ᠦᠨᠡᠨ᠎ᠬᠦ᠌ ᠠᠳᠭᠤᠵᠤ ᠪᠣᠳᠠᠲᠠᠶ ᠠᠵᠢᠯᠯᠠᠨ ᠠᠮᠵᠢᠯᠲᠠ ᠪᠦᠲᠦᠮᠵᠢ ᠭᠠᠷᠭᠠᠰᠤᠭᠠᠢ
2026-04-01 09:41:53
ᠵᠣᠬᠢᠶᠠᠭ᠍ᠴᠢ᠄
ᠶᠤᠸᠠᠨ ᠪᠦᠦ ᠨᠢᠶᠠᠨ
ᠣᠩᠱᠢᠭ᠍ᠰᠠᠨ ᠣᠳᠠᠭ᠎ᠠ᠄
★★★☆☆

ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ ᠵᠥᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠨᠢ ᠡᠴᠦᠰ ᠲᠡᠬᠡᠨ ᠪᠣᠳᠠᠲᠠᠢ ᠠᠵᠢᠯ ᠬᠢᠵᠦ᠍᠂ ᠦᠷ᠎ᠡ ᠪᠦᠲᠦᠮᠵᠢ ᠭᠠᠷᠭᠠᠬᠤ᠎ᠶ᠋ᠢᠨ ᠲᠥᠯᠥᠭᠡ ᠪᠠᠢᠵᠤ᠂ ᠠᠷᠠᠳ ᠤᠯᠠᠨ᠎ᠳᠤ ᠬᠡᠳᠦᠢ ᠤᠯᠠᠨ ᠪᠣᠳᠠᠲᠤ ᠠᠱᠢᠭ ᠬᠦᠷᠳᠡᠭᠡᠭᠰᠡᠨ᠎ᠢ ᠦᠵᠡᠬᠦ ᠬᠡᠷᠡᠭᠳᠡᠢ᠃ ᠡᠭᠦᠨ᠎ᠳᠦ ᠨᠠᠮ᠎ᠤᠨ ᠭᠡᠱᠢᠭᠦᠨ ᠺᠠᠳ᠋ᠷᠴᠤᠳ ᠢᠯᠠᠩᠭᠤᠶ᠎ᠠ ᠤᠳᠤᠷᠢᠳᠭᠤ ᠺᠠᠳ᠋ᠷᠴᠤᠳ ᠦᠨᠡᠨ ᠬᠦ᠌ ᠠᠳᠭᠤᠵᠤ ᠪᠣᠳᠠᠲᠠᠢ ᠠᠵᠢᠯᠯᠠᠬᠤ ᠦᠢᠯᠡᠳᠦᠯᠭᠡ᠎ᠶ᠋ᠢᠨ ᠤᠳᠤᠷᠢᠳᠤᠮᠵᠢ᠎ᠶ᠋ᠢ ᠪᠠᠷᠢᠮᠲᠠᠯᠠᠨ᠂ ᠪᠣᠳᠠᠲᠠᠢ ᠶᠠᠪᠤᠳᠠᠯ ᠬᠢᠵᠦ᠂ ᠲᠤᠰᠠᠳᠠᠢ ᠠᠷᠭ᠎ᠠ ᠭᠠᠷᠭᠠᠵᠤ᠂ ᠪᠣᠳᠠᠲᠤ ᠦᠷ᠎ᠡ ᠪᠦᠲᠦᠮᠵᠢ ᠤᠯᠬᠤ᠎ᠶ᠋ᠢ ᠡᠷᠬᠢᠮᠯᠡᠨ᠂ ᠦᠨᠡᠨ ᠪᠣᠳᠠᠲᠠᠢ ᠦᠢᠯᠡ ᠠᠵᠢᠯᠯᠠᠭ᠎ᠠ᠎ᠪᠠᠷ᠎ᠢᠶᠠᠨ ᠲᠡᠦᠬᠡ᠂ ᠦᠢᠯᠡᠳᠦᠯᠭᠡ ᠪᠠ ᠠᠷᠠᠳ ᠲᠦᠮᠡᠨ᠎ᠦ ᠱᠢᠯᠭᠠᠯᠲᠠ᠎ᠶ᠋ᠢ ᠳᠠᠭᠠᠭᠠᠵᠤ ᠳᠡᠢᠯᠬᠦ ᠠᠮᠵᠢᠯᠲᠠ ᠪᠦᠲᠦᠮᠵᠢ ᠵᠢ ᠡᠭᠦᠳᠬᠦ᠌ ᠴᠢᠬᠤᠯᠠᠳᠠᠢ ᠶᠤᠮ᠃

ᠦᠨᠡᠨ᠎ᠬᠦ ᠠᠳᠬᠤᠬᠤ ᠬᠡᠳᠡᠭ ᠨᠢ ᠲᠦᠪ ᠴᠢᠩᠭ᠎ᠠ ᠨᠠᠷᠢᠨ ᠬᠢᠨᠠᠮᠠᠭᠠᠢ ᠠᠳᠬᠤᠬᠤ ᠶᠠᠪᠤᠳᠠᠯ ᠪᠤᠯᠤᠨ᠎ᠠ᠃ ᠭᠠᠭ᠍ᠴᠠ ᠬᠦ᠌ 《ᠦᠪ ᠦᠨᠡᠨ ᠬᠢᠪᠡᠯ》 ᠰᠠᠶᠢ ᠵᠢᠩᠬᠢᠨᠢ ᠦᠷ᠎ᠡ ᠪᠦᠲᠦᠮᠵᠢ ᠣᠯᠵᠤ ᠴᠢᠳᠠᠨ᠎ᠠ᠃ ᠣᠳᠣᠬᠠᠨ᠎ᠳᠤ ᠥᠪᠥᠷ ᠮᠣᠩᠭᠣᠯ ᠶᠠᠭ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠶᠢᠨ 《1571》 ᠠᠵᠢᠯ ᠎ᠤᠨ ᠪᠠᠢᠷᠢᠯᠠᠭᠤᠯᠤᠯᠲᠠ᠎ᠲᠠᠶ ᠨᠢᠭ᠍ᠲᠠ ᠤᠶᠠᠯᠳᠤᠭᠤᠯᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠪᠦᠬᠦ᠌ ᠬᠦᠴᠦᠨ᠎ᠢᠶᠡᠷ ᠎ᠢᠶᠡᠨ ᠠᠬᠢᠭᠤᠯᠵᠤ ᠪᠠᠢᠨ᠎ᠠ᠂ ᠡᠨᠡ ᠦᠶ᠎ᠡ᠎ᠳᠦ ᠬᠠᠮᠤᠭ᠎ᠤᠨ ᠴᠢᠬᠤᠯᠠ ᠨᠢ 《ᠦᠨᠡᠨ》 ᠢ᠋ ᠪᠣᠳᠠᠲᠠᠢ᠎ᠳᠤ ᠨᠠᠢᠳᠠᠪᠤᠷᠢᠵᠢᠭᠤᠯᠵᠤ᠂ ᠦᠷ᠎ᠡ ᠪᠦᠲᠦᠮᠵᠢ ᠭᠠᠷᠭᠠᠬᠤ ᠬᠡᠷᠡᠭᠳᠡᠢ ᠶᠤᠮ᠃ ᠦᠨᠡᠨ᠎ᠬᠦ ᠠᠳᠬᠤᠬᠤ᠎ᠳᠦ ᠠᠨᠢᠰᠤ᠎ᠶ᠋ᠢ ᠨᠢ ᠣᠯᠵᠤ ᠠᠳᠬᠤᠨ᠂ ᠬᠦᠷᠦᠯᠴᠡᠬᠦ ᠦᠬᠡᠢ ᠳᠠᠯ᠎ᠠ ᠵᠢ ᠨᠢ ᠤᠯᠵᠤ ᠠᠳᠬᠤᠬᠤ ᠬᠡᠷᠡᠭ᠌ᠲᠡᠢ᠂ ᠡᠰᠡ ᠳᠡᠭᠡᠪᠡᠯ ᠬᠡᠢ ᠬᠣᠭᠣᠰᠣᠨ ᠪᠠᠢᠵᠤ᠂ ᠦᠵᠡᠬᠦ ᠳ᠋ᠤ ᠴᠢᠩᠭ᠎ᠠ ᠠᠳᠬᠤᠵᠤ ᠪᠠᠢᠬᠤ ᠪᠤᠯᠪᠠᠴᠤ ᠡᠴᠦᠰ᠎ᠤᠨ ᠦᠷ᠎ᠠ ᠳ᠋ᠦᠩ ᠨᠢ ᠳᠡᠮᠡᠢ ᠯᠡ ᠶᠠᠭᠠᠷᠠᠬᠰᠠᠨ ᠲᠡᠳᠦᠢ ᠶᠠᠪᠤᠳᠠᠯ ᠪᠤᠯᠤᠨ᠎ᠠ; ᠦᠨᠡᠨ ᠬᠦ᠌ ᠠᠳᠭᠤᠬᠤ᠎ᠳᠦ ᠬᠥᠮᠦᠨ᠎ᠲᠡᠶ ᠮᠠᠭᠤᠳᠠᠯᠴᠠᠬᠤ ᠡᠴᠡ ᠠᠶᠤᠵᠤ ᠪᠣᠯᠬᠤ ᠦᠭᠡᠢ᠂ ᠬᠠᠲᠠᠭᠤ ᠲᠠᠢ ᠨᠢ ᠬᠠᠯᠳᠠᠵᠤ ᠠᠰᠠᠭᠤᠳᠠᠯ᠎ᠢ ᠵᠣᠷᠢᠭ᠍ᠲᠠᠢ᠎ᠪᠠᠷ ᠬᠦᠨᠳᠡᠬᠦ᠌ ᠬᠡᠷᠡᠭ᠌ᠲᠡᠢ᠃ ᠬᠡᠷᠪᠡ ᠬᠦᠴᠢᠷ ᠪᠡᠷᠬᠡᠱᠢᠶᠡᠯ ᠲᠣᠬᠢᠶᠠᠯᠳᠤᠮᠠᠭᠴᠠ ᠵᠢᠷᠦᠬᠡᠰᠢᠶᠡᠵᠤ ᠵᠠᠢᠯᠠᠬᠤ ᠳ᠋ᠤ ᠬᠦᠷᠪᠡᠯ ᠠᠰᠠᠭᠤᠳᠠᠯ᠎ᠢ ᠦᠨᠡᠨ ᠬᠦ᠌ ᠱᠢᠢᠳᠪᠦᠷᠢᠯᠡᠵᠦ᠍ ᠴᠢᠳᠠᠬᠤ ᠦᠭᠡᠢ ᠶᠤᠮ; ᠦᠨᠡᠨ᠎ᠬᠦ᠌ ᠠᠳᠭᠤᠬᠤ᠎ᠳᠤ ᠡᠷᠬᠡᠪᠰᠢ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ 《ᠬᠣᠶᠠᠷ᠎ᠳᠠᠯ᠎ᠠ ᠪᠡᠷ ᠪᠦᠬᠦ ᠤᠯᠤᠰ᠎ᠤᠨ ᠳᠡᠭᠡᠳᠦ ᠲᠦᠪᠰᠢᠨ᠎ᠳᠦ ᠳᠤᠭᠳᠠᠭᠤᠨ ᠪᠠᠢᠬᠤ》᠂ 《ᠬᠣᠶᠠᠷ ᠳᠠᠯ᠎ᠠ ᠪᠡᠷ ᠦᠷᠭᠦᠯᠵᠢᠯᠡᠨ ᠪᠦᠬᠦ ᠤᠯᠤᠰ᠎ᠤᠨ ᠡᠮᠦᠨ᠎ᠡ ᠡᠩᠨᠡᠭᠡᠨ᠎ᠳᠦ ᠶᠠᠪᠤᠬᠤ》 ᠵᠡᠷᠭᠡ ᠬᠠᠷᠠᠯᠲᠠ ᠡᠭᠦᠷᠭᠡ᠎ᠶ᠋ᠢ ᠪᠡᠶᠡᠯᠡᠭᠦᠯᠵᠦ᠍᠂ ᠤᠯᠠᠨ ᠲᠦᠮᠡᠨ᠎ᠦ ᠪᠠᠴᠢᠮᠳᠠᠵᠤ ᠲᠦᠪᠡᠭᠳᠡᠵᠦ ᠵᠤᠪᠠᠨᠢᠵᠤ ᠬᠦᠰᠡᠵᠦ ᠪᠠᠢᠭ᠎ᠠ ᠠᠷᠠᠳ᠎ᠤᠨ ᠠᠮᠢᠳᠤᠷᠠᠯ᠎ᠤᠨ ᠠᠰᠠᠭᠤᠳᠠᠯ᠎ᠢ ᠱᠢᠢᠳᠪᠦᠷᠢᠯᠡᠬᠦ᠌᠎ᠪᠡᠷ ᠠᠵᠢᠯ᠎ᠤᠨ ᠵᠣᠷᠢᠯᠲᠠ ᠪᠠ ᠲᠤᠰᠤᠯᠳᠠ ᠪᠣᠯᠭᠠᠵᠤ᠂ ᠤᠯᠠᠨ ᠲᠦᠮᠡᠨ᠎ᠦ ᠬᠦᠰᠡᠯ ᠱᠠᠭᠠᠷᠳᠠᠯᠭ᠎ᠠ ᠬᠠᠮᠢᠭ᠎ᠠ ᠪᠠᠢᠪᠠᠯ ᠲᠡᠨᠳᠡ ᠬᠦᠴᠦ᠍ ᠣᠷᠣᠭᠤᠯᠵᠤ᠂ ᠬᠠᠮᠢᠭ᠎ᠠ ᠬᠦᠴᠢᠷᠳᠡᠯ ᠲᠦᠭᠵᠢᠷᠡᠯ ᠪᠠᠢᠪᠠᠯ ᠲᠡᠨᠳᠡ ᠪᠣᠭᠣᠮᠲᠠ ᠱᠢᠪᠲᠤᠯᠵᠤ᠂ ᠵᠢᠩᠬᠢᠨᠢ ᠦᠷ᠎ᠡ ᠪᠦᠲᠦᠮᠵᠢ ᠭᠠᠷᠭᠠᠵᠤ ᠳᠡᠢᠯᠬᠦ᠌ ᠦᠭᠡᠢ ᠪᠡᠷ ᠶᠠᠭᠠᠬᠢᠭ᠍ᠰᠠᠨ ᠴᠤ᠌ ᠵᠣᠭ᠍ᠰᠣᠬᠤ ᠦᠭᠡᠢ ᠪᠠᠢᠬᠤ ᠬᠡᠷᠡᠭ᠌ᠲᠡᠢ᠃

ᠪᠣᠳᠠᠲᠠᠢ ᠠᠵᠢᠯᠯᠠᠬᠤ ᠪᠣᠯ ᠳᠠᠷᠤᠢ ᠦᠨᠡᠨ ᠪᠣᠳᠠᠲᠠᠢ ᠬᠢᠬᠦ ᠴᠢᠬᠤᠯᠠᠳᠠᠢ ᠠᠵᠢᠯ᠎ᠢ ᠬᠢᠬᠦ ᠶᠠᠪᠤᠳᠠᠯ ᠪᠤᠯᠤᠨ᠎ᠠ᠃ ᠶᠠᠮᠠᠷᠪᠠ ᠶᠠᠪᠤᠳᠠᠯ᠎ᠢ ᠬᠢᠬᠦ᠌᠎ᠳᠦ ᠭᠠᠭ᠍ᠴᠠ ᠬᠦ᠌ ᠦᠨᠡᠨ ᠪᠣᠳᠠᠲᠠᠢ᠎ᠪᠠᠷ ᠬᠢᠪᠡᠯ ᠰᠠᠶᠢ ᠪᠣᠳᠠᠲᠤ ᠠᠮᠵᠢᠯᠳᠠ ᠪᠦᠲᠦᠮᠵᠢ ᠭᠠᠷᠭᠠᠵᠤ᠂ ᠦᠷ᠎ᠡ ᠪᠦᠲᠦᠭᠡᠯ ᠤᠯᠵᠤ ᠴᠢᠳᠠᠨ᠎ᠠ᠃ ᠠᠷᠠᠳ ᠲᠦᠮᠡᠨ᠎ᠤ ᠲᠦᠯᠦᠭᠡ ᠵᠠᠰᠠᠭ᠎ᠤᠨ ᠠᠵᠢᠯ᠎ᠤᠨ ᠠᠮᠵᠢᠯᠳᠠ ᠪᠦᠲᠦᠮᠵᠢ ᠭᠠᠷᠭᠠᠬᠤ᠎ᠳᠤ ᠠᠪᠤᠨ ᠳᠣᠣᠷ᠎ᠠ᠎ᠪᠠᠨ ᠠᠮᠵᠢᠯᠲᠠ ᠤᠯᠬᠤ ᠪᠣᠯᠤᠯᠴᠠᠭ᠎ᠠ ᠪᠠᠢᠬᠤ ᠦᠭᠡᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠎ᠵᠢᠨ ᠡᠯ᠎ᠡ ᠵᠦᠢᠯ᠎ᠦᠨ ᠪᠠᠢᠷᠢᠯᠠᠭᠤᠯᠤᠯᠲᠠ᠎ᠶ᠋ᠢ ᠴᠤ᠌ ᠲᠡᠢᠮᠦ᠍ ᠬᠢᠯᠪᠠᠷᠬᠠᠨ᠎ᠢᠶᠠᠷ ᠪᠡᠶᠡᠯᠡᠭᠦᠯᠵᠦ᠍ ᠳᠡᠢᠯᠬᠦ᠌ ᠦᠭᠡᠢ ᠶᠤᠮ᠃ ᠡᠨᠡ ᠨᠢ ᠪᠢᠳᠡᠨ᠎ᠢ ᠡᠷᠬᠡᠪᠰᠢ ᠯᠠᠪᠳᠠᠭᠤᠨ ᠪᠠᠲᠤᠲᠠᠶ᠂ ᠤᠳᠠᠭᠠᠨ ᠳᠠᠭᠠᠭᠠᠮᠠᠭᠠᠶ᠎ᠵᠢᠳᠭᠦᠵᠦ ᠪᠣᠳᠠᠲᠠᠶ ᠠᠵᠢᠯᠯᠠᠬᠤ᠎ᠶ᠋ᠢ ᠱᠠᠭᠠᠷᠳᠠᠵᠤ ᠪᠤᠢ᠃ ᠡᠭᠦᠨ᠎ᠦ ᠬᠠᠮᠲᠤ ᠪᠣᠳᠠᠲᠠᠶ ᠠᠵᠢᠯᠯᠠᠬᠤ᠎ᠨᠢ ᠰᠣᠬᠣᠷ ᠪᠠᠯᠠᠶ᠎ᠪᠠᠷ ᠠᠵᠢᠯᠯᠠᠵᠤ ᠪᠠᠢᠭ᠎ᠠ ᠶᠠᠪᠤᠳᠠᠯ ᠣᠭ᠍ᠲᠣ ᠪᠢᠰᠢ᠂ ᠲᠡᠨᠡᠭ ᠡᠪᠦᠭᠡᠨ ᠠᠭᠤᠯᠠ᠎ᠶ᠋ᠢ ᠨᠡᠭᠦᠯᠭᠡᠬᠦ᠌ ᠡᠷᠴᠢ ᠵᠣᠷᠢᠭ᠎ᠲᠠᠶ ᠪᠠᠢᠬᠤ᠎ᠪᠠᠷ ᠪᠠᠷᠠᠬᠤ ᠥᠬᠡᠶ ᠨᠠᠩ ᠴᠤ᠌ ᠠᠷᠭ᠎ᠠ ᠬᠡᠮᠵᠢᠢ᠎ᠡ ᠵᠢ᠎ᠡᠷᠬᠢᠮᠯᠡᠵᠦ᠍᠂ ᠳᠡᠭᠡᠳᠦ ᠱᠠᠲᠤᠨ᠎ᠤ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠭᠠᠵᠠᠷ ᠣᠷᠣᠨ᠎ᠤ ᠪᠣᠳᠠᠲᠤ ᠪᠠᠢᠳᠠᠯ᠂ ᠠᠵᠢᠯ᠎ᠤᠨ ᠪᠠᠢᠷᠢ᠎ᠶ᠋ᠢᠨ ᠲᠤᠱᠢᠶᠠᠯ ᠬᠠᠷᠢᠭᠤᠴᠠᠯᠭ᠎ᠠ᠎ᠯᠤᠭ᠎ᠠ ᠨᠢᠭ᠍ᠲᠠ ᠤᠶᠠᠯᠳᠤᠭᠤᠯᠵᠤ᠂ ᠬᠦᠴᠦᠯᠡᠬᠦ᠌ ᠴᠡᠭ᠎ᠢ ᠣᠨᠣᠪᠴᠢᠲᠠᠶ ᠣᠯᠵᠤ᠂ ᠦᠨᠡᠨ ᠬᠦ᠌ ᠬᠡᠷᠡᠭ᠌ᠵᠢᠭᠦᠯᠵᠦ᠍ ᠪᠣᠯᠬᠤᠢᠴᠠ ᠲᠥᠰᠦᠯ᠂ ᠠᠷᠭ᠎ᠠ ᠬᠡᠮᠵᠢᠶ᠎ᠡ ᠵᠢ ᠭᠠᠷᠭᠠᠵᠤ᠂ ᠠᠵᠢᠯ ᠨᠢᠭᠡ ᠪᠦᠷᠢ᠎ᠶ᠋ᠢ ᠴᠥᠮ ᠣᠨᠣᠴᠠᠲᠠᠶ ᠨᠠᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠭᠠᠷᠭᠠᠬᠤ ᠬᠡᠷᠡᠭ᠌ᠲᠡᠶ᠃

ᠬᠡᠷᠬᠢᠨ ᠦᠨᠡᠨ ᠬᠦ᠌ ᠠᠳᠭᠤᠨ ᠪᠣᠳᠠᠲᠠᠢ ᠠᠵᠢᠯᠯᠠᠬᠤ᠎ᠶ᠋ᠢ ᠺᠠᠳ᠋ᠷ ᠨᠢᠭᠡ ᠪᠦᠷᠢ᠎ᠶ᠋ᠢᠨ ᠠᠵᠢᠯᠯᠠᠭᠠᠨ᠎ᠤ ᠤᠬᠠᠮᠰᠠᠷ ᠪᠠ ᠤᠷᠳᠤ ᠬᠤᠭᠤᠴᠠᠭᠠᠨ᠎ᠤ ᠵᠢᠷᠤᠮᠯᠠᠯ ᠪᠣᠯᠭᠠᠬᠤ ᠪᠤᠢ? ᠮᠠᠰᠢ ᠴᠢᠬᠤᠯᠠ ᠨᠢᠭᠡ ᠲᠠᠯ᠎ᠠ ᠨᠢ ᠳᠠᠷᠤᠶ ᠪᠣᠳᠠᠲᠤ ᠠᠮᠵᠢᠯᠲᠠ᠎ᠪᠠᠷ ᠪᠠᠭᠠᠲᠤᠷ᠎ᠢ ᠦᠨᠡᠯᠡᠵᠦ᠍᠂ ᠪᠣᠳᠠᠲᠤ ᠠᠮᠵᠢᠯᠲᠠ᠎ᠪᠠᠷ ᠺᠠᠳ᠋ᠷ᠎ᠢ ᠬᠡᠷᠡᠭᠯᠡᠬᠦ᠌ ᠶᠠᠪᠤᠳᠠᠯ ᠪᠣᠯᠤᠨ᠎ᠠ᠃ ᠡᠨᠡ ᠨᠢ ᠪᠢᠳᠡᠨ᠎ᠢ ᠨᠡᠩ ᠲᠡᠭᠦᠯᠳᠡᠷᠵᠢᠭ᠌ᠰᠡᠨ ᠺᠠᠳ᠋ᠷ᠎ᠤᠨ ᠵᠠᠰᠠᠭ᠎ᠤᠨ ᠠᠵᠢᠯ᠎ᠤᠨ ᠪᠦᠲᠦᠮᠵᠢ᠎ᠶ᠋ᠢ ᠬᠢᠨᠠᠨ ᠱᠢᠯᠭᠠᠬᠤ ᠱᠢᠰᠲ᠋ᠧᠮ᠎ᠢᠶᠡᠷ ᠠᠷᠠᠳ᠎ᠤᠨ ᠲᠥᠯᠥᠭᠡ ᠠᠵᠢᠯᠴᠢ ᠬᠢᠴᠢᠶᠡᠩᠭᠦᠢ᠎ᠪᠡᠷ ᠵᠠᠰᠠᠭ ᠪᠠᠷᠢᠬᠤ᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠬᠦ᠌ ᠺᠠᠳ᠋ᠷ᠎ᠢ ᠠᠪᠢᠶᠠᠰ ᠴᠢᠳᠠᠪᠦᠷᠢ ᠪᠠᠨ ᠪᠠᠳᠠᠷᠠᠭᠤᠯᠬᠤ ᠲᠠᠪᠴᠠᠩ᠎ᠲᠠᠶ ᠪᠣᠯᠭᠠᠵᠤ᠂ ᠶᠡᠬᠡ᠎ᠳᠦ ᠳᠤᠷᠠᠯᠠᠵᠤ ᠭᠠᠪᠢᠶ᠎ᠠ ᠬᠥᠭᠡᠭᠡᠴᠡᠯᠳᠦᠨ᠂ ᠬᠤᠳᠠᠯ᠎ᠢᠶᠠᠷ ᠵᠣᠬᠢᠶᠠᠨ ᠬᠠᠭᠤᠷᠮᠠᠭᠯᠠᠨ ᠦᠢᠯᠡᠳᠬᠦ᠌ ᠺᠠᠳ᠋ᠷ᠎ᠢ ᠤᠷᠤᠬᠤ ᠭᠠᠵᠠᠷ ᠦᠭᠡᠢ ᠪᠣᠯᠭᠠᠵᠤ᠂ ᠺᠠᠳ᠋ᠷ ᠨᠢᠭᠡ ᠪᠦᠷᠢ᠎ᠶ᠋ᠢ ᠭᠡᠳᠡᠷᠬᠦ᠌ ᠱᠢᠬᠠᠮᠳᠠᠭᠤᠯᠵᠤ ᠰᠡᠳᠭᠢᠯ ᠱᠢᠭᠤᠳᠤᠨ ᠪᠣᠳᠠᠲᠠᠢ ᠠᠵᠢᠯ ᠬᠢᠵᠦ᠍ ᠂ ᠪᠣᠳᠠᠲᠤ ᠦᠷ᠎ᠡ ᠪᠦᠲᠦᠮᠵᠢ ᠤᠯᠬᠤ᠎ᠪᠠᠷ ᠴᠢᠷᠮᠠᠢᠬᠤ ᠰᠠᠳᠬᠢᠯ ᠲᠠᠢ ᠪᠤᠯᠭᠠᠬᠤ ᠵᠢ ᠱᠠᠭᠠᠷᠳᠠᠵᠤ ᠪᠤᠢ᠃

《ᠠᠷᠪᠠᠨ ᠲᠠᠪᠤᠳᠤᠭᠠᠷ ᠲᠠᠪᠤᠨ ᠵᠢᠯ》 ᠤ᠋ᠨ ᠱᠢᠨ᠎ᠡ ᠠᠶᠠᠨ᠎ᠳᠤ ᠡᠷᠡᠮᠡᠬᠡᠢᠯᠡᠨ ᠤᠷᠤᠭ᠍ᠰᠢᠯᠠᠬᠤ᠎ᠳᠤ ᠡᠭᠦᠷᠭᠡ ᠪᠣᠯᠭᠠᠨ᠎ᠢ ᠯᠠᠪᠳᠠᠭᠤᠨ ᠪᠠᠲᠤᠲᠠᠢ ᠬᠢᠵᠦ᠍᠂ ᠠᠮᠵᠢᠯᠲᠠ ᠪᠣᠯᠭᠠᠨ᠎ᠢ ᠦᠨᠡᠨ ᠬᠦ᠌ ᠠᠳᠭᠤᠨ ᠪᠣᠳᠠᠲᠠᠢ ᠠᠵᠢᠯᠯᠠᠵᠤ ᠲᠡᠮᠡᠴᠡᠵᠦ ᠪᠠᠢᠭᠠᠳ ᠤᠯᠬᠤ ᠬᠡᠷᠡᠭ᠌ᠲᠡᠢ᠃ ᠪᠢᠳᠡ ᠵᠠᠰᠠᠭ᠎ᠤᠨ ᠠᠵᠢᠯ᠎ᠤᠨ ᠪᠦᠲᠦᠮᠵᠢ᠎ᠶ᠋ᠢᠨ ᠲᠤᠬᠠᠢ  ᠵᠦᠪ ᠦᠵᠡᠯᠲᠡ᠎ᠶ᠋ᠢ ᠪᠤᠢ ᠪᠣᠯᠭᠠᠨ ᠦᠢᠯᠡᠳᠦᠯᠭᠡᠵᠢᠭᠦᠯᠬᠦ᠌ ᠰᠤᠷᠤᠯᠴᠠᠯᠭ᠎ᠠ ᠬᠥᠮᠦᠵᠢᠯ᠎ᠦᠨ ᠦᠷ᠎ᠡ ᠪᠦᠲᠦᠭᠡᠯ᠎ᠢ ᠠᠵᠢᠯ ᠬᠢᠵᠦ᠍ ᠦᠢᠯᠡᠰ ᠪᠤᠰᠭᠠᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠬᠥᠭ᠌ᠵᠢᠯᠲᠡ᠎ᠶ᠋ᠢᠨ ᠵᠢᠷᠤᠭ ᠲᠥᠰᠦᠪ᠎ᠢ ᠨᠢᠳᠤᠨ᠎ᠳᠦ ᠦᠵᠡᠭ᠌ᠳᠡᠵᠦ᠍ ᠭᠠᠷ᠎ᠲᠤ ᠪᠠᠷᠢᠭ᠍ᠳᠠᠮ᠎ᠠ ᠵᠣᠯ ᠵᠢᠷᠭᠠᠯᠲᠤ ᠪᠣᠳᠠᠲᠤ ᠠᠬᠤᠢ ᠪᠣᠯᠭᠠᠨ ᠬᠤᠪᠢᠷᠠᠭᠤᠯᠪᠠᠯ᠂ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠶ᠋ᠢᠨ ᠵᠠᠮ ᠶᠠᠪᠤᠬᠤ ᠲᠤᠳᠤᠮ ᠦᠷᠬᠡᠨ ᠰᠠᠷᠠᠭᠤᠯ ᠪᠤᠯᠵᠤ᠂ ᠶᠠᠪᠤᠬᠤ ᠲᠤᠳᠤᠮ ᠰᠠᠢᠵᠢᠷᠠᠬᠤ ᠨᠢ ᠯᠠᠪᠲᠠᠢ ᠶᠤᠮ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号