᠭ ᠲᠸ᠋ ᠴᠢᠭ᠌ᠯᠡᠭᠦᠯᠦᠨ᠂ ᠬᠠᠮᠢᠶ᠎ᠠ ᠪᠦᠬᠦᠢ ᠵᠠᠰᠠᠭ ᠵᠠᠬᠢᠷᠭᠠᠨ᠎ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ᠎ᠲᠦ ᠴᠠᠭ ᠲᠤᠬᠠᠶ᠎ᠳᠤᠨᠢ ᠬᠠᠤᠯᠢ ᠴᠠᠭᠠᠵᠠ᠎ᠶ᠋ᠢᠨ ᠰᠠᠨᠠᠭᠤᠯᠭ᠎ᠠ ᠳᠤᠷᠠᠳᠴᠤ᠌᠂ ᠬᠢᠨᠠᠯᠲᠠ ᠬᠠᠮᠢᠶᠠᠷᠤᠯᠲᠠ᠎ᠶ᠋ᠢᠨ ᠳᠦᠷᠢᠮ᠎ᠢ ᠲᠡᠭᠦᠯᠳᠡᠷᠵᠢᠭᠦᠯᠬᠦ᠌᠎ᠶ᠋ᠢ ᠠᠬᠢᠭᠤᠯᠵᠤ᠂ ᠬᠠᠤᠯᠢ᠎ᠠᠴᠠ ᠵᠥᠷᠢᠴᠡᠨ ᠶᠠᠯ᠎ᠠ ᠬᠢᠬᠦ᠌᠎ᠶ᠋ᠢ ᠡᠬᠢ ᠡᠭᠦᠰᠦᠯ᠎ᠡᠴᠡ ᠨᠢ ᠬᠤᠷᠢᠬᠯᠠᠨ ᠪᠠᠭᠠᠰᠭᠠᠨ᠎ᠠ᠃ ᠣᠯᠠᠨ ᠲᠦᠮᠡᠨ᠎ᠢ ᠥᠷᠭᠡᠨ᠎ᠢᠶᠡᠷ ᠳᠠᠢᠴᠢᠯᠠᠨ ᠣᠷᠣᠯᠴᠠᠭᠤᠯᠵᠤ᠂ ᠢᠯᠡᠴᠢᠯᠡᠨ ᠮᠡᠳᠡᠭᠦᠯᠬᠦ᠌ ᠠᠷᠭ᠎ᠠ ᠵᠠᠮ ᠢ ᠱᠢᠯᠤᠭᠤᠳᠭᠠᠨ᠂ ᠱᠠᠩᠨᠠᠨ ᠬᠥᠬᠢᠭᠦᠯᠬᠦ᠌ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠵᠤ᠂ ᠨᠡᠢᠭᠡᠮ᠎ᠦᠨ ᠡᠯ᠎ᠡ ᠡᠲᠡᠭᠡᠳ ᠪᠣᠯᠤᠨ ᠠᠷᠠᠳ ᠣᠯᠠᠨ᠎ᠤ ᠣᠶ ᠱᠢᠭᠤᠶ ᠨᠤᠲᠤᠭ ᠪᠡᠯᠴᠢᠭᠡᠷ᠎ᠢ ᠡᠪᠳᠡᠵᠦ᠍ ᠰᠦᠢᠳᠭᠡᠭᠰᠡᠨ ᠬᠠᠤᠯᠢ᠎ᠠᠴᠠ ᠵᠥᠷᠢᠴᠡᠭ᠌ᠰᠡᠨ ᠶᠠᠯᠠᠲᠤ ᠠᠵᠢᠯᠯᠠᠭ᠎ᠠ᠎ᠶ᠋ᠢᠨ ᠰᠦᠪᠡᠭ᠌ᠴᠢ᠎ᠶ᠋ᠢ ᠢᠳᠡᠪᠬᠢᠲᠡᠶ᠎ᠪᠡᠷ ᠢᠯᠡᠴᠢᠯᠡᠨ ᠮᠡᠳᠡᠭᠦᠯᠬᠦ᠌᠎ᠶ᠋ᠢ ᠵᠣᠷᠢᠭ᠍ᠵᠢᠭᠤᠯᠤᠨ᠂ ᠬᠠᠤᠯᠢ᠎ᠪᠠᠷ ᠵᠠᠰᠠᠬᠤ ᠤᠬᠠᠭᠤᠯᠭ᠎ᠠ᠎ᠶ᠋ᠢᠨ ᠡᠷᠴᠢᠮ ᠢ ᠴᠢᠩᠭᠠᠷᠠᠭᠤᠯᠵᠤ᠂ 《ᠬᠥᠮᠦᠨ ᠪᠦᠬᠦᠨ ᠣᠶ ᠱᠢᠭᠤᠶ ᠨᠤᠲᠤᠭ ᠪᠡᠯᠴᠢᠭᠡᠷ᠎ᠢ ᠬᠠᠮᠠᠭᠠᠯᠠᠵᠤ᠂ ᠨᠤᠮᠢᠨ ᠤᠰᠤ ᠬᠥᠬᠡᠮᠳᠦᠭ ᠠᠭᠤᠯᠠ ᠶ᠋ᠢ ᠬᠠᠮᠲᠤ᠎ᠪᠠᠷ ᠪᠥᠲᠥᠭᠡᠨ ᠪᠠᠢᠭᠤᠯᠬᠤ》 ᠰᠠᠢᠨ ᠰᠠᠢᠬᠠᠨ ᠤᠷᠴᠢᠨ ᠠᠬᠤᠢ ᠵᠢ ᠪᠣᠶ ᠪᠣᠯᠭᠠᠨ᠎ᠠ᠃