ᠬᠠᠪᠤᠷ᠎ᠤᠨ ᠲᠤᠮᠳᠠ ᠰᠠᠷ᠎ᠠ ᠪᠡᠷ᠂ ᠬᠤᠷᠠᠭᠰᠠᠨ ᠴᠠᠰᠤ ᠪᠦᠷᠢᠮᠦᠰᠦᠨ ᠬᠠᠢᠯᠤᠭᠠᠳᠤᠢ ᠴᠦ᠍ ᠬᠢᠨᠭᠭᠠᠨ ᠠᠢᠮᠠᠭ ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ ᠤ ᠡᠷᠭᠡᠲᠦ ᠪᠠᠯᠭᠠᠰᠤᠨ᠎ᠤ ᠲᠠᠷᠢᠶᠠᠨ ᠵᠠᠬ᠎ᠠ ᠳ᠋ᠦ ᠶᠠᠭᠠᠷᠠᠯᠲᠠᠢ ᠦᠵᠡᠭ᠌ᠳᠡᠯ ᠢᠯᠡᠷᠡᠯ᠎ᠡ᠄ ᠠᠵᠢᠯᠴᠢᠳ ᠴᠠᠭ ᠢ᠋ ᠠᠮᠵᠢᠨ ᠱᠠᠯᠠᠪᠳᠠᠨ ᠠᠵᠢᠯᠯᠠᠵᠤ᠂ ᠤᠤᠨᠬᠤᠭᠤᠷ ᠮᠠᠱᠢᠨ ᠭᠠᠵᠠᠷ ᠱᠢᠷᠣᠢ ᠲᠡᠭ᠌ᠰᠢᠯᠡᠵᠦ᠍᠂ ᠬᠤᠳᠳᠤᠭ ᠥᠷᠥᠮᠳᠡᠬᠦ᠌ ᠮᠠᠱᠢᠨ ᠴᠠᠭᠠᠨ᠎ᠠ ᠨᠢ ᠬᠦᠷᠴᠢᠭᠢᠨᠡᠨᠠ᠃ ᠡᠳᠡᠭᠡᠷ ᠬᠡᠰᠡᠭ ᠪᠤᠰᠠᠭ ᠲᠠᠷᠢᠶ᠎ᠠ ᠨᠢ ᠤᠳᠤ ᠶᠠᠭ ᠥᠨᠳᠥᠷ ᠪᠠᠷᠢᠮᠵᠢᠶᠠᠲᠤ ᠡᠯᠪᠡᠭ ᠬᠤᠷᠢᠶᠠᠯᠲᠠ ᠣᠯᠬᠤ ᠰᠠᠢ᠌ᠨ ᠲᠠᠷᠢᠶᠠᠨ ᠭᠠᠵᠠᠷ ᠪᠣᠯᠤᠨ ᠬᠤᠪᠢᠷᠠᠵᠤ ᠪᠤᠢ᠃
ᠡᠨᠡ ᠵᠢᠯ᠎ᠦᠨ 3 ᠰᠠᠷ᠎ᠠ ᠪᠣᠯᠲᠠᠯ᠎ᠠ᠂ ᠬᠢᠩᠭᠠᠨ ᠠᠢᠮᠠᠭ ᠨᠢᠭᠡᠨᠲᠡ 943 ᠲᠦᠮᠡᠨ ᠮᠥ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠠᠢᠭᠤᠯᠵᠤ᠂ ᠦᠨᠳᠦᠰᠦᠨ ᠲᠠᠷᠢᠶᠠᠨ ᠭᠠᠵᠠᠷ᠎ᠤᠨ ᠶᠡᠷᠦᠩᠬᠡᠶ ᠲᠠᠯᠠᠪᠠᠶ᠎ᠶ᠋ᠢᠨ 50% ᠡᠴᠡ ᠳᠡᠭᠡᠭ᠌ᠰᠢᠬᠢ ᠶ᠋ᠢ ᠡᠵᠡᠯᠡᠵᠦ᠍᠂ ᠪᠥᠬᠥ᠌ ᠣᠷᠣᠨ᠎ᠤ ᠳᠤᠮᠳᠠᠴᠢ ᠬᠢᠷᠢ ᠲᠦᠪᠱᠢᠨ᠎ᠡᠴᠡ ᠳᠠᠪᠠᠪᠠ᠃ 2026 ᠣᠨ ᠳᠤ ᠪᠠᠢᠭᠤᠯᠵᠤ ᠪᠠᠢᠭ᠎ᠠ ᠵᠢᠴᠢ ᠪᠠᠢᠭᠤᠯᠬᠤ᠎ᠪᠠᠷ ᠪᠠᠢᠭ᠎ᠠ ᠲᠥᠷᠥᠯ ᠵᠦᠶ᠋ᠯ᠎ᠦᠨ ᠬᠡᠪᠴᠢᠶ᠎ᠡ 140 ᠲᠦᠮᠡᠨ ᠮᠥ᠍᠎ᠳᠦ ᠬᠦᠷᠴᠡᠶ᠃ ᠲᠣᠭ᠎ᠠ ᠪᠠᠷᠢᠮᠲᠠ᠎ᠶ᠋ᠢᠨ ᠠᠷᠤ᠎ᠳᠤ᠂ ᠲᠠᠷᠢᠶᠠᠯᠠᠩ ᠤᠨ ᠣᠳᠣᠬᠢᠴᠢᠯᠠᠯᠲᠠ᠎ᠶ᠋ᠢᠨ ᠠᠤᠭ᠎ᠠ ᠵᠢᠷᠤᠭ ᠲᠥᠰᠦᠪ ᠪᠤᠢ᠂ ᠨᠡᠩ ᠴᠤ᠌ ᠬᠢᠩᠭᠠᠨ ᠠᠢᠮᠠᠭ᠎ᠤᠨ ᠠᠮᠤ ᠪᠤᠳᠠᠭᠠᠨ᠎ᠤ ᠠᠮᠤᠷ ᠲᠦᠪᠱᠢᠨ᠎ᠦ ᠬᠣᠷᠢᠭ᠎ᠠ ᠱᠤᠭᠤᠮ ᠢ ᠪᠠᠲᠤ ᠰᠠᠬᠢᠵᠤ᠂ ᠬᠥᠳᠡᠭᠡ ᠲᠣᠰᠭᠣᠨ ᠢ ᠪᠦᠬᠦ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠬᠤ ᠢᠳᠡᠷᠡᠭᠦᠨ ᠠᠯᠬᠤᠭ᠎ᠠ ᠪᠤᠢ᠃
《ᠵᠢᠷᠭᠤᠭ᠎ᠠ᠎ᠶ᠋ᠢ ᠪᠠᠢᠭᠤᠯᠬᠤ ᠵᠠᠭ᠍ᠪᠤᠷ》 ᠨᠢ ᠰᠠᠭᠤᠷᠢ᠎ᠶ᠋ᠢ ᠪᠡᠬᠢᠵᠢᠭᠦᠯᠵᠦ᠍ ᠪᠥᠲᠥᠭᠡᠨ ᠪᠠᠢᠭᠤᠯᠤᠯᠲᠠ᠎ᠶ᠋ᠢᠨ 《ᠰᠠᠭᠤᠷᠢ ᠰᠡᠳᠦᠪ》 ᠢ᠋ ᠰᠠᠢᠲᠤᠷ ᠬᠠᠷᠢᠭᠤᠯᠪᠠ
《ᠨᠢᠳᠤᠨᠤᠨ ᠪᠢ ᠪᠠᠷᠢᠯᠭ᠎ᠠ᠎ᠶ᠋ᠢᠨ ᠭᠠᠵᠠᠷ᠎ᠲᠤ ᠰᠢᠷᠤᠢ ᠲᠡᠭᠡᠭᠡᠬᠦ ᠲᠡᠷᠭᠡ ᠵᠢᠯᠣᠭᠣᠳᠴᠤ᠌ 40 ᠭᠠᠷᠤᠢ ᠡᠳᠦᠷ ᠠᠵᠢᠯᠯᠠᠭᠠᠳ ᠲᠦᠮᠡ ᠭᠠᠷᠤᠢ ᠲᠥᠭᠥᠷᠢᠭ ᠣᠯᠵᠠᠢ᠃ ᠡᠨᠡ ᠵᠢᠯ ᠠᠵᠢᠯᠡᠬᠢᠯᠡᠬᠦ ᠪᠡᠷ ᠨᠢ ᠪᠢ ᠪᠠᠰᠠ ᠢᠷᠡᠯ᠎ᠡ᠂ ᠬᠡᠷ ᠦᠨᠢᠶᠡᠨ ᠡᠭᠦᠳᠡᠨ᠎ᠳᠦ ᠵᠣᠭᠣᠰ ᠤᠯᠬᠤ ᠪᠤᠯᠤᠭᠰᠠᠨ ᠳ᠋ᠠᠭᠠᠨ ᠮᠠᠰᠢ ᠬᠠᠨᠤᠮᠵᠢᠳᠠᠢ ᠪᠠᠢᠨ᠎ᠠ ᠃》 ᠬᠣᠷᠴᠢᠨ ᠪᠠᠷᠠᠭᠤᠨ ᠭᠠᠷᠤᠨ ᠳᠤᠮᠳᠠᠳᠤ ᠬᠣᠱᠢᠭᠤᠨ᠎ᠤ ᠭᠤᠤᠯ᠎ᠤᠨ ᠪᠠᠢᠱᠢᠩ ᠪᠠᠯᠭᠠᠰᠤᠨ᠎ᠤ ᠭᠦᠸᠧ ᠭᠤᠸᠠᠩ ᠭᠠᠴᠠᠭᠠᠨ᠎ᠤ ᠲᠠᠷᠢᠶᠠᠴᠢᠨ ᠶᠣᠣ ᠬᠣᠩ ᠯᠢᠶᠠᠩ ᠪᠣᠯ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢᠨ ᠬᠦᠳᠡᠯᠮᠦᠷᠢᠯᠡᠬᠦ᠎ᠪᠠᠷ ᠲᠡᠳᠬᠦᠮᠵᠢ᠎ᠶ᠋ᠢ ᠣᠷᠣᠯᠠᠭᠤᠯᠬᠤ ᠵᠠᠭ᠍ᠪᠤᠷ᠎ᠤᠨ ᠱᠢᠭᠤᠳ ᠠᠱᠢᠭ ᠬᠦᠷᠲᠡᠭ᠌ᠴᠢ ᠮᠥᠨ᠃
ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠬᠡᠷᠬᠢᠨ ᠰᠠᠢᠲᠤᠷ ᠪᠠᠢᠭᠤᠯᠵᠤ ᠪᠣᠳᠠᠲᠠᠶ ᠪᠠᠢᠭᠤᠯᠬᠤ ᠪᠣᠶ? ᠬᠢᠩᠭᠠᠨ ᠠᠢᠮᠠᠭ ᠨᠢᠭᠡ ᠢᠵᠢ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ᠍ ᠪᠣᠯᠬᠤ 《ᠵᠢᠷᠭᠤᠭ᠎ᠠ᠎ᠶ᠋ᠢ ᠪᠠᠢᠭᠤᠯᠬᠤ ᠵᠠᠭ᠍ᠪᠤᠷ》᠎ᠢ᠋ ᠰᠦᠪᠡᠭ᠌ᠴᠢᠯᠡᠨ ᠪᠦᠷᠢᠯᠳᠦᠭᠦᠯᠵᠡᠢ᠄ ᠲᠥᠪᠯᠡᠷᠡᠭᠦᠯᠵᠦ ᠵᠠᠯᠭᠠᠯᠳᠤᠭᠤᠯᠤᠨ ᠪᠠᠢᠭᠤᠯᠤᠨ᠎ᠠ᠂ ᠬᠡᠰᠡᠭ ᠪᠤᠰᠠᠭ ᠲᠠᠷᠢᠶᠠᠨ ᠭᠠᠵᠠᠷ᠎ᠢ ᠨᠡᠢᠳᠭᠡᠵᠦ᠍᠂ ᠮᠢᠩᠭᠠᠨ ᠮᠦ᠍᠎ᠡᠴᠡ ᠳᠡᠭᠡᠭ᠌ᠰᠢᠬᠢ ᠲᠥᠪᠯᠡᠷᠡᠨ ᠵᠠᠯᠭᠠᠯᠳᠤᠭ᠍ᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠨᠡᠢᠳᠡ 850 ᠭᠠᠷᠤᠢ ᠲᠦᠮᠡᠨ ᠮᠦ᠍ ᠪᠠᠢᠭᠤᠯᠵᠤ᠂ ᠪᠠᠢᠭᠤᠯᠤᠭ᠍ᠰᠠᠨ ᠲᠠᠯᠠᠪᠠᠢ ᠨᠢ ᠶᠡᠷᠦᠩᠬᠡᠢ ᠲᠠᠯᠠᠪᠠᠢ᠎ᠶ᠋ᠢᠨ 90% ᠵᠢ ᠡᠵᠡᠯᠡᠵᠦ᠍᠂ ᠲᠤᠮᠤ ᠬᠡᠯᠪᠡᠷᠢ᠎ᠶ᠋ᠢᠨ ᠲᠠᠷᠢᠶᠠᠯᠠᠩ᠎ᠤᠨ ᠮᠠᠱᠢᠨ᠎ᠤ ᠠᠵᠢᠯᠯᠠᠬᠤ᠎ᠳᠤ ᠣᠷᠣᠨ ᠵᠠᠢ ᠨᠡᠭᠡᠭᠡᠵᠦ᠍ ᠥᠭ᠌ᠪᠡ ;ᠤᠰᠤᠨ ᠤ᠋ ᠡᠬᠢ ᠰᠤᠷᠪᠤᠯᠵᠢ᠎ᠶ᠋ᠢ ᠪᠠᠲᠤᠯᠠᠨ ᠪᠠᠢᠭᠤᠯᠤᠨ᠎ᠠ ᠂ 《ᠤᠰᠤᠨ ᠤ ᠬᠡᠮᠵᠢᠢ᠎ᠠ ᠪᠡᠷ ᠭᠠᠵᠠᠷ ᠳᠠᠷᠢᠶ᠎ᠠ ᠪᠠᠨ ᠲᠣᠭ᠍ᠲᠠᠭᠠᠬᠤ》 ᠤᠯᠠᠭᠠᠨ ᠱᠤᠭᠤᠮ ᠢ ᠴᠢᠩᠭ᠎ᠠ ᠰᠠᠬᠢᠵᠤ᠂ ᠤᠰᠤᠯᠠᠬᠤ ᠪᠠ ᠤᠰᠤ ᠵᠠᠯᠠᠬᠤ ᠲᠦᠬᠦᠭᠡᠷᠦᠮᠵᠢ᠎ᠶ᠋ᠢ ᠵᠡᠷᠭᠡ᠎ᠳᠦᠨᠢ ᠢᠵᠢ ᠪᠦᠷᠢᠳᠦᠭᠦᠯᠦᠨ᠂ ᠲᠥᠷᠥᠯ ᠵᠦᠶ᠋ᠯ᠎ᠦᠨ ᠣᠷᠣᠨ᠎ᠤ ᠤᠰᠤᠯᠠᠯᠲᠠ᠎ᠶ᠋ᠢ ᠪᠠᠲᠤᠯᠠᠬᠤ ᠨᠣᠷᠮ᠎ᠠ᠎ᠶ᠋ᠢ 85% ᠡᠴᠡ ᠳᠡᠭᠡᠭ᠌ᠰᠢ᠎ᠳᠦ ᠲᠣᠭ᠍ᠲᠠᠪᠤᠷᠢᠵᠢᠭᠤᠯᠪᠠ;ᠤᠯᠠᠭᠠᠨ ᠱᠤᠭᠤᠮ᠎ᠢ ᠴᠢᠩᠭ᠎ᠠ ᠰᠠᠬᠢᠵᠤ ᠤᠯᠠᠭᠠᠨ ᠱᠤᠭᠤᠮ ᠡᠴᠡ ᠵᠠᠢᠯᠠᠰᠬᠢᠨ ᠪᠠᠢᠭᠤᠯᠤᠨ᠎ᠠ ᠂ ᠲᠥᠯᠥᠪᠵᠢᠭᠦᠯᠭᠡ᠎ᠶ᠋ᠢᠨ ᠱᠠᠲᠤᠨ᠎ᠳᠤ ᠠᠮᠢ ᠠᠬᠤᠶ᠎ᠶ᠋ᠢᠨ ᠲᠣᠭ᠍ᠲᠠᠭᠠᠯ᠎ᠤᠨ ᠴᠢᠨᠠᠷᠲᠠᠶ ᠬᠢᠨᠠᠨ ᠪᠠᠢᠴᠠᠭᠠᠯᠲᠠ᠎ᠶ᠋ᠢ ᠪᠥᠬᠥ᠌ ᠲᠠᠯ᠎ᠠ᠎ᠪᠠᠷ ᠥᠷᠨᠢᠭᠦᠯᠵᠦ᠍᠂ ᠠᠮᠢ ᠠᠬᠤᠶ᠎ᠶ᠋ᠢᠨ ᠬᠠᠮᠠᠭᠠᠯᠠᠯᠲᠠ᠎ᠶ᠋ᠢᠨ ᠤᠯᠠᠭᠠᠨ ᠱᠤᠭᠤᠮ᠎ᠡᠴᠡ ᠡᠷᠡᠰ ᠵᠠᠢᠯᠠᠵᠤ᠂ ᠲᠥᠷᠥᠯ ᠵᠦᠶ᠋ᠯ᠎ᠦᠨ ᠲᠣᠭ᠍ᠲᠠᠭᠠᠯ᠎ᠳᠤ ᠨᠡᠢᠴᠡᠬᠦᠯᠵᠦ᠍ ᠨᠠᠢᠳᠠᠪᠤᠷᠢᠵᠢᠭᠤᠯᠤᠭ᠍ᠳᠠᠬᠤ᠎ᠶ᠋ᠢ ᠪᠠᠲᠤᠯᠠᠪᠠ; ᠣᠯᠠᠨ ᠲᠦᠮᠡᠨ᠎ᠢ ᠵᠢᠯᠣᠭᠣᠳᠤᠨ ᠪᠦᠲᠦᠭᠡᠨ ᠪᠠᠢᠭᠤᠯᠤᠯᠲᠠ᠎ᠳᠤ ᠣᠷᠣᠯᠴᠠᠭᠤᠯᠤᠨ ᠪᠠᠢᠭᠤᠯᠤᠨ᠎ᠠ᠂《ᠲᠤᠬᠠᠶ᠎ᠶ᠋ᠢᠨ ᠭᠠᠵᠠᠷ᠎ᠲᠤᠨᠢ ᠬᠢᠨᠠᠨ ᠲᠣᠭ᠍ᠲᠠᠭᠠᠬᠤ + ᠳᠥᠷᠪᠡᠨ ᠲᠠᠯ᠎ᠠ᠎ᠪᠠᠷ᠎ᠢᠶᠠᠨ ᠬᠠᠮᠲᠤᠷᠠᠨ ᠬᠥᠳᠡᠯᠦᠯᠴᠡᠬᠦ᠌》 ᠵᠠᠭ᠍ᠪᠤᠷ᠎ᠤᠨ ᠱᠢᠨ᠎ᠡ᠎ᠶ᠋ᠢ ᠡᠭᠦᠳᠴᠦ᠍᠂ ᠬᠢᠨᠠᠨ ᠲᠣᠭ᠍ᠲᠠᠭᠠᠬᠤ ᠬᠤᠷᠠᠯ᠎ᠢ ᠭᠠᠴᠠᠭ᠎ᠠ ᠲᠣᠰᠭᠣᠨ᠎ᠳᠤ ᠬᠦᠷᠲᠡᠯ᠎ᠡ ᠬᠤᠷᠠᠯᠳᠤᠭᠤᠯᠬᠤ᠎ᠶ᠋ᠢᠨ ᠬᠠᠮᠲᠤ ᠬᠥᠳᠡᠯᠮᠦᠷᠢᠯᠡᠭᠦ ᠪᠡᠷ ᠲᠡᠳᠬᠦᠮᠵᠢ᠎ᠶ᠋ᠢ ᠣᠷᠣᠯᠠᠭᠤᠯᠬᠤ᠎ᠪᠠᠷ ᠣᠯᠠᠨ ᠲᠦᠮᠡᠨ᠎ᠢ ᠳᠠᠢᠴᠢᠯᠠᠨ ᠪᠦᠲᠦᠭᠡᠨ ᠪᠠᠢᠭᠤᠯᠤᠯᠲᠠ᠎ᠳᠤ ᠣᠷᠣᠯᠴᠠᠭᠤᠯᠵᠤ᠂ ᠬᠥᠳᠡᠯᠮᠦᠷᠢᠯᠡᠭᠦ ᠪᠡᠷ ᠲᠡᠳᠬᠦᠮᠵᠢ᠎ᠶ᠋ᠢ ᠣᠷᠣᠯᠠᠭᠤᠯᠤᠭ᠍ᠰᠠᠨ ᠵᠣᠭᠣᠰ᠎ᠤᠨ ᠲᠣᠭ᠎ᠠ᠎ᠶ᠋ᠢ ᠪᠠᠷᠢᠯᠭ᠎ᠠ᠎ᠳᠤ ᠳᠠᠭᠠᠭᠠᠴᠢᠯᠠᠯᠲᠠ ᠣᠯᠤᠭ᠍ᠰᠠᠨ ᠵᠣᠭᠣᠰ᠎ᠤᠨ ᠲᠣᠭ᠎ᠠ᠎ᠶ᠋ᠢᠨ 10% ᠶ᠋ᠢᠨ ᠪᠠᠷᠢᠮᠵᠢᠶ᠎ᠠ᠎ᠳᠤ ᠬᠦᠷᠭᠡᠵᠦ᠂ ᠲᠠᠷᠢᠶᠠᠴᠢᠳ᠎ᠢ ᠪᠦᠲᠦᠭᠡᠨ ᠪᠠᠢᠭᠤᠯᠤᠭ᠍ᠴᠢ ᠮᠥᠷᠲᠡᠭᠡᠨ ᠠᠱᠢᠭ ᠬᠦᠷᠲᠡᠭ᠌ᠴᠢ ᠪᠣᠯᠭᠠᠪᠠ;ᠭᠠᠵᠠᠷ ᠣᠷᠣᠨ ᠬᠤᠪᠢᠶᠠᠨ ᠠᠷᠭ᠎ᠠ ᠪᠣᠳᠣᠯᠭ᠎ᠠ ᠬᠡᠷᠡᠭ᠌ᠵᠢᠭᠦᠯᠦᠨ ᠪᠥᠲᠥᠭᠡᠨ ᠪᠠᠢᠭᠤᠯᠤᠨ᠎ᠠ᠂ ᠳᠣᠪᠣᠷᠬᠠᠭ ᠣᠷᠣᠨ᠎ᠳᠤ ᠬᠥᠲᠥᠯ ᠲᠠᠭᠠᠦ ᠲᠠᠷᠢᠶᠠᠨ ᠭᠠᠵᠠᠷ᠎ᠢ ᠭᠤᠤᠯᠳᠠᠯᠭ᠎ᠠ᠎ᠲᠠᠶ ᠵᠠᠰᠠᠵᠤ᠂ ᠢᠳᠡᠭ᠌ᠳᠡᠮᠡᠯ ᠭᠤᠤ᠎ᠶ᠋ᠢ ᠴᠡᠭ᠌ᠴᠡᠯᠡᠨ ᠵᠠᠰᠠᠵᠤ᠂ ᠲᠠᠯ᠎ᠠ ᠭᠠᠵᠠᠷ᠎ᠲᠦ ᠭᠠᠵᠠᠷ ᠱᠢᠷᠣᠶ᠎ᠶ᠋ᠢ ᠲᠡᠭ᠌ᠰᠢᠯᠡᠬᠦ᠌᠂ ᠵᠠᠮ᠎ᠢ ᠥᠭᠡᠷᠡᠴᠢᠯᠡᠨ ᠪᠠᠢᠭᠤᠯᠬᠤ᠎ᠶ᠋ᠢ ᠠᠬᠢᠭᠤᠯᠵᠤ᠂ ᠭᠠᠵᠠᠷ ᠣᠷᠣᠨ᠎ᠤ ᠪᠠᠢᠳᠠᠯ᠎ᠳᠤᠨᠢ ᠳᠣᠭᠢᠷᠠᠭᠤᠯᠬᠤ᠎ᠶ᠋ᠢ ᠪᠡᠶᠡᠯᠡᠭᠦᠯᠪᠡ; ᠪᠦᠬᠦ ᠤᠷᠤᠨ ᠪᠦᠰᠡ ᠪᠡᠷ ᠨᠢ ᠪᠠᠢᠭᠤᠯᠤᠨ᠎ᠠ᠂ ᠵᠠᠯᠠᠢᠳ ᠬᠣᠱᠢᠭᠤ᠎ᠶ᠋ᠢ ᠪᠦᠬᠦ᠌ ᠣᠷᠣᠨ᠎ᠤ ᠠᠩᠬᠠᠳᠠᠭ᠍ᠴᠢ ᠤᠯᠤᠰ᠎ᠤᠨ ᠪᠦᠬᠦ ᠣᠷᠣᠨ ᠪᠦᠰᠡ᠎ᠶ᠋ᠢᠨ ᠱᠢᠶᠠᠨ᠎ᠤ ᠱᠠᠲᠤᠨ᠎ᠤ ᠲᠦᠯᠬᠢᠨ ᠠᠬᠢᠭᠤᠯᠬᠤ ᠲᠤᠷᠱᠢᠯᠲᠠ᠎ᠶ᠋ᠢᠨ ᠴᠡᠭ ᠪᠣᠯᠭᠠᠵᠤ᠂ ᠪᠦᠬᠦ᠌ ᠠᠢᠮᠠᠭ᠎ᠤᠨ ᠬᠡᠪᠴᠢᠶᠡᠵᠢᠭ᠌ᠰᠡᠨ ᠱᠢᠰᠲ᠋ᠧᠮᠵᠢᠭ᠌ᠰᠡᠨ ᠪᠦᠲᠦᠭᠡᠨ ᠪᠠᠢᠭᠤᠯᠤᠯᠲᠠ᠎ᠶ᠋ᠢ ᠳᠠᠢᠴᠢᠯᠠᠨ᠂ ᠲᠤᠷᠱᠢᠨ ᠬᠡᠷᠡᠭ᠌ᠵᠢᠭᠦᠯᠦᠭ᠌ᠰᠡᠨ ᠬᠡᠪᠴᠢᠶ᠎ᠡ ᠵᠢ 310 ᠲᠦᠮᠡᠨ ᠮᠦ᠍᠎ᠳᠦ ᠬᠦᠷᠭᠡᠪᠡ᠃
ᠡᠨᠡ ᠵᠢᠯ᠂ ᠬᠢᠩᠭᠠᠨ ᠠᠢᠮᠠᠭ ᠬᠡᠳᠦ ᠣᠷᠳᠣ ᠬᠤᠭᠤᠴᠠᠭ᠎ᠠ᠎ᠳᠤ ᠤᠯᠤᠰ᠎ᠤᠨ ᠣᠨᠴᠠᠭᠠᠢ ᠵᠢᠭᠡᠯᠡᠯᠭᠡ᠎ᠶ᠋ᠢᠨ ᠪᠠᠯᠠ ᠮᠥᠩᠭᠥ᠎ᠶ᠋ᠢ 15.52 ᠳ᠋ᠦᠩᠱᠢᠭᠤᠷ ᠲᠥᠭᠥᠷᠢᠭ ᠡᠷᠡᠮᠡᠯᠵᠡᠯᠡᠨ ᠣᠯᠵᠤ᠂ 61 ᠲᠦᠮᠡᠨ ᠮᠥ᠍ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠶ᠋ᠢ ᠳᠡᠮᠵᠢᠪᠡ᠃ ᠡᠭᠦᠨ᠎ᠳᠦ ᠵᠠᠯᠠᠢᠳ ᠬᠣᠱᠢᠭᠤᠨ᠎ᠤ 13.8 ᠲᠦᠮᠡᠨ ᠮᠥ᠍ ᠪᠥᠲᠥᠭᠡᠨ ᠪᠠᠢᠭᠤᠯᠤᠯᠲᠠ᠎ᠶ᠋ᠢᠨ ᠬᠡᠪᠴᠢᠶ᠎ᠡ᠂ ᠶᠡᠷᠦᠩᠬᠡᠶ ᠪᠠᠯᠠ ᠣᠷᠣᠭᠤᠯᠤᠯᠲᠠ᠎ᠨᠢ 3.2 ᠳ᠋ᠦᠩᠱᠢᠭᠤᠷ ᠲᠥᠭᠥᠷᠢᠭ᠎ᠢ ᠳᠠᠪᠠᠭ᠍ᠰᠠᠨ ᠬᠡᠳᠦ ᠣᠷᠳᠣ ᠬᠤᠭᠤᠴᠠᠭ᠎ᠠ᠎ᠳᠤ ᠤᠯᠤᠰ᠎ᠤᠨ ᠣᠨᠴᠠᠭᠠᠢ ᠵᠢᠭᠡᠯᠡᠯᠭᠡ ᠵᠢᠨ ᠲᠥᠷᠥᠯ ᠵᠦᠶ᠋ᠯ᠎ᠨᠢ ᠣᠳᠣᠬᠠᠨ᠎ᠳᠤ ᠨᠢᠭᠡᠨᠲᠡ ᠳᠠᠭᠠᠭᠠᠴᠢᠯᠠᠯᠲᠠ ᠵᠠᠷᠯᠠᠬᠤ ᠱᠠᠲᠤᠨ᠎ᠳᠤ ᠣᠷᠣᠪᠠ᠃
《ᠭᠤᠷᠪᠠ᠎ᠶ᠋ᠢ ᠴᠢᠩᠭᠠᠳᠭᠠᠬᠤ》 ᠨᠢ ᠬᠠᠮᠢᠶᠠᠷᠤᠯᠲᠠ ᠬᠠᠮᠠᠭᠠᠯᠠᠯᠲᠠ᠎ᠶ᠋ᠢ ᠪᠦᠷᠢᠨᠱᠢᠬᠦᠯᠵᠤ ᠣᠷᠳᠣ ᠬᠤᠭᠤᠴᠠᠭᠠᠨ᠎ᠤ ᠪᠦᠲᠦᠮᠵᠢᠲᠡᠶ 《ᠵᠠᠩᠭᠢᠯᠠᠭ᠎ᠠ᠎ᠶ᠋ᠢᠨ ᠰᠡᠳᠦᠪ》 ᠢ᠋ ᠰᠠᠢᠲᠤᠷ ᠬᠠᠷᠢᠭᠤᠯᠪᠠ
ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ ᠨᠢ 《ᠭᠤᠷᠪᠠᠨ ᠬᠤᠪᠢ ᠨᠢ ᠪᠠᠢᠭᠤᠯᠵᠤ᠂ ᠳᠣᠯᠣᠭᠠᠨ ᠬᠤᠪᠢ ᠨᠢ ᠬᠠᠮᠢᠶᠠᠷᠬᠤ ᠳ᠋ᠤ ᠪᠤᠢ》᠃ ᠬᠢᠩᠭᠠᠨ ᠠᠢᠮᠠᠭ ᠪᠠᠢᠭᠤᠯᠤᠭ᠍ᠰᠠᠨ᠎ᠤ ᠳᠠᠷᠠᠭᠠᠬᠢ ᠬᠠᠮᠢᠶᠠᠷᠤᠯᠲᠠ ᠬᠠᠮᠠᠭᠠᠯᠠᠯᠲᠠ᠎ᠶ᠋ᠢᠨ ᠣᠷᠳᠣ ᠬᠤᠭᠤᠴᠠᠭ᠎ᠠ ᠪᠦᠲᠦᠮᠵᠢᠲᠡᠶ ᠪᠠᠢᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠨᠠᠮ ᠤᠨ ᠪᠠᠢᠭᠤᠯᠤᠯᠲᠠ᠎ᠪᠠᠷ ᠬᠠᠮᠢᠶᠠᠷᠤᠯᠲᠠ᠎ᠶ᠋ᠢ ᠬᠥᠲᠥᠯᠥᠨ ᠳᠠᠭᠠᠭᠤᠯᠬᠤ᠂ ᠳᠡᠭᠡᠳᠦ ᠳᠤᠤᠷᠠᠳᠤ ᠱᠠᠲᠤ᠎ᠶ᠋ᠢ ᠨᠢᠭᠡ ᠴᠣᠭ᠍ᠴᠠᠵᠢᠭᠤᠯᠤᠨ ᠬᠠᠮᠢᠶᠠᠷᠬᠤ᠂ ᠣᠯᠠᠨ ᠲᠠᠯ᠎ᠠ᠎ᠪᠠᠷ ᠬᠣᠯᠪᠣᠭᠠᠯᠠᠨ ᠬᠠᠮᠢᠶᠠᠷᠬᠤ᠎ᠶ᠋ᠢ ᠴᠢᠩᠭᠠᠳᠭᠠᠵᠤ᠂ ᠪᠥᠬᠥ᠌ ᠶᠠᠪᠤᠴᠠ᠎ᠶ᠋ᠢᠨ᠂ ᠪᠦᠬᠦᠨ᠎ᠢ ᠬᠠᠮᠤᠷᠤᠭ᠍ᠰᠠᠨ ᠬᠠᠮᠢᠶᠠᠷᠤᠯᠲᠠ᠎ᠶ᠋ᠢᠨ ᠱᠢᠰᠲ᠋ᠧᠮ᠎ᠢ ᠪᠠᠢᠭᠤᠯᠪᠠ᠃
《ᠨᠠᠮ᠎ᠤᠨ ᠪᠠᠢᠭᠤᠯᠤᠯᠲᠠ + ᠲᠥᠷᠥᠯ ᠵᠦᠶ᠋ᠯ》 ᠢ᠋ ᠠᠬᠢᠭᠤᠯᠬᠤ ᠵᠠᠭ᠍ᠪᠤᠷ᠎ᠤᠨ ᠱᠢᠨ᠎ᠡ᠎ᠶ᠋ᠢ ᠡᠭᠦᠳᠬᠦ᠌᠎ᠪᠡᠷ ᠳᠠᠮᠵᠢᠭᠤᠯᠤᠨ᠂ ᠲᠥᠷᠥᠯ ᠵᠦᠶ᠋ᠯ᠎ᠦᠨ ᠤᠷᠤᠨ᠎ᠤ ᠭᠠᠴᠡᠭ᠎ᠠ ᠲᠣᠰᠭᠣᠨ᠎ᠤ ᠨᠠᠮ᠎ᠤᠨ ᠡᠭᠦᠷ ᠪᠣᠯᠤᠨ ᠨᠠᠮ᠎ᠤᠨ ᠭᠡᠱᠢᠭᠦᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠦ᠍᠂ ᠪᠠᠷᠢᠯᠭ᠎ᠠ᠎ᠶ᠋ᠢᠨ ᠲᠣᠭᠣᠷᠢᠭ ᠨᠢᠭᠡᠪᠦᠷᠢ᠎ᠳᠦ ᠨᠠᠭᠠᠳᠤ ᠵᠠᠬ᠎ᠠ᠎ᠳᠠᠭᠠᠨ 2 ᠨᠠᠮ᠎ᠤᠨ ᠭᠡᠱᠢᠭᠦᠨ᠎ᠢ ᠬᠢᠨᠠᠯᠲᠠ ᠲᠠᠯᠪᠢᠭ᠍ᠴᠢ ᠪᠡᠷ ᠲᠣᠬᠢᠷᠠᠭᠤᠯᠵᠤ᠂ ᠪᠠᠷᠢᠯᠭ᠎ᠠ᠎ᠶ᠋ᠢᠨ ᠶᠠᠰᠤ ᠴᠢᠨᠠᠷ᠎ᠢ ᠪᠠᠳᠤᠯᠠᠬᠤ 《ᠬᠠᠯᠬᠠᠪᠴᠢ》 ᠶ᠋ᠢ ᠪᠠᠲᠤ ᠪᠠᠬᠢ ᠪᠠᠢᠭᠤᠯᠪᠠ᠃ ᠪᠠᠯᠠ ᠮᠥᠩᠭᠥ᠎ᠶ᠋ᠢ ᠬᠠᠮᠢᠶᠠᠷᠴᠤ᠌ ᠬᠠᠮᠠᠭᠠᠯᠠᠬᠤ᠎ᠶ᠋ᠢ ᠠᠢᠮᠠᠭ ᠬᠣᠱᠢᠭᠤ ᠬᠣᠶᠠᠷ ᠱᠠᠲᠤᠨ᠎ᠤ ᠨᠠᠮ ᠵᠠᠰᠠᠭ᠎ᠤᠨ 《ᠨᠢᠭᠡᠳᠦᠭᠡᠷ ᠬᠠᠷᠢᠭᠤᠴᠠᠯᠭᠠᠲᠠᠨ 》 ᠤ᠋ᠢᠨᠵᠧᠨᠧᠷᠢᠩ ᠪᠣᠯᠭᠠᠵᠤ᠂ ᠲᠥᠯᠥᠪᠵᠢᠭᠦᠯᠦᠨ ᠵᠢᠷᠤᠵᠤ ᠲᠥᠯᠥᠪᠯᠡᠬᠦ᠌᠂ ᠪᠠᠷᠢᠯᠭ᠎ᠠ ᠪᠠᠷᠢᠵᠤ ᠪᠥᠲᠥᠭᠡᠨ ᠪᠠᠢᠭᠤᠯᠬᠤ᠂ ᠪᠠᠯᠠ ᠮᠥᠩᠭᠥ᠌ ᠰᠠᠯᠭᠠᠨ ᠥᠭ᠌ᠬᠦ ᠪᠥᠬᠥ᠌ ᠶᠠᠪᠤᠴᠠ᠎ᠶ᠋ᠢ ᠠᠩᠬᠠᠷᠤᠨ ᠭᠦᠶ᠋ᠴᠡᠳᠭᠡᠵᠦ᠍᠂ ᠲᠤᠰᠭᠠᠶ ᠡᠷᠦᠬᠡ᠎ᠪᠡᠷ ᠬᠠᠮᠢᠶᠠᠷᠬᠤ᠂ ᠲᠠᠰ ᠳᠡᠪᠱᠢᠭᠦᠯᠵᠦ᠍ ᠬᠢᠨᠠᠨ ᠵᠥᠪᠱᠢᠶᠡᠷᠡᠬᠦ᠌ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠤᠨ᠂ 《ᠭᠠᠷᠠᠭᠵᠢᠡᠷ ᠳᠣᠭᠢᠷᠠᠭᠤᠯᠬᠤ᠂ ᠰᠠᠷ᠎ᠠ᠎ᠪᠡᠷ ᠮᠡᠳᠡᠭᠦᠯᠬᠦ᠌᠂ ᠤᠯᠠᠷᠢᠯ᠎ᠢᠶᠠᠷ ᠵᠢᠭ᠍ᠰᠠᠭᠠᠬᠤ᠂ ᠣᠨ᠎ᠢᠶᠠᠷ ᠱᠢᠯᠭᠠᠨ ᠬᠢᠨᠠᠬᠤ》 ᠪᠢᠲᠡᠭᠦᠦ ᠴᠠᠭᠠᠷᠢᠭ᠎ᠤᠨ ᠬᠠᠮᠢᠶᠠᠷᠤᠯᠲᠠ᠎ᠶ᠋ᠢᠨ ᠲᠣᠭ᠍ᠲᠡᠴᠡ᠎ᠶ᠋ᠢ ᠬᠡᠷᠡᠭ᠌ᠵᠢᠭᠦᠯᠵᠦ᠍᠂ ᠣᠯᠠᠨ ᠲᠦᠮᠡᠨ᠎ᠦ ᠢᠯᠵᠢᠷᠡᠯ᠎ᠢ ᠴᠡᠭ᠌ᠴᠡᠯᠡᠨ ᠵᠠᠰᠠᠬᠤᠯᠤᠭᠠ ᠵᠡᠷᠭᠡ᠎ᠪᠡᠷ ᠠᠳᠭᠤᠨ᠂ ᠪᠠᠯᠠ ᠮᠥᠩᠭᠥ᠎ᠶ᠋ᠢ ᠴᠢᠬᠤᠯᠠ ᠭᠠᠵᠠᠷ᠎ᠲᠤ ᠬᠡᠷᠡᠭ᠌ᠯᠡᠬᠦ᠌᠎ᠶ᠋ᠢ ᠦᠨᠡᠨ ᠬᠦ᠌ ᠪᠠᠲᠤᠯᠠᠪᠠ᠃ ᠡᠭᠦᠨ᠎ᠡᠴᠡ ᠭᠠᠳᠠᠨ᠎ᠠ᠂ ᠬᠡᠰᠡᠭ ᠭᠠᠵᠠᠷ ᠳᠠᠷᠠᠭᠠᠯᠠᠨ ᠬᠠᠮᠢᠶᠠᠷᠴᠤ᠌ ᠬᠠᠮᠠᠭᠠᠯᠠᠬᠤ ᠵᠥᠪᠯᠡᠯᠴᠡᠭᠡᠷ ᠲᠣᠭ᠍ᠲᠠᠵᠤ᠂ ᠬᠠᠷᠢᠭᠤᠴᠠᠯᠭ᠎ᠠ᠎ᠶ᠋ᠢ 《ᠨᠢᠭᠡ ᠬᠥᠮᠦᠨ ᠳᠤ ᠨᠢᠭᠡ ᠬᠤᠳᠳᠤᠭ 》ᠲᠸ᠋ ᠬᠦᠷᠲᠡᠯ᠎ᠡ ᠨᠠᠢᠳᠠᠪᠤᠷᠢᠵᠢᠭᠤᠯᠵᠤ᠂ ᠵᠠᠭᠤ ᠱᠢᠬᠠᠮ ᠱᠢᠨ᠎ᠡ ᠬᠡᠯᠪᠡᠷᠢ᠎ᠶ᠋ᠢᠨ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢ ᠬᠥᠲᠥᠯᠥᠨ ᠵᠢᠯᠣᠭᠣᠳᠴᠤ᠌ ᠪᠠᠢᠭᠠᠳ ᠰᠡᠭᠦᠯᠴᠢ᠎ᠶ᠋ᠢᠨ ᠬᠤᠭᠤᠴᠠᠭᠠᠨ᠎ᠤ ᠬᠠᠮᠢᠶᠠᠷᠴᠤ᠌ ᠬᠠᠮᠠᠭᠠᠯᠠᠬᠤ᠎ᠳᠤ ᠣᠷᠣᠯᠴᠠᠭᠤᠯᠵᠤ᠂ ᠬᠠᠮᠢᠶᠠᠷᠴᠤ᠌ ᠬᠠᠮᠠᠭᠠᠯᠠᠬᠤ᠎ᠶ᠋ᠢ ᠲᠤᠰᠭᠠᠢᠵᠢᠭᠤᠯᠬᠤ᠂ ᠨᠠᠷᠢᠯᠢᠬ᠍ᠵᠢᠭᠤᠯᠬᠤ᠎ᠶ᠋ᠢ ᠪᠡᠶᠡᠯᠡᠭᠦᠯᠪᠡ᠃
ᠬᠢᠩᠭᠠᠨ ᠠᠢᠮᠠᠭ ᠪᠠᠰᠠ《ᠰᠠᠨᠠᠯ ᠬᠤᠷᠢᠶᠠᠬᠤ ᠺᠣᠳ᠋》᠎ᠤ᠋ᠨ ᠵᠢᠵᠢᠭ ᠫᠷᠤᠭ᠌ᠷᠠᠮ᠎ᠢ ᠡᠭᠦᠳᠴᠤ᠂ ᠲᠥᠷᠥᠯ ᠵᠦᠶ᠋ᠯ᠎ᠢ ᠲᠥᠯᠥᠪᠵᠢᠭᠦᠯᠬᠦ᠌᠂ ᠵᠢᠷᠤᠵᠤ ᠲᠥᠯᠥᠪᠯᠡᠬᠦ᠌᠂ ᠪᠠᠷᠢᠯᠭ᠎ᠠ ᠪᠠᠷᠢᠬᠤ᠂ ᠱᠢᠯᠭᠠᠨ ᠠᠪᠬᠤ ᠪᠥᠬᠥ᠌ ᠭᠣᠭ᠍ᠴᠣᠭ᠎ᠠ ᠶ᠋ᠢ ᠬᠠᠮᠤᠷᠴᠤ᠂ ᠺᠠᠳ᠋ᠷ ᠣᠯᠠᠨ ᠲᠦᠮᠡᠨ 《ᠭᠠᠷᠤᠨ ᠠᠶ᠎ᠠ ᠪᠠᠷ ᠰᠡᠭᠦᠳᠡᠷᠯᠡᠵᠦ᠍᠂ ᠺᠣᠳ᠋ᠰᠢᠷᠪᠢᠨ ᠳᠡᠭᠡᠭ᠌ᠰᠢ ᠮᠡᠳᠡᠭᠦᠯᠬᠦ》᠎ᠳ᠋ᠸ᠋ ᠲᠦᠭᠦᠮ ᠪᠤᠯᠭᠠᠪᠠ᠃ ᠣᠳᠣᠬᠠᠨ᠎ᠳᠤ ᠨᠢᠭᠡᠨᠲᠡ ᠡᠯ᠎ᠡ ᠲᠥᠷᠥᠯ᠎ᠦᠨ ᠰᠠᠨᠠᠯ ᠰᠠᠨᠠᠭᠤᠯᠭ᠎ᠠ᠎ᠶ᠋ᠢ 41 ᠵᠤᠷᠪᠤᠰ ᠬᠣᠷᠢᠶᠠᠨ ᠣᠯᠵᠤ᠂ ᠬᠢᠨᠠᠯᠲᠠ ᠬᠠᠮᠢᠶᠠᠷᠤᠯᠲᠠ᠎ᠶᠢ 《ᠰᠠᠯᠠᠭ᠎ᠠ ᠮᠥᠴᠢᠷ᠎ᠦᠨ ᠬᠢᠨᠠᠯᠲᠠ》᠎ᠡᠴᠡ 《ᠪᠥᠬᠥ᠌ ᠠᠷᠠᠳ᠎ᠤᠨ ᠬᠢᠨᠠᠯᠲᠠ》 ᠲᠡᠢᠰᠢ ᠤᠷᠲᠤᠳᠬᠠᠬᠤ᠎ᠶ᠋ᠢ ᠪᠡᠶᠡᠯᠡᠭᠦᠯᠵᠦ᠍᠂ ᠱᠢᠭᠤᠳ ᠲᠠᠷᠢᠶᠠᠨ ᠭᠠᠵᠠᠷ᠎ᠲᠤ ᠭᠦᠷᠦᠭ᠌ᠰᠡᠨ ᠪᠠᠢᠨ᠎ᠠ᠃
《ᠳᠥᠷᠪᠡᠨ ᠦᠷ᠎ᠡ ᠠᠰᠢᠭ᠎ᠢ ᠤᠶᠠᠯᠳᠤᠭᠤᠯᠬᠤ》 ᠵᠢᠨ ᠦᠷ᠎ᠡ ᠪᠦᠲᠦᠮᠵᠢ ᠢᠯᠡᠷᠡᠵᠦ᠍ ᠣᠷᠣᠯᠭ᠎ᠠ᠎ᠶ᠋ᠢ ᠨᠡᠮᠡᠭ᠌ᠳᠡᠭᠦᠯᠬᠦ᠌ 《ᠦᠷ᠎ᠡ ᠪᠦᠲᠦᠮᠵᠢ᠎ᠶ᠋ᠢᠨ ᠰᠡᠳᠦᠪ》 ᠢ᠋ ᠰᠠᠢᠲᠤᠷ ᠬᠠᠷᠢᠭᠤᠯᠪᠠ
ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠰᠠᠢᠲᠤᠷ ᠪᠠᠢᠭᠤᠯᠵᠤ᠂ ᠰᠠᠢᠲᠤᠷ ᠬᠠᠮᠢᠶᠠᠷᠴᠠᠢ᠂ ᠲᠡᠭᠡᠪᠡᠯ ᠦᠷ᠎ᠡ ᠠᠱᠢᠭ ᠨᠢ ᠬᠢᠷᠢ ᠵᠡᠷᠭᠡ ᠪᠤᠯ? ᠬᠢᠩᠭᠠᠨ ᠠᠢᠮᠠᠭ《ᠳᠥᠷᠪᠡᠨ ᠦᠷ᠎ᠡ ᠠᠰᠢᠭ᠎ᠢ ᠤᠶᠠᠯᠳᠤᠭᠤᠯᠬᠤ》᠎ᠪᠠᠷ ᠳᠡᠮᠵᠢᠨ᠂ ᠠᠮᠢ ᠠᠬᠤᠶ᠂ ᠤᠰᠤ ᠠᠷᠪᠢᠯᠠᠬᠤ᠂ ᠤᠨᠠᠯᠲᠠ᠎ᠪᠠᠨ ᠨᠡᠮᠡᠭ᠌ᠳᠡᠭᠦᠯᠬᠦ᠌᠂ ᠣᠷᠣᠯᠭ᠎ᠠ᠎ᠪᠠᠨ ᠨᠡᠮᠡᠭ᠌ᠳᠡᠭᠦᠯᠬᠦ᠌ ᠵᠡᠷᠭᠡ ᠣᠯᠠᠨ ᠲᠠᠯ᠎ᠠ ᠵᠢᠨ ᠦᠷ᠎ᠡ ᠠᠱᠢᠭ᠎ᠤᠨ ᠲᠠᠪᠬᠤᠴᠠᠯ ᠢ ᠪᠡᠶᠡᠯᠡᠭᠦᠯᠵᠦ᠂ ᠬᠢᠯᠠᠯᠵᠠᠮ᠎ᠠ ᠠᠮᠵᠢᠯᠲᠠ᠎ᠵᠢᠨ ᠬᠠᠭᠤᠳᠠᠰᠤ ᠲᠤᠰᠢᠶᠠᠪᠠ᠃
ᠠᠮᠢ ᠠᠬᠤᠢ᠎ᠶ᠋ᠢᠨ ᠦᠷ᠎ᠡ ᠠᠱᠢᠭ ᠦᠷᠭᠦᠯᠵᠢᠯᠡᠨ ᠲᠣᠪᠣᠢᠮ᠎ᠠ ᠪᠣᠯᠪᠠ᠃ ᠪᠥᠬᠥ᠌ ᠠᠢᠮᠠᠭ᠎ᠲᠤ 1300 ᠭᠠᠷᠤᠶ ᠺᠢᠯᠣᠮᠧᠲ᠋ᠷ ᠲᠠᠷᠢᠶᠠᠨ ᠭᠠᠵᠠᠷ ᠤᠨ ᠬᠠᠯᠬᠠᠪᠴᠢ ᠣᠶ᠎ᠶ᠋ᠢ ᠱᠢᠨ᠎ᠡ᠎ᠪᠡᠷ ᠪᠠᠢᠭᠤᠯᠵᠤ᠂ ᠲᠠᠷᠢᠶᠠᠨ ᠭᠠᠵᠠᠷ᠎ᠤᠨ ᠶᠠᠰᠤ ᠴᠢᠨᠠᠷ᠎ᠤᠨ ᠳᠡᠰ 5.45 ᠳ᠋ᠤ ᠬᠦᠷᠴᠦ᠍᠂ ᠪᠥᠬᠥ᠌ ᠣᠷᠣᠨ᠎ᠤ ᠳᠤᠮᠳᠠᠴᠢ ᠬᠢᠷᠢ ᠲᠦᠪᠱᠢᠨ᠎ᠡᠴᠡ ᠥᠨᠳᠥᠷ ᠪᠣᠯᠪᠠ; 2025 ᠣᠨ᠎ᠳᠤ ᠪᠥᠬᠥ᠌ ᠣᠷᠣᠨ᠎ᠤ ᠠᠩᠬᠠᠳᠠᠭ᠍ᠴᠢ ᠪᠦᠯᠦᠭ ᠬᠥᠷᠥᠰᠥ᠍ ᠱᠢᠷᠣᠶ᠎ᠵᠢᠨ ᠢᠳᠡᠭᠳᠡᠯ᠎ᠢ ᠰᠡᠷᠭᠡᠢᠯᠡᠨ ᠵᠠᠰᠠᠬᠤ ᠠᠮᠢ ᠠᠬᠤᠶ᠎ᠶ᠋ᠢᠨ ᠦᠶ᠋ᠯᠡᠳᠬᠦᠨ᠎ᠦ ᠥᠷᠲᠡᠭ ᠢ ᠤᠯᠠᠷᠢᠭᠤᠯᠤᠨ ᠠᠷᠠᠯᠵᠢᠶᠠᠯᠠᠬᠤ ᠭᠡᠷ᠎ᠡ ᠵᠢ ᠬᠢᠨᠭᠭᠠᠨ ᠠᠢᠮᠠᠭ᠎ᠲᠦ ᠲᠣᠭ᠍ᠲᠠᠪᠠ; ᠵᠠᠯᠠᠢᠳ ᠬᠣᠱᠢᠭᠤ᠎ᠶ᠋ᠢᠨ ᠰᠤᠳᠤᠯᠤᠨ ᠨᠡᠭᠡᠭᠡᠭ᠌ᠰᠡᠨ 《ᠪᠥᠬᠥ᠌ ᠬᠡᠮᠵᠢᠶᠡᠨ᠎ᠦ ᠡᠰᠢ ᠰᠦᠷᠡᠯ᠎ᠢ ᠪᠦᠷᠬᠦᠭᠦᠯᠬᠦ᠌ + ᠬᠠᠭᠠᠯᠪᠤᠷᠢᠯᠠᠬᠤ ᠥᠬᠡᠶ᠎ᠪᠡᠷ ᠳᠠᠷᠢᠬᠤ》 ᠵᠠᠭ᠍ᠪᠤᠷ᠎ᠨᠢ ᠵᠡᠭᠦᠨ ᠬᠣᠢᠲᠤ᠎ᠶ᠋ᠢᠨ ᠬᠠᠷ᠎ᠠ ᠬᠥᠷᠥᠰᠥᠲᠦ ᠭᠠᠵᠠᠷ ᠰᠢᠷᠤᠢ ᠵᠢᠨ ᠬᠠᠮᠠᠭᠠᠯᠠᠯᠳᠠ ᠵᠢᠨ ᠴᠢᠨᠠᠷᠲᠠᠶ ᠲᠠᠷᠢᠶᠠᠯᠠᠭ᠎ᠠ᠎ᠵᠢᠨ ᠬᠡᠷᠡᠭ᠌ᠯᠡᠭᠡᠨ᠎ᠦ ᠨᠡᠢᠲᠡᠯᠢᠭ ᠬᠡᠷᠡᠭ᠎ᠦᠨ ᠵᠢᠱ᠌ᠢᠶ᠎ᠡ᠎ᠪᠡᠷ ᠰᠣᠩᠭᠣᠭ᠍ᠳᠠᠪᠠ᠃
ᠤᠰᠤ ᠠᠷᠪᠢᠯᠠᠬᠤ ᠦᠷ᠎ᠡ ᠠᠱᠢᠭ ᠦᠨᠡᠨ ᠪᠤᠳᠠᠳᠠᠢ ᠢᠯᠡᠷᠡᠪᠡ᠃ ᠲᠤᠬᠠᠶ᠎ᠶ᠋ᠢᠨ ᠭᠠᠵᠠᠷ᠎ᠲᠤ ᠭᠦᠢᠬᠡᠨ ᠪᠤᠯᠠᠵᠤ ᠳᠤᠰᠤᠯᠠᠭᠠᠨ ᠤᠰᠤᠯᠠᠬᠤ᠂ ᠤᠰᠤ ᠪᠣᠷᠳᠣᠭᠤᠷ᠎ᠢ ᠨᠢᠭᠡ ᠴᠣᠭ᠍ᠴᠠᠵᠢᠭᠤᠯᠬᠤ ᠮᠡᠷᠭᠡᠵᠢᠯ᠎ᠢ ᠳᠡᠯᠭᠡᠷᠡᠭᠦᠯᠦᠭᠰᠡᠨ ᠵᠢᠡᠷ᠂ ᠮᠦ᠍ ᠨᠢᠬᠡᠴᠢ ᠵᠢᠨ ᠤᠰᠤᠯᠠᠯᠲᠠ ᠳ᠋ᠦ ᠬᠡᠷᠡᠭ᠌ᠯᠡᠬᠦ᠌ ᠤᠰᠤᠨ᠎ᠤ ᠬᠡᠮᠵᠢᠶ᠎ᠡ 350 ᠪᠣᠰᠣᠭ᠎ᠠ ᠳᠥᠷᠪᠡᠯᠵᠢᠨ ᠮᠧᠲ᠋ᠷ ᠪᠠᠢᠭ᠍ᠰᠠᠨ᠎ᠡᠴᠡ᠎ᠪᠠᠨ ᠪᠠᠭᠤᠷᠠᠭᠠᠳ 200 ᠪᠣᠰᠣᠭ᠎ᠠ ᠳᠥᠷᠪᠡᠯᠵᠢᠨ ᠮᠧᠲ᠋ᠷ ᠪᠣᠯᠵᠤ᠂ ᠤᠰᠤ ᠠᠷᠪᠢᠯᠠᠬᠤ ᠨᠣᠷᠮ᠎ᠠ 40%᠎ᠶ᠋ᠢ ᠳᠠᠪᠠᠵᠤ᠂ ᠤᠰᠤᠨ ᠲᠤᠲᠤᠷᠭ᠎ᠠ᠎ᠶ᠋ᠢᠨ ᠲᠠᠷᠢᠮᠠᠯ᠎ᠤᠨ ᠣᠷᠣᠨ᠎ᠤ ᠬᠣᠷᠣᠬᠠᠶ ᠠᠯᠠᠬᠤ ᠡᠮ᠎ᠦᠨ ᠬᠡᠷᠡᠭ᠌ᠯᠡᠯᠲᠡ 90%᠎ᠪᠡᠷ ᠪᠠᠭᠤᠷᠠᠵᠤ᠂ ᠮᠦ᠍ ᠨᠢᠬᠡᠴᠢ ᠵᠢᠨ ᠥᠪᠡᠷ᠎ᠦᠨ ᠥᠷᠲᠡᠭ᠎ᠢ 300 ᠭᠠᠷᠤᠢ ᠲᠥᠭᠥᠷᠢᠭ ᠪᠠᠭᠤᠷᠠᠭᠤᠯᠪᠠ᠃
ᠤᠨᠠᠯᠲᠠ᠎ᠶᠢ ᠨᠡᠮᠡᠭᠳᠡᠭᠦᠯᠬᠦ ᠦᠷ᠎ᠡ ᠠᠱᠢᠭ ᠢᠯᠡᠷᠭᠡᠢ ᠪᠤᠯᠪᠠ᠃ 《ᠪᠠᠭ᠎ᠠ ᠲᠠᠷᠢᠶ᠎ᠠ ᠶᠡᠬᠡ ᠲᠠᠷᠢᠶ᠎ᠠ᠎ᠵᠢ ᠨᠡᠢᠯᠡᠭᠦᠯᠬᠦ》 ᠵᠢᠴᠢ ᠰᠠᠭᠤᠷᠢ ᠲᠦᠬᠦᠭᠡᠷᠦᠮᠵᠢ᠎ᠶᠢ ᠢᠵᠢ ᠪᠦᠷᠢᠳᠦᠭᠦᠯᠬᠦ᠌᠎ᠪᠠᠷ ᠳᠠᠮᠵᠢᠵᠦ᠂ ᠲᠥᠷᠥᠯ ᠵᠦᠢᠯ᠎ᠦᠨ ᠣᠷᠣᠨ ᠤ ᠠᠮᠤ ᠪᠤᠳᠠᠭᠠᠨ᠎ᠤ ᠮᠦ᠍ ᠨᠢᠬᠡᠴᠢ ᠵᠢᠨ ᠤᠨᠠᠯᠲᠠ᠎ᠶ᠋ᠢ 100 ᠺᠢᠯᠣᠭ᠌ᠷᠠᠮ᠎ᠡᠴᠡ ᠳᠡᠭᠡᠭ᠌ᠰᠢ ᠨᠡᠮᠡᠭ᠌ᠳᠡᠭᠦᠯᠪᠡ᠃ 2025 ᠣᠨ᠎ᠳᠤ᠂ ᠪᠥᠬᠥ᠌ ᠠᠢᠮᠠᠭ᠎ᠤᠨ ᠠᠮᠤ ᠪᠤᠳᠠᠭᠠᠨ᠎ᠤ ᠶᠡᠷᠦᠩᠬᠡᠶ ᠤᠨᠠᠯᠲᠠ 143 ᠳ᠋ᠦᠩᠱᠢᠭᠤᠷ ᠵᠢᠩ᠎ᠳᠦ ᠬᠦᠷᠴᠦ᠍᠂ 《ᠠᠷᠪᠠᠨ ᠵᠢᠷᠭᠤᠭᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠬᠤ》᠎ᠶ᠋ᠢ ᠪᠡᠶᠡᠯᠡᠭᠦᠯᠵᠦ᠍᠂ ᠡᠨᠡ ᠵᠢᠯ᠂ ᠪᠥᠬᠥ᠌ ᠠᠢᠮᠠᠭ᠎ᠲᠤ ᠵᠠᠭᠤᠨ ᠲᠦᠮᠡᠨ ᠮᠥ᠍ 《ᠲᠣᠨ᠎ᠤ ᠤᠨᠠᠯᠲᠠ ᠲᠠᠢ ᠲᠠᠷᠢᠶᠠᠨ ᠭᠠᠵᠠᠷ》 ᠢ᠋ ᠪᠥᠲᠥᠭᠡᠨ ᠪᠠᠢᠭᠤᠯᠬᠤ᠎ᠪᠠᠷ ᠪᠠᠢᠨ᠎ᠠ᠃ ᠤᠯᠤᠰ᠎ᠤᠨ ᠲᠠᠰ᠎ᠡᠴᠡ ᠳᠠᠪᠠᠭ᠍ᠰᠠᠨ ᠠᠮᠤ ᠪᠤᠳᠠᠭᠠᠨ᠎ᠤ ᠲᠣᠮᠣ ᠱᠢᠶᠠᠨ ᠵᠠᠯᠠᠢᠳ ᠬᠣᠱᠢᠭᠤᠨ᠎ᠤ 2025 ᠣᠨ᠎ᠤ ᠠᠮᠤ ᠪᠤᠳᠠᠭᠠᠨ᠎ᠤ ᠶᠡᠷᠦᠩᠬᠡᠶ ᠤᠨᠠᠯᠲᠠ 50 ᠳ᠋ᠦᠩᠱᠢᠭᠤᠷ ᠵᠢᠩ᠎ᠢ ᠳᠠᠪᠠᠵᠤ᠂ 《ᠬᠣᠷᠢᠨ ᠬᠣᠶᠠᠷ ᠵᠢᠯ ᠳᠠᠷᠠᠭᠠᠯᠠᠨ ᠡᠯᠪᠡᠭ ᠬᠤᠷᠢᠶᠠᠯᠲᠠ ᠤᠯᠬᠤ》 ᠶ᠋ᠢ ᠪᠡᠶᠡᠯᠡᠭᠦᠯᠵᠦ᠍᠂ ᠤᠰᠤᠨ ᠲᠤᠲᠤᠷᠭ᠎ᠠ᠎ᠶ᠋ᠢᠨ ᠮᠥ᠍ ᠲᠤᠮᠳᠠᠴᠢ᠎ᠶ᠋ᠢᠨ ᠬᠠᠮᠤᠭ᠎ᠤᠨ ᠥᠨᠳᠥᠷ ᠤᠨᠠᠯᠲᠠ᠎ᠨᠢ 863.1 ᠺᠢᠯᠣᠭ᠌ᠷᠠᠮ᠎ᠳᠤ ᠬᠦᠷᠴᠦ᠂ 3 ᠵᠢᠯ ᠳᠠᠷᠠᠭᠠᠯᠠᠨ ᠥᠪᠡᠷᠲᠡᠭᠡᠨ ᠵᠠᠰᠠᠬᠤ ᠣᠷᠣᠨ᠎ᠤ ᠲᠠᠯᠠᠪᠠᠶ ᠨᠢᠭᠡᠴᠢ᠎ᠶ᠋ᠢᠨ ᠤᠨᠠᠯᠲᠠ᠎ᠶ᠋ᠢᠨ ᠲᠡᠮᠳᠡᠭ᠌ᠯᠡᠯ᠎ᠢ ᠱᠢᠨᠡᠳᠭᠡᠪᠡ᠃
ᠣᠷᠣᠯᠭ᠎ᠠ᠎ᠶ᠋ᠢᠨ ᠨᠡᠮᠡᠭ᠌ᠳᠡᠯ᠎ᠤᠨ ᠦᠷ᠎ᠡ ᠠᠱᠢᠭ᠎ᠢᠶᠡᠷ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠪᠡ᠃ ᠲᠥᠷᠥᠯ ᠵᠦᠶ᠋ᠯ ᠦᠨ ᠤᠷᠤᠨ᠎ᠤ ᠮᠥ᠍ ᠨᠢᠬᠡᠴᠢ ᠶ᠋ᠢᠨ ᠦᠶ᠋ᠯᠡᠳᠪᠦᠷᠢᠯᠡᠯ᠎ᠦᠨ ᠥᠪᠡᠷ᠎ᠦᠨ ᠥᠷᠲᠡᠭ᠎ᠢ 150 ᠲᠥᠭᠥᠷᠢᠭ ᠪᠠᠭᠤᠷᠠᠭᠤᠯᠵᠤ᠂ ᠭᠠᠵᠠᠷ ᠱᠢᠷᠣᠶ᠎ᠶ᠋ᠢᠨ ᠡᠵᠡᠨᠭᠨᠡᠯᠲᠡ᠎ᠵᠢᠨ ᠡᠷᠬᠡ᠎ᠵᠢ ᠭᠦᠢᠯᠭᠡᠭᠡᠬᠦ ᠵᠠᠷᠤᠳᠠᠯ᠎ᠢ ᠮᠥ᠍ ᠨᠢᠬᠡᠴᠢ ᠳ᠋ᠦ 200 ᠲᠥᠭᠥᠷᠢᠭ ᠳᠡᠭᠡᠭ᠌ᠰᠢᠯᠡᠭᠦᠯᠪᠡ; ᠪᠦᠬᠦ᠌ ᠠᠢᠮᠠᠭ ᠤᠨ ᠱᠢᠨ᠎ᠡ᠎ᠪᠡᠷ ᠨᠡᠮᠡᠭ᠌ᠳᠡᠭ᠌ᠰᠡᠨ ᠲᠠᠷᠢᠶᠠᠨ ᠭᠠᠵᠠᠷ᠎ᠤᠨ ᠭᠦᠢᠴᠡᠳᠭᠡᠯ ᠲᠣᠭ᠎ᠠ 3.2 ᠲᠦᠮᠡᠨ ᠮᠦ᠍ ᠳᠦ ᠬᠦᠷᠴᠦ᠍᠂ ᠠᠷᠠᠯᠵᠢᠶᠠᠨ᠎ᠤ ᠶᠡᠷᠦᠩᠬᠡᠢ ᠬᠡᠮᠵᠢᠶ᠎ᠡ 11 ᠳ᠋ᠦᠩᠱᠢᠭᠤᠷ ᠲᠥᠭᠥᠷᠢᠭ᠎ᠡᠴᠡ ᠳᠡᠭᠡᠭ᠌ᠰᠢ᠎ᠳᠦ ᠬᠦᠷᠴᠦ᠍᠂ ᠬᠠᠷ᠎ᠠ ᠬᠥᠷᠥᠰᠥᠲᠦ ᠭᠠᠵᠠᠷ ᠰᠢᠷᠤᠢ᠎ᠶ᠋ᠢ ᠦᠨᠡᠨ ᠬᠦ᠌ ᠲᠠᠷᠢᠶᠠᠴᠢᠳ ᠤᠨ ᠣᠷᠣᠯᠭ᠎ᠠ᠎ᠶ᠋ᠢ ᠨᠡᠮᠡᠭ᠌ᠳᠡᠭᠦᠯᠬᠦ᠌ 《ᠡᠷᠳᠡᠨᠢᠰ᠎ᠦᠨ ᠰᠠᠩ》 ᠪᠣᠯᠭᠠᠵᠠᠢ᠃
《ᠢᠨᠵᠧᠨᠧᠷᠢᠩ ᠦᠨ ᠪᠥᠲᠥᠭᠡᠨ ᠪᠠᠢᠭᠤᠯᠤᠯᠲᠠ᠂ ᠲᠥᠷᠥᠯ ᠵᠦᠶ᠋ᠯ᠎ᠦᠨ ᠦᠷ᠎ᠡ ᠪᠦᠲᠦᠮᠵᠢ᠂ ᠵᠠᠯᠭᠠᠮᠵᠢ ᠬᠠᠮᠢᠶᠠᠷᠤᠯᠲᠠ ᠬᠠᠮᠠᠭᠠᠯᠠᠯᠲᠠ᠂ ᠪᠠᠯᠠ ᠮᠥᠩᠭᠥ᠎ᠶ᠋ᠢᠨ ᠬᠠᠮᠢᠶᠠᠷᠤᠯᠲᠠ ᠵᠡᠷᠭᠡ ᠭᠣᠭ᠍ᠴᠣᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠪᠢᠳᠡ 〈ᠪᠠᠢᠭᠤᠯᠬᠤ ᠬᠠᠮᠢᠶᠠᠷᠬᠤ ᠬᠡᠷᠡᠭᠯᠡᠬᠦ〉ᠪᠥᠬᠥ᠌ ᠬᠡᠯᠬᠢᠶ᠎ᠡ᠎ᠪᠡᠷ ᠬᠦᠴᠦᠯᠡᠵᠦ᠍᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠢᠭᠤᠯᠤᠯᠲᠠ᠎ᠵᠢᠨ〈 ᠪᠠᠢᠭᠤᠯᠬᠤ ᠬᠠᠮᠢᠶᠠᠷᠬᠤ᠎ᠶ᠋ᠢ ᠵᠡᠷᠭᠡ᠎ᠪᠡᠷ ᠴᠢᠬᠤᠯᠠᠴᠢᠯᠠᠬᠤ᠂ ᠶᠠᠰᠤ ᠴᠢᠨᠠᠷ ᠦᠷ᠎ᠡ ᠠᠱᠢᠭ ᠬᠣᠶᠠᠷ᠎ᠢ ᠱᠢᠯᠢᠳᠡᠭ᠌ᠵᠢᠭᠦᠯᠬᠦ᠌ 〉 ᠶ᠋ᠢ ᠠᠬᠢᠭᠤᠯᠵᠤ᠂ ᠪᠥᠬᠥ᠌ ᠣᠷᠣᠨ ᠤ ᠲᠠᠷᠢᠶᠠᠨ ᠭᠠᠵᠠᠷ᠎ᠤᠨ ᠤᠰᠤᠨ ᠠᠱᠢᠭ᠍ᠯᠠᠯᠲᠠ᠎ᠶ᠋ᠢᠨ ᠪᠥᠲᠥᠭᠡᠨ ᠪᠠᠢᠭᠤᠯᠤᠯᠲᠠ ᠪᠠ ᠤᠯᠤᠰ ᠤᠨ ᠠᠮᠤ ᠪᠤᠳᠠᠭᠠᠨ᠎ᠤ ᠠᠮᠤᠷ ᠲᠦᠪᠱᠢᠨ᠎ᠦ ᠪᠠᠲᠤᠯᠠᠭ᠎ᠠ᠎ᠳᠤ ᠬᠢᠩᠭᠠᠨ ᠠᠢᠮᠠᠭ᠎ᠤᠨ ᠬᠦᠴᠦᠨ ᠴᠢᠳᠠᠯ᠎ᠢᠶᠠᠨ ᠡᠷᠭᠦᠨ᠎ᠡ》ᠭᠡᠵᠦ᠍ ᠬᠢᠩᠭᠠᠨ ᠠᠢᠮᠠᠭ ᠤᠨ ᠵᠠᠬᠢᠷᠭ᠎ᠠ᠎ᠶ᠋ᠢᠨ ᠳᠡᠳ᠋ ᠳᠠᠷᠤᠭ᠎ᠠ ᠰᠦᠨ ᠱᠤ᠌ ᠲᠤᠤ ᠬᠡᠯᠡᠪᠡ᠃
《ᠬᠡᠰᠡᠭ ᠪᠤᠰᠠᠭ ᠲᠠᠷᠢᠶᠠᠨ ᠭᠠᠵᠠᠷ》 ᠡᠴᠡ 《ᠡᠯᠪᠡᠭ ᠬᠤᠷᠢᠶᠠᠯᠲᠠ᠎ᠶ᠋ᠢᠨ ᠲᠠᠷᠢᠶᠠᠨ ᠭᠠᠵᠠᠷ》 ᠬᠦᠷᠲᠡᠯ᠎ᠡ᠂ 《ᠲᠩᠷᠢ ᠶ᠋ᠢᠨ ᠴᠢᠷᠠᠢ ᠶ᠋ᠢ ᠬᠠᠷᠠᠵᠤ ᠠᠮᠢᠳᠤᠷᠠᠬᠤ》 ᠡᠴᠡ 《ᠳᠠᠪᠠᠭᠤᠯᠢᠭ᠎ᠢᠶᠡᠨ ᠪᠠᠳᠠᠷᠠᠭᠤᠯᠵᠤ ᠠᠵᠢᠯᠯᠠᠭ᠎ᠠ ᠠᠪᠬᠤ》 ᠬᠦᠷᠲᠡᠯ᠎ᠡ᠂ ᠬᠢᠩᠭᠠᠨ ᠠᠢᠮᠠᠭ 943 ᠲᠦᠮᠡᠨ ᠮᠦ᠍ ᠶ᠋ᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠬᠡᠷᠡᠭ᠌ᠯᠡᠵᠦ᠍᠂ ᠬᠠᠷ᠎ᠠ ᠬᠥᠷᠥᠰᠥᠲᠦ ᠭᠠᠵᠠᠷ ᠰᠢᠷᠤᠢ ᠳᠡᠭᠡᠷ᠎ᠡ ᠤᠳᠤ ᠦᠶ᠎ᠡ᠎ᠶ᠋ᠢᠨ ᠲᠠᠷᠢᠶᠠᠯᠠᠩ ᠤᠨ ᠠᠮᠢᠳᠤᠯᠢᠭ ᠲᠠᠢᠯᠪᠤᠷᠢ ᠬᠢᠵᠡᠢ᠃ ᠡᠨᠳᠡᠬᠢ ᠢᠮᠠᠬᠤ ᠭᠠᠵᠠᠷ ᠠᠳᠬᠤ ᠱᠢᠷᠣᠶ ᠪᠦᠷᠢ ᠡᠴᠡ ᠱᠢᠨ᠎ᠡ ᠬᠦᠰᠡᠯ ᠡᠷᠡᠮᠡᠯᠵᠡᠯᠬᠦᠪᠦᠷᠡᠨᠠ᠃