ᠲᠦᠷᠦᠬᠦᠬᠡᠨ᠂ ᠰᠤᠷᠪᠤᠯᠵᠢᠯᠠᠭ᠍ᠴᠢ ᠥᠪᠥᠷ ᠮᠣᠩᠭᠣᠯ᠎ᠤᠨ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠡᠴᠡ ᠣᠢᠯᠠᠭᠠᠭ᠍ᠰᠠᠨ᠎ᠢᠶᠠᠷ᠂ ᠤᠯᠤᠰ᠎ᠤᠨ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ ᠣᠢᠷ᠎ᠠ᠎ᠳᠤ 《ᠠᠷᠪᠠᠨ ᠬᠣᠶᠠᠳᠤᠭᠠᠷ ᠪᠦᠯᠦᠭ᠎ᠦᠨ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠣᠷᠣᠨ᠎ᠤ ᠵᠢᠱ᠌ᠢᠶ᠎ᠡ ᠦᠵᠡᠭᠦᠯᠬᠦ᠌ ᠨᠢᠭᠡᠴᠢ᠎ᠶ᠋ᠢ ᠨᠡᠷᠡᠢᠳᠬᠦ᠌ ᠲᠤᠬᠠᠶ ᠲᠣᠭ᠍ᠲᠠᠭᠠᠯ》 ᠢ᠋ ᠳᠠᠷᠤᠮᠠᠯᠯᠠᠨ ᠲᠠᠷᠬᠠᠭᠠᠵᠤ᠂ 488 ᠭᠠᠵᠠᠷ ᠣᠷᠣᠨ ᠪᠠ ᠨᠢᠭᠡᠴᠢ᠎ᠶ᠋ᠢ ᠠᠷᠪᠠᠨ ᠬᠣᠶᠠᠳᠤᠭᠠᠷ ᠪᠦᠯᠦᠭ᠎ᠦᠨ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠣᠷᠣᠨ ᠵᠢᠱ᠌ᠢᠶ᠎ᠡ ᠦᠵᠡᠭᠦᠯᠬᠦ᠌ ᠨᠢᠭᠡᠴᠢ᠎ᠪᠡᠷ ᠨᠡᠷᠡᠢᠳᠴᠦ᠍᠂ ᠥᠪᠥᠷ ᠮᠣᠩᠭᠣᠯ᠎ᠤᠨ 23 ᠭᠠᠵᠠᠷ ᠣᠷᠣᠨ ᠪᠠ ᠨᠢᠭᠡᠴᠢ ᠨᠡᠷᠡᠰ᠎ᠦᠨ ᠵᠢᠭ᠍ᠰᠠᠭᠠᠯᠲᠠ᠎ᠳᠤ ᠲᠣᠳᠣᠷᠠᠪᠠ᠃
ᠤᠢᠯᠠᠭᠠᠬᠰᠠᠨ᠎ᠢᠶᠠᠷ᠂ ᠥᠪᠥᠷ ᠮᠣᠩᠭᠣᠯ᠎ᠤᠨ 13 ᠭᠠᠵᠠᠷ ᠣᠷᠣᠨ᠎ᠢ ᠠᠷᠪᠠᠨ ᠬᠣᠶᠠᠳᠤᠭᠠᠷ ᠪᠦᠯᠦᠭ᠎ᠦᠨ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠣᠷᠣᠨ᠎ᠢᠶᠠᠷ ᠨᠡᠷᠡᠢᠳᠪᠡ᠃ ᠡᠭᠦᠨ᠎ᠳᠦ᠂ ᠱᠢᠯᠢ᠎ᠶ᠋ᠢᠨ ᠭᠤᠤᠯ ᠠᠢᠮᠠᠭ᠂ ᠪᠠᠶᠠᠨᠨᠠᠭᠤᠷ ᠬᠣᠲᠠ ᠨᠢ ᠭᠠᠵᠠᠷ ᠣᠷᠣᠨ᠎ᠤ ᠣᠨᠴᠠᠯᠢᠭ᠎ᠢᠶᠠᠷ ᠪᠠᠶᠠᠯᠢᠭ ᠡᠭᠦᠳᠦᠨ ᠪᠠᠢᠭᠤᠯᠬᠤ ᠠᠵᠢᠯ᠎ᠤᠨ ᠠᠷᠭ᠎ᠠ ᠬᠡᠮᠵᠢᠶ᠎ᠡ ᠪᠠ ᠡᠭᠦᠳᠦᠨ ᠪᠠᠢᠭᠤᠯᠬᠤ ᠠᠵᠢᠯ᠎ᠤᠨ ᠢᠯᠡᠳᠲᠡ ᠲᠣᠪᠣᠢᠮ᠎ᠠ ᠦᠷ᠎ᠡ ᠪᠦᠲᠦᠮᠵᠢ᠎ᠪᠡᠷ ᠦᠨᠡᠯᠡᠭ᠌ᠳᠡᠵᠦ᠍᠂ ᠣᠷᠳᠣᠰ ᠬᠣᠲᠠ 5 ᠵᠢᠯ ᠪᠡᠬᠢᠵᠢᠭᠦᠯᠦᠨ ᠳᠡᠭᠡᠭ᠌ᠰᠢᠯᠡᠭᠦᠯᠬᠦ᠌᠎ᠪᠡᠷ ᠳᠡᠮᠵᠢᠨ᠂ ᠱᠢᠨᠡᠳᠭᠡᠭ᠌ᠰᠡᠨ ᠵᠢᠱ᠌ᠢᠶ᠎ᠡ ᠦᠵᠡᠭᠦᠯᠬᠦ᠌ ᠦᠷ᠎ᠡ ᠪᠦᠲᠦᠭᠡᠯ᠎ᠢᠶᠡᠷ ᠳᠠᠬᠢᠨᠲᠠ ᠨᠡᠷᠡᠢᠳᠦᠭ᠌ᠳᠡᠵᠠᠢ; ᠬᠥᠬᠡᠬᠣᠲᠠ᠎ᠶ᠋ᠢᠨ ᠱᠢᠨ᠎ᠡ ᠬᠣᠲᠠ ᠲᠣᠭᠣᠷᠢᠭ᠂ ᠪᠤᠭᠤᠲᠤ ᠬᠣᠲᠠ᠎ᠶ᠋ᠢᠨ ᠲᠦᠮᠡᠳ ᠪᠠᠷᠠᠭᠤᠨ ᠬᠣᠱᠢᠭᠤ᠂ ᠬᠥᠯᠥᠨ ᠪᠣᠢᠷ ᠬᠣᠲᠠ᠎ᠶ᠋ᠢᠨ ᠡᠸᠡᠩᠬᠢ ᠦᠨᠳᠦᠰᠦᠲᠡᠨ᠎ᠦ ᠥᠪᠡᠷᠲᠡᠭᠡᠨ ᠵᠠᠰᠠᠬᠤ ᠬᠣᠱᠢᠭᠤ᠂ ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤ᠂ ᠤᠯᠠᠭᠠᠨᠬᠠᠳᠠ ᠬᠣᠲᠠ᠎ᠶ᠋ᠢᠨ ᠬᠤᠩᠱᠠᠨ ᠲᠣᠭᠣᠷᠢᠭ᠂ ᠤᠯᠠᠭᠠᠨᠴᠠᠪ ᠬᠣᠲᠠ᠎ᠶ᠋ᠢᠨ ᠳᠥᠷᠪᠡᠳ ᠬᠣᠱᠢᠭᠤ᠂ ᠦᠬᠠᠶ ᠬᠣᠲᠠ᠎ᠶ᠋ᠢᠨ ᠬᠠᠢᠨᠠᠨ ᠲᠣᠭᠣᠷᠢᠭ᠂ ᠠᠯᠠᠱᠠ ᠠᠢᠮᠠᠭ᠎ᠤᠨ ᠠᠯᠠᠱᠠ ᠵᠡᠭᠦᠨ ᠬᠣᠱᠢᠭᠤ᠎ᠨᠢ 《ᠨᠢᠭᠡ ᠬᠣᠱᠢᠭᠤ ᠲᠣᠭᠣᠷᠢᠭ᠎ᠲᠤ ᠨᠢᠭᠡ ᠭᠤᠤᠯ ᠰᠡᠳᠦᠪ᠎ᠲᠡᠶ᠂ ᠨᠢᠭᠡ ᠬᠣᠱᠢᠭᠤ ᠲᠣᠭᠣᠷᠢᠭ᠎ᠲᠤ ᠨᠢᠭᠡ ᠣᠨᠴᠠᠯᠢᠭ᠎ᠲᠠᠶ᠂ ᠨᠢᠭᠡ ᠬᠣᠱᠢᠭᠤ ᠲᠣᠭᠣᠷᠢᠭ᠎ᠲᠤ ᠨᠢᠭᠡ ᠲᠥᠷᠥᠯ ᠲᠡᠮᠳᠡᠭ᠎ᠲᠡᠶ》 ᠡᠭᠦᠳᠦᠨ ᠪᠠᠢᠭᠤᠯᠬᠤ ᠠᠵᠢᠯ᠎ᠤᠨ ᠰᠡᠳᠭᠢᠮᠵᠢ᠂ ᠪᠥᠬᠥ᠌ ᠣᠷᠣᠨ ᠪᠦᠰᠡ᠎ᠶ᠋ᠢᠨ ᠡᠭᠦᠳᠦᠨ ᠪᠠᠢᠭᠤᠯᠤᠭ᠍ᠰᠠᠨ ᠱᠢᠯᠢᠳᠡᠭ ᠠᠵᠢᠯ᠎ᠤᠨ ᠦᠷ᠎ᠡ ᠪᠦᠲᠦᠭᠡᠯ᠎ᠢᠶᠡᠷ᠎ᠢᠶᠡᠨ ᠠᠮᠵᠢᠯᠲᠠ᠎ᠲᠠᠶ ᠦᠨᠡᠯᠡᠭ᠌ᠳᠡᠪᠡ; ᠪᠤᠭᠤᠲᠤ ᠬᠣᠲᠠ᠎ᠶ᠋ᠢᠨ ᠳᠠᠷᠬᠠᠨ ᠮᠤᠤᠮᠢᠩᠭᠠᠨ ᠬᠣᠯᠪᠣᠭᠠᠲᠤ ᠬᠣᠱᠢᠭᠤᠨ᠎ᠤ ᠮᠠᠨᠳᠤᠯ᠎ᠠ ᠪᠠᠯᠭᠠᠰᠤ᠂ ᠤᠯᠠᠭᠠᠨᠬᠠᠳᠠ ᠬᠣᠲᠠ᠎ᠶ᠋ᠢᠨ ᠬᠡᠱᠢᠭ᠌ᠲᠡᠨ ᠬᠣᠱᠢᠭᠤᠨ᠎ᠤ ᠪᠠᠶᠠᠨᠴᠠᠭᠠᠨ ᠰᠤᠮᠤ ᠡᠬᠡ ᠤᠯᠤᠰ᠎ᠤᠨ ᠤᠮᠠᠷᠠᠲᠤ ᠬᠢᠯᠢ᠎ᠶ᠋ᠢᠨ ᠠᠮᠤᠷ ᠲᠦᠪᠰᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ᠂ ᠵᠢᠭᠤᠯᠴᠢᠯᠠᠯ᠎ᠢᠶᠠᠷ ᠦᠨᠳᠦᠰᠦᠲᠡᠨ ᠨᠤᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠬᠤ ᠵᠡᠷᠭᠡ ᠲᠠᠯ᠎ᠠ᠎ᠪᠠᠷ ᠦᠵᠡᠭᠦᠯᠦᠭ᠌ᠰᠡᠨ ᠢᠳᠡᠪᠬᠢᠲᠡᠶ ᠬᠤᠪᠢ ᠨᠡᠮᠡᠷᠢ᠎ᠪᠡᠷ᠎ᠢᠶᠡᠨ ᠠᠮᠵᠢᠯᠲᠠ᠎ᠲᠠᠶ ᠦᠨᠡᠯᠡᠭ᠌ᠳᠡᠵᠠᠢ᠃
ᠥᠪᠥᠷ ᠮᠣᠩᠭᠣᠯ᠎ᠤᠨ 10 ᠨᠢᠭᠡᠴᠢ ᠯᠠᠪᠳᠠᠭᠤᠨ ᠪᠠᠲᠤᠲᠠᠶ ᠪᠦᠲᠦᠮᠵᠢᠲᠡᠶ ᠡᠭᠦᠳᠦᠨ ᠪᠠᠢᠭᠤᠯᠤᠭ᠍ᠰᠠᠨ ᠦᠷ᠎ᠡ ᠪᠦᠲᠦᠭᠡᠯ᠎ᠢᠶᠡᠷ᠎ᠢᠶᠡᠨ ᠠᠷᠪᠠᠨ ᠬᠣᠶᠠᠳᠤᠭᠠᠷ ᠪᠦᠯᠦᠭ᠎ᠦᠨ ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶ᠎ᠡ ᠦᠵᠡᠭᠦᠯᠬᠦ᠌ ᠨᠢᠭᠡᠴᠢ᠎ᠪᠡᠷ ᠨᠡᠷᠡᠢᠳᠦᠭ᠌ᠳᠡᠪᠡ᠃ ᠡᠭᠦᠨ᠎ᠳᠦ᠂ ᠬᠥᠬᠡᠬᠣᠲᠠ᠎ᠶ᠋ᠢᠨ ᠮᠦᠽᠧᠶ᠂ ᠲᠦᠩᠯᠢᠶᠣᠤ ᠬᠣᠲᠠ᠎ᠶ᠋ᠢᠨ ᠬᠣᠷᠴᠢᠨ ᠲᠣᠭᠣᠷᠢᠭ᠎ᠤᠨ ᠭᠠᠯ ᠰᠡᠷᠭᠡᠢᠯᠡᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠬᠡ ᠠᠩᠭᠢ᠂ ᠤᠯᠠᠭᠠᠨᠴᠠᠪ ᠬᠣᠲᠠ᠎ᠶ᠋ᠢᠨ ᠡᠮᠡᠭ᠌ᠲᠡᠢᠴᠦᠳ᠎ᠦᠨ ᠬᠣᠯᠪᠣᠭ᠎ᠠ᠎ᠨᠢ ᠪᠠᠢᠭᠤᠯᠭ᠎ᠠ ᠠᠵᠢᠯ ᠦᠶ᠋ᠯᠡᠰ᠎ᠦᠨ ᠨᠢᠭᠡᠴᠢ ᠪᠣᠯᠤᠭ᠍ᠰᠠᠨ᠎ᠤ ᠬᠤᠪᠢ᠎ᠳᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠳᠦ ᠴᠤᠬᠴᠠᠯᠠᠬᠤ ᠠᠵᠢᠯ᠎ᠤᠨ ᠭᠤᠤᠯ ᠰᠢᠵᠢᠮ᠎ᠢ ᠲᠤᠭᠤᠱᠢᠯᠠᠭᠤᠯᠤᠨ ᠪᠡᠬᠢᠵᠢᠭᠦᠯᠬᠦ᠌ ᠲᠠᠯ᠎ᠠ᠎ᠪᠠᠷ ᠡᠯᠪᠡᠭ ᠪᠠᠶᠠᠯᠢᠭ ᠠᠴᠢᠶᠠᠯᠠᠪᠤᠷᠢ᠎ᠶ᠋ᠢ ᠪᠣᠶ ᠪᠣᠯᠭᠠᠵᠤ᠂ ᠵᠢᠱ᠌ᠢᠶ᠎ᠡ ᠦᠵᠡᠭᠦᠯᠬᠦ᠌ ᠦᠶ᠋ᠯᠡᠳᠦᠯ᠎ᠢᠶᠡᠨ ᠪᠠᠳᠠᠷᠠᠭᠤᠯᠬᠤ᠎ᠪᠠᠷ ᠴᠢᠷᠮᠠᠢᠪᠠ; ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶ᠋ᠢᠨ ᠶᠡᠬᠡ ᠰᠤᠷᠭᠠᠭᠤᠯᠢ ᠪᠣᠯᠤᠨ ᠲᠦᠩᠯᠢᠶᠣᠤ ᠬᠤᠳᠠ᠎ᠶ᠋ᠢᠨ ᠨᠠᠢ᠍ᠮᠠᠨ ᠬᠣᠱᠢᠭᠤᠨ᠎ᠤ ᠠᠵᠢᠯ ᠮᠡᠷᠭᠡᠵᠢᠯ᠎ᠦᠨ ᠳᠤᠮᠳᠠᠳᠤ ᠵᠡᠷᠭᠡ᠎ᠶ᠋ᠢᠨ ᠲᠤᠰᠭᠠᠢ ᠮᠡᠷᠭᠡᠵᠢᠯ᠎ᠦᠨ ᠰᠤᠷᠭᠠᠭᠤᠯᠢ ᠨᠢ ᠦᠨᠳᠦᠰᠦᠲᠡᠨ᠎ᠨᠦᠭᠦᠳ᠎ᠦᠨ ᠵᠠᠯᠠᠭᠤᠴᠤᠳ ᠪᠠᠭᠠᠴᠤᠳ᠎ᠤᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠢ ᠭᠦᠨᠵᠡᠭᠡᠢᠷᠡᠭᠦᠯᠬᠦ᠌᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠢᠳᠡᠪᠬᠢᠲᠡᠢ ᠳᠡᠯᠭᠡᠷᠡᠭᠦᠯᠦᠨ ᠲᠦᠭᠡᠮᠡᠯᠵᠢᠭᠦᠯᠬᠦ᠌ ᠵᠡᠷᠭᠡ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠤᠯᠪᠠ; ᠥᠪᠥᠷ ᠮᠣᠩᠭᠣᠯ᠎ᠤᠨ ᠢᠯᠢ ᠠᠵᠤ ᠦᠶ᠋ᠯᠡᠰ᠎ᠦᠨ ᠪᠦᠯᠦᠭ᠌ᠯᠡᠯ᠎ᠦᠨ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ᠂ ᠪᠤᠭᠤᠲᠤ᠎ᠶ᠋ᠢᠨ ᠪᠣᠯᠣᠳ ᠲᠡᠮᠦᠷ (ᠪᠦᠯᠦᠭ᠌ᠯᠡᠯ) ᠤ᠋ᠨ ᠬᠢᠵᠠᠭᠠᠷᠲᠤ ᠺᠣᠮᠫᠠᠨᠢ᠂ ᠬᠥᠯᠥᠨ ᠪᠣᠢᠷ᠎ᠤᠨ ᠠᠲᠠᠷ ᠬᠠᠭᠠᠯᠪᠤᠷᠢᠯᠠᠯᠲᠠ᠎ᠶ᠋ᠢᠨ ᠪᠦᠯᠦᠭ᠌ᠯᠡᠯ᠎ᠦᠨ ᠬᠢᠵᠠᠭᠠᠷᠲᠤ ᠺᠣᠮᠫᠠᠨᠢ᠂ ᠥᠪᠥᠷ ᠮᠣᠩᠭᠣᠯ᠎ᠤᠨ ᠴᠠᠬᠢᠯᠭᠠᠨ ᠬᠦᠴᠦᠨ (ᠪᠦᠯᠦᠭ᠌ᠯᠡᠯ) ᠤ᠋ ᠬᠢᠵᠠᠭᠠᠷᠲᠤ ᠺᠣᠮᠫᠠᠨᠢ᠎ᠶ᠋ᠢᠨ ᠣᠷᠳᠣᠰ᠎ᠤᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠡᠭᠦᠳᠦᠨ ᠪᠠᠢᠭᠤᠯᠵᠤ ᠠᠵᠤ ᠠᠬᠤᠢᠯᠠᠯ᠎ᠳᠤ ᠣᠷᠣᠭᠤᠯᠬᠤ᠎ᠶ᠋ᠢ ᠭᠦᠨᠵᠡᠭᠡᠶ ᠠᠬᠢᠭᠤᠯᠵᠤ᠂ ᠠᠭᠤᠯᠤᠭ᠍ᠳᠠᠬᠤᠨ᠎ᠢᠶᠠᠨ ᠲᠠᠰᠤᠷᠠᠯᠲᠠ ᠥᠬᠡᠶ ᠭᠦᠨᠵᠡᠭᠡᠢᠷᠡᠭᠦᠯᠦᠨ᠂ ᠠᠷᠭ᠎ᠠ ᠬᠡᠯᠪᠡᠷᠢ᠎ᠶ᠋ᠢᠨ ᠱᠢᠨ᠎ᠡ᠎ᠶ᠋ᠢ ᠡᠭᠦᠳᠴᠦ᠍᠂ ᠦᠨᠳᠦᠰᠦᠲᠡᠨ᠎ᠦ ᠭᠠᠵᠠᠷ ᠣᠷᠣᠨ᠎ᠤ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠳᠦ ᠬᠦᠴᠦᠨ ᠨᠡᠮᠡᠷᠢᠯᠡᠬᠦ᠌᠂ ᠦᠨᠳᠦᠰᠦᠲᠡᠨ᠎ᠨᠦᠭᠦᠳ᠎ᠦᠨ ᠬᠠᠮᠲᠤ᠎ᠪᠠᠷ ᠴᠢᠨᠡᠭᠡᠯᠢᠭ᠌ᠵᠢᠬᠦ᠌᠎ᠶ᠋ᠢ ᠠᠬᠢᠭᠤᠯᠬᠤ ᠲᠠᠯ᠎ᠠ᠎ᠪᠠᠷ ᠢᠳᠡᠪᠬᠢᠲᠡᠶ ᠬᠤᠪᠢ ᠨᠡᠮᠡᠷᠢ ᠦᠵᠡᠭᠦᠯᠪᠡ; ᠱᠢᠯᠢ᠎ᠶ᠋ᠢᠨ ᠭᠤᠤᠯ ᠠᠢᠮᠠᠭ᠎ᠤᠨ ᠵᠡᠭᠦᠨ ᠦᠵᠦᠮᠦᠴᠢᠨ ᠬᠣᠱᠢᠭᠤᠨ᠎ᠤ ᠠᠶᠠᠨ ᠨᠠᠰᠤᠵᠢᠯ᠎ᠤᠨ ᠬᠦᠷᠢᠶᠡᠯᠡᠩ ᠲᠣᠭᠣᠷᠢᠭ ᠬᠢᠯᠢ ᠬᠢᠵᠠᠭᠠᠷ ᠣᠷᠣᠨ᠎ᠤ ᠦᠨᠳᠦᠰᠦᠲᠡᠨ᠎ᠨᠦᠭᠦᠳ᠎ᠦᠨ ᠬᠠᠷᠢᠯᠴᠠᠨ ᠱᠢᠭᠢᠳᠭᠡᠬᠦ᠌ ᠮᠠᠶᠢᠭ᠎ᠤᠨ ᠬᠥᠭ᠌ᠵᠢᠯᠲᠡ᠎ᠶ᠋ᠢᠨ ᠱᠢᠨ᠎ᠡ ᠠᠷᠭ᠎ᠠ ᠵᠠᠮ᠎ᠢ ᠢᠳᠡᠪᠬᠢᠲᠡᠶ ᠰᠦᠪᠡᠭ᠌ᠴᠢᠯᠡᠵᠦ᠍᠂ ᠳᠡᠯᠭᠡᠷᠡᠭᠦᠯᠵᠦ᠍ ᠪᠣᠯᠬᠤᠢᠴᠠ ᠲᠤᠷᠱᠢᠯᠭ᠎ᠠ ᠬᠢᠳᠡᠯ᠎ᠢ ᠳ᠋ᠦᠩᠨᠡᠨ ᠪᠣᠯᠪᠠᠰᠤᠷᠠᠭᠤᠯᠪᠠ᠃