NO1. 2027 ᠣᠨ᠎ᠠᠴᠠ ᠡᠬᠢᠯᠡᠨ᠂ ᠠᠮᠢᠳᠤ ᠪᠣᠳᠠᠰ᠎ᠤᠨ ᠤᠬᠠᠭᠠᠨ᠂ ᠭᠠᠵᠠᠷ ᠵᠦᠶ ᠵᠢᠨ ᠤᠬᠠᠭᠠᠨ᠎ᠤ ᠬᠢᠴᠢᠶᠡᠯ ᠲᠥᠷᠥᠯ᠎ᠳᠦ ᠵᠡᠷᠭᠡ ᠳᠡᠰ᠎ᠤᠨ ᠲᠦᠷᠢᠮ᠎ᠦᠨ ᠰᠢᠯᠭᠠᠯᠲᠠ ᠬᠢᠨ᠎ᠠ ?

ᠦᠨᠡᠨᠪᠠᠢᠳᠠᠯ᠄
ᠣᠶ᠋ᠢᠷ᠎ᠠ᠎ᠳᠤ᠂ ᠴᠤᠤᠷᠢᠶ᠎ᠠ ᠵᠡᠷᠭᠡ ᠲᠠᠪᠴᠠᠩ ᠳᠡᠭᠡᠷ᠎ᠡ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠥᠨᠳᠥᠷ ᠵᠡᠷᠭᠡ᠎ᠶᠢᠨ ᠳᠤᠮᠳᠠᠳᠤ ᠰᠤᠷᠭᠠᠭᠤᠯᠢ ᠳᠦ ᠲᠡᠪᠰᠢᠭᠦ ᠰᠢᠯᠭᠠᠯᠲᠠ᠎ᠶᠢᠨ ᠥᠭᠡᠷᠡᠴᠢᠯᠡᠯᠲᠡ》᠎ᠶᠢᠨ ᠲᠤᠬᠠᠶ ᠨᠢᠭᠡᠨ ᠦᠨᠡᠨ ᠪᠣᠳᠠᠲᠠᠶ ᠪᠤᠰᠤ ᠮᠡᠳᠡᠭᠡ ᠵᠠᠩᠭᠢ ᠳᠠᠮᠵᠢᠭᠤᠯᠤᠭ᠍ᠳᠠᠵᠤ᠂ 《2027 ᠣᠨ᠎ᠠᠴᠠ ᠡᠬᠢᠯᠡᠨ᠂ ᠠᠮᠢᠳᠤ ᠪᠣᠳᠠᠰ᠎ᠤᠨ ᠤᠬᠠᠭᠠᠨ᠂ ᠭᠠᠵᠠᠷ ᠵᠦᠶ ᠵᠢᠨ ᠤᠬᠠᠭᠠᠨ᠎ᠤ ᠬᠢᠴᠢᠶᠡᠯ ᠲᠥᠷᠥᠯ᠎ᠳᠦ ᠵᠡᠷᠭᠡ ᠳᠡᠰ᠎ᠤᠨ ᠲᠦᠷᠢᠮ᠎ᠦᠨ ᠰᠢᠯᠭᠠᠯᠲᠠ ᠬᠢᠨ᠎ᠠ》 ᠭᠡᠪᠡ᠃ ᠲᠣᠰ ᠴᠤᠤᠷᠬᠠᠯ᠎ᠳᠤ ᠴᠢᠭᠯᠡᠭᠦᠯᠦᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠤᠷᠭᠠᠨ ᠬᠥᠮᠦᠵᠢᠯ᠎ᠤᠨ ᠰᠢᠯᠭᠠᠯᠲᠠ᠎ᠶᠢᠨ ᠬᠦᠷᠢᠶᠡᠯᠡᠩ 2026 ᠣᠨ᠎ᠤ 3 ᠰᠠᠷ᠎ᠠ᠎ᠶᠢᠨ 10᠎ᠤ ᠡᠳᠦᠷ ᠴᠤᠤᠷᠬᠠᠯ᠎ᠢ ᠨᠢᠴᠤᠭᠠᠬᠤ ᠠᠯᠪᠠᠨ᠎ᠤ ᠲᠠᠯ᠎ᠠ᠎ᠶᠢᠨ ᠢᠯᠡᠷᠬᠡᠶ᠋ᠢᠯᠡᠯᠲᠡ ᠨᠡᠶ᠋ᠢᠲᠡᠯᠡᠵᠦ᠍᠂ ᠳᠡᠭᠡᠷᠡᠬᠢ ᠮᠡᠳᠡᠭᠡ ᠵᠠᠩᠭᠢ ᠴᠥᠮ ᠦᠨᠡᠨ ᠪᠣᠳᠠᠲᠠᠶ ᠪᠢᠰᠢ ᠭᠡᠵᠦ᠍ ᠲᠣᠳᠣᠷᠬᠠᠶ ᠵᠢᠭᠠᠵᠤ ᠭᠠᠷᠭᠠᠭᠰᠠᠨ ᠪᠥᠭᠡᠳ ᠥᠷᠭᠡᠨ ᠣᠯᠠᠨ ᠰᠢᠯᠭᠠᠭᠤᠯᠤᠭᠴᠢ ᠪᠠ ᠬᠡᠷ᠎ᠦᠨ ᠠᠬᠠᠮᠠᠳᠲᠤ᠌ ᠠᠯᠪᠠᠨ᠎ᠤ ᠲᠠᠯ᠎ᠠ᠎ᠶᠢᠨ ᠠᠷᠭ᠎ᠠ ᠵᠠᠮ᠎ᠢᠶᠠᠷ ᠡᠷᠬᠡ ᠰᠦᠷᠲᠦ᠍ ᠮᠡᠳᠡᠭᠡ ᠵᠠᠩᠭᠢ ᠤᠯᠵᠤ᠂ ᠴᠤᠤᠷᠬᠠᠯ ᠢ ᠢᠲᠡᠭᠡᠬᠦ᠌ ᠥᠬᠡᠶ᠂ ᠴᠤᠤᠷᠬᠠᠯ ᠲᠠᠷᠬᠠᠭᠠᠬᠤ ᠥᠬᠡᠶ ᠪᠠᠶ᠋ᠢᠬᠤ᠎ᠶᠢ ᠰᠠᠨᠠᠭᠤᠯᠪᠠ᠃
ᠢᠷᠡᠯᠲᠡ᠄ ᠥᠪᠥᠷ ᠮᠣᠩᠭᠣᠯ ᠤᠨ ᠰᠤᠷᠤᠬᠴᠢ ᠡᠯᠰᠡᠭᠦ ᠰᠢᠯᠭᠠᠯᠳᠠ ᠵᠢᠨ ᠰᠦᠯᠵᠢᠶ᠎ᠡ
NO2. ᠪᠤᠭᠤᠲᠤ᠎ᠶᠢᠨ ᠲᠡᠮᠦᠷ ᠵᠠᠮ ᠤᠨᠲᠡᠭᠡᠭᠡᠪᠦᠷᠢᠶᠢᠨ ᠰᠢᠭᠦᠬᠦ᠌ ᠬᠣᠷᠢᠶ᠎ᠠ ᠨᠥᠵᠢᠳᠯᠡᠭᠰᠡᠨ ᠨᠢᠭᠡ ᠬᠡᠷᠡᠭ᠎ᠢ ᠱᠢᠭᠦᠵᠦ᠍᠂ 19 ᠨᠠᠰᠤᠲᠠᠶ ᠡᠷᠡᠭᠲᠡᠶ 13 ᠨᠠᠰᠤᠲᠠᠶ ᠵᠢᠭᠠᠯ ᠥᠬᠢᠨ ᠲᠠᠢ ᠬᠠᠷᠢᠴᠠᠭ᠎ᠠ ᠡᠭᠦᠰᠴᠦ᠍ ᠡᠷᠡᠭᠦᠦ ᠱᠢᠢᠳᠭᠡᠯ ᠤᠯᠪᠠ?

ᠦᠨᠡᠨᠪᠠᠢᠳᠠᠯ᠄
ᠣᠶ᠋ᠢᠷ᠎ᠠ᠎ᠳᠤ᠂ ᠵᠠᠭᠤᠴᠢᠯᠠᠭᠤᠷ᠎ᠤᠨ ᠮᠡᠳᠡᠭᠡᠯᠡᠭᠰᠡᠨ ᠦᠨᠡᠨ ᠪᠤᠰᠤ ᠬᠡᠷᠡᠭ᠎ᠲᠦ᠍ ᠴᠢᠭᠯᠡᠭᠦᠯᠦᠨ᠂ ᠪᠤᠭᠤᠲᠤ᠎ᠶᠢᠨ ᠲᠡᠮᠦᠷ ᠵᠠᠮ᠎ᠤᠨ ᠲᠡᠭᠡᠭᠡᠪᠦᠷᠢ᠎ᠶᠢᠨ ᠰᠢᠭᠦᠬᠦ᠌ ᠬᠣᠷᠢᠶ᠎ᠠ ᠠᠯᠪᠠᠨ᠎ᠤ ᠲᠠᠯ᠎ᠠ᠎ᠶᠢᠨ ᠢᠯᠡᠷᠬᠡᠶ᠋ᠢᠯᠡᠯᠲᠡ ᠨᠡᠶ᠋ᠢᠲᠡᠯᠡᠪᠡ᠃ ᠢᠯᠡᠷᠬᠡᠶ᠋ᠢᠯᠡᠯᠲᠡ᠎ᠳᠦ᠂ ᠬᠡᠰᠡᠭ ᠵᠠᠭᠤᠴᠢᠯᠠᠭᠤᠷ《ᠪᠤᠭᠤᠲᠤ᠎ᠶᠢᠨ ᠲᠡᠮᠦᠷ ᠵᠠᠮ᠎ᠤᠨ ᠲᠡᠭᠡᠭᠡᠪᠦᠷᠢ᠎ᠶᠢᠨ ᠰᠢᠭᠦᠬᠦ᠌ ᠬᠣᠷᠢᠶ᠎ᠠ ᠨᠥᠵᠢᠳᠯᠡᠭᠰᠡᠨ ᠨᠢᠭᠡ ᠬᠡᠷᠡᠭ᠎ᠢ ᠱᠢᠭᠦᠵᠦ᠍ 19 ᠨᠠᠰᠤᠲᠠᠶ ᠡᠷᠡᠭᠲᠡᠶ 13 ᠨᠠᠰᠤᠲᠠᠶ ᠵᠢᠭᠠᠯ ᠥᠬᠢᠨ᠎ᠲᠠᠢ ᠬᠠᠷᠢᠴᠠᠭ᠎ᠠ ᠡᠭᠦᠰᠴᠦ᠍ ᠡᠷᠡᠭᠦᠦ ᠱᠢᠢᠳᠭᠡᠯ ᠣᠯᠤᠭᠰᠠᠨ》 ᠭᠡᠬᠦ᠌ ᠭᠠᠷᠴᠠᠭ᠎ᠢᠶᠠᠷ ᠮᠡᠳᠡᠭᠡᠯᠡᠯ ᠪᠢᠴᠢᠵᠤ᠂ ᠮᠡᠳᠡᠭᠡᠯᠡᠯ᠎ᠦᠨ ᠠᠭᠤᠯᠭ᠎ᠠ ᠨᠢ ᠪᠣᠳᠠᠲᠤ᠌ ᠬᠡᠷᠡᠭᠲᠡᠶ ᠬᠦᠨᠳᠦ ᠨᠣᠴᠢᠲᠠᠶ ᠨᠡᠶ᠋ᠢᠴᠡᠬᠦ᠌ ᠥᠬᠡᠶ ᠪᠠᠢᠵᠤ᠂ ᠬᠡᠷᠡᠭ᠎ᠢ ᠰᠢᠭᠦᠭᠰᠡᠨ ᠰᠢᠭᠦᠬᠦ᠌ ᠬᠣᠷᠢᠶᠠᠨ᠎ᠳᠦ ᠬᠦᠨᠳᠦ ᠨᠣᠴᠢᠲᠠᠶ ᠭᠦᠳᠬᠡᠯ ᠪᠣᠯᠣᠭ᠍ᠰᠠᠨ ᠶᠤᠮ ᠭᠡᠵᠦ᠍ ᠵᠢᠭᠠᠵᠤ ᠭᠠᠷᠭᠠᠪᠠ᠃ ᠲᠤᠰ ᠰᠢᠭᠦᠬᠦ ᠬᠣᠷᠢᠶ᠎ᠠ ᠢᠯᠡᠷᠬᠡᠶ᠋ᠢᠯᠡᠯᠲᠡ᠎ᠳᠡᠭᠡᠨ᠂ ᠲᠤᠰ ᠮᠡᠳᠡᠭᠡᠯᠡᠯ᠎ᠳᠦ ᠵᠢᠭᠠᠵᠤ ᠪᠠᠶ᠋ᠢᠭ᠎ᠠ ᠬᠡᠷᠡᠭ᠎ᠦᠨ ᠵᠢᠱ᠌ᠢᠶ᠎ᠡ ᠨᠢ ᠲᠤᠰ ᠬᠣᠷᠢᠶ᠎ᠠ᠎ᠶᠢᠨ ᠰᠢᠭᠦᠭᠰᠡᠨ ᠶᠠᠯᠠᠳᠤ ᠬᠡᠷᠡᠭ ᠪᠢᠰᠢ᠂ ᠮᠦᠨᠴᠦ᠍ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠠᠯᠢ ᠨᠢᠭᠡᠨ ᠰᠢᠭᠦᠬᠦ᠌ ᠬᠣᠷᠢᠶ᠎ᠠ ᠰᠢᠭᠦᠭᠰᠡᠨ ᠶᠠᠯᠠᠳᠤ ᠬᠡᠷᠡᠭ ᠴᠤ᠌ ᠪᠢᠰᠢ᠃ ᠬᠠᠷᠢᠨ ᠲᠣᠰ ᠬᠡᠷᠡᠭ᠎ᠦᠨ ᠵᠢᠱ᠌ᠢᠶ᠎ᠡ ᠪᠣᠯ ᠲᠣᠰ ᠰᠢᠭᠦᠬᠦ ᠬᠣᠷᠢᠶᠠᠨ᠎ᠤ ᠨᠠᠰᠤᠨ᠎ᠳᠤ ᠥᠯᠥ᠍ ᠭᠦᠷᠦᠭᠰᠡᠳ᠎ᠢ ᠬᠠᠮᠠᠭᠠᠯᠠᠬᠤ ᠬᠠᠤᠯᠢ ᠲᠦᠭᠡᠮᠡᠯᠵᠢᠭᠦᠯᠬᠦ᠌ ᠤᠬᠠᠭᠤᠯᠭ᠎ᠠ᠎ᠶᠢᠨ ᠠᠵᠢᠯ ᠥᠷᠨᠢᠭᠦᠯᠬᠦ᠌᠎ᠶᠢᠨ ᠲᠥᠯᠥᠭᠡ᠂ ᠰᠦᠯᠵᠢᠶᠡᠨ ᠳᠡᠭᠡᠷ᠎ᠡ᠎ᠡᠴᠡ ᠰᠣᠩᠭᠣᠭᠰᠠᠨ ᠬᠠᠤᠯᠢ ᠲᠦᠭᠡᠮᠡᠯᠵᠢᠭᠦᠯᠬᠦ᠌ ᠪᠣᠷᠣ ᠮᠠᠲ᠋ᠧᠷᠢᠶᠠᠯ ᠪᠣᠯᠤᠨ᠎ᠠ᠃ ᠰᠢᠯᠵᠢᠭᠦᠯᠦᠨ ᠨᠡᠶ᠋ᠢᠲᠡᠯᠡᠬᠦ᠌ ᠦᠶ᠎ᠡ᠎ᠳᠦ᠂ ᠲᠣᠰ ᠰᠢᠭᠦᠬᠦ ᠬᠣᠷᠢᠶ᠎ᠠ ᠵᠣᠬᠢᠶᠠᠯ᠎ᠳᠠᠭᠠᠨ ᠨᠢᠭᠡᠨᠲᠡ 《ᠠᠭᠤᠯᠭ᠎ᠠ ᠨᠢ ᠰᠦᠯᠵᠢᠶ᠎ᠡ᠎ᠡᠴᠡ ᠢᠷᠡᠯᠲᠡ᠎ᠲᠡᠶ》 ᠭᠡᠵᠦ᠍ ᠲᠣᠳᠣᠷᠬᠠᠶ ᠲᠣᠳᠣᠷᠬᠠᠶ᠋ᠢᠯᠠᠵᠤ᠂ ᠵᠤᠷᠢᠯᠳᠡ ᠨᠢ ᠬᠠᠤᠯᠢ᠎ᠪᠠᠷ ᠵᠠᠰᠠᠬᠤ ᠬᠥᠮᠦᠵᠢᠯ ᠬᠢᠬᠦ᠌᠎ᠶᠢᠨ ᠲᠥᠯᠥᠭᠡ ᠶᠤᠮ᠃ ᠬᠣᠯᠪᠣᠭᠳᠠᠯ ᠪᠦᠬᠦᠢ ᠵᠠᠭᠤᠴᠢᠯᠠᠭᠤᠷ᠎ᠤᠨ ᠬᠢᠨ ᠬᠢᠨᠠᠨ ᠬᠠᠷᠭᠤᠭᠤᠯᠤᠭ᠎ᠠ ᠦᠭᠡᠢ ᠪᠠᠶ᠋ᠢᠳᠠᠯ ᠳᠣᠣᠷ᠎ᠠ᠂ ᠲᠤᠰ ᠬᠡᠷᠡᠭ᠎ᠢ 《ᠲᠤᠰ ᠰᠢᠭᠦᠬᠦ ᠬᠣᠷᠢᠶᠠᠨ᠎ᠤ ᠰᠢᠭᠦᠭᠰᠡᠨ ᠬᠡᠷᠡᠭ》᠎ᠢᠶᠡᠷ ᠪᠤᠷᠤᠭᠤ ᠮᠠᠭᠠᠳᠯᠠᠨ ᠲᠣᠭᠲᠠᠭᠠᠭᠰᠠᠨ ᠪᠥᠭᠡᠳ ᠮᠡᠳᠡᠭᠡᠯᠡᠪᠡ ᠬᠡᠵᠤ ᠲᠤᠳᠤᠷᠬᠠᠢᠯᠠᠵᠠᠢ᠃
ᠢᠷᠡᠯᠲᠡ᠄ ᠪᠤᠭᠤᠲᠤ᠎ᠶᠢᠨ ᠲᠡᠮᠦᠷ ᠵᠠᠮ᠎ᠤᠨ ᠲᠡᠭᠡᠭᠡᠪᠦᠷᠢ᠎ᠶᠢᠨ ᠰᠢᠭᠦᠬᠦ᠌ ᠬᠣᠷᠢᠶ᠎ᠠ ᠠᠯᠪᠠᠨ᠎ᠤ ᠲᠠᠯ᠎ᠠ᠎ᠶᠢᠨ ᠳ᠋ᠤᠭ᠋ᠠᠷ
NO3. ᠬᠥᠬᠡᠬᠣᠲᠠ ᠵᠢᠨ ᠮᠧᠲᠷᠣ᠋᠎ᠳᠦ ᠰᠠᠭᠤᠳᠠᠯ ᠡᠵᠡᠷᠬᠡᠭ᠌ᠰᠡᠨ ᠬᠡᠷᠡᠭ ᠡᠭᠦᠰᠪᠡ?

ᠦᠨᠡᠨᠪᠠᠢᠳᠠᠯ᠄
ᠣᠶ᠋ᠢᠷ᠎ᠠ᠎ᠳᠤ᠂ ᠰᠦᠯᠵᠢᠶᠡᠨ ᠳᠡᠭᠡᠷ᠎ᠡ 《ᠬᠥᠬᠡᠬᠣᠲᠠ᠎ᠶᠢᠨ ᠮᠧᠲᠷᠣ᠋᠎ᠳᠤ ᠰᠠᠭᠤᠳᠠᠯ ᠡᠵᠡᠷᠬᠡᠭ᠌ᠰᠡᠨ ᠬᠡᠷᠡᠭ ᠡᠭᠦᠰᠪᠡ》 ᠭᠡᠬᠦ᠌ ᠸᠢᠳᠢᠣ᠋ ᠳᠠᠮᠵᠢᠭᠳᠠᠵᠤ᠂ ᠬᠢᠨᠠᠨ ᠬᠠᠷᠭᠤᠭᠤᠯᠬᠤ ᠪᠡᠷ ᠲᠠᠮᠵᠢᠬᠰᠠᠨ ᠵᠢᠡᠷ᠂ ᠲᠣᠰ ᠸᠢᠳᠢᠣ᠋ ᠳᠦ ᠲᠤᠰᠬᠠᠭᠰᠠᠨ ᠪᠠᠶ᠋ᠢᠳᠠᠯ ᠬᠥᠬᠡᠬᠣᠲᠠ᠎ᠶᠢᠨ ᠮᠧᠲᠷᠣ᠋ ᠳᠤ ᠡᠭᠦᠰᠦᠭᠰᠡᠨ ᠪᠢᠰᠢ᠃ ᠥᠷᠭᠡᠨ ᠣᠯᠠᠨ ᠰᠦᠯᠵᠢᠶᠡᠨ᠎ᠦ ᠠᠨᠳᠠᠨᠠᠷ ᠮᠡᠳᠡᠭᠡ ᠵᠠᠩᠭᠢ ᠳᠠᠮᠵᠢᠭᠤᠯᠬᠤ᠎ᠳᠠᠭᠠᠨ ᠢᠷᠡᠯᠲᠡ᠎ᠶᠢᠨ ᠲᠤᠬᠠᠢ ᠬᠢᠨᠠᠨ ᠬᠠᠷᠭᠤᠭᠤᠯᠬᠤ᠎ᠶᠢ ᠠᠩᠬᠠᠷᠴᠤ᠌᠂ ᠦᠨᠡᠨ ᠪᠤᠰᠤ ᠮᠡᠳᠡᠭᠡ ᠵᠠᠩᠭᠢ ᠵᠢ ᠳᠠᠮᠵᠢᠭᠤᠯᠬᠤ᠎ᠠᠴᠠ ᠪᠣᠯᠵᠣ ᠡᠨᠳᠡᠭᠦᠷᠡᠯ ᠡᠭᠦᠰᠭᠡᠬᠦ᠌᠎ᠡᠴᠡ ᠵᠠᠶ᠋ᠢᠯᠠᠰᠬᠢᠬᠦ᠌ ᠬᠡᠷᠡᠭᠲᠡᠶ ᠭᠡᠵᠦ᠍ ᠤᠷᠢᠶᠠᠯᠠᠪᠠ᠃
ᠢᠷᠡᠯᠲᠡ᠄ 《ᠬᠥᠬᠡᠬᠣᠲᠠ᠎ᠶᠢᠨ ᠮᠧᠲᠷᠣ᠋》᠎ᠤᠨ ᠵᠢᠷᠭᠢᠶ᠎ᠡ ᠶ᠋ᠢᠨ ᠲᠠᠪᠴᠠᠩ
NO4. ᠤᠯᠠᠭᠠᠨᠴᠠᠪ ᠬᠣᠲᠠ᠎ᠶᠢᠨ ᠬᠠᠮ ᠵᠠᠭᠤᠴᠢᠯᠠᠭᠤᠷ᠎ᠤᠨ ᠲᠥᠪ ᠨᠢ 《NSPB ᠣᠯᠠᠨ ᠤᠯᠤᠰ᠎ᠤᠨ ᠠᠨᠭ᠌ᠭ᠌ᠯᠢ ᠬᠡᠯᠡᠨ᠎ᠦ ᠠᠪᠢᠶᠠᠴᠢᠯᠠᠨ ᠪᠢᠴᠢᠬᠦ᠌ ᠶᠡᠬᠡ ᠬᠤᠷᠠᠯ》᠎ᠤᠨ ᠡᠷᠬᠢᠯᠡᠭ᠌ᠰᠡᠨ ᠨᠢᠭᠡᠴᠢ᠎ᠶ᠋ᠢᠨ ᠨᠢᠭᠡ ᠮᠥᠨ?

ᠦᠨᠡᠨ ᠪᠠᠢᠳᠠᠯ᠄
ᠣᠶ᠋ᠢᠷ᠎ᠠ᠎ᠳᠤ᠂ ᠤᠯᠠᠭᠠᠨᠴᠠᠪ ᠬᠣᠲᠠ᠎ᠶᠢᠨ ᠬᠠᠮ ᠵᠠᠭᠤᠴᠢᠯᠠᠭᠤᠷ᠎ᠤᠨ ᠲᠥᠪ᠎ᠦᠨ᠎ᠬᠢᠨ ᠮᠠᠰᠢ ᠣᠯᠠᠨ ᠬᠡᠷ᠎ᠦᠨ ᠠᠬᠠᠮᠠᠳ᠎ᠤᠨ ᠢᠷᠡᠭᠦᠯᠦᠭᠰᠡᠨ᠂ 《NSPB ᠣᠯᠠᠨ ᠤᠯᠤᠰ᠎ᠤᠨ ᠠᠨᠭ᠌ᠭ᠌ᠯᠢ ᠬᠡᠯᠡᠨ᠎ᠦ ᠠᠪᠢᠶᠠᠴᠢᠯᠠᠨ ᠪᠢᠴᠢᠬᠦ᠌ ᠶᠡᠬᠡ ᠬᠤᠷᠠᠯ》᠎ᠤᠨ ᠠᠵᠢᠯᠯᠠᠭ᠎ᠠ᠎ᠨᠢ ᠲᠡᠭᠦᠨ᠎ᠦ ᠤᠬᠠᠭᠤᠯᠭ᠎ᠠ᠎ᠶᠢᠨ ᠬᠠᠭᠤᠳᠠᠰᠤᠨ ᠳᠡᠭᠡᠷ᠎ᠡ 《ᠤᠯᠠᠭᠠᠨᠴᠠᠪ ᠬᠣᠲᠠ᠎ᠶᠢᠨ ᠬᠠᠮ ᠵᠠᠭᠤᠴᠢᠯᠠᠭᠤᠷ᠎ᠤᠨ ᠲᠥᠪ》᠎ᠢ ᠳᠤᠷ᠎ᠠ᠎ᠪᠠᠷ᠎ᠢᠶᠠᠨ 《ᠡᠷᠬᠢᠯᠡᠭ᠌ᠰᠡᠨ ᠨᠢᠭᠡᠴᠢ》᠎ᠶᠢᠨ ᠨᠢᠭᠡ ᠪᠣᠯᠭᠠᠵᠠᠶ ᠬᠡᠭᠦ ᠪᠠᠢᠳᠠᠯ᠎ᠢ ᠲᠤᠰᠬᠠᠬᠰᠠᠨ ᠤᠳᠠᠰᠤ ᠵᠢ ᠲᠤᠰᠴᠠᠢ᠃ ᠡᠭᠦᠨ᠎ᠦ ᠲᠤᠬᠠᠶ ᠤᠯᠠᠭᠠᠨᠴᠠᠪ ᠬᠣᠲᠠ᠎ᠶᠢᠨ ᠬᠠᠮ ᠵᠠᠭᠤᠴᠢᠯᠠᠭᠤᠷ᠎ᠤᠨ ᠲᠥᠪ ᠲᠥᠪ ᠴᠢᠩᠭ᠎ᠠ ᠢᠯᠡᠷᠬᠡᠶ᠋ᠢᠯᠡᠯᠲᠡ ᠨᠡᠶ᠋ᠢᠲᠡᠯᠡᠪᠡ᠄ ᠤᠯᠠᠭᠠᠨᠴᠠᠪ ᠬᠣᠲᠠ᠎ᠶᠢᠨ ᠬᠠᠮ ᠵᠠᠭᠤᠴᠢᠯᠠᠭᠤᠷ᠎ᠤᠨ ᠲᠥᠪ ᠲᠣᠰ ᠠᠵᠢᠯᠯᠠᠭ᠎ᠠ᠎ᠶᠢ ᠡᠷᠭᠢᠯᠡᠬᠦ᠌᠎ᠳᠦ ᠶᠡᠷᠦ᠎ᠡᠴᠡ ᠣᠷᠣᠯᠴᠠᠭᠰᠠᠨ ᠥᠬᠡᠶ᠂ ᠲᠣᠰ ᠠᠵᠢᠯᠯᠠᠭ᠎ᠠ᠎ᠵᠢ ᠤᠯᠠᠭᠠᠨᠴᠠᠪ ᠬᠣᠲᠠ᠎ᠳᠤ ᠳᠡᠯᠭᠡᠷᠡᠭᠦᠯᠦᠭᠰᠡᠨ᠂ ᠨᠡᠷ᠎ᠡ ᠮᠡᠳᠡᠭᠦᠯᠦᠭᠰᠡᠨ ᠵᠢᠴᠢ ᠰᠦᠢᠳᠭᠡᠯ ᠬᠤᠷᠢᠶᠠᠭᠰᠠᠨ ᠵᠡᠷᠭᠡ ᠪᠠᠶ᠋ᠢᠳᠠᠯ᠎ᠦᠨ ᠲᠤᠬᠠᠢ ᠣᠭ᠍ᠲᠣ ᠮᠡᠳᠡᠬᠦ᠌ ᠥᠬᠡᠶ︔ ᠲᠣᠰ ᠠᠵᠢᠯᠯᠠᠭ᠎ᠠ᠎ᠶᠢᠨ ᠤᠬᠠᠭᠤᠯᠭ᠎ᠠ᠎ᠶᠢᠨ ᠬᠠᠭᠤᠳᠠᠰᠤᠨ ᠳᠡᠭᠡᠷᠡᠬᠢ ᠤᠯᠠᠭᠠᠨᠴᠠᠪ ᠬᠣᠲᠠ᠎ᠶᠢᠨ ᠬᠠᠮ ᠵᠠᠭᠤᠴᠢᠯᠠᠭᠤᠷ᠎ᠤᠨ ᠲᠥᠪ᠎ᠢ 《ᠡᠷᠬᠢᠯᠡᠭ᠌ᠰᠡᠨ ᠨᠢᠭᠡᠴᠢ》 ᠪᠣᠯᠭᠠᠭ᠍ᠰᠠᠨ ᠬᠠᠮᠢᠶ᠎ᠠ ᠪᠦᠬᠦᠢ ᠠᠭᠤᠯᠭ᠎ᠠ ᠴᠥᠮ ᠲᠡᠭᠦᠨ᠎ᠦ ᠡᠷᠬᠡ ᠣᠯᠭᠣᠭᠰᠠᠨ ᠥᠬᠡᠶ᠎ᠪᠡᠷ ᠨᠢᠭᠡᠴᠢ᠎ᠶᠢᠨ ᠨᠡᠷ᠎ᠡ᠎ᠶᠢ ᠳᠤᠷ᠎ᠠ᠎ᠪᠠᠷ᠎ᠢᠶᠠᠨ ᠬᠠᠭᠤᠷᠮᠠᠭᠯᠠᠨ ᠬᠡᠷᠡᠭᠯᠡᠭᠰᠡᠨ ᠬᠤᠳᠠᠯ ᠬᠠᠭᠤᠷᠮᠠᠭ ᠤᠬᠠᠭᠤᠯᠭ᠎ᠠ ᠪᠠ ᠦᠨᠡᠨ ᠪᠣᠳᠠᠲᠠᠶ ᠪᠤᠰᠤ ᠮᠡᠳᠡᠭᠡ ᠵᠠᠩᠭᠢ ᠪᠣᠯᠤᠨ᠎ᠠ ᠭᠡᠵᠦ᠍ ᠲᠣᠳᠣᠷᠬᠠᠢᠯᠠᠪᠠ᠃
ᠢᠷᠡᠯᠲᠡ᠄ ᠤᠯᠠᠭᠠᠨᠴᠠᠪ᠎ᠤᠨ ᠬᠠᠮ ᠵᠠᠭᠤᠴᠢᠯᠠᠭᠤᠷ᠎ᠤᠨ ᠲᠥᠪ
NO5. ᠤᠯᠠᠭᠠᠨᠬᠠᠳᠠ ᠬᠣᠲᠠ᠎ᠶ᠋ᠢᠨ ᠬᠥᠮᠦᠨ᠎ᠦ ᠬᠦᠴᠦᠨ᠎ᠦ ᠡᠬᠢ
ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ ᠵᠢᠨ ᠠᠯᠪᠡᠨᠤ ᠳ᠋ᠤᠭᠠᠷ 《ᠤᠯᠠᠭᠠᠨᠬᠠᠳᠠ ᠬᠣᠲᠠ᠎ᠶ᠋ᠢᠨ
ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠱᠢᠯᠭᠠᠯᠲᠠ᠎ᠶ᠋ᠢᠨ ᠮᠡᠳᠡᠭᠡ
ᠵᠠᠩᠭᠢ ᠵᠢᠨ ᠨᠡᠢᠳᠡᠯᠡᠯ》 ᠡᠯ᠎ᠠ ᠲᠦᠷᠦᠯ ᠰᠢᠯᠭᠠᠯᠳᠡ ᠵᠢᠨ
ᠮᠡᠳᠡᠭᠡ ᠵᠠᠩᠬᠢ ᠵᠢ ᠨᠡᠢᠳᠡᠯᠡᠵᠤ ᠪᠠᠢᠨ᠎ᠠ ?

ᠦᠨᠡᠨᠪᠠᠢᠳᠠᠯ᠄
ᠣᠢᠷ᠎ᠠ᠎ᠳᠤ᠂ 《ᠤᠯᠠᠭᠠᠨᠬᠠᠳᠠ ᠬᠣᠲᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ
ᠪᠠᠲᠤᠯᠠᠭ᠎ᠠ᠎ᠶ᠋ᠢᠨ ᠱᠢᠯᠭᠠᠯᠲᠠ᠎ᠶ᠋ᠢᠨ ᠮᠡᠳᠡᠭᠡ ᠵᠠᠩᠭᠢ ᠵᠢᠨ ᠨᠡᠢᠳᠡᠯᠡᠯ》 ᠭᠡᠭᠦ ᠴᠤᠤᠷᠢᠶ᠎ᠠ ᠵᠢᠨ
ᠳ᠋ᠤᠭᠠᠷ ᠵᠢᠨᠷ ᠡᠯ᠎ᠡ ᠲᠥᠷᠥᠯ᠎ᠦᠨ ᠬᠥᠮᠦᠨ᠎ᠦ
ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠱᠢᠯᠭᠠᠯᠲᠠ᠎ᠶ᠋ᠢᠨ ᠬᠠᠮᠢᠶ᠎ᠠ ᠪᠥᠬᠥᠶ
ᠮᠡᠳᠡᠭᠡ ᠵᠠᠩᠭᠢ᠎ᠶ᠋ᠢ ᠨᠡᠢᠲᠡᠯᠡᠵᠦ᠍᠂ ᠱᠢᠯᠭᠠᠭᠤᠯᠤᠭ᠍ᠰᠡᠳ ᠬᠢᠭᠡᠳ ᠬᠣᠲᠠ᠎ᠶ᠋ᠢᠨ ᠠᠷᠠᠳ᠎ᠢ ᠡᠨᠳᠡᠭᠦᠷᠡᠭᠦᠯᠵᠤ
ᠪᠠᠢᠨ᠎ᠠ᠃ ᠣᠯᠠᠨ ᠨᠡᠢᠲᠡ᠎ᠶ᠋ᠢᠨ ᠪᠠᠢᠳᠠᠯ᠎ᠢ ᠮᠡᠳᠡᠬᠦ᠌ ᠡᠷᠬᠡ ᠪᠠ ᠬᠠᠤᠯᠢ
ᠶᠣᠰᠣᠨ᠎ᠤ ᠡᠷᠬᠡ ᠠᠱᠢᠭ᠎ᠢ ᠬᠠᠮᠠᠭᠠᠯᠠᠬᠤ᠎ᠶ᠋ᠢᠨ ᠲᠥᠯᠥᠭᠡ᠂ ᠤᠯᠠᠭᠠᠨᠬᠠᠳᠠ ᠬᠣᠲᠠ᠎ᠶ᠋ᠢᠨ ᠬᠥᠮᠦᠨ᠎ᠦ
ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ ᠡᠴᠡ ᠲᠥᠪ ᠴᠢᠩᠭ᠎ᠠ ᠢᠯᠡᠷᠬᠡᠢᠯᠡᠯᠲᠡ ᠨᠡᠢᠲᠡᠯᠡᠪᠡ᠃
ᠢᠯᠡᠷᠬᠡᠢᠯᠡᠯᠲᠡᠳ᠋ᠡᠭᠡᠨ᠄ ᠲᠣᠰ ᠳ᠋ᠤᠭᠠᠷ ᠤᠯᠠᠭᠠᠨᠬᠠᠳᠠ ᠬᠣᠲᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ
ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ᠎ᠲᠠᠶ ᠶᠠᠮᠠᠷ ᠴᠤ᠌ ᠬᠣᠯᠪᠣᠭ᠎ᠠ ᠥᠬᠡᠶ᠂ 《ᠤᠯᠠᠭᠠᠨᠬᠠᠳᠠ ᠬᠣᠲᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ
ᠪᠠᠲᠤᠯᠠᠭ᠎ᠠ᠎ᠶ᠋ᠢᠨ ᠱᠢᠯᠭᠠᠯᠲᠠ᠎ᠶ᠋ᠢᠨ ᠮᠡᠳᠡᠭᠡ ᠵᠠᠩᠭᠢ᠎ᠵᠢᠨ ᠨᠡᠢᠳᠡᠯᠡᠯ》 ᠭᠡᠭᠦ ᠴᠤᠤᠷᠢᠶ᠎ᠠ ᠵᠢᠨ ᠳ᠋ᠤᠭᠠᠷ ᠨᠢ ᠤᠯᠠᠭᠠᠨᠬᠠᠳᠠ ᠬᠣᠲᠠ᠎ᠶ᠋ᠢᠨ ᠬᠥᠮᠦᠨ᠎ᠦ ᠬᠦᠴᠦᠨ᠎ᠦ ᠡᠬᠢ
ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠠᠯᠪᠠᠨ ᠤ ᠲᠠᠯ᠎ᠠ ᠵᠢᠨ ᠳ᠋ᠤᠭᠠᠷ ᠪᠢᠰᠢ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ
ᠨᠡᠢᠭᠡᠮ᠎ᠦᠨ ᠪᠠᠲᠤᠯᠠᠭ᠎ᠠ᠎ᠶ᠋ᠢᠨ ᠱᠢᠯᠭᠠᠯᠳᠡ᠂ ᠲᠥᠷᠥ᠎ᠶ᠋ᠢᠨ ᠪᠣᠳᠣᠯᠭ᠎ᠠ᠂ ᠠᠵᠢᠯᠲᠠᠨ ᠡᠯᠰᠡᠬᠦ᠌ ᠵᠡᠷᠭᠡ
ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ᠎ᠶ᠋ᠢ ᠨᠡᠢᠲᠡᠯᠡᠬᠦ᠌ ᠡᠷᠬᠡ ᠵᠢ ᠣᠯᠤᠭ᠍ᠰᠠᠨ ᠥᠬᠡᠶ᠃ ᠲᠡᠭᠦᠨ᠎ᠦ
ᠨᠡᠢᠲᠡᠯᠡᠭ᠌ᠰᠡᠨ ᠠᠭᠤᠯᠭ᠎ᠠ᠂ ᠠᠵᠢᠯᠯᠠᠭ᠎ᠠ᠂ ᠵᠥᠪᠯᠡᠯᠭᠡ ᠨᠢ ᠴᠥᠮ ᠠᠯᠪᠠᠨ᠎ᠤ ᠲᠠᠯ᠎ᠠ᠎ᠶ᠋ᠢᠨ
ᠵᠣᠭ᠍ᠰᠣᠯᠲᠠ᠎ᠶ᠋ᠢ ᠲᠥᠯᠥᠭᠡᠯᠡᠬᠦ᠌ ᠥᠬᠡᠶ᠂ ᠠᠯᠢᠪᠠ ᠦᠷ᠎ᠡ ᠳ᠋ᠦᠩ ᠢ ᠴᠥᠮ ᠲᠤᠰ ᠳ᠋ᠤᠭᠠᠷ᠎ᠤᠨ ᠡᠵᠡᠩᠨᠡᠭ᠌ᠴᠢ ᠡᠭᠦᠷᠭᠡᠯᠡᠨ᠎ᠡ ᠭᠡᠵᠤ
ᠵᠢᠭᠠᠵᠤ ᠭᠠᠷᠭᠠᠪᠡ᠃
ᠢᠷᠡᠯᠲᠡ᠄ ᠤᠯᠠᠭᠠᠨᠬᠠᠳᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ
ᠪᠠᠲᠤᠯᠠᠭ᠎ᠠ᠎ᠶ᠋ᠢᠨ ᠵᠢᠷᠬᠢᠶ᠎ᠠ ᠵᠢᠨ ᠣᠯᠠᠨ ᠨᠡᠢᠲᠡ᠎ᠶ᠋ᠢᠨ ᠲᠠᠪᠴᠠᠩ
NO6. ᠠᠯᠠᠱᠠ ᠵᠢᠨ ᠨᠢᠭᠡᠨ ᠠᠵᠤ ᠠᠬᠤᠶ᠋ᠢᠯᠠᠯ᠎ᠤᠨ ᠡᠮᠡᠭᠲᠡᠢ ᠠᠵᠢᠯᠲᠠᠨ 〈ᠣᠯᠠᠨᠲᠠ ᠤᠷᠤᠭᠯᠠᠵᠤ〉 ᠥᠪᠡᠷ᠎ᠦᠨ ᠠᠰᠢᠭ ᠲᠤᠰᠠ᠎ᠪᠠᠨ ᠬᠣᠬᠢᠷᠠᠭᠤᠯᠪᠠ?

ᠦᠨᠡᠨ ᠪᠠᠢ᠌ᠳᠠᠯ᠄
ᠣᠶ᠋ᠢᠷ᠎ᠠ᠎ᠳᠤ᠂ ᠨᠢᠭᠡ ᠡᠷᠡᠭᠲᠡᠶ 《ᠨᠢᠭᠡᠨ ᠠᠵᠤ ᠠᠬᠤᠶ᠋ᠢᠯᠠᠯ᠎ᠤᠨ ᠨᠢᠭᠡ ᠡᠮᠡᠭᠲᠡᠢ ᠠᠵᠢᠯᠲᠠᠨ 〈ᠣᠯᠠᠨᠲᠠ ᠤᠷᠤᠭᠯᠠᠵᠤ〉 ᠥᠪᠡᠷ᠎ᠦᠨ ᠠᠰᠢᠭ ᠲᠤᠰᠠ᠎ᠪᠠᠨ ᠬᠣᠬᠢᠷᠠᠭᠤᠯᠪᠠ》 ᠭᠡᠰᠡᠨ ᠴᠤᠤᠷᠬᠠᠯ ᠲᠠᠯᠪᠢᠵᠤ᠂ ᠪᠤᠰᠤᠳ᠎ᠤᠨ ᠨᠡᠷ᠎ᠡ ᠲᠥᠷᠥ᠎ᠶᠢ ᠮᠠᠭᠤ ᠰᠠᠨᠠᠭ᠎ᠠ᠎ᠲᠠᠶ᠎ᠪᠠᠷ ᠭᠤᠲᠤᠭᠠᠵᠤ᠂ ᠨᠡᠶ᠋ᠢᠭᠡᠮ᠎ᠳᠦ ᠮᠠᠭᠤ ᠨᠥᠯᠥᠭᠡ ᠭᠠᠷᠭᠠᠭ᠍ᠰᠠᠨ ᠪᠠᠶ᠋ᠢᠨ᠎ᠠ᠃ ᠠᠯᠠᠱᠠ ᠠᠶ᠋ᠢᠮᠠᠭ᠎ᠤᠨ ᠠᠯᠠᠱᠠ ᠪᠠᠷᠠᠭᠤᠨ ᠬᠣᠰᠢᠭᠤᠨ᠎ᠤ ᠳᠣᠲᠣᠭᠠᠳᠤ᠎ᠶᠢ ᠬᠠᠮᠠᠭᠠᠯᠠᠬᠤ ᠲᠣᠪᠴᠢᠶ᠎ᠠ᠎ᠶᠢᠨ ᠰᠦᠯᠵᠢᠶᠡᠨ᠎ᠦ ᠠᠮᠤᠷ ᠲᠦᠪᠰᠢᠨ᠎ᠢ ᠬᠠᠮᠠᠭᠠᠯᠠᠬᠤ ᠶᠡᠬᠡ ᠠᠩᠭᠢ ᠲᠣᠰ ᠠᠵᠤ ᠠᠬᠤᠶ᠋ᠢᠯᠠᠯ᠎ᠤᠨ ᠬᠡᠷᠡᠭ᠎ᠦᠨ ᠮᠡᠳᠡᠭᠦᠯᠦᠯᠲᠡ᠎ᠶᠢ ᠣᠯᠤᠭᠰᠠᠨ᠎ᠤ ᠳᠠᠷᠠᠭ᠎ᠠ᠂ ᠳᠠᠷᠤᠶ ᠲᠦᠷᠭᠡᠨ ᠬᠥᠳᠡᠯᠵᠦ᠍᠂ ᠬᠡᠷᠡᠭ ᠪᠣᠯᠭᠠᠨ ᠳᠡᠩᠰᠡᠯᠡᠵᠦ᠍ ᠲᠤᠷᠰᠢᠨ ᠪᠠᠶ᠋ᠢᠴᠠᠭᠠᠭᠠᠳ᠂ ᠲᠣᠰ ᠡᠷᠡᠭᠲᠡᠶ ᠬᠤᠪᠢ᠎ᠶᠢᠨ ᠵᠣᠷᠢᠯᠭ᠎ᠠ ᠳ᠋ᠠᠭᠠᠨ ᠬᠦᠷᠭᠦ ᠵᠢᠨ ᠲᠥᠯᠥᠭᠡ᠂ ᠴᠤᠤᠷᠢᠶ᠎ᠠ᠎ᠶᠢᠨ ᠳ᠋ᠤᠭ᠋ᠠᠷ᠂ ᠵᠢᠷᠬᠢᠶ᠎ᠠ ᠵᠢᠨ ᠤᠯᠠᠨ ᠨᠡᠶ᠋ᠢᠲᠡ᠎ᠶᠢᠨ ᠳ᠋ᠤᠭ᠋ᠠᠷ᠂ ᠪᠢᠴᠢᠯ ᠪᠦᠷᠭᠡ ᠵᠡᠷᠭᠡ ᠲᠠᠪᠴᠠᠩ᠎ᠢᠶᠠᠷ ᠳᠠᠮᠵᠢᠭᠤᠯᠤᠨ ᠲᠣᠰ ᠠᠵᠤ ᠠᠬᠤᠶ᠋ᠢᠯᠠᠯ᠎ᠳᠤ ᠬᠣᠯᠪᠣᠭᠳᠠᠭᠰᠠᠨ ᠦᠨᠡᠨ ᠪᠤᠰᠤ ᠵᠢᠴᠢ ᠬᠡᠶ᠋ᠢᠰᠪᠦᠷᠢ ᠠᠭᠤᠯᠭ᠎ᠠ᠎ᠲᠠᠶ ᠵᠣᠬᠢᠶᠠᠯ ᠪᠠ ᠸᠢᠳᠢᠣ᠋ ᠨᠡᠶ᠋ᠢᠲᠡᠯᠡᠭᠰᠡᠨᠢ ᠣᠯᠵᠤ ᠮᠡᠳᠡᠵᠡᠶ᠃ ᠰᠦᠯᠵᠢᠶᠡᠨ᠎ᠦ ᠠᠮᠤᠷ ᠲᠦᠪᠰᠢᠨ᠎ᠢ ᠬᠠᠮᠠᠭᠠᠯᠠᠬᠤ ᠶᠡᠬᠡ ᠠᠩᠭᠢ᠎ᠶᠢᠨ ᠠᠷᠠᠳ᠎ᠤᠨ ᠴᠠᠭᠳᠠᠭ᠎ᠠ ᠬᠣᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠎ᠢ ᠤᠬᠠᠭᠤᠯᠤᠭᠰᠠᠨᠤ ᠳᠠᠷᠠᠭ᠎ᠠ᠂ ᠲᠤᠰ ᠡᠷᠡᠭᠲᠡᠶ ᠥᠪᠡᠷ᠎ᠦᠨ ᠠᠯᠳᠠᠭ᠎ᠠ ᠪᠤᠷᠤᠭᠤ᠎ᠪᠠᠨ ᠲᠠᠨᠢᠵᠤ᠂ ᠰᠦᠯᠵᠢᠶᠡᠨ ᠳᠡᠭᠡᠷ᠎ᠡ ᠴᠤᠤᠷᠬᠠᠯ ᠲᠠᠯᠪᠢᠵᠤ ᠲᠠᠷᠬᠠᠭᠠᠭᠰᠠᠨ ᠦᠢᠯᠡ ᠠᠵᠢᠯᠯᠠᠭ᠎ᠠ᠎ᠳᠠᠭᠠᠨ ᠭᠡᠮᠰᠢᠵᠦ᠍ ᠪᠠᠶ᠋ᠢᠬᠤ᠎ᠪᠠᠨ ᠢᠯᠡᠳᠬᠡᠪᠡ᠃
ᠢᠷᠡᠯᠲᠡ᠄ 《 ᠠᠮᠤᠷ ᠠᠮᠤᠭᠤᠯᠠᠩ ᠠᠯᠠᠱᠠ ᠪᠠᠷᠠᠭᠤᠨ ᠬᠣᠰᠢᠭᠤ》 ᠵᠢᠷᠬᠢᠶ᠎ᠠ ᠵᠢᠨ ᠤᠯᠠᠨ ᠨᠡᠶ᠋ᠢᠲᠡ᠎ᠶᠢᠨ ᠳ᠋ᠤᠭᠠᠷ