3 ᠰᠠᠷ᠎ᠠ ᠵᠢᠨ 31 ᠤ᠋ ᠡᠳᠦᠷ᠂ ᠦᠪᠤᠷ ᠮᠤᠡᠭᠭᠤᠯᠤᠨ ᠦᠪᠡᠷᠳᠡᠭᠡᠨ ᠵᠠᠰᠠᠬᠤ ᠤᠷᠤᠨ ᠤ ᠠᠷᠠᠳᠤᠨ ᠵᠠᠰᠠᠭᠤᠨ ᠤᠷᠳᠤᠨᠤ ᠰᠤᠨᠢᠨ ᠮᠡᠳᠡᠭᠡᠨᠤ ᠠᠯᠪᠠᠨ ᠭᠡᠷᠤᠨ ᠬᠢᠨ ᠰᠤᠨᠢᠨ ᠮᠡᠳᠡᠭᠡ ᠨᠠᠢᠳᠠᠯᠡᠬᠦ ᠬᠤᠷᠠᠯ ᠬᠢᠵᠤ᠂ 《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠡᠪᠡᠳᠴᠢᠨ ᠢ᠋ ᠰᠡᠷᠭᠡᠢᠯᠡᠨ ᠵᠠᠰᠠᠬᠤ ᠡᠷᠡᠭᠦᠯ ᠮᠡᠨᠳᠤ ᠵᠢᠨ ᠬᠠᠮᠢᠶᠠᠷᠤᠯᠲᠠ ᠵᠢᠨ ᠦᠢᠯᠡᠴᠢᠯᠡᠭᠡᠨ ᠤ᠋ ᠢᠨᠵᠧᠨᠧᠷᠢᠩ ᠢ᠋ ᠬᠡᠷᠡᠭᠵᠢᠭᠦᠯᠬᠦ ᠲᠥᠰᠦᠯ》 ᠤ᠋ᠨ ᠳᠤᠬᠠᠢ ᠬᠠᠮᠢᠶ᠎ᠠ ᠪᠦᠬᠦᠢ ᠠᠭᠤᠯᠭᠠᠵᠢ ᠲᠠᠨᠢᠯᠴᠠᠭᠤᠯᠪᠠ᠃
《ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠡᠪᠡᠳᠴᠢᠨ ᠢ᠋ ᠰᠡᠷᠭᠡᠢᠯᠡᠨ ᠵᠠᠰᠠᠬᠤ ᠡᠷᠡᠭᠦᠯ ᠮᠡᠨᠳᠤ ᠵᠢᠨ ᠬᠠᠮᠢᠶᠠᠷᠤᠯᠲᠠ ᠵᠢᠨ ᠦᠢᠯᠡᠴᠢᠯᠡᠭᠡᠨ ᠤ᠋ ᠢᠨᠵᠧᠨᠧᠷᠢᠩ ᠢ᠋ ᠬᠡᠷᠡᠭᠵᠢᠭᠦᠯᠬᠦ ᠲᠥᠰᠦᠯ》 (ᠲᠤᠤᠷ᠎ᠠ 《ᠲᠦᠰᠦᠯ》 ᠭᠡᠵᠤ ᠲᠦᠬᠦᠮᠴᠢᠯᠡᠨ᠎ᠠ) ᠢ᠋ ᠦᠪᠤᠷ ᠮᠤᠡᠭᠭᠤᠯᠤᠨ ᠥᠪᠡᠷᠲᠡᠭᠡᠨ ᠵᠠᠰᠠᠬᠤ ᠣᠷᠣᠨ ᠤ᠋ ᠡᠷᠡᠭᠦᠯ ᠬᠠᠮᠠᠭᠠᠯᠠᠯ ᠡᠷᠡᠭᠦᠯ ᠮᠡᠨᠳᠦ ᠵᠢᠨ ᠵᠥᠪᠯᠡᠯᠤᠨ ᠬᠢᠨ ᠠᠷᠠᠳ ᠤ᠋ᠨ ᠶᠠᠪᠤᠳᠠᠯ᠂ ᠰᠢᠨᠵᠢᠯᠡᠬᠦ ᠤᠬᠠᠭᠠᠨ ᠲᠸᠭᠨᠢᠭ ᠮᠠᠷᠭᠡᠵᠢᠯ᠂ ᠤᠷᠤᠨ ᠰᠠᠭᠤᠴᠠ ᠪᠠ ᠬᠤᠳᠠ ᠬᠦᠳᠡᠭᠡᠵᠢᠨ ᠪᠦᠳᠤᠭᠡᠨ ᠪᠠᠢᠭᠤᠯᠤᠯᠳᠠ᠂ ᠤᠢ ᠰᠢᠭᠤᠢ ᠪᠠ ᠨᠤᠳᠤᠭ ᠪᠠᠯᠴᠢᠭᠡᠷ ᠵᠡᠷᠭᠡ 9 ᠰᠠᠯᠠᠭ᠎ᠠ ᠮᠥᠴᠢᠷ ᠲᠠᠢ ᠬᠠᠮᠲᠤᠷᠠᠨ ᠰᠤᠳᠤᠯᠤᠨ ᠲᠣᠭᠲᠠᠭᠠᠪᠠ᠃ 《ᠳᠦᠰᠤᠯ》 ᠳ᠋ᠤ᠂ ᠠᠷᠠᠳ ᠲᠦᠮᠡᠨ ᠤ᠋ ᠡᠷᠡᠭᠦᠯ ᠮᠡᠨᠳᠤ ᠪᠡᠷ ᠭᠣᠣᠯ ᠪᠣᠯᠭᠠᠵᠤ᠂ 2026 ᠣᠨ ᠤ᠋ ᠱᠠᠲᠤᠴᠢ ᠴᠢᠨᠠᠷᠳᠠᠢ ᠬᠠᠷᠠᠯᠲᠠ ᠶᠤᠰᠤᠭᠠᠷ ᠣᠨᠣᠴᠠᠲᠠᠢ ᠠᠷᠭ᠎ᠠ ᠪᠣᠳᠣᠯᠭ᠎ᠠ ᠵᠢ ᠬᠡᠷᠡᠭᠵᠢᠭᠦᠯᠦᠨ᠎ᠡ᠂ ᠳᠠᠷᠤᠢ᠂ ᠥᠪᠡᠷᠲᠡᠭᠡᠨ ᠵᠠᠰᠠᠬᠤ ᠣᠷᠣᠨ᠂ ᠠᠢᠮᠠᠭ ᠬᠣᠲᠠ᠂ ᠬᠣᠰᠢᠭᠤ ᠰᠢᠶᠠᠨ᠂ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠣᠨ ᠲᠠᠪᠤᠨ ᠱᠠᠲᠤ ᠪᠠᠷ ᠵᠢᠠᠨ ᠬᠣᠯᠪᠣᠭᠠᠯᠠᠨ ᠬᠥᠳᠡᠯᠦᠯᠴᠡᠬᠦ᠂ ᠬᠣᠲᠠ ᠬᠥᠳᠡᠭᠡ ᠵᠢ ᠪᠦᠬᠦ ᠣᠷᠣᠨ ᠪᠦᠰᠡ ᠪᠡᠷ ᠪᠦᠷᠬᠦᠭᠦᠯᠬᠦ 《ᠰᠡᠷᠭᠡᠢᠯᠡᠯᠳᠡ᠂ ᠵᠠᠰᠠᠯᠳᠠ᠂ ᠡᠷᠡᠭᠦᠯ ᠮᠡᠨᠳᠤ᠂ ᠬᠠᠮᠢᠶᠠᠷᠤᠯᠳᠠ》 ᠵᠢᠨ ᠦᠢᠯᠡᠴᠢᠯᠡᠭᠡᠨ ᠤ᠋ ᠰᠢᠰᠲ᠋ᠧᠮ ᠢ᠋ ᠠᠩᠬ᠎ᠠ ᠠᠯᠬᠤᠮ ᠪᠦᠷᠢᠯᠳᠦᠭᠦᠯᠵᠤ᠂ ᠪᠦᠬᠦ ᠶᠠᠪᠤᠴᠠ ᠵᠢᠨ ᠪᠢᠲᠡᠭᠦᠦ ᠬᠡᠯᠬᠢᠶᠡᠳᠤ ᠬᠠᠮᠢᠶᠠᠷᠤᠯᠲᠠ ᠵᠢᠨ ᠲᠣᠭᠲᠠᠴᠠ ᠵᠢ ᠪᠦᠷᠢᠨᠰᠢᠭᠦᠯᠤᠨ᠎ᠡ᠃
《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ ᠵᠢᠨ ᠬᠤᠭᠤᠴᠠᠭᠠᠨ ᠤ᠋ ᠰᠡᠭᠦᠯᠴᠢ ᠪᠣᠯᠬᠤ ᠳ᠋ᠤ᠌᠂ ᠪᠦᠬᠦ ᠣᠷᠣᠨ ᠤ᠋ ᠰᠠᠭᠤᠭᠠᠯᠢ ᠠᠷᠠᠳ ᠤ᠋ᠨ ᠡᠷᠡᠭᠦᠯ ᠮᠡᠨᠳᠤ ᠵᠢᠨ ᠬᠡᠪ ᠪᠣᠯᠪᠠᠰᠤᠷᠠᠯ ᠤ᠋ᠨ ᠲᠦᠪᠰᠢᠨ ᠢ᠋ 40% ᠡᠴᠡ ᠳᠠᠪᠠᠭᠤᠯᠵᠤ᠂ ᠬᠦᠨᠳᠦ ᠶᠡᠬᠡ ᠬᠠᠯᠳᠠᠪᠤᠷᠢᠲᠤ ᠡᠪᠡᠳᠴᠢᠨ ᠢ᠋ ᠪᠦᠲᠦᠮᠵᠢᠲᠡᠢ ᠡᠵᠡᠮᠳᠡᠨ᠎ᠡ; 1 ᠪᠥᠬᠥ ᠤᠯᠤᠰ ᠤ᠋ᠨ ᠡᠷᠡᠭᠦᠯ ᠮᠡᠨᠳᠤ ᠵᠢᠨ ᠬᠣᠲᠠ᠂ 3 ᠪᠥᠬᠥ ᠤᠯᠤᠰ ᠤ᠋ᠨ ᠡᠷᠡᠭᠦᠯ ᠮᠡᠨᠳᠤ ᠵᠢᠨ ᠰᠢᠶᠠᠨ ᠤ᠋ ᠬᠤᠳᠠ ᠵᠢᠴᠢ 20 ᠪᠥᠬᠥ ᠤᠯᠤᠰ ᠤ᠋ᠨ ᠡᠷᠡᠭᠦᠯ ᠮᠡᠨᠳᠤ ᠵᠢᠨ ᠰᠤᠮᠤ ᠰᠢᠶᠠᠩ ᠪᠠᠯᠭᠠᠰᠤ ᠵᠢ ᠪᠦᠳᠦᠭᠡᠨ ᠪᠠᠢᠭᠤᠯᠵᠤ᠂ ᠵᠢᠱ᠌ᠢᠶ᠎ᠡ ᠦᠵᠡᠭᠦᠯᠦᠨ ᠬᠥᠲᠥᠯᠦᠨ ᠳᠠᠭᠠᠭᠤᠯᠬᠤ ᠪᠠ ᠨᠥᠯᠥᠭᠡᠯᠡᠨ ᠳᠠᠢᠴᠢᠯᠠᠬᠤ ᠦᠢᠯᠡᠳᠦᠯ ᠢ᠋ ᠪᠠᠳᠠᠷᠠᠭᠤᠯᠵᠤ᠂ ᠠᠷᠠᠳ ᠣᠯᠠᠨ ᠤ᠋ ᠡᠷᠡᠭᠦᠯ ᠮᠡᠨᠳᠦ ᠵᠢᠨ ᠬᠦᠷᠳᠡᠮᠵᠢ ᠵᠢᠨ ᠲᠦᠷᠦᠭᠳᠡᠯ᠂ ᠵᠢᠷᠭᠠᠯᠳᠤ ᠲᠥᠷᠥᠭᠳᠡᠯ᠂ ᠠᠮᠤᠷ ᠲᠦᠪᠰᠢᠨ ᠤ᠋ ᠲᠥᠷᠥᠭᠳᠡᠯ ᠢ᠋ ᠲᠠᠰᠤᠷᠠᠯᠲᠠ ᠦᠭᠡᠢ ᠨᠡᠮᠡᠭᠳᠡᠭᠦᠯᠦᠨ᠎ᠡ ᠭᠡᠵᠤ ᠳᠤᠷᠠᠳᠴᠠᠢ᠃