ᠥᠨᠳᠥᠷ ᠠᠰᠠᠷ ᠡᠴᠨ ᠶᠠᠭᠤᠮ᠎ᠠ ᠰᠢᠳᠡᠪᠡᠯ ᠬᠠᠤᠯᠢ ᠵᠢᠨ ᠬᠠᠷᠢᠭᠤᠴᠠᠯᠭ᠎ᠠ ᠨᠡᠭᠡᠮᠵᠢᠯᠡᠨ᠎ᠠ
2026-03-09 10:58:35
ᠵᠣᠬᠢᠶᠠᠭ᠍ᠴᠢ᠄
​ ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠭᠠᠷ᠎ᠤᠨ ᠠᠶ᠎ᠠ᠎ᠪᠠᠷ ᠦᠨᠳᠦᠷ ᠠᠰᠠᠷ ᠡᠴᠨ ᠶᠠᠭᠤᠮ᠎ᠠ ᠬᠡᠤᠮ᠎ᠠ ᠬᠠᠶᠠᠵᠦ᠂ ᠪᠤᠰᠤᠳ ᠬᠥᠮᠦᠨ ᠳ᠋ᠤ ᠬᠤᠬᠢᠷᠠᠯ ᠤᠴᠠᠷᠠᠭᠤᠯᠤᠬᠰᠠᠨ ᠦᠭᠡᠢ ᠴᠦ᠍ ᠬᠠᠷᠢᠭᠤᠴᠠᠯᠭ᠎ᠠ ᠨᠡᠬᠡᠮᠵᠢᠯᠡᠨ᠎ᠡ ᠤᠤ? ᠣᠢᠷ᠎ᠠ᠎ᠳᠤ᠂ ᠬᠥᠬᠡᠬᠣᠲᠠ᠎ᠶ᠋ᠢᠨ ᠲᠦᠮᠡᠳ ᠵᠡᠭᠦᠨ ᠬᠣᠱᠢᠭᠤᠨ᠎ᠤ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ᠎ᠶ᠋ᠢᠨ ᠵᠢᠨ ᠱᠠᠨ᠎ᠳᠡᠬᠢ ᠲᠣᠮᠢᠯᠠᠭ᠍ᠰᠠᠨ ᠰᠠᠯᠪᠤᠷᠢ ᠰᠠᠭᠤᠭᠠᠯᠢ ᠠᠷᠠᠳ᠎ᠤᠨ ᠲᠣᠭᠣᠷᠢᠭ᠎ᠤᠨ ᠨᠢᠭᠡᠨ ᠠᠰᠠᠷ᠎ᠤᠨ ᠦᠷᠦᠬᠡ ᠥᠨᠳᠥᠷ ᠡᠴᠡ ᠶᠠᠭᠤᠮ᠎ᠠ ᠰᠢᠳᠡᠵᠡᠢ ᠭᠡᠰᠡᠨ ᠤᠯᠠᠨ ᠲᠦᠮᠡᠨ᠎ᠤ ᠬᠡᠷᠡᠭ ᠤ᠋ᠨ ᠮᠡᠳᠡᠭᠦᠯᠦᠯᠲᠡ᠎ᠶ᠋ᠢ ᠲᠤᠰᠴᠠᠢ᠃

ᠵᠢᠵᠢᠭᠦᠷᠯᠡᠵᠦ᠍ ᠪᠠᠢᠭ᠎ᠠ ᠠᠷᠠᠳ᠎ᠤᠨ ᠴᠠᠭ᠍ᠳᠠᠭ᠎ᠠ ᠲᠠᠷᠤᠢᠬᠠᠨ ᠲᠤᠬᠠᠢ ᠵᠢᠨ ᠲᠠᠯᠠᠪᠠᠢ ᠳ᠋ᠤ ᠬᠦᠷᠴᠤ᠂ ᠰᠡᠷᠭᠡᠢᠯᠡᠯᠲᠡ᠎ᠶ᠋ᠢᠨ ᠣᠷᠣᠨ ᠪᠦᠰᠡ᠎ᠶ᠋ᠢ ᠵᠠᠭᠠᠭ᠍ᠯᠠᠨ ᠲᠣᠭ᠍ᠲᠠᠭᠠᠵᠤ᠂ ᠣᠯᠠᠨ ᠲᠦᠮᠡᠨ᠎ᠢ ᠵᠠᠢᠯᠠᠭᠤᠯᠵᠤ᠂ ᠬᠠᠢᠨ ᠪᠠᠢᠴᠠᠭᠠᠬᠤ ᠪᠠ ᠰᠤᠷᠪᠤᠯᠵᠢᠯᠠᠨ ᠪᠠᠢᠴᠠᠭᠠᠬᠤ ᠠᠵᠢᠯ᠎ᠢ ᠵᠡᠷᠭᠡ ᠪᠡᠷ ᠥᠷᠨᠢᠭᠦᠯᠵᠦ᠍᠂ ᠬᠡᠷᠡᠭ᠎ᠲᠦ ᠬᠣᠯᠪᠣᠭ᠍ᠳᠠᠭ᠍ᠰᠠᠨ ᠬᠥᠮᠦᠨ᠎ᠢ ᠮᠠᠰᠢ ᠲᠦᠷᠭᠡᠨ ᠲᠤᠳᠤᠯᠠᠪᠠ᠃

ᠪᠠᠢᠴᠠᠭᠠᠭ᠍ᠰᠠᠨ᠎ᠢᠶᠠᠷ᠂ ᠲᠣᠰ ᠰᠠᠭᠤᠭᠠᠯᠢ ᠠᠷᠠᠳ᠎ᠤᠨ ᠲᠣᠭᠣᠷᠢᠭ᠎ᠤᠨ ᠨᠢᠭᠡᠨ ᠠᠰᠠᠷ᠎ᠤᠨ 20 ᠳ᠋ᠤᠭᠠᠷ ᠲᠠᠪᠬᠤᠷᠯᠢᠭ ᠤ᠋ᠨ ᠰᠠᠭᠤᠭᠠᠯᠢ ᠠᠷᠠᠳ ᠭᠤᠤ ᠣᠪᠣᠭ᠍ᠲᠤ ᠠᠷᠢᠬᠢ ᠤᠤᠭᠤᠭ᠍ᠰᠠᠨ᠎ᠤ ᠳᠠᠷᠠᠭ᠎ᠠ ᠦᠪᠡᠷ᠎ᠤᠨ ᠬᠡᠷ ᠳᠣᠲᠣᠷᠠᠬᠢ ᠴᠠᠶ ᠵᠢᠨ ᠰᠢᠷᠡᠭᠡ ᠪᠠᠨ ᠪᠠᠯᠪᠠᠴᠢᠵᠤ᠂ ᠮᠣᠳᠣᠨ ᠬᠠᠪᠲᠠᠰᠤ ᠵᠢᠴᠢ ᠬᠡᠮᠬᠡᠳᠡᠭ᠎ᠢ ᠠᠰᠠᠷ ᠲᠡᠭᠡᠷ᠎ᠠ ᠡᠴᠨ ᠰᠠᠭᠤᠭᠠᠯᠢ ᠠᠷᠠᠳ᠎ᠤᠨ ᠲᠣᠭᠣᠷᠢᠭ᠎ᠤᠨ ᠭᠤᠤᠯ ᠵᠠᠮ᠂ ᠨᠢᠭᠡᠳᠤᠭᠡᠷ ᠳᠠᠪᠬᠤᠷᠯᠢᠭ ᠤ᠋ᠨ ᠬᠦᠷᠢᠶ᠎ᠡ ᠬᠠᠰᠢᠶᠠᠨ ᠳ᠋ᠤ ᠰᠢᠳᠡᠵᠡᠢ᠃ ᠲᠣᠰ ᠬᠡᠷᠡᠭ ᠨᠢ ᠬᠡᠳᠦᠢᠪᠡᠷ ᠪᠤᠰᠤᠳ ᠬᠥᠮᠦᠨ᠎ᠢ ᠱᠢᠷᠬᠠᠲᠤᠭᠤᠯᠤᠭ᠍ᠰᠠᠨ ᠦᠭᠡᠢ᠂ ᠪᠤᠰᠤᠳ᠎ᠤᠨ ᠡᠳ᠋ ᠬᠥᠷᠥᠩᠭᠡ ᠵᠢ ᠬᠣᠬᠢᠷᠠᠭᠤᠯᠤᠭ᠍ᠰᠠᠨ ᠥᠬᠡᠶ ᠪᠣᠯᠪᠠᠴᠤ᠌ ᠣᠯᠠᠨ ᠨᠡᠢᠲᠡ᠎ᠶ᠋ᠢᠨ ᠠᠮᠤᠷ ᠲᠦᠪᠱᠢᠨ᠎ᠢ ᠶᠡᠬᠡᠳᠡ ᠰᠦᠷᠳᠡᠭᠦᠯᠪᠡ᠃

ᠲᠦᠮᠡᠳ ᠵᠡᠭᠦᠨ ᠬᠣᠱᠢᠭᠤᠨ᠎ᠤ ᠳᠣᠲᠣᠭᠠᠳᠤ᠎ᠶ᠋ᠢ ᠬᠠᠮᠠᠭᠠᠯᠠᠬᠤ ᠲᠣᠪᠴᠢᠶ᠎ᠠ 《ᠪᠥᠬᠥᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠡᠷᠡᠭᠦᠦ᠍᠎ᠶ᠋ᠢᠨ ᠬᠠᠤᠯᠢ》 ᠶ᠋ᠢᠨ ᠬᠣᠶᠠᠷ ᠵᠠᠭᠤ ᠶᠡᠷᠡᠨ ᠨᠢᠭᠡᠳᠦᠭᠡᠷ ᠵᠦᠶ᠋ᠯ᠎ᠦᠨ 《ᠥᠨᠳᠥᠷ ᠳᠡᠭᠡᠷ᠎ᠡ ᠡᠴᠨ ᠶᠠᠭᠤᠮ᠎ᠠ ᠬᠠᠶᠠᠭ᠍ᠰᠠᠨ ᠶᠠᠯ᠎ᠠ》 ᠶ᠋ᠢᠨ ᠲᠣᠭ᠍ᠲᠠᠭᠠᠯ᠎ᠢ ᠦᠨᠳᠦᠰᠦᠯᠡᠨ᠂ ᠭᠤᠤ ᠣᠪᠣᠭ᠍ᠲᠤ᠎ᠶ᠋ᠢᠨ ᠦᠶ᠋ᠯᠡ ᠠᠵᠢᠯᠯᠠᠭ᠎ᠠ ᠨᠢ ᠡᠷᠡᠭᠦᠦ᠍᠎ᠶ᠋ᠢᠨ ᠬᠡᠷᠡᠭ᠎ᠦᠨ ᠶᠠᠯᠠᠲᠤ ᠠᠵᠢᠯᠯᠠᠭ᠎ᠠ᠎ᠳᠤ ᠬᠣᠯᠪᠣᠭ᠍ᠳᠠᠵᠤ᠂ ᠣᠳᠣᠬᠠᠨ᠎ᠳᠤ ᠨᠢᠭᠡᠨᠲᠡ ᠬᠠᠤᠯᠢ ᠶᠣᠰᠣᠭᠠᠷ ᠬᠡᠷᠡᠭ ᠪᠣᠯᠭᠠᠨ ᠳᠡᠩᠰᠡᠯᠡᠵᠦ᠍ ᠴᠢᠨᠠᠬᠰᠢᠳᠠ ᠪᠠᠢᠴᠠᠭᠠᠯᠲᠠ ᠬᠢᠨ᠎ᠠ᠃

ᠴᠠᠭ᠍ᠳᠠᠭᠠᠨ᠎ᠤ ᠲᠠᠯ᠎ᠠ᠎ᠶ᠋ᠢᠨ ᠬᠢᠨ᠂ ᠥᠨᠳᠥᠷ ᠲᠡᠭᠡᠷ᠎ᠠ ᠡᠴᠨ ᠶᠠᠭᠤᠮ᠎ᠠ ᠬᠠᠶᠠᠵᠤ ᠤᠨᠠᠭᠠᠬᠤ ᠵᠡᠷᠭᠡ ᠤᠢᠯᠡ ᠠᠵᠢᠯᠯᠠᠭ᠎ᠠ ᠡᠴᠡ ᠪᠤᠯᠵᠦ ᠬᠠᠤᠯᠢ ᠴᠠᠭᠠᠵᠠ᠎ᠶ᠋ᠢᠨ ᠤᠯᠠᠭᠠᠨ ᠱᠤᠭᠤᠮ᠎ᠲᠠᠶ ᠬᠦᠷᠦᠯᠴᠡᠪᠡᠯ ᠯᠠᠪᠲᠠᠶ ᠬᠠᠷᠢᠭᠤᠴᠠᠯᠭ᠎ᠠ ᠨᠡᠬᠡᠮᠵᠢᠯᠡᠨ᠎ᠡ; ᠤᠬᠠᠮᠰᠠᠷ᠎ᠠᠴᠠ᠎ᠪᠠᠨ ᠥᠨᠳᠥᠷ ᠲᠡᠭᠡᠷ᠎ᠠ ᠡᠴᠨ ᠶᠠᠭᠤᠮ᠎ᠠ ᠬᠠᠶᠠᠵᠤ ᠪᠣᠯᠬᠤ ᠥᠬᠡᠶ᠂ ᠬᠡᠷ᠎ᠦᠨ᠎ᠢᠶᠡᠨ ᠡᠳ᠋ ᠪᠤᠳᠠᠰ ᠵᠢᠡᠨ ᠴᠤᠩᠬᠤᠨ ᠳᠡᠭᠡᠷ᠎ᠡ ᠪᠠᠨ ᠳᠤᠷ᠎ᠠ ᠪᠡᠷ ᠵᠢᠡᠨ ᠳᠠᠯᠪᠢᠬᠤ ᠦᠭᠡᠢ; ᠨᠠᠰᠤᠨ᠎ᠳᠤ ᠥᠯᠥ᠍ ᠬᠦᠷᠦᠭ᠌ᠰᠡᠳ᠎ᠢ ᠡᠢᠮᠦᠷᠬᠦᠦ ᠦᠶ᠋ᠯᠡ ᠠᠵᠢᠯᠯᠠᠭ᠎ᠠ ᠬᠢᠵᠤ ᠪᠤᠯᠬᠤ ᠦᠭᠡᠢ ᠭᠡᠵᠦ ᠰᠤᠷᠭᠠᠨ ᠬᠦᠮᠦᠵᠢᠬᠦᠯᠬᠦ ᠬᠡᠷᠡᠭᠳᠡᠢ; ᠬᠠᠮᠢᠶ᠎ᠠ ᠪᠦᠬᠦᠢ ᠬᠡᠷᠡᠭ ᠤ᠋ᠨ ᠰᠦᠪᠡᠭ᠌ᠴᠢ᠎ᠶ᠋ᠢ ᠣᠯᠵᠤ ᠮᠡᠳᠡᠪᠡᠯ ᠴᠠᠭ ᠲᠤᠬᠠᠶ᠎ᠳᠤᠨᠢ ᠢᠯᠡᠴᠢᠯᠡᠨ ᠮᠡᠳᠡᠭᠦᠯᠵᠦ᠍᠂  ᠤᠯᠠᠨ ᠨᠡᠢᠳᠡ ᠵᠢᠨ ᠠᠮᠤᠷ ᠲᠦᠪᠱᠢᠨ ᠢ᠋ ᠬᠠᠮᠲᠤ᠎ᠪᠠᠷ  ᠰᠠᠬᠢᠨ ᠬᠠᠮᠠᠭᠠᠯᠠᠶ᠎ᠠ ᠬᠡᠵᠦ ᠰᠠᠨᠠᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号