ᠥᠪᠥᠷ ᠮᠣᠩᠭᠣᠯ᠎ᠤᠨ ᠡᠯ᠎ᠡ ᠭᠠᠵᠠᠷ᠎ᠤᠨ ᠬᠢᠨ 《3·8》᠎ᠤ᠋ ᠳᠡᠯᠡᠬᠡᠶ᠎ᠶ᠋ᠢᠨ ᠡᠮᠡᠭ᠌ᠲᠡᠢᠴᠦᠳ᠎ᠦᠨ ᠪᠠᠶᠠᠷ᠎ᠢ ᠳᠤᠷᠠᠰᠭᠠᠬᠤ ᠠᠵᠢᠯᠯᠠᠭ᠎ᠠ ᠶᠠᠪᠤᠭᠳᠠᠭᠤᠯᠵᠠᠢ
2026-03-09 10:43:36
ᠵᠣᠬᠢᠶᠠᠭ᠍ᠴᠢ᠄
ᠵᠤᠤ ᠰᠢ
ᠣᠩᠱᠢᠭ᠍ᠰᠠᠨ ᠣᠳᠠᠭ᠎ᠠ᠄
★★★☆☆

ᠵᠠᠭᠤ ᠠᠷᠪᠠᠨ ᠵᠢᠷᠭᠤᠭᠠᠳ᠋ᠡᠬᠢ 《3·8》 ᠤ᠋ ᠳᠡᠯᠡᠬᠡᠢ᠎ᠶ᠋ᠢᠨ ᠡᠮᠡᠭ᠌ᠲᠡᠢᠴᠦᠳ᠎ᠦᠨ ᠪᠠᠶᠠᠷ᠎ᠤᠨ ᠲᠠᠱᠢᠷᠠᠮ᠎ᠢᠶᠠᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠡᠮᠡᠭ᠌ᠲᠡᠢᠴᠦᠳ᠎ᠦᠨ ᠬᠣᠯᠪᠣᠭ᠎ᠠ 《ᠡᠮᠡᠭ᠌ᠲᠡᠢᠴᠦᠳ ᠨᠠᠮ᠎ᠢᠶᠠᠨ ᠬᠦᠷᠢᠶᠡᠯᠡᠵᠦ᠍·ᠪᠣᠳᠠᠲᠠᠢ ᠠᠵᠢᠯᠯᠠᠵᠤ ᠱᠢᠨ᠎ᠡ ᠪᠠᠢᠳᠠᠯ᠎ᠢ ᠡᠭᠦᠳᠬᠦ᠌》 ᠪᠡᠷ ᠭᠣᠣᠯ ᠰᠡᠳᠦᠪ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠣᠣᠯ ᠱᠢᠵᠢᠮ᠎ᠦᠨ ᠲᠣᠭᠣᠷᠢᠨ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠶ᠋ᠢ ᠭᠦᠨᠵᠡᠭᠡᠢ ᠲᠤᠭᠤᠰᠢᠯᠠᠭᠤᠯᠵᠤ᠂ ᠠᠯᠢ ᠤᠯᠠᠨ ᠪᠠᠶᠠᠯᠢᠭ  ᠪᠡᠯᠬᠡᠯᠡᠬᠥ  ᠠᠵᠢᠯᠯᠠᠭ᠎ᠠ ᠥᠷᠨᠢᠭᠦᠯᠪᠡ᠃

ᠲᠤᠬᠠᠶ᠎ᠶ᠋ᠢᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ᠎ᠡᠴᠡ ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠡᠬᠡ ᠨᠢᠯᠬᠠᠰ᠎ᠤᠨ ᠡᠷᠡᠭᠦᠯᠵᠢᠯ᠎ᠦᠨ ᠡᠮᠨᠡᠯᠭᠡ ᠵᠢᠨ ᠬᠣᠷᠢᠶ᠎ᠠ᠎ᠲᠠᠶ ᠬᠠᠮᠲᠤᠷᠠᠨ 《ᠪᠠᠶᠠᠷ᠎ᠤᠨ ᠡᠳᠦᠷ ᠵᠢᠠᠨ ᠬᠠᠮᠳᠤ ᠪᠠᠷ ᠪᠡᠯᠬᠡᠯᠡᠵᠤ᠂ ᠡᠮᠡᠭᠳᠡᠢᠴᠤᠳ ᠵᠢᠠᠨ ᠬᠦᠨᠳᠦᠳᠬᠡᠨ ᠮᠠᠬᠳᠠᠶ᠎ᠠ》 ᠬᠡᠬᠥ ᠬᠠᠢᠷ᠎ᠠ ᠬᠠᠯᠠᠮᠵᠢ᠎ᠶ᠋ᠢᠨ ᠦᠶ᠋ᠯᠡᠴᠢᠯᠡᠭᠡᠨ᠎ᠦ ᠠᠵᠢᠯᠯᠠᠭ᠎ᠠ ᠥᠷᠨᠢᠭᠦᠯᠵᠦ᠍᠂ ᠲᠤᠬᠠᠶ᠎ᠶ᠋ᠢᠨ ᠡᠳᠦᠷ ᠬᠥᠩᠭᠡᠵᠢᠭ᠌ᠰᠡᠨ ᠪᠦᠰᠡᠭᠦᠢᠴᠤᠳ ᠲᠸ᠋ ᠱᠢᠨᠵᠢᠯᠡᠬᠦ᠌ ᠤᠬᠠᠭᠠᠨᠴᠢ᠎ᠪᠠᠷ ᠥᠰᠭᠡᠨ ᠬᠥᠮᠦᠵᠢᠭᠦᠯᠬᠦ᠌ ᠭᠠᠷ ᠠᠪᠤᠯᠭ᠎ᠠ᠂ 《ᠭᠡᠷᠡᠯ ᠵᠢᠷᠤᠭ᠎ᠤᠨ ᠲᠤᠪᠬᠢᠮᠡᠯ》᠎ᠤ᠋ᠨ ᠵᠢᠵᠢᠭ ᠪᠡᠯᠡᠭ ᠬᠦᠷᠭᠡᠪᠡ᠃ ᠰᠠᠢᠨ ᠳᠤᠷᠠᠴᠤᠳ ᠡᠴᠠ ᠪᠠᠰᠠ ᠡᠵᠢ ᠪᠣᠯᠤᠨ ᠬᠡᠦᠬᠡᠳ᠎ᠲᠦ ᠬᠡᠷ ᠪᠦᠯᠢ᠎ᠶᠢᠨ ᠬᠡᠷᠡᠯ ᠵᠢᠷᠤᠭ ᠰᠡᠭᠦᠳᠡᠷᠯᠡᠨ ᠥᠭᠴᠦ᠂ ᠮᠥᠷᠳᠡᠯᠳᠡ ᠵᠢᠨ ᠮᠠᠶᠢᠭ᠎ᠤᠨ ᠬᠠᠯᠠᠮᠵᠢᠯᠠᠨ ᠬᠠᠢᠷᠠᠯᠠᠬᠤ ᠲᠣᠭ᠍ᠲᠠᠴᠠ᠎ᠶ᠋ᠢ ᠪᠠᠢᠭᠤᠯᠬᠤ᠎ᠶ᠋ᠢᠨ ᠬᠠᠮᠲᠤ 《ᠵᠢᠵᠢᠭᠭᠡᠨ ᠤᠯᠠᠭᠠᠨ ᠴᠡᠴᠡᠭ ᠬᠦᠷᠭᠡᠬᠦ᠌》 ᠰᠠᠢᠨ ᠳᠤᠷ᠎ᠠ᠎ᠶ᠋ᠢᠨ ᠦᠶ᠋ᠯᠡᠴᠢᠯᠡᠭᠡ ᠥᠷᠨᠢᠭᠦᠯᠪᠠ᠃

ᠡᠮᠡᠭ᠌ᠲᠡᠢᠴᠦᠳ᠎ᠢ ᠬᠦᠨᠳᠦᠳᠭᠡᠨ ᠬᠠᠢᠷᠠᠯᠠᠬᠤ ᠰᠠᠢᠨ ᠰᠠᠢᠬᠠᠨ ᠠᠭᠤᠷ ᠠᠮᠢᠰᠭᠤᠯ᠎ᠢ ᠪᠣᠶ ᠪᠣᠯᠭᠠᠬᠤ᠎ᠶ᠋ᠢᠨ ᠲᠥᠯᠥᠭᠡ᠂ ᠥᠪᠥᠷ ᠮᠣᠩᠭᠣᠯ᠎ᠤᠨ ᠡᠮᠡᠭ᠌ᠲᠡᠢᠴᠦᠳ᠎ᠦᠨ ᠬᠣᠯᠪᠣᠭ᠎ᠠ ᠬᠥᠬᠡᠬᠣᠲᠠ᠎ᠶ᠋ᠢᠨ ᠭᠠᠯᠲᠤ ᠲᠡᠷᠭᠡᠨ᠎ᠦ ᠵᠡᠭᠦᠨ ᠥᠷᠲᠡᠭᠡ᠂ ᠨᠢᠰᠭᠡᠯ᠎ᠦᠨ ᠪᠠᠭᠤᠳᠠᠯ ᠵᠡᠷᠭᠡ ᠬᠥᠮᠦᠨ ᠬᠠᠷ᠎ᠠ ᠲᠥᠪᠯᠡᠷᠡᠭ᠌ᠰᠡᠨ ᠲᠠᠯᠠᠪᠤᠷ᠎ᠲᠤ ᠤᠬᠠᠭᠤᠯᠭ᠎ᠠ᠎ᠶ᠋ᠢᠨ ᠰᠠᠮᠪᠠᠷ᠎ᠠ᠂ ᠮᠡᠳᠡᠭᠳᠡᠯ ᠵᠡᠷᠭᠡ ᠬᠡᠯᠪᠡᠷᠢ᠎ᠪᠡᠷ ᠳᠠᠮᠵᠢᠭᠤᠯᠤᠨ᠂ 《ᠡᠷᠡᠮᠡᠬᠡᠢᠯᠡᠨ ᠤᠷᠤᠭ᠍ᠰᠢᠯᠠᠭ᠎ᠠ ᠡᠮᠡᠭ᠌ᠲᠡᠢᠴᠦᠳ ᠲᠤ᠌ ᠬᠦᠨᠳᠦᠳᠭᠡᠯ ᠳᠡᠪᠱᠢᠭᠦᠯᠬᠦ᠌》 ᠪᠠᠷ ᠭᠤᠤᠯ ᠰᠡᠳᠦᠪ ᠪᠣᠯᠭᠠᠵᠤ᠂ ᠪᠥᠬᠥ᠌ ᠤᠯᠤᠰ᠎ᠤᠨ 《3·8》 ᠎ᠤ᠋ ᠤᠯᠠᠭᠠᠨ ᠲᠤᠭ᠍ᠴᠢ ᠵᠢᠨ ᠲᠡᠷᠢᠭᠦᠨ᠎ᠦ ᠦᠶ᠋ᠯᠡ ᠠᠵᠢᠯᠯᠠᠭ᠎ᠠ᠎ᠶ᠋ᠢ ᠤᠬᠠᠭᠤᠯᠵᠤ᠂ ᠡᠷᠡᠮᠡᠭᠡᠢᠯᠡᠨ ᠤᠷᠤᠭ᠍ᠰᠢᠯᠠᠭ᠎ᠠ ᠡᠮᠡᠭ᠌ᠲᠡᠢᠴᠦᠳ ᠲᠤ᠌ ᠪᠠᠶᠠᠷ᠎ᠤᠨ ᠡᠳᠦᠷ᠎ᠦᠨ ᠰᠠᠢᠨ ᠰᠠᠢᠬᠠᠨ ᠵᠥᠩᠨᠡᠯ ᠳᠡᠪᠱᠢᠭᠦᠯᠵᠦ᠍᠂ ᠥᠷᠭᠡᠨ ᠣᠯᠠᠨ ᠡᠮᠡᠭ᠌ᠲᠡᠢᠴᠦᠳ᠎ᠦᠨ ᠨᠡᠢᠭᠡᠮ᠎ᠦᠨ ᠪᠠᠢᠭᠤᠯᠤᠯᠲᠠ᠎ᠳᠤ ᠣᠷᠣᠯᠴᠠᠬᠤ ᠬᠠᠯᠠᠭᠤᠨ ᠰᠡᠳᠭᠢᠯᠭᠡ ᠪᠠ ᠢᠳᠡᠪᠬᠢ ᠬᠦᠴᠦᠨ᠎ᠢ ᠬᠥᠭ᠌ᠵᠢᠭᠡᠪᠡ᠃

ᠠᠵᠢᠯᠯᠠᠭ᠎ᠠ᠎ᠶ᠋ᠢᠨ ᠬᠤᠭᠤᠴᠠᠭᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠡᠮᠡᠭ᠌ᠲᠡᠢᠴᠦᠳ᠎ᠦᠨ ᠬᠣᠯᠪᠣᠭ᠎ᠠ᠎ᠶ᠋ᠢᠨ ᠬᠤᠯᠪᠤᠭᠳᠠᠯ ᠪᠥᠬᠥᠶ ᠬᠠᠷᠢᠭᠤᠴᠠᠯᠭᠠᠲᠠᠨ ᠠᠢᠮᠠᠭ ᠬᠣᠲᠠ᠎ᠶ᠋ᠢᠨ ᠦᠨᠳᠦᠰᠦᠨ ᠱᠠᠲᠤᠨ᠎ᠳᠤ ᠭᠦᠨᠵᠡᠭᠡᠢᠷᠡᠵᠦ᠍᠂ 《ᠦᠨᠳᠦᠰᠦᠨ ᠱᠠᠲᠤᠨ᠎ᠳᠤ ᠱᠠᠩᠨᠠᠯ ᠬᠦᠷᠭᠡᠬᠦ᠌》 ᠠᠵᠢᠯᠯᠠᠭ᠎ᠠ ᠥᠷᠨᠢᠭᠦᠯᠵᠦ᠍᠂ ᠥᠷᠭᠡᠨ ᠣᠯᠠᠨ ᠡᠮᠡᠭ᠌ᠲᠡᠢᠴᠦᠳ᠎ᠢ ᠲᠡᠷᠢᠭᠦᠨ᠎ᠦ᠎ᠬᠢ᠎ᠪᠡᠷ ᠳᠠᠭᠤᠷᠢᠶᠠᠯ ᠪᠣᠯᠭᠠᠵᠤ᠂ ᠠᠭᠤᠤ ᠶᠡᠬᠡ ᠦᠶ᠋ᠯᠡᠰ᠎ᠦᠨ ᠪᠥᠲᠥᠭᠡᠨ ᠪᠠᠢᠭᠤᠯᠤᠭ᠍ᠴᠢ᠂ ᠪᠣᠯᠪᠠᠰᠤᠨ ᠬᠡᠪ ᠰᠤᠷᠲᠠᠯ᠎ᠤᠨ ᠰᠠᠨᠠᠭᠠᠴᠢᠯᠠᠭ᠍ᠴᠢ᠂ ᠬᠦᠰᠡᠯ ᠵᠡᠭᠦᠳᠦ᠍᠎ᠪᠡᠨ ᠵᠣᠷᠢᠭ᠍ᠲᠠᠶ᠎ᠪᠠᠷ ᠬᠥᠭᠡᠭᠡᠴᠡᠯᠳᠦᠬᠦ᠌ ᠲᠡᠮᠡᠴᠡᠭ᠌ᠴᠢ ᠪᠣᠯᠬᠤ᠎ᠪᠡᠷ ᠴᠢᠷᠮᠠᠢᠵᠤ᠂ ᠬᠡᠦᠬᠡᠳ᠎ᠦᠨ ᠦᠰᠦᠨ ᠪᠣᠢᠵᠢᠯᠲᠠ᠎ᠶ᠋ᠢᠨ ᠵᠠᠮᠴᠢᠯᠠᠭ᠍ᠴᠢ᠂ ᠡᠷᠬᠡ ᠠᠱᠢᠭ᠎ᠤᠨ ᠬᠠᠮᠠᠭᠠᠯᠠᠭ᠍ᠴᠢ᠂ ᠢᠷᠡᠭᠡᠳᠦᠶ᠎ᠶ᠋ᠢᠨ ᠬᠦᠰᠡᠯ ᠵᠡᠭᠦᠳᠦ᠍ ᠪᠡᠨ ᠲᠡᠷᠭᠡᠯᠱᠢᠭᠦᠯᠦᠭ᠌ᠴᠢ ᠪᠣᠯᠵᠤ᠂ ᠵᠥᠪ ᠣᠨᠣᠪᠴᠢᠲᠠᠶ ᠢᠨᠠᠭ ᠣᠷᠣᠭ᠎ᠤᠨ ᠦᠵᠡᠯᠲᠡ᠂ ᠦᠷᠡᠵᠢᠯ᠎ᠦᠨ ᠦᠵᠡᠯᠲᠡ᠂ ᠬᠡᠷ ᠪᠦᠯᠢ᠎ᠶ᠋ᠢᠨ ᠦᠵᠡᠯᠲᠡ᠎ᠶ᠋ᠢ ᠪᠣᠶ ᠪᠣᠯᠭᠠᠬᠤ᠎ᠶ᠋ᠢ ᠵᠣᠷᠢᠭ᠍ᠵᠢᠭᠤᠯᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号