3 ᠡᠳᠦᠷ ᠶᠠᠪᠤᠭᠳᠠᠭᠰᠠᠨ ᠭᠤᠴᠢᠨ ᠨᠠᠢ᠍ᠮᠠᠳᠤᠭᠠᠷ ᠬᠤᠭᠤᠴᠠᠭᠠᠨ ᠤ᠋ ᠥᠪᠥᠷ ᠮᠣᠩᠭᠣᠯ ᠤ᠋ᠨ ᠲᠠᠷᠢᠶᠠᠯᠠᠩ ᠤ᠋ᠨ ᠦᠵᠡᠰᠭᠦᠯᠡᠡᠭ ᠤ᠋ᠨ ᠴᠤᠭᠯᠠᠭᠠᠨ ᠵᠢᠴᠢ ᠠᠷᠪᠠᠨ ᠲᠠᠪᠤᠳᠤᠭᠠᠷ ᠬᠤᠭᠤᠴᠠᠭᠠᠨ ᠤ᠋ ᠥᠪᠥᠷ ᠮᠣᠩᠭᠣᠯ (ᠬᠠᠪᠤᠷ ᠤ᠋ᠨ ᠤᠯᠠᠷᠢᠯ) ᠤ᠋ᠨ ᠲᠠᠷᠢᠶᠠᠯᠠᠩ ᠤ᠋ᠨ ᠮᠠᠰᠢᠨ ᠲᠥᠬᠦᠭᠡᠷᠦᠮᠵᠢ ᠶ᠋ᠢᠨ ᠦᠵᠡᠰᠭᠦᠯᠡᠡᠭ ᠤ᠋ᠨ ᠴᠤᠭᠯᠠᠭᠠᠨ 3 ᠰᠠᠷ᠎ᠠ ᠶ᠋ᠢᠨ 28 ᠤ᠋ ᠡᠳᠦᠷ ᠠᠮᠵᠢᠯᠲᠠ ᠲᠠᠢ ᠥᠨᠳᠥᠷᠯᠡᠪᠡ᠃ ᠲᠤᠰ ᠬᠤᠭᠤᠴᠠᠭᠠᠨ ᠤ᠋ ᠦᠵᠡᠰᠭᠦᠯᠡᠡᠭ ᠤ᠋ᠨ ᠴᠤᠭᠯᠠᠭᠠᠨ ᠨᠢ ᠬᠦᠷᠢᠶ᠎ᠡ ᠬᠡᠪᠴᠢᠶ᠎ᠡ ᠪᠡᠷ ᠲᠡᠦᠬᠡ ᠶ᠋ᠢᠨ ᠰᠢᠨ᠎ᠡ ᠲᠡᠮᠳᠡᠭᠯᠡᠯ ᠢ᠋ ᠡᠭᠦᠳᠴᠦ᠂ ᠮᠠᠨ ᠤ᠋ ᠣᠷᠣᠨ ᠤ᠋ ᠬᠠᠪᠤᠷ ᠤ᠋ᠨ ᠲᠠᠷᠢᠶᠠᠯᠠᠭ᠎ᠠ ᠶ᠋ᠢᠨ ᠪᠡᠯᠡᠳᠬᠡᠯ ᠠᠵᠢᠯ ᠵᠢᠴᠢ ᠠᠮᠤ ᠪᠤᠳᠠᠭᠠᠨ ᠤ᠋ ᠤᠨᠠᠯᠲᠠ ᠶ᠋ᠢ ᠳᠡᠭᠡᠭᠰᠢᠯᠡᠭᠦᠯᠭᠦ ᠢᠨᠵᠧᠨᠧᠷᠢᠩ ᠳ᠋ᠦ᠍ ᠬᠦᠴᠦᠷᠬᠡᠭ ᠶᠡᠬᠡ ᠬᠥᠳᠡᠯᠭᠡᠬᠦ ᠡᠨ᠋ᠸᠷᠭᠢ ᠨᠡᠮᠡᠷᠢᠯᠡᠪᠡ᠃

ᠭᠤᠴᠢᠨ ᠨᠠᠢ᠍ᠮᠠᠳᠤᠭᠠᠷ ᠬᠤᠭᠤᠴᠠᠭᠠᠨ ᠤ᠋ ᠥᠪᠥᠷ ᠮᠣᠩᠭᠣᠯ ᠤ᠋ᠨ ᠲᠠᠷᠢᠶᠠᠯᠠᠩ ᠤ᠋ᠨ ᠦᠵᠡᠰᠭᠦᠯᠡᠡᠭ ᠤ᠋ᠨ ᠴᠤᠭᠯᠠᠭᠠᠨ

ᠲᠦᠮᠦᠰᠦ ᠬᠤᠷᠢᠶᠡᠬᠤ ᠮᠠᠰᠢᠨ

ᠲᠠᠷᠢᠶᠠᠯᠠᠩ ᠤ᠋ᠨ ᠪᠤᠷᠲᠤᠭ᠎ᠠ

ᠪᠤᠷᠳᠤᠭᠤᠷ ᠬᠠᠶᠠᠬᠤ ᠮᠠᠰᠢᠨ

ᠰᠢᠭᠤᠳ ᠨᠡᠪᠳᠡᠷᠡᠭᠦᠯᠭᠡ ᠬᠢᠨ᠎ᠡ

ᠲᠠᠷᠢᠶᠠᠯᠠᠩ ᠦᠢᠯᠡᠳᠪᠤᠷᠢᠯᠡᠯᠳᠤ ᠲᠣᠬᠢᠷᠠᠬᠤ ᠬᠤᠪᠴᠠᠰᠤ

ᠦᠵᠡᠵᠦ ᠰᠤᠨᠢᠷᠬᠠᠵᠤ ᠪᠠᠢᠭ᠎ᠠ ᠬᠦᠮᠦᠰ

ᠬᠠᠳᠤᠵᠤ ᠬᠤᠷᠢᠶᠠᠬᠤ ᠮᠠᠰᠢᠨ
ᠬᠦᠷᠦᠰᠦ ᠦᠬᠡᠢ ᠤᠷᠭᠤᠮᠠᠯ
ᠪᠦᠷᠢᠳᠬᠡᠯ ᠢ᠋ ᠦᠨᠳᠦᠰᠦᠯᠡᠪᠡᠯ᠂ ᠦᠵᠡᠰᠭᠦᠯᠡᠩ ᠳ᠋ᠤ᠌ ᠣᠷᠣᠯᠴᠠᠬ᠍ᠰᠠᠨ ᠬᠥᠮᠥᠨ 3 ᠡᠳᠦᠷ ᠲᠦ᠍ ᠨᠡᠢᠲᠡ 7.1 ᠲᠦᠮᠡᠨ ᠬᠥᠮᠥᠨ ᠤᠳᠠᠭ᠎ᠠ ᠳ᠋ᠤ᠌ ᠬᠦᠷᠴᠦ᠂ ᠲᠤᠬᠠᠢ ᠶ᠋ᠢᠨ ᠲᠠᠯᠠᠪᠠᠢ ᠳ᠋ᠤ᠌ 3260 ᠬᠤᠪᠢ ᠵᠥᠪᠯᠡᠯᠴᠡᠭᠡᠷ ᠲᠣᠬᠢᠷᠠᠯᠴᠠᠨ᠂ ᠰᠠᠨᠠᠮᠵᠢ ᠶ᠋ᠢᠨ ᠭᠡᠷ᠎ᠡ ᠲᠣᠭᠲᠠᠭᠰᠠᠨ ᠵᠣᠭᠣᠰ ᠤ᠋ᠨ ᠬᠡᠮᠵᠢᠶ᠎ᠡ 28.6 ᠳ᠋ᠦᠩᠰᠢᠭᠤᠷ ᠲᠥᠭᠥᠷᠢᠭ ᠢ᠋ ᠳᠠᠪᠠᠵᠤ᠂ ᠨᠡᠢᠳᠡ 9.3 ᠳ᠋ᠦᠩᠰᠢᠭᠤᠷ ᠲᠥᠭᠥᠷᠢᠭ ᠤ᠋ᠨ ᠠᠷᠠᠯᠵᠢᠶ᠎ᠠ ᠪᠦᠲᠦᠵᠦ᠂ ᠬᠦᠴᠦᠷᠬᠡᠭ ᠶᠡᠬᠡ ᠵᠠᠬ᠎ᠠ ᠳᠡᠯᠭᠡᠭᠦᠷ ᠤ᠋ᠨ ᠠᠮᠢᠵᠢᠷᠠᠯ ᠤ᠋ᠨ ᠬᠦᠴᠦᠨ ᠪᠣᠯᠣᠨ ᠠᠷᠠᠯᠵᠢᠶᠠᠨ ᠤ᠋ ᠲᠠᠯᠲᠠ ᠬᠦᠴᠦᠨ ᠢ᠋ ᠢᠯᠡᠷᠡᠭᠦᠯᠪᠡ᠃
ᠰᠢᠨᠵᠢᠯᠡᠬᠦ ᠤᠬᠠᠭᠠᠨ ᠲᠸᠭ᠌ᠨᠢᠭ ᠮᠡᠷᠭᠡᠵᠢᠯ ᠵᠢᠡᠷ ᠡᠨᠧᠷᠭᠢ ᠣᠯᠭᠣᠬᠤ ᠪᠣᠯ ᠲᠤᠰ ᠬᠤᠭᠤᠴᠠᠭᠠᠨ ᠤ᠋ ᠦᠵᠡᠰᠭᠦᠯᠡᠩ ᠤ᠋ᠨ ᠴᠤᠭᠯᠠᠭᠠᠨ ᠤ᠋ ᠬᠠᠮᠤᠭ ᠤ᠋ᠨ ᠲᠣᠪᠣᠢᠮ᠎ᠠ ᠭᠢᠯᠠᠰ ᠴᠡᠭ ᠪᠣᠯᠣᠨ᠎ᠠ᠃ ᠦᠵᠡᠰᠭᠦᠯᠡᠩ ᠤ᠋ᠨ ᠴᠤᠭᠯᠠᠭᠠᠨ ᠳ᠋ᠤ᠌ ᠣᠶᠤᠨᠴᠢ ᠲᠠᠷᠢᠶᠠᠯᠠᠩ ᠤ᠋ᠨ ᠮᠠᠰᠢᠨ ᠲᠥᠬᠦᠭᠡᠷᠦᠮᠵᠢ ᠶ᠋ᠢᠨ ᠲᠠᠯ᠎ᠠ ᠪᠡᠷ ᠰᠠᠨᠠᠮᠵᠢ ᠶ᠋ᠢᠨ ᠭᠡᠷ᠎ᠡ ᠲᠣᠭᠲᠠᠭᠰᠠᠨ ᠵᠣᠭᠣᠰ ᠤ᠋ᠨ ᠬᠡᠮᠵᠢᠶ᠎ᠡ 18.5 ᠳ᠋ᠦᠩᠰᠢᠭᠤᠷ ᠲᠥᠭᠥᠷᠢᠭ ᠲᠦ᠍ ᠬᠦᠷᠴᠦ᠂ ᠰᠠᠨᠠᠮᠵᠢ ᠶ᠋ᠢᠨ ᠭᠡᠷ᠎ᠡ ᠲᠣᠭᠲᠠᠭᠰᠠᠨ ᠪᠦᠭᠦ ᠵᠣᠭᠣᠰ ᠤ᠋ᠨ ᠬᠡᠮᠵᠢᠶ᠎ᠡ ᠵᠢᠨ 60% ᠭᠠᠷᠤᠢ ᠶ᠋ᠢ ᠡᠵᠡᠯᠡᠪᠡ᠃ ᠡᠨᠡ ᠨᠢ ᠮᠠᠨ ᠤ᠋ ᠣᠷᠣᠨ ᠤ᠋ ᠮᠠᠯ ᠠᠵᠤ ᠠᠬᠤᠢ ᠲᠠᠷᠢᠶᠠᠯᠠᠩ ᠣᠶᠤᠨᠴᠢᠯᠠᠯᠲᠠ ᠲᠡᠢᠰᠢ ᠲᠦᠷᠭᠡᠨ ᠶ᠋ᠢᠡᠷ ᠳᠡᠰ ᠳᠡᠪᠰᠢᠵᠦ ᠪᠠᠢᠭ᠎ᠠ ᠶ᠋ᠢ ᠭᠦᠢᠴᠡᠳ ᠬᠠᠷᠠᠭᠤᠯᠵᠤ ᠪᠠᠢᠨ᠎ᠠ᠃
ᠲᠤᠰ ᠬᠤᠭᠤᠴᠠᠭᠠᠨ ᠤ᠋ ᠦᠵᠡᠰᠭᠦᠯᠡᠩ ᠤ᠋ᠨ ᠴᠤᠭᠯᠠᠭᠠᠨ ᠨᠢ ᠮᠠᠯ ᠠᠵᠤ ᠠᠬᠤᠢ ᠲᠠᠷᠢᠶᠠᠯᠠᠩ ᠤ᠋ᠨ ᠬᠡᠷᠡᠭᠰᠡᠯ ᠤ᠋ᠨ ᠪᠦᠭᠦ ᠬᠡᠯᠬᠢᠶ᠎ᠡ ᠶ᠋ᠢᠨ ᠨᠢᠭᠡ ᠦᠷᠲᠡᠭᠡᠴᠢᠯᠡᠭᠰᠡᠨ ᠮᠠᠶᠢᠭ᠋ ᠤ᠋ᠨ ᠬᠤᠳᠠᠯᠳᠤᠨ ᠠᠪᠬᠤ ᠶ᠋ᠢ ᠪᠡᠶᠡᠯᠡᠭᠦᠯᠪᠡ᠃ ᠡᠭᠦᠨ ᠤ᠋ ᠬᠠᠮᠲᠤ ᠰᠢᠭᠤᠳ ᠨᠡᠪᠲᠡᠷᠡᠭᠦᠯᠭᠡ ᠪᠡᠷ ᠳᠠᠮᠵᠢᠨ ᠪᠠᠷᠠᠭ᠎ᠠ ᠪᠣᠷᠣᠯᠠᠭᠤᠯᠵᠤ᠂ ᠦᠵᠡᠭᠰᠡᠨ ᠬᠥᠮᠥᠨ ᠤ᠋ ᠲᠣᠭ᠎ᠠ 86 ᠲᠦᠮᠡᠨ ᠬᠥᠮᠥᠨ ᠤᠳᠠᠭ᠎ᠠ ᠳ᠋ᠤ᠌ ᠬᠦᠷᠴᠦ᠂ ᠰᠢᠭᠤᠳ ᠨᠡᠪᠲᠡᠷᠡᠭᠦᠯᠭᠡ ᠶ᠋ᠢᠨ ᠪᠣᠷᠤᠯᠠᠭᠤᠯᠭ᠎ᠠ ᠶ᠋ᠢᠨ ᠬᠡᠮᠵᠢᠶ᠎ᠡ 1.2 ᠳ᠋ᠦᠩᠰᠢᠭᠤᠷ ᠲᠥᠭᠥᠷᠢᠭ ᠢ᠋ ᠲᠠᠪᠠᠪᠠ᠃