ᠡᠨᠡ ᠵᠢᠯ ᠥᠪᠥᠷ ᠮᠣᠩᠭᠣᠯ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠤᠰᠬᠠᠢ ᠪᠡᠯᠡ ᠮᠦᠡᠭᠬᠦ᠎ᠵᠢ 50 ᠳ᠋ᠦᠩᠱᠢᠭᠤᠷ ᠲᠥᠭᠥᠷᠢᠭ ᠲᠣᠬᠢᠷᠠᠭᠤᠯᠪᠠ
2026-04-01 10:42:49
ᠵᠣᠬᠢᠶᠠᠭ᠍ᠴᠢ᠄
ᠰᠠᠷᠭᠠᠢ
ᠣᠩᠱᠢᠭ᠍ᠰᠠᠨ ᠣᠳᠠᠭ᠎ᠠ᠄
★★★☆☆

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ ᠤᠢ᠍ᠢᠯᠠᠭᠠᠭ᠍ᠰᠠᠠ᠎ᠢ᠋ᠢᠡᠷ᠂ ᠡᠨᠡ ᠵᠢᠯ ᠥᠪᠥᠷ ᠮᠣᠩᠭᠣᠯ ᠡᠳ᠋᠎ᠦᠨ ᠵᠠᠰᠠᠭ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠣᠷᠣᠭᠤᠯᠤᠯᠲᠠ᠎ᠪᠠᠨ ᠦᠷᠭᠦᠯᠵᠢᠯᠡᠨ ᠶᠡᠬᠡ᠎ᠪᠡᠷ ᠨᠡᠮᠡᠭ᠌ᠳᠡᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠲᠥᠰᠦᠪ᠎ᠲᠦ 60.5 ᠳ᠋ᠦᠩᠱᠢᠭᠤᠷ ᠲᠥᠭᠥᠷᠢᠭ᠎ᠦᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠵᠠᠷᠤᠯᠭ᠎ᠠ ᠲᠤᠬᠢᠷᠠᠭᠤᠯᠵᠦ᠍᠂ ᠨᠢᠳᠤᠨᠤᠨ ᠤ᠋ ᠠᠳᠠᠯᠢ ᠬᠤᠭᠤᠴᠠᠭᠠᠨ᠎ᠤ ᠬᠢ᠎ᠡᠴᠡ 41% ᠪᠡᠷ ᠨᠡᠮᠡᠭ᠌ᠳᠡᠪᠡ᠃ ᠡᠭᠦᠨ᠎ᠳᠦ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠤᠰᠭᠠᠶ ᠪᠠᠯᠠ ᠮᠥᠩᠭᠥ᠎ᠶ᠋ᠢ 50 ᠳ᠋ᠦᠩᠱᠢᠭᠤᠷ ᠲᠥᠭᠥᠷᠢᠭ ᠲᠣᠬᠢᠷᠠᠭᠤᠯᠵᠤ᠂ ᠨᠢᠳᠤᠨᠤᠨ ᠤ᠋ ᠠᠳᠠᠯᠢ  ᠬᠤᠭᠤᠴᠠᠭᠠᠨ᠎ᠤ ᠬᠢ᠎ᠡᠴᠡ ᠬᠣᠶᠠᠷ ᠳᠠᠬᠢᠨ ᠨᠡᠮᠡᠭᠳᠡᠪᠡ᠃

2026 ᠣᠨ᠎ᠳᠤ᠂ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠤᠰᠭᠠᠶ ᠪᠠᠯᠠ ᠮᠥᠩᠭᠥ᠎ᠶ᠋ᠢᠨ ᠲᠥᠯᠥᠪᠯᠡᠭᠡ᠎ᠨᠢ ᠳᠤᠤᠷᠠᠬᠢ ᠬᠡᠳᠦᠨ ᠲᠠᠯ᠎ᠠ᠎ᠶ᠋ᠢ ᠭᠤᠤᠯᠳᠠᠯᠭ᠎ᠠ᠎ᠲᠠᠶ ᠲᠡᠮᠵᠢᠬᠦ ᠪᠡᠷ ᠪᠠᠢᠨ᠎ᠡ᠃ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠠ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌᠎ᠶ᠋ᠢᠨ ᠭᠦᠨᠵᠡᠭᠡᠶ ᠠᠭᠤᠰᠤᠯᠴᠠᠯ᠎ᠢ ᠳᠡᠮᠵᠢᠵᠦ᠍᠂ ᠬᠦᠴᠦᠨ᠎ᠢᠶᠡᠨ ᠲᠥᠪᠯᠡᠷᠡᠭᠦᠯᠦᠨ ᠬᠣᠪᠣᠷ ᠱᠢᠷᠣᠶ᠎ᠶ᠋ᠢᠨ ᠱᠢᠨ᠎ᠡ ᠮᠠᠲ᠋ᠧᠷᠢᠶᠠᠯ᠂ ᠣᠲᠣ ᠦᠶ᠎ᠡ᠎ᠶ᠋ᠢᠨ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠂ ᠡᠪᠡᠰᠦᠨ᠎ᠦ ᠦᠶ᠋ᠯᠡᠰ᠂ ᠰᠦ ᠢ᠋ᠢᠨ ᠦᠶ᠋ᠯᠡᠰ ᠵᠡᠷᠭᠡ ᠳᠠᠪᠠᠭᠤᠯᠢᠭ ᠣᠨᠴᠠᠯᠢᠭ᠍ᠲᠤ ᠠᠵᠤ ᠦᠶ᠋ᠯᠡᠰ᠎ᠦᠨ ᠬᠦᠷᠢᠶᠡᠨ᠎ᠳᠡᠬᠢ 《ᠪᠣᠭᠣᠮᠢ》 ᠶ᠋ᠢᠨ ᠮᠡᠷᠭᠡᠵᠢᠯ᠎ᠦᠨ ᠠᠰᠠᠭᠤᠳᠠᠯ᠎ᠢ ᠱᠢᠶ᠋ᠳᠪᠦᠷᠢᠯᠡᠵᠦ᠍᠂ ᠰᠠᠯᠬᠢ ᠬᠡᠷᠡᠯ ᠤᠰᠤᠲᠥ᠋ᠷᠥᠭ᠌ᠴᠢ ᠨᠦᠬᠡᠴᠡᠯᠡᠬᠦ᠂ 《ᠵᠣᠬᠢᠶᠠᠮᠠᠯ ᠣᠶᠤᠨ ᠴᠢᠳᠠᠪᠤᠷᠢ  +》᠂ ᠤᠢᠷ᠎ᠡ ᠤᠬᠳᠠᠷᠭᠤᠢ ᠵᠢᠨ ᠠᠵᠤ ᠠᠬᠤᠶ ᠵᠡᠷᠭᠡ ᠱᠢᠨ᠎ᠡ᠎ᠪᠡᠷ ᠮᠠᠨᠳᠤᠭ᠍ᠰᠠᠨ ᠠᠵᠤ ᠦᠶ᠋ᠯᠡᠰ᠎ᠦᠨ ᠬᠦᠷᠢᠶᠡᠨ᠎ᠳᠦ ᠨᠢᠭᠡ ᠪᠦᠯᠦᠭ ᠤᠳᠤᠷᠢᠳᠤᠮᠵᠢ᠎ᠶ᠋ᠢᠨ ᠴᠢᠨᠠᠷᠲᠠᠶ ᠲᠥᠷᠥᠯ ᠵᠦᠶ᠋ᠯ᠎ᠢ ᠪᠠᠢᠷᠢᠱᠢᠭᠤᠯᠵᠤ᠂ ᠨᠢᠭᠡ ᠪᠦᠯᠦᠭ ᠠᠵᠤ ᠦᠢᠯᠡᠰᠵᠢᠭ᠌ᠰᠡᠨ ᠦᠷ᠎ᠡ ᠪᠦᠲᠦᠭᠡᠯ᠎ᠢ ᠲᠦᠷᠭᠡᠳᠭᠡᠨ ᠪᠦᠷᠢᠯᠳᠦᠭᠦᠯᠦᠨ᠎ᠡ; ᠰᠤᠷᠭᠠᠨ ᠬᠥᠮᠦᠵᠢᠯ ᠬᠢᠭᠡᠳ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠢ ᠨᠢᠭᠡ ᠴᠣᠭ᠍ᠴᠠᠵᠢᠭᠤᠯᠤᠨ ᠬᠥᠭ᠌ᠵᠢᠭᠦᠯᠬᠦ᠌᠎ᠶ᠋ᠢ ᠳᠡᠮᠵᠢᠵᠦ᠍᠂ ᠠᠮᠢᠳᠤ ᠪᠣᠳᠠᠰ᠎ᠤᠨ ᠤᠬᠠᠭᠠᠨ᠂ ᠠᠮᠢ ᠠᠬᠤᠶ᠎ᠶ᠋ᠢᠨ ᠤᠬᠠᠭᠠᠨ ᠵᠡᠷᠭᠡ ᠥᠪᠡᠷᠲᠡᠭᠡᠨ ᠵᠠᠰᠠᠬᠤ ᠣᠷᠣᠨ᠎ᠤ ᠲᠡᠷᠢᠭᠦᠨ ᠲᠠᠰ᠎ᠤᠨ ᠱᠢᠨᠵᠢᠯᠡᠭᠡᠨ᠎ᠦ ᠪᠠᠢᠭᠤᠯᠤᠯᠲᠠ᠎ᠶ᠋ᠢ ᠴᠢᠩᠭᠠᠳᠭᠠᠨ᠂ ᠭᠤᠤᠯᠳᠠᠯᠭ᠎ᠠ᠎ᠲᠠᠶ ᠱᠢᠨᠵᠢᠯᠡᠭᠡᠨ᠎ᠦ ᠴᠢᠭ᠌ᠯᠡᠯ᠎ᠦᠨ ᠲᠣᠭᠣᠷᠢᠨ᠎ᠳᠤ ᠱᠢᠨᠵᠢᠯᠡᠬᠦ᠌ ᠤᠬᠠᠭᠠᠨ᠎ᠤ ᠰᠤᠳᠤᠯᠭᠠᠨ ᠤ᠋ ᠪᠣᠭᠣᠮᠲᠠ ᠱᠢᠪᠲᠤᠯᠬᠤ᠎ᠶ᠋ᠢ ᠥᠷᠨᠢᠭᠦᠯᠵᠦ᠍᠂ ᠬᠡᠷᠡᠭᠯᠡᠬᠡᠨ ᠢ᠋ᠢᠡᠷ ᠤᠳᠤᠷᠢᠳᠤᠮᠵᠢ ᠪᠣᠯᠭᠠᠭ᠍ᠰᠠᠨ ᠰᠠᠭᠤᠷᠢ ᠰᠤᠳᠤᠯᠭᠠᠨ ᠢ᠋ ᠲᠦᠷᠭᠡᠳᠭᠡᠨ ᠠᠬᠢᠭᠤᠯᠵᠤ᠂ ᠵᠠᠩᠭᠢᠯᠠᠭ᠎ᠠ᠎ᠶ᠋ᠢᠨ ᠭᠤᠤᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠬᠤ᠎ᠳᠤ ᠲᠤᠯᠭᠠᠭᠤᠷᠢᠯᠠᠬᠤ ᠴᠢᠳᠠᠪᠤᠷᠢ᠎ᠶ᠋ᠢ ᠳᠡᠭᠡᠭ᠌ᠰᠢᠯᠡᠭᠦᠯᠦᠨ᠂ ᠳᠡᠭᠡᠳᠦ ᠲᠠᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠢ  ᠱᠢᠰᠲ᠋ᠧᠮᠵᠢᠭᠦᠯᠦᠨ ᠪᠣᠢᠵᠢᠭᠤᠯᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ ᠤ᠋ ᠲᠥᠷᠥᠯ ᠵᠦᠶ᠋ᠯ᠎ᠳᠦ ᠲᠦᠱᠢᠭ᠌ᠯᠡᠨ ᠴᠢᠬᠤᠯᠠ ᠶᠡᠬᠡ ᠦᠷ᠎ᠡ ᠪᠦᠲᠦᠭᠡᠯ ᠭᠠᠷᠭᠠᠬᠤ ᠪᠠ ᠴᠢᠳᠠᠪᠤᠷᠢᠲᠠᠨ ᠤᠷᠢᠨ ᠠᠪᠴᠢᠷᠠᠬᠤ ᠬᠤᠤᠰ ᠳᠡᠭᠡᠭ᠌ᠰᠢᠯᠡᠯᠲᠡ᠎ᠶ᠋ᠢ ᠳᠡᠮᠵᠢᠨ᠎ᠡ; ᠴᠢᠬᠤᠯᠠ ᠶᠡᠬᠡ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠠᠪᠴᠠᠩ᠎ᠤᠨ ᠪᠠᠢᠭᠤᠯᠤᠯᠲᠠ᠎ᠶ᠋ᠢ ᠲᠡᠮᠵᠢᠵᠤ᠂ ᠴᠢᠬᠤᠯᠠ ᠶᠡᠬᠡ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠠᠪᠴᠠᠩ᠎ᠢᠶᠠᠷ ᠠᠴᠢᠶᠠᠯᠠᠪᠤᠷᠢ ᠪᠣᠯᠭᠠᠵᠤ ᠥᠪᠡᠷᠲᠡᠭᠡᠨ ᠵᠠᠰᠠᠬᠤ ᠣᠷᠣᠨ᠎ᠤ ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠦᠨ ᠪᠣᠭᠣᠮᠲᠠ ᠱᠢᠪᠲᠤᠯᠬᠤ᠎ᠶ᠋ᠢ ᠲᠠᠢᠴᠢᠯᠠᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠨᠳᠤᠤᠰᠢᠭᠤᠯᠬᠤ ᠪᠠ ᠴᠢᠳᠠᠪᠤᠷᠢᠲᠠᠨ᠎ᠤ ᠪᠦᠯᠬᠦᠮ ᠨᠡᠢᠲᠡ᠎ᠶ᠋ᠢ ᠬᠥᠮᠦᠵᠢᠭᠦᠯᠤᠨ᠎ᠡ᠃

ᠣᠢᠯᠠᠭᠠᠭ᠍ᠰᠠᠨ᠎ᠢᠶᠠᠷ᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ᠂ ᠥᠪᠥᠷ ᠮᠣᠩᠭᠣᠯ ᠤᠷᠢᠳ ᠬᠣᠵᠢᠳ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ ᠥᠪᠥᠷ ᠮᠣᠩᠭᠣᠯ᠎ᠢᠶᠠᠨ ᠮᠠᠨᠳᠤᠭᠤᠯᠬᠤ》 ᠠᠵᠢᠯᠯᠠᠭ᠎ᠠ᠂ ᠰᠤᠳᠤᠯᠤᠨ ᠨᠡᠭᠡᠭᠡᠬᠦ᠌ ᠪᠠᠯᠠ ᠣᠷᠣᠭᠤᠯᠤᠯᠲᠠ᠎ᠶ᠋ᠢᠨ ᠪᠣᠭᠣᠮᠲᠠ ᠱᠢᠪᠲᠤᠯᠬᠤ ᠠᠵᠢᠯᠯᠠᠭ᠎ᠠ ᠪᠣᠯᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ 《ᠱᠢᠪᠲᠤᠯᠤᠯᠲᠠ》 ᠢ᠋ᠢᠨ ᠢᠨᠵᠧᠨᠧᠷᠢᠩ ᠵᠡᠷᠭᠡ ᠴᠢᠬᠤᠯᠠ ᠶᠡᠬᠡ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠡᠳ᠋᠎ᠦᠨ ᠵᠠᠰᠠᠭ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ  ᠵᠠᠷᠤᠯᠭ᠎ᠠ ᠵᠢᠯ ᠳᠤᠮᠳᠠᠴᠢ᠎ᠪᠠᠷ 27%᠎ᠪᠠᠷ ᠨᠡᠮᠡᠭ᠌ᠳᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号