ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠪᠠᠢᠭᠠᠯᠢ ᠶ᠋ᠢᠨ ᠡᠬᠢ ᠪᠠᠶᠠᠯᠢᠭ ᠤ᠋ᠨ ᠲᠢᠩᠬᠢᠮ ᠤᠢᠷ᠎ᠠ ᠳ᠋ᠤ ᠪᠦᠬᠦ ᠤᠷᠤᠨ ᠤ᠋ ᠠᠭᠤᠷᠬᠠᠢ ᠶ᠋ᠢᠨ ᠠᠵᠢᠯ ᠲᠦᠷᠤᠯ ᠤ᠋ᠨ ᠡᠷᠬᠡ ᠶ᠋ᠢᠨ ᠬᠠᠮᠢᠶᠠᠷᠤᠯᠳᠠ ᠵᠢᠴᠢ ᠴᠢᠯᠠᠭᠤᠨ ᠲᠤᠰᠤ ᠰᠢᠳᠠᠮᠠᠬᠠᠢ ᠬᠡᠢ ᠶ᠋ᠢᠨ ᠪᠤᠰᠤ ᠠᠭᠤᠷᠬᠠᠢ ᠶ᠋ᠢᠨ ᠡᠬᠢ ᠪᠠᠶᠠᠯᠢᠭ ᠤ᠋ᠨ ᠨᠡᠭᠡᠭᠡᠯᠳᠡ ᠠᠰᠢᠭᠯᠠᠯᠳᠠ ᠶ᠋ᠢᠨ ᠲᠤᠭ᠎ᠠ ᠪᠦᠷᠢᠳᠭᠡᠯ ᠤ᠋ᠨ ᠠᠵᠢᠯ ᠤ᠋ᠨ ᠪᠤᠯᠪᠠᠰᠤᠷᠠᠯ ᠤ᠋ᠨ ᠠᠩᠬᠢ ᠶ᠋ᠢ ᠡᠷᠬᠢᠯᠡᠨ ᠶᠠᠪᠤᠭᠳᠠᠭᠤᠯᠵᠤ᠂ ᠪᠦᠬᠦ ᠤᠷᠤᠨ ᠤ᠋ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤ᠋ᠨ 100 ᠭᠠᠷᠤᠢ ᠬᠦᠮᠦᠨ ᠤᠷᠤᠯᠴᠠᠵᠠᠢ᠃
ᠲᠤᠰ ᠪᠤᠯᠪᠠᠰᠤᠷᠠᠯ ᠪᠤᠯ ᠰᠢᠨ᠎ᠠ ᠬᠡᠪᠯᠡᠯ ᠤ᠋ᠨ 《ᠪᠦᠬᠦᠳᠠ ᠨᠠᠢᠷᠠᠮᠳᠠᠬᠤ ᠳᠤᠮᠳᠠᠳᠤ ᠠᠷᠠᠳ ᠤᠯᠤᠰ ᠤ᠋ᠨ ᠠᠭᠤᠷᠬᠠᠢ ᠶ᠋ᠢᠨ ᠡᠬᠢ ᠪᠠᠶᠠᠯᠢᠭ ᠤ᠋ᠨ ᠬᠠᠤᠯᠢ》 ᠶ᠋ᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠪᠦᠬᠦ ᠤᠷᠤᠨ ᠤ᠋ ᠴᠢᠯᠠᠭᠤᠨ ᠲᠤᠰᠤ ᠰᠢᠳᠠᠮᠠᠬᠠᠢ ᠬᠡᠢ ᠶ᠋ᠢᠨ ᠪᠤᠰᠤ ᠠᠭᠤᠷᠬᠠᠢ ᠶ᠋ᠢᠨ ᠡᠬᠢ ᠪᠠᠶᠠᠯᠢᠭ ᠤ᠋ᠨ ᠨᠡᠭᠡᠭᠡᠯᠳᠡ ᠠᠰᠢᠭᠯᠠᠯᠳᠠ ᠶ᠋ᠢᠨ ᠲᠤᠭ᠎ᠠ ᠪᠦᠷᠢᠳᠭᠡᠯ ᠤ᠋ᠨ ᠠᠵᠢᠯ ᠢ᠋ ᠪᠦᠬᠦ ᠲᠠᠯ᠎ᠠ ᠪᠡᠷ ᠰᠠᠢᠳᠦᠷ ᠬᠢᠵᠤ᠂ ᠪᠦᠬᠦ ᠤᠷᠤᠨ ᠤ᠋ ᠠᠭᠤᠷᠬᠠᠢ ᠶ᠋ᠢᠨ ᠠᠵᠢᠯ ᠲᠦᠷᠦᠯ ᠤ᠋ᠨ ᠡᠷᠬᠡ ᠶ᠋ᠢᠨ ᠬᠠᠮᠢᠶᠠᠷᠤᠯᠳᠠ ᠶ᠋ᠢᠨ ᠠᠵᠢᠯᠳᠠᠨ ᠤ᠋ ᠬᠠᠤᠯᠢ ᠶᠤᠰᠤᠭᠠᠷ ᠵᠠᠰᠠᠭ ᠶᠠᠪᠤᠭᠤᠯᠬᠤ ᠴᠢᠳᠠᠪᠤᠷᠢ ᠪᠠ ᠲᠤᠬᠠᠢᠯᠠᠭᠰᠠᠨ ᠠᠵᠢᠯ ᠤ᠋ᠨ ᠮᠡᠷᠭᠡᠵᠢᠯ ᠤ᠋ᠨ ᠲᠦᠪᠰᠢᠨ ᠢ᠋ ᠳᠡᠭᠡᠭᠰᠢᠯᠡᠭᠦᠯᠤᠨ᠂ ᠪᠦᠬᠦ ᠤᠷᠤᠨ ᠤ᠋ ᠠᠭᠤᠷᠬᠠᠢ ᠶ᠋ᠢᠨ ᠠᠵᠢᠯ ᠲᠦᠷᠤᠯ ᠤ᠋ᠨ ᠡᠷᠬᠡ ᠶ᠋ᠢᠨ ᠬᠠᠮᠢᠶᠠᠷᠤᠯᠳᠠ ᠶ᠋ᠢ ᠴᠢᠨᠠᠭᠰᠢᠳᠠ ᠳᠦᠷᠢᠮᠵᠢᠭᠦᠯᠬᠦ ᠶ᠋ᠢᠨ ᠲᠦᠯᠦᠭᠡ ᠡᠷᠬᠢᠯᠡᠨ ᠶᠠᠪᠤᠭᠳᠠᠭᠤᠯᠤᠭᠰᠠᠨ ᠶᠤᠮ᠃ ᠪᠤᠯᠪᠠᠰᠤᠷᠠᠯ ᠨᠢ ᠠᠭᠤᠷᠬᠠᠢ ᠶ᠋ᠢᠨ ᠡᠬᠢ ᠪᠠᠶᠠᠯᠢᠭ ᠤ᠋ᠨ ᠨᠡᠭᠡᠭᠡᠯᠳᠡ ᠠᠰᠢᠭᠯᠠᠯᠳᠠ ᠶ᠋ᠢᠨ ᠪᠠᠢᠳᠠᠯ ᠢ᠋ ᠪᠦᠷᠢᠳᠭᠡᠬᠦ ᠪᠤᠯᠤᠨ ᠤᠯᠠᠨ ᠱᠠᠳᠤᠨ ᠤ᠋ ᠨᠢᠭᠡ ᠴᠤᠭᠴᠠᠵᠢᠭᠤᠯᠤᠭᠰᠠᠨ ᠡᠯᠧᠺᠲ᠋ᠷᠤᠨ ᠵᠠᠰᠠᠭ ᠤ᠋ᠨ ᠶᠠᠪᠤᠳᠠᠯ ᠤ᠋ᠨ ᠬᠢᠨᠠᠨ ᠵᠦᠪᠰᠢᠶᠡᠷᠡᠬᠦ ᠰᠢᠰᠲᠧᠮ ᠢ᠋ ᠬᠡᠷᠡᠭᠯᠡᠬᠦ ᠶ᠋ᠢᠨ ᠲᠤᠭᠤᠷᠢᠨᠳᠦ ᠰᠢᠰᠲ᠋ᠧᠮ ᠲᠠᠢ ᠵᠢᠭᠠᠨ ᠰᠤᠷᠭᠠᠯᠳᠠ ᠬᠢᠵᠤ᠂ ᠪᠦᠷᠢᠳᠭᠡᠬᠦ ᠠᠵᠢᠯ ᠤ᠋ᠨ ᠬᠢᠨᠠᠨ ᠪᠠᠢᠴᠠᠭᠠᠬᠤ ᠭᠤᠤᠯᠳᠠᠯᠭ᠎ᠠ᠂ ᠠᠭᠤᠷᠬᠠᠢ ᠶ᠋ᠢᠨ ᠠᠵᠢᠯ ᠲᠦᠷᠦᠯ ᠤ᠋ᠨ ᠡᠷᠬᠡ ᠶ᠋ᠢᠨ ᠳᠠᠩᠰᠠᠯᠠᠯᠳᠠ᠂ ᠵᠦᠪᠰᠢᠶᠡᠷᠡᠯ ᠤ᠋ᠨ ᠮᠠᠲᠧᠷᠢᠶᠠᠯ ᠢ᠋ ᠦᠵᠡᠬᠦ ᠬᠢᠭᠡᠳ ᠲᠤᠭ᠎ᠠ ᠪᠠᠷᠢᠮᠳᠠ ᠶ᠋ᠢ ᠪᠠᠢᠴᠠᠭᠠᠬᠤ ᠠᠯᠬᠤᠮ ᠳᠠᠷᠠᠭ᠎ᠠ ᠵᠡᠷᠭᠡ ᠶ᠋ᠢ ᠭᠤᠤᠯᠳᠠᠯᠭ᠎ᠠ ᠲᠠᠢ ᠵᠢᠭᠠᠪᠠ᠃ ᠪᠤᠯᠪᠠᠰᠤᠷᠠᠯ ᠳ᠋ᠤ ᠪᠠᠰᠠ ᠦᠨᠳᠦᠰᠦᠨ ᠱᠠᠳᠤᠨ ᠤ᠋ ᠠᠵᠢᠯᠳᠠᠨ ᠤ᠋ ᠳᠤᠷᠠᠳᠤᠭᠰᠠᠨ 《ᠮᠡᠳᠡᠭᠡ ᠵᠠᠩᠬᠢ ᠶ᠋ᠢᠨ ᠰᠢᠰᠲ᠋ᠧᠮ ᠤ᠋ᠨ ᠪᠠᠢᠭᠤᠯᠤᠯᠳᠠ᠂ ᠠᠭᠤᠷᠬᠠᠢ ᠶ᠋ᠢᠨ ᠨᠠᠭᠠᠳᠤ ᠵᠠᠬ᠎ᠠ ᠶ᠋ᠢᠨ ᠦᠢᠯᠡᠳᠪᠤᠷᠢᠯᠡᠯ ᠤ᠋ᠨ ᠬᠡᠪᠴᠢᠶ᠎ᠠ᠂ ᠳᠠᠩᠰᠠᠯᠠᠭᠤᠯᠤᠨ ᠬᠢᠨᠡᠨ ᠵᠦᠪᠰᠢᠶᠡᠷᠡᠭᠦ ᠲᠤᠬᠠᠢᠯᠠᠭᠰᠠᠨ ᠠᠵᠢᠯ᠂ ᠠᠭᠤᠷᠬᠠᠢ ᠶ᠋ᠢᠨ ᠠᠵᠢᠯ ᠲᠦᠷᠦᠯ ᠤ᠋ᠨ ᠡᠷᠬᠡ ᠶ᠋ᠢ ᠭᠦᠢᠯᠭᠡᠭᠡᠯᠡᠬᠦ᠂ ᠬᠠᠳᠠᠭᠠᠯᠠᠭᠳᠠᠴᠠ ᠶ᠋ᠢᠨ ᠮᠡᠳᠡᠭᠦᠯᠦᠯᠳᠡ ᠪᠠ ᠠᠭᠤᠷᠬᠠᠢ ᠮᠠᠯᠳᠠᠬᠤ ᠲᠦᠰᠦᠯ ᠢ᠋ ᠬᠢᠨᠡᠨ ᠳᠤᠭᠳᠠᠭᠠᠬᠤ᠂ ᠬᠤᠭᠤᠴᠠᠭ᠎ᠠ ᠨᠢ ᠦᠩᠭᠡᠷᠡᠭᠰᠡᠨ ᠲᠤᠭ᠎ᠠ ᠪᠠᠷᠢᠮᠳᠠ ᠶ᠋ᠢ ᠠᠷᠢᠯᠭᠠᠬᠤ᠂ ᠨᠡᠭᠦᠷᠡᠰᠦᠨ ᠤ᠋ ᠪᠤᠰᠤ ᠠᠭᠤᠷᠬᠠᠢ ᠶ᠋ᠢᠨ ᠠᠵᠢᠯ ᠲᠦᠷᠦᠯ ᠤ᠋ᠨ ᠭᠤᠤᠯᠯᠠᠨ ᠬᠠᠮᠢᠶᠠᠷᠬᠤ ᠳᠤᠭᠳᠠᠴᠠ ᠶ᠋ᠢᠨ ᠪᠠᠢᠭᠤᠯᠤᠯᠳᠠ᠂ ᠠᠭᠤᠷᠬᠠᠢ ᠳ᠋ᠤ ᠬᠤᠯᠪᠤᠭᠳᠠᠬᠤ ᠲᠦᠷᠦ ᠶ᠋ᠢᠨ ᠪᠤᠳᠤᠯᠭ᠎ᠠ》 ᠵᠡᠷᠭᠡ 8 ᠲᠠᠯ᠎ᠠ ᠶ᠋ᠢᠨ 44 ᠠᠰᠠᠭᠤᠯᠳᠠ ᠶ᠋ᠢᠨ ᠲᠤᠬᠠᠢ ᠨᠢᠭᠤᠷᠳᠠᠨ ᠶᠠᠷᠢᠯᠴᠠᠬᠤ ᠬᠡᠯᠪᠡᠷᠢ ᠪᠡᠷ ᠨᠠᠷᠢᠨ ᠲᠠᠢᠯᠤᠮᠵᠢ ᠬᠢᠪᠡ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号