ᠲᠦᠩᠯᠢᠶᠣᠤ ᠬᠣᠲᠠ ᠬᠠᠶᠠᠭ᠍ᠳᠠᠮᠠᠯ ᠰᠦᠯᠢᠶᠣᠣ᠎ᠶ᠋ᠢ ᠥᠨᠳᠥᠷ ᠥᠷᠲᠡᠭ᠌ ᠲᠠᠢ ᠡᠬᠡᠬᠦᠯᠦᠨ ᠠᠱᠢᠭ᠍ᠯᠠᠬᠤ ᠠᠵᠢᠯ ᠲᠥᠷᠥᠯ᠎ᠦᠨ ᠬᠦᠴᠢᠷ ᠠᠰᠠᠭᠤᠳᠠᠯ ᠢ᠋ ᠱᠢᠶ᠋ᠳᠪᠦᠷᠢᠯᠡᠪᠡ
ᠪᠤᠯᠤᠩ ᠨᠡᠭᠡᠭᠡᠬᠦ ᠦᠭᠡ᠄
ᠡᠩᠬᠡᠷ᠎ᠤᠨ ᠴᠠᠰᠤ ᠰᠡᠮᠡᠷᠡᠨ ᠡᠮᠵᠡᠭᠬᠡᠨ ᠢᠷᠭᠤᠢ ᠲᠡᠯᠬᠡᠷᠡᠬᠦ ᠤᠶᠠᠬᠠᠨ ᠬᠠᠪᠤᠷ ᠡᠬᠡ ᠭᠠᠵᠠᠷ ᠲᠤ᠌ ᠰᠠᠭᠠᠳᠠᠬᠤᠶᠠ᠂ ᠰᠢᠷᠭᠠᠭᠤ ᠬᠠᠳᠠᠭᠤᠵᠢᠯᠳᠠᠢ ᠠᠵᠢᠯᠯᠠᠵᠤ ᠢᠷᠠᠭᠤ ᠬᠠᠭᠤᠳᠠᠰᠤ᠎ᠶᠢ ᠪᠢᠴᠢᠭᠯᠡᠨ᠎ᠡ᠃ 2026 ᠣᠨ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶᠢᠨ ᠵᠢᠯ᠂ ᠮᠥᠨ ᠴᠦ᠍ ᠥᠪᠥᠷ ᠮᠣᠩᠭᠣᠯ᠎ᠤᠨ ᠴᠢᠨᠠᠷ ᠰᠠᠢᠲᠠᠢ ᠬᠥᠭᠵᠢᠵᠤ ᠰᠢᠨ᠎ᠡ ᠵᠠᠮ᠎ᠢ ᠲᠦᠷᠭᠡᠳᠬᠡᠨ ᠨᠡᠭᠡᠭᠡᠬᠦ ᠵᠠᠩᠭᠢᠯᠠᠭ᠎ᠠ᠎ᠶᠢᠨ ᠵᠢᠯ ᠪᠣᠯᠣᠨ᠎ᠠ᠃ ᠶᠡᠷᠦᠩᠬᠡᠢ ᠱᠦᠵᠢ ᠰᠢ᠎ᠶᠢᠨ ᠫᠢᠩ᠎ᠤᠨ ᠥᠪᠥᠷ ᠮᠣᠩᠭᠣᠯ᠎ᠤᠨ ᠲᠤᠬᠠᠢ ᠰᠢᠷᠢᠰ ᠴᠢᠬᠤᠯᠠ ᠶᠠᠷᠢᠶ᠎ᠡ ᠴᠢᠬᠤᠯᠠ ᠵᠢᠭᠠᠪᠤᠷᠢ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠬᠤ ᠵᠢᠨ ᠲᠦᠯᠦᠬᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠲᠠᠢ ᠨᠢᠭ᠍ᠲᠠ ᠤᠶᠠᠯᠳᠤᠭᠤᠯᠵᠤ᠂ ᠥᠪᠥᠷ ᠮᠣᠩᠭᠣᠯ᠎ᠤᠨ ᠡᠳᠦᠷ᠎ᠦᠨ ᠰᠣᠨᠢᠨ᠎ᠤ ᠬᠣᠷᠢᠶ᠎ᠠ ᠲᠣᠰ ᠡᠳᠦᠷ᠎ᠡᠴᠡ ᠡᠬᠢᠯᠡᠨ 《ᠡᠮᠦᠨ᠎ᠠ ᠹᠷᠣᠨᠲ ᠲᠤ᠌ ᠭᠦᠨᠵᠡᠭᠡᠢᠷᠡᠵᠤ ᠵᠣᠬᠢᠶᠠᠯ᠎ᠤᠨ ᠰᠤᠷᠲᠠᠯ᠎ᠢᠶᠠᠨ ᠰᠠᠢᠵᠢᠷᠠᠭᠤᠯᠤᠶ᠎ᠠ》 ᠲᠤᠰᠬᠠᠢ ᠪᠤᠯᠤᠩ᠎ᠢ ᠨᠡᠬᠡᠬᠡᠯ᠎ᠡ᠃
ᠰᠤᠷᠪᠤᠯᠵᠢᠯᠠᠭ᠍ᠴᠢᠳ ᠦᠨᠳᠦᠰᠦᠨ ᠱᠠᠲᠤ ᠡᠮᠦᠨ᠎ᠠ ᠹᠷᠣᠨᠲ᠂ ᠠᠵᠤ ᠠᠬᠤᠢᠯᠠᠯ ᠦᠢᠯᠡᠳᠪᠦᠷᠢ ᠠᠭᠤᠷᠬᠠᠢ᠂ ᠲᠠᠷᠢᠶᠠᠨ ᠵᠠᠬ᠎ᠠ ᠪᠡᠷ ᠭᠦᠨᠵᠡᠭᠡᠢᠷᠡᠵᠦ᠂ ᠴᠡᠭ᠎ᠲᠦ ᠰᠠᠭᠤᠬᠤ ᠬᠡᠯᠪᠡᠷᠢ᠂ ᠬᠦᠨᠵᠡᠭᠡᠢᠷᠡᠨ ᠤᠢᠯᠠᠭᠠᠬᠤ ᠬᠡᠯᠪᠡᠷᠢ᠎ᠪᠡᠷ ᠰᠤᠷᠪᠤᠯᠵᠢᠯᠠᠵᠤ᠂ ᠭᠣᠣᠯᠳᠠᠯᠭ᠎ᠠ᠎ᠲᠠᠢ ᠠᠵᠤ ᠦᠢᠯᠡᠰ᠎ᠢ ᠳᠡᠰ ᠳᠡᠪᠰᠢᠭᠦᠯᠬᠦ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠨᠠᠢᠳᠠᠪᠤᠷᠢᠵᠢᠭᠤᠯᠬᠤ᠂ ᠵᠢᠱ᠌ᠢᠶᠡᠴᠢ ᠬᠥᠮᠥᠰ᠎ᠦᠨ ᠴᠤᠭ ᠵᠢᠪᠬᠤᠭᠠᠳᠤ ᠠᠩᠬᠠᠷᠤᠯ᠎ᠢᠶᠠᠨ ᠲᠥᠪᠯᠡᠷᠡᠭᠦᠯᠵᠦ᠂ ᠪᠦᠬᠦ ᠣᠷᠣᠨᠲᠠᠶᠠᠭᠠᠷᠢᠶᠡᠨ ᠰᠢᠨᠲᠠᠷᠠᠰᠢ ᠦᠭᠡᠢ ᠴᠢᠷᠮᠠᠢᠵᠤ᠂ ᠲᠡᠷᠢᠭᠦᠨ᠎ᠳᠦ ᠣᠷᠣᠬᠤ᠎ᠪᠠᠷ ᠡᠷᠡᠯᠬᠡᠭᠯᠡᠨ ᠲᠡᠮᠡᠴᠡᠵᠤ ᠪᠠᠢᠭ᠎ᠠ ᠭᠠᠯ ᠬᠠᠯᠠᠭᠤᠨ ᠦᠢᠯᠡᠳᠦᠯᠭᠡ᠎ᠶᠢ ᠠᠮᠢᠳᠤᠯᠢᠭ ᠪᠤᠲᠠᠲᠠᠢ ᠲᠡᠮᠳᠡᠭᠯᠡᠵᠦ᠂ ᠳᠤᠷᠠᠨ ᠬᠠᠷᠠᠭ᠎ᠠ ᠪᠡᠨ ᠴᠢᠨᠠᠷ ᠰᠠᠢᠲᠠᠢ ᠬᠥᠭᠵᠢᠯᠲᠡ᠎ᠶᠢᠨ ᠰᠢᠨ᠎ᠡ ᠳᠦᠷᠰᠦ ᠪᠠᠢᠳᠠᠯ᠂ ᠰᠢᠨ᠎ᠡ ᠦᠷ᠎ᠡ ᠪᠦᠲᠦᠭᠡᠯ᠂ ᠰᠢᠨ᠎ᠡ ᠬᠢᠯᠠᠰ ᠴᠡᠭ ᠳᠡᠭᠡᠷ᠎ᠡ ᠲᠣᠭᠲᠠᠭᠠᠵᠤ᠂ 《ᠠᠷᠪᠠᠨ ᠲᠠᠪᠤᠳᠤᠭᠠᠷ ᠲᠠᠪᠤᠨ ᠵᠢᠯ》 ᠢ᠋ ᠰᠠᠢᠳᠤᠷ ᠡᠬᠢᠯᠡᠬᠦᠯᠵᠤ᠂ ᠠᠩᠬᠠᠨ᠎ᠤ ᠠᠯᠬᠤᠮ᠎ᠢ ᠰᠠᠢᠳᠤᠷ ᠠᠯᠬᠤᠬᠤ ᠳ᠋ᠤ ᠡᠷᠡᠮᠡᠬᠡᠢᠯᠡᠨ ᠤᠷᠤᠭᠰᠢᠯᠠᠬᠤ ᠬᠦᠴᠦᠨ᠎ᠢ ᠨᠢᠭ᠍ᠲᠠᠷᠠᠭᠤᠯᠵᠤ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠨ᠎ᠠ᠃
ᠦᠢᠯᠡᠳᠪᠦᠷᠢ᠎ᠶ᠋ᠢᠨ ᠲᠣᠭᠣᠷᠢᠭ᠎ᠲᠤ ᠬᠦᠷᠪᠡᠯ ᠶᠠᠭ ᠰᠠᠶᠢᠬᠠᠨ ᠴᠣ ᠱᠢᠨ᠎ᠡ ᠬᠡᠯᠪᠡᠷᠢ᠎ᠶ᠋ᠢᠨ ᠪᠠᠷᠢᠯᠭ᠎ᠠ᠎ᠶ᠋ᠢᠨ ᠬᠡᠪ ᠬᠠᠪᠳᠠᠰᠤ᠎ᠵᠢ ᠠᠴᠢᠶᠠᠨ᠎ᠤ ᠮᠠᠱᠢᠨ ᠲᠡᠷᠭᠡᠨ᠎ᠳᠦ ᠠᠴᠢᠵᠤ ᠪᠠᠢᠯ᠎ᠠ᠃ ᠡᠳᠡᠬᠡᠷ ᠪᠠᠷᠢᠯᠭ᠎ᠠ ᠵᠢᠨ ᠬᠡᠪ ᠬᠠᠪᠳᠠᠰᠤ᠎ᠵᠢ ᠤᠳᠠᠯ ᠦᠭᠡᠢ ᠡᠯ᠎ᠡ ᠭᠠᠵᠠᠷ᠎ᠤᠨ ᠲᠤᠮᠤ ᠬᠡᠯᠪᠡᠷᠢ᠎ᠶ᠋ᠢᠨ ᠰᠠᠭᠤᠷᠢ ᠲᠦᠬᠦᠭᠡᠷᠤᠮᠵᠢ ᠵᠢᠨ ᠪᠦᠳᠦᠭᠡᠨ ᠪᠠᠢᠭᠤᠯᠤᠯᠲᠠ᠎ᠶ᠋ᠢᠨ ᠪᠠᠷᠢᠯᠭ᠎ᠠ ᠵᠢᠨ ᠭᠠᠵᠠᠷ ᠲᠤ᠌ ᠬᠦᠷᠭᠡᠨ᠎ᠠ᠃ ᠳᠡᠮᠡᠢ ᠬᠤᠯᠠ ᠦᠭᠡᠢ ᠭᠠᠵᠠᠷ᠎ᠲᠤ ᠨᠢᠭᠡ ᠪᠦᠯᠦᠭ ᠬᠠᠶᠠᠭ᠍ᠳᠠᠮᠠᠯ ᠬᠡᠪ ᠬᠠᠪᠳᠠᠰᠤ᠎ᠵᠢ ᠬᠣᠭᠣᠰᠣᠨ ᠭᠠᠵᠠᠷ ᠣᠪᠣᠭᠠᠯᠠᠵᠤ᠂ ᠲᠡᠬᠢᠵᠤ ᠬᠡᠪᠰᠢᠬᠦᠯᠦᠨ ᠦᠢᠯᠡᠳᠬᠦ᠌ ᠪᠡᠷ ᠪᠠᠢᠯ᠎ᠠ᠃
ᠲᠦᠩᠯᠢᠶᠣᠤ᠎ᠶ᠋ᠢᠨ ᠸᠧᠶ ᠳ᠋ᠸ ᠱᠢᠨ᠎ᠡ ᠮᠠᠲ᠋ᠧᠷᠢᠶᠠᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠳᠤ ᠪᠢᠳᠡ ᠬᠠᠶᠠᠭ᠍ᠳᠠᠮᠠᠯ ᠬᠠᠭᠤᠴᠢᠨ PVC ᠵᠢᠨ 《ᠤᠷᠢᠳᠤ ᠲᠥᠷᠥᠯ》 ᠬᠢᠭᠡᠳ 《ᠡᠨᠡ ᠲᠦᠷᠦᠯ᠎ᠤᠨ ᠪᠠᠶ᠎ᠠ》 ᠶ᠋ᠢ ᠨᠢ ᠣᠯᠵᠤ ᠬᠠᠷᠠᠪᠠ᠃
ᠥᠩᠭᠡᠷᠡᠭ᠌ᠰᠡᠨ 4 ᠵᠢᠯ᠎ᠦᠨ ᠬᠤᠭᠤᠴᠠᠭᠠᠨ᠎ᠳᠤ ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ᠎ᠶ᠋ᠢᠨ ᠫᠷᠤᠹᠧᠰᠰᠤᠷ ᠵᠣᠣ ᠬᠤᠸᠠ ᠶᠠᠩ᠎ᠤᠨ ᠲᠠᠭᠠᠭᠤᠯᠤᠬᠰᠠᠨ ᠪᠦᠯᠬᠦᠮ᠎ᠦᠨ᠎ᠬᠢᠨ ᠪᠡᠭᠡᠵᠢᠩ᠎ᠦᠨ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠶᠡᠬᠡ ᠰᠤᠷᠭᠠᠭᠤᠯᠢ᠎ᠶ᠋ᠢᠨ ᠳᠡᠮᠵᠢᠯᠭᠡ ᠳᠤᠤᠷ᠎ᠠ ᠬᠠᠶᠠᠭᠳᠠᠮᠠᠯ PVC ᠵᠢ ᠥᠨᠳᠥᠷ ᠥᠷᠲᠡᠭ᠌ ᠲᠠᠢ ᠡᠬᠡᠬᠦᠯᠦᠨ ᠠᠱᠢᠭ᠍ᠯᠠᠬᠤ ᠠᠵᠢᠯ ᠲᠥᠷᠥᠯ᠎ᠦᠨ ᠬᠦᠴᠢᠷ ᠠᠰᠠᠭᠤᠳᠠᠯ᠎ᠢ ᠱᠢᠶ᠋ᠳᠪᠦᠷᠢᠯᠡᠵᠦ᠍᠂ ᠡᠨᠡ ᠬᠦ᠌ 《ᠴᠠᠭᠠᠨ ᠥᠩᠭᠡᠲᠦ》 ᠪᠣᠬᠢᠷᠲᠤᠯ᠎ᠢ ᠥᠨᠳᠥᠷ ᠴᠢᠳᠠᠪᠬᠢᠲᠤ ᠪᠠᠷᠢᠯᠭ᠎ᠠ᠎ᠶ᠋ᠢᠨ ᠮᠠᠲ᠋ᠧᠷᠢᠶᠠᠯ ᠪᠣᠯᠭᠠᠭ᠍ᠰᠠᠨ ᠪᠥᠭᠡᠳ ᠬᠣᠯᠪᠣᠭ᠍ᠳᠠᠯ ᠪᠥᠬᠥᠶ ᠠᠵᠤ ᠦᠶ᠋ᠯᠡᠰ᠎ᠲᠦ ᠲᠣᠯᠢ ᠪᠣᠯᠭᠠᠵᠤ ᠪᠣᠯᠬᠤ ᠪᠣᠬᠢᠷᠲᠤᠯ ᠥᠬᠡᠶ ᠡᠷᠬᠢᠯᠳᠡᠳᠤ ᠬᠥᠭ᠌ᠵᠢᠯᠲᠡ᠎ᠶ᠋ᠢᠨ ᠵᠠᠭ᠍ᠪᠤᠷ᠎ᠢ ᠰᠦᠪᠡᠭ᠌ᠴᠢᠯᠡᠵᠦ᠍ ᠥᠭ᠌ᠴᠡᠶ᠃
PVC (ᠪᠥᠭᠡᠭᠡᠨᠡᠷᠡᠯ ᠾᠯᠤᠷᠳᠤ ᠡᠲ᠋ᠧᠨ) ᠨᠢ ᠬᠦᠩᠭᠡᠨ᠂ ᠪᠥᠬᠡ᠂ ᠬᠢᠮᠳᠠ ᠪᠠᠢᠳᠠᠭ ᠣᠨᠴᠠᠯᠢᠭ᠎ᠢᠶᠠᠷ᠎ᠢᠶᠠᠨ ᠠᠮᠢᠳᠤᠷᠠᠯ᠎ᠤᠨ ᠡᠯ᠎ᠡ ᠥᠨᠴᠥᠭ ᠪᠤᠯᠤᠩ᠎ᠳᠤ ᠠᠭᠤᠰᠤᠭᠰᠠᠨ ᠪᠤᠯᠪᠠᠴᠤ ᠬᠦᠨᠳᠦ ᠨᠦᠰᠡᠷ ᠠᠮᠢ ᠠᠬᠤᠶ᠎ᠶ᠋ᠢᠨ ᠳᠠᠷᠤᠭᠠᠰᠤ᠎ᠶ᠋ᠢ ᠪᠤᠢ ᠪᠤᠯᠭᠠᠬᠰᠠᠨ ᠪᠠᠢᠨ᠎ᠠ᠃ ᠪᠦᠬᠦ᠌ ᠤᠯᠤᠰ᠎ᠲᠤ ᠵᠢᠯ ᠪᠦᠷᠢ ᠬᠠᠶᠠᠭ᠍ᠳᠠᠮᠠᠯ ᠰᠦᠯᠢᠶᠣᠣ ᠴᠣᠩᠬᠣ᠂ PVC ᠬᠣᠭᠣᠯᠠᠶ᠂ ᠬᠠᠶᠠᠭ᠍ᠳᠠᠮᠠᠯ ᠭᠡᠷ᠎ᠦᠨ ᠴᠠᠬᠢᠯᠭᠠᠨ ᠬᠡᠷᠡᠭ᠌ᠰᠡᠯ ᠵᠡᠷᠭᠡ᠎ᠡᠴᠡ ᠡᠭᠦᠰᠦᠭ᠌ᠰᠡᠨ ᠬᠠᠶᠠᠭ᠍ᠳᠠᠮᠠᠯ PVC ᠮᠢᠩᠭᠠᠨ ᠲᠦᠮᠡᠨ ᠲᠣᠨ ᠳ᠋ᠤ ᠬᠦᠷᠴᠤ᠂ ᠲᠡᠳᠡᠭᠡᠷ ᠨᠢ ᠪᠠᠢᠭᠠᠯᠢ᠎ᠶ᠋ᠢᠨ ᠣᠷᠴᠢᠨ ᠲᠣᠭᠣᠷᠢᠨ᠎ᠳᠤ ᠬᠡᠳᠦᠨ ᠵᠠᠭᠤᠨ ᠵᠢᠯ ᠪᠤᠯᠤᠭᠰᠠᠨ ᠴᠸ᠋ ᠵᠠᠳᠠᠷᠠᠳᠠᠭ ᠦᠭᠡᠢ᠃ ᠬᠡᠷᠬᠢᠨ ᠡᠲᠡᠭᠡᠷ ᠬᠠᠶᠠᠭ᠍ᠳᠠᠮᠠᠯ PVC ᠵᠢ ᠡᠷᠳᠡᠨᠢ ᠪᠣᠯᠭᠠᠨ ᠬᠤᠪᠢᠷᠠᠭᠤᠯᠵᠤ᠂ ᠡᠬᠢ ᠪᠠᠶᠠᠯᠢᠭ᠎ᠢ ᠡᠷᠭᠢᠯᠳᠦᠭᠦᠯᠦᠨ ᠠᠱᠢᠭ᠍ᠯᠠᠬᠤ ᠪᠣᠯ ᠤᠯᠤᠰ᠎ᠤᠨ ᠳᠣᠲᠣᠭᠠᠳᠤ᠎ᠶ᠋ᠢᠨ ᠪᠠᠷᠢᠯᠭ᠎ᠠ᠎ᠶ᠋ᠢᠨ ᠮᠠᠲ᠋ᠧᠷᠢᠶᠠᠯ᠎ᠤᠨ ᠠᠵᠢᠯ ᠲᠥᠷᠥᠯ᠎ᠦᠨ ᠲᠠᠰᠤᠷᠠᠯᠲᠠ ᠥᠬᠡᠶ ᠬᠠᠢᠨ ᠰᠦᠪᠡᠭ᠌ᠴᠢᠯᠡᠵᠦ᠍ ᠢᠷᠡᠭᠰᠡᠨ ᠴᠢᠬᠤᠯᠠ ᠶᠡᠬᠡ ᠰᠡᠳᠦᠪ ᠮᠥᠨ᠃
2013 ᠣᠨ᠎ᠳᠤ PVC ᠦᠶ᠋ᠯᠡᠳᠪᠦᠷᠢᠯᠡᠬᠦ᠌᠎ᠪᠡᠷ ᠭᠤᠤᠯ ᠪᠣᠯᠭᠠᠵᠤ ᠪᠠᠢᠭᠰᠠᠨ ᠲᠦᠩᠯᠢᠶᠣᠤ᠎ᠶ᠋ᠢᠨ ᠸᠧᠶ ᠳ᠋ᠸ ᠱᠢᠨ᠎ᠡ ᠮᠠᠲ᠋ᠧᠷᠢᠶᠠᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ ᠡᠩ ᠲᠡᠷᠢᠭᠦᠨ᠎ᠳᠦ ᠬᠡᠯᠪᠡᠷᠢ᠎ᠪᠡᠨ ᠬᠤᠪᠢᠷᠠᠭᠤᠯᠤᠨ᠂ ᠬᠠᠶᠠᠭ᠍ᠳᠠᠮᠠᠯ PVC ᠵᠢ ᠬᠣᠷᠢᠶᠠᠨ ᠠᠪᠴᠤ᠌ ᠠᠱᠢᠭ᠍ᠯᠠᠬᠤ ᠳ᠋ᠤ ᠠᠩᠬᠠᠷᠤᠯ ᠵᠢᠡᠨ ᠲᠦᠪᠯᠡᠷᠡᠭᠦᠯᠵᠤ᠂ ᠬᠡᠷ ᠪᠠᠢᠱᠢᠩ᠂ ᠬᠥᠭᠥᠷᠭᠡ ᠵᠡᠷᠭᠡ ᠲᠣᠮᠣ ᠬᠡᠯᠪᠡᠷᠢ᠎ᠶ᠋ᠢᠨ ᠰᠠᠭᠤᠷᠢ ᠲᠦᠬᠦᠭᠡᠷᠤᠮᠵᠢ ᠵᠢᠨ ᠪᠥᠲᠥᠭᠡᠨ ᠪᠠᠢᠭᠤᠯᠤᠯᠲᠠ᠎ᠵᠢᠨ ᠪᠸᠲ᠋ᠤᠨ ᠴᠢᠳᠭᠤᠬᠤ ᠪᠠᠷᠢᠯᠭ᠎ᠠ᠎ᠶ᠋ᠢᠨ ᠬᠡᠪ ᠬᠠᠪᠳᠠᠰᠤ ᠵᠢ ᠰᠤᠳᠤᠯᠤᠨ ᠦᠢᠯᠡᠳᠪᠡ᠃
ᠡᠨᠡ ᠨᠢ ᠨᠢᠭᠡᠨ ᠢᠯᠭᠤᠮ ᠰᠢᠯᠤᠭᠤᠨ ᠵᠠᠮ ᠪᠢᠰᠢ ᠪᠣᠯᠬᠤ ᠨᠢ ᠭᠠᠷᠴᠠᠭ᠎ᠠ ᠦᠭᠡᠢ᠃ ᠭᠣᠣᠯᠯᠠᠬᠤ ᠮᠡᠷᠭᠡᠵᠢᠯ᠎ᠦᠨ ᠪᠣᠭᠣᠮᠢ᠎ᠶᠢ ᠰᠢᠪᠲᠤᠯᠬᠤ᠎ᠳᠤ ᠪᠡᠷᠬᠡᠪᠠᠢᠵᠤ᠂ ᠡᠭᠡᠭᠦᠯᠦᠨ ᠬᠤᠷᠢᠶᠠᠵᠤ ᠲᠠᠬᠢᠨ ᠦᠢᠯᠡᠳᠬᠦ ᠦᠢᠯᠡᠳᠬᠦᠨ ᠨᠢ ᠥᠨᠳᠥᠷ ᠬᠠᠯᠠᠭᠤᠨ᠎ᠳᠦ ᠬᠡᠪ ᠵᠢᠡᠨ ᠠᠯᠳᠠᠬᠤ᠂ ᠬᠡᠦᠷᠡᠭ ᠬᠠᠲᠠᠭᠤ ᠪᠣᠯᠬᠤ ᠵᠡᠷᠭᠡ ᠠᠰᠠᠭᠤᠳᠠᠯ ᠤᠳᠠᠭ᠎ᠠ ᠳᠠᠷᠠᠭᠠᠯᠠᠨ ᠭᠠᠷᠴᠤ ᠪᠠᠢᠯ᠎ᠠ᠃ ᠬᠡᠳᠦᠨ ᠵᠢᠯ᠎ᠦᠨ ᠬᠣᠭᠣᠷᠣᠨᠳᠤ 3 ᠮᠢᠩᠭ᠎ᠠ ᠭᠠᠷᠤᠢ ᠲᠦᠮᠡᠨ ᠲᠥᠭᠥᠷᠢᠭ᠎ᠦᠨ ᠪᠡᠯᠡ ᠮᠥᠩᠭᠥ᠎ᠶᠢ ᠲᠠᠯᠠᠭᠠᠷ ᠰᠦᠢᠳᠬᠡᠵᠦ᠂ ᠲᠦᠷᠪᠡᠨ ᠬᠤᠪᠢ ᠣᠷᠣᠭᠤᠯᠤᠭ᠍ᠴᠢ ᠵᠢᠨ ᠬᠣᠶᠠᠷ ᠨᠢ ᠤᠬᠤᠷᠢᠨ ᠭᠠᠷᠴᠦ᠂ ᠠᠵᠤ ᠠᠬᠤᠢᠯᠠᠯ ᠬᠦᠴᠢᠷᠳᠡᠯ᠎ᠳᠦ ᠲᠤᠯᠭᠠᠷᠠᠪᠠ᠃
2022 ᠣᠨ ᠪᠣᠯᠬᠤ᠎ᠳᠤ ᠵᠤᠤ ᠬᠤᠸᠠ ᠶᠠᠩ ᠫᠷᠤᠹᠸᠰᠰᠤᠷ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠣᠨᠴᠠ ᠲᠣᠮᠢᠯᠠᠭᠳᠠᠭ᠍ᠴᠢᠶᠢᠨ ᠬᠤᠪᠢ᠎ᠪᠠᠷ ᠠᠵᠤ ᠠᠬᠤᠢᠯᠠᠯ᠎ᠳᠤ ᠣᠷᠣᠵᠤ ᠰᠠᠭᠤᠪᠠ᠃ 《ᠬᠠᠶᠠᠭᠳᠠᠮᠠᠯ PVCᠵᠢ ᠦᠨᠳᠦᠷ ᠴᠢᠳᠠᠪᠬᠢᠲᠤ ᠪᠠᠷᠢᠯᠭ᠎ᠠ᠎ᠶᠢᠨ ᠮᠠᠲᠧᠷᠢᠶᠠᠯ ᠪᠣᠯᠭᠠᠨ 〈ᠲᠤᠢᠯᠪᠤᠷᠢᠲᠠᠢ ᠥᠭᠡᠷᠡᠴᠢᠯᠡᠬᠦ〉 ᠳ᠋ᠦ ᠡᠷᠬᠡᠪᠰᠢ ᠮᠠᠲᠧᠷᠢᠶᠠᠯ᠎ᠤᠨ ᠵᠣᠬᠢᠴᠠᠬᠤ ᠴᠢᠨᠠᠷ᠂ ᠬᠦᠴᠦᠯᠡᠴᠡ ᠪᠣᠯᠣᠨ ᠤᠶᠠᠨ ᠴᠢᠨᠠᠷ᠎ᠤᠨ ᠲᠡᠩᠴᠡᠭᠦᠷᠢ ᠵᠡᠷᠭᠡ ᠵᠠᠩᠭᠢᠯᠠᠭ᠎ᠠ᠎ᠶᠢᠨ ᠮᠡᠷᠭᠡᠵᠢᠯ᠎ᠦᠨ ᠪᠡᠷᠬᠡ ᠰᠡᠳᠦᠪ᠎ᠢ ᠰᠢᠢᠳᠪᠦᠷᠢᠯᠡᠬᠦ ᠬᠡᠷᠡᠭᠲᠡᠢ》 ᠲᠡᠷᠡᠪᠡᠷ ᠪᠤᠭᠤᠮᠲᠠ ᠰᠢᠪᠲᠤᠯᠬᠤ ᠴᠢᠭᠯᠡᠯ᠎ᠢ ᠵᠢᠭᠠᠵᠤ ᠭᠠᠷᠭᠠᠪᠠ᠃
ᠡᠨᠡ ᠪᠣᠯ ᠨᠢᠭᠡᠨ ᠠᠵᠤ ᠠᠬᠤᠢᠯᠠᠯ᠎ᠤᠨ ᠤᠷᠤᠰᠢᠨ ᠲᠤᠭᠲᠠᠨᠢᠬᠤ ᠵᠠᠮ ᠪᠣᠯᠬᠤ᠎ᠪᠠᠷ ᠪᠠᠷᠠᠬᠤ ᠦᠭᠡᠢ ᠪᠠᠰᠠ ᠴᠤ᠌ ᠪᠦᠬᠦᠶ᠋ᠢᠯᠡ ᠠᠵᠢᠯ ᠲᠦᠷᠦᠯ᠎ᠦᠨ ᠭᠠᠷᠬᠤ ᠵᠠᠮ ᠮᠥᠨ᠃
ᠲᠤᠬᠠᠢ᠎ᠶᠢᠨ ᠦᠶ᠎ᠡ᠎ᠳᠦ ᠤᠯᠤᠰ᠎ᠤᠨ ᠳᠣᠲᠣᠭᠠᠳᠤ᠎ᠳᠤ ᠠᠰᠢᠭᠯᠠᠵᠤ ᠪᠤᠯᠤᠮᠠᠷ ᠪᠣᠯᠪᠠᠰᠤᠷᠠᠩᠭᠤᠢ ᠲᠤᠷᠰᠢᠯᠭ᠎ᠠ ᠬᠠᠷᠠᠬᠠᠨ ᠪᠦᠷᠢᠯᠳᠦᠬᠡ ᠦᠭᠡᠢ᠂ ᠠᠯᠢᠪᠠ ᠪᠦᠬᠦᠨ ᠢ 0 ᠡᠴᠡ ᠡᠬᠢᠯᠡᠵᠤ ᠬᠢᠬᠦ ᠬᠡᠷᠡᠭᠳᠡᠢ ᠪᠠᠢᠪᠠ᠃ ᠮᠠᠲᠧᠷᠢᠶᠠᠯ᠎ᠤᠨ ᠴᠢᠳᠠᠪᠬᠢ᠎ᠶᠢᠨ ᠳᠤᠲᠠᠭᠳᠠᠯ᠎ᠳᠤ ᠴᠢᠭᠯᠡᠭᠦᠯᠵᠤ᠂ ᠵᠤᠤ ᠬᠤᠸᠠ ᠶᠠᠩ ᠪᠦᠯᠬᠦᠮ᠎ᠢᠶᠡᠨ ᠳᠠᠭᠠᠭᠤᠯᠤᠨ ᠤᠯᠠᠨ ᠤᠳᠠᠭ᠎ᠠ᠎ᠶᠢᠨ ᠨᠠᠢᠷᠠᠯᠭ᠎ᠠ ᠪᠠ ᠫᠠᠷᠠᠮᠧᠲᠷ᠎ᠲᠦ ᠲᠣᠬᠢᠷᠠᠭᠤᠯᠤᠯᠲᠠ ᠬᠢᠵᠦ᠂ ᠬᠣᠯᠪᠣᠭᠳᠠᠯ ᠪᠦᠬᠦᠢ ᠲᠡᠮᠦᠷᠯᠢᠭ᠎ᠤᠨ ᠪᠤᠰᠤ ᠮᠠᠲᠧᠷᠢᠶᠠᠯ᠎ᠢ ᠲᠤᠷᠰᠢᠨ ᠣᠷᠣᠭᠤᠯᠬᠤ᠎ᠪᠠᠷ ᠳᠠᠮᠵᠢᠨ ᠮᠠᠲᠧᠷᠢᠶᠠᠯ᠎ᠤᠨ ᠬᠦᠴᠦᠯᠡᠴᠡ᠎ᠶᠢ ᠳᠡᠭᠡᠭᠰᠢᠯᠡᠭᠦᠯᠬᠦ᠎ᠶᠢᠨ ᠬᠠᠮᠲᠤ ᠤᠶᠠᠨ ᠬᠠᠳᠠᠨ ᠴᠢᠨᠠᠷ᠎ᠢ ᠳᠡᠭᠡᠭᠰᠢᠯᠡᠭᠦᠯᠵᠦ᠂ ᠰᠢᠨ᠎ᠡ ᠬᠡᠯᠪᠡᠷᠢ᠎ᠶᠢᠨ PVC ᠰᠦᠯᠢᠶᠥᠦ᠎ᠶᠢᠨ ᠬᠠᠢᠯᠤᠰᠢ᠎ᠶᠢ ᠦᠢᠯᠡᠳᠴᠤ ᠪᠦᠲᠦᠭᠡᠵᠡᠢ᠃ 《ᠨᠡᠮᠡᠯᠲᠡ ᠵᠢᠨ ᠬᠡᠮᠵᠢᠶ᠎ᠡ᠎ᠶᠢ ᠡᠵᠡᠮᠳᠡᠬᠦ᠎ᠳᠦ ᠬᠠᠮᠤᠭ᠎ᠤᠨ ᠬᠦᠴᠢᠷᠲᠡᠢ ᠪᠠᠢᠳᠠᠭ᠂ ᠶᠠᠭ ᠬᠥᠮᠥᠨ᠎ᠦ ᠪᠡᠶ᠎ᠡ᠎ᠶᠢᠨ ᠪᠢᠴᠢᠯ ᠡᠯᠧᠮᠧᠨ᠋ᠲ᠎ᠲᠠᠢ ᠠᠳᠠᠯᠢ᠎ᠪᠠᠷ ᠳᠤᠲᠠᠭᠳᠠᠪᠠᠯ ᠪᠣᠯᠬᠤ ᠦᠭᠡᠢ᠂ ᠠᠷᠪᠢᠳᠪᠠᠯ ᠪᠠᠰᠠ ᠠᠰᠠᠭᠤᠳᠠᠯ ᠭᠠᠷᠳᠠᠭ》 ᠵᠣᠣ ᠬᠤᠸᠠ ᠶᠠᠩ ᠡᠢᠨ ᠬᠦ᠌ ᠵᠦᠢᠷᠯᠡᠵᠦ ᠬᠡᠯᠡᠪᠡ᠃
ᠰᠥᠨᠢ ᠲᠤᠵᠢ ᠭᠡᠷᠡᠯᠳᠦᠭᠰᠡᠨ ᠳ᠋ᠧᠩ᠎ᠦᠨ ᠭᠡᠷᠡᠯ᠂ ᠳᠠᠬᠢᠨ ᠳᠠᠪᠲᠠᠨ ᠲᠤᠬᠢᠷᠠᠭᠤᠯᠤᠭᠰᠠᠨ ᠨᠠᠢᠷᠠᠯᠭ᠎ᠠ ᠨᠢ ᠡᠴᠦᠰ ᠲᠡᠭᠡᠨ ᠲᠠᠯᠠᠭᠠᠷ ᠪᠣᠯᠤᠭᠰᠠᠨ ᠦᠭᠡᠢ᠃ ᠭᠤᠷᠪᠠᠳᠠᠭᠢ ᠡᠲᠡᠭᠡᠳ᠎ᠦᠨ ᠪᠠᠢᠭᠤᠯᠤᠮᠵᠢ᠎ᠶᠢᠨ ᠪᠠᠢᠴᠠᠭᠠᠨ ᠬᠡᠮᠵᠢᠯᠲᠡ᠎ᠪᠡᠷ ᠳᠡᠮᠵᠢᠨ ᠲᠡᠳᠡᠨ᠎ᠤ ᠪᠦᠯᠬᠦᠮ᠎ᠤᠨ ᠰᠤᠳᠤᠯᠤᠨ ᠨᠡᠭᠡᠭᠡᠭᠰᠡᠨ ᠬᠡᠪ ᠬᠠᠪᠲᠠᠰᠤ᠎ᠶᠢᠨ ᠮᠤᠷᠤᠢᠯᠲᠠ᠎ᠶᠢᠨ ᠬᠦᠴᠦᠯᠡᠴᠡ 40MPa ᠪᠠᠢᠵᠤ᠂ ᠤᠯᠤᠰ᠎ᠤᠨ ᠪᠠᠷᠢᠮᠵᠢᠶ᠎ᠠ ᠪᠤᠯᠬᠤ 35MPa᠎ᠡᠴᠡ 15% ᠥᠨᠳᠥᠷ ᠪᠣᠯᠪᠠ; ᠬᠠᠷᠢᠮᠠᠬᠠᠢ ᠴᠢᠨᠠᠷ᠎ᠤᠨ ᠬᠡᠮᠵᠢᠭᠳᠡᠯ 3800MPa᠂ ᠰᠦᠯᠢᠶᠤᠤ ᠵᠢᠨ ᠬᠠᠢᠯᠤᠰᠢ ᠵᠢᠨ ᠵᠥᠭᠡᠯᠡᠷᠡᠭᠰᠡᠨ ᠳᠤᠯᠠᠭᠠᠨ᠎ᠤ ᠬᠡᠮᠵᠢᠶ᠎ᠡ 80℃ᠡᠴᠡ ᠳᠡᠭᠡᠭᠰᠢ ᠪᠠᠢᠵᠤ᠂ ᠤᠰᠤ ᠰᠢᠩᠭᠡᠭᠡᠬᠦ ᠨᠤᠷᠮ᠎ᠠ ᠨᠢ ᠵᠥᠪᠬᠡᠨ 0.35% ᠪᠤᠯᠪᠠ᠃ ᠪᠤᠢ ᠪᠦᠬᠦᠢ ᠭᠦᠢᠴᠡᠳᠬᠡᠯ ᠲᠣᠭ᠎ᠠ ᠨᠢ ᠴᠥᠮ ᠤᠯᠤᠰ᠎ᠤᠨ ᠪᠠᠷᠢᠮᠵᠢᠶ᠎ᠠ᠎ᠡᠴᠡ ᠳᠠᠪᠠᠭᠰᠠᠨ ᠪᠥᠭᠡᠳ ᠠᠵᠤ ᠠᠬᠤᠢᠯᠠᠯ᠎ᠢ ᠬᠠᠪᠰᠤᠷᠤᠨ 4 ᠵᠦᠢᠯ᠎ᠦᠨ ᠡᠭᠦᠳᠦᠯᠲᠡ᠎ᠶᠢᠨ ᠲᠤᠰᠬᠠᠢ ᠠᠰᠢᠭ᠋᠂ 10 ᠵᠦᠢᠯ᠎ᠦᠨ ᠬᠡᠷᠡᠭᠯᠡᠭᠡᠨ᠎ᠦ ᠰᠢᠨ᠎ᠡ ᠬᠡᠯᠪᠡᠷᠢ᠎ᠶᠢᠨ ᠲᠤᠰᠬᠠᠢ ᠠᠰᠢᠭ᠋᠎ᠢ ᠭᠤᠶᠤᠴᠢᠯᠠᠵᠤ᠂ ᠮᠠᠲᠧᠷᠢᠶᠠᠯ᠎ᠤᠨ ᠨᠠᠢᠷᠠᠯᠭ᠎ᠠ᠂ ᠦᠢᠯᠡᠳᠪᠦᠷᠢᠯᠡᠯ᠎ᠦᠨ ᠮᠡᠷᠬᠡᠵᠢᠯ᠂ ᠦᠢᠯᠡᠳᠬᠦᠨ᠎ᠦ ᠪᠦᠲᠦᠴᠡ᠎ᠶᠢ ᠬᠠᠮᠤᠷᠤᠭᠰᠠᠨ ᠪᠦᠬᠦ ᠲᠠᠯ᠎ᠠ᠎ᠶᠢᠨ ᠮᠡᠳᠡᠯᠭᠡ᠎ᠶᠢᠨ ᠥᠮᠴᠢᠯᠡᠯ᠎ᠤᠨ ᠡᠷᠬᠡ᠎ᠶᠢᠨ ᠬᠠᠮᠠᠭᠠᠯᠠᠯᠲᠠ᠎ᠶᠢᠨ ᠲᠣᠣᠷ ᠰᠦᠯᠵᠢᠶ᠎ᠡ᠎ᠶᠢ ᠪᠦᠷᠢᠯᠳᠦᠭᠦᠯᠦᠭᠰᠡᠨ ᠪᠠᠢᠨ᠎ᠠ᠃
ᠵᠣᠣ ᠬᠤᠸᠠ ᠶᠠᠩ᠎ᠤᠨ ᠠᠯᠪᠠᠨ ᠱᠢᠷᠡᠭᠡᠨ ᠳᠡᠭᠡᠷᠡᠬᠢ 500 ᠭᠠᠷᠤᠶ ᠬᠠᠭᠤᠳᠠᠰᠤ ᠪᠦᠬᠦᠢ 《ᠱᠢᠨ᠎ᠡ ᠬᠡᠯᠪᠡᠷᠢ᠎ᠶ᠋ᠢᠨ ᠬᠠᠶᠠᠭ᠍ᠳᠠᠮᠠᠯ ᠬᠠᠭᠤᠴᠢᠨ PVC ᠰᠦᠯᠢᠶᠣᠣ / ᠲᠣᠮᠣ ᠮᠣᠯᠧᠺᠦ᠋ᠯ — ᠨᠠᠨᠤ᠋ ᠲᠡᠮᠦᠷᠯᠢᠭ᠎ᠤᠨ ᠬᠠᠢᠯᠤᠰᠢ ᠮᠤᠳᠤᠯᠢᠭ ᠰᠦᠯᠢᠶᠤᠤ᠎ᠶᠢᠨ ᠪᠠᠷᠢᠯᠭ᠎ᠠ᠎ᠶ᠋ᠢᠨ ᠬᠡᠪ ᠬᠠᠪᠲᠠᠰᠤ ᠦᠶ᠋ᠯᠡᠳᠬᠦ᠌ ᠮᠡᠷᠭᠡᠵᠢᠯ ᠪᠠ ᠬᠡᠷᠡᠭ᠌ᠯᠡᠯᠲᠡ》 ᠭᠡᠬᠦ᠌ ᠲᠥᠷᠥᠯ ᠵᠦᠶ᠋ᠯ᠎ᠦᠨ ᠰᠡᠳᠦᠪ᠎ᠦᠨ ᠮᠡᠳᠡᠭᠦᠯᠦᠯᠲᠡ ᠨᠢ 4 ᠵᠢᠯ᠎ᠦᠨ ᠲᠤᠷᠰᠢᠬᠢ ᠬᠦᠴᠢᠷ ᠪᠡᠷᠬᠡᠱᠢᠶᠡᠯ ᠢ ᠢᠯᠡᠨ ᠳᠠᠪᠠᠭ᠍ᠰᠠᠨ ᠦᠷ᠎ᠡ ᠪᠦᠲᠦᠭᠡᠯ᠎ᠢ ᠦᠨᠡᠨ ᠪᠤᠳᠠᠳᠠᠢ ᠲᠡᠮᠳᠡᠭ᠌ᠯᠡᠵᠦ᠍ ᠪᠠᠢᠯ᠎ᠠ᠃ ᠥᠷᠭᠡᠨ ᠶᠡᠬᠡ ᠵᠠᠬ᠎ᠠ ᠳᠡᠯᠭᠡᠭᠦᠷ ᠲᠤ᠌ ᠲᠤᠰ ᠦᠷ᠎ᠡ ᠪᠦᠲᠦᠭᠡᠯ ᠨᠢ ᠨᠠᠩ ᠶᠡᠬᠡ ᠦᠨ᠎ᠡ ᠥᠷᠲᠡᠭ᠎ᠢ ᠡᠭᠦᠳᠴᠦ᠍ ᠪᠠᠢᠨ᠎ᠠ᠃
ᠡᠢᠮᠦᠷᠬᠦ ᠱᠢᠨ᠎ᠡ ᠬᠡᠯᠪᠡᠷᠢ᠎ᠶ᠋ᠢᠨ ᠪᠠᠷᠢᠯᠭ᠎ᠠ᠎ᠶ᠋ᠢᠨ ᠬᠡᠪ ᠬᠠᠪᠲᠠᠰᠤ ᠨᠢ ᠥᠪᠡᠷ᠎ᠦᠨ ᠥᠷᠲᠡᠭ᠎ᠢᠶᠡᠷ ᠳᠤᠤᠷ᠎ᠠ᠂ ᠰᠢᠷᠭᠤᠯᠵᠢᠨ ᠠᠯᠳᠧᠾᠢᠳ᠋ ᠠᠭᠤᠯᠬᠤ ᠦᠬᠡᠢ᠂ ᠤᠰᠤ ᠴᠢᠭᠢᠭ᠎ᠢ ᠰᠡᠷᠭᠡᠢᠯᠡᠬᠦ ᠪᠦᠬᠡᠳ ᠪᠦᠬᠡᠯᠢᠭ ᠬᠠᠳᠠᠭᠤ ᠪᠠᠢᠵᠤ᠂ ᠵᠠᠭᠤ ᠱᠢᠬᠠᠮ ᠤᠳᠠᠭ᠎ᠠ ᠡᠷᠭᠢᠯᠳᠦᠭᠦᠯᠦᠨ ᠬᠡᠷᠡᠭ᠌ᠯᠡᠵᠦ᠍ ᠪᠣᠯᠬᠤ ᠪᠥᠭᠡᠳ ᠬᠡᠷᠡᠭᠯᠡᠵᠦ ᠪᠤᠯᠬᠤ ᠬᠤᠭᠤᠴᠠᠭ᠎ᠠ ᠨᠢ ᠤᠯᠠᠮᠵᠢᠯᠠᠯᠲᠤ ᠮᠣᠳᠣᠯᠢᠭ᠂ ᠪᠣᠯᠣᠳ ᠲᠡᠮᠦᠷ᠎ᠦᠨ ᠬᠡᠪ ᠬᠠᠪᠲᠠᠰᠤ᠎ᠶᠢᠨ ᠠᠷᠪᠠᠨ ᠬᠡᠳᠦᠨ ᠳᠠᠬᠢᠨ ᠪᠠᠢᠳᠠᠭ᠃ ᠲᠤᠰ ᠬᠡᠪ ᠬᠠᠪᠳᠠᠰᠤᠨ ᠳ᠋ᠤ ᠴᠢᠳᠭᠤᠵᠤ ᠭᠠᠷᠭᠠᠭ᠍ᠰᠠᠨ ᠪᠸᠲ᠋ᠤᠨ᠎ᠤ ᠭᠠᠳᠠᠷᠭᠤ ᠨᠢ ᠭᠢᠯᠦᠭᠡᠷ ᠲᠡᠭ᠌ᠰᠢᠬᠡᠨ᠂ ᠲᠠᠬᠢᠨ ᠱᠢᠷ ᠰᠠᠭᠤᠯᠭᠠᠬᠤ ᠴᠢᠬᠤᠯᠠ ᠦᠭᠡᠢ ᠪᠠᠢᠵᠤ᠂ ᠥᠩᠭᠡᠷᠡᠭ᠌ᠰᠡᠨ᠎ᠦ ᠪᠠᠷᠢᠯᠭ᠎ᠠ᠎ᠶ᠋ᠢᠨ ᠠᠵᠢᠯ᠎ᠤᠨ ᠠᠷᠭ᠎ᠠ ᠮᠠᠶᠢᠭ᠎ᠢ ᠲᠤᠢᠯᠪᠤᠷᠢᠲᠠᠶ ᠬᠤᠪᠢᠷᠠᠭᠤᠯᠵᠤ᠂ ᠪᠦᠬᠦ᠌ ᠤᠯᠤᠰ᠎ᠤᠨ ᠲᠡᠷᠢᠭᠦᠨ᠎ᠦ ᠲᠦᠪᠱᠢᠨ᠎ᠳᠦ ᠣᠷᠣᠪᠠ᠃ ᠸᠧᠢ ᠳ᠋ᠸ ᠱᠢᠨ᠎ᠡ ᠮᠠᠲ᠋ᠧᠷᠢᠶᠠᠯ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠬᠠᠷᠢᠭᠤᠴᠠᠯᠭᠠᠲᠠᠨ ᠸᠠᠩ ᠸᠧᠢ᠄ 《ᠴᠥᠩ ᠯᠢ ᠲᠦᠷᠭᠡᠨ᠎ᠦ ᠲᠡᠮᠦᠷ ᠵᠠᠮ᠎ᠤᠨ ᠥᠷᠲᠡᠭᠡ᠂ ᠴᠢᠩᠳᠣᠤ᠎ᠶ᠋ᠢᠨ ᠭᠠᠵᠠᠷ ᠳᠤᠤᠷᠠᠬᠢ ᠲᠡᠮᠦᠷ ᠵᠠᠮ᠂ ᠪᠤᠭᠤᠲᠤ ᠬᠣᠲᠠ᠎ᠶ᠋ᠢᠨ ᠵᠠᠰᠠᠭ᠎ᠤᠨ ᠣᠷᠳᠣᠨ᠎ᠤ ᠭᠠᠵᠠᠷ ᠳᠤᠤᠷᠠᠬᠢ ᠬᠣᠭᠣᠯᠠᠶ ᠭᠤᠤᠷᠰᠤ᠎ᠶ᠋ᠢᠨ ᠬᠣᠩᠭᠢᠯ᠂ ᠴᠠᠩᠴᠦ᠋ᠨ ᠬᠣᠲᠠ᠎ᠶ᠋ᠢᠨ ᠱᠢᠨ᠎ᠡ᠎ᠪᠡᠷ ᠪᠠᠢᠭᠤᠯᠤᠭ᠍ᠰᠠᠨ ᠴᠠᠬᠤ ᠬᠥᠭᠥᠷᠭᠡ᠎ᠨᠢ ᠴᠥᠮ ᠲᠤᠰ ᠬᠡᠪ ᠬᠠᠪᠲᠠᠰᠤ ᠵᠢ ᠬᠡᠷᠡᠭ᠌ᠯᠡᠪᠡ᠂ 2022 ᠣᠨ ᠡᠴᠡ ᠨᠠᠭᠠᠰᠢ ᠺᠣᠮᠫᠠᠨᠢ ᠵᠢᠯ ᠪᠦᠷᠢ ᠬᠣᠶᠠᠷ ᠲᠦᠮᠡᠨ ᠲᠣᠨ ᠱᠢᠬᠠᠮ ᠬᠠᠶᠠᠭ᠍ᠳᠠᠮᠠᠯ PVC ᠵᠢ ᠱᠢᠩᠭᠡᠭᠡᠨ ᠠᠰᠢᠬᠯᠠᠵᠤ᠂ ᠵᠢᠯ᠎ᠦᠨ ᠦᠶ᠋ᠯᠡᠳᠬᠦᠨ᠎ᠦ ᠥᠷᠲᠡᠭ 2000 ᠲᠦᠮᠡᠨ ᠲᠥᠭᠥᠷᠢᠭ᠎ᠲᠦ ᠬᠦᠷᠴᠤ ᠪᠤᠢ》 ᠭᠡᠪᠡ᠃
ᠡᠨᠡ ᠪᠣᠯ ᠨᠢᠭᠡ ᠤᠳᠠᠭᠠᠨ᠎ᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠪᠲᠤᠯᠤᠯᠲᠠ ᠮᠥᠨ᠂ ᠪᠠᠰᠠ ᠴᠤ᠌ ᠨᠢᠭᠡ ᠤᠳᠠᠭᠠᠨ᠎ᠤ ᠪᠣᠬᠢᠷᠲᠤᠯ ᠥᠬᠡᠶ ᠡᠷᠬᠢᠯᠳᠦᠳᠦ ᠠᠵᠤ ᠠᠬᠤᠶ᠎ᠳᠦ ᠠᠱᠢᠭ᠍ᠲᠠᠶ ᠬᠠᠢᠨ ᠰᠥᠪᠡᠭ᠌ᠴᠢᠯᠡᠯᠲᠡ ᠮᠥᠨ᠃ ᠡᠲᠡᠭᠡᠷ ᠬᠠᠶᠠᠭ᠍ᠳᠠᠮᠠᠯ PVC ᠪᠡᠷ ᠬᠢᠭ᠌ᠰᠡᠨ ᠬᠡᠪ ᠬᠠᠪᠲᠠᠰᠤ ᠵᠢ ᠭᠦᠶ᠋ᠴᠡᠳ ᠬᠡᠷᠡᠭ᠌ᠯᠡᠭ᠌ᠰᠡᠨᠦ ᠳᠠᠷᠠᠭ᠎ᠠ 90% ᠡᠴᠡ ᠳᠡᠭᠡᠭ᠌ᠰᠢᠬᠢ ᠵᠢ ᠨᠢ ᠴᠥᠮ ᠸᠧᠶᠳ᠋ᠧ ᠱᠢᠨ᠎ᠡ ᠮᠠᠲ᠋ᠧᠷᠢᠶᠠᠯ᠎ᠤᠨ ᠺᠤᠮᠫᠠᠨᠢ᠎ᠳᠤ ᠪᠤᠴᠠᠭᠠᠵᠤ ᠳᠠᠬᠢᠨ ᠪᠣᠯᠪᠠᠰᠤᠷᠠᠭᠤᠯᠤᠨ ᠠᠱᠢᠭ᠍ᠯᠠᠵᠤ᠂ 《ᠡᠭᠡᠭᠦᠯᠦᠨ ᠬᠤᠷᠢᠶᠠᠬᠤ — ᠦᠶ᠋ᠯᠡᠳᠪᠦᠷᠢᠯᠡᠬᠦ᠌ — ᠬᠡᠷᠡᠭ᠌ᠯᠡᠬᠦ᠌ — ᠳᠠᠬᠢᠨ ᠡᠭᠡᠭᠦᠯᠦᠨ ᠬᠤᠷᠢᠶᠠᠬᠤ》 ᠠᠵᠤ ᠦᠶ᠋ᠯᠡᠰ᠎ᠦᠨ ᠪᠢᠲᠡᠭᠦᠦ ᠭᠤᠬᠴᠤᠭ᠎ᠠ᠎ᠵᠢ ᠪᠦᠷᠢᠯᠳᠦᠬᠦᠯᠵᠤ᠂ ᠰᠦᠯᠢᠶᠣᠣ᠎ᠶ᠋ᠢᠨ ᠪᠣᠬᠢᠷᠲᠤᠯ᠎ᠤᠨ ᠬᠦᠴᠢᠷ ᠠᠰᠠᠭᠤᠳᠠᠯ᠎ᠢ ᠱᠢᠶ᠋ᠳᠪᠦᠷᠢᠯᠡᠭ᠌ᠰᠡᠨ ᠮᠥᠷᠲᠡᠭᠡᠨ ᠪᠠᠰᠠ ᠮᠣᠳᠣᠨ ᠮᠠᠲ᠋ᠧᠷᠢᠶᠠᠯ᠂ ᠪᠣᠯᠣᠳ ᠮᠠᠲ᠋ᠧᠷᠢᠶᠠᠯ ᠵᠡᠷᠭᠡ ᠡᠬᠢ ᠪᠠᠶᠠᠯᠢᠭ᠎ᠢ ᠠᠷᠪᠢᠯᠠᠵᠤ᠂ ᠠᠵᠤ ᠠᠬᠤᠶ᠎ᠶ᠋ᠢᠨ ᠦᠷ᠎ᠡ ᠠᠱᠢᠭ᠂ ᠨᠡᠢᠭᠡᠮ᠎ᠦᠨ ᠦᠷ᠎ᠡ ᠠᠱᠢᠭ ᠬᠢᠭᠡᠳ ᠠᠮᠢ ᠠᠬᠤᠶ᠎ᠶ᠋ᠢᠨ ᠦᠷ᠎ᠡ ᠠᠱᠢᠭ᠎ᠤᠨ ᠨᠢᠭᠡᠳᠦᠯ᠎ᠢ ᠪᠡᠶᠡᠯᠡᠭᠦᠯᠦᠭ᠌ᠰᠡᠨ ᠪᠠᠢᠨ᠎ᠠ᠃
ᠣᠳᠣᠬᠠᠨ᠎ᠳᠤ ᠱᠢᠨ᠎ᠡ ᠮᠠᠶᠢᠭ᠎ᠤᠨ ᠪᠠᠷᠢᠯᠭ᠎ᠠ᠎ᠶ᠋ᠢᠨ ᠬᠡᠪ ᠬᠠᠪᠲᠠᠰᠤ᠎ᠳᠤ ᠲᠦᠱᠢᠭ᠌ᠯᠡᠨ ᠺᠣᠮᠫᠠᠨᠢ ᠥᠪᠡᠷ᠎ᠦᠨ ᠥᠷᠲᠡᠭ᠎ᠢᠶᠡᠷ ᠳᠤᠤᠷ᠎ᠠ ᠪᠦᠬᠡᠳ ᠰᠢᠷᠭᠤᠯᠵᠢᠨ ᠠᠯᠳᠧᠾᠢᠳ᠋ ᠠᠭᠤᠯᠬᠤ ᠦᠬᠡᠢ ᠬᠡᠷ ᠪᠠᠢᠰᠢᠩ ᠴᠢᠮᠡᠭ᠌ᠯᠡᠬᠦ ᠮᠠᠲ᠋ᠧᠷᠢᠶᠠᠯ᠂ ᠪᠠᠷᠢᠯᠭ᠎ᠠ᠎ᠶ᠋ᠢᠨ ᠳᠤᠯᠠᠭᠠᠨ ᠢ ᠬᠠᠮᠠᠭᠠᠯᠠᠬᠤ ᠪᠠ ᠪᠦᠲᠦᠴᠡ᠎ᠶ᠋ᠢ ᠨᠢᠭᠡ ᠴᠣᠭ᠍ᠴᠠᠵᠢᠭᠤᠯᠬᠤ ᠮᠡᠷᠭᠡᠵᠢᠯ᠎ᠢ ᠨᠡᠭᠡᠭᠡᠨ ᠬᠥᠭ᠌ᠵᠢᠭᠦᠯᠵᠦ᠍᠂ ᠰᠤᠷᠭᠠᠭᠤᠯᠢ᠂ ᠪᠠᠭᠤᠳᠠᠯ᠂ ᠵᠤᠭ᠎ᠠ ᠴᠡᠩᠭᠡᠬᠦᠨ ᠤ᠋ ᠲᠠᠯᠠᠪᠤᠷ ᠭᠠᠵᠠᠷ᠎ᠲᠤ ᠥᠷᠭᠡᠨ᠎ᠢᠶᠡᠷ ᠬᠡᠷᠡᠭ᠌ᠯᠡᠵᠦ᠍ ᠪᠠᠢᠨ᠎ᠠ᠃
ᠸᠠᠩ ᠸᠧᠢ᠄ 《ᠬᠡᠷᠡᠭ᠌ᠯᠡᠭᠡᠨ᠎ᠦ ᠪᠠᠢᠳᠠᠯ ᠲᠠᠰᠤᠷᠠᠯᠲᠠ ᠥᠬᠡᠶ ᠤᠯᠠᠷᠢᠵᠤ ᠲᠠᠰ ᠳᠡᠪᠱᠢᠬᠦ᠌᠎ᠶ᠋ᠢ ᠳᠠᠭᠠᠯᠳᠤᠨ ᠡᠨᠡ ᠬᠦ᠌ ᠦᠷ᠎ᠡ ᠪᠦᠲᠦᠭᠡᠯ᠎ᠦᠨ ᠦᠨ᠎ᠡ ᠥᠷᠲᠡᠭ᠎ᠨᠢ ᠮᠥᠨ ᠬᠦ᠌ ᠳᠡᠭᠡᠭ᠌ᠰᠢᠯᠡᠵᠦ᠍ ᠪᠠᠢᠨ᠎ᠠ》 ᠭᠡᠵᠦ ᠢᠳᠡᠬᠡᠯ ᠲᠡᠬᠦᠯᠳᠡᠷ ᠬᠡᠯᠡᠪᠡ᠃
ᠰᠤᠷᠪᠤᠯᠵᠢᠯᠠᠭ᠍ᠴᠢ ᠵᠢᠨ ᠡᠪᠦᠷ ᠲᠡᠮᠳᠡᠭᠯᠡᠯ᠄
ᠲᠤᠰ ᠤᠳᠠᠭ᠎ᠠ᠎ᠶ᠋ᠢᠨ ᠰᠤᠷᠪᠤᠯᠵᠢᠯᠠᠭ᠎ᠠ ᠨᠢ ᠮᠢᠨᠦ ᠲᠦᠰᠦᠭᠡᠯᠡᠨ ᠪᠤᠳᠤᠵᠤ ᠪᠠᠢᠬᠰᠠᠨ ᠰᠢᠭ᠋ 《ᠲᠡᠭᠦᠰ ᠰᠠᠢᠬᠠᠨ》 ᠠᠬᠤᠢ ᠲᠠᠯᠠᠪᠠᠢ ᠭᠡᠵᠦ᠍ ᠪᠠᠢᠬᠤ ᠦᠭᠡᠢ᠂ ᠭᠡᠪᠡᠴᠦ᠍ ᠪᠠᠶᠠᠷᠯᠠᠭᠤᠱᠢᠲᠠᠢ ᠨᠢ ᠤᠶᠠᠬᠠᠨ ᠬᠠᠪᠤᠷ᠎ᠤᠨ ᠡᠨᠡ ᠰᠠᠢᠬᠠᠨ ᠴᠠᠭ ᠲᠤ᠌ ᠪᠢ ᠬᠠᠮᠤᠭ᠎ᠤᠨ ᠰᠡᠳᠭᠢᠯ ᠬᠥᠳᠡᠯᠭᠡᠮ᠎ᠡ ᠲᠡᠮᠡᠴᠡᠯ᠎ᠦᠨ ᠦᠵᠡᠭᠳᠡᠯ᠎ᠢ ᠣᠯᠵᠤ ᠬᠠᠷᠠᠵᠤ᠂ ᠦᠨᠳᠦᠰᠦᠨ ᠱᠠᠲᠤᠨ᠎ᠤ ᠥᠭᠡᠳᠡᠯᠡᠨ ᠲᠠᠪᠱᠢᠬᠤ ᠥᠷᠨᠢᠭᠦᠨ ᠪᠠᠳᠠᠷᠠᠩᠭᠤᠢ ᠬᠦᠴᠦᠨ ᠴᠢᠳᠠᠯ᠎ᠢ ᠮᠡᠳᠡᠷᠡᠵᠤ ᠪᠢᠯᠡ᠃
ᠲᠦᠩᠯᠢᠶᠣᠤ᠎ᠶ᠋ᠢᠨ ᠸᠧᠢ ᠳ᠋ᠸ ᠱᠢᠨ᠎ᠡ ᠮᠠᠲ᠋ᠧᠷᠢᠶᠠᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠦᠨ ᠬᠢᠵᠠᠭᠠᠷᠲᠤ ᠺᠣᠮᠫᠠᠨᠢ᠎ᠳᠤ ᠲᠤᠨᠤᠭ ᠲᠥᠬᠥᠭᠡᠷᠦᠮᠵᠢ ᠵᠢ ᠪᠠᠢᠴᠠᠭᠠᠨ ᠵᠠᠰᠠᠵᠤ ᠪᠠᠢᠬᠤ ᠡᠴᠡ ᠪᠤᠯᠵᠤ ᠦᠢᠯᠡᠳᠪᠦᠷᠢ ᠲᠦᠷ ᠴᠠᠭ ᠠᠵᠢᠯ ᠵᠣᠭ᠍ᠰᠣᠪᠠ᠃ ᠦᠶ᠋ᠯᠡᠳᠪᠦᠷᠢᠯᠡᠯ᠎ᠦᠨ ᠱᠤᠭᠤᠮ᠎ᠤᠨ ᠠᠵᠢᠯᠯᠠᠵᠤ ᠪᠠᠢᠭ᠎ᠠ ᠪᠠᠢᠳᠠᠯ ᠢ ᠨᠢᠳᠦ᠍᠎ᠪᠡᠷ᠎ᠢᠶᠡᠨ ᠤᠯᠵᠤ ᠦᠵᠡᠭ᠌ᠰᠡᠨ ᠥᠬᠡᠶ ᠪᠣᠯᠪᠠᠴᠤ᠌ ᠠᠵᠤ ᠠᠬᠤᠢᠯᠠᠯ᠎ᠤᠨ ᠬᠠᠷᠢᠭᠤᠴᠠᠯᠭᠠᠲᠠᠨ᠎ᠤ ᠣᠷᠭᠢᠯᠤᠮ᠎ᠠ ᠬᠠᠯᠠᠭᠤᠨ ᠰᠡᠳᠭᠢᠯᠭᠡ᠎ᠲᠡᠶ ᠶᠠᠷᠢᠬᠰᠠᠨ ᠦᠬᠡ ᠨᠢᠬᠡ ᠪᠦᠷᠢ ᠡᠴᠡ 27 ᠵᠢᠯ᠎ᠦᠨ ᠲᠤᠷᠰᠢ ᠲᠤᠰ ᠠᠵᠤ ᠠᠬᠤᠢᠯᠠᠯ᠎ᠨᠢ ᠰᠦᠯᠢᠶᠣᠣ ᠫᠢᠸᠤ᠋᠎ᠶ᠋ᠢᠨ ᠬᠠᠢᠷᠴᠠᠭ ᠦᠶ᠋ᠯᠡᠳᠪᠦᠷᠢᠯᠡᠳᠡᠭ ᠵᠢᠵᠢᠭ ᠦᠶ᠋ᠯᠡᠳᠪᠦᠷᠢ ᠪᠠᠢᠭ᠍ᠰᠠᠨ ᠡᠴᠡ᠎ᠪᠠᠨ ᠪᠣᠬᠢᠷᠲᠤᠯ ᠥᠬᠡᠶ ᠪᠠᠷᠢᠯᠭ᠎ᠠ᠎ᠶ᠋ᠢᠨ ᠮᠠᠲ᠋ᠧᠷᠢᠶᠠᠯ ᠦᠶ᠋ᠯᠡᠳᠪᠦᠷᠢᠯᠡᠬᠦ᠌᠂ ᠰᠤᠳᠤᠯᠤᠨ ᠨᠡᠭᠡᠭᠡᠬᠦ᠌᠂ ᠪᠣᠷᠣᠯᠠᠭᠤᠯᠬᠤ ᠶ᠋ᠢ ᠨᠢᠭᠡ ᠴᠣᠭ᠍ᠴᠠᠵᠢᠭᠤᠯᠤᠭ᠍ᠰᠠᠨ ᠥᠪᠡᠷᠲᠡᠭᠡᠨ ᠵᠠᠰᠠᠬᠤ ᠣᠷᠣᠨ ᠤ ᠲᠠᠰ ᠤᠨ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ ᠪᠣᠯᠵᠣ ᠦᠰᠦᠨ ᠪᠣᠢᠵᠢᠭᠰᠠᠨ ᠶᠠᠪᠤᠴᠠ ᠵᠢ ᠤᠯᠵᠤ ᠰᠤᠨᠤᠰᠴᠠᠢ᠃ 7 ᠵᠢᠯ ᠪᠦᠷᠢᠳᠦ ᠨᠢᠭᠡ ᠤᠳᠠᠭ᠎ᠠ ᠬᠡᠯᠪᠡᠷᠢ᠎ᠪᠡᠨ ᠬᠤᠪᠢᠷᠠᠭᠤᠯᠤᠨ ᠲᠡᠰ ᠳᠡᠪᠱᠢᠬᠦ᠌ ᠪᠣᠯ ᠪᠣᠬᠢᠷᠲᠤᠯ ᠦᠭᠡᠢ ᠬᠥᠭ᠌ᠵᠢᠯᠲᠡ᠎ᠶ᠋ᠢᠨ ᠣᠢᠯᠠᠭᠠᠭ᠍ᠳᠠᠬᠤᠨ᠎ᠤ ᠲᠤᠬᠠᠢ ᠲᠤᠢᠯ᠎ᠤᠨ ᠶᠡᠬᠡ ᠬᠥᠭᠡᠭᠡᠴᠡᠯᠳᠦᠯ ᠮᠥᠨ᠂ ᠵᠠᠬ᠎ᠠ ᠳᠡᠯᠭᠡᠭᠦᠷ᠎ᠦᠨ ᠬᠠᠨᠳᠤᠰᠢ᠎ᠶ᠋ᠢᠨ ᠲᠤᠬᠠᠢ ᠣᠨᠣᠪᠴᠢᠲᠠᠢ ᠠᠵᠢᠭ᠍ᠯᠠᠯᠲᠠ ᠪᠠ ᠡᠵᠡᠮᠱᠢᠯ ᠮᠥᠨ᠂ ᠨᠡᠩ ᠴᠤ᠌ ᠲᠤᠰ ᠠᠵᠢᠯ ᠲᠦᠷᠦᠯ᠎ᠦᠨ ᠬᠦᠭᠵᠢᠯᠳᠠ ᠵᠢᠨ ᠥᠨᠳᠥᠷ ᠤᠷᠬᠢᠯ᠎ᠳᠤ ᠵᠣᠷᠢᠭ᠍ᠲᠠᠢ᠎ᠪᠠᠷ ᠠᠪᠠᠷᠢᠬᠤ ᠲᠡᠮᠡᠴᠡᠭ᠌ᠴᠢ᠎ᠶ᠋ᠢᠨ ᠵᠣᠷᠢᠭ ᠰᠠᠨᠠᠭ᠎ᠠ ᠮᠥᠨ᠃
ᠥᠪᠥᠷ ᠮᠣᠩᠭᠣᠯ᠎ᠤᠨ ᠦᠨᠳᠦᠰᠦᠲᠡᠨ᠎ᠦ ᠶᠡᠬᠡ ᠰᠤᠷᠭᠠᠭᠤᠯᠢ᠎ᠶ᠋ᠢᠨ ᠫᠷᠤᠹᠸᠰᠰᠤᠷ ᠵᠤᠤ ᠬᠤᠸᠠ ᠶᠠᠩ᠎ᠤᠨ ᠠᠯᠪᠠᠨ ᠭᠡᠷ ᠮᠦᠷᠳᠡᠭᠡᠨ ᠲᠤᠷᠱᠢᠯᠲᠠ᠎ᠶ᠋ᠢᠨ ᠲᠠᠰᠤᠭ᠎ᠲᠤ ᠬᠦᠷᠪᠠᠯ ᠲᠡᠷᠡ ᠶᠠᠭ ᠲᠤᠰ ᠤᠳᠠᠭ᠎ᠠ ᠮᠠᠨ᠎ᠤ ᠰᠤᠷᠪᠤᠯᠵᠢᠯᠠᠬᠤ ᠬᠡᠵᠤ ᠪᠠᠢᠭ᠎ᠠ ᠲᠦᠷᠦᠯ ᠵᠦᠢᠯ ᠤ᠋ᠨ ᠲᠤᠬᠠᠢ ᠠᠵᠢᠯᠲᠠᠭᠤᠰᠬᠠᠬᠤ ᠲᠡᠭᠦᠰᠭᠡᠯ᠎ᠤᠨ ᠮᠡᠳᠡᠭᠦᠯᠦᠯᠲᠡ᠎ᠪᠠᠨ ᠱᠠᠯᠠᠪᠳᠠᠨ ᠡᠮᠬᠢᠯᠡᠵᠦ᠍ ᠪᠠᠢᠯ᠎ᠠ᠃ 500 ᠭᠠᠷᠤᠢ ᠬᠠᠭᠤᠳᠠᠰᠤ ᠪᠢᠴᠢᠵᠦ᠍ ᠳᠠᠭᠤᠰᠬᠠᠭᠠᠳᠤᠢ ᠮᠡᠳᠡᠭᠦᠯᠦᠯᠲᠡ᠎ᠶ᠋ᠢᠨ ᠪᠢᠴᠢᠭ ᠲᠤ᠌ ᠲᠡᠳᠡᠨ᠎ᠤ ᠪᠦᠬᠦ ᠪᠦᠯᠬᠦᠮ᠎ᠦᠨ ᠬᠡᠰᠢᠬᠦᠳ᠎ᠤᠨ 1000 ᠭᠠᠷᠤᠢ ᠡᠳᠦᠷ ᠰᠥᠨᠢᠲᠡᠮᠡᠴᠡᠨ ᠠᠵᠢᠯᠯᠠᠬᠰᠠᠨ ᠤᠷᠠᠨ ᠳᠠᠷᠬᠠᠨ᠎ᠤ ᠵᠣᠷᠢᠭ ᠰᠠᠨᠠᠭ᠎ᠠ ᠪᠠ ᠬᠦᠴᠦ᠍ ᠬᠥᠯᠥᠰᠥ᠍ ᠱᠢᠩᠭᠡᠵᠤ ᠪᠤᠢ᠃ ᠲᠡᠷᠡ ᠪᠣᠯ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠠᠵᠢᠯᠲᠠᠳ᠎ᠤᠨ 《ᠡᠵᠡᠭᠦᠶ ᠣᠷᠣᠨ》 ᠢ᠋ ᠵᠣᠷᠢᠭ᠍ᠲᠠᠶ᠎ᠪᠠᠷ ᠳᠤᠭᠤᠯᠵᠤ ᠬᠦᠴᠢᠷ᠎ᠢ ᠳᠤᠭᠤᠯᠤᠨ ᠪᠡᠷᠬᠡ᠎ᠶ᠋ᠢ ᠳᠠᠪᠠᠬᠤ ᠡᠷᠡᠰ ᠪᠠᠷᠢᠮᠲᠠᠯᠠᠯ ᠮᠥᠨ᠂ 《ᠥᠭᠦᠯᠡᠯ᠎ᠢᠶᠡᠨ ᠡᠬᠡ ᠤᠯᠤᠰ᠎ᠤᠨ᠎ᠢᠶᠠᠨ ᠡᠬᠡ ᠭᠠᠵᠠᠷᠲᠡᠬᠡᠷᠡ ᠪᠢᠴᠢᠬᠦ》 ᠬᠠᠮᠤᠭ᠎ᠤᠨ ᠠᠮᠢᠳᠤᠯᠢᠭ ᠲᠠᠢᠯᠪᠤᠷᠢ ᠮᠥᠨ᠂ ᠮᠡᠳᠡᠯᠭᠡ᠎ᠪᠡᠨ ᠪᠣᠳᠠᠲᠤ ᠦᠶ᠋ᠯᠡᠳᠪᠦᠷᠢᠯᠡᠯ᠎ᠦᠨ ᠬᠦᠴᠦᠨ ᠪᠣᠯᠭᠠᠨ ᠬᠤᠪᠢᠷᠠᠭᠤᠯᠬᠤ ᠰᠢᠷᠭᠢᠰᠢ ᠦᠭᠡᠢ ᠬᠦᠴᠦᠨ ᠮᠥᠨ᠃
ᠬᠠᠷᠢᠨ ᠠᠵᠤ ᠠᠬᠤᠢᠯᠠᠯ᠎ᠤᠨ ᠬᠥᠭᠵᠢᠯᠲᠡ ᠪᠣᠯᠣᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠰᠢᠨ᠎ᠡ᠎ᠶᠢ ᠡᠭᠦᠳᠬᠦ᠎ᠶᠢ ᠤᠨᠢᠨ ᠳᠡᠭᠡᠷ᠎ᠡ ᠨᠢ ᠵᠣᠯᠭᠠᠭᠤᠯᠬᠤ ᠬᠥᠭᠥᠷᠭᠡ᠎ᠶᠢ ᠴᠣᠭᠴᠠᠯᠠᠭᠰᠠᠨ ᠨᠢ ᠲᠦᠩᠯᠢᠶᠣᠣ ᠬᠤᠳᠠ᠎ᠶᠢᠨ ᠪᠦᠬᠦ ᠬᠦᠴᠦᠨ᠎ᠢᠶᠡᠷ᠎ᠢᠶᠡᠨ ᠠᠬᠢᠭᠤᠯᠤᠭᠰᠠᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠣᠨᠴᠠ ᠲᠣᠮᠢᠯᠠᠭᠳᠠᠭᠰᠠᠳ᠎ᠤᠨ ᠠᠵᠢᠯᠯᠠᠭ᠎ᠠ ᠪᠣᠯᠣᠨ᠎ᠠ᠃ ᠡᠨᠡ ᠬᠦ᠌ 173 ᠰᠢᠨᠵᠢᠯᠡᠬᠦ ᠤᠬᠠᠭᠠᠨ᠎ᠤ ᠰᠤᠳᠤᠯᠭᠠᠨ᠎ᠤ ᠠᠵᠢᠯᠲᠠᠨ᠎ᠢᠶᠠᠷ ᠪᠦᠷᠢᠯᠳᠦᠭᠰᠡᠨ 《ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠦᠨ ᠬᠣᠰᠢᠭᠤᠴᠢ ᠴᠡᠷᠢᠭ》 ᠨᠢ ᠪᠥᠬᠥᠯᠢ ᠵᠢᠯ ᠵᠢᠡᠷ ᠵᠢᠡᠨ ᠡᠮᠦᠨ᠎ᠡ ᠹᠷᠣᠨᠲ᠎ᠲᠤ ᠭᠦᠨᠵᠡᠭᠡᠢᠷᠡᠨ ᠠᠵᠢᠯᠯᠠᠵᠤ᠂ ᠲᠣᠰ ᠬᠣᠲᠠ᠎ᠲᠠᠢ ᠬᠠᠮᠲᠤ᠎ᠪᠠᠷ ᠦᠩᠬᠡ ᠬᠡᠷᠡᠯ᠎ᠢ ᠬᠥᠭᠡᠭᠡᠴᠡᠯᠳᠦᠬᠦ ᠵᠠᠮ᠎ᠢᠶᠠᠷ ᠵᠠᠮᠨᠠᠪᠠ᠃