ᠦᠪᠤᠷ ᠮᠤᠩᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ ᠡᠴᠡ ᠤᠢᠯᠠᠭᠠᠭᠰᠠᠨ ᠶ᠋ᠢᠡᠷ᠂ ᠡᠨᠡ ᠵᠢᠯ ᠮᠠᠨ ᠤ᠋ ᠤᠷᠤᠨ 《ᠦᠢᠯᠡᠳᠪᠦᠷᠢᠯᠡᠯ ᠤ᠋ᠨ ᠴᠢᠳᠠᠪᠤᠷᠢ ᠶ᠋ᠢ ᠲᠣᠭ᠍ᠲᠠᠪᠤᠷᠢᠵᠢᠭᠤᠯᠬᠤ᠂ ᠪᠤᠳᠠᠭᠠᠯᠢ ᠪᠠᠶ᠎ᠠ ᠵᠢᠨ ᠭᠠᠷᠤᠯᠲᠠ ᠵᠢ ᠳᠡᠭᠡᠭᠰᠢᠯᠡᠭᠦᠯᠬᠦ᠂ ᠥᠪᠡᠷ ᠤ᠋ᠨ ᠥᠷᠲᠡᠭ ᠢ᠋ ᠪᠠᠭᠤᠷᠠᠭᠤᠯᠬᠤ᠂ ᠬᠡᠯᠪᠡᠷᠢ ᠪᠡᠨ ᠬᠤᠪᠢᠷᠠᠭᠤᠯᠬᠤ ᠵᠢ ᠠᠬᠢᠭᠤᠯᠬᠤ》 ᠪᠡᠷ ᠭᠤᠤᠯ ᠱᠢᠪᠲᠤᠯᠤᠯᠳᠠ ᠵᠢᠨ ᠴᠢᠭ᠌ᠯᠡᠯ ᠪᠣᠯᠭᠠᠨ 5 ᠠᠵᠢᠯᠯᠠᠭ᠎ᠠ ᠵᠢ ᠱᠢᠰᠲ᠋ᠧᠮ ᠲᠡᠶ ᠠᠬᠢᠭᠤᠯᠵᠤ᠂ ᠮᠢᠬᠠᠨ ᠤ᠋ ᠦᠬᠡᠷ ᠮᠢᠬᠠᠨ ᠤ᠋ ᠬᠤᠨᠢᠨ ᠤ ᠠᠰᠢᠭ ᠰᠢᠮ᠎ᠡ ᠶ᠋ᠢᠨ ᠭᠠᠷᠤᠯᠲᠠ ᠵᠢ ᠳᠡᠭᠡᠭᠰᠢᠯᠡᠭᠦᠯᠤᠨ ᠦᠷ᠎ᠡ ᠠᠰᠢᠭ ᠢ᠋ ᠨᠢ ᠨᠡᠮᠡᠭᠳᠡᠭᠦᠯᠵᠦ᠂ ᠦᠬᠡᠷ ᠬᠤᠨᠢᠨ ᠮᠢᠬ᠎ᠠ ᠵᠢᠨ ᠭᠠᠷᠤᠯᠲᠠ ᠶ᠋ᠢᠨ ᠲᠤᠮᠤ ᠣᠷᠣᠨ ᠡᠴᠡ ᠠᠵᠤ ᠦᠶ᠋ᠯᠡᠰ ᠤ᠋ᠨ ᠬᠦᠴᠦᠷᠬᠡᠭ ᠣᠷᠣᠨ ᠲᠡᠢᠰᠢ ᠳᠡᠰ ᠳᠡᠪᠰᠢᠬᠦ ᠵᠢ ᠲᠦᠷᠭᠡᠳᠬᠡᠨ ᠠᠬᠢᠭᠤᠯᠬᠤ ᠪᠡᠷ ᠪᠤᠢ᠃
ᠲᠥᠷᠥ ᠶ᠋ᠢᠨ ᠪᠣᠳᠣᠯᠭ᠎ᠠ ᠵᠢ ᠪᠤᠳᠠᠳᠠᠢ ᠳ᠋ᠤ ᠨᠠᠢᠳᠠᠪᠤᠷᠢᠵᠢᠭᠤᠯᠬᠤ ᠵᠢ ᠠᠬᠢᠭᠤᠯᠬᠤ ᠠᠵᠢᠯᠯᠠᠭ᠎ᠠ ᠦᠷᠨᠢᠬᠦᠯᠦᠨ᠎ᠠ᠃ ᠤᠯᠤᠰ ᠤ᠋ᠨ ᠮᠢᠬᠠᠨ ᠤ᠋ ᠦᠬᠡᠷ ᠮᠢᠬᠠᠨ ᠤ᠋ ᠬᠤᠨᠢᠨ ᠤ ᠶᠠᠰᠤ ᠴᠢᠨᠠᠷ ᠢ᠋ ᠲᠠᠬᠡᠭᠰᠢᠯᠡᠬᠦᠯᠬᠦ ᠲᠥᠷᠥᠯ ᠵᠦᠶ᠋ᠯ ᠢ᠋ ᠬᠡᠷᠡᠭ᠌ᠵᠢᠭᠦᠯᠵᠦ᠍᠂ ᠪᠦᠳᠦᠭᠦᠨ ᠦᠨᠢᠶᠡᠨ ᠤ᠋ ᠲᠤᠭ᠎ᠠ ᠵᠢ ᠨᠡᠮᠡᠭᠳᠡᠭᠦᠯᠦᠨ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠪᠠ ᠬᠤᠴᠠ ᠤᠬᠤᠨ᠎ᠠ ᠳ᠋ᠤ ᠨᠥᠬᠥᠪᠥᠷᠢ ᠦᠭᠬᠦ ᠬᠡᠪᠴᠢᠶ᠎ᠡ ᠵᠢ ᠥᠷᠭᠡᠳᠭᠡᠨ᠎ᠡ᠃ ᠥᠪᠡᠷᠲᠡᠭᠡᠨ ᠵᠠᠰᠠᠬᠤ ᠣᠷᠣᠨ ᠤ᠋ 《ᠤᠯᠤᠰ ᠤ᠋ᠨ ᠴᠢᠬᠤᠯᠠ ᠮᠠᠯ ᠤ᠋ᠨ ᠠᠱᠢᠭ ᠱᠢᠮ᠎ᠡ ᠲᠠᠷᠢᠶᠠᠯᠠᠡᠭ ᠤ᠋ᠨ ᠪᠦᠲᠦᠭᠡᠭ᠌ᠳᠡᠬᠦᠨ ᠤ᠋ ᠦᠶ᠋ᠯᠡᠳᠪᠦᠷᠢᠯᠡᠯ ᠤ᠋ᠨ ᠰᠠᠭᠤᠷᠢᠨ ᠢ᠋ ᠴᠢᠨᠠᠷ ᠰᠠᠢᠲᠠᠶ ᠪᠡᠷ ᠪᠥᠲᠥᠭᠡᠨ ᠪᠠᠢᠭᠤᠯᠬᠤ ᠲᠤᠬᠠᠶ ᠰᠠᠨᠠᠯ》 ᠢ᠋ ᠨᠠᠢᠳᠠᠪᠤᠷᠢᠵᠢᠭᠤᠯᠵᠤ᠂ ᠪᠣᠷᠳᠣᠵᠤ ᠲᠠᠷᠭᠤᠯᠠᠭᠤᠯᠤᠭᠰᠠᠨ ᠦᠬᠡᠷ ᠬᠣᠨᠢ ᠶ᠋ᠢᠨ ᠭᠠᠷᠭᠠᠯᠲᠠ ᠳ᠋ᠤ ᠱᠠᠡᠭᠨᠠᠯ ᠨᠦᠬᠦᠪᠦᠷᠢ ᠤᠯᠭᠤᠬᠤ ᠵᠢᠴᠢ ᠲᠦᠬᠦᠭᠡᠷᠦᠮᠵᠢᠲᠦ ᠮᠠᠯ ᠠᠵᠤ ᠠᠬᠤᠶ ᠶ᠋ᠢᠨ ᠪᠦᠬᠦ ᠰᠢᠶᠠᠨ ᠵᠢᠡᠷ ᠠᠬᠢᠭᠤᠯᠬᠤ ᠲᠦᠷᠦᠯ ᠵᠦᠢᠯ ᠢ᠋ ᠬᠡᠷᠡᠭᠵᠢᠭᠦᠯᠵᠦ᠂ ᠮᠠᠯᠴᠢᠨ ᠲᠠᠷᠢᠶᠠᠴᠢᠳ ᠤ᠋ᠨ ᠲᠡᠵᠢᠭᠡᠨ ᠦᠷᠡᠵᠢᠭᠦᠯᠬᠦ᠌ ᠢᠲᠡᠭᠡᠯ ᠵᠣᠷᠢᠭ ᠢ᠋ᠬᠥᠪᠴᠢᠯᠡᠨᠡ᠃
ᠡᠭᠦᠯᠳᠡᠷ ᠰᠠᠢᠵᠢᠷᠠᠭᠤᠯᠵᠤ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠠᠵᠢᠯᠯᠠᠭ᠎ᠠ ᠦᠷᠨᠢᠬᠦᠯᠦᠨ᠎ᠠ᠃ ᠮᠢᠬᠠᠨ ᠤ᠋ ᠦᠬᠡᠷ ᠤ᠋ᠨ ᠰᠠᠢᠨ ᠡᠭᠦᠯᠳᠡᠷ ᠤ᠋ᠨ ᠢᠴᠡᠭᠡᠯ ᠦᠷ᠎ᠡ ᠪᠡᠷ ᠬᠡᠭᠡᠯᠲᠦᠭᠦᠯᠬᠡ ᠬᠢᠬᠦ ᠪᠠ ᠰᠠᠢᠨ ᠡᠬᠦᠯᠳᠡᠷ ᠤ᠋ᠨ ᠬᠤᠴᠠ ᠤᠬᠤᠨ᠎ᠠ ᠵᠢ ᠳᠡᠯᠭᠡᠷᠡᠭᠦᠯᠬᠦ᠌ ᠡᠷᠴᠢᠮ ᠢ᠋ ᠴᠢᠩᠭᠠᠷᠠᠭᠤᠯᠵᠤ᠂ ᠲᠠᠯ᠎ᠠ ᠨᠤᠳᠤᠭ ᠤ᠋ᠨ ᠮᠠᠯᠵᠢᠬᠤ ᠣᠷᠣᠨ ᠤ᠋ ᠢᠴᠡᠭᠡᠯ ᠦᠷ᠎ᠡ ᠶ᠋ᠢᠨ ᠬᠡᠭᠡᠯᠲᠦᠭᠦᠯᠭᠡ ᠶ᠋ᠢᠨ ᠦᠢᠯᠡᠴᠢᠯᠡᠭᠡᠨ ᠤ᠋ ᠥᠷᠲᠡᠭᠡ ᠵᠢ ᠲᠦᠷᠭᠡᠳᠭᠡᠨ ᠪᠠᠢᠭᠤᠯᠬᠤ ᠵᠢ ᠳᠡᠮᠵᠢᠵᠦ᠍᠂ ᠮᠢᠬᠠᠨ ᠤ᠋ ᠦᠬᠡᠷ ᠤ᠋ᠨ ᠢᠴᠡᠭᠡᠯ ᠦᠷ᠎ᠡ ᠵᠢ 500 ᠲᠦᠮᠡᠨ ᠰᠢᠷᠬᠡᠭ᠂ ᠰᠠᠢᠨ ᠡᠬᠦᠯᠳᠡᠷ ᠤ᠋ᠨ ᠬᠤᠴᠠ ᠵᠢ 8 ᠲᠦᠮᠡ ᠭᠠᠷᠤᠢ ᠳᠡᠯᠭᠡᠷᠡᠭᠦᠯᠦᠨ ᠬᠡᠷᠡᠭᠯᠡᠵᠤ᠂ ᠮᠢᠬᠠᠨ ᠤ᠋ ᠦᠬᠡᠷ ᠮᠢᠬᠠᠨ ᠤ᠋ ᠬᠤᠨᠢᠨᠤ ᠠᠰᠢᠭ ᠰᠢᠮ᠎ᠡ ᠶ᠋ᠢᠨ ᠭᠠᠷᠤᠯᠲᠠ ᠶ᠋ᠢᠨ ᠬᠡᠮᠵᠢᠶ᠎ᠡ ᠵᠢ ᠲᠠᠰᠤᠷᠠᠯᠲᠠ ᠥᠬᠡᠶ ᠳᠡᠭᠡᠭ᠌ᠰᠢᠯᠡᠭᠦᠯᠬᠦ ᠪᠡᠷ ᠪᠤᠢ᠃
ᠮᠢᠬᠠᠨ ᠤ᠋ ᠦᠬᠡᠷ ᠮᠢᠬᠠᠨ ᠤ᠋ ᠬᠤᠨᠢ ᠵᠢ ᠪᠣᠷᠳᠣᠨ ᠲᠠᠷᠭᠤᠯᠠᠭᠤᠯᠬᠤ ᠠᠵᠢᠯᠯᠠᠭ᠎ᠠ ᠦᠷᠨᠢᠬᠦᠯᠤᠨ᠎ᠠ᠃ 《ᠨᠠᠢᠳᠠᠨ ᠬᠠᠮᠢᠶᠠᠷᠤᠭᠤᠯᠵᠤ ᠣᠷᠣᠯᠠᠨ ᠲᠡᠵᠢᠭᠡᠯᠭᠡᠬᠦ》 ᠂ 《ᠡᠷᠦᠬᠡ ᠳ᠋ᠤ ᠪᠤᠢᠵᠢᠭᠤᠯᠵᠤ ᠠᠵᠤ ᠠᠬᠤᠢᠯᠠᠯ ᠳ᠋ᠦ ᠲᠠᠷᠭᠤᠯᠠᠭᠤᠯᠬᠤ》 ᠵᠡᠷᠭᠡ ᠬᠠᠮᠳᠤᠷᠠᠨ ᠠᠵᠢᠯᠯᠠᠬᠤ ᠵᠠᠭ᠍ᠪᠤᠷ ᠵᠢᠡᠷ ᠮᠠᠯᠵᠢᠬᠤ ᠲᠠᠷᠢᠶᠠᠯᠠᠬᠤ ᠡᠷᠦᠬᠡ ᠵᠢ ᠳᠠᠢᠴᠢᠯᠠᠨ ᠦᠬᠡᠷ ᠬᠣᠨᠢ ᠵᠢ ᠪᠣᠷᠳᠣᠨ ᠲᠠᠷᠭᠤᠯᠠᠭᠤᠯᠬᠤ ᠠᠵᠤ ᠦᠢᠯᠡᠰ ᠢ᠋ ᠬᠥᠭ᠌ᠵᠢᠭᠦᠯᠵᠦ᠍᠂ ᠪᠣᠷᠳᠣᠨ ᠲᠠᠷᠭᠤᠯᠠᠭᠤᠯᠬᠤ ᠬᠡᠪᠴᠢᠶ᠎ᠡ ᠵᠢ ᠥᠷᠭᠡᠳᠭᠡᠨ᠎ᠡ᠃ ᠦᠬᠡᠷ ᠬᠣᠨᠢ ᠵᠢ ᠪᠣᠷᠳᠣᠨ ᠲᠠᠷᠭᠤᠯᠠᠭᠤᠯᠬᠤ ᠲᠠᠯ᠎ᠠ ᠪᠠᠷ ᠣᠷᠣᠱᠢᠵᠤ ᠪᠠᠢᠭ᠎ᠠ ᠠᠰᠠᠭᠤᠳᠠᠯ ᠳ᠋ᠤ ᠴᠢᠭ᠌ᠯᠡᠭᠦᠯᠦᠨ᠂ ᠪᠣᠭᠣᠮᠲᠠ ᠱᠢᠪᠲᠤᠯᠬᠤ ᠪᠦᠯᠬᠦᠮ ᠢ᠋ ᠵᠤᠬᠢᠶᠠᠨ ᠪᠠᠢᠭᠤᠯᠵᠤ᠂ ᠨᠠᠭᠠᠳᠤ ᠵᠠᠬ᠎ᠠ ᠳ᠋ᠠᠭᠠᠨ ᠪᠤᠷᠳᠤᠨ ᠲᠠᠷᠭᠤᠯᠠᠭᠤᠯᠬᠤ 2 ᠮᠡᠷᠭᠡᠵᠢᠯ ᠤ᠋ᠨ ᠵᠠᠭ᠍ᠪᠤᠷ ᠢ᠋ ᠲᠥᠪᠯᠡᠷᠡᠭᠦᠯᠦᠨ ᠳ᠋ᠦᠩᠨᠡᠨ ᠳᠡᠯᠭᠡᠷᠡᠭᠦᠯᠵᠦ᠍᠂ ᠲᠡᠵᠢᠭᠡᠨ ᠦᠷᠡᠵᠢᠭᠦᠯᠬᠦ᠌ ᠲᠠᠯᠠᠪᠠᠶ ᠡᠷᠦᠬᠡ ᠵᠢᠨ ᠥᠪᠡᠷ ᠤ᠋ᠨ ᠥᠷᠲᠡᠭ ᠢ᠋ ᠠᠷᠪᠢᠯᠠᠵᠤ ᠦᠷ᠎ᠡ ᠠᠱᠢᠭ ᠢ᠋ᠨᠡᠮᠡᠭ᠌ᠳᠡᠭᠦᠯᠬᠦ ᠪᠤᠯᠤᠨ᠎ᠠ᠃
ᠲᠦᠬᠦᠭᠡᠷᠦᠮᠵᠢᠲᠦ ᠮᠠᠯ ᠠᠵᠤ ᠠᠬᠤᠶ ᠵᠢ ᠳᠡᠰ ᠳᠡᠪᠰᠢᠭᠦᠯᠬᠦ ᠠᠵᠢᠯᠯᠠᠭ᠎ᠠ ᠦᠷᠨᠢᠬᠦᠯᠤᠨ᠎ᠠ᠃ ᠣᠷᠣᠨ ᠪᠦᠰᠡ ᠶ᠋ᠢᠨ ᠪᠠᠢᠷᠢᠱᠢᠭᠤᠯᠤᠯᠲᠠ ᠵᠢ ᠦᠷᠭᠦᠯᠵᠢᠯᠡᠨ ᠱᠢᠯᠢᠳᠡᠭ᠌ᠵᠢᠭᠦᠯᠵᠦ᠍᠂ ᠮᠠᠯ ᠤ᠋ᠨ ᠲᠤᠭ᠎ᠠ ᠵᠢᠨ ᠨᠡᠮᠡᠭ᠌ᠳᠡᠯ ᠢ᠋ ᠲᠠᠷᠢᠶᠠᠯᠠᠬᠤ ᠣᠷᠣᠨ ᠪᠠ ᠬᠠᠭᠠᠰ ᠮᠠᠯᠵᠢᠬᠤ ᠬᠠᠭᠠᠰ ᠲᠠᠷᠢᠶᠠᠯᠠᠬᠤ ᠣᠷᠣᠨ ᠳ᠋ᠤ ᠲᠠᠯᠪᠢᠵᠤ᠂ ᠦᠬᠡᠷ ᠬᠣᠨᠢ ᠵᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ᠌ ᠲᠦᠪᠱᠢᠨ ᠢ᠋ ᠳᠡᠭᠡᠭ᠌ᠰᠢᠯᠡᠭᠦᠯᠦᠨᠡ᠃ ᠲᠡᠵᠢᠭᠡᠨ ᠦᠷᠡᠵᠢᠭᠦᠯᠬᠦ᠌ ᠲᠠᠯᠠᠪᠠᠢ ᠡᠷᠦᠬᠡ ᠶ᠋ᠢᠨ ᠣᠶᠤᠨᠴᠢ ᠮᠠᠯᠵᠢᠯ ᠤ᠋ᠨ ᠲᠠᠯᠠᠪᠠᠢ ᠪᠠᠨ ᠥᠭᠡᠷᠡᠴᠢᠯᠡᠨ ᠰᠠᠢᠵᠢᠷᠠᠭᠤᠯᠬᠤ ᠪᠠ ᠰᠢᠨ᠎ᠠ ᠪᠡᠷ ᠪᠠᠢᠭᠤᠯᠬᠤ ᠵᠢ ᠳᠠᠮᠵᠢᠵᠤ᠂ 500 ᠲᠦᠮᠡᠨ ᠲᠡᠭ᠌ᠰᠢ ᠳᠥᠷᠪᠡᠯᠵᠢᠨ ᠮᠧᠲᠷ ᠪᠦᠬᠦᠢ ᠬᠠᠰᠢᠶ᠎ᠠ ᠰᠠᠷᠠᠪᠴᠢ ᠵᠢ ᠱᠢᠨ᠎ᠡ ᠪᠡᠷ ᠪᠠᠢᠭᠤᠯᠬᠤ ᠪᠤᠶᠤ ᠥᠭᠡᠷᠡᠴᠢᠯᠡᠵᠦ᠍ ᠥᠷᠭᠡᠳᠭᠡᠨ ᠪᠠᠢᠭᠤᠯᠬᠤ ᠵᠢ ᠳᠠᠢᠴᠢᠯᠠᠨ᠂ ᠦᠬᠡᠷ ᠬᠣᠨᠢ ᠵᠢ ᠬᠠᠰᠢᠶᠠᠯᠠᠨ ᠮᠠᠯᠵᠢᠬᠤ ᠲᠦᠪᠱᠢᠨ ᠢ᠋ ᠳᠡᠭᠡᠭ᠌ᠰᠢᠯᠡᠭᠦᠯᠬᠦ ᠪᠡᠷ ᠪᠤᠢ᠃
ᠳᠡᠭᠡᠳᠦ ᠲᠠᠰ ᠤ᠋ᠨ ᠦᠬᠡᠷ ᠬᠣᠨᠢ ᠲᠠᠵᠢᠬᠡᠬᠦ ᠦᠢᠯᠡᠰ ᠢ᠋ ᠬᠦᠭᠵᠢᠭᠦᠯᠬᠦ ᠠᠵᠢᠯᠯᠠᠭ᠎ᠠ ᠦᠷᠨᠢᠬᠦᠯᠦᠨ᠎ᠠ᠃ ᠤᠯᠠᠭᠠᠨᠴᠠᠪ ᠬᠣᠲᠠ᠂ ᠣᠷᠳᠣᠰ ᠬᠣᠲᠠ᠂ ᠪᠠᠶᠠᠨᠨᠠᠭᠤᠷ ᠬᠣᠲᠠ ᠵᠡᠷᠭᠡ ᠭᠠᠵᠠᠷ ᠲᠦ᠍ ᠳᠡᠭᠡᠳᠦ ᠲᠠᠰ ᠤ᠋ᠨ ᠮᠢᠬᠠᠨ ᠤ᠋ ᠦᠬᠡᠷ ᠲᠡᠵᠢᠭᠡᠬᠦ ᠰᠠᠭᠤᠷᠢᠨ ᠤ᠋ ᠪᠥᠲᠥᠭᠡᠨ ᠪᠠᠢᠭᠤᠯᠤᠯᠲᠠ ᠵᠢ ᠠᠬᠢᠭᠤᠯᠵᠤ᠂ ᠬᠥᠯᠥᠨ ᠪᠣᠢᠷ ᠬᠣᠲᠠ᠂ ᠱᠢᠯᠢ ᠶ᠋ᠢᠨ ᠭᠤᠤᠯ ᠠᠢᠮᠠᠭ ᠲᠦ᠍ ᠪᠡᠯᠴᠢᠬᠡᠷ ᠤ᠋ᠨ ᠬᠤᠨᠢᠨᠤ ᠮᠦᠷᠳᠡᠯᠲᠡ ᠶ᠋ᠢ ᠪᠦᠬᠦ ᠬᠦᠴᠦᠨ ᠵᠢᠡᠷ ᠲᠦᠬᠡᠮᠡᠯᠵᠢᠬᠦᠯᠵᠤ᠂ ᠵᠦᠷᠢᠶᠡᠴᠢᠯᠡᠭ᠌ᠰᠡᠨ ᠥᠷᠢᠰᠥᠯᠳᠦᠭᠡᠨ ᠵᠢᠡᠷ ᠲᠠᠮᠵᠢᠨ ᠰᠠᠢᠨ ᠦᠬᠡᠷ ᠬᠤᠨᠢ ᠵᠢ ᠰᠠᠢᠨ ᠦᠨ᠎ᠠ ᠳ᠋ᠤ ᠬᠦᠷᠬᠡᠬᠦ ᠵᠢ ᠪᠡᠶᠡᠯᠡᠭᠦᠯᠦᠨ᠎ᠡ᠃
ᠤᠢᠯᠠᠭᠠᠭᠰᠠᠨ ᠵᠢᠡᠷ᠂ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠣᠨ ᠮᠠᠯᠵᠢᠬᠤ ᠣᠷᠣᠨ ᠤ᠋ ᠲᠢᠩᠬᠢᠮ ᠳᠠᠷᠢᠵᠤ ᠲᠡᠵᠢᠭᠡᠬᠦ᠌᠂ ᠪᠤᠯᠪᠠᠰᠤᠷᠠᠭᠤᠯᠬᠤ ᠪᠠ ᠪᠣᠷᠣᠯᠠᠭᠤᠯᠬᠤ ᠵᠠᠩᠭᠢᠯᠠᠭ᠎ᠠ ᠶ᠋ᠢᠨ ᠭᠣᠭ᠍ᠴᠣᠭᠠ ᠳ᠋ᠤ ᠠᠩᠬᠠᠷᠤᠯ ᠵᠢᠡᠨ ᠲᠥᠪᠯᠡᠷᠡᠭᠦᠯᠵᠦ᠍᠂ ᠮᠢᠬᠠᠨ ᠤ᠋ ᠦᠬᠡᠷ ᠮᠢᠬᠠᠨ ᠤ᠋ ᠬᠤᠨᠢ ᠲᠠᠵᠢᠬᠡᠬᠦ ᠦᠢᠯᠡᠰ ᠤ᠋ᠨ ᠪᠣᠬᠢᠷᠲᠤᠯ ᠥᠬᠡᠶ᠂ ᠥᠨᠳᠥᠷ ᠪᠦᠲᠦᠮᠵᠢᠲᠡᠶ᠂ ᠡᠷᠴᠢᠮᠵᠢᠭᠰᠡᠨ ᠬᠥᠭ᠌ᠵᠢᠯᠲᠡ ᠶ᠋ᠢᠨ ᠲᠦᠪᠱᠢᠨ ᠢ᠋ ᠦᠷᠭᠦᠯᠵᠢᠯᠡᠨ ᠳᠡᠭᠡᠭ᠌ᠰᠢᠯᠡᠭᠦᠯᠵᠦ᠍᠂ ᠤᠯᠤᠰ ᠤ᠋ᠨ ᠴᠢᠬᠤᠯᠠ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠦᠶ᠋ᠯᠡᠳᠪᠦᠷᠢᠯᠡᠯ ᠤ᠋ᠨ ᠰᠠᠭᠤᠷᠢᠨ ᠢ᠋ ᠴᠢᠨᠠᠷ ᠰᠠᠢᠲᠠᠶ ᠪᠡᠷ ᠪᠥᠲᠥᠭᠡᠨ ᠪᠠᠢᠭᠤᠯᠬᠤ ᠳ᠋ᠤ ᠨᠠᠩ ᠶᠡᠬᠡ ᠱᠢᠨ᠎ᠡ ᠬᠤᠪᠢ ᠨᠡᠮᠡᠷᠢ ᠦᠵᠡᠭᠦᠯᠬᠦ ᠪᠡᠷ ᠪᠦᠬᠦ ᠬᠦᠴᠦᠨ ᠵᠢᠡᠷ ᠵᠢᠡᠨ ᠴᠢᠷᠮᠠᠢᠵᠤ ᠪᠠᠢᠨ᠎ᠠ᠃