ᠥᠪᠥᠷ ᠮᠣᠩᠭᠣᠯ 《ᠴᠠᠭ ᠠᠭᠤᠷ + ᠠᠭᠠᠷ ᠤ᠋ᠨ ᠠᠶᠠᠯᠠᠯ》 ᠤ᠋ᠨ ᠬᠦᠷᠢᠶᠡᠨ ᠳ᠋ᠡᠬᠢ ᠬᠠᠮᠲᠤᠷᠠᠯᠴᠠᠭ᠎ᠠ ᠢ᠋ᠢ ᠥᠷᠭᠡᠳᠭᠡᠬᠦ ᠪᠡᠷ ᠪᠤᠢ
2026-04-01 10:35:56
ᠵᠣᠬᠢᠶᠠᠭ᠍ᠴᠢ᠄
ᠦᠨᠢᠷ
ᠣᠩᠱᠢᠭ᠍ᠰᠠᠨ ᠣᠳᠠᠭ᠎ᠠ᠄
★★★☆☆

ᠦᠪᠦᠷ ᠮᠤᠡᠭᠭᠤᠯ ᠤ᠋ᠨ ᠦᠪᠡᠷᠳᠡᠬᠡᠨ ᠵᠠᠰᠠᠬᠤ ᠤᠷᠤᠨ ᠤ᠋ ᠴᠠᠭ ᠠᠭᠤᠷ ᠤ᠋ᠨ ᠲᠤᠪᠴᠢᠶ᠎ᠠ ᠤᠢᠷ᠎ᠠ ᠳ᠋ᠤ ᠥᠪᠥᠷ ᠮᠣᠩᠭᠣᠯ ᠤ᠋ᠨ ᠵᠠᠮ ᠬᠠᠷᠢᠯᠴᠠᠭᠠᠨ ᠤ᠋ ᠪᠠᠯᠠ ᠣᠷᠣᠭᠤᠯᠤᠯᠲᠠ ᠢ᠋ᠢᠨ ᠬᠢᠵᠠᠭᠠᠷᠲᠤ ᠺᠣᠮᠫᠠᠨᠢ ᠯᠤᠭ᠎ᠠ ᠵᠤᠯᠭᠠᠯᠴᠠᠭᠠᠨ ᠤ᠋ ᠬᠤᠷᠠᠯ ᠬᠢᠵᠤ᠂ ᠬᠤᠶᠠᠷ ᠲᠠᠯ᠎ᠠ ᠪᠡᠷ ᠵᠢᠡᠨ 《ᠴᠠᠭ ᠠᠭᠤᠷ + ᠠᠭᠠᠷ ᠤ᠋ᠨ ᠠᠶᠠᠯᠠᠯ》 ᠤ᠋ᠨ ᠠᠭᠤᠰᠤᠯᠴᠠᠨ ᠬᠥᠭ᠌ᠵᠢᠬᠦ᠌ ᠢ᠋ᠢ ᠭᠦᠨᠵᠡᠭᠡᠢᠷᠡᠭᠦᠯᠬᠦ᠌᠂ ᠣᠷᠣᠨ ᠪᠦᠰᠡ ᠢ᠋ᠢᠨ ᠬᠥᠮᠦᠨ ᠤ᠋ ᠬᠦᠴᠦ᠍ ᠪᠡᠷ ᠴᠠᠭ ᠠᠭᠤᠷ ᠢ᠋ ᠨᠥᠯᠥᠭᠡᠯᠡᠬᠦ᠌  ᠬᠠᠮᠵᠢᠯᠴᠠᠨ ᠪᠠᠲᠤᠯᠠᠬᠤ  ᠱᠢᠰᠲ᠋ᠧᠮ ᠢ᠋ ᠬᠠᠮᠲᠤᠷᠠᠨ ᠪᠠᠢᠭᠤᠯᠬᠤ᠎ᠲᠣᠭᠣᠷᠢᠨ ᠳ᠋ᠤ ᠰᠠᠨᠠᠯ ᠢ᠋ᠢᠡᠨ ᠰᠤᠯᠢᠯᠴᠠᠪᠠ᠃

ᠬᠣᠶᠠᠷ ᠲᠠᠯ᠎ᠠ ᠪᠡᠷ ᠢ᠋ᠢᠡᠨ᠂ ᠨᠡᠢᠳᠡᠮ ᠤ᠋ᠨ ᠬᠡᠷᠡᠭ᠌ᠯᠡᠭᠡᠨ ᠤ᠋ ᠠᠭᠠᠷ ᠤ᠋ᠨ ᠠᠶᠠᠯᠠᠯ ᠵᠢᠴᠢ ᠤᠢᠷ᠎ᠠ ᠤᠭᠲᠠᠷᠭᠤᠢ ᠢ᠋ᠢᠨ ᠠᠵᠤ ᠠᠬᠤᠢ ᠢ᠋ᠢᠨ ᠠᠵᠤ ᠦᠢᠯᠡᠰ ᠤ᠋ᠨ ᠬᠡᠯᠬᠢᠶ᠎ᠠ ᠶ᠋ᠢᠨ ᠴᠠᠭ ᠠᠭᠤᠷ ᠤ᠋ᠨ ᠤᠷᠢᠳᠴᠢᠯᠠᠨ ᠮᠡᠳᠡᠭᠡᠯᠡᠬᠦ᠌ ᠤᠷᠢᠳᠴᠢᠯᠠᠨ ᠰᠡᠷᠡᠮᠵᠢᠯᠡᠭᠦᠯᠬᠦ᠌ ᠦᠢᠯᠡᠴᠢᠯᠡᠭᠡ ᠳ᠋ᠡᠬᠢ ᠱᠢᠨ᠎ᠡ ᠬᠡᠷᠡᠭ᠌ᠴᠡᠭᠡ ᠱᠠᠭᠠᠷᠳᠠᠯᠭ᠎ᠠ ᠢ᠋ᠢ ᠴᠢᠩᠭ᠎ᠠ ᠡᠵᠡᠮᠳᠡᠨ᠂ ᠰᠠᠯᠪᠤᠷᠢ ᠱᠤᠭᠤᠮ ᠤ᠋ᠨ ᠠᠭᠠᠷ ᠤ᠋ᠨ ᠠᠶᠠᠯᠠᠯ᠂ ᠠᠭᠠᠷ ᠤ᠋ᠨ ᠠᠶᠠᠯᠠᠯ ᠤ᠋ᠨ ᠠᠵᠤ ᠦᠢᠯᠡᠰ᠂ ᠤᠢᠷ᠎ᠠ ᠤᠭᠲᠠᠷᠭᠤᠢ ᠢ᠋ᠢᠨ ᠠᠵᠤ ᠠᠬᠤᠢ ᠵᠡᠷᠭᠡ ᠬᠦᠷᠢᠶᠡᠨ ᠤ᠋ ᠦᠢᠯᠡᠳᠪᠦᠷᠢᠯᠡᠯ᠂ ᠬᠢᠴᠢᠶᠡᠯ ᠬᠦᠮᠦᠵᠢᠯ᠂ ᠰᠤᠳᠤᠯᠭᠠᠨ ᠪᠠ ᠬᠡᠷᠡᠭᠯᠡᠬᠡᠨ ᠤ᠋ ᠠᠭᠤᠰᠤᠯᠴᠠᠯ ᠢ᠋ ᠭᠦᠨᠵᠡᠭᠡᠢᠷᠡᠭᠦᠯᠵᠦ᠍᠂ ᠮᠡᠷᠭᠡᠵᠢᠯ ᠤ᠋ᠨ ᠪᠣᠭᠣᠮᠲᠠ ᠱᠢᠪᠲᠤᠯᠤᠯᠲᠠ ᠪᠠ ᠵᠠᠬ᠎ᠠ ᠳᠡᠯᠭᠡᠭᠦᠷ ᠤ᠋ᠨ ᠨᠡᠭᠡᠭᠡᠨ ᠬᠥᠭ᠌ᠵᠢᠭᠦᠯᠦᠯᠲᠡ ᠢ᠋ᠢ ᠬᠠᠮᠲᠤᠷᠠᠨ ᠥᠷᠨᠢᠭᠦᠯᠵᠦ᠍᠂ ᠠᠭᠠᠷ ᠤ᠋ᠨ ᠠᠶᠠᠯᠠᠯ ᠤ᠋ᠨ ᠴᠠᠭ ᠠᠭᠤᠷ ᠤ᠋ᠨ ᠤᠷᠢᠳᠴᠢᠯᠠᠨ ᠮᠡᠳᠡᠭᠡᠯᠡᠬᠦ᠌ ᠣᠨᠣᠪᠴᠢ ᠢ᠋ᠢᠨ ᠨᠤᠷᠮ᠎ᠠ ᠵᠢᠴᠢ ᠦᠢᠯᠡᠴᠢᠯᠡᠭᠡ ᠢ᠋ᠢ ᠨᠠᠷᠢᠯᠢᠬ᠍ᠵᠢᠭᠤᠯᠬᠤ ᠪᠠ ᠲᠣᠭᠠᠴᠢᠯᠠᠬᠤ ᠤᠶᠤᠨᠴᠢᠯᠠᠬᠤ ᠲᠦᠪᠱᠢᠨ ᠢ᠋ ᠲᠠᠰᠤᠷᠠᠯᠳᠠ ᠦᠭᠡᠢ ᠳᠡᠭᠡᠭ᠌ᠰᠢᠯᠡᠭᠦᠯᠦᠨ᠎ᠡ; ᠲᠣᠭ᠎ᠠ ᠪᠠᠷᠢᠮᠲᠠ ᠢ᠋ᠢ ᠬᠠᠮᠲᠤ ᠪᠡᠷ ᠡᠳ᠋ᠯᠡᠬᠦ᠌᠂ ᠮᠡᠷᠭᠡᠵᠢᠯ ᠤ᠋ᠨ ᠪᠣᠭᠣᠮᠲᠠ ᠱᠢᠪᠲᠤᠯᠤᠯᠲᠠ ᠬᠢᠭᠡᠳ ᠲᠣᠭ᠍ᠲᠠᠴᠠ ᠢ᠋ᠢᠨ ᠱᠢᠨ᠎ᠡ ᠢ᠋ᠢ ᠡᠭᠦᠳᠬᠦ᠌  ᠲᠠᠯ᠎ᠠ ᠪᠡᠷ ᠦᠷᠭᠦᠯᠵᠢᠯᠡᠨ ᠬᠦᠴᠦᠯᠡᠵᠦ᠍᠂ 《ᠠᠭᠠᠷ ᠤ᠋ᠨ ᠠᠶᠠᠯᠠᠯ + ᠴᠠᠭ ᠠᠭᠤᠷ + ᠵᠣᠬᠢᠶᠠᠮᠠᠯ ᠣᠶᠤᠨ ᠴᠢᠳᠠᠪᠤᠷᠢ》 ᠶ᠋ᠢᠨ ᠬᠡᠷᠡᠭ᠌ᠯᠡᠭᠡᠨ ᠤ᠋ ᠪᠠᠢᠳᠠᠯ ᠢ᠋ ᠠᠭᠤᠰᠤᠯᠴᠠᠭᠤᠯᠬᠤ ᠢ᠋ᠢ ᠭᠤᠤᠯᠳᠠᠯᠭ᠎ᠠ ᠲᠠᠢ ᠰᠦᠪᠡᠭ᠌ᠴᠢᠯᠡᠨ᠂ ᠭᠠᠮᠱᠢᠭ ᠢ᠋ ᠰᠡᠷᠭᠡᠢᠯᠡᠵᠦ᠍ ᠭᠠᠮᠱᠢᠭ ᠢ᠋ ᠪᠠᠭᠠᠰᠭᠠᠬᠤ᠂ ᠣᠶ ᠱᠢᠭᠤᠶ ᠨᠤᠲᠤᠭ ᠪᠡᠯᠴᠢᠭᠡᠷ ᠤ᠋ᠨ ᠲᠦᠶ᠋ᠮᠡᠷ ᠢ᠋ ᠰᠡᠷᠭᠡᠢᠯᠡᠵᠦ᠍ ᠤᠨᠲᠠᠷᠠᠭᠠᠬᠤ᠂ ᠤᠢᠷ᠎ᠠ ᠤᠭᠲᠠᠷᠭᠤᠢ ᠢ᠋ᠢᠨ ᠠᠵᠤ ᠠᠬᠤᠶ ᠵᠢᠴᠢ ᠱᠢᠨ᠎ᠡ ᠡᠨᠧᠷᠭᠢ ᠢ᠋ᠢᠨ ᠴᠠᠭ ᠠᠭᠤᠷ ᠤ᠋ᠨ ᠪᠠᠲᠤᠯᠠᠭ᠎ᠠ ᠵᠡᠷᠭᠡ ᠨᠡᠢᠭᠡᠮᠴᠢᠯᠡᠭ᠌ᠰᠡᠨ ᠦᠶ᠋ᠯᠡᠴᠢᠯᠡᠭᠡ ᠢ᠋ᠢ ᠥᠷᠭᠡᠳᠭᠡᠵᠦ᠍᠂ 《ᠠᠭᠠᠷ ᠤ᠋ᠨ ᠠᠶᠠᠯᠠᠯ + ᠴᠠᠭ ᠠᠭᠤᠷ》 ᠤ᠋ᠨ ᠣᠶ ᠱᠢᠭᠤᠶ ᠡᠪᠡᠰᠦ ᠪᠡᠯᠴᠢᠭᠡᠷ᠂ ᠪᠠᠴᠢᠮ ᠪᠠᠢᠳᠠᠯ ᠢ᠋ ᠠᠷᠭᠠᠴᠠᠭᠠᠬᠤ ᠬᠠᠮᠢᠶᠠᠷᠤᠯᠲᠠ᠂ ᠵᠠᠮ ᠬᠠᠷᠢᠯᠴᠠᠭ᠎ᠠ ᠵᠡᠷᠭᠡ ᠬᠦᠷᠢᠶᠡᠨ ᠳ᠋ᠤ ᠨᠠᠩ ᠰᠠᠢᠲᠤᠷ ᠦᠶ᠋ᠯᠡᠴᠢᠯᠡᠬᠦ᠌ ᠢ᠋ᠢ ᠠᠬᠢᠭᠤᠯᠤᠨ᠎ᠠ; ᠣᠷᠣᠨ ᠪᠦᠰᠡ ᠢ᠋ᠢᠨ ᠬᠥᠮᠦᠨ ᠤ᠋ ᠬᠦᠴᠦ᠍ ᠪᠡᠷ ᠴᠠᠭ ᠠᠭᠤᠷ ᠢ᠋ ᠨᠥᠯᠥᠭᠡᠯᠡᠬᠦ᠌ ᠢ᠋ᠢ ᠬᠠᠮᠵᠢᠯᠴᠠᠨ ᠪᠠᠲᠤᠯᠠᠬᠤ ᠱᠢᠰᠲ᠋ᠧᠮ ᠢ᠋ ᠬᠠᠮᠲᠤᠷᠠᠨ ᠪᠠᠢᠭᠤᠯᠵᠤ᠂ ᠵᠢᠯᠣᠭᠣᠴᠢ ᠥᠬᠡᠶ ᠨᠢᠰᠭᠡᠯ ᠬᠢᠭᠡᠳ ᠵᠢᠯᠣᠭᠣᠴᠢ ᠲᠠᠢ ᠨᠢᠰᠭᠡᠯ ᠤ᠋ᠨ ᠬᠠᠮᠵᠢᠯᠴᠠᠨ ᠠᠵᠢᠯᠯᠠᠬᠤ ᠱᠢᠨ᠎ᠡ ᠵᠠᠭ᠍ᠪᠤᠷ ᠢ᠋ ᠰᠦᠪᠡᠭ᠌ᠴᠢᠯᠡᠨ᠎ᠡ ᠭᠡᠵᠤ ᠲᠤᠳᠤᠷᠬᠠᠢᠯᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号