《ᠦᠨᠡᠨ》 ᠰᠡᠳᠬᠦᠯ ᠶᠡᠷᠦᠩᠬᠡᠢ ᠱᠦᠵᠢ ᠰᠢ ᠵᠢᠨ ᠫᠢᠩ᠎ᠦᠨ ᠴᠢᠬᠤᠯᠠ ᠵᠤᠬᠢᠶᠠᠯ ᠢ᠋ ᠨᠡᠢᠳᠡᠯᠡᠪᠡ
4 ᠰᠠᠷ᠎ᠠ᠎ᠶ᠋ᠢᠨ 1 ᠤ᠋ ᠡᠳᠦᠷ ᠬᠡᠪᠯᠡᠭ᠌ᠳᠡᠭᠰᠡᠨ 7 ᠳ᠋ᠤᠭᠠᠷ ᠬᠤᠭᠤᠴᠠᠭᠠᠨ᠎ᠤ 《ᠦᠨᠡᠨ》 ᠰᠡᠳᠬᠦᠯ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ ᠰᠢ ᠵᠢᠨ ᠫᠢᠩ᠎ᠦᠨ 《ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠬᠡᠷᠡᠭ᠌ᠲᠡᠢ》 ᠭᠡᠬᠦ ᠴᠢᠬᠤᠯᠠ ᠵᠤᠬᠢᠶᠠᠯ ᠢ᠋ ᠨᠡᠢᠲᠡᠯᠡᠪᠡ᠃ ᠡᠨᠡ ᠪᠣᠯ ᠶᠡᠷᠦᠩᠬᠡᠢ ᠱᠦᠵᠢ ᠰᠢ ᠵᠢᠨ ᠫᠢᠩ᠎ᠦᠨ 2012 ᠣᠨ᠎ᠤ 12 ᠰᠠᠷ᠎ᠠ ᠡᠴᠡ 2026 ᠣᠨ᠎ᠤ 2 ᠰᠠᠷ᠎ᠠ ᠪᠣᠯᠲᠠᠯᠠᠬᠢ ᠬᠤᠭᠤᠴᠠᠭᠠᠨ᠎ᠳᠠᠬᠢ ᠬᠣᠯᠪᠣᠭ᠍ᠳᠠᠯ ᠪᠦᠬᠦᠢ ᠴᠢᠬᠤᠯᠠ ᠥᠭᠦᠯᠡᠯᠲᠡ᠎ᠶ᠋ᠢᠨ ᠲᠤᠪᠴᠢᠯᠠᠪᠤᠷᠢ ᠪᠣᠯᠤᠨ᠎ᠠ᠃
ᠵᠣᠬᠢᠶᠠᠯ᠎ᠳᠤ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠦᠵᠡᠯᠲᠡ᠎ᠶ᠋ᠢᠨ ᠠᠰᠠᠭᠤᠳᠠᠯ ᠪᠣᠯ ᠨᠢᠭᠡᠨ ᠦᠨᠳᠦᠰᠦᠨ ᠴᠢᠨᠠᠷᠲᠠᠢ ᠠᠰᠠᠭᠤᠳᠠᠯ ᠪᠠᠢᠵᠤ᠂ ᠨᠡᠢᠲᠡ᠎ᠶ᠋ᠢᠨ ᠲᠥᠯᠥᠭᠡ ᠨᠠᠮ ᠪᠠᠢᠭᠤᠯᠵᠤ᠂ ᠠᠷᠠᠳ᠎ᠤᠨ ᠲᠥᠯᠥᠭᠡ ᠲᠦᠷᠦ᠍ ᠪᠠᠷᠢᠬᠤ᠎ᠲᠠᠶ ᠬᠣᠯᠪᠣᠭ᠍ᠳᠠᠨ᠎ᠠ᠃ ᠭᠠᠭ᠍ᠴᠠ ᠬᠦ᠌ ᠰᠠᠢ᠌ᠨ ᠰᠠᠢᠬᠠᠨ ᠵᠠᠰᠠᠭ ᠤ᠋ᠨ ᠠᠵᠢᠯ᠎ᠤᠨ ᠪᠦᠲᠦᠮᠵᠢ᠎ᠪᠠᠷ ᠨᠠᠮ ᠪᠠ ᠤᠯᠤᠰ᠎ᠤᠨ ᠠᠵᠢᠯ ᠦᠢᠯᠡᠰ᠎ᠦᠨ ᠬᠥᠭ᠌ᠵᠢᠯᠲᠡ᠎ᠶ᠋ᠢ ᠲᠠᠰᠤᠷᠠᠯᠳᠠ ᠦᠭᠡᠢ ᠠᠬᠢᠭᠤᠯᠵᠤ᠂ ᠠᠷᠠᠳ ᠲᠦᠮᠡᠨ᠎ᠳᠦ ᠪᠤᠶᠠᠨ ᠦᠢᠯᠡᠳᠪᠡᠯ ᠰᠠᠶᠢ ᠨᠠᠮ᠎ᠤᠨ ᠵᠣᠷᠢᠯᠲᠠ᠎ᠶ᠋ᠢ ᠰᠠᠢᠲᠤᠷ ᠦᠢᠯᠡᠳᠦᠯᠭᠡᠵᠢᠭᠦᠯᠵᠦ᠍᠂ ᠨᠠᠮ᠎ᠤᠨ ᠲᠡᠦᠬᠡᠲᠦ ᠡᠭᠦᠷᠭᠡ᠎ᠶ᠋ᠢ ᠰᠠᠢᠲᠤᠷ ᠪᠡᠶᠡᠯᠡᠭᠦᠯᠵᠦ᠍ ᠴᠢᠳᠠᠨ᠎ᠠ᠃ ᠪᠣᠳᠠᠲᠤ ᠪᠠᠢᠳᠠᠯ᠎ᠠᠴᠠ ᠡᠭᠦᠰᠭᠦ᠂ ᠵᠢᠮ᠎ᠡ ᠶᠣᠰᠣ᠎ᠪᠠᠷ ᠠᠵᠢᠯ ᠶᠠᠪᠤᠳᠠᠯ ᠭᠦᠢᠴᠡᠳᠭᠡᠬᠦ ᠵᠢ ᠪᠠᠷᠢᠮᠲᠠᠯᠠᠵᠤ᠂ ᠱᠢᠨᠵᠢᠯᠡᠬᠦ᠌ ᠤᠬᠠᠭᠠᠨᠴᠢ᠎ᠪᠠᠷ ᠱᠢᠢᠳᠪᠦᠷᠢᠲᠦ ᠪᠤᠳᠤᠯᠭ᠎ᠠ ᠲᠣᠭ᠍ᠲᠠᠭᠠᠬᠤ ᠪᠠ ᠪᠣᠳᠠᠲᠠᠢ ᠠᠵᠢᠯᠯᠠᠵᠤ ᠱᠢᠷᠭᠠᠭᠤ ᠬᠠᠲᠠᠭᠤᠵᠢᠯᠲᠠᠢ ᠠᠵᠢᠯᠯᠠᠬᠤ᠎ᠪᠠᠷ ᠳᠠᠮᠵᠢᠨ ᠦᠢᠯᠡᠳᠦᠯᠭᠡ ᠪᠠ ᠲᠡᠦᠬᠡ᠎ᠶ᠋ᠢᠨ ᠱᠢᠯᠭᠠᠯᠲᠠ᠎ᠶ᠋ᠢ ᠳᠠᠭᠠᠭᠠᠵᠤ ᠴᠢᠳᠠᠬᠤ᠂ ᠠᠷᠠᠳ ᠲᠦᠮᠡᠨ᠎ᠳᠦ ᠦᠨᠡᠨ ᠬᠦ᠌ ᠪᠤᠶᠠᠨ ᠦᠢᠯᠡᠳᠴᠤ ᠴᠢᠳᠠᠬᠤ᠂ ᠤᠯᠠᠨ ᠲᠦᠮᠡᠨ᠎ᠳᠦ ᠮᠡᠳᠡᠷᠡᠭ᠌ᠳᠡᠬᠦ ᠠᠮᠵᠢᠯᠲᠠ ᠪᠦᠲᠦᠮᠵᠢ᠎ᠶ᠋ᠢ ᠡᠭᠦᠳᠬᠦ᠌ ᠬᠡᠷᠡᠭ᠌ᠲᠡᠢ ᠭᠡᠵᠤ ᠴᠢᠬᠤᠯᠠᠴᠢᠯᠠᠵᠠᠢ᠃
ᠵᠣᠬᠢᠶᠠᠯ᠎ᠳᠤ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌᠎ᠳᠦ ᠱᠢᠢᠳᠪᠦᠷᠢᠯᠡᠭ᠌ᠴᠢ ᠴᠢᠨᠠᠷᠲᠠᠢ ᠦᠢᠯᠡᠳᠦᠯ ᠦᠵᠡᠭᠦᠯᠬᠦ᠌ ᠨᠢ ᠨᠠᠮᠴᠢ ᠴᠢᠨᠠᠷ ᠪᠣᠯᠤᠨ᠎ᠠ᠃ ᠨᠠᠮᠴᠢ ᠴᠢᠨᠠᠷ᠎ᠤᠨ ᠴᠢᠩᠭ᠎ᠠ ᠰᠤᠯᠠ᠎ᠶ᠋ᠢ ᠬᠡᠮᠵᠢᠬᠦ᠌ ᠦᠨᠳᠦᠰᠦᠨ ᠪᠠᠷᠢᠮᠵᠢᠶ᠎ᠠ ᠪᠣᠯ ᠨᠡᠢᠲᠡ ᠪᠠ ᠬᠤᠪᠢ ᠭᠡᠬᠦ᠌ ᠬᠣᠶᠠᠷ ᠦᠰᠦᠭ ᠪᠣᠯᠤᠨ᠎ᠠ᠃ ᠨᠠᠮᠴᠢ ᠴᠢᠨᠠᠷ ᠴᠢᠩᠭ᠎ᠠ ᠪᠠᠢᠵᠤ᠂ ᠬᠤᠪᠢᠨᠴᠢᠷ ᠰᠠᠨᠠᠭ᠎ᠠ ᠡᠯᠳᠡᠪ ᠪᠤᠳᠤᠯ᠎ᠢᠶᠠᠨ ᠲᠠᠶᠠᠭ᠍ᠳᠠᠪᠠᠯ ᠰᠠᠶᠢ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠦᠵᠡᠯᠲᠡ ᠬᠡᠯᠪᠡᠢᠬᠦ ᠦᠭᠡᠢ ᠪᠠᠢᠬᠤ᠎ᠶ᠋ᠢ ᠪᠠᠲᠤᠯᠠᠵᠤ ᠴᠢᠳᠠᠨ᠎ᠠ᠃ ᠡᠯ᠎ᠡ ᠱᠠᠲᠤᠨ᠎ᠤ ᠤᠳᠤᠷᠢᠳᠭᠤ ᠺᠠᠳ᠋ᠷᠴᠤᠳ ᠨᠠᠮ᠎ᠤᠨ ᠡᠭᠦᠷᠭᠡ ᠬᠠᠷᠢᠭᠤᠴᠠᠯᠭ᠎ᠠ᠎ᠶ᠋ᠢ ᠪᠡᠶᠡᠯᠡᠭᠦᠯᠬᠦ᠌᠎ᠡᠴᠡ ᠡᠭᠦᠰᠦᠨ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠵᠦ᠍᠂ ᠥᠪᠡᠷ᠎ᠦᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠴᠢᠨᠢ ᠡᠪ ᠬᠠᠮᠲᠤ ᠶᠣᠰᠣᠨ᠎ᠤ ᠠᠯᠤᠰ᠎ᠤᠨ ᠬᠦᠰᠡᠯᠡᠩ ᠪᠠ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠮᠲᠤ᠎ᠶ᠋ᠢᠨ ᠬᠦᠰᠡᠯᠡᠩ᠎ᠡᠴᠡ ᠠᠩᠬᠢᠵᠢᠷᠠᠬᠰᠠᠨ ᠡᠰᠡᠬᠦ᠌᠂ ᠪᠦᠬᠦ᠌ ᠰᠡᠳᠭᠢᠯ ᠪᠦᠬᠦ᠌ ᠵᠣᠷᠢᠭ᠎ᠢᠶᠠᠷ ᠠᠷᠠᠳ ᠲᠦᠮᠡᠨ᠎ᠳᠦ ᠦᠢᠯᠡᠴᠢᠯᠡᠬᠦ᠌ ᠦᠨᠳᠦᠰᠦᠨ ᠵᠣᠷᠢᠯᠲᠠ ᠡᠴᠡ ᠲᠡᠷᠰᠯᠡᠭ᠌ᠰᠡᠨ ᠡᠰᠡᠬᠦ᠌᠂ ᠨᠠᠮ᠎ᠤᠨ ᠱᠤᠭᠤᠮ ᠴᠢᠭ᠌ᠯᠡᠯᠲᠡ ᠲᠦᠷᠦ᠍᠎ᠶ᠋ᠢᠨ ᠪᠤᠳᠤᠯᠭ᠎ᠠ ᠪᠠ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠬᠡ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠡᠴᠡ ᠰᠠᠯᠤᠩᠭᠢᠷᠠᠭ᠍ᠰᠠᠨ ᠡᠰᠡᠬᠦ᠌᠂ ᠤᠯᠤᠰ᠎ᠤᠨ ᠪᠠᠢᠳᠠᠯ ᠪᠠ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ᠎ᠦᠨ᠎ᠢᠶᠡᠨ ᠪᠣᠳᠠᠲᠤ ᠪᠠᠢᠳᠠᠯ ᠡᠴᠡ ᠰᠠᠯᠤᠭᠰᠠᠨ ᠡᠰᠡᠬᠦ᠌ ᠵᠢ ᠪᠠᠢᠴᠠᠭᠠᠨ ᠦᠵᠡᠵᠤ᠂ ᠠᠮᠵᠢᠯᠳᠠ ᠠᠨ᠎ᠤ ᠭᠠᠭᠴᠠ ᠮᠢᠨᠦ ᠭᠠᠪᠢᠶ᠎ᠠ ᠪᠤᠰᠤ ᠭᠡᠪᠡᠴᠦ᠍ ᠠᠮᠵᠢᠯᠳᠠ ᠭᠠᠷᠭᠠᠬᠤ ᠳ᠋ᠤ ᠯᠠᠪᠲᠠᠢ ᠪᠢ ᠤᠷᠤᠯᠴᠠᠬᠤ ᠤᠶᠤᠨ ᠰᠠᠨᠠᠭᠠᠨ᠎ᠤ ᠦᠨᠳᠦᠷᠴᠡ ᠪᠡᠷ ᠨᠢᠭᠡ ᠰᠡᠳᠭᠢᠯ ᠨᠢᠭᠡ ᠵᠣᠷᠢᠭ᠎ᠢᠶᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠬᠡᠷᠡᠭ᠌ᠲᠡᠢ ᠭᠡᠵᠤ ᠵᠢᠭᠠᠵᠤ ᠭᠠᠷᠭᠠᠵᠠᠢ᠃
ᠵᠣᠬᠢᠶᠠᠯ᠎ᠳᠤ᠂ ᠡᠪ ᠬᠠᠮᠲᠤᠴᠤᠳ ᠡᠷᠬᠡᠪᠰᠢ ᠠᠷᠠᠳ ᠲᠦᠮᠡᠨ᠎ᠳᠦ ᠪᠤᠶᠠᠨ ᠦᠢᠯᠡᠳᠬᠦ᠌ ᠪᠣᠯ ᠬᠠᠮᠤᠭ᠎ᠤᠨ ᠶᠡᠬᠡ ᠵᠠᠰᠠᠭ᠎ᠤᠨ ᠠᠵᠢᠯ᠎ᠤᠨ ᠪᠦᠲᠦᠮᠵᠢ ᠪᠣᠯᠬᠤ᠎ᠶ᠋ᠢ ᠪᠠᠲᠤ ᠴᠡᠭᠡᠵᠢᠯᠡᠬᠦ᠌ ᠬᠡᠷᠡᠭ᠌ᠲᠡᠢ᠃ ᠠᠵᠢᠯ ᠦᠢᠯᠡᠰ ᠪᠦᠲᠦᠭᠡᠵᠦ᠍᠂ ᠵᠠᠰᠠᠭ᠎ᠤᠨ ᠠᠵᠢᠯ᠎ᠤᠨ ᠠᠮᠵᠢᠯᠳᠠ ᠪᠦᠲᠦᠮᠵᠢ ᠭᠠᠷᠭᠠᠬᠤ ᠨᠢ ᠠᠷᠠᠳ ᠲᠦᠮᠡᠨ᠎ᠳᠦ ᠪᠤᠶᠠᠨ ᠦᠢᠯᠡᠳᠬᠦ᠌᠎ᠶ᠋ᠢᠨ ᠲᠥᠯᠥᠭᠡ ᠶᠤᠮ᠂ ᠬᠠᠷᠢᠨ ᠬᠤᠪᠢ ᠬᠥᠮᠦᠨ᠎ᠦ ᠵᠡᠷᠭᠡ ᠳᠡᠪᠱᠢᠬᠦ ᠪᠠ ᠣᠯᠵᠤ ᠠᠯᠳᠠᠬᠤ᠎ᠶ᠋ᠢᠨ ᠲᠥᠯᠥᠭᠡ ᠪᠢᠰᠢ ᠶᠤᠮ᠃ ᠠᠵᠢᠯ᠎ᠢᠶᠠᠨ ᠲᠥᠯᠥᠪᠵᠢᠭᠦᠯᠦᠨ ᠠᠬᠢᠭᠤᠯᠬᠤ᠎ᠳᠤ᠂ ᠵᠠᠪᠠᠯ ᠪᠦᠬᠦ᠌ ᠰᠡᠳᠭᠢᠯ ᠪᠦᠬᠦ᠌ ᠵᠣᠷᠢᠭ᠎ᠢᠶᠠᠷ ᠠᠷᠠᠳ ᠲᠦᠮᠡᠨ᠎ᠳᠦ ᠦᠢᠯᠡᠴᠢᠯᠡᠬᠦ᠌ ᠦᠨᠳᠦᠰᠦᠨ ᠵᠣᠷᠢᠯᠲᠠ᠎ᠶ᠋ᠢ ᠪᠠᠷᠢᠮᠲᠠᠯᠠᠵᠤ᠂ ᠠᠷᠠᠳ ᠲᠦᠮᠡᠨ᠎ᠢᠶᠡᠷ ᠭᠣᠣᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ ᠠᠷᠠᠳ ᠲᠦᠮᠡᠨ᠎ᠦ ᠲᠥᠯᠥᠭᠡ ᠬᠥᠭ᠌ᠵᠢᠭᠦᠯᠬᠦ᠌᠂ ᠬᠥᠭ᠌ᠵᠢᠭᠦᠯᠬᠦ᠌᠎ᠳᠦ ᠠᠷᠠᠳ ᠲᠦᠮᠡᠨ᠎ᠳᠦ ᠲᠦᠱᠢᠭᠯᠡᠬᠦ᠌᠂ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠠᠷᠠᠳ ᠲᠦᠮᠡᠨ᠎ᠳᠦ ᠬᠠᠮᠲᠤ᠎ᠪᠠᠷ ᠡᠳ᠋ᠯᠡᠭᠦᠯᠬᠦ᠌᠎ᠶ᠋ᠢ ᠪᠠᠷᠢᠮᠲᠠᠯᠠᠵᠤ᠂ ᠰᠠᠢ᠌ᠨ ᠶᠠᠪᠤᠳᠠᠯ ᠪᠣᠳᠠᠲᠤ ᠶᠠᠪᠤᠳᠠᠯ᠎ᠢ ᠤᠯᠠᠨ ᠲᠦᠮᠡᠨ᠎ᠦ ᠰᠡᠳᠭᠢᠯ᠎ᠳᠦ ᠬᠠᠳᠠᠩᠱᠢᠳᠠᠯᠠ ᠬᠢᠬᠦ ᠬᠡᠷᠡᠭ᠌ᠲᠡᠢ᠃ ᠠᠷᠠᠳ ᠲᠦᠮᠡᠨ᠎ᠦ ᠲᠥᠯᠥᠭᠡ ᠵᠠᠰᠠᠭ᠎ᠤᠨ ᠠᠵᠢᠯ᠎ᠤᠨ ᠠᠮᠵᠢᠯᠳᠠ ᠪᠦᠲᠦᠮᠵᠢ ᠭᠠᠷᠭᠠᠬᠤ᠂ ᠪᠣᠳᠠᠲᠠᠢ ᠠᠵᠢᠯᠯᠠᠬᠤ᠎ᠪᠠᠷ ᠵᠠᠰᠠᠭ᠎ᠤᠨ ᠠᠵᠢᠯ᠎ᠤᠨ ᠠᠮᠵᠢᠯᠳᠠ ᠪᠦᠲᠦᠮᠵᠢ ᠭᠠᠷᠭᠠᠬᠤ᠎ᠶ᠋ᠢ ᠪᠠᠷᠢᠮᠲᠠᠯᠠᠵᠤ᠂ ᠵᠠᠰᠠᠭ᠎ᠤᠨ ᠠᠵᠢᠯ᠎ᠤᠨ ᠪᠦᠲᠦᠮᠵᠢ᠎ᠶ᠋ᠢ ᠬᠥᠭᠡᠭᠡᠴᠡᠯᠳᠦᠬᠦ᠌ ᠲᠠᠯ᠎ᠠ᠎ᠪᠠᠷ ᠠᠪᠤᠨ ᠳᠣᠣᠷ᠎ᠠ᠎ᠪᠠᠨ ᠠᠱᠢᠭ ᠤᠯᠬᠤ᠌᠂ ᠬᠤᠳᠠᠯ᠎ᠢᠶᠠᠷ ᠵᠣᠬᠢᠶᠠᠨ ᠬᠠᠭᠤᠷᠮᠠᠭᠯᠠᠨ ᠦᠢᠯᠡᠳᠬᠦ᠌᠂ ᠰᠣᠬᠣᠷ ᠪᠠᠯᠠᠢ ᠴᠦᠯ᠎ᠳᠦ ᠮᠦᠯᠳᠦ ᠪᠠᠷ ᠬᠢᠬᠦ᠎ᠶ᠋ᠢ ᠬᠥᠭᠡᠭᠡᠴᠡᠯᠳᠦᠬᠦ ᠦᠭᠡᠢ ᠪᠠᠢᠵᠤ᠂ ᠱᠢᠨ᠎ᠡ ᠳᠠᠷᠤᠭ᠎ᠠ ᠬᠠᠭᠤᠴᠢᠨ ᠳᠠᠨᠭᠰᠠ ᠵᠢ ᠬᠠᠮᠢᠶᠠᠷᠬᠤ ᠦᠭᠡᠢ ᠪᠠ 《ᠲᠦᠷᠢ ᠲᠥᠷᠬᠦ᠌᠎ᠶ᠋ᠢᠨ ᠢᠨᠵᠧᠨᠧᠷᠢᠩ》᠂ 《ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠢᠨᠵᠧᠨᠧᠷᠢᠩ》᠎ᠢ᠋ ᠡᠷᠡᠰ ᠲᠡᠪᠴᠢᠬᠦ ᠬᠡᠷᠡᠭ᠌ᠲᠡᠢ ᠭᠡᠵᠦ ᠵᠢᠭᠠᠵᠤ ᠭᠠᠷᠭᠠᠪᠠ᠃
ᠵᠣᠬᠢᠶᠠᠯ᠎ᠳᠤ᠂ ᠴᠢᠨᠠᠷ ᠰᠠᠢᠲᠠᠢ ᠬᠥᠭ᠌ᠵᠢᠯᠲᠡ ᠪᠣᠯ ᠨᠡᠢᠭᠡᠮ ᠵᠢᠷᠤᠮ᠎ᠤᠨ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠶ᠋ᠢᠨ ᠲᠡᠷᠢᠭᠦᠨ ᠴᠢᠬᠤᠯᠠ ᠡᠭᠦᠷᠭᠡ ᠮᠥᠨ᠂ ᠴᠢᠨᠠᠷ ᠰᠠᠢᠲᠠᠢ ᠬᠥᠭ᠌ᠵᠢᠯᠲᠡ᠎ᠶ᠋ᠢ ᠪᠠᠷᠢᠮᠲᠠᠯᠠᠬᠤ᠎ᠶ᠋ᠢ ᠤᠳᠤᠷᠢᠳᠭᠤ ᠺᠠᠳ᠋ᠷ᠎ᠤᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠦᠵᠡᠯᠲᠡ᠎ᠶ᠋ᠢᠨ ᠴᠢᠬᠤᠯᠠ ᠠᠭᠤᠯᠭ᠎ᠠ ᠪᠣᠯᠭᠠᠬᠤ ᠬᠡᠷᠡᠭ᠌ᠲᠡᠢ᠃ ᠱᠢᠨ᠎ᠡ ᠬᠥᠭ᠌ᠵᠢᠯᠲᠡ᠎ᠶ᠋ᠢᠨ ᠤᠢ᠍ᠢᠯᠠᠭᠠᠭ᠍ᠳᠠᠬᠤᠨ᠎ᠢ ᠪᠦᠷᠢᠨ ᠪᠦᠲᠦᠨ ᠵᠥᠪ ᠣᠨᠣᠪᠴᠢᠲᠠᠢ ᠪᠦᠬᠦ᠌ ᠲᠠᠯ᠎ᠠ᠎ᠪᠠᠷ ᠲᠤᠭᠤᠱᠢᠯᠠᠭᠤᠯᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠬᠦᠴᠦᠯᠡᠨ ᠠᠬᠢᠭᠤᠯᠬᠤ ᠡᠨᠡ ᠬᠦ᠌ ᠱᠠᠭᠠᠷᠳᠠᠯᠭ᠎ᠠ᠎ᠶ᠋ᠢ ᠱᠠᠳᠤ ᠱᠠᠳᠤ᠎ᠪᠠᠷ ᠨᠠᠢᠳᠠᠪᠤᠷᠢᠵᠢᠭᠤᠯᠬᠤ᠎ᠳᠤ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ ᠪᠠᠢᠬᠤ ᠦᠭᠡᠢ ᠪᠣᠯ ᠪᠡᠶᠡᠯᠡᠭᠦᠯᠵᠦ᠍ ᠳᠡᠢᠯᠬᠦ᠌ ᠦᠭᠡᠢ ᠶᠤᠮ᠃ ᠲᠣᠭ᠍ᠲᠠᠭᠤᠨ ᠪᠠᠢᠯᠭᠠᠬᠤ ᠪᠠ ᠤᠷᠤᠭ᠍ᠰᠢᠯᠠᠬᠤ᠂ ᠪᠠᠢᠭᠤᠯᠬᠤ ᠪᠠ ᠡᠪᠳᠡᠬᠦ᠌᠂ ᠬᠡᠢᠰᠪᠦᠷᠢ ᠪᠠ ᠪᠣᠳᠠᠲᠠᠶ᠂ ᠥᠩᠭᠡᠨ ᠲᠠᠯ᠎ᠠ ᠪᠠ ᠦᠨᠳᠦᠰᠦ᠂ ᠣᠢᠷ᠎ᠠ ᠪᠠ ᠬᠣᠯᠠ ᠵᠢᠨ ᠬᠠᠷᠢᠴᠠᠭ᠎ᠠ᠎ᠶ᠋ᠢ ᠰᠠᠢᠲᠤᠷ ᠱᠢᠶ᠋ᠳᠪᠦᠷᠢᠯᠡᠵᠦ᠍᠂ ᠬᠣᠷᠢᠭ᠎ᠠ ᠱᠤᠭᠤᠮ᠎ᠤᠨ ᠰᠡᠳᠭᠢᠬᠦᠶ᠎ᠶ᠋ᠢ ᠪᠠᠷᠢᠮᠲᠠᠯᠠᠨ᠂ ᠠᠶᠤᠯ ᠲᠦᠭ᠌ᠰᠢᠭᠦᠷᠢ᠎ᠶ᠋ᠢᠨ ᠤᠬᠠᠮᠰᠠᠷ᠎ᠢᠶᠠᠨ ᠴᠢᠩᠭᠠᠳᠭᠠᠵᠤ᠂ ᠤᠬᠠᠮᠰᠠᠷ᠎ᠡᠴᠡ᠎ᠪᠠᠨ ᠱᠢᠨ᠎ᠡ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠢ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢᠨ ᠪᠥᠬᠥ᠌ ᠶᠠᠪᠤᠴᠠ᠎ᠳᠤ ᠲᠤᠭᠤᠱᠢᠯᠠᠭᠤᠯᠬᠤ ᠬᠡᠷᠡᠭ᠌ᠲᠡᠶ᠃ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠵᠠᠰᠠᠭ᠎ᠤᠨ ᠠᠵᠢᠯ᠎ᠤᠨ ᠪᠦᠲᠦᠮᠵᠢ᠎ᠶ᠋ᠢ ᠬᠢᠨᠠᠨ ᠱᠢᠯᠭᠠᠵᠤ ᠦᠨᠡᠯᠡᠬᠦ᠌ ᠠᠷᠭ᠎ᠠ᠎ᠶ᠋ᠢ ᠲᠡᠭᠦᠯᠳᠡᠷᠵᠢᠭᠦᠯᠵᠦ᠍᠂ ᠳᠣᠬᠢᠭᠤᠷ᠎ᠤᠨ ᠦᠶ᠋ᠯᠡᠳᠦᠯ᠎ᠢ ᠰᠠᠢᠲᠤᠷ ᠪᠠᠳᠠᠷᠠᠭᠤᠯᠵᠤ᠂ ᠡᠯ᠎ᠡ ᠱᠠᠲᠤᠨ᠎ᠤ ᠤᠳᠤᠷᠢᠳᠭᠤ ᠪᠠᠭ᠎ᠤᠨ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠦᠪ ᠦᠵᠡᠯᠲᠡ᠎ᠶ᠋ᠢ ᠨᠠᠷᠢᠨ ᠬᠢᠨᠠᠮᠠᠭᠠᠶ ᠦᠶ᠋ᠯᠡᠳᠦᠯᠭᠡᠵᠢᠭᠦᠯᠬᠦ᠌᠎ᠶ᠋ᠢ ᠠᠬᠢᠭᠤᠯᠵᠤ᠂ ᠠᠵᠢᠯ᠎ᠤᠨ ᠵᠥᠪ ᠤᠳᠤᠷᠢᠳᠤᠮᠵᠢ᠎ᠶ᠋ᠢ ᠦᠨᠡᠨ ᠬᠦ᠌ ᠪᠦᠷᠢᠯᠳᠦᠭᠦᠯᠬᠦ᠌ ᠬᠡᠷᠡᠭ᠌ᠲᠡᠶ᠃ ᠵᠥᠷᠢᠶᠡᠴᠢᠯᠡᠭᠰᠡᠨ ᠱᠢᠯᠭᠠᠨ ᠦᠨᠡᠯᠡᠬᠦ᠌ ᠱᠢᠰᠲ᠋ᠧᠮ᠎ᠢ ᠲᠡᠭᠦᠯᠳᠡᠷᠵᠢᠭᠦᠯᠵᠦ᠍᠂ ᠱᠢᠯᠭᠠᠨ ᠦᠨᠡᠯᠡᠬᠦ᠌ ᠬᠠᠨᠳᠤᠯᠭᠠᠲᠤ ᠴᠢᠨᠠᠷ ᠪᠣᠯᠤᠨ ᠱᠢᠨᠵᠢᠯᠡᠬᠦ᠌ ᠤᠬᠠᠭᠠᠨᠴᠢ ᠴᠢᠨᠠᠷ᠎ᠢ ᠳᠡᠭᠡᠭ᠌ᠰᠢᠯᠡᠭᠦᠯᠵᠦ᠍᠂ 《ᠲᠣᠭ᠎ᠠ ᠪᠠᠷᠢᠮᠳᠠ ᠵᠢᠨ ᠠᠮᠵᠢᠯᠳᠠ ᠪᠡᠷ ᠳᠠᠷᠤᠭ᠎ᠠ ᠪᠤᠯᠬᠤ᠂ ᠳᠠᠷᠤᠭ᠎ᠠ ᠪᠤᠯᠤᠭᠰᠠᠳ ᠲᠣᠭ᠎ᠠ ᠪᠠᠷᠢᠮᠳᠠ ᠵᠢ ᠬᠦᠬᠡᠬᠡᠴᠡᠯᠳᠦᠬᠦ》 ᠮᠠᠭᠤ ᠣᠷᠴᠢᠯ ᠢᠯᠡᠷᠡᠬᠦ᠎ᠡᠴᠡ ᠰᠡᠷᠭᠡᠢᠯᠡᠬᠦ᠌ ᠬᠡᠷᠡᠭ᠌ᠲᠡᠢ ᠭᠡᠵᠦ ᠴᠢᠬᠤᠯᠠᠴᠢᠯᠠᠪᠠ᠃
ᠵᠣᠬᠢᠶᠠᠯ᠎ᠳᠤ᠂ ᠡᠨᠡ ᠵᠢᠯ ᠪᠣᠯ 《ᠠᠷᠪᠠᠨ ᠲᠠᠪᠤᠳᠤᠭᠠᠷ ᠲᠠᠪᠤᠨ ᠵᠢᠯ》 ᠦ᠋ᠨ ᠡᠬᠢᠯᠡᠯᠲᠡ᠎ᠶᠢᠨ ᠵᠢᠯ᠂ ᠣᠷᠣᠨ ᠨᠤᠲᠤᠭ᠎ᠤᠨ ᠡᠯ᠎ᠡ ᠱᠠᠲᠤᠨ᠎ᠤ ᠤᠳᠤᠷᠢᠳᠬᠤ ᠪᠠᠭ ᠬᠤᠭᠤᠴᠠᠭ᠎ᠠ ᠰᠣᠯᠢᠬᠤ ᠪᠣᠯᠣᠨ᠎ᠠ᠃ ᠰᠤᠷᠤᠯᠴᠠᠯᠭ᠎ᠠ ᠬᠥᠮᠦᠵᠢᠯ᠎ᠢᠶᠡᠷ ᠳᠠᠮᠵᠢᠨ ᠡᠯ᠎ᠡ ᠱᠠᠲᠤᠨ᠎ᠤ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷᠴᠤᠳ᠎ᠤᠨ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠶ ᠪᠣᠯᠭᠠᠨ ᠦᠢᠯᠡᠳᠦᠯᠭᠡᠵᠢᠭᠦᠯᠬᠦ᠎ᠶᠢ ᠠᠬᠢᠭᠤᠯᠬᠤ ᠪᠣᠯ ᠲᠤᠢᠯ᠎ᠤᠨ ᠴᠢᠬᠤᠯᠠ ᠪᠥᠭᠡᠳ ᠮᠠᠰᠢ ᠴᠢᠬᠤᠯᠠᠲᠠᠢ ᠶᠤᠮ᠃ ᠰᠤᠷᠤᠯᠴᠠᠯᠭ᠎ᠠ ᠬᠥᠮᠦᠵᠢᠯ᠎ᠢ ᠡᠨᠡ ᠵᠢᠯ᠎ᠦᠨ ᠨᠠᠮ᠎ᠤᠨ ᠪᠠᠢᠭᠤᠯᠤᠯᠲᠠ᠎ᠶᠢᠨ ᠴᠢᠬᠤᠯᠠ ᠡᠭᠦᠷᠭᠡ ᠪᠣᠯᠭᠠᠵᠤ᠂ ᠪᠣᠳᠠᠲᠤ ᠦᠷ᠎ᠡ ᠪᠦᠲᠦᠮᠵᠢ ᠣᠯᠬᠤ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠨᠢᠭᠡ᠎ᠳᠦ᠂ ᠦᠵᠡᠯ ᠰᠠᠨᠠᠭ᠎ᠠ ᠲᠠᠨᠢᠯᠲᠠ᠎ᠪᠠᠨ ᠨᠠᠷᠢᠨ ᠬᠢᠨᠠᠮᠠᠭᠠᠢ᠂ ᠯᠠᠪᠳᠠᠭᠤᠨ ᠪᠠᠲᠤᠲᠠᠢ ᠳᠡᠭᠡᠭᠰᠢᠯᠡᠭᠦᠯᠬᠦ ᠬᠡᠷᠡᠭᠲᠡᠢ᠃ ᠪᠦᠬᠦ ᠨᠠᠮ᠎ᠤᠨ ᠨᠥᠬᠥᠳ ᠢᠯᠠᠩᠭᠤᠶ᠎ᠠ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ ᠣᠨᠣᠯ ᠪᠠ ᠦᠢᠯᠡᠳᠦᠯᠭᠡ᠎ᠶᠢᠨ ᠲᠠᠯ᠎ᠠ᠎ᠡᠴᠡ ᠨᠠᠮ ᠪᠠ ᠤᠯᠤᠰ᠎ᠤᠨ ᠦᠢᠯᠡᠰ᠎ᠦᠨ ᠬᠥᠭᠵᠢᠯᠲᠡ᠎ᠳᠦ ᠦᠵᠡᠭᠦᠯᠬᠦ ᠵᠠᠰᠠᠭ᠎ᠤᠨ ᠠᠵᠢᠯ᠎ᠤᠨ ᠪᠦᠲᠦᠮᠵᠢ᠎ᠶᠢᠨ ᠦᠵᠡᠯᠲᠡ ᠵᠢᠨ ᠴᠢᠬᠤᠯᠠ ᠴᠢᠨᠠᠷ᠎ᠢ ᠭᠦᠨᠵᠡᠭᠡᠢ ᠲᠠᠨᠢᠵᠤ᠂ ᠢᠯᠠᠩᠭᠤᠶ᠎ᠠ ᠵᠥᠪ ᠪᠤᠷᠤᠭᠤ ᠬᠣᠶᠠᠷ ᠲᠠᠯ᠎ᠠ᠎ᠶᠢᠨ ᠨᠡᠢᠲᠡᠯᠢᠭ ᠵᠢᠱ᠌ᠢᠶ᠎ᠡ᠎ᠲᠠᠢ ᠬᠠᠷᠭᠤᠭᠤᠯᠵᠤ ᠲᠤᠷᠰᠢᠯᠭ᠎ᠠ ᠰᠤᠷᠭᠠᠮᠵᠢ᠎ᠶᠢ ᠭᠦᠨᠵᠡᠭᠡᠢ ᠰᠢᠩᠭᠡᠬᠡᠨ ᠠᠪᠴᠤ᠂ ᠨᠠᠮᠴᠢ ᠴᠢᠨᠠᠷ᠎ᠤᠨ ᠤᠬᠠᠮᠰᠠᠷ᠎ᠢᠶᠠᠨ ᠳᠡᠭᠡᠭᠰᠢᠯᠡᠭᠦᠯᠵᠦ᠂ ᠨᠠᠮ ᠪᠠ ᠠᠷᠠᠳ ᠲᠦᠮᠡᠨ᠎ᠳᠦ ᠳᠡᠭᠡᠳᠦ ᠬᠡᠮᠵᠢᠶ᠎ᠡ᠎ᠪᠡᠷ ᠬᠠᠷᠢᠭᠤᠴᠠᠬᠤ ᠣᠪᠣᠷ᠎ᠢᠶᠠᠷ ᠵᠠᠰᠠᠭ᠎ᠤᠨ ᠠᠵᠢᠯ᠎ᠤᠨ ᠪᠦᠲᠦᠮᠵᠢ᠎ᠶᠢᠨ ᠲᠤᠬᠠᠢ ᠵᠥᠪ ᠦᠵᠡᠯᠲᠡ᠎ᠶᠢ ᠪᠤᠢ ᠪᠣᠯᠭᠠᠨ ᠦᠢᠯᠡᠳᠦᠯᠭᠡᠵᠢᠭᠦᠯᠬᠦ ᠦᠵᠡᠯ ᠰᠠᠨᠠᠭᠠᠨ᠎ᠤ ᠤᠬᠠᠮᠰᠠᠷ ᠪᠠ ᠦᠢᠯᠡ ᠠᠵᠢᠯᠯᠠᠭᠠᠨ᠎ᠤ ᠤᠬᠠᠮᠰᠠᠷ᠎ᠢᠶᠠᠨ ᠴᠢᠩᠭᠠᠳᠬᠠᠬᠤ ᠬᠡᠷᠡᠭᠲᠡᠢ᠃ ᠬᠣᠶᠠᠷ᠎ᠲᠤ᠂ ᠲᠣᠪᠣᠢᠮ᠎ᠠ ᠠᠰᠠᠭᠤᠳᠠᠯ᠎ᠢ ᠨᠠᠷᠢᠨ ᠬᠢᠨᠠᠮᠠᠭᠠᠢ᠂ ᠯᠠᠪᠳᠠᠭᠤᠨ ᠪᠠᠲᠤᠲᠠᠢ ᠴᠡᠭᠴᠡᠯᠡᠨ ᠰᠠᠢᠵᠢᠷᠠᠭᠤᠯᠬᠤ ᠬᠡᠷᠡᠭᠲᠡᠢ᠃ 《ᠨᠡᠶ᠋ᠢᠲᠡ᠎ᠶᠢᠨ ᠲᠥᠯᠥᠭᠡ ᠨᠠᠮ ᠪᠠᠢᠭᠤᠯᠬᠤ᠂ ᠠᠷᠠᠳ ᠲᠦᠮᠡᠨ᠎ᠳᠦ ᠪᠤᠶᠠᠨ ᠦᠢᠯᠡᠳᠬᠦ᠂ ᠰᠢᠨᠵᠢᠯᠡᠬᠦ ᠤᠬᠠᠭᠠᠨᠴᠢ᠎ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠦᠨᠡᠨ ᠬᠦ᠌ ᠠᠳᠬᠤᠵᠤ ᠪᠣᠳᠠᠲᠠᠢ ᠠᠵᠢᠯᠯᠠᠬᠤ》 ᠶᠡᠷᠦᠩᠬᠡᠢ ᠱᠠᠭᠠᠷᠳᠠᠯᠭ᠎ᠠ᠎ᠶᠢ ᠲᠤᠭᠤᠰᠢᠯᠠᠭᠤᠯᠬᠤ ᠵᠢᠨ ᠲᠤᠭᠤᠷᠢᠨ ᠳ᠋ᠤ ᠰᠤᠷᠤᠯᠴᠠᠬᠤ ᠪᠠᠢᠴᠠᠭᠠᠬᠤ ᠰᠠᠢᠵᠢᠷᠠᠭᠤᠯᠬᠤ ᠵᠢ ᠨᠢᠭᠡ ᠴᠣᠭᠴᠠᠵᠢᠭᠤᠯᠤᠨ ᠠᠬᠢᠭᠤᠯᠵᠤ᠂ ᠠᠰᠠᠭᠤᠳᠠᠯ᠎ᠢ ᠪᠠᠢᠴᠠᠭᠠᠨ ᠲᠣᠳᠣᠷᠬᠠᠢᠯᠠᠵᠤ᠂ ᠣᠨᠣᠪᠴᠢᠲᠠᠢ ᠡᠷᠢᠵᠦ᠂ ᠪᠣᠳᠠᠲᠠᠢ᠎ᠶᠢ ᠡᠷᠬᠢᠮᠯᠡᠨ ᠤᠨᠢᠨ ᠳᠡᠭᠡᠷ᠎ᠡ ᠨᠢ ᠴᠡᠭᠴᠡᠯᠡᠨ ᠰᠠᠢᠵᠢᠷᠠᠭᠤᠯᠬᠤ᠎ᠶᠢ ᠠᠳᠬᠤᠬᠤ ᠬᠡᠷᠡᠭᠲᠡᠢ᠃ ᠭᠤᠷᠪᠠ᠎ᠳᠦ᠂ ᠳᠦᠷᠢᠮ ᠲᠣᠭᠲᠠᠭᠠᠯ᠎ᠢ ᠨᠠᠷᠢᠨ ᠬᠢᠨᠠᠮᠠᠭᠠᠢ᠂ ᠯᠠᠪᠳᠠᠭᠤᠨ ᠪᠠᠲᠤᠲᠠᠢ ᠰᠠᠢᠲᠤᠷ ᠲᠣᠭᠲᠠᠭᠠᠬᠤ ᠬᠡᠷᠡᠭᠲᠡᠢ᠃ ᠡᠨᠡ ᠤᠳᠠᠭ᠎ᠠ᠎ᠶᠢᠨ ᠰᠤᠷᠤᠯᠴᠠᠯᠭ᠎ᠠ ᠬᠥᠮᠦᠵᠢᠯ᠎ᠦᠨ ᠪᠠᠢᠴᠠᠭᠠᠨ ᠰᠠᠢᠵᠢᠷᠠᠭᠤᠯᠤᠭᠰᠠᠨ ᠠᠰᠠᠭᠤᠳᠠᠯ᠎ᠤᠨ ᠳᠤᠮᠳᠠ᠎ᠡᠴᠡ ᠳᠦᠷᠢᠮ᠎ᠦᠨ ᠳᠤᠲᠠᠭᠳᠠᠯ᠂ ᠳᠤᠲᠠᠭᠤᠳᠠᠯ᠂ ᠪᠠᠭᠤᠷᠠᠢ ᠲᠠᠯ᠎ᠠ᠎ᠶᠢ ᠢᠯᠡᠷᠡᠭᠦᠯᠵᠦ᠂ ᠳᠦᠷᠢᠮ ᠲᠣᠭᠲᠠᠭᠠᠯ᠎ᠢ ᠦᠨᠡᠨ ᠬᠦ᠌ ᠨᠥᠬᠥᠪᠦᠷᠢᠯᠡᠨ ᠰᠠᠢᠲᠤᠷ ᠲᠣᠭᠲᠠᠭᠠᠵᠤ᠂ ᠶᠠᠭᠤ᠎ᠶᠢ ᠬᠢᠵᠦ ᠪᠣᠯᠬᠤ᠂ ᠶᠠᠭᠤ᠎ᠶᠢ ᠬᠢᠵᠦ ᠦᠯᠦ ᠪᠣᠯᠬᠤ᠂ ᠬᠡᠨ᠎ᠦ ᠲᠥᠯᠥᠭᠡ ᠬᠢᠬᠦ᠂ ᠶᠠᠭᠠᠬᠢᠵᠤ ᠬᠢᠪᠡᠯ ᠵᠣᠬᠢᠬᠤ᠎ᠶᠢ ᠲᠣᠳᠣᠷᠬᠠᠢ ᠪᠣᠯᠭᠠᠬᠤ᠎ᠶᠢᠨ ᠬᠠᠮᠲᠤ ᠬᠠᠷᠢᠭᠤᠴᠠᠯᠭ᠎ᠠ ᠲᠤᠯᠭᠠᠬᠤ ᠠᠷᠭ᠎ᠠ᠎ᠶᠢ ᠢᠵᠢ ᠪᠦᠷᠢᠳᠦᠭᠦᠯᠦᠨ ᠲᠡᠭᠦᠯᠳᠡᠷᠵᠢᠭᠦᠯᠵᠦ᠂ ᠳᠦᠷᠢᠮ᠎ᠢ ᠴᠢᠩᠳᠠᠯᠠᠵᠤ᠂ ᠬᠥᠲᠥᠯᠥᠨ ᠵᠢᠯᠤᠭᠣᠳᠴᠤ ᠤᠷᠮᠠᠰᠢᠭᠤᠯᠬᠤ᠂ ᠵᠢᠷᠤᠮᠵᠢᠭᠤᠯᠤᠨ ᠬᠢᠵᠠᠭᠠᠷᠯᠠᠬᠤ ᠦᠢᠯᠡᠳᠦᠯ᠎ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠤ ᠵᠢᠭᠠᠵᠤ ᠭᠠᠷᠭᠠᠵᠠᠢ᠃
(ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 31 ᠤ᠋ ᠴᠠᠬᠢᠯᠭᠠᠨ ᠮᠡᠳᠡᠭᠡ)